ᠰᠢ ᠶᠢᠨ ᠫᠢᠩ ᠪᠦᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2021/7/1
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 29 ᠤ ᠦᠳᠡ ᠶᠢᠨ ᠡᠮᠦᠨ᠎ᠡ ᠪᠡᠭᠡᠵᠢᠩ ᠳᠤ ᠪᠦᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠲᠠᠢ ᠳᠣᠲᠣᠨᠣ ᠪᠠᠷ ᠠᠭᠤᠯᠵᠠᠵᠤ᠂ ᠳᠡᠳᠡᠨᠤᠰ ᠲᠤ ᠴᠢᠩ ᠰᠡᠳᠬᠢᠯ ᠤᠨ ᠮᠡᠨᠳᠦᠴᠢᠯᠡᠯ ᠪᠠ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃
     6 ᠰᠠᠷ᠎ᠠ ᠶᠢᠨ 29 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠪᠦᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠲᠠᠢ ᠠᠭᠤᠯᠵᠠᠪᠠ᠃       ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠡᠪᠡ      ᠦᠳᠡ ᠶᠢᠨ ᠡᠮᠦᠨᠡᠬᠢ 11 ᠴᠠᠭ 30 ᠮᠢᠨᠦ᠋ᠲ ᠲᠤ᠂ ᠰᠢ ᠶᠢᠨ ᠫᠢᠩ ᠨᠡᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ ᠬᠦᠷᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ ᠨᠡᠷ ᠬᠥᠬᠢᠭᠦᠯᠦᠭᠳᠡᠨ ᠰᠠᠶᠢᠰᠢᠶᠠᠭᠳᠠᠭᠰᠠᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠤᠨ ᠳᠤᠮᠳᠠ ᠬᠦᠷᠴᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠳ᠋ᠢᠩ ᠰᠢᠤᠸᠠᠢ ᠰᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠧᠨ ᠰᠢ ᠠᠭᠤᠯᠵᠠᠯᠲᠠ ᠳᠤ ᠣᠷᠣᠯᠴᠠᠵᠠᠢ᠃      ᠪᠦᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠢ ᠬᠥᠬᠢᠭᠦᠯᠦᠨ ᠰᠠᠶᠢᠰᠢᠶᠠᠬᠤ ᠬᠤᠷᠠᠯ 29 ᠤ ᠦᠳᠡ ᠶᠢᠨ ᠬᠤᠶᠢᠨ᠎ᠠ ᠪᠡᠭᠡᠵᠢᠩ ᠳᠤ ᠬᠤᠷᠠᠯᠳᠤᠪᠠ᠃ ᠴᠧᠨ ᠰᠢ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠬᠤᠷᠠᠯ ᠳᠤ ᠣᠷᠣᠯᠴᠠᠭᠰᠠᠨ ᠨᠥᠬᠦᠳ ᠲᠠᠢ ᠳᠣᠲᠣᠨᠣ ᠪᠠᠷ ᠠᠭᠤᠯᠵᠠᠭᠰᠠᠨ ᠨᠢ ᠨᠠᠮ ᠤᠨ ᠲᠥᠪ ᠬᠤᠷᠢᠶ᠎ᠠ ᠠᠴᠠ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠭᠦᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠥᠬᠢᠭᠦᠯᠦᠭᠳᠡᠨ ᠰᠠᠶᠢᠰᠢᠶᠠᠭᠳᠠᠭᠰᠠᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠢᠶᠠᠷ ᠳᠠᠭᠤᠷᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠨᠡᠨᠴᠢ ᠰᠢᠳᠤᠷᠭᠤ ᠵᠠᠩ ᠴᠢᠨᠠᠷ ᠢ ᠪᠠᠲᠤ ᠪᠣᠶ ᠪᠣᠯᠭᠠᠵᠤ᠂ ᠠᠷᠠᠳ ᠲᠦᠮᠡᠨ ᠤ ᠲᠦᠯᠦᠬᠡ ᠪᠠᠶᠢᠬᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠪᠣᠳᠠᠲᠠᠶ ᠶᠢ ᠡᠷᠬᠢᠮᠯᠡᠬᠦ ᠰᠤᠷᠲᠠᠯ ᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠣᠯᠪᠠᠰᠤᠷᠠᠭᠤᠯᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠠᠷᠢᠭᠤᠨ ᠴᠢᠬᠡᠴᠢ ᠬᠡᠪ ᠰᠤᠷᠲᠠᠯ ᠢ ᠪᠠᠷᠢᠮᠳᠠᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠬᠡᠯᠡᠪᠡ᠃      ᠾᠧᠪᠸᠢ ᠮᠤᠵᠢ ᠶᠢᠨ ᠹᠦ᠋ ᠫᠢᠩ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠵᠢᠩ᠂ ᠵᠧᠵᠢᠶᠠᠩ ᠮᠤᠵᠢ ᠶᠢᠨ ᠠᠨ ᠵᠢᠶ ᠰᠢᠶᠠᠨ ᠤ ᠨᠠᠮ ᠤᠨ ᠬᠤᠷᠢᠶᠠᠨ ᠤ ᠱᠦᠵᠢ ᠱᠧᠨ ᠮᠢᠩ ᠴᠢᠤᠸᠠᠨ᠂ ᠬᠤᠪᠸᠢ ᠮᠤᠵᠢ ᠶᠢᠨ ᠦᠬᠠᠨ ᠬᠤᠲᠠ ᠶᠢᠨ ᠬᠤᠸᠠᠩ ᠫᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠽᠧᠩ ᠱᠧᠩ᠂ ᠰᠧᠴᠤᠸᠠᠨ ᠮᠤᠵᠢ ᠶᠢᠨ ᠷᠦᠸᠧ ᠡᠯ ᠭᠠᠶ ᠰᠢᠶᠠᠨ ᠤ ᠨᠠᠮ ᠤᠨ ᠬᠤᠷᠢᠶᠠᠨ ᠤ ᠱᠦᠵᠢ ᠽᠧ ᠡᠯ ᠳ᠋ᠧᠩ᠂ ᠭᠠᠨᠰᠦ ᠮᠤᠵᠢ ᠶᠢᠨ ᠳ᠋ᠦᠩᠰᠢᠶᠠᠩ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠮᠠ ᠰᠢᠤ ᠯᠠᠨ ᠬᠤᠷᠠᠯ ᠳᠡᠭᠡᠷ᠎ᠡ ᠲᠤᠰ ᠲᠤᠰ ᠦᠭᠡ ᠬᠡᠯᠡᠵᠡᠶ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠭᠡ ᠪᠠᠷ ᠰᠣᠩᠭᠤᠨ ᠱᠤᠭᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠢᠨ᠎ᠡ ᠴᠠᠭ ᠦᠶ᠎ᠡ ᠳᠤ ᠨᠠᠩ ᠰᠠᠶᠢᠲᠤᠷ ᠲᠡᠮᠡᠴᠡᠬᠦ᠂ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ ᠶᠢ ᠵᠣᠷᠢᠭᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶᠠᠨ ᠤ ᠵᠥᠪᠰᠢᠶᠡᠷᠡᠯ ᠢᠶᠠᠷ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠪᠠᠶᠢᠷᠢ ᠳᠡᠭᠡᠷ᠎ᠡ ᠰᠢᠯᠢᠳᠡᠭ ᠬᠢᠷᠢ ᠪᠦᠲᠦᠮᠵᠢ ᠣᠯᠤᠭᠰᠠᠨ 103 ᠨᠥᠬᠦᠳ ᠲᠤ ᠪᠥᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠴᠣᠯᠠ ᠣᠯᠭᠤᠬᠤ ᠪᠠᠷ ᠲᠣᠭᠲᠠᠪᠠ᠃
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号