ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠵᠡᠭᠦᠨ ᠬᠠᠲᠠᠪᠴᠢ ᠪᠣᠭᠤᠮᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/7/12
     ᠵᠡᠭᠦᠨ ᠬᠠᠲᠠᠪᠴᠢ ᠪᠣᠭᠤᠮᠲᠠ ᠶᠢᠨ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠦᠷᠢᠯᠠᠬᠤ ᠠᠴᠠ ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠣᠶᠢᠯᠠᠭᠠᠬᠤ ᠶᠢᠨ ᠲᠥᠯᠥᠭᠡ᠂ 6 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠬᠤᠸᠠᠨ ᠺᠦᠨ ᠵᠡᠷᠭᠡ 7 ᠬᠥᠮᠦᠨ ᠢᠶᠠᠷ ᠪᠦᠷᠢᠯᠳᠦᠭᠰᠡᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠮᠠ ᠭᠦᠸᠧ ᠹᠧᠩ ᠵᠢᠴᠢ ᠪᠣᠭᠤᠮᠲᠠ ᠶᠢᠨ ᠰᠠᠯᠠᠭᠠᠨ ᠤ ᠬᠠᠷᠢᠭᠤᠴᠠᠯᠭᠠᠲᠠᠨ ᠬᠠᠮᠲᠦ ᠣᠷᠣᠯᠴᠠᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠨ᠎ᠠ᠂ ᠵᠡᠭᠦᠨ ᠦᠵᠦᠮᠦᠴᠢᠨ ᠪᠣᠭᠤᠮᠲᠠ᠂ ᠵᠡᠭᠦᠨ ᠬᠠᠲᠠᠪᠴᠢ ᠶᠢᠨ ᠬᠢᠯᠢ ᠪᠠᠷ ᠣᠷᠣᠭᠤᠯᠵᠣ ᠭᠠᠷᠭᠠᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠪᠣᠭᠤᠮᠲᠠ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠲᠠᠪᠴᠢ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠮᠲᠦ ᠣᠷᠣᠯᠴᠠᠪᠠ᠃      ᠤᠷᠢᠳ ᠬᠤᠵᠢᠳ ᠪᠣᠭᠤᠮᠲᠠ ᠶᠢᠨ ᠪᠠᠶᠢᠴᠠᠭᠠᠨ ᠰᠢᠯᠭᠠᠬᠤ ᠲᠣᠭᠤᠷᠢᠭ᠂ ᠵᠠᠰᠠᠮᠠᠯ ᠵᠠᠮ ᠤᠨ ᠬᠠᠮᠲᠤᠷᠠᠭᠰᠠᠨ ᠪᠠᠶᠢᠴᠠᠭᠠᠯᠲᠠ ᠶᠢᠨ ᠠᠰᠠᠷ᠂ ᠬᠢᠯᠢ ᠶᠢᠨ ᠱᠤᠭᠤᠮ᠂ ᠪᠣᠭᠤᠮᠲᠠ ᠶᠢᠨ H986 ᠵᠢᠯᠣᠭᠤᠳᠬᠤ ᠲᠥᠪ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠣᠭᠤᠮᠲᠠ ᠶᠢᠨ ᠬᠠᠮᠢᠶᠠᠷᠤᠯᠲᠠ ᠶᠢᠨ ᠡᠯ᠎ᠡ ᠭᠤᠭᠴᠤᠭ᠎ᠠ ᠵᠢᠴᠢ ᠡᠯ᠎ᠡ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠨᠠᠷᠢᠨ ᠣᠶᠢᠯᠠᠭᠠᠪᠠ᠃ ᠳᠠᠷᠠᠭ᠎ᠠ ᠪᠠᠷ ᠨᠢ  ᠵᠡᠭᠦᠨ ᠬᠠᠲᠠᠪᠴᠢ ᠪᠣᠭᠤᠮᠲᠠ ᠶᠢᠨ ᠪᠣᠭᠤᠮᠲᠠ ᠳᠤ ᠮᠡᠳᠡᠭᠦᠯᠵᠦ ᠪᠠᠶᠢᠴᠠᠭᠠᠯᠭᠠᠬᠤ ᠦᠢᠯᠡᠴᠢᠯᠡᠭᠡᠨ ᠤ ᠲᠥᠪ ᠲᠤ ᠬᠦᠷᠴᠦ ᠰᠠᠭᠤᠳᠠᠯ ᠤᠨ ᠬᠤᠷᠠᠯ ᠬᠢᠪᠡ᠃      ᠰᠠᠭᠤᠳᠠᠯ ᠤᠨ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠪᠣᠳᠠᠲᠠᠢ ᠠᠷᠭᠠᠴᠠᠬᠤ  ᠰᠠᠨᠠᠯ ᠰᠠᠨᠠᠭᠤᠯᠭ᠎ᠠ ᠳᠤᠷᠠᠳᠴᠠᠢ᠃      ᠵᠠᠩ ᠬᠤᠸᠠᠨ ᠺᠦᠨ᠂ ᠣᠳᠣᠬᠠᠨ ᠳᠤ ᠮᠣᠩᠭᠤᠯ ᠤᠯᠤᠰ ᠤᠨ ᠬᠢᠵᠢᠭ ᠤᠨ ᠪᠠᠶᠢᠳᠠᠯ ᠬᠦᠨᠳᠦ ᠬᠡᠴᠡᠭᠦᠦ᠂ ᠨᠠᠷᠢᠨ ᠪᠤᠳᠤᠯᠢᠶᠠᠨᠲᠠᠢ ᠪᠠᠶᠢᠨ᠎ᠠ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠠᠭᠠᠬᠢᠭᠰᠠᠨ ᠴᠤ ᠰᠤᠯᠠᠷᠠᠭᠤᠯᠵᠤ ᠪᠣᠯᠬᠤ ᠦᠭᠡᠢ᠂ ᠮᠣᠩᠭᠤᠯ ᠤᠨ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠮᠣᠩᠭᠤᠯ ᠤᠯᠤᠰ ᠤᠨ ᠪᠢᠴᠢᠭᠲᠦ ᠪᠣᠭᠤᠮᠲᠠ ᠲᠠᠢ ᠢᠳᠡᠪᠬᠢᠲᠡᠢ ᠨᠡᠪᠲᠡᠷᠡᠯᠴᠡᠬᠦ ᠬᠡᠷᠡᠭᠲᠡᠢ︔ ᠡᠯ᠎ᠡ ᠨᠢᠭᠡᠴᠡ ᠨᠦᠭᠦᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠦᠷᠢᠯᠠᠬᠤ ᠠᠴᠠ ᠴᠢᠩᠭ᠎ᠠ ᠰᠡᠷᠭᠡᠶᠢᠯᠡᠨ᠂ ᠬᠠᠮᠲᠦ ᠶᠢᠨ ᠬᠦᠴᠦᠨ ᠢᠶᠠᠨ ᠭᠦᠢᠴᠡᠳ ᠪᠠᠳᠠᠷᠠᠭᠤᠯᠵᠤ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠵᠦ᠂ ᠬᠠᠤᠯᠢ ᠪᠤᠰᠤ ᠪᠠᠷ ᠬᠢᠯᠢ ᠪᠠᠷ ᠣᠷᠣᠵᠤ ᠢᠷᠡᠬᠦ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃  
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号