ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠭᠠᠳᠠᠭᠠᠳᠤ ᠶᠠᠪᠤᠳᠠᠯ ᠤᠨ ᠪᠣᠭᠤᠮᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/12
      2021 ᠣᠨ ᠤ 6 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠪᠥᠬᠦ ᠠᠶᠢᠮᠠᠭ ᠤᠨ ᠭᠠᠳᠠᠭᠠᠳᠤ ᠶᠠᠪᠤᠳᠠᠯ ᠤᠨ ᠪᠣᠭᠤᠮᠲᠠ ᠶᠢᠨ ᠶᠠᠷᠢᠯᠴᠠᠬᠤ ᠬᠤᠷᠠᠯ ᠪᠠ ᠰᠣᠯᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠣᠤᠷ᠎ᠠ ᠬᠠᠭᠠᠰ ᠵᠢᠯ ᠤᠨ ᠭᠠᠳᠠᠭᠠᠳᠤ ᠶᠠᠪᠤᠳᠠᠯ ᠤᠨ ᠪᠣᠭᠤᠮᠲᠠ ᠶᠢᠨ ᠡᠯ᠎ᠡ ᠵᠦᠢᠯ ᠤᠨ ᠠᠵᠢᠯ ᠢ ᠵᠥᠪᠳᠡᠯᠴᠡᠨ ᠰᠣᠯᠢᠯᠴᠠᠵᠤ᠂ ᠬᠢᠯᠢ ᠶᠢᠨ ᠬᠤᠰᠢᠭᠤ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠵᠥᠪᠯᠡᠯ ᠂ ᠵᠡᠭᠦᠨ ᠦᠵᠦᠮᠦᠴᠢᠨ ᠪᠣᠭᠤᠮᠲᠠ᠂ ᠵᠡᠭᠦᠨ ᠬᠠᠲᠠᠪᠴᠢ ᠬᠢᠯᠢ ᠪᠠᠷ ᠣᠷᠣᠭᠤᠯᠵᠣ ᠭᠠᠷᠭᠠᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠬᠠᠷᠢᠭᠤᠴᠠᠯᠭᠠᠲᠠᠳ ᠵᠢᠴᠢ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠪᠥᠬᠦ ᠬᠥᠮᠦᠰ ᠶᠠᠷᠢᠯᠴᠠᠬᠤ ᠬᠤᠷᠠᠯ ᠳᠤ ᠣᠷᠣᠯᠴᠠᠵᠠᠶ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠢᠨ ᠭᠠᠳᠠᠭᠠᠳᠤ ᠶᠠᠪᠤᠳᠠᠯ ᠤᠨ ᠬᠢᠯᠢ ᠶᠢᠨ ᠵᠠᠭᠠᠭ ᠤᠨ ᠬᠠᠮᠢᠶᠠᠷᠤᠯᠲᠠ᠂ ᠭᠠᠳᠠᠨᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ︽ᠭᠤᠷᠪᠠᠨ ᠪᠤᠰᠤ ᠬᠥᠮᠦᠰ︾ ᠢ ᠬᠠᠮᠢᠶᠠᠷᠤᠨ ᠡᠵᠡᠮᠳᠡᠬᠦ᠂ ᠪᠣᠭᠤᠮᠲᠠ ᠶᠢᠨ ᠠᠵᠢᠯᠯᠠᠭ᠎ᠠ᠂ ᠰᠠᠭᠤᠷᠢ ᠪᠦᠳᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠬᠠᠮᠢᠶᠠᠷᠬᠤ᠂ ᠸᠠᠺᠼᠢᠨ ᠤ ᠲᠠᠷᠢᠯᠭ᠎ᠠ ᠶᠢᠨ ᠠᠵᠢᠯ ᠵᠡᠷᠭᠡ ᠶᠢᠨ ᠲᠣᠭᠤᠷᠢᠨ ᠳᠤ ᠪᠦᠬᠦ ᠲᠠᠯ᠎ᠠ ᠪᠠᠷ ᠨᠠᠷᠢᠨ ᠶᠠᠷᠢᠯᠴᠠᠪᠠ᠃ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠪᠣᠭᠤᠮᠲᠠ ᠶᠢᠨ ᠰᠠᠯᠠᠭ᠎ᠠ᠂ ᠭᠠᠳᠠᠭᠠᠳᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠠᠴᠠ ᠳᠣᠤᠷ᠎ᠠ ᠬᠠᠭᠠᠰ ᠵᠢᠯ ᠤᠨ ᠭᠤᠣᠯᠳᠠᠯᠭᠠᠳᠤ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠪᠠ᠃      ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠵᠢᠪᠬᠤᠯᠠᠩᠲᠤ ᠪᠥᠬᠦ ᠠᠶᠢᠮᠠᠭ ᠤᠨ ᠭᠠᠳᠠᠭᠠᠳᠤ ᠶᠠᠪᠤᠳᠠᠯ ᠤᠨ ᠪᠣᠭᠤᠮᠲᠠ ᠶᠢᠨ ᠠᠵᠢᠯ ᠤᠨ ᠶᠠᠷᠢᠯᠴᠠᠬᠤ ᠬᠤᠷᠠᠯ ᠲᠠᠢ ᠤᠶᠠᠯᠳᠤᠭᠤᠯᠤᠨ ᠳ᠋ᠦᠩᠨᠡᠯᠲᠡ ᠬᠢᠵᠦ ᠂ ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ︽ᠭᠠᠳᠠᠨ᠎ᠠ ᠠᠴᠠ ᠬᠠᠯᠳᠠᠪᠦᠷᠢᠯᠠᠬᠤ ᠠᠴᠠ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠠᠷᠢᠶ᠎ᠠ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠬᠢᠵᠢᠭ ᠤᠨ ᠪᠠᠶᠢᠳᠠᠯ ᠤᠨ ᠮᠠᠨ ᠤ ᠠᠶᠢᠮᠠᠭ  ᠲᠤ  ᠬᠠᠯᠳᠠᠪᠦᠷᠢᠯᠠᠬᠤ᠂ ᠲᠠᠷᠬᠠᠭᠠᠬᠤ ᠠᠴᠠ ᠴᠢᠩᠭ᠎ᠠ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠤᠬᠠᠮᠰᠠᠷ ᠢ ᠪᠠᠲᠤ ᠪᠤᠢ ᠪᠣᠯᠭᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ︽ᠲᠠᠪᠤ ᠶᠢ ᠨᠢᠭᠡ ᠴᠤᠭᠴᠠᠵᠢᠭᠤᠯᠬᠤ︾ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠢᠯᠢ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠰᠤᠳᠤᠯᠭᠠᠨ ᠢ ᠴᠢᠩᠭᠠᠳᠬᠠᠵᠤ᠂ ᠬᠢᠯᠢ ᠬᠢᠵᠠᠭᠠᠷ ᠣᠷᠣᠨ ᠤ ᠰᠠᠭᠤᠷᠢ ᠲᠦᠬᠦᠭᠡᠷᠦᠮᠵᠢ᠂ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠨᠠᠩ ᠣᠯᠠᠨ ᠪᠣᠳᠠᠲᠠᠶ ᠠᠷᠭ᠎ᠠ ᠬᠡᠮᠵᠢᠶ᠎ᠡ ᠠᠪᠴᠤ᠂ ᠬᠢᠯᠢ ᠬᠢᠵᠠᠭᠠᠷ ᠣᠷᠣᠨ ᠤ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠭᠤᠷᠪᠠ ᠳᠤ᠂ ᠭᠠᠳᠠᠭᠠᠳᠤ ᠶᠠᠪᠤᠳᠠᠯ ᠤᠨ ᠡᠩᠨᠡᠭᠡᠨ ᠤ ᠵᠢᠷᠤᠮᠵᠢᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠠᠳᠠᠭᠠᠳᠤ ᠶᠠᠪᠤᠳᠠᠯ ᠤᠨ ᠺᠠᠳ᠋ᠷ ᠬᠢᠯᠢ ᠶᠢᠨ ᠵᠠᠭᠠᠭ ᠤᠨ ᠮᠡᠳᠡᠯᠭᠡ ᠶᠢ ᠭᠦᠢᠴᠡᠳ ᠰᠤᠷᠤᠯᠴᠠᠨ ᠤᠢᠢᠯᠠᠭᠠᠨ ᠡᠵᠡᠮᠰᠢᠵᠦ᠂ ᠠᠵᠢᠯ ᠢᠶᠠᠨ ᠲᠠᠰᠤᠷᠠᠯᠲᠠ ᠦᠭᠡᠢ ᠵᠢᠷᠤᠮᠵᠢᠭᠤᠯᠵᠤ᠂ ᠭᠠᠳᠠᠭᠠᠳᠤ ᠬᠠᠷᠢᠯᠴᠠᠭᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ᠂ ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠥᠯᠥᠪᠵᠢᠭᠦᠯᠭᠡ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠪᠣᠯᠤᠨ ᠪᠣᠯᠤᠮᠵᠢᠲᠤ ᠴᠢᠨᠠᠷ ᠢ ᠳᠡᠭᠡᠭᠰᠢᠯᠡᠭᠦᠯᠵᠦ᠂ ᠪᠣᠭᠤᠮᠲᠠ ᠶᠢᠨ ᠨᠡᠩ ᠰᠠᠶᠢᠨ ᠨᠡᠩ ᠲᠦᠷᠭᠡᠨ ᠬᠥᠭᠵᠢᠯᠲᠡ ᠳᠤ ᠰᠠᠭᠤᠷᠢ ᠲᠠᠯᠪᠢᠬᠤ ᠬᠡᠷᠡᠭᠲᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号