ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠠᠶᠠᠷᠯᠠᠨ | ᠪᠡᠯᠭᠡᠯᠡᠬᠦ ᠶᠢᠨ ᠲᠥᠯᠥᠭᠡ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ | ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ 《ᠳᠤᠮᠳᠠᠲᠦ ᠶᠢᠨ | ᠦᠨᠳᠣᠰᠣᠲᠠᠨ ᠨᠢᠭᠡ ᠭᠡᠷ ᠮᠡᠲᠦ ᠳᠣᠲᠣᠨᠣ ᠪᠠᠶᠢᠵᠦ ᠬᠠᠮᠲᠦ ᠪᠠᠷ ᠳᠤᠮᠳᠠᠳᠤ ᠶᠢᠨ ᠬᠦᠰᠡᠯᠡᠩ ᠢᠶᠠᠨ ᠲᠡᠷᠭᠡᠯᠰᠢᠭᠦᠯᠬᠦ | 》ᠤᠷᠠᠨ ᠰᠠᠶᠢᠬᠠᠨ ᠤ ᠲᠣᠭᠯᠠᠯᠲᠠ 6 ᠰᠠᠷ᠎ᠠ ᠶᠢᠨ 25 ᠤ ᠡᠳᠦᠷ ᠦᠵᠦᠮᠦᠴᠢᠨ ᠠᠭᠤᠳᠠᠮ ᠲᠠᠯᠠᠪᠠᠶ ᠳᠤ | ᠶᠠᠪᠤᠭᠳᠠᠪᠠ᠃ | ᠬᠤᠰᠢᠭᠤ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮᠯᠢᠭ ᠤᠨ 260 ᠠᠬᠠᠮᠠᠳ | ᠲᠣᠭᠯᠠᠭᠴᠢ ᠠᠴᠠ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ ᠰᠡᠳᠬᠢᠯᠭᠡ ᠶᠢ ᠡᠪᠦᠷᠯᠡᠨ᠂ | ︿︿ᠳᠣᠷᠣᠨ᠎ᠠ ᠵᠦᠭ ᠲᠤᠶᠠᠭᠠᠷᠠᠯ᠎ᠠ﹀﹀᠂ ︿︿ᠡᠪ ᠬᠠᠮᠲᠤ ᠨᠠᠮ ᠪᠠᠶᠢᠬᠤ ᠥᠬᠡᠶ ᠪᠣᠯ ᠰᠢᠨ᠎ᠡ ᠳᠤᠮᠳᠠᠳᠤ ᠤᠯᠤᠰ | ᠪᠠᠶᠢᠬᠤ ᠥᠬᠡᠶ﹀﹀᠂ ︿︿ᠮᠠᠭᠲᠠᠭᠠᠯ ᠳᠠᠭᠤᠤ ﹀﹀ ᠵᠡᠷᠭᠡ ᠬᠤᠪᠢᠰᠬᠠᠯᠲᠦ ᠳᠠᠭᠤᠣ ᠂ ︿︿ᠠᠭᠤᠣ ᠨᠠᠮ ᠳᠠᠭᠠᠨ ᠠᠶ᠎ᠠ | ᠳᠠᠭᠤᠣ ᠪᠠᠨ ᠡᠷᠭᠦᠶ᠎ᠠ﹀﹀᠂ ︿︿ᠦᠵᠡᠰᠬᠦᠯᠡᠩᠲᠦ ᠰᠠᠶᠢᠬᠠᠨ ᠦᠵᠦᠮᠦᠴᠢᠨ ᠨᠤᠲᠤᠭ﹀﹀ ᠵᠡᠷᠭᠡᠦᠨᠳᠦᠰᠦᠲᠡᠨ ᠤ | ᠣᠨᠴᠠᠯᠢᠭᠲᠤ ᠪᠥᠵᠢᠭ᠂ ᠬᠤᠯᠪᠣᠭ᠎ᠠ᠂ ᠠᠷᠠᠳ ᠤᠨ ᠬᠥᠭᠵᠢᠮ ᠤᠨ ᠨᠠᠶᠢᠷᠠᠯ᠂ ᠭᠤᠴᠣᠯᠠᠯ ᠳᠠᠭᠤᠤ᠂ ᠨᠠᠶᠢᠷᠠᠯ | ᠳᠠᠭᠤᠤ ᠵᠡᠷᠭᠡ ᠠᠷᠪᠠᠨ ᠲᠤᠯᠤᠭᠠᠨ ᠭᠤᠴᠣ ᠰᠠᠶᠢᠬᠠᠨ ᠲᠣᠭᠯᠠᠯᠲᠠ ᠤᠳ ᠢᠶᠠᠨ ᠡᠷᠭᠦᠨ ᠪᠠᠷᠢᠵᠤ᠂ ᠦᠵᠡᠭᠴᠢᠳ ᠤᠨ | ᠬᠠᠷᠠᠭ᠎ᠠ ᠰᠣᠨᠣᠷ ᠢ ᠪᠠᠶᠠᠰᠬᠠᠵᠤ ᠤᠷᠮᠠᠰᠡᠳᠬᠢᠯ ᠢ ᠨᠢ ᠬᠥᠭᠵᠢᠭᠡᠵᠡᠢ᠃ | ᠨᠠᠰᠤᠲᠠᠶᠢᠴᠤᠳ ᠲᠣᠭᠯᠠᠯᠲᠠ ᠢᠶᠠᠷ ᠢᠶᠠᠨ ᠳᠠᠮᠵᠢᠭᠤᠯᠤᠨ ᠨᠠᠮ ᠤᠨ ᠠᠭᠤᠤ ᠶᠡᠭᠡ ᠭᠠᠪᠢᠶ᠎ᠠ ᠵᠢᠳᠬᠦᠯ ᠢ | ᠮᠠᠭᠲᠠᠨ ᠳᠠᠭᠤᠯᠠᠵᠦ᠂ ᠡᠭᠦᠷᠢᠳᠡᠨᠠᠮ ᠤᠨ ᠠᠴᠢ ᠳᠤ ᠲᠠᠯᠠᠷᠬᠠᠬᠤ᠂ ᠡᠭᠦᠷᠢᠳᠡ ᠨᠠᠮ ᠢᠶᠠᠨ ᠳᠠᠭᠠᠬᠤ ᠴᠢᠩ ᠦᠨᠡᠨᠴᠢ | ᠬᠠᠶᠢᠷ᠎ᠠ ᠰᠡᠳᠬᠢᠯᠭᠡ ᠪᠠᠨ ᠢᠯᠡᠳᠬᠡᠪᠡ᠃ | ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠰᠢᠭᠤᠳ ᠬᠠᠷᠢᠶ᠎ᠠ | ᠪᠠᠶᠢᠭᠤᠯᠭ᠎ᠠ ᠵᠢᠨᠨᠠᠮ ᠤᠨ ᠠᠵᠢᠯᠯᠠᠬᠤ ᠬᠤᠷᠢᠶ᠎ᠠ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠤᠯᠪᠣᠭᠳᠠᠯ ᠪᠥᠬᠦᠶ ᠬᠦᠮᠦᠰ ᠥᠷᠭᠡᠨ ᠣᠯᠠᠨ ᠲᠦᠮᠡᠨ ᠲᠠᠢ ᠬᠠᠮᠲᠦ ᠲᠣᠭᠯᠠᠯᠲᠠ ᠶᠢ | ᠰᠤᠨᠢᠷᠬᠠᠵᠠᠢ᠃ |