ᠪᠥᠬᠦ ᠬᠤᠰᠢᠭᠤᠨ ᠤ ᠨᠠᠶᠮᠠᠳᠤᠭᠠᠷ ᠬᠤᠭᠤᠴᠠᠭᠠᠨ ᠤ ᠵᠠᠯᠠᠭᠤᠴᠤᠳ ᠤᠨ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠶᠠᠪᠣᠭᠳᠠᠪᠠ
ᠨᠡᠶᠢᠲᠡᠯᠡᠭᠰᠡᠨ ᠴᠠᠭ᠄
2021/7/2
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ᠂ ᠰᠤᠷᠭᠠᠨ ᠬᠥᠮᠦᠵᠢᠯ ᠎ ᠤᠨ ᠲᠣᠪᠴᠢᠶ᠎ᠠ᠂ ᠰᠣᠶᠣᠯ ᠪᠡᠶ᠎ᠡ‌‍ᠲ᠋ᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ ᠠᠴᠠ ᠬᠠᠮᠲᠤᠷᠠᠨ ᠡᠷᠬᠢᠯᠡᠭᠰᠡᠨ《 ᠰᠢᠨ᠎ᠡ ᠵᠠᠮᠨᠠᠯ 》 ᠬᠤᠨᠳᠠᠭᠠᠲᠤ 《 ᠰᠢᠨ᠎ᠡ ᠴᠠᠭ ᠦᠶ᠎ᠡ ᠶᠢᠨ ᠵᠠᠯᠠᠭᠤᠴᠤᠳ ᠨᠠᠮ ᠢᠶᠠᠨ ᠲᠠᠭᠠᠨ ᠤᠷᠤᠭᠰᠢᠯᠠᠵᠦ᠂ ᠴᠦᠬᠦᠷᠡᠰᠢ ᠦᠭᠡᠢ ᠴᠢᠷᠮᠠᠶᠢᠨ᠂ ᠣᠳᠣᠬᠢᠴᠢᠯᠠᠭᠰᠠᠨ ᠬᠦᠴᠦᠷᠬᠡᠭ ᠣᠯᠣᠰ ᠢ ᠪᠠᠶᠢᠭᠤᠯᠬᠤ ᠳᠤ ᠭᠠᠪᠢᠶ᠎ᠠ ᠵᠢᠳᠬᠦᠯ ᠨᠡᠮᠡᠷᠢᠯᠡᠶ᠎ᠡ  》 ᠪᠦᠬᠦ ᠬᠤᠰᠢᠭᠤᠨ ᠎ ᠤ ᠨᠠᠢᠮᠠᠳᠤᠭᠠᠷ ᠬᠤᠭᠤᠴᠠᠭᠠᠨ ᠤ ᠵᠠᠯᠠᠭᠤᠴᠤᠳ ᠤᠨ ᠠᠯᠠᠭᠠᠳᠠᠬᠤ ᠪᠥᠮᠪᠦᠭᠡ ᠶᠢᠨ ᠤᠷᠤᠯᠳᠤᠭᠠᠨ 6 ᠰᠠᠷ᠎ᠠ ᠶᠢᠨ 26 ᠎ ᠤ ᠡᠳᠦᠷ ᠠᠴᠠ 27᠎ ᠤ ᠡᠳᠦᠷ ᠪᠣᠯᠲᠠᠯ᠎ᠠ᠂  ᠬᠤᠰᠢᠭᠤ ᠦᠨᠳᠦᠰᠦᠲᠡᠨ ᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠳᠤ ᠠᠮᠵᠢᠯᠲᠠ ᠲᠠᠢ ᠶᠠᠪᠤᠭᠳᠠᠭᠰᠠᠨ ᠪᠠᠶᠢᠨ᠎ᠠ  ᠃      ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠂ ᠡᠯ᠎ᠡ ᠬᠦᠷᠢᠶᠡᠨ ᠤ ᠨᠠᠮ ᠤᠨ ᠭᠡᠰᠢᠭᠦᠨ᠂ ᠡᠪᠯᠡᠯ ᠤᠨ ᠭᠡᠰᠢᠭᠦᠨ᠂ ᠵᠠᠯᠠᠭᠤᠴᠤᠳ ᠢᠶᠠᠷ ᠪᠦᠷᠢᠯᠳᠦᠭᠰᠡᠨ ᠡᠷᠡᠭᠲᠡᠶ ᠡᠮᠡᠭᠲᠡᠶ ᠶᠢᠨ 28 ᠲᠥᠯᠦᠭᠡᠯᠡᠭᠴᠢ ᠠᠩᠭᠢ ᠎ ᠶᠢᠨ 200 ᠭᠠᠷᠤᠶ ᠬᠥᠮᠦᠨ ᠤᠷᠤᠯᠳᠤᠭᠠᠨ ᠳᠤ ᠣᠷᠣᠯᠴᠠᠪᠠ  ᠃      ᠤᠷᠤᠯᠳᠤᠭᠠᠨ ᠳᠤ᠂ ᠪᠦᠬᠦ ᠲᠠᠮᠢᠷᠴᠢᠳ 《 ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ᠂ ᠭᠤᠣᠯᠳᠠᠯᠭ᠎ᠠ ᠨᠢ ᠣᠷᠣᠯᠴᠠᠬᠤ ᠳᠤ ᠪᠤᠢ᠂  ᠰᠣᠷᠣᠯᠴᠠᠬᠤ ᠳᠤ ᠪᠤᠢ᠂ ᠳᠠᠪᠰᠢᠬᠤ ᠳᠤ ᠪᠤᠢ᠂  ᠴᠡᠩᠭᠡᠬᠦ ᠳᠤ ᠪᠤᠢ 》 ᠭᠡᠬᠦ ᠤᠷᠤᠯᠳᠤᠭᠠᠨ ᠤ ᠳᠦᠷᠢᠮ ᠢ ᠵᠢᠷᠤᠮᠯᠠᠵᠤ᠂ ᠪᠦᠬᠦ ᠬᠦᠴᠦᠨ ᠢᠶᠠᠷ ᠢᠶᠠᠨ ᠡᠷᠡᠯᠬᠡᠭᠯᠡᠨ ᠲᠡᠮᠡᠴᠡᠵᠦ  ᠂ ᠬᠠᠷᠢᠯᠴᠠᠨ ᠰᠤᠷᠤᠯᠴᠠᠵᠤ᠂ ᠢᠳᠡᠪᠬᠢᠲᠡᠢ ᠪᠠᠷ ᠥᠭᠡᠳᠡᠯᠡᠨ ᠳᠠᠪᠰᠢᠵᠤ᠂ ᠬᠦᠴᠦᠯᠡᠨ ᠴᠢᠷᠮᠠᠶᠢᠬᠤ ᠠᠯᠠᠭᠠᠳᠠᠬᠤ ᠪᠥᠮᠪᠦᠭᠡ ᠶᠢᠨ ᠲᠡᠮᠡᠴᠡᠯ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠵᠡᠭᠦᠨ ᠦᠵᠦᠮᠦᠴᠢᠨ ᠬᠤᠰᠢᠭᠤᠨ ᠤ ᠵᠠᠯᠠᠭᠤᠴᠤᠳ ᠤᠨ ᠢᠳᠡᠪᠬᠢᠲᠡᠢ ᠪᠠᠷ ᠥᠭᠡᠳᠡᠯᠡᠨ  ᠳᠠᠪᠰᠢᠭᠰᠠᠨ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢ  ᠢᠯᠡᠷᠡᠭᠦᠯᠦᠭᠰᠡᠨ ᠪᠠᠶᠢᠨ᠎ᠠ  ᠃      ᠬᠤᠶᠠᠷ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ  ᠳᠠᠮᠵᠢᠨ᠂ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠤᠨ ᠡᠷᠡᠭᠲᠡᠶ ᠶᠢᠨ ᠠᠩᠭᠢ ᠪᠠ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠤᠨ ᠡᠮᠡᠭᠲᠡᠶ ᠶᠢᠨ ᠠᠩᠭᠢ ᠲᠤᠰ ᠲᠤᠰ ᠮᠠᠩᠯᠠᠶᠢᠯᠠᠵᠤ᠂  ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠪᠠ ᠠᠯᠠᠭᠠᠳᠠᠬᠤ ᠪᠥᠮᠪᠥᠭᠡᠨ ᠳᠤ ᠪᠠᠭ᠋ᠠᠲᠠᠶ ᠲᠥᠯᠥᠭᠡᠯᠡᠭᠴᠢᠳ ᠤᠨ ᠠᠩᠭᠢ ᠳᠡᠳ᠋ᠯᠡᠵᠦ᠂ ᠬᠤᠰᠢᠭᠤ ᠦᠨᠳᠦᠰᠦᠲᠡᠨ ᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠪᠠ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠲᠤ ᠣᠷᠤᠵᠤ᠂  ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂  ᠠᠯᠲᠠᠨᠬᠢᠯᠢ ᠰᠤᠮᠤ᠂  ᠬᠤᠰᠢᠭᠤ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠲᠥᠯᠥᠭᠡᠯᠡᠭᠴᠢᠳ ᠤᠨ ᠠᠩᠭᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠲᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号