ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠬᠦᠴᠢᠷᠳᠡᠯᠲᠡᠶ ᠨᠠᠮ ᠤᠨ ᠭᠡᠰᠢᠭᠦᠨ  ᠢ ᠪᠤᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/7/2
      6 ᠰᠠᠷ᠎ᠠ ᠶᠢᠨ 25 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ‌ᠡᠵᠢᠡᠨᠠᠭᠤᠷ ᠪᠠᠯᠭᠠᠰᠤᠨ ᠤ ᠬᠤᠩᠭᠤᠷ ᠭᠠᠴᠠᠭ᠎ᠠ‌‍ᠪᠣᠯᠣᠨ ᠬᠠᠷᠠᠭᠤᠪᠢ ᠭᠠᠴᠠᠭᠠᠨ ᠳᠤ ᠭᠦᠨᠵᠡᠭᠡᠶᠢᠷᠡᠨ  ︿︿ᠲᠤᠯᠤᠭᠠᠨ ᠰᠠᠷ᠎ᠠ ᠶᠢᠨ ᠨᠢᠭᠡᠨ﹀﹀  ᠤ ᠬᠦᠴᠢᠷᠳᠡᠯᠲᠡᠶ ᠨᠠᠮ ᠤᠨ ᠭᠡᠰᠢᠭᠦᠨ ᠢ ᠪᠤᠯᠭᠤᠭᠠᠨ ᠲᠣᠬᠤᠨᠢᠭᠤᠯᠬᠤ ᠠᠵᠢᠯᠯᠠᠭ᠎ᠠ‌ᠦᠷᠨᠢᠭᠦᠯᠦᠭᠰᠡᠨ ᠪᠠᠶᠢᠨ᠎ᠠ  ᠃      ᠬᠦᠷᠦᠭᠰᠡᠨ ᠭᠠᠵᠠᠷ ᠪᠣᠯᠭᠠᠨ ᠳᠤ ᠪᠠᠨ᠂ ᠪᠠᠭᠠᠲᠤᠷ ᠠᠬᠠᠮᠠᠳ ᠨᠠᠮ ᠤᠨ ᠭᠡᠰᠢᠭᠦᠨ ᠲᠠᠢ  ᠬᠠᠯᠠᠭᠤᠨ ᠳᠣᠲᠣᠨᠣ ᠪᠠᠷ ᠶᠠᠷᠢᠯᠴᠠᠨ᠂ ᠬᠦᠴᠢᠷᠳᠡᠯᠲᠡᠢ ᠨᠠᠮ ᠤᠨ ᠭᠡᠰᠢᠭᠦᠨ ᠤ ᠪᠡᠶ᠎ᠡ ᠮᠠᠬᠠᠪᠣᠳ ᠤᠨ ᠪᠠᠶᠢᠳᠠᠯ᠂ ᠭᠡᠷ ᠪᠦᠯᠢ ᠶᠢᠨ ᠬᠢᠨᠢ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠰᠠᠭᠤᠭᠰᠠᠨ ᠪᠠ‌ᠠᠵᠢᠯ ᠣᠯᠤᠭᠰᠠᠨ ᠪᠠᠶᠢᠳᠠᠯ ᠵᠡᠷᠭᠡ ᠶᠢ ᠯᠠᠪᠯᠠᠨ ᠠᠰᠠᠭᠤᠵᠤ᠂   ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ  ᠢ ᠲᠦᠯᠦᠭᠡᠯᠡᠨ ᠳᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ  ᠃ ᠲᠡᠷᠡ ᠵᠢᠭᠠᠬᠤ ᠳᠠᠭᠠᠨ᠂ ᠬᠤᠶᠢᠰᠢᠳᠠ ᠬᠦᠴᠢᠷᠳᠡᠯᠲᠡᠢ ᠨᠠᠮ ᠤᠨ ᠭᠡᠰᠢᠭᠦᠨ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠬᠠᠯᠠᠮᠵᠢᠯᠠᠯ ᠪᠠ ᠬᠠᠪᠰᠤᠷᠤᠯᠭ᠎ᠠ ᠦᠵᠡᠭᠦᠯᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠳ ᠲᠤ ᠨᠠᠮ ᠤᠨ ᠬᠠᠶᠢᠷ᠎ᠠ ᠬᠠᠯᠠᠮᠵᠢ ᠶᠢ ᠭᠦᠨᠵᠡᠭᠡᠢ  ᠮᠡᠳᠡᠷᠡᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠡᠳᠡᠨ  ᠤ ᠦᠢᠯᠡᠳᠪᠦᠷᠢᠯᠡᠯ ᠠᠮᠢᠳᠤᠷᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ ᠬᠦᠴᠢᠷᠳᠡᠯᠲᠡᠢ ᠨᠠᠮ ᠤᠨ ᠭᠡᠰᠢᠭᠦᠨ  ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ  ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号