ᠵᠡᠭᠦᠨ ᠦᠵᠦᠮᠦᠴᠢᠨ ᠬᠤᠰᠢᠭᠤᠨ ᠤ 《 ᠠᠨ ᠺᠠᠩ ᠬᠤᠨᠳᠠᠭᠠᠲᠤ 》 ᠠᠵᠢᠯᠲᠠᠨ‌ᠠᠵᠢᠯᠴᠢᠨ ᠤ ᠥᠳᠥᠨ ᠪᠥᠮᠪᠦᠭᠡ ᠶᠢᠨ ᠪᠡᠶ᠎ᠡ ᠲᠠᠮᠢᠷ ᠤᠨ ᠴᠣᠭᠯᠠᠭᠠᠨ ᠶᠠᠪᠣᠭᠳᠠᠪᠠ
ᠨᠡᠶᠢᠲᠡᠯᠡᠭᠰᠡᠨ ᠴᠠᠭ᠄
2021/7/2
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠡᠭᠦᠨ ᠦᠵᠦᠮᠦᠴᠢᠨ ᠬᠤᠰᠢᠭᠤᠨ ᠤ 《 ᠠᠨ ᠺᠠᠩ ᠬᠤᠨᠳᠠᠭᠠᠲᠤ 》 ᠠᠵᠢᠯᠲᠠᠨ ᠠᠵᠢᠯᠴᠢᠨ ᠤ ᠥᠳᠥᠨ ᠪᠥᠮᠪᠦᠭᠡ ᠶᠢᠨ ᠪᠡᠶ᠎ᠡ ᠲᠠᠮᠢᠷ ᠤᠨ ᠴᠤᠭᠯᠠᠭᠠᠨ 6 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ  ᠶᠠᠪᠤᠭᠳᠠᠵᠠᠢ᠃ ᠲᠣᠰ ᠤᠳᠠᠭᠠᠨ ᠤ ᠠᠵᠢᠯᠯᠠᠭ᠎ᠠ ᠶᠢ ᠬᠤᠰᠢᠭᠤ  ᠠᠶᠤᠯᠭᠦᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ  ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠰᠢᠩ ᠶᠧ ᠪᠦᠯᠦᠭᠯᠡᠯ ᠤᠨ ᠷᠦᠩ ᠭᠤᠸᠠᠨ ᠠᠭᠤᠷᠬᠠᠶ ᠶᠢᠨ ᠦᠶᠯᠡᠰ ᠠᠴᠠ ᠳᠠᠭᠠᠭᠠᠴᠢᠯᠠᠨ ᠡᠷᠭᠢᠯᠡᠵᠦ᠂ ᠬᠤᠰᠢᠭᠤ ᠶᠢᠩ ᠢᠦᠢ ᠵᠠᠯᠠᠭᠤᠴᠤᠳ ᠪᠠᠭᠠᠴᠤᠳ ᠤᠨ ᠥᠳᠥᠨ ᠪᠥᠮᠪᠦᠭᠡ ᠶᠢᠨ ᠨᠡᠶᠢᠭᠡᠮᠯᠢᠭ ᠬᠠᠮᠵᠢᠯᠴᠠᠨ ᠡᠷᠭᠢᠯᠡᠵᠦ᠂ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠪᠣᠯᠤᠨ  ᠠᠭᠤᠯᠠᠨ‌ᠠᠭᠤᠷᠬᠠᠶ ᠶᠢᠨ ᠠᠵᠤ ᠠᠬᠤᠶᠢᠯᠠᠯ ᠤᠨ ᠲᠠᠪᠢᠭᠠᠳ ᠥᠳᠥᠨ ᠪᠥᠮᠪᠦᠭᠡ ᠶᠢᠨ  ᠳᠤᠷ᠎ᠠ‌‍ᠪᠠᠭ᠋ᠠᠳᠠᠳ ᠤᠷᠤᠯᠳᠤᠭᠠᠨ ᠳᠤ ᠣᠷᠣᠯᠴᠠᠵᠠᠶ  ᠃      ᠤᠷᠤᠯᠳᠤᠭᠠᠨ ᠳᠤ ᠡᠷᠡᠭᠲᠡᠶ ᠶᠢᠨ ᠬᠤᠣᠰᠯᠠᠨ ᠤᠷᠤᠯᠳᠤᠬᠤ᠂ ᠡᠷᠡᠭᠲᠡᠶ ᠡᠮᠡᠭᠲᠡᠶ ᠶᠢᠨ ᠬᠤᠣᠰᠯᠠᠨ ᠤᠷᠤᠯᠳᠤᠬᠤ ᠪᠠ ᠪᠦᠯᠬᠦᠮ ᠤᠨ ᠤᠷᠤᠯᠳᠤᠭᠠᠨ ᠭᠡᠬᠦ ᠭᠤᠷᠪᠠᠨ ᠤᠷᠤᠯᠳᠤᠭᠠᠨ ᠤ ᠲᠥᠷᠥᠯ   ᠢ ᠲᠣᠬᠢᠷᠠᠭᠤᠯᠪᠠ  ᠃      ᠥᠲᠥᠨ ᠪᠥᠮᠪᠦᠭᠡ ᠨᠢ ᠨᠢᠭᠡ ᠵᠦᠶᠯ ᠤᠨ ᠣᠶᠤᠨ ᠤᠬᠠᠭᠠᠨ᠂ ᠪᠡᠶ᠎ᠡ ᠲᠠᠮᠢᠷ ᠪᠠ ᠤᠷ᠎ᠠ ᠮᠡᠷᠭᠡᠵᠢᠯ ᠢ ᠲᠥᠪᠯᠡᠷᠡᠭᠦᠯᠦᠭᠰᠡᠨ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠪᠣᠯᠤᠭᠰᠠᠨ ᠤ ᠬᠤᠪᠢ ᠳᠤ᠂ ᠥᠷᠢᠰᠦᠯᠳᠦᠬᠦ ᠴᠢᠨᠠᠷ᠂ ᠡᠰᠡᠷᠭᠦᠴᠡᠯᠳᠦᠬᠦ ᠴᠢᠨᠠᠷ ᠪᠠ ᠰᠣᠨᠢᠷᠬᠠᠯᠲᠦ ᠴᠢᠨᠠᠷ ᠢᠶᠠᠷ ᠴᠢᠩᠭ᠎ᠠ᠂ ᠡᠯ᠎ᠡ ᠨᠠᠰᠤᠨ ᠤ ᠮᠠᠰᠢ ᠣᠯᠠᠨ ᠳᠤᠷ᠎ᠠ ᠪᠠᠭ᠋ᠠᠲᠠᠨ ᠲᠣᠰ ᠬᠥᠳᠡᠯᠭᠡᠭᠡᠨ ᠳᠤ ᠣᠷᠣᠯᠴᠠᠳᠠᠭ  ᠃ ᠤᠷᠤᠯᠳᠤᠭᠠᠨ ᠤ ᠳᠤᠮᠳᠠ᠂ ᠤᠷᠤᠯᠳᠤᠭᠠᠨ ᠳᠤ ᠣᠷᠣᠯᠴᠠᠭᠰᠠᠳ ᠴᠤᠭ ᠵᠢᠪᠬᠤᠭ᠎ᠠ ᠪᠠᠳᠠᠷᠠᠩᠭᠤᠶ᠂ ᠥᠨᠳᠥᠷ ᠤᠷ᠎ᠠ ᠳᠡᠮ  ᠢᠶᠠᠨ ᠪᠠᠳᠠᠷᠠᠭᠤᠯᠵᠦ ᠡᠷᠡᠯᠬᠡᠭᠯᠡᠨ ᠲᠡᠮᠡᠴᠡᠬᠦ ᠂ ᠪᠦᠯᠬᠦᠮᠳᠡᠨ ᠳᠠᠪᠰᠢᠬᠤ ᠬᠥᠳᠡᠯᠭᠡᠭᠡᠨ ᠤ ᠴᠤᠭ ᠵᠢᠪᠬᠤᠭ᠎ᠠ ᠶᠢ ᠭᠦᠶᠴᠡᠳ ᠢᠯᠡᠷᠡᠭᠦᠯᠪᠡ  ᠃  ᠤᠷᠤᠯᠳᠤᠭᠠᠨ ᠤ ᠶᠠᠪᠤᠴᠠ ᠳᠠᠬᠢ ᠦᠵᠡᠭᠴᠢᠳ ᠤᠨ ᠤᠤᠬᠠᠢ ᠬᠠᠰᠬᠢᠷᠤᠯᠲᠠ ᠨᠢ ᠨᠠᠩ ᠴᠤ ᠣᠷᠣᠯᠳᠣᠭᠠᠨ ᠤ ᠠᠭᠤᠷ ᠠᠮᠢᠰᠬᠤᠯ ᠢ ᠣᠷᠬᠢᠯ ᠳᠤᠨᠢ ᠬᠦᠷᠭᠡᠭᠰᠡᠨ ᠪᠠᠶᠢᠨ᠎ᠠ  ᠃        ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠬᠦᠷᠴᠦ ᠢᠷᠡᠬᠦ ᠲᠠᠰᠢᠷᠠᠮ ᠢᠶᠠᠷ᠂  ᠥᠷᠭᠡᠨ ᠣᠯᠠᠨ ᠥᠳᠥᠨ ᠪᠥᠮᠪᠦᠭᠡ ᠶᠢᠨ ᠳᠤᠷ᠎ᠠ ᠪᠠᠭ᠋ᠠᠲᠠᠳ ᠬᠥᠳᠡᠯᠭᠡᠭᠡᠨ‌‍ᠬᠢᠵᠦ ᠬᠦᠴᠦᠯᠡᠨ ᠲᠡᠮᠡᠴᠡᠵᠦ᠂ ᠴᠢᠷᠮᠠᠶᠢᠨ ᠲᠠᠪᠰᠢᠵᠥ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠣᠶᠣᠨ ᠰᠠᠨᠠᠭᠠᠨ ᠤ ᠳᠦᠷᠰᠦ ᠪᠠᠶᠢᠳᠠᠯ ᠢᠶᠠᠷ  ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠤᠭᠲᠤᠵᠤ᠂ ᠠᠵᠢᠯᠯᠠᠭ᠎ᠠ ᠡᠷᠬᠢᠯᠡᠬᠦ  ᠪᠠᠷ ᠲᠠᠮᠵᠢᠨ ᠪᠠᠰᠠ  ᠠᠵᠢᠯᠳᠠᠨ ᠠᠵᠢᠯᠴᠢᠨ ᠤ ᠨᠠᠮ ᠢᠶᠠᠨ ᠬᠠᠶᠢᠷᠠᠯᠠᠬᠤ ᠡᠬᠡ ᠣᠷᠣᠨᠴᠢ ᠰᠡᠳᠬᠢᠯᠭᠡ ᠶᠢ ᠨᠢ ᠤᠯᠠᠮ ᠨᠢᠭᠡ ᠠᠯᠬᠤᠮ ᠬᠥᠭᠵᠢᠭᠡᠵᠦ᠂ ᠠᠮᠤᠷ ᠲᠦᠪᠰᠢᠨ ᠤ ᠰᠣᠶᠣᠯ  ᠢ ᠪᠠᠳᠠᠷᠠᠭᠤᠯᠤᠨ᠂ ᠠᠮᠤᠷ ᠲᠦᠪᠰᠢᠨ ᠤ ᠮᠡᠳᠡᠯᠭᠡ ᠶᠢ ᠤᠯᠠᠮᠵᠢᠯᠠᠵᠤ᠂  ᠠᠮᠤᠷ ᠲᠦᠪᠰᠢᠨ ᠡᠷᠡᠭᠦᠯ ᠮᠡᠨᠳᠥ ᠶᠢᠨ ᠤᠬᠠᠮᠰᠠᠷ ᠪᠠ ᠪᠡᠶ᠎ᠡ ᠮᠠᠬᠠᠪᠣᠳ ᠤᠨ ᠬᠡᠪ ᠴᠢᠨᠠᠷ ᠢ ᠨᠢ ᠳᠡᠭᠡᠭᠰᠢᠯᠡᠭᠦᠯᠵᠦ᠂ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠨᠢ ᠪᠠᠶᠠᠯᠢᠭᠵᠢᠭᠤᠯᠪᠠ  ᠃    ᠬᠤᠶᠠᠷ ᠡᠳᠦᠷ ᠤᠨ ᠰᠢᠷᠦᠭᠦᠨ ᠤᠷᠤᠯᠳᠤᠭᠠᠨ ᠢᠶᠠᠷ ᠳᠠᠮᠵᠢᠭᠠᠳ᠂ ᠬᠤᠤ ᠰᠢᠶᠤᠤ ᠯᠸᠢ ᠪᠣᠯᠤᠨ  ᠭᠠᠷᠦᠳᠢ ᠡᠷᠡᠭᠲᠡᠶ ᠶᠢᠨ ᠬᠤᠣᠰᠯᠠᠨ ᠤᠷᠤᠯᠳᠤᠬᠤ ᠤᠷᠤᠯᠳᠤᠭᠠᠨ ᠳᠤ ᠮᠠᠩᠯᠠᠶᠢᠯᠠᠵᠤ᠂ ᠯᠢ ᠶᠦᠩ ᠫᠢᠩ ᠪᠣᠯᠤᠨ ᠸᠠᠩ ᠵᠢᠩ ᠹᠧᠩ ᠡᠷᠡᠭᠲᠡᠶ ᠡᠮᠡᠭᠲᠡᠶ ᠶᠢᠨ ᠬᠤᠣᠰᠯᠠᠨ ᠤᠷᠤᠯᠳᠤᠬᠤ ᠤᠷᠤᠯᠳᠤᠭᠠᠨ ᠳᠤ  ᠲᠡᠷᠢᠭᠦᠯᠡᠨ᠂ ᠯᠢᠦ ᠸᠧᠶ᠂ ᠺᠠᠩ ᠯᠸᠢ᠂ ᠡᠦ ᠶᠢᠩ᠂ ᠶᠠᠨ ᠰᠢᠨ᠂ ᠵᠠᠶ ᠱᠤ᠋ ᠫᠢᠩ ᠢᠶᠠᠷ ᠪᠦᠷᠢᠯᠳᠦᠭᠰᠡᠨ ᠪᠦᠯᠬᠦᠮ ᠪᠦᠯᠬᠦᠮ ᠤᠨ ᠤᠷᠤᠯᠳᠤᠭᠠᠨ ᠳᠤ ᠮᠠᠩᠯᠠᠶᠢᠯᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号