ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠰᠢᠭᠤ ᠳᠠᠷᠤᠭ᠎ᠠ ᠵᠧᠦ ᠢᠦᠢ ᠯᠦᠩ‌ᠡᠵᠢᠨᠠᠭᠤᠷ ᠪᠠᠯᠭᠠᠰᠤ᠂ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ‌‍ᠬᠢᠪᠡ
ᠨᠡᠶᠢᠲᠡᠯᠡᠭᠰᠡᠨ ᠴᠠᠭ᠄
2021/7/2
      6 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠰᠢᠭᠤ ᠳᠠᠷᠤᠭ᠎ᠠ ᠵᠧᠦ ᠢᠦᠢ ᠯᠦᠩ‌ᠡᠵᠢᠨᠠᠭᠤᠷ ᠪᠠᠯᠭᠠᠰᠤ᠂ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠮᠠᠯ ᠠᠵᠤ ᠠᠬᠤᠶ ᠶᠢᠨ ᠬᠥᠭᠵᠢᠯᠲᠡ᠂  ᠠᠶᠤᠯᠭᠦᠢ ᠦᠶᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ‌ᠬᠠᠭᠰᠠᠷᠠᠭᠠᠨ ᠲᠠᠢ ᠲᠡᠮᠡᠴᠡᠬᠦ᠂ ᠪᠣᠬᠢᠷᠲᠤᠯ ᠥᠬᠡᠶ ᠠᠭᠤᠯᠠᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠠᠭᠤᠯᠠ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ‌ᠠᠵᠢᠯ ᠢ ᠪᠠᠶᠢᠴᠠᠭᠠᠨ ᠰᠤᠳᠤᠯᠵᠤ᠂ ᠠᠬᠠᠮᠠᠳ‌ᠨᠠᠮ ᠤᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠪᠠ  ᠃      ᠳᠡᠳ᠋ ᠬᠤᠰᠢᠭᠤ ᠳᠠᠷᠤᠭ᠎ᠠ ᠰᠡᠴᠡᠨ ᠪᠣᠯᠣᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ‌ᠵᠠᠩᠭᠢᠵᠢᠯᠲᠠ ᠶᠢᠨ ᠲᠣᠪᠴᠢᠶ᠎ᠠ ᠵᠢᠴᠢ ᠡᠵᠢᠨᠠᠭᠤᠷ ᠪᠠᠯᠭᠠᠰᠤ᠂ ᠠᠯᠲᠠᠨᠬᠢᠯᠢ ᠰᠣᠮᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ  ᠬᠠᠮᠲᠦ ᠪᠠᠶᠢᠴᠠᠭᠠᠨ ᠰᠣᠳᠣᠯᠣᠯᠲᠠ ᠬᠢᠪᠡ᠃      ᠠᠩᠭᠢᠰ ᠮᠠᠯ ᠠᠵᠤ ᠠᠬᠤᠶ ᠪᠠ ᠰᠠᠶᠢᠬᠤᠰᠤ ᠭᠠᠴᠠᠭᠠᠨ ᠤ ᠠᠯᠠᠰᠢᠨ ᠦᠬᠡᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠲᠤ᠂ ᠵᠧᠦ  ᠢᠦᠢ‌ᠯᠦ᠋ᠩ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠰᠠᠭᠤᠷᠢ ᠲᠥᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ  ᠃ ᠲᠡᠷᠡ ᠵᠢᠭᠠᠬᠤ ᠳᠠᠭᠠᠨ᠂ ᠰᠠᠶᠢᠨ ᠡᠭᠦᠯᠳᠡᠷ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠤ ᠪᠥᠲᠥᠭᠡᠨ ᠪᠠᠶᠢᠭᠤᠯᠤᠯᠲᠠ ᠪᠣᠯ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠶᠢᠨ 《 ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ 》ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ᠂  ᠮᠦᠨ  ᠴᠤ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ  ᠃ ᠡᠯ᠎ᠡ ᠭᠠᠵᠠᠷ ᠤᠨ ᠬᠢᠨ ᠳᠠᠪᠠᠭᠤᠯᠢᠭ ᠡᠬᠢ ᠪᠠᠶᠠᠯᠢᠭ ᠲᠠᠭᠠᠨ ᠰᠠᠭᠤᠷᠢᠯᠠᠵᠤ᠂ ᠬᠥᠭᠵᠢᠯᠲᠡ ᠶᠢᠨ ᠴᠢᠭᠯᠡᠯ ᠢᠶᠠᠨ ᠲᠣᠳᠣᠷᠬᠠᠶᠢᠯᠠᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠯ ᠠᠵᠤ ᠠᠬᠤᠶ ᠶᠢᠨ ᠠᠵᠤ ᠦᠶᠯᠡᠰ ᠤᠨ ᠵᠠᠭᠪᠤᠷ ᠪᠣᠯᠤᠨ ᠣᠲᠣ ᠦᠶ᠎ᠡ ᠶᠢᠨ ᠮᠠᠯ ᠠᠵᠤ ᠠᠬᠤᠶ ᠶᠢᠨ ᠡᠵᠡᠩᠨᠡᠯᠲᠡ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ ᠠᠵᠤ ᠠᠬᠤᠶᠢᠯᠠᠯ  ᠤᠨ ᠬᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠢ ᠲᠡᠳᠬᠦᠨ ᠳᠡᠮᠵᠢᠬᠦ᠂ ᠬᠠᠮᠲᠤ ᠶᠢᠨ ᠠᠵᠤ ᠠᠬᠤᠶ  ᠶᠢ ᠬᠥᠭᠵᠢᠭᠦᠯᠦᠨ ᠪᠤᠵᠠᠭᠠᠶᠢᠷᠠᠭᠤᠯᠬᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠵᠡᠷᠭᠡ ᠲᠠᠯ᠎ᠠ ᠪᠠᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃      ᠡᠵᠢᠨᠠᠭᠤᠷ ᠳᠠᠪᠤᠰᠤᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠵᠧᠦ  ᠢᠦᠢ ᠯᠦᠩ‌ᠡᠵᠢᠨᠠᠭᠤᠷ ᠳᠤᠷᠠᠰᠬᠠᠯ ᠤᠨ ᠬᠥᠰᠢᠶ᠎ᠡ᠂ ᠳᠠᠪᠤᠰᠤᠨ ᠨᠠᠭᠤᠷ ᠵᠢᠴᠢ ᠦᠶᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠵᠦ᠂ ᠳᠠᠪᠤᠰᠤᠨ ᠨᠠᠭᠤᠷ ᠤᠨ ᠡᠬᠢ ᠪᠠᠶᠠᠯᠢᠭ ᠤᠨ ᠬᠠᠳᠠᠭᠠᠯᠠᠭᠳᠠᠴᠠ᠂ ᠦᠶᠯᠡᠳᠪᠦᠷᠢᠯᠡᠯ ᠡᠵᠡᠩᠨᠡᠯᠲᠡ ᠶᠢᠨ ᠣᠳᠣᠬᠢ ᠪᠠᠶᠢᠳᠠᠯ᠂ ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ  ᠃ ᠲᠡᠷᠡ‌‍ᠴᠢᠬᠤᠯᠠᠴᠢᠯᠠᠬᠤ ᠳᠠᠭᠠᠨ᠂ ᠠᠵᠤ ᠠᠬᠤᠶᠢᠯᠠᠯ ᠳᠠᠪᠤᠰᠤᠨ ᠨᠠᠭᠤᠷ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠢ ᠴᠢᠷᠮᠠᠶᠢᠨ ᠨᠡᠭᠡᠭᠡᠵᠦ᠂ 《  ᠡᠵᠢᠨᠠᠭᠤᠷ 》 ᠤᠨ ᠲᠥᠷᠥᠯ ᠲᠡᠮᠳᠡᠭ ᠢ ᠴᠣᠭᠴᠠᠯᠠᠨ᠂ ᠴᠢᠨᠠᠷ ᠰᠠᠶᠢᠲᠠᠶ ᠬᠥᠭᠵᠢᠯᠲᠡ  ᠶᠢ ᠲᠠᠰᠤᠷᠠᠯᠲᠠ ᠥᠬᠡᠶ ᠪᠡᠶᠡᠯᠡᠭᠦᠯᠬᠦ ᠬᠡᠷᠡᠭᠲᠡᠶ  ᠃ ᠡᠭᠦᠨ ᠤ ᠬᠠᠮᠲᠤ᠂ ᠦᠢᠯᠡᠳᠪᠦᠷᠢᠯᠡᠯ ᠡᠵᠡᠩᠨᠡᠯᠲᠡ᠂ ᠠᠮᠢ ᠠᠬᠤᠢ  ᠶᠢᠨ ᠬᠠᠮᠠᠭᠠᠯᠠᠯᠲᠠ ᠬᠢᠭᠡᠳ ᠰᠣᠶᠣᠯ ᠤᠨ ᠤᠯᠠᠮᠵᠢᠯᠠᠯ ᠤᠨ ᠨᠢᠭᠡᠳᠦᠯ ᠢ ᠪᠡᠶᠡᠯᠡᠭᠦᠯᠵᠦ᠂ ᠲᠤᠬᠠᠢ ᠶᠢᠨ ᠭᠠᠵᠠᠷ ᠤᠨ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠬᠤ ᠪᠠ‌ᠠᠭᠤᠳᠠᠯᠤᠨ ᠠᠰᠢᠭᠯᠠᠬᠤ ᠶᠢ ᠴᠢᠩᠭᠠᠳᠬᠠᠵᠤ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠢ ᠪᠠᠶᠢᠭᠤᠯᠵᠤ᠂ ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠬᠤ ᠬᠡᠷᠡᠭᠲᠡᠢ ᠭᠡᠵᠡᠢ  ᠃      ᠡᠵᠢᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠂ ᠵᠧᠦ  ᠢᠦᠢ ᠯᠦᠩ ᠪᠠᠯᠭᠠᠰᠤᠨ ᠤ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ‌ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ  ᠃ ᠲᠡᠷᠡ ᠴᠢᠬᠤᠯᠠᠴᠢᠯᠠᠬᠤ ᠳᠠᠭᠠᠨ᠂ ᠠᠮᠤᠷ ᠲᠦᠪᠰᠢᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ ᠠᠷᠢᠯᠭᠠᠬᠤ ᠶᠢ ᠴᠢᠩᠭᠠᠳᠬᠠᠵᠤ᠂ ᠬᠦᠨᠳᠦ ᠣᠨᠴᠠ ᠶᠡᠭᠡ ᠦᠶᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠵᠦᠢᠯ ᠤᠨ ᠲᠥᠰᠦᠯ ᠢ ᠲᠡᠭᠦᠯᠳᠡᠷᠵᠢᠭᠦᠯᠵᠦ᠂ ᠦᠶᠡᠷ ᠤᠨ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠤᠰᠤ ᠲᠠᠲᠠᠷᠠᠭᠤᠯᠵᠤ ᠤᠰᠤ ᠬᠠᠳᠠᠭᠠᠯᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠠᠮᠢᠶ᠎ᠠ ᠪᠦᠬᠦᠢ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠡᠢ  ᠃      ᠲᠢᠶᠠᠨ ᠳ᠋ᠢ  ᠰᠢᠯᠢᠨ ᠨᠡᠭᠦᠷᠡᠰᠦᠨ ᠠᠭᠤᠷᠬᠠᠢ᠂ ᠤᠯᠤᠰ ᠤᠨ ᠡᠵᠡᠩᠨᠡᠯᠲᠦ ᠨᠡᠭᠦᠷᠡᠰᠦᠨ ᠠᠭᠤᠷᠬᠠᠢ ᠪᠣᠯᠤᠨ ᠠᠮᠤᠭᠤᠯᠠᠩ ᠨᠡᠭᠦᠷᠡᠰᠦᠨ ᠠᠭᠤᠷᠬᠠᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠵᠧᠦ  ᠢᠦᠢ ᠯᠦᠩ ᠠᠭᠤᠷᠬᠠᠢ  ᠶᠢᠨ ᠣᠷᠣᠨ ᠤ ᠣᠷᠴᠢᠨ ᠲᠣᠭᠤᠷᠢᠨ ᠤ ᠵᠠᠰᠠᠯᠲᠠ᠂ ᠲᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠪᠦᠳᠦᠭᠡᠨ ᠪᠠᠶᠢᠭᠤᠯᠤᠯᠲᠠ᠂ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠬᠡᠯᠪᠡᠷᠢ ᠳᠦᠷᠰᠦ ᠶᠢ ᠵᠠᠰᠠᠵᠤ ᠬᠥᠷᠥᠰᠥ ᠶᠢ ᠪᠦᠷᠬᠦᠬᠦ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ  ᠃ ᠲᠡᠷᠡ ᠴᠢᠬᠤᠯᠠᠴᠢᠯᠠᠬᠤ ᠳᠠᠭᠠᠨ᠂ ᠠᠵᠤ ᠠᠬᠤᠶᠢᠯᠠᠯ ᠤᠨ ᠬᠢᠨ ᠠᠭᠤᠯᠠᠨ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠨᠡᠶᠢᠭᠡᠮ ᠤᠨ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠵᠦ᠂ 《 ᠬᠥᠬᠡᠮᠳᠦᠭ ᠨᠣᠭᠤᠭᠠᠨ ᠠᠭᠤᠯᠠ ᠤᠰᠤ ᠪᠣᠯ  ᠳᠠᠷᠣᠢ ᠠᠯᠲᠠ ᠮᠥᠩᠭᠦᠨ ᠠᠭᠤᠯᠠ ᠮᠥᠨ 》 ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠶᠢᠨ ᠬᠠᠮᠲᠤ ᠦᠶᠯᠡᠳᠦᠯᠭᠡᠵᠢᠭᠦᠯᠵᠦ᠂ ᠨᠢᠭᠡ ᠲᠠᠯ᠎ᠠ ᠪᠠᠷ ᠬᠥᠭᠵᠢᠯᠲᠡ ᠶᠢ ᠠᠳᠬᠤᠵᠤ᠂ ᠨᠥᠭᠦᠭᠡ ᠲᠠᠯ᠎ᠠ  ᠪᠠᠷ ᠠᠮᠢ ᠠᠬᠤᠶ ᠶᠢᠨ ᠬᠠᠮᠠᠭᠠᠯᠠᠯᠲᠠ ᠶᠢ ᠠᠳᠬᠤᠵᠤ᠂ ᠡᠬᠢ ᠪᠠᠶᠠᠯᠢᠭ ᠤᠨ ᠬᠠᠮᠢᠶᠠᠷᠤᠯᠲᠠ ᠶᠢᠨ ᠠᠮᠢ ᠠᠬᠤᠶ ᠳᠤ ᠦᠵᠡᠭᠦᠯᠬᠦ ᠡᠬᠢ ᠡᠭᠦᠰᠦᠯ ᠤᠨ ᠬᠠᠮᠠᠭᠠᠯᠠᠯᠲᠠ ᠶᠢᠨ ᠦᠶᠯᠡᠳᠦᠯ ᠢ ᠲᠠᠰᠤᠷᠠᠯᠲᠠ ᠥᠬᠡᠶ ᠴᠢᠩᠭᠠᠳᠬᠠᠵᠤ᠂ ᠪᠣᠬᠢᠷᠲᠤᠯ ᠥᠬᠡᠶ ᠠᠭᠤᠯᠠᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠣᠯᠤᠨ  ᠠᠭᠤᠯᠠᠨ‌ᠠᠭᠤᠷᠬᠠᠶ ᠶᠢᠨ ᠲᠣᠭᠤᠷᠢᠭ ᠤᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ  ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠤᠨ ᠬᠢᠨ 《 ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ 》 ᠪᠠ 《 ᠠᠵᠢᠯ ᠲᠥᠷᠥᠯ ᠳᠤ ᠬᠢᠨᠠᠯᠲᠠ ᠲᠠᠯᠪᠢᠬᠤ 》 ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠤ ᠢᠯᠡᠷᠡᠭᠰᠡᠨ ᠡᠯ᠎ᠡ ᠵᠦᠢᠯ ᠤᠨ ᠠᠰᠠᠭᠤᠳᠠᠯ ᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠨ᠂ ᠲᠣᠬᠢᠲᠠᠶ ᠰᠢᠶᠳᠪᠦᠷᠢᠯᠡᠵᠦ᠂  ᠠᠭᠤᠯᠠᠨ‌ᠠᠭᠤᠷᠬᠠᠶ ᠶᠢᠨ ᠠᠵᠤ ᠠᠬᠤᠶᠢᠯᠠᠯ ᠤᠨ ᠡᠯ᠎ᠡ ᠵᠦᠢᠯ  ᠤᠨ ᠠᠵᠢᠯ ᠢᠶᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠪᠠᠲᠤᠯᠠᠬᠤ ᠬᠡᠷᠡᠭᠲᠡᠶ  ᠭᠡᠵᠡᠢ᠃      ᠪᠠᠲᠤᠰᠦ᠋ᠬᠡ᠂ ᠲᠡᠮᠦᠷ ᠬᠤᠶᠠᠷ ᠠᠬᠠᠮᠠᠳ ᠨᠠᠮ ᠤᠨ ᠭᠡᠰᠢᠭᠦᠨ ᠤ ᠬᠡᠷ ᠲᠤ᠂ ᠵᠧᠦ  ᠢᠦᠢ ᠯᠦᠩ ᠲᠡᠳᠡᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ  ᠃ ᠲᠡᠷᠡ ᠵᠢᠭᠠᠬᠤ ᠳᠠᠭᠠᠨ᠂ ᠠᠬᠠᠮᠠᠳ ᠨᠠᠮ ᠤᠨ ᠭᠡᠰᠢᠭᠦᠨ ᠵᠠᠯᠠᠭᠤ ᠨᠠᠰᠣᠨ ᠳᠠᠭᠠᠨ ᠬᠤᠪᠢᠰᠬᠠᠯ ᠳᠤ ᠢᠳᠡᠪᠬᠢᠲᠡᠢ ᠣᠷᠣᠯᠴᠠᠵᠤ᠂ ᠨᠠᠮ ᠪᠣᠯᠤᠨ ᠤᠯᠤᠰ ᠣᠷᠣᠨ ᠤ ᠦᠢᠯᠡᠰ ᠲᠤ ᠯᠤᠲᠤ ᠶᠡᠭᠡ ᠬᠤᠪᠢ ᠨᠡᠮᠡᠷᠢ ᠦᠵᠡᠭᠦᠯᠵᠦ᠂ ᠵᠠᠯᠠᠭᠤ ᠨᠠᠮ ᠤᠨ ᠭᠡᠰᠢᠭᠦᠨ ᠳᠤ ᠳᠠᠭᠤᠷᠢᠶᠠᠯ  ᠪᠤᠯᠤᠭᠰᠠᠨ ᠪᠠᠶᠢᠨ᠎ᠠ  ᠂ ᠡᠨᠡ ᠪᠣᠯ ᠮᠠᠨ ᠤ ᠡᠷᠬᠢᠮ ᠨᠠᠨᠳᠢᠨ ᠥᠪ ᠬᠦᠷᠦᠩᠭᠡ ᠮᠥᠨ  ᠃ ᠬᠤᠯᠪᠣᠭᠳᠠᠯ ᠪᠦᠬᠦᠢ  ᠨᠢᠭᠡᠴᠡ ᠶᠢᠨ ᠬᠢᠨ ᠠᠬᠠᠮᠠᠳ ᠨᠠᠮ ᠤᠨ ᠭᠡᠰᠢᠭᠦᠨ ᠢ ᠡᠷᠬᠡᠪᠰᠢ ᠬᠠᠯᠠᠮᠵᠢᠯᠠᠨ ᠬᠠᠶᠢᠷᠠᠯᠠᠵᠤ᠂ ᠰᠠᠨᠠᠯ ᠰᠠᠨᠠᠭᠤᠯᠭ᠎ᠠ ᠶᠢ   ᠨᠢ ᠳᠠᠷᠤᠤ ᠬᠢᠴᠢᠶᠡᠩᠭᠦᠢ ᠪᠠᠷ ᠰᠣᠨᠣᠰᠴᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠠᠬᠠᠮᠠᠳ ᠨᠠᠮ ᠤᠨ ᠭᠡᠰᠢᠭᠦᠨ ᠳᠤ ᠢᠯᠡᠭᠦᠬᠡᠨ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠥᠭᠬᠦ ᠬᠡᠷᠡᠭᠲᠡᠢ ᠭᠡᠰᠡᠨ ᠤ ᠬᠠᠮᠲᠦ᠂ ᠠᠬᠠᠮᠠᠳ ᠨᠠᠮ ᠤᠨ ᠭᠡᠰᠢᠭᠦᠳ ᠪᠡᠶ᠎ᠡ ᠮᠠᠬᠠᠪᠤᠳ ᠢᠶᠠᠨ ᠬᠠᠶᠢᠷᠠᠯᠠᠨ ᠭᠠᠮᠨᠠᠵᠦ  ᠂  ᠨᠤᠲᠤᠭ ᠤᠨ ᠣᠯᠠᠨ ᠢᠶᠠᠨ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠦᠷᠬᠦᠯᠵᠢᠯᠡᠨ ᠰᠢᠨ᠎ᠡ ᠬᠤᠪᠢ ᠨᠡᠮᠡᠷᠢ ᠦᠵᠡᠭᠦᠯᠬᠦ ᠶᠢ  ᠬᠦᠰᠡᠵᠦ ᠪᠠᠶᠢᠨ᠎ᠠ ᠭᠡᠵᠡᠢ  ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠥᠩᠬᠡᠪᠠᠲᠤ᠂ ᠬᠤᠪᠢᠰᠬᠠᠯᠲᠤ ᠶᠢᠨ ᠬᠡᠷ ᠲᠤ᠂ ᠵᠧᠦ  ᠢᠦᠢ ᠯᠦᠩ ᠲᠠᠳᠡᠨᠡᠠᠷ   ᠢ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ ᠭᠦᠶᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠶᠡᠴᠢ ᠳᠠᠭᠠᠭᠤᠯᠤᠭᠴᠢ ᠪᠠ ᠬᠥᠭᠦᠷᠭᠡ ᠬᠤᠯᠪᠣᠭᠠᠰᠤ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠠᠷᠠᠳ ᠣᠯᠠᠨ ᠯᠤᠭ᠎ᠠ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠴᠠᠭ ᠲᠤᠬᠠᠶ ᠳᠤᠨᠢ ᠤᠶᠢᠯᠠᠭᠠᠨ ᠲᠤᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ 《 ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠲᠥᠯᠥᠭᠡᠯᠡᠭᠴᠢ ᠪᠣᠯᠬᠤ 》ᠲᠥᠪ ᠴᠢᠩᠭ᠎ᠠ ᠠᠮᠠᠯᠠᠯᠲᠠ ᠪᠠᠨ ᠦᠶᠯᠡᠳᠦᠯᠭᠡᠵᠢᠭᠦᠯᠵᠦ᠂ ᠨᠠᠩ ᠣᠯᠠᠨ ᠨᠠᠩ ᠰᠠᠶᠢᠨ ᠰᠠᠨᠠᠯ ᠰᠠᠨᠠᠭᠤᠯᠭ᠎ᠠ ᠳᠤᠷᠠᠳᠴᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号