ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ 2021 ᠣᠨ ᠤ ᠠᠩᠬᠠᠳᠤᠭᠠᠷ ᠤᠳᠠᠭ᠎ᠠ ᠶᠢᠨ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2021/8/11
      7 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ  ᠬᠤᠰᠢᠭᠤ ᠳᠠᠷᠤᠭ᠎ᠠ ᠵᠧᠤ ᠢᠦᠶ ᠯᠦᠩ 2021 ᠣᠨ ᠤ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠬᠤᠰᠢᠭᠤ ᠳᠠᠷᠤᠭ᠎ᠠ ᠨᠠᠷ ᠤᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠴᠠᠩ ᠵᠧᠩ᠂ ᠠᠯᠲᠠᠨᠪᠠᠭᠠᠨ᠎ᠠ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠡᠳ᠋ ᠤᠨ ᠵᠠᠰᠠᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠰᠢᠶᠤᠤ ᠮᠢᠩ ᠬᠤᠷᠠᠯ ᠳᠤ ᠣᠷᠣᠯᠴᠠᠵᠤ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠠᠯᠪᠠᠨ ᠬᠡᠷ᠂ ᠬᠠᠲᠠᠪᠴᠢ ᠪᠠᠯᠭᠠᠰᠤ᠂ ᠪᠣᠭᠤᠮᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠵᠡᠭᠦᠨ ᠬᠠᠲᠠᠪᠴᠢ ᠪᠣᠭᠤᠮᠲᠠ ᠶᠢᠨ ᠤᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠢ ᠣᠶᠢᠯᠠᠭᠠᠵᠤ᠂ ᠡᠯ᠎ᠡ ᠬᠤᠪᠢᠳᠠᠨ ᠬᠠᠮᠢᠶᠠᠷᠴᠤ  ᠪᠠᠶᠢᠭ᠎ᠠ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠰᠣᠨᠣᠰᠴᠠᠢ᠃      ᠵᠧᠤ ᠢᠦᠶ ᠯᠦᠩ ᠵᠢᠭᠠᠵᠤ ᠭᠠᠷᠭᠠᠭᠰᠠᠨ ᠨᠢ᠂ ᠵᠡᠭᠦᠨ ᠬᠠᠲᠠᠪᠴᠢ ᠪᠣᠭᠤᠮᠲᠠ ᠶᠢᠨ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠪᠣᠯ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠᠶᠢᠵᠤ᠂ ᠨᠡᠭᠡᠭᠡᠯᠲᠡ ᠶᠢ ᠥᠷᠭᠡᠳᠬᠡᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ᠂ ᠣᠷᠣᠨ ᠪᠠᠶᠢᠷᠢ ᠶᠢᠨ ᠳᠠᠪᠠᠭᠤᠯᠢᠭ ᠢ ᠨᠡᠭᠡᠭᠡᠯᠲᠡ ᠪᠠ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠪᠣᠭᠤᠮᠲᠠ ᠶᠢᠨ ᠠᠵᠤ ᠠᠬᠤᠶ ᠶᠢ ᠬᠥᠭᠵᠢᠭᠦᠯᠬᠦ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃      ᠵᠧᠤ ᠢᠦᠶ ᠯᠦᠩ ᠴᠢᠬᠤᠯᠠᠴᠢᠯᠠᠭᠰᠠᠨ ᠨᠢ᠂ ᠣᠳᠣᠬᠠᠨ ᠳᠤ᠂ ᠵᠡᠭᠦᠨ ᠬᠠᠲᠠᠪᠴᠢ ᠪᠣᠭᠤᠮᠲᠠ ᠶᠢᠨ ᠬᠥᠭᠵᠢᠯᠲᠡ ᠨᠢᠭᠡᠨᠲᠡ ︽ᠴᠣᠩᠬᠤᠪᠴᠢ ᠶᠢᠨ ᠬᠤᠭᠤᠴᠠᠭ᠎ᠠ︾ ᠳᠤ ᠬᠦᠷᠴᠦ᠂ ᠪᠥᠬᠦ ᠬᠤᠰᠢᠭᠤᠨ ᠤ ᠡᠯ᠎ᠡ ᠱᠠᠲᠤᠨ ᠤ ᠬᠢᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠪᠣᠭᠤᠮᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠤᠨ᠂ ᠶᠡᠭᠡ ᠪᠠᠶᠢᠷᠢᠰᠢᠯ ᠢ ᠪᠣᠳᠣᠯᠬᠢᠯᠠᠵᠤ᠂ ᠶᠡᠭᠡ ᠬᠠᠨᠳᠤᠰᠢ ᠳᠤ ᠵᠣᠬᠢᠴᠠᠭᠤᠯᠤᠨ᠂ ᠤᠯᠤᠰ ᠤᠨ ᠲᠥᠯᠥᠪᠵᠢᠭᠦᠯᠭᠡ᠂ ᠤᠯᠤᠰ ᠤᠨ ᠪᠠᠶᠢᠯᠳᠤᠬᠤ ᠪᠣᠳᠣᠯᠭ᠎ᠠ᠂ ᠤᠯᠤᠰ ᠤᠨ ᠲᠥᠷᠥ ᠶᠢᠨ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠠᠶᠢᠳᠠᠯ ᠳᠤ ᠵᠣᠬᠢᠴᠠᠭᠤᠯᠤᠨ ᠠᠷᠭ᠎ᠠ ᠪᠣᠳᠣᠯᠭ᠎ᠠ ᠲᠣᠭᠲᠠᠭᠠᠵᠤ᠂ ᠪᠠᠶᠢᠳᠠᠯ ᠳᠤ ᠵᠣᠬᠢᠴᠠᠭᠤᠯᠤᠨ ᠠᠵᠢᠯᠯᠠᠬᠤ ᠬᠡᠷᠡᠭᠲᠡᠶ᠃      ᠵᠧᠤ ᠢᠦᠶ ᠯᠦᠩ ᠱᠠᠭᠠᠷᠳᠠᠭᠰᠠᠨ ᠨᠢ᠂ ᠲᠣᠭᠤᠷᠢᠭ ᠤᠨ ᠠᠯᠪᠠᠨ ᠬᠡᠷ ᠪᠣᠯᠤᠨ ᠵᠢᠷᠤᠵᠤ ᠲᠥᠯᠥᠪᠯᠡᠬᠦ ᠨᠢᠭᠡᠴᠡ ᠵᠡᠭᠦᠨ ᠦᠵᠦᠮᠦᠴᠢᠨ ᠬᠤᠰᠢᠭᠤᠨ ᠤ ᠪᠣᠳᠠᠲᠠᠶ ᠪᠠᠶᠢᠳᠠᠯ᠂ ᠪᠣᠭᠤᠮᠲᠠ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢ ᠪᠠᠷᠠᠯᠠᠵᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠪᠠ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠦᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠲᠤᠯᠠᠬᠤ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠢᠳᠡᠪᠬᠢᠲᠡᠶ ᠪᠠᠷ ᠪᠠᠯᠠ ᠮᠥᠩᠭᠦ ᠴᠤᠭᠯᠠᠭᠤᠯᠵᠤ᠂ ᠪᠠᠯᠠ ᠮᠥᠩᠭᠦ ᠶᠢ ᠨᠢᠭᠡᠳᠦᠭᠦᠯᠬᠦ ᠶᠢ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠬᠢᠭᠤᠯᠬᠤ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠳᠤ ᠴᠢᠭᠯᠡᠭᠦᠯᠦᠨ᠂ ᠬᠠᠷᠢᠯᠴᠠᠨ ᠬᠠᠮᠵᠢᠯᠴᠠᠵᠤ᠂ ᠢᠳᠡᠪᠬᠢᠲᠡᠢ ᠠᠵᠢᠯᠯᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠠᠮᠲᠦ ᠶᠢᠨ ᠬᠦᠴᠦᠨ ᠢ ᠪᠦᠷᠢᠯᠳᠦᠭᠦᠯᠵᠦ᠂ ᠪᠥᠬᠦ ᠬᠤᠰᠢᠭᠤᠨ ᠤ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃  
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号