ᠵᠡᠭᠦᠨ ᠦᠵᠦᠮᠦᠴᠢᠨ ᠬᠤᠰᠢᠭᠤ ᠤᠯᠢᠶᠠᠰᠤᠲᠠᠢ ᠪᠠᠯᠭᠠᠰᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2021/8/11
      7 ᠰᠠᠷ᠎ᠠ ᠶᠢᠨ 12 ᠤᠨ ᠡᠳᠦᠷ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠶ ᠪᠠᠯᠭᠠᠰᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠠᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂  ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ ᠰᠢᠶᠣᠤ ᠮᠢᠩ ᠬᠤᠷᠠᠯ ᠳᠤ ᠣᠷᠣᠯᠴᠠᠪᠠ᠃      ᠬᠤᠷᠠᠯ ᠠᠴᠠ ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠢᠭᠰᠡᠨ ᠤᠯᠢᠶᠠᠰᠤᠲᠠᠢ ᠪᠠᠯᠭᠠᠰᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢᠨ ᠠᠵᠢᠯ ᠤᠨ ᠰᠤᠳᠤᠯᠭᠠᠨ ᠤ ᠲᠥᠰᠦᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠠᠵᠢᠯ ᠤᠨ ᠣᠳᠣᠬᠢ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠥᠪᠡᠷ ᠤᠨ ᠰᠠᠨᠠᠯ ᠰᠠᠨᠠᠭᠤᠯᠭ᠎ᠠ ᠪᠠᠨ ᠳᠤᠷᠠᠳᠴᠠᠢ᠃      ᠵᠧᠤ ᠢᠦᠶ ᠯᠦᠩ ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢᠨ ᠶᠡᠷᠦᠩᠬᠡᠶ ᠰᠡᠳᠬᠢᠴᠡ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ᠂ ᠮᠡᠷᠭᠡᠵᠢᠯ ᠤᠨ ᠠᠷᠭ᠎ᠠ ᠬᠡᠮᠵᠢᠶ᠎ᠡ᠂ ᠬᠡᠷᠡᠭᠵᠢᠭᠦᠯᠬᠦ ᠲᠥᠯᠥᠪᠯᠡᠭᠡ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠴᠢᠭᠯᠡᠯᠲᠡ ᠶᠢᠨ ᠴᠢᠨᠠᠷᠲᠠᠶ ᠪᠠ ᠵᠦᠶ ᠵᠣᠬᠢᠰᠲᠠᠶ ᠰᠠᠨᠠᠭᠤᠯᠭ᠎ᠠ ᠳᠤᠷᠠᠳᠤᠭᠰᠠᠨ ᠤ ᠳᠠᠷᠠᠭ᠎ᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠶᠢ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠡᠷᠲᠡᠬᠡᠨ ᠠᠵᠢᠯ ᠡᠬᠢᠯᠡᠭᠦᠯᠵᠦ᠂ ᠲᠣᠭᠤᠷᠢᠭ ᠤᠨ ᠠᠮᠤᠷ ᠲᠦᠪᠰᠢᠨ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠳᠣᠯᠣᠳ ᠤᠨ ᠭᠤᠪᠢ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠰᠢᠨᠠᠭ᠎ᠠ ᠶᠢᠨ ᠰᠠᠪᠠ ᠭᠠᠵᠠᠷ ᠤᠨ ᠳᠣᠤᠷᠠᠳᠤ ᠤᠷᠤᠰᠬᠠᠯ ᠳᠤ ᠣᠷᠣᠰᠢᠵᠤ ᠪᠠᠶᠢᠳᠠᠭ᠃ ᠰᠢᠨᠠᠭ᠎ᠠ ᠭᠤᠣᠯ ᠨᠢ ᠦᠶᠡᠷ ᠤᠨ ᠬᠤᠭᠤᠴᠠᠭᠠᠨ ᠳᠤ ᠠᠭᠤᠯᠠ ᠶᠢᠨ ᠦᠶᠡᠷ ᠡᠭᠦᠰᠬᠦ ᠠᠶᠤᠯ ᠲᠠᠢ᠂ ᠤᠯᠢᠶᠠᠰᠤᠲᠠᠶ ᠪᠠᠯᠭᠠᠰᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ᠂ ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠤᠰᠤᠲᠤᠯ ᠢ ᠵᠠᠯᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠮᠢ ᠨᠠᠰᠤ ᠡᠳ᠋ ᠬᠤᠭᠰᠢᠯ ᠤᠨ ᠠᠮᠤᠷ ᠲᠦᠪᠰᠢᠨ ᠢ ᠪᠠᠲᠤᠯᠠᠵᠤ᠂ ᠦᠶᠡᠷ ᠤᠰᠤᠲᠤᠯ ᠤᠨ ᠭᠠᠮᠰᠢᠭ ᠤᠨ ᠬᠤᠬᠢᠷᠠᠯ ᠢ ᠪᠠᠭᠠᠰᠬᠠᠵᠤ ᠪᠣᠯᠤᠨ᠎ᠠ᠃      ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号