2021 ᠣᠨ ᠤ ᠡᠪᠡᠰᠦ ᠬᠠᠳᠤᠵᠤ ᠬᠠᠳᠠᠭᠠᠯᠠᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ  ᠴᠢᠩᠭᠠᠳᠬᠠᠬᠤ ᠲᠤᠬᠠᠶ ᠵᠡᠭᠦᠨ ᠣᠢᠵᠣᠮᠣᠴᠢᠨ ᠬᠤᠰᠢᠭᠤᠨ ᠤ ᠣᠢ ᠰᠢᠭᠤᠢ ᠪᠠ ᠨᠣᠳᠤᠭ ᠪᠡᠯᠴᠢᠭᠡᠷ ᠤᠨ ᠲᠣᠪᠴᠢᠶᠠᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/8/13
     ᠬᠠᠳᠤᠯᠠᠩ ᠢ ᠦᠷᠭᠦᠯᠵᠢᠯᠡᠨ ᠠᠰᠢᠭᠯᠠᠵᠤ᠂ ᠠᠰᠢᠭᠯᠠᠯᠲᠠ ᠶᠢᠨ ᠬᠡᠮᠵᠢᠶ᠎ᠡ ᠶᠢ ᠨᠢ ᠳᠡᠭᠡᠭᠰᠢᠯᠡᠬᠦᠯᠦᠨ᠂ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ ᠬᠠᠮᠠᠭᠠᠯᠠᠬᠤ᠂ ᠠᠰᠢᠭᠯᠠᠬᠤ ᠪᠠ ᠪᠦᠲᠦᠭᠡᠨ ᠪᠠᠶᠢᠭᠤᠯᠵᠣ᠂ ᠡᠪᠡᠰᠦ ᠬᠠᠳᠤᠵᠤ ᠬᠠᠳᠠᠭᠠᠯᠠᠬᠤ ᠠᠵᠢᠯᠯᠠᠭ᠎ᠠ ᠶᠢ ᠦᠨᠡᠨᠬᠦ ᠲᠦᠷᠢᠮᠵᠢᠬᠦᠯᠬᠦ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠰᠢᠯᠢ ᠶᠢᠨ ᠭᠤᠤᠯ ᠠᠶᠢᠮᠠᠭ ᠤᠨ ᠪᠠᠶᠢᠭᠠᠯᠢᠯᠢᠭ ᠬᠠᠳᠣᠯᠠᠩ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾  ᠪᠠ ︽ᠵᠡᠭᠦᠨ ᠦᠵᠦᠮᠦᠴᠢᠨ ᠬᠤᠰᠢᠭᠤᠨ ᠤ ᠡᠪᠡᠰᠦ ᠬᠠᠳᠤᠵᠤ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ︽ᠤᠷᠢᠳᠴᠢᠯᠠᠨ ᠵᠠᠷᠯᠠᠵᠦ᠂ ᠬᠠᠮᠲᠤ ᠪᠠᠷ ᠵᠠᠰᠠᠬᠤ︾ ᠵᠠᠷᠴᠢᠮ ᠢᠶᠠᠷ᠂ ᠣᠳᠣ ᠮᠠᠨ ᠤ ᠬᠤᠰᠢᠭᠤᠨ ᠤ ᠡᠪᠡᠰᠣ ᠬᠠᠳᠣᠵᠣ ᠬᠠᠳᠠᠭᠠᠯᠠᠬᠤ ᠲᠣᠬᠠᠢ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠳᠣ ᠵᠠᠷᠯᠠᠶ᠎ᠠ᠄      ᠨᠢᠭᠡ᠂ ᠡᠪᠡᠰᠣ ᠬᠠᠳᠤᠬᠤ ᠴᠠᠭ ᠢ ᠴᠢᠩᠭ᠎ᠠ ᠵᠢᠷᠤᠮᠯᠠᠬᠤ ᠬᠡᠷᠡᠭᠲᠡᠶ᠃ ᠣᠳᠣᠬᠠᠨ ᠤ ᠠᠭᠤᠷ ᠠᠮᠢᠰᠬᠤᠯ ᠤᠨ ᠨᠥᠬᠦᠴᠡᠯ᠂ ᠪᠡᠯᠴᠢᠭᠡᠷ ᠡᠪᠡᠰᠦᠨ ᠤ ᠤᠷᠭᠤᠴᠠ ᠵᠢᠴᠢ ᠭᠠᠯ ᠢ  ᠰᠡᠷᠭᠡᠶᠢᠯᠡᠬᠦ ᠪᠠᠶᠢᠳᠠᠯ ᠢ ᠦᠨᠳᠦᠰᠦᠯᠡᠨ᠂ ᠪᠠᠶᠢᠭᠠᠯᠢᠯᠢᠭ ᠬᠠᠳᠤᠯᠠᠩ ᠬᠠᠳᠤᠬᠤ ᠴᠠᠭ ᠢ 2021᠎ ᠤᠨ 8 ᠰᠠᠷ᠎ᠠ ᠶᠢᠨ 20᠎ ᠤ ᠡᠳᠦᠷ ᠠᠴᠠ 2021᠎ ᠤᠨ 10 ᠰᠠᠷ᠎ᠠ ᠶᠢᠨ 10᠎ ᠤ ᠡᠳᠦᠷ ᠪᠣᠯᠲᠠᠯ᠎ᠠ ᠲᠣᠭᠳᠠᠭᠠᠪᠠ᠃ ᠶᠠᠮᠠᠷᠪᠠ ᠨᠢᠭᠡᠴᠡ ᠪᠠ ᠬᠤᠪᠢ ᠬᠥᠮᠦᠨ ᠬᠠᠳᠤᠬᠤ ᠴᠠᠭ ᠢ ᠤᠷᠢᠳᠴᠢᠯᠠᠬᠤ ᠪᠤᠶᠤ ᠬᠤᠶᠢᠰᠢᠯᠠᠭᠤᠯᠵᠣ ᠪᠣᠯᠬᠤ ᠦᠭᠡᠢ᠃      ᠬᠤᠶᠠᠷ᠂ ᠡᠪᠡᠰᠣ ᠬᠠᠳᠤᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠪᠡᠰᠦ ᠬᠠᠳᠤᠬᠤ ᠳᠤ ᠡᠷᠬᠡᠪᠰᠢ ︽ᠵᠡᠭᠦᠨ ᠦᠵᠦᠮᠦᠴᠢᠨ ᠬᠤᠰᠢᠭᠤᠨ ᠤ ᠡᠪᠡᠰᠦ ᠬᠠᠳᠤᠬᠤ ᠬᠠᠮᠢᠶᠠᠷᠤᠯᠲᠠ ᠶᠢᠨ ᠠᠷᠭ᠎ᠠ︾᠎ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠡᠪᠡᠰᠦ ᠬᠠᠳᠤᠵᠤ ᠬᠠᠳᠠᠭᠠᠯᠠᠬᠤ ᠠᠵᠢᠯ ᠳᠤ ᠣᠷᠣᠯᠴᠠᠬᠤ ᠮᠠᠯᠵᠢᠬᠤ ᠡᠷᠦᠬᠡ᠂ ᠡᠯ᠎ᠡ ᠲᠥᠷᠥᠯ ᠤᠨ ᠡᠪᠡᠰᠦᠨ ᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢᠨ ᠣᠷᠢᠳᠴᠢᠯᠠᠨ ᠡᠪᠡᠰᠦ ᠬᠠᠳᠤᠬᠤ᠂ ᠡᠪᠡᠰᠣᠨ ᠤ ᠭᠤᠣᠷᠰᠣ ᠶᠢ ᠬᠡᠳᠣ ᠪᠣᠭᠤᠨᠢ ᠦᠯᠡᠳᠡᠭᠡᠬᠦ ᠶᠢ ᠴᠢᠩᠭ᠎ᠠ ᠴᠠᠭᠠᠵᠠᠯᠠᠵᠣ᠂ ᠬᠠᠳᠤᠯᠠᠩ ᠪᠡᠯᠴᠢᠭᠡᠷ ᠢ ᠵᠢᠯ ᠠᠯᠤᠰᠯᠠᠨ ᠬᠠᠳᠤᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠵᠢᠯ ᠠᠯᠣᠰᠯᠠᠨ ᠬᠠᠳᠣᠬᠤ ᠳᠠᠭᠠᠨ 300 ᠮᠧᠲᠷ ᠥᠷᠭᠡᠨ ᠬᠠᠳᠣᠬᠤ ᠪᠦᠷᠢ 20 ᠮᠧᠲᠷ ᠠᠴᠠ ᠳᠡᠭᠡᠭᠰᠢ ᠦᠷᠭᠡᠨ ᠢ ᠡᠪᠡᠰᠦᠨ ᠦᠷ᠎ᠡ ᠪᠠᠷ ᠦᠯᠡᠳᠡᠭᠡᠵᠣ ᠂  ᠭᠤᠣᠷᠰᠣᠨ ᠤ ᠥᠨᠳᠥᠷ ᠢ 6 ᠰᠠᠨᠲ᠋ᠢᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠢ᠃ ᠪᠠᠶᠢᠭᠠᠯᠢᠯᠢᠭ ᠬᠠᠳᠤᠯᠠᠩ ᠢ ᠬᠠᠮᠠᠭᠠᠯᠠᠬᠤ ᠪᠠ ᠠᠰᠢᠭᠯᠠᠭᠰᠠᠨ ᠨᠢ ᠵᠦᠶ ᠵᠣᠬᠢᠰ ᠦᠭᠡᠢ ᠦᠵᠡᠭᠳᠡᠯ ᠢ ᠡᠷᠡᠰ ᠬᠤᠷᠢᠭᠯᠠᠬᠤ ᠬᠡᠷᠡᠭᠲᠠᠢ᠃ 2020 ᠣᠨ ᠳᠤ ᠡᠪᠡᠰᠦ ᠬᠠᠳᠣᠭᠰᠠᠨ ᠬᠠᠳᠣᠯᠠᠩ ᠳᠤ ᠡᠨᠡ ᠵᠢᠯ ᠲᠠᠬᠢᠨ ᠡᠪᠡᠰᠦ ᠬᠠᠳᠣᠵᠣ ᠪᠣᠯᠬᠤ ᠥᠬᠡᠶ᠃ ᠬᠡᠷᠪᠡ ᠨᠢᠭᠡᠨᠲᠡ ᠬᠠᠳᠤᠯᠠᠩ ᠲᠦᠷᠢᠶᠡᠰᠣᠯᠠᠬᠦᠯᠬᠦ ᠭᠡᠷ᠎ᠡ ᠲᠣᠭᠳᠠᠭᠰᠠᠨ ᠮᠦᠷᠳᠡᠭᠡᠨ ᠵᠢᠯ ᠠᠯᠤᠰᠯᠠᠨ ᠬᠠᠳᠤᠵᠤ ᠲᠡᠶᠢᠯᠬᠦ ᠦᠭᠡᠶ ᠮᠠᠯᠵᠢᠬᠤ ᠡᠷᠦᠬᠡ ᠨᠢ  ᠦᠪᠡᠷᠳᠡᠭᠡᠨ ᠵᠣᠬᠢᠰᠲᠠᠢ ᠰᠢᠢᠳᠪᠦᠷᠢᠯᠡᠬᠦ ᠬᠡᠷᠡᠭᠲᠡᠶ᠃      ᠭᠤᠷᠪᠠ᠂ ᠣᠬᠠᠭᠤᠯᠬᠤ ᠪᠠ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠶᠡᠷᠣᠩᠭᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠨᠢ ᠡᠪᠡᠰᠦ ᠬᠠᠳᠤᠵᠤ ᠬᠠᠳᠠᠭᠠᠯᠠᠬᠤ ᠬᠠᠮᠢᠶ᠎ᠠ ᠪᠦᠬᠦᠢ ᠬᠠᠮᠢᠶᠠᠷᠣᠯᠲᠠ ᠶᠢᠨ ᠲᠣᠭᠲᠠᠭᠠᠯ ᠢ ᠤᠬᠠᠭᠤᠯᠬᠤ ᠪᠠ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠪᠡᠰᠦ ᠬᠠᠳᠤᠵᠤ ᠬᠠᠳᠠᠭᠠᠯᠠᠬᠤ ᠬᠠᠮᠢᠶᠠᠷᠣᠯᠲᠠ ᠶᠢᠨ ᠠᠵᠢᠯ ᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠵᠤ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠭᠠᠴᠠᠭᠠᠨ ᠎ ᠤ ︽ᠬᠤᠶᠠᠷ ᠵᠥᠪᠯᠡᠯ︾ ᠪᠠ ᠰᠤᠮᠤ ᠪᠠᠯᠭᠠᠰᠤᠨ ᠤ ᠺᠠᠳ᠋ᠷ ᠢ ᠵᠣᠬᠢᠶᠠᠨ ᠪᠠᠶᠢᠭᠤᠯᠵᠤ᠂ ᠡᠪᠡᠰᠦ ᠬᠠᠳᠤᠬᠤ ᠣᠷᠣᠨ ᠬᠡᠪᠴᠢᠶ᠎ᠡ ᠳᠤ ᠭᠦᠨᠵᠡᠭᠡᠶᠢᠷᠡᠨ ᠡᠳᠣᠷ ᠲᠣᠲᠣᠮ ᠤᠨ ᠲᠣᠭᠤᠷᠢᠨ ᠪᠠᠶᠢᠴᠠᠭᠠᠯᠲᠠ ᠬᠢᠬᠦ ᠬᠡᠷᠡᠭᠲᠡᠢ᠃ ᠡᠷᠲᠡ ᠬᠠᠳᠤᠬᠤ᠂ ᠭᠤᠤᠷᠰᠤ ᠦᠯᠡᠳᠡᠭᠡᠬᠦ ᠦᠭᠡᠢ᠂ ᠵᠢᠯ ᠠᠯᠣᠰᠯᠠᠵᠣ ᠬᠠᠳᠤᠬᠤ ᠦᠭᠡᠢ ᠪᠣᠯ᠂  ᠰᠣᠮᠣ ᠪᠠᠯᠭᠠᠰᠣᠨ ᠤ ᠶᠠᠷᠣᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠭᠦ ᠲᠣᠪᠴᠢᠶ᠎ᠠ ᠰᠢᠢᠳᠪᠦᠷᠢᠯᠡᠬᠦ ᠬᠡᠷᠡᠭᠲᠡᠶ᠃      ᠳᠦᠷᠪᠡ᠂ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠪᠡᠰᠦ ᠬᠠᠳᠣᠬᠤ ᠳᠠᠭᠠᠨ ᠡᠷᠬᠡᠪᠰᠢ ᠭᠠᠯ ᠰᠡᠷᠭᠡᠶᠢᠯᠡᠬᠦ ᠪᠠ ᠤᠨᠲᠠᠷᠠᠭᠠᠬᠤ ᠲᠣᠨᠤᠭ ᠲᠥᠬᠦᠭᠡᠷᠦᠮᠵᠢ ᠪᠠᠶᠢᠬᠤ ᠬᠡᠷᠡᠭᠲᠡᠶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠎ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠎ ᠤᠨ ᠣᠷᠳᠣᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠭᠠᠯ ᠰᠡᠷᠭᠡᠶᠢᠯᠡᠬᠦ ᠰᠠᠯᠠᠭ᠎ᠠ ᠮᠥᠴᠢᠷ ᠤᠳ ᠭᠠᠯ ᠰᠡᠷᠭᠡᠶᠢᠯᠡᠬᠦ ᠤᠬᠠᠭᠤᠯᠭ᠎ᠠ ᠪᠠᠶᠢᠴᠠᠭᠠᠯᠲᠠ ᠪᠠ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠠᠢ᠃ ᠨᠤᠲᠤᠭ ᠪᠡᠯᠴᠢᠭᠡᠷ ᠣᠢ ᠰᠢᠭᠤᠶ ᠶᠢᠨ ᠭᠠᠯ ᠰᠡᠷᠭᠡᠶᠢᠯᠡᠬᠦ ᠠᠵᠢᠯ ᠢ ᠵᠠᠰᠠᠭ ᠵᠠᠬᠢᠷᠭᠠᠨ ᠤ ᠤᠳᠤᠷᠢᠳᠤᠯᠭ᠎ᠠ ᠠᠴᠠ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠤᠳᠤᠷᠢᠳᠤᠯᠭ᠎ᠠ ᠠᠴᠠ ᠬᠡᠰᠡᠭ ᠬᠤᠪᠢᠶᠠᠨ ᠳᠠᠭᠠᠭᠠᠴᠢᠯᠠᠵᠤ᠂ ᠠᠵᠢᠯ ᠬᠤᠪᠢᠶᠠᠨ ᠬᠠᠷᠢᠭᠤᠴᠠᠬᠤ ᠠᠷᠭ᠎ᠠ ᠶᠢ ᠠᠪᠴᠤ᠂ ᠭᠠᠯ ᠰᠡᠷᠭᠡᠶᠢᠯᠡᠬᠦ ᠭᠡᠷ᠎ᠡ ᠪᠠ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠢ ᠱᠠᠲᠤ ᠱᠠᠲᠤ ᠪᠠᠷ ᠳᠣᠭᠳᠠᠵᠣ᠂ ᠣᠨᠴᠠᠭᠠᠶᠢᠯᠠᠨ ᠬᠡᠭᠡᠷ᠎ᠡ ᠭᠠᠳᠠᠨ᠎ᠠ ᠡᠪᠡᠰᠣ ᠬᠠᠳᠣᠵᠣ ᠪᠠᠶᠢᠭ᠎ᠠ ᠬᠦᠮᠦᠰ ᠲᠠᠢ ᠭᠠᠯ ᠰᠡᠷᠭᠡᠶᠢᠯᠡᠬᠦ ᠭᠡᠷ᠎ᠡ ᠳᠣᠭᠳᠠᠵᠣ᠂ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ᠂ ᠪᠦᠬᠦᠨ ᠢ ᠬᠠᠮᠣᠷᠠᠭᠤᠯᠬᠤ ᠬᠡᠷᠡᠭᠲᠠᠢ᠃ ᠦᠢᠯᠡᠳᠪᠦᠷᠢᠯᠡᠯ ᠠᠮᠢᠳᠤᠷᠠᠯ ᠳᠤ ᠭᠠᠯ ᠬᠡᠷᠡᠭᠯᠡᠬᠦ ᠬᠠᠷᠢᠭᠤᠴᠠᠯᠭᠠᠳᠠᠨ ᠢ ᠲᠣᠭᠲᠠᠭᠠᠵᠤ᠂ ᠡᠪᠡᠰᠦ ᠬᠠᠳᠤᠵᠤ ᠬᠠᠳᠠᠭᠠᠯᠠᠬᠤ ᠬᠤᠭᠤᠴᠠᠭᠠᠨ ᠳᠤ ᠭᠠᠯ ᠤᠨ ᠠᠶᠣᠯ ᠡᠬᠦᠰᠬᠦ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠲᠠᠪᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠪᠠᠶᠢᠩᠭᠤ ᠶᠢᠨ ᠪᠦᠳᠦᠮᠵᠢᠳᠣ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠬᠤᠰᠢᠭᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠭᠢ᠂ ᠣᠶ ᠰᠢᠭᠤᠶ ᠨᠣᠳᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠠᠤᠯᠢ ᠲᠣᠭᠲᠠᠭᠠᠯ ᠶᠣᠰᠣᠭᠠᠷ ᠡᠯ᠎ᠡ ᠰᠤᠮᠤ ᠪᠠᠯᠭᠠᠰᠤ ᠲᠠᠢ ᠭᠤᠤᠯ ᠪᠣᠯᠬᠤ ᠵᠠᠰᠠᠮᠠᠯ ᠵᠠᠮ ᠳᠠᠬᠢ ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠣ᠂ ᠡᠪᠠᠰᠣ ᠪᠣᠷᠳᠤᠭ᠎ᠠ ᠲᠠᠬᠡᠬᠡᠪᠣᠷᠢᠯᠠᠬᠦ ᠠᠮᠣᠷ ᠲᠦᠪᠰᠢᠠ ᠤ ᠬᠠᠮᠢᠶᠠᠷᠣᠯᠳᠠ ᠶᠢ ᠴᠢᠩᠭᠠᠣᠬᠠᠠᠠ᠂ ᠲᠣᠮᠣ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠶᠢᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠲᠠᠯᠬᠢᠭᠳᠠᠬᠤ ᠶᠢ ᠴᠢᠩᠭ᠎ᠠ ᠴᠠᠭᠠᠵᠠᠯᠠᠵᠣ᠂ ᠡᠪᠡᠰᠣ ᠳᠡᠭᠡᠭᠡᠬᠦ ᠦᠷᠬᠡᠠ᠂ ᠤᠷᠳᠣ᠂ ᠬᠡᠮᠵᠢᠶ᠎ᠠ ᠪᠠ ᠲᠠᠭᠠᠭᠠᠴᠠ ᠠᠴᠠ ᠬᠡᠳᠣᠷᠠᠬᠦ ᠢ ᠡᠷᠠᠰ ᠴᠠᠭᠠᠵᠠᠯᠠᠵᠣ᠂ ᠰᠥᠨᠢ ᠪᠠᠷ ᠵᠠᠮᠨᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠤᠰᠢᠭᠤ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠪᠡᠰᠦ ᠪᠣᠷᠳᠣᠭᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠩᠭ᠎ᠠ ᠬᠠᠮᠢᠶᠠᠷᠴᠣ᠂ ᠲᠡᠵᠢᠭᠡᠯ ᠡᠪᠡᠰᠦᠨ ᠤ ᠦᠢᠯᠡᠰ ᠤᠨ ᠵᠠᠬ᠎ᠠ ᠳᠡᠯᠭᠡᠭᠦᠷ ᠢ ᠰᠠᠮᠠᠭᠤᠷᠠᠭᠤᠯᠬᠤ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠳᠡᠢ᠃ ᠪᠠᠶᠢᠭᠠᠯᠢᠯᠢᠭ ᠬᠠᠳᠣᠯᠠᠩ ᠢ ᠬᠠᠳᠤᠬᠤ ᠴᠠᠭ ᠪᠠ ᠠᠵᠢᠯᠯᠠᠬᠤ ᠳᠦᠷᠢᠮ ᠢ ᠵᠦᠷᠢᠴᠡᠭᠰᠡᠳ ᠢ ︽ᠨᠤᠲᠤᠭ ᠪᠡᠯᠴᠢᠭᠡᠷ ᠤᠨ ᠬᠠᠤᠯᠢ︾᠎ ᠶᠢᠨ ᠵᠢᠷᠠᠨ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃      ᠵᠢᠷᠭᠤᠭ᠎ᠠ᠂ ᠬᠢᠯᠢ ᠬᠢᠵᠠᠭᠠᠷ ᠣᠷᠣᠨ ᠳᠤ ᠡᠪᠡᠰᠣ ᠬᠠᠳᠣᠬᠤ ᠠᠵᠢᠯ ᠢ ᠵᠢᠷᠤᠮᠵᠢᠭᠤᠯᠬᠤ ᠬᠡᠷᠡᠭᠲᠡᠶ᠃ ᠬᠢᠯᠢ ᠬᠢᠵᠠᠭᠠᠷ ᠣᠷᠣᠨ ᠳᠤ ᠡᠪᠡᠰᠦ ᠬᠠᠳᠤᠬᠤ ᠠᠵᠢᠯ ᠤᠨ ᠴᠠᠭ ᠨᠢ 2021 ᠣᠨ ᠤ 8 ᠰᠠᠷ᠎ᠠ ᠶᠢᠨ 20᠎ ᠤ ᠡᠳᠦᠷ ᠠᠴᠠ 2021 ᠣᠨ ᠤ 9 ᠰᠠᠷ᠎ᠠ ᠶᠢᠨ 25᠎ ᠤ ᠡᠳᠦᠷ ᠪᠣᠯᠲᠠᠯ᠎ᠠ᠃ ᠬᠢᠯᠢ ᠬᠢᠵᠠᠭᠠᠷ ᠣᠷᠣᠨ ᠳᠤ ᠡᠪᠡᠰᠣ ᠬᠠᠳᠣᠬᠤ ᠠᠵᠢᠯᠳᠠᠨ ᠪᠠ ᠲᠡᠷᠭᠡ ᠬᠥᠰᠬᠡ ᠡᠷᠬᠡᠪᠰᠢ ᠬᠠᠷᠢᠶ᠎ᠠ ᠣᠷᠣᠨ ᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠳᠠᠩᠰᠠᠯᠠᠭᠤᠯᠵᠣ᠂ ᠡᠪᠡᠰᠦ ᠬᠠᠳᠣᠬᠤ ᠬᠦᠮᠦᠨ ︵ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠡᠷᠡᠭᠦᠯ ᠮᠡᠨᠳᠦ ᠶᠢᠨ ᠺᠣᠳ᠋᠂ ᠬᠠᠷᠢᠯᠴᠠᠬᠤ ᠠᠷᠭ᠎ᠠ ᠮᠠᠶ᠋ᠢᠭ ᠪᠠᠭᠳᠠᠨ᠎ᠠ︶ ᠪᠠ ᠲᠡᠷᠭᠡ ᠬᠥᠰᠬᠡ ᠶᠢᠨ ᠬᠠᠮᠢᠶ᠎ᠠ ᠪᠥᠬᠦᠶ ᠮᠡᠳᠡᠭᠡ ᠵᠠᠩᠭᠢ᠂ ᠬᠠᠳᠣᠬᠤ ᠴᠠᠭ᠂  ᠬᠠᠳᠣᠬᠤ ᠬᠦᠷᠢᠶ᠎ᠡ ᠬᠡᠪᠴᠢᠶ᠎ᠡ ᠵᠡᠷᠭᠡ ᠠᠭᠤᠯᠭ᠎ᠠ ᠪᠠᠭᠲᠠᠨ᠎ᠠ᠃  ᠡᠪᠡᠰᠦ ᠬᠠᠳᠣᠬᠤ ᠬᠤᠭᠤᠴᠠᠭᠠᠨ ᠳᠤ᠂ ᠡᠪᠡᠰᠦ ᠬᠠᠳᠣᠬᠤ ᠠᠵᠢᠯᠳᠠᠨ ᠪᠠ ᠲᠡᠷᠭᠡ ᠬᠥᠰᠬᠡ ᠶᠢᠨ ᠬᠢᠯᠢ ᠶᠢᠨ ᠬᠠᠮᠠᠭᠠᠯᠠᠯᠲᠠ ᠶᠢᠨ ᠴᠠᠭᠳᠠᠨ ᠪᠠᠶᠢᠴᠠᠭᠠᠬᠤ ᠵᠠᠮ ᠳᠤ ᠣᠷᠣᠬᠤ ᠶᠢ ᠴᠢᠩᠭ᠎ᠠ ᠴᠠᠭᠠᠵᠠᠯᠠᠨ᠎ᠠ᠃      ᠳᠣᠯᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ︽ᠬᠡᠨ ᠠᠵᠢᠯᠴᠢᠨ ᠬᠡᠷᠡᠭᠯᠡᠪᠡᠯ ᠬᠡᠨ ᠬᠠᠮᠢᠶᠠᠷᠴᠤ᠂ ᠬᠡᠨ ᠬᠢᠨᠠᠨ ᠬᠠᠮᠢᠶᠠᠷᠪᠠᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠡᠯ᠎ᠡ ᠨᠢᠭᠡᠴᠡ ᠪᠣᠯᠤᠨ ᠬᠤᠪᠢ ᠬᠥᠮᠦᠨ ᠡᠪᠡᠰᠦ ᠬᠠᠳᠤᠬᠤ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂  ᠬᠦᠯᠦᠰᠦᠨ ᠠᠵᠢᠯᠴᠢᠨ ᠳᠤ ᠭᠡᠷᠡᠴᠢ ᠶᠢ ᠬᠢᠨᠠᠨ ᠪᠠᠶᠢᠴᠠᠭᠠᠬᠤ᠂ ᠪᠡᠶ᠎ᠡ ᠶᠢᠨ ᠳᠤᠯᠠᠭᠠᠨ ᠢ ᠨᠢ ᠬᠡᠮᠵᠢᠬᠦ᠂ ᠳᠠᠩᠰᠠᠯᠠᠨ ᠲᠡᠮᠳᠡᠭᠯᠡᠵᠦ ᠺᠣᠳ᠋ ᠰᠢᠷᠪᠢᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃      ᠨᠠᠢᠮᠨ᠂ ᠢᠯᠠᠴᠢᠯᠠᠠ ᠮᠠᠳᠠᠬᠦᠯᠬᠦ ᠤᠳᠠᠰᠣ      ᠬᠤᠰᠢᠭᠤ ᠣᠢ ᠰᠢᠭᠤᠢ ᠪᠠ ᠨᠣᠳᠤᠭ ᠪᠡᠯᠴᠢᠭᠡᠷ ᠤᠨ ᠲᠣᠪᠴᠢᠶ᠎ᠠ᠄ 6709694︔ 13947967658      ᠪᠠᠴᠢᠮ ᠪᠠᠶᠢᠳᠠᠯ ᠢ ᠠᠷᠭᠠᠴᠠᠭᠠᠵᠣ ᠠᠪᠣᠷᠠᠨ ᠲᠣᠰᠠᠯᠠᠬᠤ ᠦᠢᠯᠡᠴᠢᠯᠡᠭᠡᠨ ᠤ ᠲᠦᠪ᠄ 3221814︔ 13847912058      ᠤᠯᠢᠶᠠᠰᠣᠳᠠᠢ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3221093︔ 18747946663      ᠲᠠᠭᠤᠳᠣᠨᠠᠭᠤᠷ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3358176︔ 13947909429      ᠬᠠᠳᠠᠪᠴᠢ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3363055︔ 13947911935      ᠡᠵᠢᠨᠠᠭᠤᠷ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 2770942︔ 13684797277      ᠮᠠᠠᠳᠣᠬᠤᠪᠣᠯᠠᠭ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3361177︔ 13947940378      ᠬᠦᠷᠢᠶᠠᠳᠣᠨᠠᠭᠤᠷ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3366014︔ 13754196519      ᠰᠠᠮᠠᠢ ᠰᠣᠮᠣᠠ ᠤ ᠠᠷᠠᠣᠠ ᠤᠨ ᠵᠠᠰᠠᠭ ᠤᠨ ᠤᠷᠳᠣᠠ᠄  3366627︔ 13947970168      ᠠᠯᠳᠠᠠᠬᠢᠯᠢ ᠰᠣᠮᠣᠠ ᠤ ᠠᠷᠠᠣᠠ ᠤᠨ ᠵᠠᠰᠠᠭ ᠤᠨ ᠤᠷᠳᠣᠠ᠄  3435099︔ 15104790088      ᠬ᠋ᠠᠬᠢᠯ ᠰᠣᠮᠣᠠ ᠤ ᠠᠷᠠᠣᠠ ᠤᠨ ᠵᠠᠰᠠᠭ ᠤᠨ ᠤᠷᠳᠣᠠ᠄  15048957905︔ 13948796585      ᠣᠨᠴᠠᠭᠠᠶᠢᠯᠠᠨ ᠵᠠᠷᠯᠠᠪᠠ᠃                2021 ᠤᠠ ᠤ 7 ᠰᠠᠷ᠎ᠠ ᠶᠢᠨ 19᠎ ᠤ ᠡᠳᠣᠷ  
 
ᠢᠷᠡᠯᠲᠡ᠄ ᠬᠤᠰᠢᠭᠤ ᠣᠢ ᠰᠢᠭᠤᠢ ᠪᠠ ᠨᠣᠳᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号