4 ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2021/8/16
      ★ 4 ᠰᠠᠷ᠎ᠠ ᠶᠢᠨ 1 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠯᠢ ᠶᠦᠩ ᠱᠧᠩ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 149 ᠤᠳᠠᠭ᠎ᠠ ︵2021 ᠣᠨ ᠤ 15 ᠳ᠋ᠤᠭᠠᠷ ᠤᠳᠠᠭ᠎ᠠ︶ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠧᠤ ᠢᠦᠶ ᠯᠦᠩ ᠵᠢᠴᠢ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠂ ᠨᠢᠭᠡᠳᠦᠮᠡᠯ ᠹᠷᠣᠨᠲ ᠤᠨ ᠬᠡᠯᠲᠡᠰ ᠤᠨ 2021 ᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤ ᠨᠠᠮ ᠤᠨ ᠬᠤᠷᠢᠶᠠᠨ ᠤ ᠱᠦᠵᠢ ᠶᠢᠨ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠨᠢᠭᠡᠳᠦᠮᠡᠯ ᠹᠷᠣᠨᠲ ᠤᠨ ᠣᠯᠠᠨ ᠲᠦᠮᠡᠨ ᠤ ᠪᠦᠯᠬᠦᠮ ᠢ ᠤᠬᠠᠭᠤᠯᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠳᠡᠭᠡᠷᠡᠬᠢ ᠶᠠᠷᠢᠶ᠎ᠠ ᠶᠢ ᠬᠢᠨᠠᠨ ᠵᠥᠪᠯᠡᠪᠡ︔ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠨᠢᠭᠡᠳᠦᠮᠡᠯ ᠹᠷᠣᠨᠲ ᠤᠨ ᠤᠯᠠᠨ ᠲᠦᠮᠡᠨ ᠤ ᠪᠦᠯᠬᠦᠮ ᠢ ᠤᠬᠠᠭᠤᠯᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠳᠡᠭᠡᠷᠡᠬᠢ ᠶᠠᠷᠢᠶ᠎ᠠ︔ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠶᠢᠨ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠣᠬᠠᠭᠤᠯᠬᠤ ᠵᠣᠬᠢᠶᠠᠨ ᠪᠠᠶᠢᠭᠤᠯᠬᠤ ᠨᠢᠭᠡᠳᠦᠮᠡᠯ ᠹᠷᠣᠨᠲ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ︔ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠨᠢᠭᠡᠳᠦᠮᠡᠯ ᠹᠷᠣᠨᠲ ᠤᠨ ᠣᠯᠠᠨ ᠲᠦᠮᠡᠨ ᠤ ᠪᠦᠯᠬᠦᠮ ᠢ ᠤᠬᠠᠭᠤᠯᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠳᠡᠭᠡᠷᠡᠬᠢ ᠶᠠᠷᠢᠶ᠎ᠠ᠂ ᠬᠤᠷᠠᠯ ᠠᠴᠠ ᠪᠠᠰᠠ ᠬᠡᠰᠡᠭ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤ ᠲᠣᠬᠢᠷᠠᠭᠤᠯᠤᠯᠲᠠ ᠬᠢᠬᠦ ᠶᠠᠪᠤᠳᠠᠯ︔ ᠡᠯ᠎ᠡ ᠰᠤᠮᠤ ᠪᠠᠯᠭᠠᠰᠤᠨ ᠤ ᠨᠠᠮ ᠤᠨ ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠶ ᠬᠠᠮᠢᠶ᠎ᠠ ᠪᠥᠬᠦᠶ ᠵᠦᠢᠯᠡᠰ︔ ᠪᠥᠬᠦ ᠠᠶᠢᠮᠠᠭ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠬᠤᠪᠢ ᠬᠥᠮᠦᠨ ᠢ ᠲᠠᠨᠢᠯᠴᠠᠭᠤᠯᠬᠤ  ᠵᠦᠢᠯᠡᠰ ᠢ ᠰᠤᠳᠤᠯᠤᠨ ᠬᠢᠨᠠᠨ ᠵᠥᠪᠯᠡᠪᠡ᠃      ★ 4 ᠰᠠᠷ᠎ᠠ ᠶᠢᠨ 2 ᠤᠨ ᠡᠳᠦᠷ ᠮᠠᠨ ᠤ ᠬᠤᠰᠢᠭᠤ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠤᠬᠠᠭᠤᠯᠬᠤ ᠵᠣᠬᠢᠶᠠᠨ ᠪᠠᠶᠢᠭᠤᠯᠬᠤ ᠨᠢᠭᠡᠳᠦᠮᠡᠯ ᠹᠷᠣᠨᠲ ᠤᠨ ᠣᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠷ᠎ᠡ ᠱᠠᠲᠤᠨ ᠤ ᠤᠬᠠᠭᠤᠯᠬᠤ᠂ ᠵᠣᠬᠢᠶᠠᠨ ᠪᠠᠶᠢᠭᠤᠯᠬᠤ᠂ ᠨᠢᠭᠡᠳᠦᠮᠡᠯ ᠹᠷᠣᠨᠲ ᠵᠢᠴᠢ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠪᠠ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶ᠎ᠠ ᠶᠢᠨ ᠶᠢᠰᠦᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠨ ᠡᠷᠭᠢᠴᠡᠭᠦᠯᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠯᠢ ᠶᠦᠩ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ ᠬᠤᠷᠠᠯ ᠡᠷᠭᠢᠯᠡᠪᠡ᠃ ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠤᠳᠤᠷᠢᠳᠬᠤ ᠺᠠᠳ᠋ᠷ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠤᠬᠠᠭᠤᠯᠬᠤ ᠬᠡᠯᠲᠡᠰ᠂ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠬᠤ ᠪᠠᠭ ᠤᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤ ᠪᠠᠶᠢᠭ᠎ᠠ ᠰᠠᠯᠠᠭ᠎ᠠ ᠮᠥᠴᠢᠷ ᠤᠨ ᠪᠠᠶᠢᠩᠭᠤ ᠶᠢᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠬᠠᠷᠢᠶ᠎ᠠ ᠬᠤᠰᠢᠭᠤᠨ ᠳᠤ ᠰᠠᠭᠤᠭ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠮᠥᠨ ᠡᠳᠦᠷ ᠲᠤ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯ ᠤᠨ ᠳᠤᠭᠤᠶᠢᠯᠠᠩ ᠤᠨ 2021 ᠣᠨ ᠤ 2 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠣᠣ ᠬᠠᠶ ᠰᠢᠶᠠ ᠬᠤᠷᠠᠯ ᠳᠤ ᠣᠷᠣᠯᠴᠠᠵᠠᠶ᠃ ᠬᠤᠷᠠᠯ ᠠᠴᠠ ︽︿ᠪᠥᠬᠦ ᠤᠯᠤᠰ ᠤᠨ ᠴᠠᠯᠢᠩ ᠥᠷᠢᠲᠦᠬᠦ ᠲᠠᠪᠴᠠᠩ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ﹀ ᠶᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ︾ ︵ᠰᠢᠯᠢ ᠶᠢᠨ ᠭᠤᠤᠯ ᠥᠷᠢ ᠰᠢᠷᠢ ᠶᠢ ᠵᠠᠰᠠᠬᠤ ᠠᠯᠪᠠᠨ ︹ 2021 ︺ 22 ᠲᠣᠭᠠᠲᠤ︶ ᠢ ᠤᠯᠠᠮᠵᠢᠯᠠᠵᠤ᠂ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠲᠣᠳᠣᠷᠬᠠᠶ ᠵᠠᠷᠯᠠᠪᠠ᠃      ᠮᠥᠨ ᠡᠳᠦᠷ ᠲᠤ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠪᠦᠭᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ ᠴᠠᠭᠳᠠᠭ᠎ᠠ ᠪᠣᠯᠤᠨ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠪᠣᠯᠤᠨ ᠰᠠᠭᠤᠭ᠎ᠠ ᠭᠠᠵᠠᠷ ᠤᠨ ᠴᠡᠷᠢᠭ ᠠᠩᠬᠢ ᠳᠤ ᠭᠦᠨᠵᠡᠭᠡᠶᠢᠷᠡᠨ ᠰᠤᠷᠤᠯᠴᠠᠯᠭ᠎ᠠ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃    ★ 4 ᠰᠠᠷ᠎ᠠ ᠶᠢᠨ 3 ᠤ ᠡᠳᠦᠷ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ  ᠢ ᠦᠷᠨᠢᠭᠦᠯᠪᠠ  ᠃      ★ 4 ᠰᠠᠷ᠎ᠠ ᠶᠢᠨ 4 ᠤ ᠡᠳᠦᠷ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠤᠯᠭ᠎ᠠ ᠪᠦᠯᠬᠦᠮ ᠳᠠᠭᠠᠭᠤᠯᠤᠨ᠂ 50 ᠨᠡᠷᠡᠰ ᠨᠠᠮ ᠤᠨ ᠭᠡᠰᠢᠭᠦᠨ ᠠᠷᠠᠳ ᠤᠨ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠳᠤ ᠣᠴᠢᠭᠤᠯᠤᠨ ︽ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠬᠤᠪᠢᠰᠬᠠᠯᠲᠤ ᠤᠳᠤᠮᠰᠢᠯ ᠢᠶᠠᠨ ᠤᠯᠠᠮᠵᠢᠯᠠᠨ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠪᠠᠷ ᠴᠢᠷᠮᠠᠶᠢᠬᠤ︾ ᠠᠵᠢᠯᠯᠠᠭ᠎ᠠ ᠥᠷᠨᠢᠭᠦᠯᠪᠡ᠃    ★ 4 ᠰᠠᠷ᠎ᠠ ᠶᠢᠨ 7 ᠤ ᠡᠳᠦᠷ ᠮᠠᠨ ᠤ ᠬᠤᠰᠢᠭᠤ 2021 ᠣᠨ ᠤ ᠬᠤᠶᠠᠳᠤᠭᠠᠷ ᠤᠳᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠵᠧᠤ ᠢᠦᠶ ᠯᠦᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠬᠠᠶ ᠪᠦᠦ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠠᠩ ᠯᠢᠶᠠᠨ ᠫᠧᠩ ᠬᠤᠷᠠᠯ ᠡᠷᠭᠢᠯᠡᠪᠡ᠃    ᠮᠥᠨ ᠡᠳᠦᠷ ᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠶᠢᠨ ᠶᠠᠪᠤᠳᠠᠯ ᠤᠨ ᠶᠡᠭᠡ ᠲᠢᠩᠬᠢᠮ ᠨᠢ ᠣᠨᠴᠠ ᠴᠠᠭᠳᠠᠭ᠎ᠠ ᠶᠢᠨ ᠶᠡᠭᠡ ᠠᠩᠭᠢ᠂ ᠲᠣᠮᠢᠯᠠᠭᠰᠠᠨ ᠰᠠᠯᠪᠤᠷᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠪᠡ᠃    ★ 4 ᠰᠠᠷ᠎ᠠ ᠶᠢᠨ 8 ᠤ ᠡᠳᠦᠷ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠭᠦᠨᠵᠡᠭᠡᠶᠢᠷᠡᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ᠃  ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ  ᠢᠳᠡᠷᠬᠡᠭ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠣᠣ ᠬᠠᠶ ᠰᠢᠶᠠ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ ᠰᠤᠷᠭᠠᠭᠤᠯᠢ᠂ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠭᠤᠣᠯ ᠠᠷᠭ᠎ᠠ ᠬᠡᠮᠵᠢᠶ᠎ᠡ ᠵᠢᠴᠢ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠤ ᠠᠵᠢᠯ ᠤᠨ ᠳᠤᠮᠳᠠ ᠰᠢᠢᠳᠪᠦᠷᠢᠯᠡᠬᠦ ᠴᠢᠬᠤᠯᠠᠲᠠᠢ ᠭᠤᠣᠯ ᠠᠰᠠᠭᠤᠳᠠᠯ ᠢ ᠨᠠᠷᠢᠨ ᠯᠠᠪᠯᠠᠨ ᠠᠰᠠᠭᠤᠪᠠ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠯ᠎ᠡ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠬᠠᠷᠢᠭᠤᠴᠠᠯᠭᠠᠲᠠᠨ᠂ ᠬᠡᠰᠡᠭ ᠪᠠᠭᠰᠢ ᠶᠢᠨ ᠲᠥᠯᠥᠭᠡᠯᠡᠭᠴᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠶᠠᠷᠢᠯᠴᠠᠪᠠ᠃ ᠬᠤᠰᠢᠭᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠢᠶᠠᠰᠤᠲᠠᠢ ᠪᠠᠯᠭᠠᠰᠤ᠂ ᠰᠤᠷᠭᠠᠨ ᠬᠥᠮᠦᠵᠢᠯ ᠤᠨ  ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃    ᠮᠥᠨ ᠡᠳᠦᠷ ᠲᠤ ᠬᠤᠰᠢᠭᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 2021 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠥᠷᠨᠢᠭᠦᠯᠵᠦ᠂ ᠬᠤᠰᠢᠭᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠢᠴᠢ 24 ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ 40 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃    ★ 4 ᠰᠠᠷ᠎ᠠ ᠶᠢᠨ 10 ᠤ ᠡᠳᠦᠷ ᠬᠤᠰᠢᠭᠤ ᠤᠯᠢᠶᠠᠰᠤᠲᠠᠶ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠡᠯ᠎ᠡ ᠨᠡᠶᠢᠭᠡᠮ ᠲᠣᠭᠤᠷᠢᠭ ᠤᠨ ᠳᠠᠭᠠᠭᠠᠴᠢᠯᠠᠨ ᠡᠷᠭᠢᠯᠡᠭᠰᠡᠨ᠂ ᠬᠤᠰᠢᠭᠤ ᠶᠢᠩ ᠢᠦᠶ ᠥᠲᠥᠨ ᠪᠥᠮᠪᠦᠭᠡ ᠶᠢᠨ ᠨᠡᠶᠢᠭᠡᠮᠯᠢᠭ᠂ ᠦᠵᠦᠮᠦᠴᠢᠨ ᠰᠣᠶᠣᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠵᠢᠯᠴᠠᠨ ᠡᠷᠭᠢᠯᠡᠭᠰᠡᠨ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠶ ᠪᠠᠯᠭᠠᠰᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ — — ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢᠨ ᠤᠯᠢᠶᠠᠰᠤᠲᠠᠶ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠨᠠᠮ ᠤᠨ ᠪᠠᠶᠢᠭᠤᠯᠤᠯᠲᠠ ᠶᠢᠨ ︽ ᠷᠦᠩ ᠾᠧ ᠬᠤᠨᠳᠠᠭᠠᠲᠤ︾ ᠥᠲᠥᠨ ᠪᠥᠮᠪᠦᠭᠡ ᠶᠢᠨ ᠤᠷᠤᠯᠳᠤᠭᠠᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠶᠠᠪᠤᠭᠳᠠᠪᠠ᠃    ★ 4 ᠰᠠᠷ᠎ᠠ ᠶᠢᠨ 12 ᠤᠨ ᠡᠳᠦᠷ ᠬᠤᠰᠢᠭᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠵᠠᠰᠠᠭ ᠤᠨ ᠣᠷᠳᠣᠨ ᠠᠴᠠ ᠭᠤᠷᠪᠠᠳᠠᠬᠢ ᠡᠲᠡᠭᠡᠳ ᠤᠨ ᠠᠶᠤᠯᠭᠦᠶ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠬᠡᠯᠪᠡᠷᠢ ᠪᠠᠷ ᠳᠠᠮᠵᠢᠨ  ᠂ ᠥᠪᠥᠷ ᠮᠣᠩᠭᠤᠯ ᠤᠨ ᠠᠨ ᠪᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠠᠭᠤᠷᠬᠠᠶ ᠮᠠᠯᠲᠠᠬᠤ᠂ ᠮᠠᠰᠢᠨ ᠮᠧᠬᠠᠨᠢᠭ᠂ ᠮᠠᠰᠢᠨ ᠴᠠᠬᠢᠯᠭᠠᠨ᠂ ᠠᠮᠤᠷ ᠲᠦᠪᠰᠢᠨ ᠤ ᠢᠨᠵᠧᠨᠧᠷᠢᠩ ᠵᠡᠷᠭᠡ 4 ᠲᠤᠰᠬᠠᠶ ᠮᠡᠷᠭᠡᠵᠢᠯ ᠤᠨ ᠠᠵᠢᠯᠲᠠᠨ ᠢ ᠲᠣᠮᠢᠯᠠᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠠᠵᠢᠯ ᠲᠥᠷᠥᠯ ᠤᠨ ᠪᠠᠷᠢᠮᠵᠢᠶ᠎ᠠ ᠶᠢᠨ ᠵᠢᠷᠤᠮᠵᠢᠯ ᠵᠢᠴᠢ ︽ᠵᠡᠭᠦᠨ ᠦᠵᠦᠮᠦᠴᠢᠨ ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠶ᠋ᠯᠡᠳᠪᠦᠷᠢᠯᠡᠯ ᠤᠨ ᠶᠡᠭᠡ ᠪᠠᠷ ᠪᠠᠶᠢᠴᠠᠭᠠᠬᠤ ᠠᠵᠢᠯ ᠤᠨ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠶᠠᠲᠤ ᠣᠷᠣᠨ ᠤ ᠸᠣᠯᠹᠷᠠᠮ ᠤᠨ ᠠᠭᠤᠷᠬᠠᠶ᠂  ᠱᠠᠨᠳᠦ᠋ᠩ ᠤᠨ ᠬᠤᠸᠠᠩ ᠶᠢᠨ ᠪᠠᠶᠠᠨᠬᠦ᠋ᠭᠡᠪᠦᠷ ᠠᠭᠤᠷᠬᠠᠶ ᠶᠢᠨ ᠦᠢᠯᠡᠰ᠂ ᠰᠢᠯᠢ ᠶᠢᠨ ᠠᠭᠤᠷᠬᠠᠶ ᠶᠢᠨ ᠦᠢᠯᠡᠰ᠂  ᠱᠠᠨᠳᠦ᠋ᠩ ᠤᠨ ᠬᠤᠸᠠᠩ ᠶᠢᠨ ᠠᠷᠣᠬᠠᠳᠠ ᠠᠭᠤᠷᠬᠠᠶ ᠶᠢᠨ ᠦᠢᠯᠡᠰ᠂ ᠷᠦᠩ ᠭᠤᠸᠠᠨ ᠠᠭᠤᠷᠬᠠᠶ ᠶᠢᠨ ᠦᠢᠯᠡᠰ ᠵᠡᠷᠭᠡ 5 ᠭᠤᠤᠯᠳᠠᠯᠭ᠎ᠠ ᠲᠠᠢ ᠨᠡᠭᠦᠷᠡᠰᠦᠨ ᠤ ᠪᠤᠰᠤ ᠠᠭᠤᠷᠬᠠᠶ ᠶᠢᠨ ᠠᠵᠤ ᠠᠬᠤᠶᠢᠯᠠᠯ ᠳᠤ ᠠᠮᠤᠷ ᠲᠦᠪᠰᠢᠨ ᠤ ᠬᠡᠮ ᠰᠣᠭᠤᠭ ᠤᠨ ︽ᠲᠤᠰᠬᠠᠶ ᠮᠡᠷᠭᠡᠵᠢᠯᠲᠡᠨ ᠬᠠᠮᠲᠤᠷᠠᠨ ᠣᠨᠣᠰᠢᠯᠠᠬᠤ︾ ᠠᠵᠢᠯ ᠬᠢᠵᠡᠶ᠃    ★ 4 ᠰᠠᠷ᠎ᠠ ᠶᠢᠨ 13 ᠤ ᠡᠳᠦᠷ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠰᠢᠭᠤᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠠᠶᠢᠮᠠᠭ ᠤᠨ ᠲᠡᠤᠬᠡ ᠣᠶᠢᠯᠠᠯᠭ᠎ᠠ ᠶᠢᠨ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠵᠢᠶᠠᠨ ᠸᠧᠨ ︽ᠭᠠᠰᠢᠭᠤᠨ ᠵᠣᠪᠠᠯᠠᠩᠲᠤ ᠬᠡᠷᠡᠯ ᠰᠠᠴᠤᠷᠠᠩᠭᠤᠶ ᠡᠷᠡᠨ ᠵᠠᠭᠤᠨ ᠤ ᠮᠠᠭᠲᠠᠭᠠᠯ ᠳᠠᠭᠤᠤ     ᠠᠷᠠᠳ ᠲᠦᠮᠡᠨ ᠤ ᠲᠥᠯᠥᠭᠡ ᠦᠨᠡᠨᠴᠢ ᠰᠢᠳᠤᠷᠭᠤ ᠪᠠᠶᠢᠬᠤ ᠤᠯᠤᠰ ᠬᠡᠷ ᠤᠨ ᠬᠠᠶᠢᠷ᠎ᠠ ᠰᠡᠳᠬᠢᠯᠭᠡ — ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠵᠢᠴᠢ ᠰᠡᠩᠬᠡᠷᠡᠭᠦᠯᠦᠯ︾ ᠭᠡᠬᠦ ᠰᠡᠳᠦᠪ ᠢᠶᠠᠷ ᠢᠯᠡᠳᠬᠡᠯ ᠬᠢᠵᠦ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠣᠶᠠᠭ᠎ᠠ ᠤᠬᠠᠭᠤᠯᠤᠨ ᠲᠠᠶᠢᠯᠪᠤᠷᠢᠯᠠᠬᠤ ᠬᠤᠷᠠᠯ ᠢ ᠡᠷᠭᠢᠯᠡᠨ᠂ ᠪᠥᠬᠦ ᠬᠤᠰᠢᠭᠤᠨ ᠤ ᠰᠠᠯᠠᠭᠠᠨ ᠲᠠᠰ ᠠᠴᠠ ᠳᠡᠭᠡᠭᠰᠢᠬᠢ ᠺᠠᠳ᠋ᠷ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠵᠠᠶ᠃    ★ 4 ᠰᠠᠷ᠎ᠠ ᠶᠢᠨ 15 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠯᠢ ᠶᠦᠩ ᠱᠧᠩ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 11 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ 2 ᠳ᠋ᠤᠭᠠᠷ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃    ᠲᠤᠰ ᠡᠳᠦᠷ ᠤᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠶᠠᠪᠤᠭᠳᠠᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠯᠢ ᠶᠦᠩ ᠱᠧᠩ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠵᠧᠤ ᠢᠦᠶ ᠯᠦᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠴᠧᠨ ᠽᠠᠢ ᠯᠢᠨ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠠᠩ ᠯᠢᠶᠠᠨ ᠫᠧᠩ᠂ ᠬᠤᠰᠢᠭᠤ ᠤᠯᠤᠰ ᠤᠨ ᠠᠮᠤᠷ ᠲᠦᠪᠰᠢᠨ ᠤ ᠲᠣᠪᠴᠢᠶ᠎ᠠ ᠶᠢᠨ ᠳᠠᠷᠤᠭ᠎ᠠ ᠵᠠᠩ ᠱᠤ᠋ ᠰᠧᠨ ᠰᠤᠨ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠪᠦᠬᠡ ᠬᠤᠷᠠᠯ ᠡᠷᠭᠢᠯᠡᠪᠡ᠃      ᠮᠥᠨ ᠡᠳᠦᠷ ᠲᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠱᠤᠸᠠᠩ ᠪᠦᠦ ᠤᠯᠤᠰ ᠤᠨ ᠤᠢ ᠰᠢᠭᠤᠶ ᠨᠣᠲᠤᠭ ᠪᠡᠯᠴᠢᠭᠡᠷ ᠤᠨ ᠲᠣᠪᠴᠢᠶᠠᠨ ᠤ ᠲᠥᠯᠥᠪᠵᠢᠭᠦᠯᠭᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠢᠷᠣᠩᠭᠡ ᠶᠢ ᠦᠨᠡᠯᠡᠨ ᠵᠢᠱᠢᠬᠦ ᠭᠠᠵᠠᠷ ᠤᠨ ᠬᠠᠷᠢᠭᠤᠴᠠᠯᠭᠠᠲᠠᠨ ᠲᠠᠢ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠨᠣᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠪᠡᠶ᠎ᠡ ᠲᠠᠮᠢᠷ ᠤᠨ ᠲᠣᠪᠴᠢᠶ᠎ᠠ᠂ ᠪᠣᠭᠳᠠᠠᠭᠤᠯᠠ ᠣᠶ ᠰᠢᠭᠤᠶ ᠶᠢᠨ ᠲᠠᠯᠠᠪᠠᠶ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃    ★ 4 ᠰᠠᠷ᠎ᠠ ᠶᠢᠨ 16 ᠤ ᠡᠳᠦᠷ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠤᠳᠤᠷᠢᠳᠬᠤ ᠳᠤᠭᠤᠶᠢᠯᠠᠩ ᠵᠢᠴᠢ ᠱᠠᠰᠢᠨ ᠰᠤᠷᠲᠠᠬᠤᠨ ᠤ ᠠᠵᠢᠯ ᠤᠨ ᠵᠣᠬᠢᠴᠠᠭᠤᠯᠬᠤ ᠳᠤᠭᠤᠶᠢᠯᠠᠩ 2021 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃      ᠮᠥᠨ ᠡᠳᠦᠷ ᠲᠤ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠰᠢᠯᠢ ᠶᠢᠨ ᠭᠤᠤᠯ ᠠᠶᠢᠮᠠᠭ ᠤᠨ ᠱᠠᠨᠳᠦ᠋ᠩ ᠤᠨ ᠬᠤᠸᠠᠩ ᠶᠢᠨ ᠪᠠᠶᠠᠨᠬᠦ᠋ᠭᠡᠪᠦᠷ ᠠᠭᠤᠷᠬᠠᠶ ᠶᠢᠨ  ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠪᠡ᠃    ★ 4 ᠰᠠᠷ᠎ᠠ ᠶᠢᠨ 17 ᠤ ᠡᠳᠦᠷ ᠮᠠᠨ ᠤ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠬᠢᠪᠡ  ᠃    ★ 4 ᠰᠠᠷ᠎ᠠ ᠶᠢᠨ 19 ᠤ ᠡᠳᠦᠷ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠡᠷᠭᠢᠯᠡᠵᠦ᠂ ᠬᠤᠰᠢᠭᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠭᠢᠯᠡᠵᠦ ᠪᠠᠶᠢᠭ᠎ᠠ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠭᠦᠶ᠎ᠡ︾ ᠭᠡᠬᠦ ᠪᠥᠬᠦ ᠬᠤᠰᠢᠭᠤᠨ ᠤ ᠤᠷᠠᠨ ᠪᠢᠴᠢᠯᠭᠡ ᠶᠢᠨ ᠪᠣᠯᠪᠠᠰᠤᠷᠠᠯ ᠤᠨ ᠠᠩᠭᠢ ᠡᠬᠢᠯᠡᠵᠦ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠠᠴᠠ ᠢᠷᠡᠭᠰᠡᠨ 60 ᠭᠠᠷᠤᠶ ᠤᠷᠠᠨ ᠪᠢᠴᠢᠯᠭᠡ ᠳᠤ ᠪᠠᠭ᠋ᠠᠲᠠᠶ ᠬᠥᠮᠦᠰ ᠪᠣᠯᠪᠠᠰᠤᠷᠠᠯ ᠳᠤ ᠣᠷᠣᠯᠴᠠᠵᠠᠶ᠃      4 ᠰᠠᠷ᠎ᠠ ᠶᠢᠨ 20 ᠤ ᠡᠳᠦᠷ ᠵᠡᠭᠦᠨ ᠦᠵᠦᠮᠦᠴᠢᠨ ᠬᠤᠰᠢᠭᠤᠨ ᠤ ᠳᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠣᠷᠳᠣᠨ ᠳᠤ ᠫᠠᠶᠢᠰᠠ ᠡᠯᠭᠦᠬᠦ ᠶᠣᠰᠣᠯᠠᠯ ᠶᠠᠪᠤᠭᠤᠯᠪᠠ    ᠮᠥᠨ ᠡᠳᠦᠷ ᠲᠤ ᠬᠤᠰᠢᠭᠤ ᠨᠠᠮ ᠤᠨ ᠬᠤᠷᠢᠶᠠᠨ ᠤ ᠱᠦᠵᠢ ᠯᠢ ᠶᠦᠩ ᠱᠧᠩ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 150 ᠳ᠋ᠤᠭᠠᠷ ᠤᠳᠠᠭ᠎ᠠ ᠶᠢᠨ ︵2021 ᠣᠨ ᠤ 16 ᠳ᠋ᠤᠭᠠᠷ ᠤᠳᠠᠭ᠎ᠠ︶ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠱᠢ ᠲᠠᠢ ᠹᠧᠩ ᠨᠥᠬᠦᠷ ᠤᠨ ᠤᠷᠳᠤᠰ ᠬᠤᠳᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ︽︿ᠨᠢᠭᠡᠳᠦᠭᠡᠷ ᠬᠠᠷᠢᠭᠤᠴᠠᠯᠭᠠᠳᠠᠨ﹀ ᠪᠣᠯᠤᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠰᠤᠷᠤᠯᠴᠠᠵᠤ᠂ ᠪᠤᠰᠤᠳ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠵᠧᠤ ᠢᠦᠶ ᠯᠦᠩ ᠵᠢᠴᠢ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ ᠬᠤᠷᠠᠯ ᠳᠤ ᠣᠷᠣᠯᠴᠠᠪᠠ᠃      ★ 4 ᠰᠠᠷ᠎ᠠ ᠶᠢᠨ 21 ᠤ ᠡᠳᠦᠷ ᠮᠠᠨ ᠤ ᠬᠤᠰᠢᠭᠤ 2021 ᠣᠨ ᠤ ᠠᠩᠬᠠᠳᠤᠭᠠᠷ ᠤᠳᠠᠭᠠᠨ ᠤ ᠨᠠᠮ ᠵᠠᠰᠠᠭ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠶᠦᠩ ᠱᠧᠩ ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠧᠤ ᠢᠦᠶ ᠯᠦᠩ ᠵᠡᠷᠭᠡ ᠬᠤᠰᠢᠭᠤ ᠨᠠᠮ ᠵᠠᠰᠠᠭ ᠤᠨ ᠣᠳᠣᠷᠢᠳᠬᠤ ᠪᠠᠭ ᠤᠨ ᠪᠦᠷᠢᠯᠳᠦᠬᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ ᠬᠤᠷᠠᠯ ᠡᠷᠭᠢᠯᠡᠪᠡ᠃ ᠬᠤᠷᠠᠯ ᠠᠴᠠ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠤᠨ ᠪᠠᠶᠢᠷᠢᠯᠠᠭᠤᠯᠵᠠᠢ᠃    ᠮᠥᠨ ᠡᠳᠦᠷ ᠲᠤ ᠬᠤᠰᠢᠭᠤ ᠨᠠᠮ ᠤᠨ ᠬᠤᠷᠢᠶᠠᠨ ᠤ ᠱᠦᠵᠢ ᠯᠢ ᠶᠦᠩ ᠱᠧᠩ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ︽ᠤᠷᠤᠢ ᠶᠢᠨ ᠰᠤᠷᠤᠯᠴᠠᠯᠭ᠎ᠠ ᠶᠢᠨ ᠰᠤᠷᠭᠠᠭᠤᠯᠢ︾ ᠶᠢᠨ ᠨᠢᠭᠡᠳᠦᠭᠡᠷ ᠬᠤᠭᠤᠴᠠᠭᠠᠨ ᠤ ᠲᠥᠪᠯᠡᠷᠡᠭᠦᠯᠦᠨ ᠰᠤᠷᠤᠯᠴᠠᠬᠤ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠤᠳᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠵᠧᠤ ᠢᠦᠶ ᠯᠦᠩ ᠵᠡᠷᠭᠡ ᠬᠤᠰᠢᠭᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃      ᠮᠥᠨ ᠡᠳᠦᠷ ᠲᠤ ᠮᠠᠨ ᠤ ᠬᠤᠰᠢᠭᠤ ᠪᠦᠭᠦ ᠬᠤᠰᠢᠭᠤᠨ ᠤ ᠤᠯᠤᠰ ᠲᠦᠷᠤ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃      4 ᠰᠠᠷ᠎ᠠ ᠶᠢᠨ 22 ᠤᠨ ᠡᠳᠦᠷ ᠵᠡᠭᠦᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠤᠯᠳᠠᠯᠭ᠎ᠠ ᠲᠠᠢ ᠵᠦᠢᠯᠡᠰ ᠤᠨ ᠪᠥᠲᠥᠭᠡᠨ ᠪᠠᠶᠢᠭᠤᠯᠤᠯᠲᠠ ᠶᠢ ᠳᠠᠶᠢᠴᠢᠯᠠᠬᠤ ᠶᠡᠭᠡ ᠬᠤᠷᠠᠯ ᠤᠯᠤᠰ ᠤᠨ ᠳᠡᠰ ᠤᠨ 331 ᠨᠣᠮᠧᠷᠲᠦ ᠱᠤᠭᠤᠮ ᠤᠨ ᠤᠯᠢᠶᠠᠰᠤᠲᠠᠶ ᠠᠴᠠ ᠡᠵᠢ ᠨᠠᠭᠤᠷ ᠬᠥᠷᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ  ᠵᠦᠢᠯᠡᠰ ᠤᠨ ᠲᠤᠬᠠᠶ ᠶᠢᠨ ᠲᠠᠯᠠᠪᠤᠷ ᠲᠤ ᠶᠠᠪᠤᠭᠳᠠᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠯᠢ ᠶᠦᠩ ᠱᠧᠩ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ ᠵᠢᠴᠢ ᠬᠤᠰᠢᠭᠤ ᠳᠥᠷᠪᠡᠨ ᠶᠡᠭᠡ ᠣᠳᠣᠷᠢᠳᠬᠤ ᠪᠠᠭ ᠤᠨ ᠭᠠᠵᠠᠷ ᠤᠨ ᠲᠠᠰ ᠤᠨ ᠤᠳᠤᠷᠢᠳᠤᠯᠭ᠎ᠠ ᠶᠡᠭᠡ ᠬᠤᠷᠠᠯ ᠳᠤ ᠣᠷᠣᠯᠴᠠᠵᠤ᠂ ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠬᠠᠮᠢᠶ᠎ᠠ ᠪᠥᠬᠦᠶ ᠨᠢᠭᠡᠴᠡ ᠪᠠ ᠪᠠᠷᠢᠯᠭ᠎ᠠ ᠶᠢᠨ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 300 ᠭᠠᠷᠤᠶ ᠬᠥᠮᠦᠨ ᠶᠡᠭᠡ ᠬᠤᠷᠠᠯ ᠳᠤ ᠣᠷᠣᠯᠴᠠᠵᠠᠶ᠃      ★ 4 ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠣᠯᠣᠳᠤᠭᠠᠷ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠹᠦ᠋ ᠵᠢᠶᠦ᠋ᠨ ᠹᠧᠩ ᠨᠠᠷ ᠮᠠᠨ ᠤ ᠬᠤᠰᠢᠭᠤᠨ ᠳᠤ ᠭᠦᠨᠵᠡᠭᠡᠶᠢᠷᠡᠵᠦ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ᠠᠵᠢᠯ ᠢ ᠵᠢᠯᠣᠭᠤᠳᠤᠨ ᠰᠢᠯᠭᠠᠨ ᠠᠪᠬᠤ ᠶᠢᠨ ᠬᠠᠮᠲᠤ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠯᠢ ᠶᠦᠩ ᠱᠧᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠬᠠᠶ ᠪᠦᠦ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠠᠩ ᠯᠢᠶᠠᠨ ᠹᠧᠩ ᠵᠡᠷᠭᠡ ᠬᠥᠮᠦᠰ ᠪᠠᠷ᠎ᠠ ᠪᠣᠯᠵᠣ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠶ᠃      ᠮᠥᠨ ᠡᠳᠦᠷ ᠲᠤ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠨ᠎ᠠ ᠶᠢᠨ ᠳᠠᠭᠠᠭᠤᠯᠭ᠎ᠠ ᠪᠠᠷ ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ᠂ ᠲᠠᠷᠢᠶᠠᠯᠠᠩ ᠰᠢᠨᠵᠢᠯᠡᠬᠦ ᠤᠬᠠᠭᠠᠨ᠂ ᠤᠰᠤ ᠬᠠᠩᠭᠠᠬᠤ ᠤᠰᠤ ᠭᠠᠳᠠᠭᠰᠢᠯᠠᠭᠤᠯᠬᠤ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠬᠤ ᠶᠢᠨ ᠬᠠᠮᠲᠤ᠂ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢ ᠤᠷᠢᠵᠤ᠂ ᠤᠤᠯ ᠤᠨ ᠤᠯᠢᠶᠠᠰᠤᠲᠠᠶ ᠪᠠᠯᠭᠠᠰᠤ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠡᠯ᠎ᠡ ᠤᠰᠤᠨ ᠰᠤᠷᠪᠤᠯᠵᠢ ᠶᠢᠨ ᠬᠤᠳᠳᠤᠭ ᠤᠨ ᠪᠠᠶᠢᠳᠠᠯ ᠪᠠ ᠰᠢᠨ᠎ᠡ ᠪᠠᠷ ᠵᠠᠭᠠᠭᠯᠠᠨ ᠲᠣᠭᠲᠠᠭᠠᠭᠰᠠᠨ ᠤᠯᠢᠶᠠᠰᠤᠲᠠᠶ ᠪᠠᠯᠭᠠᠰᠤ ᠶᠢᠨ ᠡᠮᠦᠨᠡᠬᠢ ᠭᠠᠵᠠᠷ ᠳᠣᠤᠷᠠᠬᠢ ᠤᠰᠤᠨ ᠤ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠳᠣᠬᠢ ᠪᠠᠶᠢᠳᠠᠯ ᠳᠤ ᠲᠤᠬᠠᠶ ᠶᠢᠨ ᠲᠠᠯᠠᠪᠤᠷ ᠤᠨ ᠪᠠᠶᠢᠴᠠᠭᠠᠨ ᠰᠤᠳᠤᠯᠤᠯᠲᠠ ᠬᠢᠪᠡ᠃      ★ 4 ᠰᠠᠷ᠎ᠠ ᠶᠢᠨ 24 ᠤ ᠡᠳᠦᠷ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠠᠭᠠᠨᠮᠥ᠋ᠴᠢᠷ ᠲᠠᠢ ᠬᠠᠮᠲᠤᠷᠠᠨ ︽ᠨᠠᠮ ᠤᠨ ᠲᠡᠤᠬᠡ ᠶᠢ ᠰᠤᠷᠤᠯᠴᠠᠵᠤ ᠢᠲᠡᠭᠡᠯ ᠵᠣᠷᠢᠭ ᠢᠶᠠᠨ ᠪᠠᠲᠤᠳᠬᠠᠨ ᠨᠠᠮ ᠢᠶᠠᠨ ᠳᠠᠭᠠᠵᠤ᠂ ︽5 · 4︾ ᠤ ᠵᠣᠷᠢᠭ ᠰᠠᠨᠠᠭ᠎ᠠ ᠶᠢ ᠪᠠᠳᠠᠷᠠᠭᠤᠯᠵᠤ ᠵᠠᠯᠠᠭᠤ ᠨᠠᠰᠤᠨ ᠤ ᠮᠠᠭᠲᠠᠭᠠᠯ ᠳᠠᠭᠤᠤ ᠶᠢ ᠬᠠᠩᠭᠢᠨᠠᠭᠤᠯᠬᠤ︾ ᠠᠵᠢᠯᠯᠠᠭ᠎ᠠ ᠥᠷᠨᠢᠭᠦᠯᠵᠦ᠂ ᠨᠡᠶᠢᠲᠡ 60 ᠭᠠᠷᠤᠶ ᠬᠥᠮᠦᠨ ᠲᠣᠰ ᠠᠵᠢᠯᠯᠠᠭ᠎ᠠ ᠳᠤ ᠣᠷᠣᠯᠴᠠᠵᠠᠶ᠃      ★ 4 ᠰᠠᠷ᠎ᠠ ᠶᠢᠨ 26 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠯᠢ ᠶᠦᠩ ᠱᠧᠩ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 152 ᠳ᠋ᠤᠭᠠᠷ ᠤᠳᠠᠭ᠎ᠠ ᠶᠢᠨ ︵2021 ᠣᠨ ᠤ 18 ᠳ᠋ᠤᠭᠠᠷ ᠤᠳᠠᠭ᠎ᠠ︶ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠲᠥᠪ ᠬᠤᠷᠢᠶᠠᠨ ᠤ ᠠᠯᠪᠠᠨ ᠲᠢᠩᠬᠢᠮ ᠤᠨ ︽ᠬᠡᠯᠪᠡᠷᠢᠴᠢ ᠦᠵᠡᠯ ᠤᠨ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ 2021 ᠣᠨ ᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠰᠠᠶᠢᠲᠤᠷ ᠬᠢᠬᠦ ᠲᠤᠬᠠᠶ ᠭᠤᠣᠯ ᠠᠷᠭ᠎ᠠ ᠬᠡᠮᠵᠢᠶ᠎ᠡ ᠵᠢᠴᠢ ᠠᠵᠢᠯ ᠤᠨ ᠬᠤᠪᠢᠶᠠᠷᠢᠯᠠᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠢ ᠤᠯᠠᠮᠵᠢᠯᠠᠨ ᠰᠤᠷᠤᠯᠴᠠᠪᠠ︔ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ᠢ ᠬᠡᠷᠡᠭᠵᠢᠭᠦᠯᠬᠦ ᠮᠡᠳᠡᠭᠳᠡᠯ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠲᠤᠬᠠᠶ ᠵᠢᠯᠣᠭᠤᠳᠬᠤ ᠰᠠᠨᠠᠯ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶᠠᠨ ᠤ 2021 ᠣᠨ ᠤ ᠠᠵᠢᠯ ᠤᠨ ᠭᠤᠤᠯᠳᠠᠯᠭ᠎ᠠ ︵ᠬᠢᠨᠠᠨ ᠵᠥᠪᠯᠡᠬᠦ ᠨᠣᠤᠷᠠᠭ︶︾ ᠶᠢ ᠰᠤᠳᠤᠯᠤᠨ ᠬᠢᠨᠠᠨ ᠵᠥᠪᠯᠡᠵᠦ᠂ ᠬᠤᠷᠠᠯ ᠠᠴᠠ ᠪᠠᠰᠠ ᠪᠤᠰᠤᠳ ᠬᠤᠯᠪᠣᠭᠳᠠᠯ ᠪᠥᠬᠦᠶ ᠶᠠᠪᠤᠳᠠᠯ ᠤᠳ ᠢ ᠰᠤᠳᠤᠯᠤᠨ ᠬᠢᠨᠠᠨ ᠵᠥᠪᠯᠡᠪᠡ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤ ᠳᠠᠷᠤᠭ᠎ᠠ ᠬᠢᠩᠭᠠᠨ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠵᠧᠤ ᠢᠦᠶ ᠯᠦᠩ ᠵᠢᠴᠢ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ ᠬᠤᠷᠠᠯ ᠳᠤ  ᠣᠷᠣᠯᠴᠠᠪᠠ᠃      ᠮᠥᠨ ᠡᠳᠦᠷ ᠲᠤ ᠮᠠᠨ ᠤ ᠬᠤᠰᠢᠭᠤ 2021 ᠣᠨ ᠤ ᠵᠠᠰᠠᠭ ᠤᠨ ᠣᠷᠳᠣᠨ ᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠢ ᠬᠤᠷᠠᠯᠳᠤᠭᠤᠯᠪᠠ᠃  ᠠᠶᠢᠮᠠᠭ ᠤᠨ ᠵᠠᠬᠢᠷᠭ᠎ᠠ ᠶᠢᠨ 2021 ᠣᠨ ᠤ ᠠᠩᠬᠠᠳᠤᠭᠠᠷ ᠤᠳᠠᠭ᠎ᠠ ᠶᠢᠨ ᠬᠤᠷᠠᠯ ︵ᠥᠷᠭᠡᠳᠬᠡᠭᠰᠡᠨ︶ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠱᠤᠸᠠᠩ ᠪᠦᠦ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ ᠬᠠᠲᠠᠪᠴᠢ ᠪᠠᠯᠭᠠᠰᠤ ᠪᠣᠯᠤᠨ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠤᠳ 2020 ᠣᠨ ᠤ ᠲᠣᠰ ᠭᠠᠵᠠᠷ᠂ ᠲᠣᠰ ᠰᠠᠯᠠᠭ᠎ᠠ ᠮᠥᠴᠢᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ 2021 ᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠲᠣᠬᠢᠷᠠᠭᠤᠯᠤᠯᠲᠠ ᠵᠡᠷᠭᠡ ᠲᠠᠯ᠎ᠠ ᠶᠢᠨ ᠲᠣᠭᠤᠷᠢᠨ ᠳᠤ ᠲᠠᠰ ᠳᠠᠷᠠᠭᠠᠯᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ★ 4 ᠰᠠᠷ᠎ᠠ ᠶᠢᠨ 27 ᠤ ᠡᠳᠦᠷ ᠡᠪ ᠬᠠᠮᠲᠤ ᠵᠠᠯᠠᠭᠤᠴᠤᠳ ᠤᠨ ᠡᠪᠯᠡᠯ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠡᠬᠢᠯᠡᠪᠡ᠃ ᠠᠶᠢᠮᠠᠭ ᠤᠨ ᠡᠪᠯᠡᠯ ᠤᠨ ᠬᠤᠷᠢᠶ᠎ᠠ ᠶᠢᠨ ᠳᠡᠳ᠋ ᠱᠦᠵᠢ ᠬᠤᠩᠭᠤᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠯᠢ ᠶᠦᠩ ᠱᠧᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠵᠢᠴᠢ ᠬᠤᠰᠢᠭᠤᠨ ᠤ ᠤᠳᠤᠷᠢᠳᠤᠯᠭ᠎ᠠ ᠠᠯᠮᠠᠰ᠂ ᠰᠠᠷᠠᠭᠤᠯᠲᠣᠶᠠᠭ᠎ᠠ᠂ ᠵᠧᠤ ᠸᠧ ᠮᠢᠨ᠂ ᠪᠦᠬᠡ᠂  ᠹᠧᠩ ᠶᠢᠨ ᠬᠤ᠋᠂ ᠴᠧᠨ ᠽᠠᠢ ᠯᠢᠨ᠂ ᠰᠡᠴᠡᠨ᠂ ᠪᠦᠦ ᠸᠠᠨ ᠬᠤᠸᠠ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠵᠧᠤ ᠢᠦᠶ ᠯᠦᠩ ᠬᠤᠷᠠᠯ ᠢ ᠡᠷᠭᠢᠯᠡᠪᠡ᠃      ᠲᠣᠰ ᠡᠳᠦᠷ ᠲᠤ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠤᠷᠭᠠᠨ ᠬᠥᠮᠦᠵᠢᠯ ᠤᠨ ᠴᠡᠭᠴᠡᠯᠡᠯᠲᠡ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢ ᠪᠠᠶᠢᠷᠢᠯᠠᠭᠤᠯᠤᠨ ᠠᠬᠢᠭᠤᠯᠬᠤ ᠵᠢᠴᠢ ᠬᠤᠶᠠᠳᠤᠭᠠᠷ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠣᠷᠴᠢᠨ ᠲᠣᠭᠤᠷᠢᠨ ᠤ ᠠᠵᠢᠯ ᠢ ᠳ᠋ᠦᠩᠨᠡᠨ ᠡᠷᠭᠢᠴᠡᠭᠦᠯᠵᠦ᠂ ︽ᠥᠪᠡᠷ ᠤᠨ ᠪᠠᠶᠢᠴᠠᠭᠠᠯᠲᠠ ᠶᠢ ᠠᠭᠤᠴᠢᠯᠠᠨ᠂ ᠪᠠᠶᠢᠴᠠᠭᠠᠭᠳᠠᠭᠴᠢ ᠶᠢ ᠴᠢᠩᠭ᠎ᠠ ᠰᠢᠳᠬᠡᠬᠦ︾ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢᠨ ᠡᠯ᠎ᠡ  ᠵᠦᠢᠯ ᠤᠨ ᠡᠭᠦᠷᠭᠡ ᠶᠢ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠠᠩ ᠯᠢᠶᠠᠨ ᠹᠧᠩ ᠬᠤᠷᠠᠯ ᠳᠤ ᠣᠷᠣᠯᠴᠠᠪᠠ᠃      4 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ︽ᠤᠷᠤᠢ ᠶᠢᠨ ᠰᠤᠷᠤᠯᠴᠠᠯᠭ᠎ᠠ ᠶᠢᠨ ᠰᠤᠷᠭᠠᠭᠤᠯᠢ︾ ᠶᠢᠨ ᠬᠤᠶᠠᠳᠤᠭᠠᠷ ᠬᠤᠭᠤᠴᠠᠭᠠᠨ ᠤ ᠲᠥᠪᠯᠡᠷᠡᠩᠭᠦᠶ ᠰᠤᠷᠤᠯᠴᠠᠯᠭ᠎ᠠ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠥᠷᠪᠡᠳᠦᠭᠡᠷ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠧᠦ ᠢᠦᠢ ᠯᠦᠩ ᠬᠤᠷᠠᠯ ᠢ ᠡᠷᠬᠢᠯᠡᠵᠥ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ ᠵᠡᠷᠭᠡ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ★ 4 ᠰᠠᠷ᠎ᠠ ᠶᠢᠨ 29 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠯᠢ ᠶᠦᠩ ᠱᠧᠩ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 153 ︵2021 ᠣᠨ ᠤ 19 ᠳ᠋ᠦᠭᠡᠷ ᠤᠳᠠᠭ᠎ᠠ︶ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠧᠤ ᠢᠦᠶ ᠯᠦᠩ ᠵᠢᠴᠢ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠶ ᠱᠦᠵᠢ ᠶᠢᠨ ᠭᠤᠸᠠᠩᠰᠢ ᠳᠤ ᠠᠵᠢᠯ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽︿ ᠦᠨᠳᠦᠷ ᠡᠨᠧᠷᠬᠢ ᠵᠠᠷᠣᠴᠠᠭᠤᠯᠬᠤ᠂ ᠦᠨᠳᠦᠷ ᠪᠣᠬᠢᠷᠲᠤᠯ ᠭᠠᠳᠠᠭᠰᠢᠯᠠᠭᠤᠯᠬᠤ﹀ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠪᠠ᠃ ᠬᠤᠰᠢᠭᠤ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠬᠠᠮᠢᠶ᠎ᠠ ᠪᠥᠬᠦᠶ ᠠᠵᠢᠯ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ ᠢ ᠰᠤᠳᠤᠯᠤᠨ ᠬᠢᠨᠠᠨ ᠵᠥᠪᠯᠡᠵᠦ᠂ ᠬᠤᠷᠠᠯ ᠠᠴᠠ ᠪᠠᠰᠠ ᠪᠤᠰᠤᠳ ᠠᠵᠢᠯ ᠤᠨ ᠵᠦᠢᠯᠡᠰ ᠢ ᠬᠢᠨᠠᠨ ᠵᠥᠪᠯᠡᠪᠡ᠃      ★ 4 ᠰᠠᠷ᠎ᠠ ᠶᠢᠨ 30 ᠤ ᠡᠳᠦᠷ ᠮᠠᠨ ᠤ ᠬᠤᠰᠢᠭᠤ ᠪᠦᠭᠦ ᠬᠤᠰᠢᠭᠤᠨ ᠤ ᠤᠯᠤᠰ ᠲᠦᠷᠤ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠶᠦᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠬᠠᠶ ᠪᠦᠦ ᠬᠤᠷᠠᠯ ᠡᠷᠭᠢᠯᠡᠵᠦ᠂ ᠤᠳᠤᠷᠢᠳᠬᠤ ᠳᠤᠭᠤᠶᠢᠯᠠᠩ ᠤᠨ ᠪᠥᠬᠦ ᠭᠡᠰᠢᠭᠦᠳ ᠬᠤᠷᠠᠯ ᠳᠤ ᠣᠷᠣᠯᠴᠠᠵᠠᠶ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号