ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠶᠠᠳᠤᠭᠠᠷ ᠪᠠᠶᠢᠴᠠᠭᠠᠬᠤ ᠳᠤᠭᠤᠶᠢᠯᠠᠩ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2021/9/13
      ᠵᠡᠭᠦᠨ ᠬᠠᠲᠠᠪᠴᠢ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ 9 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠬᠡᠷ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠢᠦᠶ ᠱᠢ ᠨᠡᠷ ᠢᠶᠠᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠶᠠᠳᠤᠭᠠᠷ ᠪᠠᠶᠢᠴᠠᠭᠠᠬᠤ ᠳᠤᠭᠤᠶᠢᠯᠠᠩ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠣᠳᠣᠬᠠᠨ ᠤ ᠬᠢᠵᠢᠭ ᠤᠨ ᠰᠡᠷᠭᠡᠶᠢᠯᠡᠯᠲᠡ ᠶᠢᠨ ᠪᠠᠶᠢᠳᠠᠯ ᠳᠤ ᠴᠢᠭᠯᠡᠭᠦᠯᠦᠨ᠂ ᠪᠣᠭᠤᠮᠲᠠ ᠶᠢᠨ ᠬᠢᠵᠢᠭ ᠠᠴᠠ ᠰᠡᠷᠭᠡᠶᠢᠯᠡᠨ ᠠᠷᠢᠭᠤᠳᠬᠠᠬᠤ᠂ ᠬᠤᠭ ᠨᠣᠪᠰᠢ ᠶᠢ ᠰᠢᠢᠳᠪᠦᠷᠢᠯᠡᠬᠦ ᠪᠠ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠪᠠ᠃ ᠠᠶᠢᠮᠠᠭ ᠤᠨ ᠭᠠᠳᠠᠭᠠᠳᠤ ᠲᠠᠢ ᠬᠤᠯᠪᠣᠭᠳᠠᠭᠰᠠᠨ ᠵᠢᠴᠢ ᠰᠢᠶᠠᠩᠭᠠᠩ ᠣᠣᠮᠧᠨ ᠲᠠᠶᠢᠸᠠᠨ ᠲᠠᠢ ᠬᠤᠯᠪᠣᠭᠳᠠᠭᠰᠠᠨ ᠳᠤᠭᠤᠶᠢᠯᠠᠩ ᠤᠨ ᠳᠡᠳ᠋ ᠳᠠᠷᠤᠭ᠎ᠠ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠳᠡᠳ᠋ ᠡᠷᠬᠢᠯᠡᠭᠴᠢ ᠵᠠᠩ ᠶᠦᠩ ᠴᠢᠤᠸᠠᠨ ᠨᠠᠷ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠨ᠎ᠠ᠂ ᠵᠡᠭᠦᠨ  ᠬᠠᠳᠠᠪᠴᠢ ᠪᠣᠭᠤᠮᠲᠠ᠂ ᠵᠡᠭᠦᠨ ᠬᠠᠲᠠᠪᠴᠢ ᠬᠢᠯᠢ ᠪᠠᠷ ᠣᠷᠣᠭᠤᠯᠵᠣ ᠭᠠᠷᠭᠠᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠬᠤᠰᠢᠭᠤ ᠪᠣᠭᠤᠮᠲᠠ ᠶᠢᠨ ᠵᠦᠪᠯᠡᠯ ᠤᠨ ᠨᠠᠮ ᠤᠨ ᠬᠤᠷᠢᠶ᠎ᠠ᠂ ᠬᠤᠰᠢᠭᠤ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠦᠨ ᠪᠠᠷ᠎ᠠ ᠪᠣᠯᠪᠠ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠢᠶᠠᠷ ᠵᠡᠭᠦᠨ ᠬᠠᠲᠠᠪᠴᠢ ᠪᠣᠭᠤᠮᠲᠠ ᠶᠢᠨ ᠪᠣᠭᠤᠮᠲᠠ ᠳᠤ ᠮᠡᠳᠡᠭᠦᠯᠵᠦ ᠪᠠᠶᠢᠴᠠᠭᠠᠯᠭᠠᠬᠤ ᠦᠢᠯᠡᠴᠢᠯᠡᠭᠡᠨ ᠤ ᠲᠥᠪ ᠲᠤ ᠬᠦᠷᠴᠦ᠂ ᠵᠡᠭᠦᠨ ᠬᠠᠲᠠᠪᠴᠢ ᠪᠣᠭᠤᠮᠲᠠ ᠶᠢᠨ ᠪᠢᠳᠡᠭᠦᠮᠵᠢᠯᠡᠭᠰᠡᠨ ᠬᠠᠮᠢᠶᠠᠷᠤᠯᠲᠠ ᠵᠢᠴᠢ ᠦᠢᠯᠡᠴᠢᠯᠡᠭᠡᠨ ᠤ ᠠᠵᠢᠯᠳᠠᠨ᠂ ᠲᠣᠰᠠᠭᠠᠷᠯᠠᠬᠤ ᠡᠯ᠎ᠡ ᠶᠠᠪᠤᠴᠠ ᠶᠢᠨ ᠲᠤᠬᠠᠢ ᠲᠠᠶᠢᠯᠪᠤᠷᠢᠯᠠᠯᠲᠠ ᠶᠢ ᠰᠣᠨᠣᠰᠴᠠᠢ᠃ ᠳᠠᠷᠠᠭ᠎ᠠ ᠨᠢ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠲᠣᠭᠤᠷᠢᠭ ᠲᠤ ᠬᠦᠷᠴᠦ ᠲᠡᠷᠭᠡ ᠬᠥᠰᠬᠡ ᠪᠠ ᠬᠥᠮᠦᠨ ᠤ ᠪᠢᠳᠡᠭᠦᠮᠵᠢᠯᠡᠭᠰᠡᠨ ᠬᠠᠮᠢᠶᠠᠷᠤᠯᠲᠠ᠂ ᠣᠷᠴᠢᠨ ᠲᠣᠭᠤᠷᠢᠨ ᠤ ᠠᠷᠢᠭᠤᠳᠬᠠᠯ᠂ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠠᠮᠤᠭ ᠰᠡᠭᠦᠯ ᠳᠤ ᠪᠣᠭᠤᠮᠲᠠ ᠳᠤ ᠮᠡᠳᠡᠭᠦᠯᠵᠦ ᠪᠠᠶᠢᠴᠠᠭᠠᠯᠭᠠᠬᠤ ᠦᠢᠯᠡᠴᠢᠯᠡᠭᠡᠨ ᠤ ᠲᠥᠪ ᠲᠤ ᠬᠦᠷᠴᠦ ᠶᠠᠷᠢᠯᠴᠠᠬᠤ ᠬᠤᠷᠠᠯ ᠥᠷᠨᠢᠭᠦᠯᠪᠡ᠃      ᠬᠤᠷᠠᠯ ᠠᠴᠠ ᠴᠢᠩᠭᠠᠳᠬᠠᠭᠰᠠᠨ ᠨᠢ᠂ ᠨᠢᠭᠡ ᠳᠤ᠂ ᠪᠣᠭᠤᠮᠲᠠ ᠶᠢᠨ ᠡᠯ᠎ᠡ ᠭᠤᠭᠴᠤᠭ᠎ᠠ ᠶᠢᠨ ᠬᠥᠮᠦᠰ ᠢ ᠲᠥᠪᠯᠡᠷᠡᠭᠦᠯᠦᠨ ᠬᠠᠮᠢᠶᠠᠷᠴᠤ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂  ᠪᠢᠳᠡᠭᠦᠮᠵᠢᠯᠡᠭᠰᠡᠨ ᠬᠠᠮᠢᠶᠠᠷᠤᠯᠲᠠ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠣᠷᠴᠢᠨ ᠲᠣᠭᠤᠷᠢᠨ᠂ ᠲᠡᠷᠭᠡ ᠬᠥᠰᠬᠡ ᠶᠢ ᠠᠷᠢᠭᠤᠳᠬᠠᠬᠤ ᠡᠷᠴᠢᠮ ᠢᠶᠠᠨ ᠴᠢᠩᠭᠠᠷᠠᠭᠤᠯᠵᠤ᠂ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠤᠨ᠂ ᠠᠷᠢᠭᠤᠳᠬᠠᠭᠰᠠᠨ ᠦᠷ᠎ᠡ ᠪᠦᠲᠦᠮᠵᠢ ᠶᠢ ᠦᠨᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠠᠵᠢᠯ ᠤᠨ ᠲᠥᠰᠦᠯ ᠢᠶᠠᠨ ᠦᠷᠭᠦᠯᠵᠢᠯᠡᠨ ᠲᠡᠭᠦᠯᠳᠡᠷᠵᠢᠭᠦᠯᠵᠦ᠂ ᠳᠠᠯᠳᠠ ᠬᠡᠮ ᠢ ᠴᠠᠭ ᠲᠤᠬᠠᠶ ᠳᠤᠨᠢ ᠪᠠᠶᠢᠴᠠᠭᠠᠵᠤ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠳᠥᠷᠪᠡ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠤᠰᠬᠠᠶ ᠠᠩᠭᠢ ᠪᠠᠶᠢᠭᠤᠯᠵᠤ᠂ ᠬᠠᠷᠢᠭᠤᠴᠠᠯᠭᠠᠲᠠᠨ ᠢ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号