ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠨᠦᠬᠦᠪᠦᠷᠢ ᠠᠭᠤᠯᠭ᠎ᠠ ᠶᠢᠨ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2021/9/15
               ᠵᠡᠭᠦᠨ ᠵᠠᠰᠠᠭ ᠲᠡᠷᠬᠠᠭᠠᠭᠰᠠᠨ ﹇2021﹈ 43 ᠲᠣᠭᠠᠲᠤᠡᠯ᠎ᠡ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄      《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠪᠣᠯᠤᠨ ᠨᠢᠭᠡᠴᠡ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ︾᠂ ︽ᠰᠢᠯᠢ ᠶᠢᠨ ᠭᠤᠣᠯ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ︿ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ﹀ ᠶᠢ ᠬᠡᠷᠡᠭᠵᠢᠭᠦᠯᠬᠦ ᠨᠠᠷᠢᠨ ᠳᠦᠷᠢᠮ ︵ᠲᠦᠷ ᠬᠡᠷᠡᠭᠵᠢᠭᠦᠯᠬᠦ︶︾ ︵ᠰᠢᠯᠢ ᠶᠢᠨ ᠭᠤᠣᠯ ᠨᠠᠮ ᠠᠯᠪᠠᠨ ᠲᠠᠷᠬᠠᠭᠠᠭᠰᠠᠨ ︿2015﹀ 10 ᠲᠣᠭᠠᠲᠤ︶᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽︿ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠠᠶᠤᠯᠭᠦᠢ ᠦᠢᠯᠡᠳᠪᠦᠷᠢᠯᠡᠯ ᠤᠨ ᠵᠥᠪᠯᠡᠯ ︿2020﹀ 10 ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ᠂ ᠡᠳᠦᠭᠡ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽︿ᠵᠡᠭᠦᠨ ᠦᠵᠦᠮᠦᠴᠢᠨ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠵᠡᠭᠦᠨ ᠵᠠᠰᠠᠭ ᠲᠠᠷᠬᠠᠭᠠᠭᠰᠠᠨ ︹ 2020 ︺ 3 ᠲᠣᠭᠠᠲᠤ︶ ᠳᠠᠬᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠭᠤᠯᠭ᠎ᠠ ᠶᠢ ᠨᠥᠬᠦᠪᠥᠷᠢᠯᠡᠪᠡ᠂ ᠪᠣᠳᠠᠲᠠᠶ ᠠᠭᠤᠯᠭ᠎ᠠ ᠨᠢ ᠳᠣᠤᠷᠠᠬᠢ ᠮᠡᠲᠦ᠄      ᠨᠢᠭᠡ᠂ ᠰᠠᠯᠠᠭ᠎ᠠ ᠮᠥᠴᠢᠷ ᠤᠨ ᠠᠶᠣᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠶᠢ ᠲᠤᠬᠢᠷᠠᠭᠤᠯᠣᠭᠰᠠᠨ ᠪᠠᠶᠢᠳᠠᠯ      ︵ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ ᠲᠣᠭᠲᠠᠭᠠᠯ ᠤᠨ ᠨᠥᠬᠦᠪᠥᠷᠢ ᠠᠭᠤᠯᠭ᠎ᠠ      1. ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠦᠷᠢᠶᠡᠯᠡᠩ ᠲᠣᠭᠤᠷᠢᠭ ᠤᠨ ᠠᠯᠪᠠᠨ ᠬᠡᠷ︶      ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠳᠤᠮᠳᠠ ᠪᠠᠭ᠎ᠠ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠱᠠᠭᠠᠷᠳᠠᠨ ᠵᠢᠯᠣᠭᠤᠳᠴᠤ᠂ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃      2. ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ      ᠪᠠᠷᠢᠯᠭ᠎ᠠ ᠶᠢᠨ ᠠᠵᠢᠯ ᠤᠨ ᠭᠠᠵᠠᠷ ᠤᠨ ᠴᠠᠬᠢᠯᠭᠠᠨ ᠢᠶᠠᠷ ᠭᠠᠩᠨᠠᠬᠤ᠂ ᠬᠡᠷᠴᠢᠬᠦ ᠵᠡᠷᠭᠡ ᠠᠵᠢᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠨ ᠵᠢᠯᠣᠭᠤᠳᠴᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠦᠷᠨᠢᠭᠦᠯᠦᠨ᠎ᠡ᠃      3. ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠴᠠᠬᠢᠯᠭᠠᠨ ᠢᠶᠠᠷ ᠭᠠᠩᠨᠠᠬᠤ᠂ ᠬᠡᠷᠴᠢᠬᠦ ᠵᠡᠷᠭᠡ ᠵᠢᠵᠢᠭ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠭᠡᠯ᠂ ᠵᠢᠵᠢᠭᠯᠡᠨ ᠬᠤᠳᠠᠯᠳᠤᠬᠤ ᠪᠠ ᠪᠥᠭᠡᠮ ᠢᠶᠠᠷ ᠬᠤᠳᠠᠯᠳᠤᠬᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠶᠣᠯᠬᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠨ ᠵᠢᠯᠣᠭᠤᠳᠴᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠥᠷᠨᠢᠭᠦᠯᠦᠨ᠎ᠡ᠃      4. ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ      ︽ᠲᠡᠮᠦᠷᠯᠢᠭ ᠬᠠᠶᠢᠯᠤᠭᠤᠯᠬᠤ ᠥᠩᠭᠡᠲᠦ ᠲᠡᠮᠦᠷᠯᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠮᠠᠰᠢᠨ ᠬᠥᠩᠭᠡᠨ ᠠᠵᠤ ᠦᠢᠯᠡᠳᠪᠦᠷᠢ ᠨᠡᠬᠡᠮᠡᠯ ᠨᠠᠪᠴᠢᠨ ᠲᠠᠮᠠᠬᠢ ᠬᠤᠳᠠᠯᠳᠤᠭ᠎ᠠ ᠠᠷᠠᠯᠵᠢᠶ᠎ᠠ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠥᠷᠥᠯ ᠬᠤᠪᠢᠶᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠬᠤ ᠲᠤᠬᠠᠶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ ︵ᠪᠠᠴᠢᠮ ᠪᠠᠶᠢᠳᠠᠯ ᠢ ᠠᠷᠭᠠᠴᠠᠬᠤ ᠲᠢᠩᠬᠢᠮ ︹ 2019 ︺ 17 ᠲᠣᠭᠠᠲᠤ︶ ᠳᠤ ᠲᠣᠭᠲᠠᠭᠠᠭᠰᠠᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠪᠢᠴᠢᠯ ᠵᠢᠵᠢᠭ ᠠᠵᠤ ᠠᠬᠤᠶᠢᠯᠠᠯ ᠤᠨ ᠠᠶᠣᠯᠬᠦᠢ ᠦᠢᠯᠡᠳᠪᠦᠷᠢᠯᠡᠯ ᠤᠨ ᠠᠵᠢᠯ ᠢ  ᠱᠠᠭᠠᠷᠳᠠᠨ ᠵᠢᠯᠣᠭᠤᠳᠴᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠥᠷᠨᠢᠭᠦᠯᠦᠨ᠎ᠡ᠃      5. ᠬᠤᠰᠢᠭᠤ ᠵᠠᠮ ᠲᠡᠭᠡᠭᠡᠪᠦᠷᠢ ᠶᠢᠨ ᠲᠣᠪᠴᠢᠶ᠎ᠠ      ᠡᠳ᠋ ᠪᠠᠷᠠᠭ᠎ᠠ ᠲᠡᠭᠡᠭᠡᠪᠦᠷᠢᠯᠡᠬᠦ᠂ ᠲᠡᠷᠭᠡ ᠬᠥᠰᠬᠡ ᠰᠡᠯᠪᠢᠨ ᠵᠠᠰᠠᠬᠤ ᠵᠡᠷᠭᠡ ᠠᠵᠢᠯ ᠲᠥᠷᠥᠯ ᠤᠨ ᠬᠦᠷᠢᠶᠡᠨ ᠤ ᠠᠶᠤᠯᠬᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠬᠤ ᠪᠠ ᠵᠢᠯᠣᠭᠤᠳᠴᠤ᠂ ᠠᠵᠤ ᠠᠬᠤᠶᠢᠯᠠᠯ ᠤᠨ ᠭᠠᠩᠨᠠᠵᠤ ᠣᠭᠲᠣᠯᠬᠤ ᠠᠵᠢᠯ ᠤᠨ ᠠᠶᠤᠯᠬᠦᠢ ᠦᠢᠯᠡᠳᠪᠦᠷᠢᠯᠡᠯ ᠢ ᠪᠠᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠥᠷᠨᠢᠭᠦᠯᠦᠨ᠎ᠡ᠃      6. ᠬᠤᠰᠢᠭᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ      ᠬᠠᠶᠠᠭᠳᠠᠮᠠᠯ ᠬᠠᠭᠤᠴᠢᠨ ᠡᠳ᠋ ᠪᠣᠳᠠᠰ ᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠭᠠᠩᠨᠠᠵᠤ ᠬᠡᠷᠴᠢᠬᠦ ᠠᠵᠢᠯ ᠤᠨ ᠠᠶᠣᠯᠬᠦᠢ ᠦᠢᠯᠡᠳᠪᠦᠷᠢᠯᠡᠯ ᠢ ᠪᠠᠭᠲᠠᠭᠠᠭᠰᠠᠨ ᠠᠶᠣᠯᠬᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠨ ᠵᠢᠯᠣᠭᠤᠳᠴᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠥᠷᠨᠢᠭᠦᠯᠦᠨ᠎ᠡ᠃      7. ᠡᠯ᠎ᠡ ᠰᠤᠮᠤ ᠪᠠᠯᠭᠠᠰᠤ ︵ᠲᠠᠯᠠᠪᠠᠶ︶      ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠬᠠᠷᠢᠶ᠎ᠠ ᠣᠷᠣᠨ ᠤ ᠳᠣᠲᠣᠷᠠᠬᠢ ᠴᠠᠬᠢᠯᠭᠠᠨ ᠢᠶᠠᠷ ᠭᠠᠩᠨᠠᠬᠤ᠂ ᠬᠡᠷᠴᠢᠬᠦ ᠵᠡᠷᠭᠡ ᠵᠢᠵᠢᠭ ᠡᠳ᠋ᠰᠢᠭᠦᠯᠬᠦ ᠦᠢᠯᠡᠳᠭᠡᠯ᠂ ᠵᠢᠵᠢᠭᠯᠡᠨ ᠬᠤᠳᠠᠯᠳᠤᠬᠤ ᠪᠠ ᠪᠥᠭᠡᠮ ᠢᠶᠠᠷ ᠬᠤᠳᠠᠯᠳᠤᠬᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠬᠤᠲᠠ ᠪᠠᠯᠭᠠᠰᠤ ᠶᠢᠨ ᠰᠢᠩᠭᠡᠨᠵᠢᠮᠡᠯ ᠬᠡᠶ ᠶᠢ ᠬᠡᠷᠡᠭᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠵᠠᠩᠭᠢᠯᠠᠭ᠎ᠠ ᠶᠢᠨ ᠠᠶᠣᠯᠬᠦᠢ ᠦᠢᠯᠡᠳᠪᠦᠷᠢᠯᠡᠯ ᠤᠨ ᠠᠵᠢᠯ ᠢ ᠱᠠᠭᠠᠷᠳᠠᠨ ᠵᠢᠯᠣᠭᠤᠳᠴᠤ᠂ ᠲᠦᠷᠦᠭᠦᠯᠡᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠤᠯᠪᠣᠭᠠᠯᠠᠵᠤ ᠪᠠᠶᠢᠭᠠᠳ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠎ᠡ᠃      ︵ᠬᠤᠶᠠᠷ︶ ᠠᠶᠣᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠤᠳ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽︿ᠵᠡᠭᠦᠨ ᠦᠵᠦᠮᠦᠴᠢᠨ ᠬᠤᠰᠢᠭᠤᠨ ᠤ ᠠᠶᠣᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠵᠡᠭᠦᠨ ᠵᠠᠰᠠᠭ ᠲᠠᠷᠬᠠᠭᠠᠭᠰᠠᠨ ︹ 2021 ︺ 3 ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠠᠶᠣᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠨ᠎ᠡ᠃      ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠪᠠ ᠤᠯᠤᠰ ᠤᠨ ᠠᠶᠣᠯᠬᠦᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠶᠣᠯᠬᠦᠢ ᠦᠢᠯᠡᠳᠪᠦᠷᠢᠯᠡᠯ ᠤᠨ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠤᠨ ᠠᠶᠣᠯᠬᠦᠢ ᠦᠢᠯᠡᠳᠪᠦᠷᠢᠯᠡᠯ ᠤᠨ ᠠᠵᠢᠯ ᠪᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠠᠶᠣᠯᠬᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢᠶᠠᠨ ᠦᠷᠨᠢᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ᠃      ︵ᠬᠤᠶᠠᠷ︶  ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠶᠣᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠪᠠ ︽ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾᠂ ︽ᠬᠡᠨ ᠪᠠᠶᠢᠴᠠᠭᠠᠪᠠᠯ ᠲᠡᠷᠡ ᠬᠠᠷᠢᠭᠤᠴᠠᠬᠤ︾᠂ ︽ᠬᠡᠨ ᠬᠢᠨᠠᠨ ᠵᠥᠪᠰᠢᠶᠡᠷᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠠᠵᠢᠯ ᠲᠥᠷᠥᠯ ᠤᠨ ᠵᠥᠪᠰᠢᠶᠡᠷᠡᠨ ᠣᠷᠣᠭᠤᠯᠬᠤ ᠨᠥᠬᠦᠴᠡᠯ ᠢ ᠴᠢᠩᠭᠠᠳᠬᠠᠵᠣ᠂ ᠲᠣᠰ ᠠᠵᠢᠯ ᠲᠥᠷᠥᠯ ︵ᠬᠦᠷᠢᠶ᠎ᠡ ᠴᠠᠷᠠᠭ᠎ᠠ︶ ᠤᠨ ᠠᠶᠣᠯᠬᠦᠢ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠰ ᠠᠵᠢᠯ ᠲᠥᠷᠥᠯ ︵ᠬᠦᠷᠢᠶ᠎ᠡ ᠴᠠᠷᠠᠭ᠎ᠠ︶ ᠤᠨ ᠠᠶᠣᠯᠬᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠡᠳᠦᠷ ᠲᠤᠲᠤᠮ ᠤᠨ ᠠᠶᠣᠯᠬᠦᠢ ᠶᠢᠨ ᠬᠢᠨᠠᠯᠲᠠ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠣᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠦᠨᠡᠨᠬᠦ ᠴᠢᠩᠭᠠᠳᠬᠠᠵᠤ᠂ ᠠᠵᠤ ᠠᠬᠤᠶᠢᠯᠠᠯ ᠤᠨ ᠠᠶᠣᠯᠬᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃      ︵ᠭᠤᠷᠪᠠ︶ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠲᠥᠰᠦᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠬᠦᠢ ᠦᠢᠯᠡᠳᠪᠦᠷᠢᠯᠡᠯ ᠤᠨ ᠬᠠᠤᠯᠢ︾ ᠵᠢᠴᠢ ᠪᠤᠰᠤᠳ ᠬᠤᠯᠪᠣᠭᠳᠠᠯ ᠪᠥᠬᠦᠢ ᠬᠠᠤᠯᠢ ᠴᠠᠭᠠᠵᠠ᠂ ᠠᠵᠢᠯ ᠲᠥᠷᠥᠯ ᠤᠨ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠠᠶᠣᠯᠬᠦᠢ ᠦᠢᠯᠡᠳᠪᠦᠷᠢᠯᠡᠯ ᠤᠨ ᠬᠠᠮᠢᠶ᠎ᠠ ᠪᠥᠬᠦᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠠᠶᠣᠯᠬᠦᠢ ᠦᠢᠯᠡᠳᠪᠦᠷᠢᠯᠡᠯ ᠤᠨ ᠠᠵᠢᠯ ᠳᠤ ᠢᠳᠡᠪᠬᠢᠲᠡᠶ ᠪᠠᠷ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠶ᠃                                  2021 ᠣᠨ ᠤ 6 ᠰᠠᠷ᠎ᠠ ᠶᠢᠨ 25 ᠤ ᠡᠳᠦᠷ    
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号