ᠮᠠᠨ ᠤ ᠬᠤᠰᠢᠭᠤᠨ ᠤ 2021 ᠣᠨ ᠤ  ︽ᠶᠠᠰᠤ ᠴᠢᠨᠠᠷ ᠤᠨ ᠰᠠᠷ᠎ᠠ︾ ᠶᠢᠨ ᠬᠦᠳᠡᠯᠭᠡᠭᠡᠨ ᠡᠬᠢᠯᠡᠪᠡ
ᠨᠡᠶᠢᠲᠡᠯᠡᠭᠰᠡᠨ ᠴᠠᠭ᠄
2021/9/23
      ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠯᠠᠪᠳᠠᠭᠤᠨ ᠪᠠᠲᠤᠲᠠᠶ ᠥᠷᠨᠢᠭᠦᠯᠵᠦ᠂ ᠦᠶᠯᠡᠳᠬᠦᠨ᠂ ᠢᠨᠵᠧᠨᠧᠷᠢᠩ ᠪᠠ ᠦᠶᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂  ᠮᠠᠨ ᠤ ᠬᠤᠰᠢᠭᠤᠨ ᠤ ᠵᠠᠬ᠎ᠠ ᠳᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ  ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨ ᠦᠵᠦᠮᠦᠴᠢᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠨᠢᠭᠡᠴᠡ ᠲᠠᠢ ᠬᠠᠮᠲᠤᠷᠠᠨ ︽ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠶᠠᠰᠤ ᠴᠢᠨᠠᠷ ᠤᠨ ᠬᠦᠴᠦᠷᠬᠡᠭ‌ᠤᠯᠤᠰ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠶ᠎ᠠ︾ ᠭᠡᠬᠦ ᠭᠤᠤᠯ ᠰᠡᠲᠦᠪᠲᠦ 2021 ᠣᠨ ᠤ  ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠢ ᠦᠷᠨᠢᠭᠦᠯᠵᠡᠢ᠃      ᠮᠠᠨ ᠤ ᠬᠤᠰᠢᠭᠤᠨ ᠤ ᠱᠧᠩ‌‍ᠲ᠋ᠦ᠋ᠩ‌ᠮᠠᠰᠢᠨ ᠲᠡᠷᠭᠡ ᠰᠢᠯᠭᠠᠨ ᠪᠠᠶᠢᠴᠠᠭᠠᠬᠤ ᠬᠢᠵᠠᠭᠠᠷᠲᠤ ᠺᠣᠮᠫᠠᠨᠢ᠂ ᠴᠧᠩ ᠰᠢᠨ ᠪᠠᠷᠢᠯᠭ᠎ᠠ ᠶᠢᠨ ᠮᠠᠲ᠋ᠧᠷᠢᠶᠠᠯ ᠢ ᠰᠢᠯᠭᠠᠨ  ᠪᠠᠶᠢᠴᠠᠭᠠᠵᠤ ᠰᠢᠯᠭᠠᠨ ᠬᠡᠮᠵᠢᠬᠦ ᠬᠢᠵᠠᠭᠠᠷᠲᠤ ᠺᠣᠮᠫᠠᠨᠢ ᠪᠣᠯᠤᠨ ᠹᠦ᠋ ᠺᠧ ᠯᠦᠩ ᠬᠡᠲᠦ ᠳᠡᠯᠭᠡᠭᠦᠷ ᠵᠡᠷᠭᠡ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠡᠨᠡ ᠵᠢᠯ ᠤᠨ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠳᠤ ᠪᠣᠳᠠᠲᠠᠶ ᠲᠣᠬᠢᠷᠠᠭᠤᠯᠤᠯᠲᠠ ᠬᠢᠵᠦ᠂ ᠠᠵᠤ ᠠᠬᠤᠶᠢᠯᠠᠯ ᠤᠨ ᠲᠥᠯᠥᠭᠡᠯᠡᠭᠴᠢ ᠠᠴᠠ ᠶᠠᠰᠤ ᠴᠢᠨᠠᠷ  ᠤᠨ ᠲᠤᠬᠠᠢ ᠠᠮᠠᠯᠠᠯᠲᠠ ᠬᠢᠭᠰᠡᠨ ᠪᠥᠭᠡᠳ ᠶᠠᠰᠤ ᠴᠢᠨᠠᠷ ᠢ ᠳᠡᠭᠡᠭᠰᠢᠯᠡᠭᠦᠯᠬᠦ ᠰᠠᠨᠠᠭᠠᠴᠢᠯᠠᠭ᠎ᠠ‌ᠭᠠᠷᠭᠠᠵᠠᠢ᠃      ᠠᠵᠢᠯᠯᠠᠭ᠎ᠠ ᠶᠢᠨ ᠠᠬᠤᠢ ᠲᠠᠯᠠᠪᠠᠶ ᠳᠤ᠂ ᠠᠵᠢᠯᠲᠠᠳ ᠠᠴᠠ ᠣᠯᠠᠨ ᠲᠦᠮᠡᠨ ᠳᠤ ᠦᠶᠯᠡᠳᠬᠦᠨ ᠤ ᠶᠠᠰᠤ ᠴᠢᠨᠠᠷ ᠤᠨ ᠬᠠᠤᠯᠢ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ᠂ ᠡᠮ ᠤᠨ   ᠲᠠᠩ ᠤᠨ ᠬᠠᠮᠢᠶᠠᠷᠤᠯᠲᠠ ᠶᠢᠨ ᠬᠠᠤᠯᠢ᠂ ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠲᠦᠷᠢᠮ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠲᠦᠷᠢᠮ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠭᠠᠳᠠᠭᠠᠳᠤ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠢᠳᠡᠭᠡᠨ᠂ ᠣᠷᠭᠠᠨᠢᠭ ᠦᠶᠯᠡᠳᠬᠦᠨ᠂ ᠣᠨᠴᠠ ᠲᠥᠷᠥᠯ ᠤᠨ ᠲᠥᠬᠦᠭᠡᠷᠦᠮᠵᠢ ᠵᠡᠷᠭᠡ ᠶᠢᠨ ᠬᠠᠮᠢᠶ᠎ᠠ ᠪᠥᠬᠦᠶ ᠮᠡᠳᠡᠯᠭᠡ  ᠶᠢ ᠲᠦᠭᠡᠮᠡᠯᠵᠢᠭᠦᠯᠵᠦ᠂ 200 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ  ᠃      ᠶᠠᠰᠤ ᠴᠢᠨᠠᠷ ᠤᠨ ᠰᠠᠷ᠎ᠠ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠡᠯ᠎ᠡ ᠬᠤᠯᠪᠣᠭᠳᠠᠯ ᠪᠥᠬᠦᠶ ᠨᠢᠭᠡᠴᠡ ᠨᠢ ︽ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠶᠠᠰᠤ ᠴᠢᠨᠠᠷ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ  ᠠᠬᠢᠭᠤᠯᠤᠶ᠎ᠠ︾ ᠭᠡᠬᠦ ᠭᠤᠤᠯ ᠰᠡᠳᠦᠪ  ᠤᠨ ᠲᠣᠭᠤᠷᠢᠨ ᠳᠤ᠂ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠣᠯᠠᠨ ᠶᠠᠩᠵᠤ ᠬᠡᠯᠪᠡᠷᠢ ᠪᠠᠷ‌ᠡᠯ᠎ᠡ ᠲᠥᠷᠥᠯ ᠤᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂  ︽ᠶᠠᠰᠤ ᠴᠢᠨᠠᠷ ᠤᠨ ᠰᠠᠷ᠎ᠠ︾ ᠶᠢᠨ ᠠᠭᠤᠷ ᠠᠮᠢᠰᠬᠤᠯ ᠢ ᠶᠡᠬᠡᠪᠡᠷ ᠪᠣᠶ ᠪᠤᠯᠭᠠᠬᠤ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号