ᠬᠤᠰᠢᠭᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠡᠭᠦᠷ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/9/24
      9 ᠰᠠᠷ᠎ᠠ ᠪᠣᠯ  38 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠃《ᠳᠤᠮᠳᠠᠳᠤ ᠶᠢᠨ ᠦᠨᠳᠦᠰᠦᠲᠡᠨ ᠨᠢᠭᠡ ᠬᠡᠷ ‍ᠦᠨ‌‍ᠬᠢᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠴᠣᠭᠴᠠᠯᠠᠬᠤ 》ᠭᠡᠬᠦ ᠣᠶᠢᠯᠠᠭᠠᠭᠳᠠᠬᠤᠨ ᠢ  ᠬᠦᠮᠦᠰ ‍ᠦᠨ‌‍ᠰᠡᠳᠬᠢᠯ ᠳᠤ ᠬᠠᠳᠠᠩᠰᠢᠭᠤᠯᠵᠦ᠂ ᠦᠨᠳᠦᠰᠦᠲᠡᠨ ᠤ ᠪᠦᠯᠬᠦᠮᠳᠡᠯ ᠢ ᠠᠵᠢᠯ ᠪᠠ‌ᠠᠮᠢᠳᠤᠷᠠᠯ ᠳᠤᠮᠳᠠ ᠪᠠᠨ ᠦᠨᠡᠨ ᠬᠦ ᠠᠭᠤᠰᠬᠠᠨ ᠣᠷᠣᠭᠤᠯᠬᠤ  ᠶᠢᠨ ᠲᠦᠯᠦᠭᠡ᠂  ᠬᠤᠰᠢᠭᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠡᠭᠦᠷ ᠠᠴᠠ ᠨᠠᠮ ᠤᠨ ᠭᠡᠰᠢᠭᠦᠨ‌‍ᠺᠠᠳ᠋ᠷ ᠠᠵᠢᠯᠲᠠᠨ ᠢᠶᠠᠨ ᠵᠣᠬᠢᠶᠠᠨ ᠪᠠᠢᠭᠤᠯᠵᠤ ᠰᠠᠭᠤᠭ᠎ᠠ ᠭᠠᠵᠠᠷ ᠤᠨ ᠢᠶᠠᠨ ᠮᠠᠯᠵᠢᠬᠤ ᠣᠷᠣᠨ ᠳᠤ  ᠭᠦᠨᠵᠡᠭᠡᠶᠢᠷᠡᠵᠦ᠂ ᠲᠤᠬᠠᠶ ᠶᠢᠨ ᠭᠠᠵᠠᠷ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠬᠠᠮᠲᠤᠷᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ᠃      9 ᠰᠠᠷ᠎ᠠ ᠶᠢᠨ 16 ᠤ ᠡᠳᠦᠷ ᠨᠢ ᠡᠵᠢᠡᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ ᠥᠭᠡᠳᠡᠯᠡᠬᠦ ᠶᠢᠨ  ᠬᠢᠨ ᠳᠤ ᠠᠪᠴᠤ ᠬᠡᠯᠡᠪᠡᠯ  ᠮᠠᠰᠢ ᠴᠢᠬᠤᠯᠠ ᠨᠢᠭᠡ ᠡᠳᠦᠷ ᠪᠣᠯᠤᠨ᠎ᠠ᠃  ᠥᠭᠡᠳᠡᠯᠡᠬᠦ ᠶᠢᠨ ᠬᠢᠨ ᠢ ᠪᠠᠭᠲᠠᠭᠠᠭᠰᠠᠨ 18 ᠮᠠᠯᠴᠢᠨ ᠡᠷᠦᠬᠡ‌ᠨᠠᠷᠠ ᠰᠠᠯᠬᠢᠨ ᠡᠨᠧᠷᠭᠢ ᠪᠠᠷ ᠴᠠᠬᠢᠯᠭᠠᠨ ᠭᠠᠷᠭᠠᠬᠤ ᠳᠥᠬᠦᠭᠡᠷᠥᠮᠵᠢ ᠪᠠᠨ ᠬᠡᠷᠡᠭᠯᠡᠬᠦ ᠪᠠᠨ ᠪᠤᠯᠢᠵᠦ ᠂ ᠵᠢᠨᠬᠢᠨᠢ ᠪᠠᠷ ᠪᠠᠶᠢᠩᠭᠤ ᠶᠢᠨ ᠴᠠᠬᠢᠯᠭᠠᠨ ᠨᠡᠪᠲᠡᠷᠡᠭᠰᠡᠨ ᠠᠩᠬᠠᠨ ᠤ ᠡᠳᠦᠷ ᠪᠣᠯᠤᠨ᠎ᠠ᠃  ᠮᠠᠯᠴᠢᠨ ᠡᠷᠦᠬᠡ ᠶᠢᠨ ᠬᠢᠨ ᠪᠠᠶᠢᠩᠭᠤ ᠶᠢᠨ ᠴᠠᠬᠢᠯᠭᠠᠨ ᠬᠡᠷᠡᠭᠯᠡᠵᠦ ᠪᠠᠶᠢᠭ᠎ᠠ᠂ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠲᠤᠬᠠᠢ ᠮᠡᠳᠡᠯᠭᠡ ᠳᠤᠲᠠᠮᠠᠭ ᠪᠠᠶᠢᠭ᠎ᠠ ᠵᠡᠷᠭᠡ ᠶᠢ ᠪᠣᠳᠣᠯᠬᠢᠯᠠᠭᠠᠳ᠂ ᠨᠠᠮ ᠤᠨ ᠭᠡᠰᠢᠭᠦᠳ ᠠᠴᠠ ᠤᠷᠢᠳᠴᠢᠯᠠᠨ ᠪᠡᠯᠡᠳᠬᠡᠭᠰᠡᠨ‌ᠤᠬᠠᠭᠤᠯᠭ᠎ᠠ ᠶᠢᠨ ᠳᠡᠪᠲᠡᠷ ᠢᠶᠠᠨ ᠭᠠᠷᠭᠠᠵᠤ ᠮᠠᠯᠴᠢᠳ ᠲᠤ ᠠᠮᠤᠷ ᠲᠦᠪᠰᠢᠨ ᠴᠠᠬᠢᠯᠭᠠᠨ ᠬᠡᠷᠡᠭᠯᠡᠬᠦ ᠶᠡᠷᠦ ᠶᠢᠨ ᠮᠡᠳᠡᠯᠭᠡ‌‍ᠪᠠ‌‍ᠰᠦ᠋ᠯᠵᠢᠶᠡᠨ ᠳᠡᠭᠡᠷ᠎ᠡ ᠰᠦᠶᠳᠬᠡᠯ ᠲᠤᠰᠢᠶᠠᠬᠤ ᠵᠡᠷᠭᠡ‌ᠡᠳᠦᠷ ᠲᠤᠲᠤᠮ ᠤᠨ ᠴᠠᠬᠢᠯᠭᠠᠨ ᠬᠡᠷᠡᠭᠯᠡᠬᠦ ᠮᠡᠳᠡᠯᠭᠡ ᠶᠢ ᠲᠠᠶᠢᠯᠪᠤᠷᠢᠯᠠᠨ ᠥᠭᠭᠦᠭᠰᠡᠨ ᠪᠥᠭᠡᠳ ᠲᠡᠳᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠪᠠ  ᠃      ᠬᠤᠰᠢᠭᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠡᠭᠦᠷ ᠱᠦᠵᠢ ᠪᠠᠰᠠ ᠡᠨᠡ ᠤᠳᠠᠭ᠎ᠠ  ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠠᠰᠢᠭᠯᠠᠨ᠂ ᠨᠠᠮ ᠤᠨ ᠭᠡᠰᠢᠭᠦᠨ ᠺᠠᠳ᠋ᠷ ᠪᠣᠯᠤᠨ ᠮᠠᠯᠴᠢᠨ  ᠲᠦᠮᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ  ᠃      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂  ᠬᠤᠰᠢᠭᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠡᠭᠦᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠶᠴᠡᠳᠬᠡᠵᠦ᠂ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠠᠵᠢᠯᠯᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠶᠢᠨ ᠬᠠᠮᠲᠤ᠂ ᠦᠨᠳᠦᠰᠦᠲᠡᠨ ᠨᠦᠭᠦᠳ ᠤᠨ ᠪᠦᠯᠬᠦᠮᠳᠡᠯ ᠡᠶ᠎ᠡ ᠵᠣᠬᠢᠴᠠᠩᠭᠤᠶ ᠳᠠᠪᠰᠢᠯᠲᠠ᠂ ᠬᠠᠮᠲᠤ ᠶᠢᠨ ᠬᠥᠭᠵᠢᠯ ᠴᠡᠴᠡᠭᠯᠡᠯ ᠢ ᠬᠦᠴᠦᠲᠡᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠬᠡ ᠤᠯᠤᠰ ᠤᠨ ᠤᠮᠠᠷᠠᠲᠤ  ᠶᠢᠨ ᠲᠠᠯ᠎ᠠ ᠨᠤᠲᠤᠭ ᠲᠤ  ᠳᠡᠯᠭᠡᠷᠡᠭᠦᠯᠦᠭᠰᠡᠨ ᠪᠠᠶᠢᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号