ᠳᠠᠭᠤᠲᠣᠨᠠᠭᠤᠷ ᠪᠠᠯᠭᠠᠰᠤ  ︽ᠠᠷᠠᠳ ᠤᠨ ᠲᠥᠯᠥᠭᠡᠯᠡᠭᠴᠢᠳ ᠤᠨ ᠦᠷᠦᠭᠡ ︾ ᠲᠤᠰᠢᠶᠠᠯ  ᠬᠠᠷᠢᠭᠤᠴᠠᠯᠭ᠎ᠠ ᠪᠠᠨ ᠭᠦᠶᠴᠡᠳᠬᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/9/24
      9 ᠰᠠᠷ᠎ᠠ ᠶᠢᠨ 17 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠳᠠᠭᠤᠲᠣᠨᠠᠭᠤᠷ ᠪᠠᠯᠭᠠᠰᠤ ︿︿ᠠᠷᠠᠳ ᠤᠨ ᠲᠥᠯᠥᠭᠡᠯᠡᠭᠴᠢᠳ ᠤᠨ ᠦᠷᠦᠭᠡ﹀﹀ ᠲᠤᠰᠢᠶᠠᠯ  ᠬᠠᠷᠢᠭᠤᠴᠠᠯᠭ᠎ᠠ ᠪᠠᠨ ᠭᠦᠶᠴᠡᠳᠬᠡᠬᠦ ᠠᠵᠢᠯᠯᠠᠭ᠎ᠠ ᠦᠷᠨᠢᠭᠦᠯᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠳᠠᠭᠤᠲᠣᠨᠠᠭᠤᠷ ᠪᠠᠯᠭᠠᠰᠦ ᠶᠢᠨ ᠨᠠᠮ ᠤᠨ ᠬᠤᠷᠢᠶᠠᠨ ᠤ ᠱᠦᠵᠢ ᠬᠦᠳᠡᠷ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠶᠤᠨᠭᠡᠷᠡᠯ ᠪᠣᠯᠣᠨ ᠳᠠᠭᠤᠳᠤᠨᠠᠭᠤᠷ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ᠂ ᠭᠠᠴᠠᠭᠠᠨ ᠤ ᠠᠷᠠᠳ ᠤᠨ ᠲᠥᠯᠥᠭᠡᠯᠡᠭᠴᠢ᠂ ᠰᠣᠩᠭᠤᠭᠤᠯᠢ ᠶᠢᠨ ᠠᠷᠠᠳ ᠠᠵᠢᠯᠯᠠᠭ᠎ᠠ ᠳᠤ ᠣᠷᠣᠯᠴᠠᠪᠠ  ᠃      ᠠᠵᠢᠯᠯᠠᠭᠠᠨ ᠳᠤ᠂《ᠠᠷᠠᠳ ᠤᠨ ᠲᠥᠯᠥᠭᠡᠯᠡᠭᠴᠢᠳ ᠤᠨ ᠦᠷᠦᠭᠡ︾   ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠤᠶᠤᠨᠭᠡᠷᠡᠯ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠳᠠᠭᠤᠲᠣᠨᠠᠭᠤᠷ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠠᠯ᠎ᠠ ᠶᠢᠨ ᠠᠵᠢᠯ ᠢ ᠭᠦᠢᠴᠡᠳ ᠨᠣᠲᠠᠯᠠᠭᠰᠠᠨ ᠤ ᠬᠠᠮᠲᠦ 《ᠠᠷᠠᠳ ᠤᠨ ᠲᠥᠯᠥᠭᠡᠯᠡᠭᠴᠢᠳ ᠤᠨ ᠦᠷᠦᠭᠡ︾   ᠢ ᠰᠠᠶᠢᠲᠤᠷ ᠠᠰᠢᠭᠯᠠᠵᠤ᠂ ᠠᠷᠠᠳ ᠣᠯᠠᠨ ᠲᠠᠢ ᠰᠠᠶᠢᠲᠤᠷ ᠬᠠᠷᠢᠯᠴᠠᠬᠤ ᠬᠥᠭᠦᠷᠭᠡ ᠬᠤᠯᠪᠣᠭᠠᠰᠤ ᠶᠢ ᠪᠠᠶᠢᠭᠤᠯᠵᠤ᠂ ᠲᠥᠯᠥᠭᠡᠯᠡᠭᠴᠢᠳ ᠤᠨ ᠲᠤᠰᠢᠶᠠᠯ   ᠪᠠᠨ ᠭᠦᠢᠴᠡᠳᠬᠡᠬᠦ ᠲᠠᠪᠴᠠᠩ ᠢ ᠦᠷᠭᠡᠳᠬᠡᠵᠦ᠂ ᠣᠯᠠᠨ ᠶᠠᠩᠵᠤ ᠶᠢᠨ ᠬᠡᠯᠪᠡᠷᠢ ᠪᠠᠷ ᠶᠡᠷᠦᠩᠬᠡᠢ ᠱᠦᠵᠢ ᠰᠢ   ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠥᠷᠭᠡᠨ ᠢᠶᠠᠷ ᠰᠤᠷᠤᠯᠴᠠᠨ ᠤᠬᠠᠭᠤᠯᠤᠨ ᠲᠤᠤᠱᠯᠠᠭᠤᠯᠵᠦ᠂ ᠠᠷᠠᠳ ᠤᠨ ᠲᠥᠯᠥᠭᠡᠯᠡᠭᠴᠢ ᠶᠢᠨ ᠦᠵᠡᠯ ᠰᠠᠨᠠᠭᠠᠨ ᠤ ᠬᠢᠷᠢ ᠲᠦᠪᠰᠢᠨ ᠪᠠ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠠᠢ ᠭᠡᠵᠡᠢ  ᠃      ᠠᠵᠢᠯᠯᠠᠭᠠᠨ ᠳᠤ᠂ ᠠᠷᠠᠳ ᠤᠨ ᠲᠥᠯᠥᠭᠡᠯᠡᠭᠴᠢᠳ ᠤᠨ ᠵᠠᠰᠠᠭ ᠤᠨ ᠶᠠᠪᠤᠳᠠᠯ ᠢ ᠠᠰᠠᠭᠤᠨ ᠵᠦᠪᠯᠡᠬᠦ ᠠᠬᠤᠶ ᠲᠠᠯᠠᠪᠠᠶ ᠶᠢᠨ ᠬᠤᠷᠠᠯ ᠢ ᠥᠷᠨᠢᠭᠦᠯᠵᠦ᠂ ᠪᠠᠯᠭᠠᠰᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠷᠢᠭᠤᠴᠠᠯᠭ᠎ᠠ‌ᠡᠴᠠ ᠵᠠᠶᠢᠯᠠᠬᠤ ᠥᠬᠡᠶ᠂ ᠠᠰᠠᠭᠤᠳᠠᠯ ᠳᠤ ᠰᠢᠭᠤᠳ ᠬᠠᠨᠳᠤᠵᠤ᠂ ᠮᠠᠯᠴᠢᠨ ᠲᠦᠮᠡᠨ ᠤ ᠳᠤᠷᠠᠳᠤᠭᠰᠠᠨ 《 ᠮᠠᠯ ᠠᠵᠤ ᠠᠬᠤᠶ ᠶᠢᠨ ᠬᠢᠵᠢᠭ ᠡᠪᠡᠳᠴᠢᠨ ᠢ ᠰᠡᠷᠭᠡᠶᠢᠯᠡᠨ‌ᠡᠵᠡᠮᠳᠡᠬᠦ 》᠂ 《 ᠮᠠᠯᠴᠢᠨ ᠲᠦᠮᠡᠨ ᠲᠣᠤᠷ ᠲᠠᠲᠠᠵᠤ ᠵᠠᠮ ᠪᠢᠲᠡᠭᠦᠮᠵᠢᠯᠡᠬᠦ 》᠂ 《 ᠮᠠᠯᠵᠢᠬᠤ ᠣᠷᠣᠨ ᠳᠤ ᠴᠠᠬᠢᠯᠭᠠᠨ ᠨᠡᠪᠲᠡᠷᠡᠭᠦᠯᠬᠦ ᠠᠰᠠᠭᠤᠳᠠᠯ 》᠂ 《 ᠴᠢᠮᠡᠭᠡ ᠬᠤᠯᠪᠣᠭᠠᠨ ᠤ ᠰᠦᠯᠵᠢᠶᠡᠨ ᠤ ᠪᠥᠲᠥᠭᠡᠨ ᠪᠠᠶᠢᠭᠤᠯᠤᠯᠲᠠ 》᠂ 《 ᠬᠡᠷ ᠪᠦᠯᠢ  ᠨᠢ ᠬᠦᠴᠢᠷᠳᠡᠯᠲᠡᠶ ᠮᠠᠯᠴᠢᠨ ᠤ ᠬᠢᠮᠳᠠ ᠪᠠᠷ  ᠭᠡᠷ ᠳᠦᠷᠢᠶᠡᠰᠦᠯᠡᠬᠦ  ᠂ ᠣᠷᠣᠨ ᠰᠠᠭᠤᠴᠠ ᠶᠢᠨ ᠠᠰᠠᠭᠤᠳᠠᠯ 》᠂ 《 ᠵᠠᠮ ᠤᠨ ᠪᠥᠲᠥᠭᠡᠨ ᠪᠠᠶᠢᠭᠤᠯᠤᠯᠲᠠ 》 ᠵᠡᠷᠭᠡ ᠠᠰᠠᠭᠤᠳᠠᠯ ᠢ ᠨᠠᠷᠢᠨ ᠲᠣᠳᠣᠷᠬᠠᠶ᠂ ᠵᠥᠪ ᠲᠠᠯ᠎ᠠ ᠠᠴᠠ ᠬᠠᠷᠢᠭᠤᠯᠵᠤ᠂ ᠪᠣᠳᠠᠲᠠᠶ ᠴᠠᠭ ᠤᠨ ᠬᠦᠰᠦᠨᠦᠭ ᠭᠠᠷᠭᠠᠵᠤ᠂ ᠲᠤᠬᠠᠶ ᠶᠢᠨ ᠲᠠᠯᠠᠪᠠᠶ ᠶᠢᠨ ᠠᠷᠠᠳ ᠤᠨ  ᠲᠥᠯᠥᠭᠡᠯᠡᠭᠴᠢ ᠵᠢᠴᠢ ᠰᠣᠩᠭᠤᠭᠤᠯᠢ ᠶᠢᠨ ᠠᠷᠠᠳ ᠵᠠᠰᠠᠭ ᠤᠨ ᠣᠷᠳᠣᠨ ᠤ ᠠᠵᠢᠯ ᠳᠤ ᠬᠠᠨᠤᠮᠵᠢ ᠶᠢᠨ ᠬᠡᠮᠵᠢᠶ᠎ᠡ  ᠶᠢᠨ ᠰᠢᠯᠭᠠᠨ ᠦᠨᠡᠯᠡᠯᠲᠡ ᠬᠢᠪᠠ  ᠃ ᠳᠠᠷᠠᠭ᠎ᠠ ᠨᠢ᠂ ᠬᠤᠰᠢᠭᠤ ᠱᠠᠲᠤᠨ ᠤ ᠠᠷᠠᠳ ᠤᠨ  ᠲᠥᠯᠥᠭᠡᠯᠡᠭᠴᠢ ᠬᠦᠳᠡᠷ᠂ ᠪᠤᠯᠠᠭ᠂ ᠪᠠᠯᠭᠠᠰᠤ ᠱᠠᠲᠤᠨ ᠤ ᠠᠷᠠᠳ ‍ᠤᠨ‌‍ᠲ᠋ᠥ᠋ᠯᠥᠭᠡᠯᠡᠭᠴᠢ‌ᠢᠯᠠᠯᠲᠠ ᠲᠣᠰ ᠲᠣᠰ ᠲᠥᠯᠥᠭᠡᠯᠡᠭᠴᠢ ᠶᠢᠨ ᠡᠭᠦᠷᠭᠡ‌ᠬᠠᠷᠢᠭᠤᠴᠠᠯᠭ᠎ᠠ ᠪᠠᠨ ᠭᠦᠶᠴᠡᠳᠬᠡᠬᠦ ᠪᠠᠷ ᠭᠤᠤᠯᠳᠠᠯᠭ᠎ᠠ ᠪᠣᠯᠭᠠᠵᠤ᠂ ᠰᠤᠷᠤᠯᠴᠠᠯᠭ᠎ᠠ ᠪᠣᠯᠪᠠᠰᠤᠷᠠᠯ᠂ ᠡᠷᠬᠡ‌‍ᠲ᠋ᠤᠰᠢᠶᠠᠯ ᠢᠶᠠᠨ ᠭᠦᠶᠴᠡᠳᠬᠡᠬᠦ᠂ ᠬᠠᠤᠯᠢ ᠰᠠᠬᠢᠯᠭ᠎ᠠ‌‍ᠶᠢ ᠵᠢᠷᠤᠮᠯᠠᠬᠤ᠂ ᠰᠣᠩᠭᠤᠭᠤᠯᠢ ᠶᠢᠨ ᠠᠷᠠᠳ ᠲᠠᠢ ᠬᠠᠷᠢᠯᠴᠠᠬᠤ᠂ ᠬᠢᠨᠠᠯᠲᠠ ᠶᠢ ᠬᠦᠯᠢᠶᠡᠬᠦ ᠵᠡᠷᠭᠡ‌‍ᠲ᠋ᠠᠯ᠎ᠠ‌‍ᠪᠠᠷ ᠲᠤᠬᠠᠶᠢᠯᠠᠭᠰᠠᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠲᠤᠰᠢᠶᠠᠯ ᠤᠨ ᠮᠡᠳᠡᠭᠦᠯᠦᠯᠲᠡ ᠬᠢᠵᠡᠶ᠃ ᠰᠣᠩᠭᠤᠭᠤᠯᠢ ᠶᠢᠨ ᠠᠷᠠᠳ ᠠᠴᠠ ᠲᠥᠯᠥᠭᠡᠯᠡᠭᠴᠢᠳ ᠤᠨ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠦᠨᠡᠨ ᠠᠴᠠ ᠵᠥᠪ ᠢ ᠡᠷᠢᠬᠦ᠂ ᠪᠤᠰᠤᠳᠴᠢ ᠲᠥᠪ ᠭᠤᠣᠯᠴᠢ ᠪᠠᠶᠢᠬᠤ ᠵᠠᠷᠴᠢᠮ ᠶᠣᠰᠣᠭᠠᠷ ᠲᠤᠬᠠᠢ ᠶᠢᠨ ᠲᠠᠯᠠᠪᠤᠷ ᠲᠤ ᠠᠷᠠᠳ ‍ᠤᠨ‌‍ᠲ᠋ᠥ᠋ᠯᠥᠭᠡᠯᠡᠭᠴᠢ ᠶᠢ ᠰᠢᠯᠭᠠᠨ ᠦᠨᠡᠯᠡᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ  ᠃      ᠠᠵᠢᠯᠯᠠᠭᠠᠨ ᠳᠤ᠂ ᠳᠠᠭᠤᠲᠤᠨᠠᠭᠤᠷ ᠪᠠᠯᠭᠠᠰᠤᠨ ᠤ《 ᠰᠤᠷᠭᠠᠨ ᠬᠥᠮᠦᠵᠢᠯ ᠢ ᠭᠦᠭᠵᠢᠭᠦᠯᠬᠦ ᠰᠠᠭᠤᠷᠢ ᠮᠥᠩᠭᠦ 》 ᠠᠴᠠ 10000 ᠲᠥᠭᠦᠷᠢᠭ‌ᠭᠠᠷᠭᠠᠵᠤ᠂ ᠠᠮᠢᠳᠤᠷᠠᠯ ᠨᠢ ᠬᠦᠴᠢᠷᠳᠡᠯᠲᠠᠢ 10 ᠣᠶᠤᠲᠠᠨ ᠢ ᠲᠤᠰᠠᠯᠠᠭᠰᠠᠨ ᠪᠥᠭᠡᠳ ᠠᠷᠠᠳ ᠤᠨ ᠲᠥᠯᠥᠭᠡᠯᠡᠭᠴᠢᠳ ᠤᠨ ᠵᠢᠱᠢᠶᠡᠴᠢ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢ᠂ ᠰᠣᠩᠭᠤᠭᠤᠯᠢ ᠶᠢᠨ ᠠᠷᠠᠳ᠂ ᠰᠦᠮ᠎ᠡ ᠬᠡᠶᠢᠳ ᠤᠨ ᠬᠢᠨ ᠢ ᠤᠷᠢᠶᠠᠯᠠᠨ ᠵᠣᠭᠤᠰ ᠬᠠᠨᠳᠢᠪᠯᠠᠬᠤ ᠠᠵᠢᠯᠯᠠᠭ᠎ᠠ‌‍ᠳᠤ ᠣᠷᠣᠯᠴᠠᠭᠤᠯᠤᠭᠰᠠᠨ ᠪᠥᠭᠡᠳ 16400 ᠲᠥᠭᠦᠷᠢᠭ ᠤᠨ 《 ᠰᠤᠷᠭᠠᠨ ᠬᠥᠮᠦᠵᠢᠯ   ᠢ ᠭᠦᠭᠵᠢᠭᠦᠯᠬᠦ ᠰᠠᠭᠤᠷᠢ ᠮᠥᠩᠭᠦ 》 ᠴᠤᠭᠯᠠᠭᠤᠯᠵᠤ᠂ ᠭᠠᠴᠠᠭᠠᠨ ᠤ ᠰᠤᠷᠤᠭᠴᠢᠳ   ᠢ ᠳᠡᠮᠵᠢᠨ ᠱᠠᠩᠨᠠᠬᠤ ᠳᠤ ᠬᠡᠷᠡᠭᠯᠡᠬᠦ ᠢᠶᠠᠷ ᠪᠣᠯᠪᠠ  ᠃      ᠡᠨᠡ ᠬᠤᠭᠤᠴᠠᠭᠠᠨ ᠳᠤ ᠪᠠᠰᠠ 《 ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ 》 ᠶᠢᠨ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠵᠦ᠂ ᠲᠥᠪ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠢ ᠬᠠᠮᠢᠶ᠎ᠠ‌‍ᠪᠦ᠋ᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠰᠤᠷᠤᠯᠴᠠᠨ ᠤᠯᠠᠮᠵᠢᠯᠠᠵᠤ᠂ ᠪᠦᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠵᠢ‌ᠠᠬᠢᠭᠤᠯᠪᠠ  ᠃      ᠠᠵᠢᠯᠯᠠᠭᠠᠨ ᠳᠤ ᠪᠠᠰᠠ᠂ ᠦᠨᠳᠦᠰᠦᠲᠡᠨ ᠤ ᠤᠯᠠᠮᠵᠢᠯᠠᠯᠲᠤ ᠨᠠᠶᠢᠷ ᠨᠠᠭᠠᠳᠤᠮ ᠥᠷᠨᠢᠭᠦᠯᠵᠦ᠂ ᠲᠤᠬᠠᠢ ᠶᠢᠨ ᠲᠠᠯᠠᠪᠠᠢ ᠶᠢᠨ ᠬᠥᠮᠦᠰ ᠢᠳᠡᠪᠬᠢᠲᠡᠢ ᠣᠷᠣᠯᠴᠠᠵᠦ᠂ ᠲᠥᠯᠥᠭᠡᠯᠡᠭᠴᠢᠳ ᠪᠣᠯᠤᠨ ᠰᠣᠩᠭᠤᠭᠤᠯᠢ ᠶᠢᠨ ᠠᠷᠠᠳ ᠤᠨ ᠬᠤᠭᠤᠷᠣᠨᠳᠣᠬᠢ ᠣᠶᠢᠯᠠᠭᠠᠯᠴᠠᠭ᠎ᠠ ᠰᠣᠯᠢᠯᠴᠠᠭ᠎ᠠ ᠶᠢ ᠨᠡᠮᠡᠭᠳᠡᠭᠦᠯᠵᠦ᠂ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ  ᠤᠨ ᠳᠤᠮᠳᠠ ᠰᠣᠶᠣᠯ ᠴᠡᠩᠭᠡᠯ ᠤᠨ ᠪᠠᠶᠠᠷ ᠪᠠᠭ᠋ᠠᠳᠤᠯ ᠢ ᠡᠳ᠋ᠯᠡᠭᠰᠡᠨ ᠪᠠᠶᠢᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号