ᠤᠯᠢᠶᠠᠰᠤᠲᠠᠢ ᠪᠠᠯᠭᠠᠰᠤ ᠶᠢᠨ ᠬᠥᠪᠴᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/9/24
      ᠨᠠᠶᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ︿︿ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠪᠰᠤᠷᠬᠤ﹀﹀ ᠰᠠᠶᠢᠨ ᠰᠠᠶᠢᠬᠠᠨ ᠬᠡᠪ ᠰᠤᠷᠲᠠᠯ ᠢ ᠢᠳᠡᠪᠬᠢᠲᠡᠶ ᠰᠠᠨᠠᠭᠠᠴᠢᠯᠠᠵᠤ᠂ ᠬᠠᠷᠢᠶ᠎ᠠ‌‍ᠲ᠋ᠣᠭᠤᠷᠢᠭ ᠤᠨ ᠢᠶᠠᠨ ᠭᠠᠭᠴᠠᠭᠠᠷ ᠰᠠᠭᠤᠭ᠎ᠠ‌ᠨᠠᠰᠤᠲᠠᠶᠢᠴᠤᠳ  ᠂ ᠬᠡᠷ ᠲᠡᠭᠡᠨ ᠬᠤᠴᠣᠷᠤᠭᠰᠠᠨ‌ᠨᠠᠰᠤᠲᠠᠶᠢᠴᠤᠳ ᠵᠢᠴᠢ ᠠᠬᠠᠮᠠᠳ ᠨᠠᠮ ᠤᠨ ᠭᠡᠰᠢᠭᠦᠳ ᠲᠤ ᠨᠠᠮ ᠤᠨ ᠬᠠᠶᠢᠷ᠎ᠠ ᠬᠠᠯᠠᠮᠵᠢ ᠪᠠ‌ᠨᠡᠶᠢᠭᠡᠮ ᠲᠣᠭᠤᠷᠢᠭ ᠤᠨ ᠶᠡᠭᠡ ᠬᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠲᠥᠯᠥᠭᠡ᠂ 9 ᠰᠠᠷ᠎ᠠ ᠶᠢᠨ 17 ᠤ ᠡᠳᠦᠷ᠂   ᠤᠯᠢᠶᠠᠰᠤᠲᠠᠢ ᠪᠠᠯᠭᠠᠰᠤ ᠶᠢᠨ ᠬᠥᠪᠴᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ︿︿ᠦᠠᠳᠣᠰᠣᠳᠠᠠ ᠨᠥᠬᠦᠳ ᠨᠢᠭᠡ ᠭᠡᠷ ᠮᠡᠲᠦ ᠪᠥᠯᠬᠦᠮᠳᠡᠵᠦ  ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢᠶᠠᠷ ᠬᠠᠮᠲᠤ ᠨᠠᠶᠢᠷᠯᠠᠬᠤ﹀﹀ ᠭᠤᠤᠯ ᠰᠡᠳᠦᠪᠲᠦ ᠠᠵᠢᠯᠯᠠᠭ᠎ᠠ‌ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠠᠰᠤᠲᠠᠶᠢᠴᠤᠳ   ᠲᠠᠢ ᠬᠠᠮᠲᠤ ᠪᠠᠷ ᠬᠤᠭᠤᠯᠠ‌ᠢᠳᠡᠵᠦ  ᠂ ᠭᠡᠷ  ᠪᠥᠯᠢ ᠶᠢᠨ ᠬᠠᠯᠠᠭᠤᠨ ᠳᠤᠯᠠᠭᠠᠨ ᠪᠠ ᠪᠠᠶᠠᠷ ᠪᠠᠶᠠᠰᠤᠯ ᠢ  ᠬᠦᠷᠲᠡᠭᠡᠪᠡ  ᠃      ᠡᠳᠦᠷ ᠲᠤᠲᠤᠮ ᠤᠨ ᠠᠵᠢᠯ ᠳᠤᠮᠳᠠ᠂ ᠬᠥᠪᠴᠢᠨ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ  ᠲᠣᠭᠤᠷᠢᠭ ᠤᠨ ᠢᠶᠠᠨ ᠭᠠᠭᠴᠠᠭᠠᠷ ᠰᠠᠭᠤᠭ᠎ᠠ‌ᠨᠠᠰᠤᠲᠠᠨ᠂ ᠬᠡᠷ ᠲᠡᠭᠡᠨ ᠬᠤᠴᠣᠷᠤᠭᠰᠠᠨ ᠨᠠᠰᠤᠲᠠᠨ ᠪᠣᠯᠤᠨ ᠠᠬᠠᠮᠠᠳ ᠨᠠᠮ ᠤᠨ ᠭᠡᠰᠢᠭᠦᠳ ᠢ ᠪᠠᠶᠢᠩᠭᠤ  ᠬᠠᠯᠠᠮᠵᠢᠯᠠᠵᠤ᠂ ᠵᠢᠯ ᠴᠠᠭᠠᠨ ᠰᠠᠷ᠎ᠠ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠠᠵᠢᠯᠲᠠᠨ ᠢᠶᠠᠨ ᠵᠣᠬᠢᠶᠠᠨ ᠪᠠᠶᠢᠭᠤᠯᠵᠤ ᠡᠷᠬᠢᠨ ᠦᠵᠡᠳᠡᠭ  ᠃ ᠡᠨᠡ ᠵᠢᠯ ᠤᠨ ᠨᠠᠶᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ  ᠤ  ᠪᠠᠶᠠᠷ ᠬᠦᠷᠴᠦ ᠢᠷᠡᠬᠦ ᠲᠠᠰᠢᠷᠠᠮ ᠢᠶᠠᠷ  ᠂ ᠨᠡᠶᠢᠭᠡᠮ ᠲᠣᠭᠤᠷᠢᠭ ᠤᠨ ᠠᠵᠢᠯᠲᠠᠳ ᠬᠠᠮᠲᠦ  ᠳᠠᠭᠠᠨ ᠪᠠᠩᠰᠢ ᠪᠠᠷᠢᠵᠤ᠂  ᠬᠤᠭᠤᠯᠠ ᠪᠡᠯᠡᠳᠬᠡᠵᠦ᠂  ᠬᠥᠳᠡᠯᠭᠡᠭᠡᠨ ᠤ ᠲᠠᠯᠠᠪᠠᠶ ᠶᠢ ᠵᠠᠰᠠᠵᠤ ᠴᠢᠮᠡᠵᠦ᠂ ᠠᠷᠪᠠᠨ ᠬᠡᠳᠦᠨ ᠨᠠᠰᠤᠲᠠᠨ ᠨᠢᠭᠡ ᠳᠣᠤᠷ᠎ᠠ‌‍ᠴᠤᠭᠯᠠᠷᠠᠨ᠂ ᠪᠠᠶᠠᠷ ᠬᠥᠷ ᠲᠠᠢ ᠪᠠᠷ  ᠪᠠᠶᠠᠷ ᠤᠨ ᠡᠳᠦᠷ ᠢᠶᠠᠨ ᠪᠡᠯᠭᠡᠯᠡᠪᠡ  ᠃     ᠲᠣᠰ ᠤᠳᠠᠭᠠᠨ ᠤ ᠠᠵᠢᠯᠯᠠᠭ᠎ᠠ‌‍ᠳᠤ᠂ ᠬᠥᠪᠴᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠪᠠᠶᠠᠷ  ᠤᠨ ᠡᠳᠦᠷ ᠢ ᠬᠠᠮᠲᠤ ᠪᠠᠷ ᠪᠡᠯᠭᠡᠯᠡᠬᠦ ᠠᠷᠭ᠎ᠠ‌ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ  ᠤᠨ ᠭᠠᠭᠴᠠᠭᠠᠷ ᠰᠠᠭᠤᠭ᠎ᠠ‌ᠨᠠᠰᠤᠲᠠᠨ᠂ ᠬᠡᠷ ᠲᠡᠭᠡᠨ ᠬᠤᠴᠣᠷᠤᠭᠰᠠᠨ ᠨᠠᠰᠤᠲᠠᠨ ᠪᠣᠯᠣᠨ ᠠᠬᠠᠮᠠᠳ ᠨᠠᠮ ᠤᠨ ᠭᠡᠰᠢᠭᠦᠨ ᠲᠤ  ᠪᠠᠶᠠᠷ  ᠤᠨ ᠡᠳᠦᠷ ᠤᠨ ᠪᠠᠶᠠᠷ ᠪᠠᠶᠠᠰᠤᠯ ᠢ ᠡᠳ᠋ᠯᠡᠭᠦᠯᠬᠦ ᠶᠢᠨ ᠬᠠᠮᠲᠤ᠂ ᠤᠯᠠᠮᠵᠢᠯᠠᠯᠲᠤ ᠪᠠᠶᠠᠷ ᠤᠨ ᠡᠳᠦᠷ᠂ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠡᠶ᠎ᠡ‌ᠵᠣᠬᠢᠴᠠᠯ ᠲᠠᠢ᠂ ᠪᠣᠯᠪᠠᠰᠤᠨ ᠨᠡᠶᠢᠭᠡᠮ ᠤᠨ ᠰᠢᠨ᠎ᠡ ᠬᠡᠪ ᠰᠤᠷᠲᠠᠯ ᠢ ᠡᠭᠦᠳᠦᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ  ᠡᠷᠭᠦᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号