ᠳᠡᠭᠡᠳᠦ ᠱᠠᠲᠤᠨ ᠤ ᠬᠤᠷᠠᠯ ᠤᠨ ᠱᠠᠭᠠᠷᠳᠠᠯᠭ᠎ᠠ ᠶᠣᠰᠣᠭᠠᠷ᠂ 9 ᠰᠠᠷ᠎ᠠ ᠶᠢᠨ 14 ᠤ ᠡᠳᠦᠷ᠂ | ᠮᠠᠨᠳᠤᠬᠤᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠥᠭᠡᠮᠡᠯᠵᠢᠭᠦᠯᠬᠦ ᠲᠥᠪ ᠠᠴᠠ | ᠠᠵᠢᠯᠲᠠᠨ ᠵᠢᠴᠢ ᠭᠠᠴᠠᠭᠠᠨ ᠤ ᠬᠢᠵᠢᠭ ᠰᠡᠷᠭᠡᠶᠢᠯᠡᠭᠴᠢ 20 ᠭᠠᠷᠤᠶ ᠬᠥᠮᠦᠰ ᠢ ᠵᠣᠬᠢᠶᠠᠨ ᠪᠠᠶᠢᠭᠤᠯᠵᠤ ᠬᠤᠰᠢᠭᠤ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ ᠲᠣᠪᠴᠢᠶ᠎ᠠ ᠶᠢᠨ ᠡᠷᠭᠢᠯᠡᠭᠰᠡᠨ | ᠪᠣᠯᠪᠠᠰᠤᠷᠠᠯ ᠳᠤ ᠣᠷᠤᠯᠴᠠᠪᠠ᠃ | ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠮᠢᠲᠠᠨ ᠤ ᠬᠦᠨᠳᠦ | ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠰᠠᠯᠠᠭᠠᠨ ᠤ ᠳᠠᠷᠤᠭ᠎ᠠ | ᠪᠤᠶᠠᠨᠬᠡᠰᠢᠭ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠂ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠣᠨᠣᠰᠢᠯᠠᠬᠤ᠂ ᠬᠢᠵᠢᠭ ᠤᠨ ᠪᠠᠶᠢᠳᠠᠯ ᠢ | ᠰᠢᠢᠳᠪᠦᠷᠢᠯᠡᠬᠦ ᠵᠢᠴᠢ ᠡᠭᠡᠯᠢᠯᠡᠭᠡ ᠶᠢᠨ ᠮᠡᠷᠭᠡᠵᠢᠯ ᠤᠨ ᠳᠦᠷᠢᠮᠵᠢᠯ ᠵᠡᠷᠭᠡ ᠲᠠᠯ᠎ᠠ ᠪᠠᠷ ᠬᠢᠴᠢᠶᠡᠯ ᠣᠷᠤᠵᠤ᠂ ᠥᠪᠥᠷ | ᠮᠣᠩᠭᠤᠯ ᠤᠨ ᠰᠢᠶᠤᠤ ᠼᠤᠤ ᠲᠣᠭᠠᠴᠢᠯᠠᠭᠰᠠᠨ ᠠᠮᠢ ᠠᠬᠤᠶ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ | ᠠᠵᠢᠯᠲᠠᠨ ᠠᠴᠠ ᠣᠶᠤᠨᠴᠢ ᠠᠮᠢ ᠠᠬᠤᠶ ᠶᠢᠨ ᠰᠦᠯᠵᠢᠶᠡᠨ ᠲᠠᠪᠴᠠᠩ ᠠᠴᠠ ᠸᠠᠺᠼᠢᠨ ᠵᠠᠬᠢᠶᠠᠯᠠᠬᠤ᠂ ᠲᠠᠷᠬᠠᠭᠠᠬᠤ᠂ | ᠡᠭᠡᠯᠢᠯᠡᠭᠡ ᠶᠢᠨ ᠠᠬᠢᠴᠠ ᠶᠢ ᠳᠡᠭᠡᠭᠰᠢ ᠮᠡᠳᠡᠭᠦᠯᠬᠦ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠵᠦ᠂ ᠱᠠᠨᠳᠦ᠋ᠩ ᠤᠨ | ᠴᠢ ᠯᠦ ᠠᠮᠢᠲᠠᠨ ᠤ ᠡᠷᠡᠭᠦᠯᠵᠢᠯ ᠤᠨ ᠡᠳ᠋ ᠤᠨ ᠬᠢᠵᠠᠭᠠᠷᠲᠤ ᠺᠣᠮᠫᠠᠨᠢ ᠶᠢᠨ ᠠᠵᠢᠯᠲᠠᠨ ᠮᠠᠨ ᠤ ᠬᠤᠰᠢᠭᠤᠨ ᠤ | ᠰᠢᠨ᠎ᠡ ᠪᠠᠷ ᠬᠡᠷᠡᠭᠯᠡᠭᠰᠡᠨ ᠪᠷᠦ᠋ᠼᠧᠯ ᠡᠪᠡᠳᠴᠢᠨ A19 ᠲᠠᠷᠢᠯᠭ᠎ᠠ ᠶᠢᠨ ᠸᠠᠺᠼᠢᠨ ᠤ ᠲᠦᠷᠢᠮ ᠳᠤ ᠲᠠᠶᠢᠯᠪᠤᠷᠢᠯᠠᠯᠲᠠ | ᠬᠢᠵᠦ᠂ ᠬᠠᠮᠤᠭ ᠰᠡᠭᠦᠯ ᠳᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠨᠢᠭ ᠮᠡᠷᠭᠡᠵᠢᠯ ᠤᠨ | ᠲᠣᠪᠴᠢᠶ᠎ᠠ ᠶᠢᠨ ᠠᠵᠢᠯᠲᠠᠨ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠡᠯ᠎ᠡ | ᠵᠦᠢᠯ ᠤᠨ ᠠᠩᠬᠠᠷᠬᠤ ᠵᠦᠢᠯᠡᠰ ᠢ ᠭᠤᠤᠯᠳᠠᠯᠭ᠎ᠠ ᠲᠠᠢ ᠲᠠᠶᠢᠯᠪᠤᠷᠢᠯᠠᠯᠲᠠ ᠬᠢᠪᠡ᠃ | ᠲᠤᠰ ᠤᠳᠠᠭᠠᠨ ᠤ ᠪᠣᠯᠪᠠᠰᠤᠷᠠᠯ ᠳᠤ ᠦᠨᠳᠦᠰᠦᠨ ᠱᠠᠲᠤᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠮᠠᠯ ᠡᠮᠨᠡᠯᠭᠡ ᠶᠢᠨ ᠠᠵᠢᠯᠲᠠᠨ ᠪᠠ ᠭᠠᠴᠠᠭᠠᠨ ᠤ | ᠬᠢᠵᠢᠭ ᠰᠡᠷᠭᠡᠶᠢᠯᠡᠭᠴᠢ ᠶᠢᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠬᠢᠷᠢ ᠬᠡᠮᠵᠢᠶ᠎ᠡ ᠪᠠ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠪᠠᠯᠭᠠᠰᠤᠨ ᠤ ᠠᠮᠢᠲᠠᠨ ᠤ ᠬᠢᠵᠢᠭ ᠢ ᠰᠡᠷᠭᠡᠶᠢᠯᠡᠬᠦ | ᠠᠵᠢᠯ ᠳᠤ ᠬᠦᠴᠦᠲᠡᠶ ᠪᠠᠲᠤᠯᠠᠭ᠎ᠠ ᠬᠠᠩᠭᠠᠪᠠ᠃ | ᠳᠠᠷᠠᠭᠠᠴᠢ ᠶᠢᠨ ᠠᠯᠬᠤᠮ ᠳᠤ᠂ ᠮᠠᠨ ᠤ ᠲᠥᠪ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠨᠠᠮᠤᠷ ᠤᠨ | ᠤᠯᠠᠷᠢᠯ ᠤᠨ ᠠᠮᠢᠲᠠᠨ ᠤ ᠡᠭᠡᠯᠢᠯᠡᠭᠡ ᠶᠢᠨ ᠸᠠᠺᠼᠢᠨ ᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠨ᠎ᠠ᠃ |