ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠲᠠᠬᠢ ᠠᠮᠤᠷ ᠲᠦᠪᠰᠢᠨ ᠤ  ᠬᠢᠨᠠᠨ ᠪᠠᠶᠢᠴᠠᠭᠠᠯᠲᠠ ᠶᠢ ᠡᠷᠴᠢᠮᠲᠠᠢ ᠠᠳᠬᠤᠵᠤ ᠪᠤᠢ
ᠨᠡᠶᠢᠲᠡᠯᠡᠭᠰᠡᠨ ᠴᠠᠭ᠄
2021/9/24
       ᠲᠡᠷᠭᠡᠯ ᠰᠠᠷᠠᠨ ᠤ ᠪᠠᠶᠠᠷ᠂ ᠤᠯᠤᠰ ᠤᠨ ᠪᠠᠶᠠᠷ ᠤᠨ ︽ᠬᠤᠤᠰ ᠪᠠᠶᠠᠷ︾ ᠤᠨ ᠬᠤᠭᠤᠴᠠᠭᠠᠨ ᠳᠤ ᠯᠠᠯᠤ ᠶᠢᠨ ᠢᠳᠡᠭᠡᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠯᠠᠯᠤ ᠶᠢᠨ ᠢᠳᠡᠭᠡᠨ ᠤ ᠬᠠᠩᠭᠠᠯᠭ᠎ᠠ ᠪᠠ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ  ᠵᠦᠪᠯᠡᠯ ᠪᠠᠶᠠᠷ ᠤᠨ ᠡᠳᠦᠷ ᠤᠨ ᠬᠤᠭᠤᠴᠠᠭᠠᠨ ᠳᠠᠬᠢ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠤ  ᠬᠢᠨᠡᠨ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠪᠡ᠃
      9 ᠰᠠᠷ᠎ᠠ ᠶᠢᠨ 18 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠯᠠᠯᠤ ᠶᠢᠨ ᠰᠦᠮ᠎ᠡ ᠶᠢᠨ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ᠂ ᠮᠠᠨ ᠤ ᠬᠤᠰᠢᠭᠤᠨ ᠤ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠯᠠᠯᠤ ᠶᠢᠨ ᠮᠢᠬᠠᠨ ᠢᠳᠡᠭᠡᠨ ᠡᠵᠡᠩᠨᠡᠬᠦ ᠠᠵᠤ ᠠᠬᠤᠶᠢᠯᠠᠯ᠂ ᠯᠠᠯᠤ ᠶᠢᠨ ᠢᠳᠡᠭᠡᠨ ᠤᠮᠳᠠᠭᠠᠨ᠂ ᠯᠠᠯᠤ ᠶᠢᠨ ᠢᠳᠡᠭᠡᠨ ᠡᠵᠡᠩᠨᠡᠬᠦ ᠬᠤᠳᠠᠯᠳᠤᠭᠠᠨ ᠤ ᠲᠠᠯᠠᠪᠤᠷ ︵ᠬᠡᠲᠦ ᠳᠡᠯᠭᠡᠭᠦᠷ︶ ᠲᠤ ᠭᠦᠨᠵᠡᠭᠡᠶᠢᠷᠡᠵᠦ᠂ ᠲᠠᠸᠠᠷ ᠤᠨ ᠭᠠᠳᠠᠷ ᠪᠣᠭᠤᠳᠠᠯ ᠳᠡᠭᠡᠷᠡᠬᠢ ︽ᠯᠠᠯᠤ ᠶᠢᠨ ᠢᠳᠡᠭᠡᠨ︾ ᠤ ᠲᠡᠮᠳᠡᠭ ᠤᠨ ᠬᠡᠷᠡᠭᠯᠡᠯᠲᠡ ᠨᠢ ᠵᠢᠷᠤᠮᠵᠢᠭᠤᠨ ᠡᠰᠡᠬᠦ᠂ ᠯᠠᠯᠤ ᠶᠢᠨ ᠫᠠᠶᠢᠰᠠ ᠦᠨᠡᠮᠯᠡᠯ ᠣᠯᠭᠤᠬᠤ᠂  ᠂ ᠢᠳᠡᠭᠡᠨ ᠢ ᠵᠢᠷᠤᠮᠵᠢᠭᠤᠨ ᠬᠠᠳᠠᠭᠠᠯᠠᠬᠤ  ᠵᠡᠷᠭᠡ ᠲᠠᠯ᠎ᠠ ᠪᠠᠷ ᠭᠤᠤᠯᠳᠠᠯᠭ᠎ᠠ ᠲᠠᠢ ᠬᠢᠨᠠᠨ ᠪᠠᠶᠢᠴᠠᠭᠠᠯᠲᠠ ᠶᠢᠨ ᠬᠠᠮᠲᠦ᠂ ᠯᠠᠯᠤ ᠶᠢᠨ ᠢᠳᠡᠭᠡᠨ‌‍ᠤ ᠡᠵᠡᠩᠨᠡᠭᠴᠢᠳ ᠲᠤ ᠯᠠᠯᠤ ᠶᠢᠨ ᠢᠳᠡᠭᠡᠨ ᠤ ᠬᠠᠮᠢᠶ᠎ᠠ ᠪᠦᠬᠦᠢ ᠮᠡᠳᠡᠯᠭᠡ  ᠂ ᠯᠠᠯᠤ ᠶᠢᠨ ᠢᠳᠡᠭᠡᠨ ᠤ ᠬᠠᠮᠢᠶᠠᠷᠤᠯᠲᠠ ᠶᠢᠨ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ  ᠪᠠ ︽ᠬᠤᠲᠠ ᠶᠢᠨ ᠦᠨᠳᠦᠰᠦᠲᠡᠨ ᠤ ᠠᠵᠢᠯ ᠤᠨ ᠳᠦᠷᠢᠮ︾ ᠢ ᠤᠬᠠᠭᠤᠯᠤᠨ  ᠲᠠᠶᠢᠯᠪᠤᠷᠢᠯᠠᠪᠠ᠃
      ᠬᠢᠨᠡᠨ ᠪᠠᠶᠢᠴᠠᠭᠠᠯᠲᠠ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠷ ᠳᠠᠮᠵᠢᠭᠤᠯᠤᠨ ᠯᠠᠯᠤ ᠶᠢᠨ ᠢᠳᠡᠭᠡᠨ ᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ᠮᠠᠨ ᠤ ᠬᠤᠰᠢᠭᠤᠨ ᠤ ᠯᠠᠯᠤ ᠶᠢᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠯᠠᠯᠤ ᠶᠢᠨ ᠢᠳᠡᠭᠡᠨ ᠤ ᠠᠮᠤᠷ ᠲᠦᠪᠰᠢᠨ ᠢ ᠪᠠᠲᠤᠯᠠᠬᠤ ᠳᠤ ᠢᠳᠡᠪᠬᠢᠲᠡᠶ ᠦᠶ᠋ᠯᠡᠳᠦᠯ ᠦᠵᠡᠭᠦᠯᠪᠡ᠃
 
ᠢᠷᠡᠯᠲᠡ᠄ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号