9 ᠰᠠᠷᠡᠶᠢᠨ 22 ᠤ ᠡᠳᠦᠷ᠂ ᠤᠯᠢᠶᠠᠰᠤᠲᠠᠢ ᠪᠠᠯᠭᠠᠰᠤ ᠨᠢ ᠲᠥᠪ ᠤᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠴᠧᠨ ᠢ ᠰᠢᠨ ᠨᠥᠬᠦᠷ ᠤᠨ ᠭᠤᠸᠠᠩᠳᠦ᠋ᠩ ᠮᠤᠵᠢ ᠶᠢᠨ | ᠱᠧᠨᠵᠧᠨ ᠬᠤᠲᠠ ᠳᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠬᠤ | ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠪᠥᠬᠦ ᠠᠶᠢᠮᠠᠭ ᠤᠨ ᠦᠨᠳᠦᠰᠦᠨ ᠱᠠᠲᠤᠨ ᠤ | ᠲᠣᠭᠲᠠᠭᠤᠨ ᠢ ᠬᠠᠮᠠᠭᠠᠯᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠣᠯᠪᠠᠰᠤᠷᠠᠯ ᠤᠨ ᠠᠩᠭᠢ ᠶᠢᠨ ᠵᠣᠷᠢᠭ | ᠰᠠᠨᠠᠭ᠎ᠠ ᠶᠢ ᠰᠤᠷᠤᠯᠴᠠᠪᠠ᠃ ᠪᠠᠯᠭᠠᠰᠤᠨ ᠤ ᠤᠳᠤᠷᠢᠳᠬᠤ ᠪᠠᠭ ᠤᠨ ᠬᠡᠰᠢᠭᠦᠨ᠂ ᠡᠯ᠎ᠡ ᠠᠯᠪᠠᠨ ᠬᠡᠷ᠂ ᠲᠥᠪ᠂ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃ | ᠬᠤᠷᠠᠯ ᠠᠴᠠ᠂ ᠨᠢᠭᠡ ᠳᠤ᠂ ᠴᠧᠨ ᠢ ᠰᠢᠨ ᠨᠥᠬᠦᠷ ᠠᠴᠠ ᠣᠳᠣᠬᠠᠨ ᠤ ᠤᠯᠤᠰ ᠤᠨ ᠳᠣᠲᠣᠭᠠᠳᠤ | ᠭᠠᠳᠠᠭᠠᠳᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠪᠤᠳᠤᠯᠢᠶᠠᠨᠲᠠᠢ ᠪᠤᠯᠵᠦ᠂ ᠲᠣᠭᠲᠠᠭᠤᠨ ᠪᠤᠰᠤ ᠴᠢᠨᠠᠷ | ᠡᠳᠦᠷ ᠢᠷᠡᠬᠦᠶ᠎ᠡ ᠳᠡᠭᠡᠭᠰᠢᠯᠡᠵᠦ᠂ ᠨᠡᠶᠢᠭᠡᠮ ᠤᠨ ᠵᠠᠰᠠᠯᠲᠠ ᠶᠢᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ | ᠠᠮᠤᠷ ᠲᠣᠭᠲᠠᠭᠤᠨ ᠤ ᠪᠠᠶᠢᠭᠤᠯᠤᠯᠲᠠ ᠶᠢᠨ ᠦᠨᠳᠦᠰᠦᠨ ᠰᠠᠭᠤᠷᠢ ᠶᠢ ᠪᠠᠬᠢᠵᠢᠭᠦᠯᠬᠦ ᠨᠢ ᠨᠡᠩ ᠴᠢᠬᠤᠯᠠ ᠪᠠᠶᠢᠵᠤ ᠂ | ᠣᠶᠢᠷ᠎ᠠ ᠶᠢᠨ ᠵᠢᠯ ᠤᠳ ᠲᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠵᠠᠷᠢᠮ ᠰᠢᠨ᠎ᠡ ᠪᠠᠶᠢᠳᠠᠯ᠂ ᠰᠢᠨ᠎ᠡ | ᠠᠰᠠᠭᠤᠳᠠᠯ ᠲᠤᠯᠭᠠᠷᠠᠵᠤ᠂ ᠪᠢᠳᠡ ᠭᠦᠨᠵᠡᠭᠡᠶ ᠰᠤᠳᠤᠯᠵᠤ᠂ ᠵᠣᠷᠢᠭᠲᠠᠶ ᠪᠠᠷ ᠰᠦᠪᠡᠭᠴᠢᠯᠡᠨ ᠦᠢᠯᠡᠳᠦᠯᠭᠡᠵᠢᠭᠦᠯᠵᠦ᠂ | ᠠᠵᠢᠯ ᠤᠨ ᠰᠡᠳᠬᠢᠮᠵᠢ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠰᠢᠨᠡᠴᠢᠯᠡᠵᠦ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠴᠢᠬᠤᠯᠠᠲᠠᠶ ᠭᠡᠵᠦ ᠴᠢᠬᠤᠯᠠᠴᠢᠯᠠᠪᠠ᠃ ᠃ | ᠬᠤᠶᠠᠷ ᠲᠤ ᠪᠥᠬᠦ ᠠᠶᠢᠮᠠᠭ ᠤᠨ ᠦᠨᠳᠦᠰᠦᠨ ᠱᠠᠲᠤᠨ ᠤ ᠲᠣᠭᠲᠠᠭᠤᠨ ᠪᠠᠶᠢᠳᠠᠯ ᠢ ᠬᠠᠮᠠᠭᠠᠯᠠᠬᠤ᠂ ᠶᠠᠷᠢᠶ᠎ᠠ | ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠤᠯᠪᠠᠰᠣᠷᠠᠯ ᠤᠨ ᠠᠩᠭᠢ ᠳᠤ ᠦᠨᠳᠦᠰᠦᠨ ᠱᠠᠲᠤᠨ ᠤ ᠲᠣᠭᠲᠠᠭᠤᠨ | ᠪᠠᠶᠢᠳᠠᠯ ᠢ ᠬᠠᠮᠠᠭᠠᠯᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ | ᠣᠯᠠᠨ ᠲᠦᠷᠦᠯ ᠤᠨ ᠠᠷᠭ᠎ᠠ ᠬᠡᠮᠵᠢᠶ᠎ᠡ ᠠᠪᠴᠣ ᠦᠨᠳᠦᠰᠦᠨ ᠱᠠᠲᠤᠨ ᠤ ᠲᠣᠭᠲᠠᠭᠤᠨ ᠪᠠᠶᠢᠳᠠᠯ ᠢ ᠬᠠᠮᠠᠭᠠᠯᠠᠬᠤ᠂ | ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠠᠵᠢᠯ ᠢ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠪᠠᠯᠭᠠᠰᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ | ᠴᠧᠨ ᠢ ᠰᠢᠨ ᠨᠥᠬᠦᠷ ᠤᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠣᠯᠠᠨ ᠠᠷᠭ᠎ᠠ ᠬᠡᠮᠵᠢᠶ᠎ᠡ ᠪᠠᠷ ᠠᠮᠤᠷ | ᠲᠣᠭᠲᠠᠭᠤᠨ ᠤ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠵᠤ᠂ ᠠᠷᠠᠳ ᠣᠯᠠᠨ ᠳᠤ ᠨᠠᠩ | ᠣᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠣᠯᠭᠤᠬᠤ | ᠬᠡᠷᠡᠭᠲᠡᠶ᠃ ᠬᠤᠶᠠᠷ ᠲᠤ᠂ ᠭᠠᠴᠠᠭ᠎ᠠ ᠨᠡᠶᠢᠭᠡᠮ ᠲᠣᠭᠤᠷᠢᠭ ᠤᠨ ᠳᠠᠭᠠᠭᠠᠴᠢᠯᠠᠭᠰᠠᠨ ᠤᠳᠤᠷᠢᠳᠤᠯᠭ᠎ᠠ ᠲᠡᠷᠢᠭᠦᠯᠡᠨ | ᠪᠥᠬᠦ ᠠᠶᠢᠮᠠᠭ ᠤᠨ ᠲᠣᠭᠲᠠᠭᠤᠨ ᠢ ᠬᠠᠮᠠᠭᠠᠯᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ | ᠪᠣᠯᠪᠠᠰᠤᠷᠠᠯ ᠤᠨ ᠱᠠᠭᠠᠷᠳᠠᠯᠭ᠎ᠠ ᠶᠣᠰᠣᠭᠠᠷ᠂ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠤ᠂ | ᠣᠳᠣᠬᠠᠨ ᠤ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠶᠡᠭᠡ ᠲᠠᠯ᠎ᠠ ᠶᠢᠨ ᠤᠬᠠᠮᠰᠠᠷ ᠂ ᠬᠤᠷᠢᠭ᠎ᠠ ᠱᠤᠭᠤᠮ ᠤᠨ ᠰᠡᠳᠬᠢᠬᠦᠶ ᠶᠢ ᠪᠣᠶ ᠪᠣᠯᠭᠠᠵᠤ᠂ ᠣᠳᠣᠬᠠᠨ ᠤ | ᠲᠣᠭᠲᠠᠭᠤᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ᠂ ᠪᠥᠬᠦ ᠠᠩᠬᠠᠷᠤᠯ ᠢᠶᠠᠨ ᠲᠥᠪᠯᠡᠷᠡᠭᠦᠯᠦᠨ | ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ ᠪ᠊ ᠦᠢᠯᠡ ᠠᠵᠢᠯᠯᠠᠭ᠎ᠠ ᠪᠠᠷ ᠢᠶᠠᠨ ᠠᠮᠤᠷ | ᠲᠤᠭᠲᠠᠭᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠪᠥᠬᠦ ᠬᠦᠴᠦᠨ ᠢᠶᠠᠷ | ᠳᠡᠭᠡᠭᠰᠢᠯᠡᠭᠦᠯᠵᠦ᠂ ᠠᠮᠤᠷ ᠲᠤᠭᠲᠠᠭᠤᠨ ᠤ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ | ᠦᠨᠡᠨ ᠬᠦ ᠪᠠᠲᠤᠯᠠᠵᠤ᠂ ᠠᠮᠤᠷ ᠲᠤᠭᠲᠠᠭᠤᠨ ᠤᠯᠢᠶᠠᠰᠤᠲᠠᠢ ᠶᠢ ᠪᠦᠲᠦᠭᠡᠨ ᠪᠠᠶᠢᠭᠤᠯᠤᠶ᠎ᠠ᠃ |