ᠤᠯᠢᠶᠠᠰᠦᠳᠠᠢ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠲᠦᠭᠡᠮᠡᠯᠵᠢᠭᠦᠯᠬᠦ ᠲᠦᠪ ᠨᠢ 2021 ᠤᠨ ᠤ  ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/24
        2021 ᠤᠨ ᠤ 9 ᠰᠠᠷᠡᠶᠢᠨ 24   ᠤ ᠡᠳᠦᠷ᠂ ᠤᠯᠢᠶᠠᠰᠦᠳᠠᠢ ᠪᠠᠯᠭᠠᠰᠣᠨ ᠤ ᠨᠠᠮᠤᠷ ᠤᠨ ᠤᠯᠠᠷᠢᠯ  ᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠤᠨ ᠬᠤᠷᠠᠯ ᠢ ᠬᠤᠷᠠᠯᠳᠤᠭᠤᠯᠵᠦ᠂ ᠪᠠᠯᠭᠠᠰᠣᠨ ᠤ ᠨᠠᠮ ᠤᠨ ᠬᠤᠷᠢᠶᠠᠨ ᠤ ᠬᠡᠰᠢᠬᠦᠨ᠂  ᠠᠷᠠᠳ ᠤᠨ ᠵᠠᠪᠰᠡᠭᠳᠦ  ᠬᠦᠴᠦᠨ ᠤ ᠬᠡᠯᠲᠡᠰ ᠤᠨ ᠲᠠᠷᠤᠭ᠎ᠠ᠂ ᠵᠠᠰᠠᠭ ᠤᠨ ᠤᠷᠳᠤᠨ ᠤ ᠲᠡᠳ᠋ ᠪᠠᠯᠭᠠᠰᠣᠨ ᠲᠠᠷᠤᠭ᠎ᠠ  ᠪᠢᠯᠢᠭᠳᠦ᠂ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠲᠦᠬᠡᠮᠡᠯᠵᠢᠯᠡᠬᠦ ᠲᠦᠪ  ᠶᠢᠨ ᠪᠦᠬᠦ ᠺᠠᠳᠡᠷ ᠠᠵᠢᠯᠳᠠᠨ ᠵᠢᠴᠢ ᠡᠯ᠎ᠠ ᠭᠠᠴᠠᠭᠠᠨ ᠤ ᠬᠢᠵᠢᠭ ᠰᠡᠷᠭᠡᠶᠢᠯᠡᠭᠴᠢ ᠵᠡᠷᠭᠡ ᠨᠡᠶᠢᠳᠡ 32  ᠬᠦᠮᠦᠨ ᠬᠤᠷᠡᠯ ᠳᠤ ᠤᠷᠣᠯᠴᠠᠪᠠ᠃       ᠬᠤᠷᠡᠯ ᠳᠤ᠂ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠲᠦᠬᠡᠮᠡᠯᠵᠢᠯᠡᠬᠦ ᠲᠦᠪ  ᠶᠢᠨ ᠡᠷᠬᠡᠯᠡᠭᠴᠢ  ᠪᠠᠮᠦ  ᠨᠦᠬᠦᠷ ᠠᠴᠠ ᠪᠦᠬᠦ ᠪᠠᠯᠭᠠᠰᠣᠨ ᠤ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠡᠪᠡᠳᠴᠢᠨ  ᠤ ᠰᠡᠷᠭᠡᠶᠢᠯᠡᠯᠳᠡ ᠶᠢᠨ ᠠᠵᠢᠯ ᠤᠨ ᠲᠠᠯ᠎ᠠ ᠪᠠᠷ ᠨᠡᠷᠢᠨ ᠬᠢᠨᠠᠮᠠᠭᠠᠢ ᠪᠠᠶᠢᠷᠢᠯᠠᠭᠤᠯᠤᠯᠳᠠ ᠬᠢᠵᠦ᠂ ᠠᠮᠢᠳᠠᠨ ᠤ ᠬᠢᠵᠢᠭ ᠡᠪᠡᠳᠴᠢᠨ ᠤ ᠲᠠᠷᠢᠯᠭ᠎ᠠ ᠶᠢᠨ ᠠᠵᠢᠯ ᠤᠨ ᠴᠢᠬᠤᠠᠯᠠ ᠴᠢᠨᠠᠷ ᠵᠢᠴᠢ ᠲᠠᠷᠢᠯᠭ᠎ᠠ ᠶᠢᠨ ᠠᠵᠢᠯ ᠤᠨ ᠳᠤᠮᠳᠠᠭᠢ ᠠᠩᠬᠠᠷᠬᠤ ᠵᠦᠢᠯᠡᠰ ᠢ ᠴᠢᠩᠭᠠᠳᠬᠠᠵᠦ᠂ ᠬᠢᠪᠠᠰᠦ ᠵᠤᠬᠢᠰᠳᠠᠢ ᠲᠡᠷᠢᠯᠭ᠎ᠠ ᠶᠢ ᠭᠠᠴᠠᠭᠠᠨ ᠤ ᠬᠢᠵᠢᠭ ᠰᠡᠷᠭᠡᠶᠢᠯᠡᠭᠴᠢ ᠡᠷᠭᠡᠪᠰᠢ ᠭᠠᠷᠳᠡᠨ ᠬᠢᠵᠦ᠂ ᠲᠠᠷᠢᠯᠭ᠎ᠠ ᠶᠢᠨ ᠨᠢᠬᠳᠠᠴᠠ ᠶᠢ100 % ᠪᠠᠷ  ᠬᠦᠷᠭᠡᠵᠦ᠂  ᠪᠦᠬᠦ ᠪᠠᠯᠭᠠᠰᠣᠨ ᠤ ᠬᠡᠪᠴᠢᠶᠠᠨ ᠳᠤ ᠬᠦᠨᠳᠦ ᠶᠡᠭᠡ ᠠᠮᠢᠳᠠᠨ ᠤ ᠬᠢᠵᠢᠭ ᠡᠪᠡᠳᠴᠢᠨ ᠡᠭᠦᠰᠬᠦ ᠦᠭᠡᠢ ᠪᠠᠶᠢᠬᠤ ᠶᠢ ᠪᠠᠳᠤᠯᠠᠬᠤ ᠬᠡᠷᠡᠭᠳᠠᠢ ᠬᠡᠵᠦ ᠱᠠᠭᠠᠷᠳᠠᠪᠠ᠃      ᠲᠠᠷᠠᠭ᠎ᠠ   ᠳᠤᠨᠢ᠂  ᠲᠡᠳ᠋ ᠪᠠᠯᠭᠠᠰᠣᠨ ᠲᠠᠷᠤᠭ᠎ᠠ ᠪᠢᠯᠢᠭᠳᠦ ᠨᠦᠬᠦᠷ ᠠᠴᠠ ᠴᠢᠬᠤᠯᠴᠢᠯᠠᠭᠰᠠᠨ ᠨᠢ᠄ ᠨᠢᠭᠡ᠂ ᠠᠯᠪᠠᠳᠠᠯᠭ᠎ᠠ ᠶᠢᠨ ᠴᠢᠨᠡᠷᠳᠠᠢ ᠲᠠᠷᠢᠯᠭ᠎ᠠ ᠶᠢ ᠴᠠᠭ ᠲᠤᠬᠠᠢ ᠳᠤᠨᠢ ᠬᠢᠵᠦ᠂  ᠱᠠᠭᠠᠷᠳᠠᠯᠭ᠎ᠠ ᠶᠤᠰᠤᠭᠠᠷ ᠲᠠᠷᠢᠯᠭ᠎ᠠ ᠶᠢᠨ ᠡᠮ ᠤᠨ ᠬᠤᠭᠤᠰᠤᠨ ᠯᠤᠩᠬᠤ ᠶᠢ ᠬᠤᠷᠢᠶᠠᠨ ᠠᠪᠤᠭᠰᠠᠨ ᠪᠠᠶᠢᠬᠤ ᠭᠡᠷᠡᠭᠳᠠᠢ︔ ᠬᠤᠶᠠᠷ᠂ ᠭᠠᠴᠠᠭᠠᠨ ᠤ ᠬᠢᠵᠢᠭ ᠰᠡᠷᠭᠡᠶᠢᠯᠡᠭᠴᠢ ᠲᠠᠷᠢᠯᠭ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠢ ᠠᠩᠬᠠᠷᠴᠦ᠂ ᠮᠠᠯᠴᠢᠨ ᠡᠷᠦᠬᠡ ᠶᠢᠨ ᠲᠠᠷᠢᠯᠭ᠎ᠠ ᠶᠢᠨ ᠺᠠᠷᠲ ᠶᠢ ᠨᠡᠶᠢᠨ ᠬᠢᠨᠠᠮᠠᠭᠠᠢ ᠲᠠᠭᠯᠠᠭᠰᠠᠨ ᠪᠠᠶᠢᠬᠤ ᠭᠡᠷᠡᠭᠳᠠᠢ︔ ᠭᠤᠷᠪᠠ᠂ ᠭᠠᠴᠠᠭᠠᠨ ᠤ ᠬᠢᠵᠢᠭ ᠰᠡᠷᠭᠡᠶᠢᠯᠡᠭᠴᠢ ᠲᠣᠰ ᠲᠣᠰ ᠦᠪᠡᠷ ᠤᠨ ᠲᠠᠭᠠᠭᠠᠴᠢᠯᠠᠭᠰᠠᠨ ᠮᠠᠯᠴᠢᠨ ᠡᠷᠦᠬᠡ ᠶᠢᠨ ᠮᠠᠯ ᠵᠢᠭᠦᠷᠳᠡᠨ ᠤ ᠲᠠᠷᠢᠯᠭ᠎ᠠ ᠶᠢᠨ ᠲᠤᠭ᠎ᠠ ᠴᠢᠨᠠᠷ   ᠢ ᠪᠠᠳᠤᠯᠠᠵᠦ᠂ ᠪᠦᠬᠦ ᠪᠠᠯᠭᠠᠰᠣᠨ ᠤ ᠮᠠᠯ ᠠᠵᠦ ᠠᠬᠤᠢ ᠶᠢᠨ ᠡᠷᠡᠭᠦᠯ᠂ ᠲᠤᠭᠳᠠᠭᠤᠨ ᠢᠶᠠᠷ ᠬᠦᠭᠵᠢᠬᠦ ᠶᠢ ᠪᠠᠳᠤᠯᠠᠬᠤ ᠬᠡᠷᠡᠭᠳᠠᠢ ᠬᠡᠪᠡ᠃     ᠬᠤᠷᠠᠯ ᠤᠨ ᠰᠡᠭᠦᠯ ᠳᠤ᠂ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠲᠦᠬᠡᠮᠡᠯᠵᠢᠯᠡᠬᠦ ᠲᠦᠪ ᠶᠢᠨ  ᠬᠠᠷᠢᠭᠤᠴᠠᠯᠭᠠᠳᠠᠨ ᠪᠠ ᠡᠯ᠎ᠡ ᠭᠠᠴᠠᠭᠠᠨ ᠤ ᠬᠢᠵᠢᠭ ᠰᠡᠷᠭᠡᠶᠢᠯᠡᠭᠴᠢ ᠲᠠᠢ《 ᠭᠠᠴᠠᠭᠠᠨ ᠤ ᠬᠢᠵᠢᠭ ᠰᠡᠷᠭᠡᠶᠢᠯᠡᠭᠴᠢ  ᠶᠢᠨ ᠡᠭᠦᠷᠬᠡ ᠬᠠᠷᠢᠭᠤᠴᠠᠯᠭ᠎ᠠ ᠶᠢᠨ ᠪᠢᠴᠢᠭ》ᠲᠤᠭᠳᠠᠪᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号