9 ᠰᠠᠷ᠎ᠠ ᠶᠢᠨ 22 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ | ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯᠯᠠᠬᠤ ᠲᠤᠭᠤᠶᠢᠯᠠᠩ ᠨᠢ ᠠᠷᠪᠠᠨ ᠬᠤᠶᠠᠳᠤᠭᠠᠷ | ᠤᠳᠠᠭᠠᠨ ᠤ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠪᠠᠯᠭᠠᠰᠤᠨ ᠤ | ᠨᠠᠮ ᠤᠨ ᠬᠤᠷᠢᠶᠠᠨ ᠤ ᠳᠡᠳ᠋ ᠱᠦᠵᠢ ᠨᠠᠴᠢᠨ ᠬᠤᠷᠠᠯ ᠡᠷᠬᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠤᠨ | ᠭᠤᠤᠯᠯᠠᠬᠤ ᠲᠤᠭᠤᠶᠢᠯᠠᠩ ᠤᠨ ᠪᠦᠷᠢᠯᠳᠦᠬᠦᠨ ᠵᠢᠴᠢ ᠡᠯ᠎ᠡ ᠠᠯᠪᠠᠨ ᠭᠡᠷ ᠤᠨ ᠡᠷᠬᠢᠯᠡᠭᠴᠢ ᠰᠤᠷᠤᠯᠴᠠᠯᠭ᠎ᠠ ᠳᠤ | ᠣᠷᠣᠯᠴᠠᠪᠠ᠃ | ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠶ ᠱᠦᠵᠢ ᠶᠢᠨ 2021 ᠣᠨ ᠤ ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠶᠢᠨ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠱᠠᠨᠰᠢ ᠶᠢᠨ ᠢᠦ᠋ᠢᠯᠢᠨ ᠳᠤ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠰᠠᠨᠠᠯ︾᠂ | 《ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠠᠴᠠ ᠨᠠᠮ ᠤᠨ ᠵᠠᠭᠤᠨ ᠵᠢᠯ ᠤᠨ ᠲᠡᠦᠬᠡ ᠶᠢ | ᠤᠶᠢᠯᠠᠭᠠᠬᠤ 》᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ︽ᠴᠧᠨ ᠢ ᠰᠢᠨ᠄ ︽ᠨᠠᠢᠮᠠᠨ | ᠦᠰᠦᠭ︾ ᠳᠤ ᠠᠩᠬᠠᠷᠤᠯ ᠢᠶᠠᠨ ᠲᠦᠪᠯᠡᠷᠡᠭᠦᠯᠬᠦ᠂ ︽ᠰᠢᠨ᠎ᠡ ᠬᠦᠴᠢᠷ ᠠᠰᠠᠭᠤᠳᠠᠯ︾ ᠢ ᠰᠢᠪᠲᠤᠯᠬᠤ᠂ | ᠦᠨᠳᠦᠰᠦᠨ ᠱᠠᠲᠤᠨ ᠤ ᠨᠡᠶᠢᠭᠡᠮ ᠤᠨ ᠬᠠᠮᠢᠶᠠᠷᠤᠯᠲᠠ ᠶᠢᠨ ᠰᠢᠨ᠎ᠡ ᠬᠢᠷᠢ ᠲᠦᠪᠰᠢᠨ ᠢ ᠳᠡᠭᠡᠭᠰᠢᠯᠡᠭᠦᠯᠬᠦ︾᠂ ︽ | ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾᠂ ︽ᠵᠡᠭᠦᠨ ᠦᠵᠦᠮᠦᠴᠢᠨ | ᠬᠤᠰᠢᠭᠤᠨ ᠤ ︿ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠦᠯᠵᠢᠶᠡᠨ ᠤ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ﹀ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠦᠯ ᠤᠨ ᠮᠡᠳᠡᠭᠳᠡᠯ︾᠂ ︽ᠵᠡᠭᠦᠨ | ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠦᠯᠵᠢᠶᠡᠨ ᠤ | ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶ | ︾ ᠤᠨ ᠮᠡᠳᠡᠭᠳᠡᠯ᠂ ︽ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠷ ᠬᠢᠨᠠᠬᠤ ᠲᠥᠷᠥ ᠶᠢᠨ | ᠪᠣᠳᠣᠯᠭ᠎ᠠ ᠶᠢᠨ ᠠᠰᠠᠭᠤᠯᠲᠠ ᠬᠠᠷᠢᠭᠤᠯᠲᠠ︾ ᠵᠢᠴᠢ ︽ᠳᠥᠷᠪᠡᠨ ᠲᠡᠤᠬᠡ︾ ᠶᠢᠨ ᠬᠤᠯᠪᠣᠭᠳᠠᠯ ᠪᠥᠬᠦᠶ ᠠᠭᠤᠯᠭ᠎ᠠ | ᠶᠢ ᠰᠤᠷᠤᠯᠴᠠᠪᠠ᠃ ᠡᠭᠦᠨ ᠤ ᠬᠠᠮᠲᠤ᠂ ᠬᠤᠷᠠᠯ ᠳᠤ ᠣᠷᠣᠯᠴᠠᠭᠰᠠᠳ ︽︿ᠲᠤᠯᠤᠭᠠᠨ ᠰᠠᠷ᠎ᠠ ᠶᠢᠨ ᠨᠢᠭᠡᠨ﹀ ᠤ | ᠵᠣᠷᠢᠭ ᠰᠠᠨᠠᠭ᠎ᠠ ᠶᠢ ᠰᠤᠷᠤᠯᠴᠠᠵᠤ᠂ ᠡᠷᠡᠰ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ | ᠲᠠᠭᠠᠬᠤ︾ ᠨᠠᠮ ᠤᠨ ᠬᠢᠴᠢᠶᠡᠯ ᠤᠨ ᠲᠦᠷᠰᠤ ᠰᠢᠩᠭᠡᠭᠡᠯᠲᠡ ᠶᠢ ᠰᠣᠨᠢᠷᠬᠠᠨ ᠰᠤᠷᠤᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠶᠢᠨ | ᠦᠵᠡᠯ ᠰᠠᠨᠠᠭ᠎ᠠ ᠨᠢ ᠭᠦᠨ ᠭᠦᠨᠵᠡᠭᠡᠶ ᠪᠠᠶᠢᠵᠤ᠂ ᠨᠠᠮ ᠤᠨ ᠲᠥᠪ ᠬᠤᠷᠢᠶ᠎ᠠ ᠠᠴᠠ ᠥᠷᠭᠡᠨ ᠤᠯᠠᠨ ᠺᠠᠳ᠋ᠷ | ᠢᠯᠠᠩᠭᠤᠶ᠎ᠠ ᠵᠠᠯᠠᠭᠤ ᠺᠠᠳ᠋ᠷᠴᠤᠳ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠠ ᠤᠨᠴᠠᠭᠠᠶᠢᠯᠠᠨ | ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠲᠣᠳᠣᠷᠬᠠᠢ | ᠱᠠᠭᠠᠷᠳᠠᠯᠭ᠎ᠠ ᠳᠤᠷᠠᠳᠴᠤ᠂ ᠵᠠᠯᠠᠭᠤ ᠺᠠᠳ᠋ᠷᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ | ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠰᠢᠨ᠎ᠡ ᠴᠠᠭ ᠦᠶ᠎ᠡ ᠶᠢᠨ ᠺᠠᠳ᠋ᠷᠴᠤᠳ ᠤᠨ ᠠᠵᠢᠯ ᠢ | ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠥᠷᠭᠡᠨ ᠤᠯᠠᠨ ᠦᠨᠳᠦᠰᠦᠨ ᠱᠠᠲᠤᠨ ᠤ ᠺᠠᠳ᠋ᠷ ᠨᠢ | ᠠᠯᠢᠪᠠ ᠪᠦᠬᠦᠨ ᠪᠣᠳᠠᠲᠠᠢ ᠠᠴᠠ ᠦᠨᠳᠦᠰᠦᠯᠡᠵᠤ᠂ ᠦᠨᠡᠨ ᠢ ᠪᠠᠷᠢᠮᠳᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠰᠤᠷᠤᠯᠴᠠᠬᠤ ᠳᠤᠮᠳᠠ ᠪᠠᠨ ᠠᠵᠢᠯᠯᠠᠵᠤ᠂ | ᠠᠵᠢᠯᠯᠠᠬᠤ ᠳᠤᠮᠳᠠ ᠪᠠᠨ ᠰᠤᠷᠤᠯᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠡᠷᠦᠩᠬᠡᠶᠢᠯᠡᠭᠰᠡᠨ ᠬᠡᠪ | ᠴᠢᠨᠠᠷ ᠢ ᠰᠠᠶᠢᠲᠤᠷ ᠳᠠᠪᠲᠠᠨ ᠪᠣᠯᠪᠠᠰᠤᠷᠠᠭᠤᠯᠬᠤ ᠶᠢ ᠪᠠᠷᠢᠮᠳᠠᠯᠠᠬᠤ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢ ᠡᠷᠬᠡᠪᠰᠢ ᠨᠠᠮ ᠤᠨ ᠤᠳᠤᠷᠢᠳᠤᠯᠭ᠎ᠠ ᠳᠣᠣᠷ᠎ᠠ ᠶᠠᠪᠤᠭᠳᠠᠭᠤᠯᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠵᠠᠰᠠᠯᠲᠠ ᠳᠤᠮᠳᠠᠬᠢ ᠬᠦᠳᠦᠯᠦᠨ ᠳᠠᠭᠠᠭᠤᠯᠬᠤ ᠦᠢᠯᠡᠳᠦᠯ ᠢ ᠲᠤᠪᠤᠶᠢᠯᠭᠠᠵᠦ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠷᠬᠡᠭ ᠶᠡᠭᠡ ᠤᠳᠤᠷᠢᠳᠬᠤ ᠬᠦᠴᠦᠨ᠂ ᠵᠣᠬᠢᠶᠠᠨ ᠪᠠᠶᠢᠭᠤᠯᠬᠤ | ᠬᠦᠴᠦᠨ ᠪᠠ ᠤᠷᠢᠶᠠᠯᠠᠬᠤ ᠬᠦᠴᠦᠨ ᠢ ᠪᠠᠳᠠᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠥᠪ | ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠪᠠᠷ | ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠴᠢᠳᠠᠮᠵᠢ ᠶᠢ ᠲᠤᠪᠤᠶᠢᠯᠭᠠᠨ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ | ᠲᠣᠭᠲᠠᠭᠠᠯ ᠢ ᠲᠤᠭᠤᠰᠢᠯᠠᠭᠤᠯᠬᠤ᠂ ᠵᠠᠰᠠᠯᠲᠠ ᠶᠢᠨ ᠦᠢᠯᠡᠳᠦᠯᠭᠡ ᠶᠢ ᠤᠳᠤᠷᠢᠳᠬᠤ᠂ ᠤᠯᠠᠨ ᠲᠦᠮᠡᠨ ᠢ | ᠪᠦᠯᠬᠦᠮᠳᠡᠭᠦᠯᠦᠨ ᠳᠠᠶᠢᠴᠢᠯᠠᠬᠤ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠪᠠᠲᠤ ᠴᠢᠩᠭ᠎ᠠ | ᠪᠠᠬᠢᠯᠡᠯᠲᠡ ᠪᠣᠯᠭᠠᠨ ᠪᠠᠶᠢᠭᠤᠯᠵᠤ᠂ ︽ᠨᠠᠮ ᠤᠨ ᠪᠠᠶᠢᠭᠤᠯᠤᠯᠲᠠ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠥᠭᠵᠢᠯᠲᠡ ᠶᠢ ᠬᠥᠲᠥᠯᠥᠨ ᠳᠠᠭᠠᠭᠤᠯᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠤᠯᠠᠨ ᠲᠦᠮᠡᠨ ᠳᠤ | ᠦᠢᠯᠡᠴᠢᠯᠡᠬᠦ᠂ ᠤᠯᠠᠨ ᠲᠦᠮᠡᠨ ᠠᠰᠢᠭ ᠬᠦᠷᠳᠡᠵᠤ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ︾ ᠰᠠᠶᠢᠨ ᠰᠠᠶᠢᠬᠠᠨ | ᠤᠷᠴᠢᠨ ᠠᠬᠤᠢ ᠶᠢ ᠪᠤᠢ ᠪᠣᠯᠭᠠᠬᠤ ᠬᠡᠷᠡᠭᠲᠡᠶ᠃ ᠪᠠᠬᠢᠵᠢᠭᠦᠯᠬᠦ᠂ ᠥᠷᠭᠡᠳᠬᠡᠬᠦ᠂ ᠵᠣᠯᠭᠠᠭᠤᠯᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠶᠠᠳᠠᠭᠤ ᠠᠴᠠ ᠰᠡᠷᠭᠡᠶᠢᠯᠡᠬᠦ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ | ᠬᠢᠨᠠᠯᠲᠠ ᠶᠢ ᠴᠢᠩᠭᠠᠳᠬᠠᠵᠤ᠂ ᠨᠢᠭᠡ ᠴᠦ ᠬᠥᠮᠦᠨ ᠲᠦᠷᠦ ᠶᠢᠨ ᠪᠤᠳᠤᠯᠭ᠎ᠠ᠂ ᠠᠵᠢᠯ ᠤᠨ ᠨᠠᠶᠢᠳᠠᠪᠤᠷᠢᠵᠢᠭᠤᠯᠤᠯᠲᠠ | ᠬᠦᠷᠦᠯᠴᠡᠬᠦ ᠦᠭᠡᠢ ᠰᠢᠯᠲᠠᠭᠠᠨ ᠠᠴᠠ ᠪᠤᠯᠵᠤ ᠲᠠᠬᠢᠨ ᠶᠠᠳᠠᠭᠤᠷᠠᠬᠤ ᠦᠵᠡᠭᠳᠡᠯ ᠭᠠᠷᠬᠤ ᠦᠭᠡᠢ ᠪᠠᠶᠢᠬᠤ ᠶᠢ | ᠪᠠᠲᠤᠯᠠᠬᠤ ᠬᠡᠷᠡᠭᠲᠡᠢ︔ ᠨᠠᠮ ᠤᠨ ᠭᠡᠰᠢᠭᠦᠨ ᠺᠠᠳ᠋ᠷᠴᠤᠳ ᠨᠢ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ | ᠰᠤᠷᠤᠯᠴᠠᠬᠤ ᠶᠢ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠰᠢᠰᠲ᠋ᠧᠮ ᠲᠠᠢ | ᠤᠶᠠᠯᠳᠤᠭᠤᠯᠵᠤ᠂ ᠡᠷᠡᠰ ᠪᠠᠲᠤ ᠵᠣᠷᠢᠭ ᠰᠠᠨᠠᠭᠠᠨ ᠤ ᠵᠠᠯᠭᠠᠮᠵᠢᠯᠠᠭᠴᠢ᠂ ᠦᠢᠯᠡᠳᠦᠯᠭᠡᠵᠢᠭᠦᠯᠦᠭᠴᠢ ᠪᠠ | ᠪᠠᠳᠠᠷᠠᠭᠤᠯᠤᠭᠴᠢ ᠪᠤᠯᠵᠤ᠂ ᠦᠷᠭᠦᠯᠵᠢᠯᠡᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠤᠶᠤᠨ | ᠰᠠᠨᠠᠭᠠᠨ ᠤ ᠰᠠᠭᠤᠷᠢ ᠪᠠᠨ ᠪᠠᠲᠤᠳᠬᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠵᠠᠯᠭᠠᠮᠵᠢᠯᠠᠵᠤ᠂ | ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ ᠳᠤ᠂ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠬᠠᠳᠬᠠᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠬᠦᠴᠦᠷᠬᠡᠭ ᠰᠦᠯᠵᠢᠶᠡᠨ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠤᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠬᠤ ᠬᠡᠷᠡᠭᠲᠡᠢ᠃ ᠬᠤᠶᠠᠷ ᠲᠤ᠂ | ᠰᠦᠯᠵᠢᠶᠡᠨ ᠤ ᠣᠷᠣᠨ ᠵᠠᠶ ᠶᠢᠨ ᠦᠵᠡᠯ ᠰᠠᠨᠠᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠲᠤᠤᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢ ᠶᠡᠷᠦᠩᠬᠡᠶᠢᠯᠡᠨ ᠵᠠᠬᠢᠷᠬᠤ ᠶᠢ ᠪᠠᠷᠢᠮᠲᠠᠯᠠᠵᠤ᠂ | ᠨᠠᠮ ᠤᠨ ᠰᠢᠨ᠎ᠡ ᠶᠢ ᠡᠭᠦᠳᠬᠦ ᠤᠨᠤᠯ ᠤᠨ ᠭᠦᠨᠵᠡᠭᠡᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | ᠭᠤᠷᠪᠠ ᠳᠤ᠂ ᠰᠦᠯᠵᠢᠶᠡᠨ ᠤ ᠣᠷᠣᠨ ᠵᠠᠢ ᠶᠢᠨ ᠠᠮᠢ ᠠᠬᠤᠢ ᠶᠢᠨ ᠵᠠᠰᠠᠯᠲᠠ ᠶᠢ ᠴᠢᠩᠭᠠᠳᠬᠠᠬᠤ ᠬᠡᠷᠡᠭᠲᠡᠢ᠃ | ᠰᠦᠯᠵᠢᠶᠡᠨ ᠤ ᠪᠣᠯᠪᠠᠰᠤᠨ ᠢ ᠬᠥᠲᠥᠯᠥᠨ ᠵᠢᠯᠣᠭᠤᠳᠬᠤ ᠠᠵᠢᠯ ᠢ ᠭᠦᠨᠵᠡᠭᠡᠶ ᠥᠷᠨᠢᠭᠦᠯᠵᠦ᠂ ᠰᠦᠯᠵᠢᠶᠡᠨ ᠤ | ᠪᠣᠯᠪᠠᠰᠤᠨ ᠤ ᠤᠬᠠᠮᠰᠠᠷ ᠢ ᠶᠡᠬᠡᠪᠡᠷ ᠴᠢᠩᠭᠠᠷᠠᠭᠤᠯᠵᠤ᠂ ᠴᠢᠬᠤᠯᠠ ᠤᠯᠠᠮᠵᠢᠯᠠᠯᠲᠤ ᠪᠠᠶᠠᠷ ᠤᠨ ᠡᠳᠦᠷ᠂ ᠴᠢᠬᠤᠯᠠ | ᠶᠡᠭᠡ ᠪᠠᠶᠠᠷ ᠳᠤᠷᠠᠰᠬᠠᠯ ᠤᠨ ᠡᠳᠦᠷ ᠢ ᠭᠦᠢᠴᠡᠳ ᠠᠰᠢᠭᠯᠠᠨ᠂ ᠰᠦᠯᠵᠢᠶᠡᠨ ᠤ ᠪᠣᠯᠪᠠᠰᠤᠨ ᠤ ᠭᠤᠣᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠤᠯᠠᠨ ᠰᠦᠯᠵᠢᠶᠡᠨ ᠤ | ᠢᠷᠭᠡᠳ ᠢ ᠤᠬᠠᠮᠰᠠᠷ ᠠᠴᠠ ᠪᠠᠨ ᠭᠠᠵᠢᠭᠤ ᠰᠤᠷᠲᠠᠯ ᠢ ᠡᠰᠡᠷᠭᠦᠴᠡᠨ ᠬᠤᠷᠢᠭᠯᠠᠵᠤ᠂ ᠪᠣᠯᠪᠠᠰᠤᠨ ᠬᠡᠪ ᠰᠤᠷᠲᠠᠯ ᠢ | ᠪᠠᠳᠠᠷᠠᠭᠤᠯᠬᠤ ᠪᠠᠷ ᠬᠥᠮᠦᠵᠢᠭᠦᠯᠦᠨ᠎ᠡ᠃ ᠲᠦᠷᠪᠡ ᠳᠤ᠂ ᠰᠦᠯᠵᠢᠶᠡᠨ ᠤ ᠣᠷᠣᠨ ᠵᠠᠢ ᠶᠢᠨ ᠪᠣᠯᠪᠠᠰᠤᠨ ᠢ ᠡᠭᠦᠳᠦᠨ | ᠪᠠᠶᠢᠭᠤᠯᠬᠤ ᠶᠢ ᠴᠢᠩᠭᠠᠳᠬᠠᠬᠤ ᠬᠡᠷᠡᠭᠲᠡᠢ᠃ ᠥᠷᠭᠡᠨ ᠤᠯᠠᠨ ᠰᠦᠯᠵᠢᠶᠡᠨ ᠤ ᠢᠷᠭᠡᠳ ᠤᠨ ᠶᠣᠰᠣ ᠰᠤᠷᠲᠠᠬᠤᠨ ᠢ | ᠬᠦᠨᠳᠦᠳᠬᠡᠨ ᠬᠠᠤᠯᠢ ᠶᠢ ᠰᠠᠬᠢᠬᠤ᠂ ᠪᠣᠯᠪᠠᠰᠤᠨ ᠢᠶᠠᠷ ᠬᠠᠷᠢᠯᠴᠠᠨ ᠬᠥᠳᠡᠯᠦᠯᠴᠡᠬᠦ ᠶᠢ ᠬᠦᠳᠦᠯᠦᠨ ᠵᠢᠯᠣᠭᠤᠳᠴᠤ᠂ | ᠪᠦᠬᠦ ᠨᠡᠶᠢᠭᠡᠮ ᠤᠨ ᠰᠦᠯᠵᠢᠶᠡᠨ ᠤ ᠪᠣᠯᠪᠠᠰᠤᠨ ᠤ ᠬᠡᠪ ᠰᠤᠷᠲᠠᠯ ᠢ ᠳᠡᠭᠡᠭᠰᠢᠯᠡᠭᠦᠯᠵᠦ᠂ ᠰᠦᠯᠵᠢᠶᠡᠨ ᠤ ᠣᠷᠴᠢᠨ ᠢ | ᠴᠡᠪᠡᠷᠰᠢᠭᠦᠯᠦᠨ᠎ᠡ᠃ |