ᠮᠠᠨ ᠤ ᠬᠤᠰᠢᠭᠤ ︿︿ᠲᠡᠷᠭᠡᠯ ᠰᠠᠷᠠᠨ ᠤ  ᠪᠠᠶᠠᠷ﹀﹀᠂ ︿︿ᠤᠯᠤᠰ ᠤᠨ ᠪᠠᠶᠠᠷ﹀﹀ ᠤᠨ ᠬᠤᠭᠤᠴᠠᠭᠠᠨ  ᠳᠠᠬᠢ ᠠᠶᠤᠯᠭᠦᠶ ᠦᠶᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ  ᠤᠨ2021 ᠣᠨ ᠤ ᠠᠷᠪᠠᠳᠤᠭᠠᠷ ᠤᠳᠠᠭᠠᠨ ᠤ ᠠᠵᠢᠯ ᠤᠨ ᠡᠭᠡᠯᠵᠢᠲᠦ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/9/26
      9 ᠰᠠᠷ᠎ᠠ ᠶᠢᠨ 18 ᠤ ᠡᠳᠦᠷ᠂ ᠮᠠᠨ ᠤ ᠬᠤᠰᠢᠭᠤ ︿︿ᠲᠡᠷᠭᠡᠯ ᠰᠠᠷᠠᠨ ᠤ  ᠪᠠᠶᠠᠷ﹀﹀᠂ ︿︿ᠤᠯᠤᠰ ᠤᠨ ᠪᠠᠶᠠᠷ﹀﹀ ᠤᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ  ᠲᠦᠢᠮᠡᠷ ᠢ ᠰᠡᠷᠭᠡᠶᠢᠯᠡᠨ ᠤᠨᠲᠠᠷᠠᠭᠠᠬᠤ ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ  ᠤᠨ2021 ᠣᠨ ᠤ ᠠᠷᠪᠠᠳᠤᠭᠠᠷ ᠤᠳᠠᠭᠠᠨ ᠤ ᠠᠵᠢᠯ ᠤᠨ ᠡᠭᠡᠯᠵᠢᠲᠦ ᠬᠤᠷᠠᠯ ᠬᠤᠷᠠᠯᠳᠤᠪᠠ᠃        ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ‌ᠵᠢᠶᠠᠨ ᠬᠤᠷᠠᠯ ᠡᠷᠭᠢᠯᠡᠵᠦ᠂  ᠳᠡᠳ᠋  ᠬᠤᠰᠢᠭᠤ ᠳᠠᠷᠤᠭ᠎ᠠ‌‍ᠴᠠᠩ‌ᠵᠧᠩ᠂ ᠰᠡᠴᠡᠨ᠂ ᠺᠧ ᠰᠢᠶᠤᠤ ᠮᠢᠩ ᠪᠣᠯᠣᠨ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ᠂   ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ  ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃      ᠬᠤᠷᠠᠯ ᠳᠡᠭᠡᠷ᠎ᠡ᠂  ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠬᠠᠷᠢᠭᠤᠴᠠᠯᠭᠠᠲᠠᠨ ︿︿ᠬᠤᠶᠠᠷ ᠪᠠᠶᠠᠷ﹀﹀ ᠤᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠪᠠ‌ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠲᠤᠬᠠᠶ ᠪᠣᠳᠠᠲᠠᠶ  ᠪᠠᠶᠢᠷᠢᠯᠠᠭᠤᠯᠤᠯᠲᠠ ᠬᠢᠪᠠ᠃ ᠳᠡᠳ᠋  ᠬᠤᠰᠢᠭᠤ ᠳᠠᠷᠤᠭ᠎ᠠ ᠨᠠᠷ ᠠᠴᠠ ᠬᠤᠷᠠᠯ ᠳᠤ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ‌‍ᠬᠦ᠋ᠷᠢᠶᠡᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃      ᠬᠤᠷᠠᠯ ᠠᠴᠠ ᠵᠢᠭᠠᠬᠤ ᠳᠠᠭᠠᠨ᠂ ᠣᠳᠣᠬᠠᠨ ᠳᠤ ᠡᠯ᠎ᠡ‌‍ᠲ᠋ᠥ᠋ᠷᠥᠯ ᠤᠨ ᠪᠦᠲᠦᠭᠡᠨ ᠪᠠᠶᠢᠭᠤᠯᠤᠯᠲᠠ ᠵᠢᠨ‌ᠠᠵᠢᠯ ᠶᠠᠭ ᠶᠠᠭᠠᠷᠠᠯᠲᠠᠶ ᠶᠠᠪᠤᠭᠳᠠᠵᠤ᠂  ᠡᠪᠡᠰᠦ ᠬᠠᠳᠤᠬᠤ ᠠᠵᠢᠯ ᠨᠡᠯᠢᠶᠡᠳ ᠲᠥᠪᠯᠡᠷᠡᠵᠦ᠂ ᠪᠠᠶᠠᠷ ᠳᠤᠷᠠᠰᠬᠠᠯ ᠠᠮᠠᠷᠠᠯᠲᠠ  ᠶᠢᠨ ᠡᠳᠦᠷ ᠤᠨ ᠨᠠᠰᠢ ᠴᠠᠭᠠᠰᠢ ᠶᠠᠪᠤᠬᠤ ᠬᠥᠮᠦᠰ ᠤᠯᠠᠰᠢᠷᠷᠠᠨ᠂ ᠦᠶᠯᠡᠳᠪᠦᠷᠢᠯᠡᠯ ᠤᠨ ᠠᠮᠤᠷ  ᠲᠦᠪᠰᠢᠨ ᠤ ᠠᠳᠡᠯ ᠣᠯᠠᠨ ᠡᠭᠦᠰᠬᠦ ᠬᠤᠭᠤᠴᠠᠭ᠎ᠠ‌‍ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠶᠤᠯ ᠥᠬᠡᠶ ᠦᠶᠯᠡᠳᠪᠦᠷᠢᠯᠡᠯ ᠤᠨ ᠪᠠᠶᠢᠳᠠᠯ ᠤᠨ ᠬᠦᠨᠳᠦ ᠬᠡᠴᠡᠭᠦᠦ ᠴᠢᠨᠠᠷ ᠪᠣᠯᠤᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠳᠤ  ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠶᠤᠯ ᠥᠬᠡᠶ ᠦᠶᠯᠡᠳᠪᠦᠷᠢᠯᠡᠯ ᠤᠨ ᠡᠯ᠎ᠡ ᠵᠦᠶᠯ ᠤᠨ ᠠᠵᠢᠯ ᠢ ᠰᠠᠶᠢᠲᠤᠷ ᠠᠳᠬᠤᠵᠤ ᠪᠣᠳᠠᠲᠠᠶ ᠠᠳᠬᠤᠬᠤ ᠬᠡᠷᠡᠭᠲᠡᠶ ᠭᠡᠪᠡ  ᠃      ᠬᠤᠷᠠᠯ ᠠᠴᠠ ᠴᠢᠬᠤᠯᠠᠴᠢᠯᠠᠬᠤ ᠳᠠᠭᠠᠨ᠂ 《 ᠬᠤᠶᠠᠷ ᠪᠠᠶᠠᠷ 》 ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠬᠤᠳᠠ ᠶᠢᠨ ᠠᠮᠤᠷ ᠲᠦᠪᠰᠢᠨ ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠠᠮᠤᠷ ᠲᠦᠪᠰᠢᠨ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠵᠡᠷᠭᠡ‌ᠡᠯ᠎ᠡ ᠲᠦᠷᠦᠯ ᠤᠨ ᠭᠡᠮ ᠰᠣᠭᠤᠭ  ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ  ᠃ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠰᠠᠯᠠᠭ᠎ᠠ‌ᠮᠥ᠋ᠴᠢᠷ ᠤᠳ ᠠᠳᠡᠯ ᠢ ᠤᠷᠢᠳᠴᠢᠯᠡᠨ ᠰᠡᠷᠭᠡᠶᠢᠯᠡᠬᠦ  ᠡᠯ᠎ᠡ‌ᠵᠦ᠋ᠢᠯ ᠤᠨ ᠠᠷᠭ᠎ᠠ‌‍ᠬᠡᠮᠵᠢᠶ᠎ᠡ‌‍ᠶᠢᠨ ᠲᠣᠭᠤᠷᠢᠨ ᠳᠤ᠂ ᠳᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠬᠠᠤᠯᠢ ᠪᠤᠰᠤ ᠪᠠᠷ ᠲᠡᠭᠡᠭᠡᠪᠦᠷᠢᠯᠡᠬᠦ᠂ ᠬᠥᠮᠦᠨ ᠤ  ᠲᠤᠭ᠎ᠠ‌ᠡᠴᠠ ᠬᠡᠲᠦᠷᠡᠲᠡᠯ᠎ᠡ ᠳᠡᠭᠡᠭᠡᠪᠤᠷᠢᠯᠡᠬᠦ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ‌ᠠᠴᠢᠶᠠᠯᠠᠬᠤ ᠦᠢᠯᠡ ᠠᠵᠢᠯᠯᠠᠭ᠎ᠠ‌‍ᠳᠤ ᠴᠢᠩᠭ᠎ᠠ ᠴᠣᠬᠢᠯᠲᠠ ᠥᠭᠴᠦ᠂ ᠲᠣᠭᠤᠷᠢᠨ ᠬᠠᠮᠢᠶᠠᠷᠴᠤ ᠡᠵᠡᠮᠳᠡᠬᠦ ᠵᠢᠴᠢ ᠵᠠᠮ ᠬᠠᠷᠢᠯᠴᠠᠭ᠎ᠠ ᠶᠢ ᠵᠢᠭᠠᠨ ᠵᠢᠯᠣᠭᠤᠳᠬᠤ ᠡᠷᠴᠢᠮ ᠢᠶᠠᠨ ᠨᠡᠮᠡᠭᠳᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠦᠨ‌ᠠᠷᠢᠯᠭᠠᠬᠤ ᠬᠡᠷᠡᠭᠲᠡᠶ  ᠃ ᠤᠳᠤᠷᠢᠳᠬᠤ ᠺᠠᠳ᠋ᠷ ᠴᠠᠭ ᠢᠮᠠᠭᠲᠠ ᠠᠵᠢᠯ ᠤᠨ ᠪᠠᠶᠢᠷᠢᠨ ᠳᠤ ᠪᠠᠨ ᠪᠠᠶᠢᠬᠤ ᠪᠠ‌ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ‌‍ᠬᠡᠷᠡᠭᠵᠢᠭᠦᠯᠵᠦ᠂ ᠲᠦᠭᠰᠢᠭᠦᠷᠢᠲᠦ ᠪᠠᠶᠢᠳᠠᠯ ᠢᠯᠡᠷᠡᠪᠡᠯ ᠴᠠᠭ ᠲᠤᠬᠠᠢ ᠳᠤᠨᠢ᠂ ᠣᠨᠣᠪᠴᠢᠲᠠᠢ ᠪᠠᠷ ᠳᠡᠭᠡᠭᠰᠢ ᠮᠡᠳᠡᠭᠦᠯᠬᠦ ᠪᠠ‌‍ᠰᠢᠢᠳᠪᠦᠷᠢᠯᠡᠬᠦ  ᠶᠢ ᠦᠨᠡᠨ ᠬᠦ ᠪᠠᠲᠤᠯᠠᠬᠤ ᠬᠡᠷᠡᠭᠲᠡᠢ  ᠃ ᠨᠠᠮᠤᠷ ᠤᠨ ᠤᠯᠠᠷᠢᠯ  ᠤᠨ ᠤᠢ ᠰᠢᠭᠤᠢ ᠨᠤᠲᠤᠭ ᠪᠡᠯᠴᠢᠭᠡᠷ  ᠤᠨ ᠭᠠᠯ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ‌‍ᠪᠡᠷ ᠴᠢᠬᠤᠯᠠᠴᠢᠯᠠᠨ᠂ ᠭᠠᠯ ᠤᠨ ᠠᠶᠤᠯ ᠢ ᠰᠢᠢᠳᠪᠦᠷᠢᠯᠡᠬᠦ ᠪᠠᠴᠢᠮ ᠪᠠᠶᠢᠳᠠᠯ  ᠢ  ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠪᠠᠨ ᠤᠯᠠᠮ ᠨᠢᠭᠡ‌ᠠᠯᠬᠤᠮ ᠲᠡᠭᠦᠯᠳᠡᠷᠵᠢᠭᠦᠯᠵᠦ ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ ᠠᠵᠢᠯ  ᠤᠨ ᠪᠤᠯᠪᠠᠰᠤᠷᠠᠯ  ᠤᠨ ᠲᠥᠯᠥᠪᠯᠡᠭᠡ‌‍ᠲ᠋ᠣᠭᠲᠠᠭᠠᠨ᠂ ᠲᠤᠬᠠᠶᠢᠯᠠᠭᠰᠠᠨ ᠠᠵᠢᠯ  ᠤᠨ ᠪᠤᠯᠪᠠᠰᠤᠷᠠᠯ ᠪᠣᠯᠤᠨ ᠪᠣᠳᠠᠲᠤ ᠰᠣᠷᠢᠯᠲᠠ ᠶᠢ ᠲᠣᠭᠲᠠᠮᠠᠯ ᠬᠤᠭᠤᠴᠠᠭ᠎ᠠ‌‍ᠲ᠋ᠠᠶ ᠪᠠᠷ ᠵᠣᠬᠢᠶᠠᠨ ᠪᠠᠶᠢᠭᠤᠯᠵᠤ᠂《 ᠭᠠᠯ ᠰᠡᠷᠭᠡᠶᠢᠯᠡᠬᠦ ᠬᠠᠷᠢᠭᠤᠴᠠᠯᠭ᠎ᠠ‌‍ᠶᠢᠨ ᠪᠢᠴᠢᠭ 》 ᠲᠤᠭᠲᠠᠬᠤ‌ᠠᠵᠢᠯ ᠢ ᠪᠥᠬᠦ ᠲᠠᠯ᠎ᠠ‌‍ᠪᠠᠷ ᠬᠠᠮᠤᠷᠤᠭᠤᠯᠬᠤ ᠶᠢ ᠦᠨᠡᠨᠬᠦ ᠪᠠᠲᠤᠯᠠᠨ᠂ ᠪᠠᠴᠢᠮ ᠪᠠᠶᠢᠳᠠᠯ  ᠢ ᠠᠷᠭᠠᠴᠠᠭᠠᠬᠤ ᠪᠠᠲᠤᠯᠠᠭ᠎ᠠ ᠶᠢᠨ ᠡᠩᠨᠡᠭᠡᠨ  ᠤ ᠪᠠᠶᠢᠭᠤᠯᠤᠯᠲᠠ ᠶᠢ ᠴᠢᠩᠭᠠᠳᠬᠠᠵᠤ᠂ ᠨᠤᠲᠤᠭ ᠪᠡᠯᠴᠢᠭᠡᠷ  ᠤᠨ ᠭᠠᠯ ᠰᠡᠷᠭᠡᠶᠢᠯᠡᠬᠦ ᠡᠯ᠎ᠡ‌ᠵᠦ᠋ᠢᠯ  ᠤᠨ ᠠᠷᠭ᠎ᠠ‌‍ᠬᠡᠮᠵᠢᠶ᠎ᠡ‌‍ᠶᠢ ᠦᠨᠡᠨᠬᠦ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃《 ᠬᠤᠶᠠᠷ ᠪᠠᠶᠠᠷ 》 ᠤᠨ ᠬᠤᠭᠤᠴᠠᠭᠠᠨ ᠳᠤ ᠭᠠᠳᠠᠨ᠎ᠠ‌ᠡᠴᠠ ᠢᠷᠡᠭᠰᠡᠨ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠠᠶᠢᠲᠤᠷ ᠤᠬᠠᠭᠤᠯᠵᠤ᠂ ᠵᠠᠩᠭᠢᠯᠠᠭ᠎ᠠ ᠶᠢᠨ ᠴᠡᠭ ᠢ ᠰᠠᠶᠢᠲᠤᠷ ᠠᠳᠬᠤᠵᠤ᠂  ᠪᠠᠶᠢᠴᠠᠭᠠᠯᠲᠠ ᠶᠢᠨ ᠴᠡᠭ ᠢ ᠰᠠᠶᠢᠲᠤᠷ ᠪᠠᠶᠢᠷᠢᠯᠠᠭᠤᠯᠵᠤ᠂ ᠬᠢᠵᠢᠭ‌ᠬᠠᠯᠳᠠᠪᠤᠷᠢᠯᠠᠨ ᠣᠷᠣᠵᠤ ᠢᠷᠡᠬᠦ ᠶᠢ ᠦᠨᠡᠨ ᠬᠦ ᠰᠡᠷᠭᠡᠶᠢᠯᠡᠬᠦ ᠬᠡᠷᠡᠭᠲᠡᠶ  ᠃ ᠡᠯ᠎ᠡ‌ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠨᠢᠭᠲᠠ ᠬᠠᠮᠵᠢᠯᠴᠠᠵᠤ᠂ ᠠᠵᠢᠯ ᠤᠨ ᠬᠠᠮᠲᠦᠷᠠᠭᠰᠠᠨ ᠬᠦᠴᠦᠨ ᠢ ᠪᠦᠷᠢᠯᠳᠦᠭᠦᠯᠵᠦ᠂ ᠠᠵᠤ ᠠᠬᠤᠶ ᠪᠣᠯᠤᠨ ᠠᠶᠤᠯ ᠥᠬᠡᠶ ᠦᠶᠯᠡᠳᠪᠦᠷᠢᠯᠡᠯ  ᠤᠨ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号