ᠮᠠᠨ ᠤ ᠬᠤᠰᠢᠭᠤ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ︽ᠲᠠᠪᠤ ᠶᠢ ᠨᠢᠭᠡ ᠴᠣᠭᠴᠠᠵᠢᠭᠤᠯᠬᠤ︾ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/9/26
      ᠨᠠᠶᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ᠂ ᠤᠯᠤᠰ ᠤᠨ ᠪᠠᠶᠠᠷ   ᠤᠨ ᠬᠤᠭᠤᠴᠠᠭᠠᠨ ᠳᠤ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠲᠤᠯᠠᠵᠤ᠂ ᠨᠠᠮ ᠵᠠᠰᠠᠭ ᠴᠡᠷᠢᠭ ᠴᠠᠭᠳᠠᠭ᠎ᠠ‌ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ‌ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 20 ᠤ ᠡᠳᠦᠷ᠂ ᠮᠠᠨ ᠤ ᠬᠤᠰᠢᠭᠤ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ︽ᠲᠠᠪᠤ ᠶᠢ ᠨᠢᠭᠡ ᠴᠤᠭᠴᠠᠵᠢᠭᠤᠯᠬᠤ︾ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠤᠷᠠᠯ ᠢ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ32106 ᠴᠡᠷᠢᠭ‌ᠠᠩᠭᠢ ᠶᠢᠨ ᠵᠢᠯᠤᠭᠤᠳᠤᠯᠭ᠎ᠠ ᠪᠠᠷ  ᠲᠤᠰ ᠴᠡᠷᠢᠭ‌ᠠᠩᠭᠢ ᠶᠢᠨ 43 ᠳ᠋ᠤᠭᠠᠷ ᠰᠠᠯᠪᠦᠷᠢ ᠠᠩᠭᠢ ᠳᠤ ᠬᠤᠷᠠᠯᠳᠤᠭᠤᠯᠵᠤ᠂ 32106 ᠴᠡᠷᠢᠭ‌ᠠᠩᠭᠢ ᠶᠢᠨ ᠳᠡᠳ᠋ ᠳᠠᠷᠤᠭ᠎ᠠ ᠵᠣᠣ ᠶᠣᠣ ᠵᠢᠴᠢ ᠬᠠᠲᠠᠪᠴᠢ ᠪᠠᠯᠭᠠᠰᠤ᠂ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠵᠡᠭᠦᠨ ᠦᠵᠦᠮᠦᠴᠢᠨ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠪᠠᠶᠠᠨᠵᠢᠯᠠᠭ᠎ᠠ ᠰᠦᠶᠳᠬᠡᠯ ᠬᠤᠷᠢᠶᠠᠬᠤ ᠥᠷᠲᠡᠭᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠬᠢᠯᠢ ᠶᠢᠨ ᠠᠷᠠᠳ ᠤᠨ ᠴᠢᠮᠡᠭᠡᠯᠡᠭᠴᠢ ᠶᠢᠨ ᠲᠦᠯᠦᠭᠡᠯᠡᠭᠴᠢ ᠬᠤᠷᠠᠯ ᠳᠤ ᠤᠷᠤᠯᠴᠠᠵᠠᠢ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠᠶᠢᠳᠠᠯ ᠢ ᠨᠠᠷᠢᠨ ᠬᠢᠨᠠᠮᠠᠭᠠᠶ ᠵᠠᠳᠠᠯᠵᠤ ᠰᠤᠳᠤᠯᠤᠨ ᠮᠠᠭᠠᠳᠯᠠᠵᠤ᠂ ᠰᠠᠨᠠᠯ ᠪᠠ‌ᠠᠷᠭ᠎ᠠ ᠬᠡᠮᠵᠢᠶ᠎ᠡ ᠶᠢ ᠰᠤᠳᠤᠯᠤᠨ ᠠᠪᠤᠭᠰᠠᠨ ᠪᠥᠭᠡᠳ ᠬᠢᠯᠢ ᠶᠢᠨ ᠠᠷᠠᠳ ᠤᠨ ᠰᠢᠯᠢᠳᠡᠭ ᠴᠢᠮᠡᠭᠡᠯᠡᠭᠴᠢ ᠳᠤ ᠱᠠᠩᠨᠠᠯ ᠤᠨ ᠮᠥᠩᠭᠦ ᠣᠯᠭᠤᠪᠠ  ᠃      ᠬᠤᠷᠠᠯ ᠠᠴᠠ ᠵᠢᠭᠠᠬᠤ ᠳᠠᠭᠠᠨ᠂ ᠵᠡᠭᠦᠨ ᠦᠵᠦᠮᠦᠴᠢᠨ ᠬᠤᠰᠢᠭᠤ ᠪᠣᠯ ᠡᠬᠡ ᠤᠯᠤᠰ ᠤᠨ ᠤᠮᠠᠷᠠᠲᠤ ᠬᠢᠯᠢ  ᠶᠢᠨ ᠬᠠᠮᠠᠭᠠᠯᠠᠯᠲᠠ ᠶᠢᠨ ᠡᠮᠦᠨ᠎ᠡ ᠹᠷᠣᠨᠲ ᠤᠨ ᠰᠠᠭᠤᠷᠢᠨ ᠭᠠᠵᠠᠷ ᠮᠥᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠯᠬᠠᠪᠴᠢ ᠮᠥᠨ᠃ ᠰᠢᠨ᠎ᠡ ᠴᠠᠭ ᠦᠶ᠎ᠡ ᠶᠢᠨ ᠬᠢᠯᠢ ᠬᠢᠵᠠᠭᠠᠷ  ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠢ ᠰᠠᠶᠢᠲᠤᠷ ᠬᠢᠬᠦ ᠪᠣᠯ ᠤᠯᠤᠰ ᠤᠨ ᠲᠥᠯᠥᠭᠡ ᠬᠢᠯᠢ ᠬᠢᠵᠠᠭᠠᠷ ᠢ ᠰᠠᠬᠢᠵᠤ᠂ ᠠᠷᠠᠳ ᠤᠨ ᠲᠥᠯᠥᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠬᠤᠯᠠ ᠤᠯᠤᠰ ᠲᠥᠷᠥ ᠶᠢᠨ ᠬᠠᠷᠢᠭᠤᠴᠠᠯᠭ᠎ᠠ‌ᠮᠥ᠋ᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠬᠢᠯᠢ ᠬᠢᠵᠠᠭᠠᠷ ᠤᠨ ᠣᠷᠳᠣ ᠬᠤᠭᠤᠴᠠᠭᠠᠨ ᠤ ᠴᠡᠴᠡᠭᠯᠡᠯ ᠬᠥᠭᠵᠢᠯ ᠪᠠ‌ᠥᠨᠢ ᠤᠳᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠵᠠᠶᠢᠯᠠᠰᠢ ᠥᠬᠡᠶ ᠱᠠᠭᠠᠷᠳᠠᠯᠭ᠎ᠠ ᠮᠥᠨ ᠭᠡᠵᠡᠢ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠷᠢᠨ ᠪᠤᠳᠤᠯᠢᠶᠠᠨᠲᠠᠶ ᠬᠢᠯᠢ ᠶᠢᠨ ᠬᠠᠮᠠᠭᠠᠯᠠᠯᠲᠠ ᠶᠢᠨ ᠪᠠᠶᠢᠳᠠᠯ ᠪᠣᠯᠤᠨ ᠬᠦᠨᠳᠦ ᠨᠣᠴᠢᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠯᠪᠣᠭᠠᠯᠠᠨ ᠰᠡᠷᠭᠡᠶᠢᠯᠡᠬᠦ ᠨᠢᠭᠡᠴᠡ ᠶᠢᠨ ᠬᠢᠨ ᠤᠯᠤᠰ ᠲᠥᠷᠥ  ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠡᠷᠭᠡᠶᠢᠯᠡᠨ ᠬᠠᠮᠠᠭᠠᠯᠠᠬᠤ ᠰᠡᠷᠭᠡᠶᠢᠯᠡᠯᠲᠡ ᠪᠠᠨ ᠴᠢᠩᠭᠠᠳᠬᠠᠵᠤ᠂ ᠠᠯᠮᠠᠶᠢᠷᠠᠨ ᠲᠠᠶᠢᠪᠤᠰᠢᠷᠠᠬᠤ ᠭᠤᠷᠢᠳᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠦᠵᠡᠯ ᠰᠠᠨᠠᠭ᠎ᠠ ᠪᠣᠯᠤᠨ ᠦᠶᠯᠡ ᠠᠵᠢᠯᠯᠠᠭ᠎ᠠ  ᠪᠠᠨ ᠨᠠᠮ ᠤᠨ ᠲᠥᠪ ᠬᠤᠷᠢᠶᠠᠨ ᠤ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠤᠨ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠪᠦᠲᠦᠮᠵᠢᠲᠡᠶ ᠠᠷᠭ᠎ᠠ ᠬᠡᠮᠵᠢᠶ᠎ᠡ‌ᠠᠪᠴᠤ᠂ ᠡᠬᠡ‌ᠤᠯᠤᠰ ᠤᠨ ᠤᠮᠠᠷᠠᠲᠤ ᠶᠢᠨ ᠶᠡᠭᠡ‌ᠡᠭᠦᠳᠡ ᠶᠢ ᠡᠷᠡᠰ ᠰᠠᠶᠢᠲᠤᠷ ᠰᠠᠬᠢᠬᠤ ᠬᠡᠷᠡᠭᠲᠡᠶ᠃ ᠡᠭᠦᠷᠭᠡ‌‍ᠴᠢᠳᠠᠪᠬᠢ ᠡᠭᠦᠷᠭᠡ‌ᠬᠠᠷᠢᠭᠤᠴᠠᠯᠭ᠎ᠠ‌‍ᠪᠠᠨ ᠤᠯᠠᠮ ᠨᠢᠭᠡ‌ᠠᠯᠬᠤᠮ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠶᠡᠭᠡ ᠲᠠᠯ᠎ᠠ ᠶᠢᠨ ᠦᠵᠡᠯᠲᠡ ᠪᠣᠯᠤᠨ  ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ‌‍ᠶᠢ ᠪᠠᠲᠤ ᠪᠤᠢ ᠪᠣᠯᠭᠠᠵᠤ᠂ ᠨᠠᠮ ᠵᠠᠰᠠᠭ ᠴᠡᠷᠢᠭ ᠴᠠᠭᠳᠠᠭ᠎ᠠ‌ᠠᠷᠠᠳ ᠤᠨ ︽ᠲᠠᠪᠤ ᠶᠢ ᠨᠢᠭᠡ ᠴᠤᠬᠴᠠᠵᠢᠭᠤᠯᠬᠤ︾ ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ  ᠬᠠᠮᠲᠤᠷᠠᠭᠰᠠᠨ ᠬᠦᠴᠦᠨ ᠢ ᠨᠢᠭᠲᠠᠷᠠᠭᠤᠯᠵᠤ᠂ ᠨᠠᠮ ᠤᠨ ᠤᠳᠤᠷᠢᠳᠤᠯᠭ᠎ᠠ ᠶᠢᠨ ᠳᠠᠪᠠᠭᠤᠯᠢᠭ᠂ ᠲᠦᠷᠢᠮ ᠤᠨ ᠳᠠᠪᠠᠭᠤᠯᠢᠭ᠂ ᠤᠯᠠᠨ ᠲᠦᠮᠡᠨ ᠤ ᠠᠵᠢᠯ ᠤᠨ ᠳᠠᠪᠠᠭᠤᠯᠢᠭ ᠪᠣᠯᠤᠨ ᠦᠨᠳᠦᠰᠦᠨ ᠱᠠᠲᠤᠨ ᠤ ᠰᠠᠭᠤᠷᠢ ᠠᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠳᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠠᠵᠢᠯ ᠤᠨ ᠤᠳᠤᠷᠢᠳᠤᠮᠵᠢ ᠶᠢ ᠲᠥᠪ ᠪᠣᠯᠭᠠᠵᠤ᠂ ᠨᠡᠶᠢᠲᠡᠯᠢᠭ ᠨᠥᠯᠥᠭᠡ ᠲᠤᠰᠬᠠᠯ ᠢ ᠴᠢᠩᠭᠠᠳᠬᠠᠵᠤ᠂ ᠥᠷᠭᠡᠨ ᠣᠯᠠᠨ ᠲᠦᠮᠡᠨ ᠤ ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠭᠦᠶᠴᠡᠳ ᠳᠠᠶᠢᠴᠢᠯᠠᠵᠤ᠂ ᠬᠢᠯᠢ ᠶᠢᠨ ᠠᠮᠤᠷ ᠲᠦᠪᠰᠢᠨ ᠢ ᠬᠠᠮᠠᠭᠠᠯᠠᠬᠤ ᠲᠡᠷᠢᠭᠦᠨ ᠤ ᠨᠢᠭᠡᠴᠡ ᠪᠣᠯᠤᠨ ᠰᠢᠯᠢᠳᠡᠭ ᠬᠤᠪᠢ ᠬᠥᠮᠦᠨ ᠤ ᠨᠡᠶᠢᠲᠡᠯᠢᠭ ᠦᠶᠯᠡ ᠠᠵᠢᠯᠯᠠᠭ᠎ᠠ ᠶᠢ ᠭᠦᠨᠵᠡᠭᠡᠶ ᠠᠭᠤᠳᠠᠯᠤᠨ ᠤᠬᠠᠭᠤᠯᠵᠤ᠂ ᠤᠯᠤᠰ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠮᠣᠩᠭᠤᠯ ᠬᠡᠷ ᠢ ᠨᠡᠭᠦᠳᠡᠯ ᠬᠠᠷᠠᠭᠤᠯ ᠤᠨ ᠭᠠᠵᠠᠷ ᠪᠣᠯᠭᠠᠵᠤ᠂ ᠬᠢᠯᠢ ᠶᠢᠨ ᠠᠷᠠᠳ ᠢ ᠨᠡᠭᠦᠳᠡᠯ ᠬᠠᠷᠠᠭᠤᠯ ᠤᠨ ᠴᠡᠷᠢᠭ ᠪᠣᠯᠭᠠᠵᠤ᠂ ᠬᠢᠯᠢ ᠬᠢᠵᠠᠭᠠᠷ ᠣᠷᠣᠨ ᠤ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ  ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠨᠤᠲᠤᠭ ᠳᠡᠪᠢᠰᠬᠡᠷ ᠢ ᠰᠠᠬᠢᠨ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠯᠢ ᠳᠠᠭᠠᠤ ᠭᠠᠵᠠᠷ ᠣᠷᠣᠨ ᠤ ᠬᠥᠭᠵᠢᠯᠲᠡ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠭᠵᠢᠯᠲᠡ ᠪᠠᠷ ᠲᠣᠭᠲᠠᠭᠤᠨ ᠢ ᠪᠠᠲᠤᠯᠠᠵᠤ᠂ ᠲᠣᠭᠲᠠᠭᠤᠨ ᠢᠶᠠᠷ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂  ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ  ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠮᠠᠨ ᠤ ᠬᠤᠰᠢᠭᠤᠨ ᠤ ᠬᠢᠯᠢ ᠬᠢᠵᠠᠭᠠᠷ ᠣᠷᠣᠨ ᠳᠤ ᠬᠠᠯᠳᠠᠪᠤᠷᠢᠯᠠᠨ ᠣᠷᠣᠵᠤ ᠢᠷᠡᠬᠦ᠂ ᠳᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号