ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠠᠴᠠ ᠪᠥᠬᠦ ᠬᠤᠰᠢᠭᠤᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/26
      9 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ᠂ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠶᠡᠷᠦᠩᠬᠡᠶ ᠵᠢᠯᠣᠭᠤᠳᠣᠭᠴᠢ ᠵᠧᠤ ᠢᠦᠶ ᠯᠦᠩ ᠪᠥᠬᠦ ᠬᠤᠰᠢᠭᠤᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠠᠬᠢ ᠬᠦᠷᠦᠯᠴᠡᠬᠦ ᠥᠬᠡᠶ ᠲᠠᠯ᠎ᠠ ᠶᠢ ᠵᠠᠳᠠᠯᠤᠨ ᠪᠠᠶᠢᠴᠠᠭᠠᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ ᠪᠠᠶᠢᠷᠢᠯᠠᠭᠤᠯᠤᠯᠲᠠ ᠬᠢᠪᠠ᠃ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ  ᠬᠡᠯᠲᠡᠰ ᠤᠨ ᠳᠡᠳ᠋ ᠶᠡᠷᠦᠩᠬᠡᠶ ᠵᠢᠯᠣᠭᠤᠳᠣᠭᠴᠢ ᠰᠢᠤᠢ ᠶᠢᠩ ᠵᠢᠶᠠᠨ᠂ ᠶᠣᠣ ᠬᠠᠶ ᠰᠢᠶᠠ᠂ ᠠᠯᠲᠠᠨᠪᠠᠭᠠᠨ᠎ᠠ᠂ ᠺᠧ ᠰᠢᠶᠤᠤ ᠮᠢᠩ᠂ ᠳᠠᠪᠰᠢᠯᠲᠦ᠂ ᠫᠠᠩ ᡁᠢ ᠭᠠᠩ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠭᠠᠳᠠᠭᠠᠳᠤ ᠳᠤ ᠬᠤᠯᠪᠣᠭᠳᠠᠬᠤ ᠠᠵᠤ ᠠᠬᠤᠶᠢᠯᠠᠯ ᠪᠣᠯᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠶᠠᠷᠢᠶ᠎ᠠ ᠲᠠᠯᠪᠢᠵᠤ᠂ ᠡᠯ᠎ᠡ ᠳᠡᠳ᠋ ᠶᠡᠷᠦᠩᠬᠡᠶ ᠵᠢᠯᠣᠭᠤᠳᠣᠭᠴᠢ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠲᠣᠭᠤᠷᠢᠨ ᠳᠤ ᠪᠣᠳᠠᠲᠠᠶ ᠪᠠᠶᠢᠷᠢᠯᠠᠭᠤᠯᠤᠯᠲᠠ ᠬᠢᠪᠠ᠃      ᠵᠧᠤ ᠢᠦᠶ ᠯᠦᠩ ᠵᠢᠭᠠᠵᠤ ᠭᠠᠷᠭᠠᠭᠰᠠᠨ ᠨᠢ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ᠂ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ ᠤᠨ ᠡᠯ᠎ᠡ ᠭᠡᠰᠢᠭᠦᠳ ᠪᠣᠯᠤᠨ ᠭᠠᠳᠠᠭᠠᠳᠤ ᠳᠤ ᠬᠤᠯᠪᠣᠭᠳᠠᠬᠤ ᠠᠵᠤ ᠠᠬᠤᠶᠢᠯᠠᠯ ᠡᠷᠬᠡᠪᠰᠢ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠭᠠᠳᠠᠭᠠᠳᠤ ᠠᠴᠠ  ᠬᠠᠯᠳᠠᠪᠦᠷᠢᠯᠠᠬᠤ ᠠᠴᠠ ᠰᠡᠷᠭᠡᠶᠢᠯᠡᠬᠦ︾ ᠠᠵᠢᠯ ᠢ ᠰᠠᠶᠢᠲᠤᠷ ᠬᠢᠵᠦ᠂ ᠪᠢᠳᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠤᠯᠤᠰ ᠤᠨ ᠡᠭᠦᠳᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠶ᠃      ᠵᠧᠤ ᠢᠦᠶ ᠯᠦᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠥᠰᠦᠯ ᠤᠨ ᠱᠠᠭᠠᠷᠳᠠᠯᠭ᠎ᠠ ᠶᠣᠰᠣᠭᠠᠷ ᠪᠢᠳᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠤᠷᠠᠶ ᠲᠠᠯ᠎ᠠ ᠶᠢ ᠴᠠᠭ ᠲᠤᠬᠠᠶ ᠳᠤᠨᠢ ᠡᠷᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠪᠣᠳᠠᠲᠠᠶ ᠠᠳᠬᠤᠵᠤ᠂ ᠠᠵᠢᠯᠲᠠᠨ ᠢ ᠬᠠᠮᠢᠶᠠᠷᠤᠨ ᠡᠵᠡᠮᠳᠡᠬᠦ᠂ ᠲᠡᠷᠭᠡ ᠬᠥᠰᠬᠡ ᠶᠢ  ᠠᠷᠢᠭᠤᠳᠬᠠᠬᠤ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠵᠡᠷᠭᠡ ᠠᠵᠢᠯ ᠢ ᠴᠢᠩᠭᠠᠳᠬᠠᠵᠤ᠂ ᠪᠢᠳᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠨᠠᠷᠢᠨ ᠨᠠᠶᠢᠳᠠᠪᠤᠷᠢᠵᠢᠭᠤᠯᠬᠤ ᠬᠡᠷᠡᠭᠲᠡᠶ᠃      ᠵᠧᠦ ᠢᠦᠢ ᠯᠦᠩ ᠠᠴᠠ ᠴᠢᠬᠤᠯᠠᠴᠢᠯᠠᠭᠰᠠᠨ ᠨᠢ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠣᠶᠢᠯᠠᠭᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠬᠠᠷᠢᠭᠤᠴᠠᠯᠭ᠎ᠠ ᠶᠢ ᠭᠦᠢᠴᠡᠳᠬᠡᠬᠦ᠂ ᠬᠠᠷᠢᠭᠤᠴᠠᠯᠭ᠎ᠠ ᠶᠢ ᠡᠭᠦᠷᠭᠡᠯᠡᠬᠦ ᠶᠢ ᠡᠷᠡᠰ ᠪᠡᠶᠡᠯᠡᠭᠦᠯᠬᠦ ᠬᠡᠷᠡᠭᠲᠡᠢ᠃ ᠵᠢᠯᠣᠭᠤᠳᠬᠤ ᠬᠡᠯᠲᠡᠰ ᠨᠢ ᠲᠣᠯᠣᠭᠠᠶᠢᠯᠠᠭᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠢᠭᠡᠳᠦᠯᠲᠡᠶ ᠲᠥᠯᠥᠪᠯᠡᠨ ᠂ ᠵᠢᠭᠠᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠲᠤᠰᠬᠠᠶ ᠠᠵᠢᠯ ᠤᠨ ᠳᠤᠭᠤᠶᠢᠯᠠᠩ ᠨᠢ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠣᠷ ᠨᠠᠶᠢᠳᠠᠪᠦᠷᠢᠵᠢᠭᠤᠯᠬᠤ ᠬᠡᠷᠡᠭᠲᠡᠢ᠃ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ᠥᠷᠲᠡᠭᠡ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠣᠭᠤᠮᠲᠠ ᠶᠢᠨ ᠵᠥᠪᠯᠡᠯ ᠵᠡᠷᠭᠡ ᠭᠤᠤᠯᠳᠠᠯᠭ᠎ᠠ ᠲᠠᠢ ᠰᠠᠯᠠᠭ᠎ᠠ ᠮᠥᠴᠢᠷ ᠤᠳ ᠪᠢᠳᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠪᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠷᠪᠠᠳᠠᠬᠢ ᠡᠲᠡᠭᠡᠳ ᠤᠨ ᠠᠵᠤ ᠠᠬᠤᠶᠢᠯᠠᠯ᠂ ᠭᠠᠳᠠᠭᠠᠳᠤ ᠳᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠪᠡᠶ᠎ᠡ ᠪᠠᠷ ᠢᠶᠠᠨ ᠳᠣᠭᠢᠷᠠᠭᠤᠯᠤᠨ ᠪᠠᠶᠢᠷᠢᠯᠠᠭᠤᠯᠵᠤ᠂ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠶ᠃ ᠭᠠᠳᠠᠭᠠᠳᠤ ᠳᠤ ᠬᠤᠯᠪᠣᠭᠳᠠᠬᠤ ᠪᠠ ᠠᠷᠢᠭᠤᠳᠬᠠᠬᠤ ᠠᠵᠤ ᠠᠬᠤᠶᠢᠯᠠᠯ ᠤᠳ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠬᠠᠳᠠᠪᠴᠢ ᠪᠠᠯᠭᠠᠰᠤ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠠᠯᠠᠪᠤᠷ᠂ ᠭᠤᠤᠯᠳᠠᠯᠭ᠎ᠠ ᠲᠠᠢ ᠬᠥᠮᠦᠰ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠶᠡᠷᠦᠩᠬᠡᠶᠢᠯᠡᠨ ᠵᠣᠬᠢᠴᠠᠭᠤᠯᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠵᠦ᠂ ᠪᠣᠯᠭᠤᠮᠵᠢᠲᠠᠶ᠂ ᠴᠢᠩᠭ᠎ᠠ᠂ ᠨᠠᠷᠢᠯᠢᠭ ᠠᠵᠢᠯ ᠤᠨ ᠣᠪᠣᠷ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠢ᠃      ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠡᠯ᠎ᠡ ᠲᠤᠰᠬᠠᠶ ᠠᠵᠢᠯ ᠤᠨ ᠳᠤᠭᠤᠶᠢᠯᠠᠩ ᠤᠨ ᠳᠡᠳ᠋ ᠳᠠᠷᠤᠭ᠎ᠠ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ᠂ ᠪᠣᠭᠤᠮᠲᠠ ᠶᠢᠨ ᠭᠠᠳᠠᠭᠠᠳᠤ ᠳᠤ ᠬᠤᠯᠪᠣᠭᠳᠠᠬᠤ ᠠᠵᠢᠯ ᠤᠨ ᠳᠤᠭᠤᠶᠢᠯᠠᠩ ᠤᠨ ᠪᠥᠬᠦ ᠭᠡᠰᠢᠭᠦᠨ᠂ ᠭᠠᠳᠠᠭᠠᠳᠤ ᠳᠤ ᠬᠤᠯᠪᠣᠭᠳᠠᠬᠤ ᠪᠠ ᠠᠷᠢᠭᠤᠳᠬᠠᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号