ᠠᠯᠳᠠᠡᠭᠢᠯᠢ ᠰᠤᠮᠤ ᠨᠢ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ  ᠰᠡᠷᠭᠡᠶᠢᠯᠠᠯᠳᠠ ᠶᠢᠨ ᠠᠵᠢᠯ ᠤᠨ ᠪᠤᠯᠪᠠᠰᠦᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2021/9/26
      ᠭᠠᠴᠠᠭᠠᠨ ᠤ ᠬᠢᠵᠢᠭ ᠰᠡᠷᠭᠡᠶᠢᠯᠡᠭᠴᠢ ᠶᠢᠨ ᠡᠩᠨᠡᠭᠡᠨ ᠤ ᠬᠠᠮᠢᠶᠠᠷᠤᠯᠳᠠ ᠶᠢ ᠴᠢᠩᠭᠠᠳᠬᠠᠵᠦ᠂ ᠲᠠᠳᠡᠨ ᠤ ᠲᠤᠬᠠᠶᠢᠯᠠᠭᠰᠠᠨ ᠠᠵᠢᠯ ᠤᠨ ᠴᠢᠳᠠᠪᠦᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠨ᠂ ᠠᠮᠢᠳᠠᠨ ᠤ ᠬᠢᠵᠢᠭ ᠰᠡᠷᠭᠡᠶᠢᠯᠡᠬᠦ ᠠᠵᠢᠯ ᠤᠨ ᠲᠤᠮᠲᠠ ᠮᠡᠷᠭᠡᠵᠢᠯ ᠤᠨ ᠵᠢᠯᠦᠭᠤᠳᠦᠮᠵᠢ ᠬᠠᠩᠭᠠᠵᠤ᠂ ᠬᠦᠡᠳᠤ ᠶᠡᠭᠡ ᠠᠮᠢᠳᠠᠨ ᠤ ᠡᠪᠡᠦᠡᠴᠢᠨ ᠬᠢᠵᠢᠭ ᠢ ᠰᠡᠷᠭᠡᠶᠢᠯᠡᠨ ᠭᠢᠵᠠᠭᠠᠷᠯᠠᠬᠤ ᠴᠢᠳᠠᠪᠦᠷᠢ ᠢ ᠨᠢ ᠪᠦᠬᠦ ᠲᠠᠯ᠎ᠡ ᠪᠠᠷ ᠲᠡᠭᠡᠭᠰᠢᠯᠡᠬᠦᠯᠬᠦ ᠶᠢᠨ ᠲᠤᠯᠠᠳᠠ 2021 ᠤᠨ ᠤ 9 ᠰᠠᠷ᠎ᠡ ᠶᠢᠨ 22 ᠤ ᠡᠳᠦᠷ ᠤᠨ ᠦᠳᠠ ᠶᠢᠨ ᠬᠤᠶᠢᠨ᠎ᠡ᠂ ᠠᠯᠳᠠᠡᠭᠢᠯᠢ ᠰᠤᠮᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠦᠭᠡᠮᠡᠯᠵᠢᠬᠦᠯᠬᠦ ᠲᠦᠪ ᠨᠢ ᠨᠠᠮᠤᠷ ᠤᠨ ᠤᠯᠠᠷᠢᠯ ᠤᠨ ᠬᠢᠵᠢᠭ ᠰᠡᠷᠭᠡᠶᠢᠯᠡᠭᠴᠢ ᠶᠢᠨ ᠪᠤᠯᠪᠠᠰᠤᠷᠠᠯ ᠢ ᠡᠷᠭᠢᠯᠡᠨ ᠶᠠᠪᠤᠭᠳᠠᠭᠤᠯᠤᠭᠰᠠᠨ ᠪᠠᠶᠢᠨ᠎ᠡ᠃ ᠪᠤᠯᠪᠠᠰᠤᠷᠠᠯ ᠳᠤ ᠰᠤᠮᠤᠨ ᠤ 4 ᠭᠠᠴᠠᠭᠠᠨ ᠤ ᠪᠦᠬᠦ ᠬᠢᠵᠢᠭ ᠰᠡᠷᠭᠡᠶᠢᠯᠡᠭᠴᠢ᠂ ᠭᠠᠴᠠᠭᠠᠨ ᠤ ᠬᠤᠶᠠᠷ  ᠵᠦᠪᠯᠡᠯ ᠤᠨ ᠭᠡᠰᠢᠭᠦᠳ ᠵᠢᠴᠢ ᠰᠤᠮᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠦᠭᠡᠮᠡᠯᠵᠢᠬᠦᠯᠬᠦ ᠲᠦᠪ ᠤᠨ ᠪᠦᠬᠦ ᠺᠠᠲᠠᠷ ᠠᠵᠢᠯᠲᠠᠳ ᠢ ᠪᠠᠭᠳᠠᠭᠠᠭᠰᠠᠨ 30 ᠭᠠᠷᠤᠢ ᠬᠦᠮᠦᠨ ᠤᠷᠤᠯᠴᠠᠭᠰᠠ ᠪᠠᠶᠢᠨ᠎ᠡ᠃      ᠡᠩ ᠳᠡᠷᠢᠭᠦᠨ ᠳᠤ ᠪᠤᠯᠪᠠᠰᠤᠷᠠᠯ ᠢ ᠰᠤᠮᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠦᠭᠡᠮᠡᠯᠵᠢᠬᠦᠯᠬᠦ ᠲᠦᠪ ᠤᠨ ᠡᠷᠬᠢᠯᠡᠭᠴᠢ ᠬᠤᠷᠢᠶᠠ ᠨᠦᠬᠦᠷ ᠠᠴᠠ ᠡᠷᠭᠢᠯᠡᠵᠤ᠂ ᠪᠦᠬᠦ ᠬᠤᠰᠢᠭᠤᠨ ᠤ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠰᠡᠷᠭᠡᠶᠢᠯᠡᠯᠲᠡ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ᠂ ᠠᠯᠳᠠᠨᠬᠢᠯᠢ ᠰᠤᠮᠤᠨ ᠤ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠰᠡᠷᠭᠡᠶᠢᠯᠡᠯᠲᠡ ᠶᠢᠨ  ᠠᠵᠢᠯ ᠢ ᠪᠤᠳᠠᠳᠠᠢ ᠪᠠᠶᠢᠷᠢᠯᠠᠭᠤᠯᠪᠠ᠃      ᠲᠠᠷᠠᠭ᠎ᠠ ᠨᠢ ᠰᠤᠮᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠦᠭᠡᠮᠡᠯᠵᠢᠬᠦᠯᠬᠦ ᠲᠦᠪ ᠤᠨ ᠲᠤᠰᠬᠠᠢ ᠠᠵᠢᠯ ᠤᠨ ᠺᠠᠲᠠᠷ ᠠᠴᠠ ᠤᠯᠠᠨ ᠳᠤ ᠮᠠᠯᠵᠢᠬᠤ ᠤᠷᠤᠨ ᠳᠤ ᠪᠠᠶᠢᠩᠭᠤ ᠳᠤᠬᠢᠶᠠᠯᠳᠤᠳᠠᠭ ᠡᠪᠡᠳᠴᠢᠨ ᠬᠢᠵᠢᠭ ᠪᠠ ᠨᠠᠮᠤᠷ ᠤᠨ ᠤᠯᠠᠷᠢᠯ ᠳᠤ ᠭᠢᠯᠪᠠᠷ ᠡᠭᠦᠰᠴᠦ ᠮᠡᠳᠡᠬᠦ ᠠᠮᠢᠳᠠᠡ ᠤ ᠡᠪᠡᠤᠡᠴᠢᠨ ᠬᠢᠵᠢᠭ ᠤᠨ ᠲᠦᠷᠦᠯ ᠵᠤᠶᠢᠯ᠂ ᠢᠯᠠᠷᠡᠯ᠂ ᠲᠡᠬᠦᠨ  ᠢ ᠰᠠᠷᠭᠡᠶᠢᠯᠡᠨ ᠬᠤᠷᠢᠭᠯᠠᠬᠤ ᠠᠷᠭ᠎ᠠ ᠠᠪᠴᠢᠯ ᠵᠢᠴᠢ ᠶᠡᠷᠦᠩᠬᠡᠶᠢᠯᠡᠨ ᠵᠠᠰᠠᠬᠤ ᠮᠡᠳᠡᠯᠭᠡ ᠢ ᠰᠢᠰᠲ᠋ᠧᠮ ᠲᠠᠢ ᠤᠯᠠᠮᠵᠢᠯᠠᠬᠤ ᠶᠢᠨ ᠳᠠᠭᠠᠤ᠂ ᠰᠢᠨ᠎ᠡ ᠪᠠᠷ ᠵᠠᠰᠠᠪᠦᠷᠢ ᠤᠷᠤᠭᠤᠯᠤᠭᠰᠠᠨ《 ᠪᠦᠬᠦᠳᠠ ᠨᠠᠶᠢᠷᠠᠮᠳᠠᠬᠤ ᠲᠤᠮᠳᠠᠳᠤ ᠠᠷᠠᠤᠨ ᠤᠯᠤᠰ ᠤᠨ ᠠᠮᠢᠳᠠᠨ ᠤ ᠬᠢᠵᠢᠭ ᠰᠡᠷᠭᠡᠶᠢᠯᠠᠯᠳᠠ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠥᠯᠢ ᠳᠦᠷᠢᠮ ᠢ ᠤᠯᠠᠮᠵᠢᠯᠠᠨ᠂ ᠬᠤᠷᠠᠯ ᠳᠤ ᠤᠷᠤᠯᠴᠠᠭᠰᠠᠤᠨ ᠢ ᠲᠠᠭᠠᠭᠤᠯᠤᠨ ᠰᠢᠰᠲ᠋ᠧᠮ ᠲᠠᠢ ᠰᠤᠷᠤᠯᠴᠠᠭᠰᠠᠨ ᠪᠠᠶᠢᠨ᠎ᠠ᠃ ᠮᠦᠨᠴᠦ ᠡᠭᠦᠨ ᠤ ᠳᠠᠭᠠᠤ《 ᠤᠶᠤᠡᠴᠢ ᠠᠮᠢ ᠠᠬᠤᠢ ᠶᠢᠨ ᠲᠠᠪᠴᠠᠩ 》APP ᠲᠤᠨᠤᠭ ᠤᠨ ᠭᠡᠷᠡᠭᠡᠯᠡᠯᠳᠠ  ᠶᠢ ᠭᠤᠤᠯᠳᠠᠯᠭ᠎ᠠ ᠲᠠᠢ ᠲᠠᠶᠢᠯᠪᠦᠷᠢᠯᠡᠵᠤ᠂ ᠭᠠᠷ ᠤᠳᠠᠰᠤᠨ ᠳᠤ ᠬᠡᠷᠬᠢᠨ ᠪᠠᠭᠤᠯᠭᠠᠬᠤ᠂ ᠳᠠᠩᠰᠠᠯᠠᠨ ᠨᠡᠪᠲᠡᠷᠡᠬᠦ ᠵᠡᠷᠭᠡ ᠶᠢ ᠰᠠᠶᠢᠳᠤᠷ ᠵᠢᠭᠠᠵᠦ᠂ ᠭᠠᠴᠠᠭᠠᠨ ᠤ ᠬᠢᠵᠢᠭ ᠰᠡᠷᠭᠡᠶᠢᠯᠡᠭᠴᠢ ᠨᠦᠬᠦᠤᠨ ᠤᠨ ᠬᠤᠶᠢᠰᠢᠳᠠ ᠶᠢᠨ ᠠᠵᠢᠯ ᠤᠨ ᠲᠤᠮᠳᠠ  ᠪᠠᠨ ᠲᠤᠰ APP ᠲᠤᠨᠤᠭ ᠢ ᠲᠦᠭᠡᠮᠡᠯᠵᠢᠬᠦᠯᠦᠨ ᠬᠡᠷᠡᠭᠯᠡᠵᠦ᠂ ᠪᠤᠯᠪᠠᠰᠤᠷᠠᠩᠭᠤᠢ ᠪᠠᠷ ᠲᠠᠩᠰᠠᠯᠠᠨ ᠲᠡᠮᠳᠡᠭᠯᠡᠵᠦ   ᠮᠡᠳᠡᠬᠦᠯᠬᠦ ᠳᠤ ᠮᠡᠷᠭᠡᠵᠢᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠲᠤᠰ ᠤᠳᠠᠭᠠᠨ ᠤ ᠠᠮᠢᠳᠠᠨ ᠤ ᠬᠢᠵᠢᠭ ᠰᠡᠷᠭᠡᠶᠢᠯᠡᠬᠦ ᠠᠵᠢᠯ ᠤᠨ ᠲᠤᠰᠬᠠᠢ ᠪᠤᠯᠪᠠᠰᠤᠷᠠᠯ  ᠠᠴᠠ ᠴᠢᠩᠭᠠᠳᠬᠠᠭᠰᠠᠨ ᠨᠢ  ᠂ ᠨᠢᠭᠡ ᠳᠤ ᠦᠵᠡᠯ ᠰᠠᠨᠠᠭ᠎ᠠ ᠪᠠᠨ ᠳᠡᠭᠡᠭᠰᠢᠯᠡᠭᠦᠯᠦᠨ᠂ ᠨᠠᠶᠢᠳᠠᠪᠤᠷᠢᠵᠢᠭᠤᠯᠤᠯᠲᠠ ᠶᠢ ᠠᠳᠬᠤᠵᠦ᠂ ᠠᠮᠢᠳᠠᠨ ᠤ ᠡᠪᠡᠳᠴᠢᠨ ᠬᠢᠵᠢᠭ ᠢ ᠰᠡᠷᠬᠡᠶᠢᠯᠡᠬᠦ ᠶᠢᠨ ᠴᠢᠬᠤᠯᠠ ᠴᠢᠨᠠᠷ ᠢ ᠳᠠᠨᠢᠵᠦ᠂ ᠡᠯ᠎ᠡ ᠳᠦᠷᠦᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠳᠦᠷ ᠪᠡᠶᠡᠯᠡᠭᠦᠯᠭᠦ ᠬᠡᠷᠡᠭᠳᠡᠢ᠃ ᠬᠤᠶᠠᠷ ᠳᠤ᠂ ᠭᠠᠴᠠᠭᠠᠨ ᠤ ᠬᠢᠵᠢᠭ ᠰᠡᠷᠭᠡᠶᠢᠯᠡᠭᠴᠢ ᠶᠢᠨ ᠪᠤᠯᠪᠠᠰᠤᠷᠠᠯ ᠰᠤᠷᠤᠯᠴᠠᠯᠭ᠎ᠠ ᠶᠢ ᠴᠢᠩᠭᠠᠳᠬᠠᠵᠦ᠂ ᠬᠢᠵᠢᠭ ᠤᠨ ᠲᠠᠷᠢᠯᠭ᠎ᠠ ᠶᠢᠨ ᠳᠦᠷᠢᠮ᠂ ᠱᠠᠭᠠᠷᠳᠠᠯᠭ᠎ᠠ᠂ ᠡᠮ ᠤᠨ ᠬᠠᠳᠠᠭᠠᠯᠠᠯᠲᠠ᠂ ᠡᠮ ᠤᠨ ᠳᠠᠷᠬᠠᠭᠠᠯᠲᠠ᠂ ᠬᠤᠪᠢ ᠪᠡᠶ᠎ᠠ ᠶᠢᠨ ᠬᠠᠮᠠᠭᠠᠯᠠᠯᠲᠠ ᠵᠡᠷᠭᠡ ᠤᠯᠠᠨ ᠲᠠᠯ᠎ᠠ ᠶᠢᠨ ᠭᠤᠭᠴᠤᠭᠠᠨ ᠤ ᠳᠠᠨᠢᠯᠲᠠ ᠤᠶᠢᠯᠠᠭᠠᠯᠲᠠ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠠᠵᠢᠯ ᠤᠨ ᠳᠠᠩᠰᠠ ᠳᠡᠮᠳᠡᠭᠯᠡᠯ ᠢ ᠨᠠᠷᠢᠨ ᠬᠢᠨᠠᠮᠠᠭᠠᠢ ᠪᠦᠷᠢᠨᠰᠢᠭᠦᠯᠦᠨ᠂ ᠬᠢᠨᠡᠨ ᠬᠠᠷᠭᠤᠭᠤᠯᠬᠤ ᠳᠤ ᠦᠨᠳᠦᠰᠦ ᠪᠠᠷᠢᠮᠲᠠ ᠲᠠᠢ ᠪᠠᠶᠢᠬᠤ ᠶᠢ ᠦᠨᠡᠨᠬᠦ ᠪᠡᠶᠡᠯᠡᠭᠦᠯᠦᠨ᠎ᠡ᠃ ᠳᠦᠷᠪᠡ ᠳᠤ᠂ ᠤᠬᠠᠭᠤᠯᠭ᠎ᠠ ᠬᠢᠬᠦ ᠬᠦᠴᠦᠯᠡᠴᠡ ᠪᠠᠨ ᠳᠠᠰᠤᠷᠠᠯᠳᠠ ᠦᠭᠡᠢ ᠳᠡᠭᠡᠭᠰᠢᠯᠡᠬᠦᠯᠵᠦ᠂ ᠪᠦᠬᠦ ᠠᠷᠠᠳ ᠢᠶᠠᠷ ᠢᠶᠠᠨ ᠤᠷᠤᠯᠴᠠᠭᠰᠠᠨ ᠠᠮᠢᠲᠠᠨ ᠤ ᠬᠢᠵᠢᠭ ᠰᠡᠷᠭᠡᠶᠢᠯᠡᠯᠳᠡ ᠶᠢᠨ ᠰᠢᠨ᠎ᠡ ᠤᠷᠴᠢᠨ ᠢ ᠡᠬᠦᠳᠬᠦ ᠪᠠᠷ ᠴᠢᠷᠮᠠᠶᠢᠬᠤ ᠬᠡᠷᠡᠭᠳᠡᠢ ᠭᠡᠰᠡᠨ ᠪᠠᠶᠢᠨ᠎ᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号