ᠡᠵᠢᠨᠠᠭᠤᠷ ᠪᠠᠯᠭᠠᠰᠤᠨ ᠤ ᠡᠮᠡᠭᠳᠠᠶᠢᠴᠣᠳ ᠤᠨ ᠬᠤᠯᠪᠣᠭᠠᠳᠣ ᠬᠤᠷᠠᠯ ᠡᠯ᠎ᠡ ᠭᠠᠴᠠᠭ᠎ᠠ ( ᠨᠡᠶᠢᠭᠡᠮ ᠲᠣᠭᠤᠷᠢᠭ ) ᠶᠢᠨ ᠡᠮᠡᠭᠲᠡᠶᠢᠴᠦᠳ ᠤᠨ ᠬᠤᠯᠪᠣᠭᠠᠳᠣ ᠬᠤᠷᠠᠯ ᠢ ᠵᠣᠬᠢᠶᠠᠨ ᠪᠠᠶᠢᠭᠤᠯᠣᠨ  ︽ᠪᠣᠯᠪᠠᠰᠣᠨ  ᠢᠶᠠᠷ ᠭᠡᠷ ᠪᠦᠯᠢ ᠪᠠᠨ ᠴᠣᠭᠴᠠᠯᠠᠵᠣ᠂ ᠠᠷᠢᠭᠤᠨ ᠴᠡᠪᠡᠷ ᠢᠶᠠᠷ ᠣᠯᠣᠰ ᠤᠨ ᠪᠠᠶᠠᠷ ᠢᠶᠠᠨ ᠣᠭᠳᠣᠶ᠎ᠠ︾  ᠳᠣᠰᠬᠠᠢ ᠰᠡᠳᠦᠪᠳᠦ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2021/9/28
      ᠶᠡᠷᠦᠩᠬᠡᠶ ᠱᠦᠵᠢ ᠰᠢ ᠶᠢᠨ ᠫᠢᠩ ᠤᠨ 《 ᠲᠤᠯᠤᠭᠠᠨ ᠰᠠᠷ᠎ᠠ ᠶᠢᠨ ᠨᠢᠭᠡᠨ 》 ᠤ ᠴᠢᠬᠤᠯᠠ ᠶᠠᠷᠢᠶ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠬᠡᠷ ᠪᠦᠯᠢ ᠶᠢᠨ ᠬᠥᠮᠦᠵᠢᠯ ᠬᠡᠷ ᠤᠨ ᠰᠤᠷᠲᠠᠯ ᠤᠨ -ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠶᠢᠨ ᠲᠥᠯᠥᠭᠡ᠂  ᠣᠷᠣᠨ᠂ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠳᠣ  ᠬᠤᠷᠠᠯ  ᠂ ᠵᠡᠭᠦᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ  ᠬᠤᠯᠪᠣᠭᠠᠳᠣ ᠬᠤᠷᠠᠯ ᠶᠢᠨ ᠪᠥᠬᠦ ᠣᠷᠣᠨ ᠤ ᠠᠩᠬᠠᠳᠤᠭᠠᠷ ᠬᠤᠭᠤᠴᠠᠭᠠᠨ ᠤ ᠬᠡᠷ ᠪᠦᠯᠢ ᠶᠢᠨ ᠪᠣᠯᠪᠠᠰᠤᠨ ᠤ ᠦᠵᠡᠭᠦᠯᠦᠯᠭᠡ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠥᠷᠨᠢᠭᠦᠯᠬᠦ ᠲᠤᠬᠠᠶ ᠤᠷᠢᠶᠠᠯᠠᠭ᠎ᠠ ᠶᠢ ᠴᠤᠤᠷᠢᠶᠠᠲᠤᠨ ᠳᠠᠭᠠᠬᠤ ᠶᠢᠨ  ᠲᠥᠯᠦᠭᠡ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠳᠣ ᠬᠤᠷᠠᠯ ᠨᠢ 《 ᠪᠣᠯᠪᠠᠰᠤᠨ ᠢᠶᠠᠷ ᠬᠡᠷ ᠪᠦᠯᠢ ᠪᠠᠨ ᠴᠣᠭᠴᠠᠯᠠᠵᠤ  ᠂ ᠠᠷᠢᠭᠤᠨ ᠴᠡᠪᠡᠷ ᠢᠶᠠᠷ ᠤᠯᠤᠰ ᠤᠨ ᠪᠠᠶᠠᠷ ᠢᠶᠠᠨ ᠤᠭᠲᠤᠶ᠎ᠠ 》 ᠭᠡᠬᠦ ᠳᠣᠰᠬᠠᠢ ᠰᠡᠳᠦᠪ ᠢᠶᠠᠷ  ︽  ᠴᠡᠪᠠᠷ ᠴᠡᠮᠴᠡᠭᠡᠷ ᠭᠡᠷ ᠣᠷᠣᠨ ᠢ  ᠴᠣᠭᠴᠠᠯᠠᠨ ᠪᠠᠶᠢᠭᠤᠯᠬᠤ  ︾ ᠠᠵᠢᠯᠯᠠᠭ᠎ᠠ ᠥᠷᠨᠢᠭᠦᠯᠪᠡ  ᠃      9 ᠰᠠᠷ᠎ᠠ ᠶᠢᠨ 24 ᠤ ᠡᠳᠦᠷ᠂ ᠡᠵᠢᠨᠠᠭᠤᠷ ᠪᠠᠯᠭᠠᠰᠤᠨ ᠤ ᠡᠮᠡᠭᠳᠠᠶᠢᠴᠣᠳ ᠤᠨ ᠬᠤᠯᠪᠣᠭᠠᠳᠣ ᠬᠤᠷᠠᠯ ᠳᠠᠭᠠᠭᠤᠯᠭ᠎ᠠ ᠤᠨ ᠳᠣᠣᠷ᠎ᠠ᠂ ᠡᠯ᠎ᠡ ᠭᠠᠴᠠᠭ᠎ᠠ ( ᠨᠡᠶᠢᠭᠡᠮ ᠲᠣᠭᠤᠷᠢᠭ ) ᠶᠢᠨ ᠡᠮᠡᠭᠲᠡᠶᠢᠴᠦᠳ ᠤᠨ  ᠬᠤᠯᠪᠣᠭᠠᠳᠣ ᠬᠤᠷᠠᠯ ᠠᠴᠠ  ᠭᠠᠴᠠᠭᠠᠨ ︵ ᠨᠡᠶᠢᠭᠡᠮ ᠲᠣᠭᠤᠷᠢᠭ︶ ᠤ《 ᠬᠠᠮᠤᠭ ᠤᠨ ᠭᠤᠶᠣ ᠬᠡᠷ ᠪᠦᠯᠢ 》᠂ 《   ᠴᠡᠪᠠᠷ ᠴᠡᠮᠴᠡᠭᠡᠷ ᠭᠡᠷ ᠣᠷᠣᠨ  》 ᠶᠢ ᠰᠢᠯᠭᠠᠷᠠᠭᠤᠯᠬᠤ ᠠᠵᠢᠯᠯᠠᠭ᠎ᠠ ᠶᠢᠨ ᠢᠷᠠᠭᠤ ᠠᠯᠳᠠᠷ  ᠭᠦᠷᠳᠡᠭᠰᠡᠳ ᠢ ᠵᠣᠬᠢᠶᠠᠨ ᠪᠠᠶᠢᠭᠤᠯᠵᠣ᠂ 《 ᠪᠣᠯᠪᠠᠰᠤᠨ ᠢᠶᠠᠷ ᠬᠡᠷ ᠪᠦᠯᠢ ᠪᠠᠨ ᠴᠣᠭᠴᠠᠯᠠᠨ ᠪᠠᠶᠢᠭᠤᠯᠵᠤ᠂ ᠠᠷᠢᠭᠤᠨ ᠴᠡᠪᠡᠷ ᠢᠶᠠᠷ ᠤᠯᠤᠰ  ᠤᠨ ᠪᠠᠶᠠᠷ ᠢᠶᠠᠨ ᠤᠭᠲᠤᠶ᠎ᠠ 》ᠭᠡᠬᠦ ᠭᠤᠤᠯ ᠰᠡᠳᠦᠪ ᠢᠶᠠᠷ  ᠬᠡᠷ ᠬᠦᠷᠢᠶ᠎ᠡ ᠪᠠᠨ  ᠴᠡᠪᠡᠷᠯᠡᠨ ︽ᠴᠡᠪᠠᠷ ᠴᠡᠮᠴᠡᠭᠡᠷ ᠭᠡᠷ ᠣᠷᠣᠨ ᠢ  ᠴᠣᠭᠴᠠᠯᠠᠨ ᠪᠠᠶᠢᠭᠤᠯᠬᠤ  ︾ ᠠᠵᠢᠯᠯᠠᠭ᠎ᠠ ᠥᠷᠨᠢᠭᠦᠯᠪᠡ  ᠃      ᠲᠣᠰ ᠤᠳᠠᠭᠠᠨ ᠤ ᠠᠵᠢᠯᠯᠠᠭ᠎ᠠ ᠨᠢ 《  ᠴᠡᠪᠠᠷ ᠴᠡᠮᠴᠡᠭᠡᠷ ᠭᠡᠷ ᠣᠷᠣᠨ 》 ᠶᠢ ᠡᠭᠦᠳᠦᠨ ᠪᠠᠶᠢᠭᠤᠯᠬᠤ  ᠬᠦᠳᠡᠯᠭᠡᠭᠡᠨ ᠢ  ᠦᠷᠭᠡᠨ ᠢᠶᠠᠷ ᠣᠬᠠᠭᠤᠯᠵᠣ᠂ 《 ᠬᠠᠮᠤᠭ  ᠭᠤᠶᠣ ᠬᠡᠷ ᠪᠦᠯᠢ 》᠂ 《  ᠴᠡᠪᠠᠷ ᠴᠡᠮᠴᠡᠭᠡᠷ ᠭᠡᠷ ᠣᠷᠣᠨ 》 ᠶᠢᠨ ᠢᠷᠠᠭᠤ ᠠᠯᠳᠠᠷ ᠢ ᠭᠥᠷᠳᠡᠭᠰᠡᠳ ‍ᠤᠨ‌‍ᠲ᠋ᠠᠭᠠᠭᠤᠯᠤᠭᠴᠢ ᠦᠢᠯᠡᠳᠦᠯ᠂  ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠨᠠᠩ ᠣᠯᠠᠨ ᠬᠡᠷ ᠪᠦᠯᠢ ᠶᠢ ᠳᠠᠶᠢᠴᠢᠯᠠᠨ ᠥᠨᠳᠥᠷ ᠪᠠᠷᠢᠮᠵᠢᠶ᠎ᠠ ᠪᠠᠷ 《 ᠴᠡᠪᠠᠷ ᠴᠡᠮᠴᠡᠭᠡᠷ ᠭᠡᠷ ᠣᠷᠣᠨ  》 ᠶᠢ ᠡᠭᠦᠳᠦᠨ ᠪᠠᠶᠢᠭᠤᠯᠬᠤ ᠪᠠᠷ ᠭᠤᠣᠯ ᠵᠣᠷᠢᠯᠭ᠎ᠠ ᠪᠣᠯᠭᠠᠵᠤ᠂ ᠦᠵᠡᠰᠬᠦᠯᠡᠩᠲᠦ ᠰᠠᠶᠢᠬᠠᠨ ᠭᠡᠷ ᠬᠦᠷᠢᠶ᠎ᠡ ᠶᠢ ᠡᠭᠦᠳᠦᠨ ᠪᠠᠶᠢᠭᠤᠯᠵᠤ᠂ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠤᠨ᠂ ᠣᠷᠣᠨ ᠰᠠᠭᠤᠴᠠ ᠨᠢ ᠲᠡᠷᠢ ᠲᠡᠭᠰᠢ᠂ ᠣᠷᠴᠢᠨ ᠲᠣᠭᠤᠷᠢᠨ ᠨᠢ  ᠭᠤᠶᠢᠳᠠ ᠰᠠᠶᠢᠬᠠᠨ᠂ ᠭᠠᠳᠠᠷ ᠳᠦᠷᠰᠦ ᠨᠢ ᠵᠣᠬᠢᠴᠠᠩᠭᠤᠶ ᠭᠤᠶᠣ ᠰᠠᠶᠢᠬᠠᠨ᠂ ᠬᠡᠷ ᠪᠦᠯᠢ ᠨᠢ ᠡᠶ᠎ᠡ ᠵᠣᠬᠢᠴᠠᠯ ᠲᠠᠢ ᠵᠡᠷᠭᠡ ᠪᠠᠷ ᠪᠠᠷᠢᠮᠵᠢᠶ᠎ᠠ ᠪᠣᠯᠭᠠᠵᠤ᠂ ᠴᠡᠪᠡᠷ ᠲᠡᠭᠰᠢ᠂ ᠲᠠᠭᠠᠯᠠᠮᠵᠢᠲᠠᠶ᠂  ᠦᠵᠡᠰᠬᠦᠯᠡᠩᠲᠦ ᠰᠠᠶᠢᠬᠠᠨ ᠬᠡᠷ ᠣᠷᠣᠨ ᠢ ᠬᠦᠴᠦᠯᠡᠨ ᠪᠠᠶᠢᠭᠤᠯᠤᠨ᠎ᠠ  ᠃
 
ᠢᠷᠡᠯᠲᠡ᠄ ᠡᠵᠢᠨᠠᠭᠤᠷ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号