ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠠᠷᠠᠳ ᠤᠨ ᠲᠥᠯᠥᠭᠡ ᠦᠢᠯᠡᠴᠢᠯᠡᠬᠦ ᠣᠭ ᠰᠠᠨᠠᠭ᠎ᠠ ᠶᠢ ᠨᠠᠩ ᠰᠠᠶᠢᠲᠤᠷ ᠦᠢᠯᠡᠳᠦᠯᠭᠡᠵᠢᠭᠦᠯᠵᠤ | ᠂ ᠠᠵᠢᠯ ᠬᠢᠵᠦ ᠦᠢᠯᠡᠰ ᠪᠤᠰᠬᠠᠬᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ | ᠤᠯᠤᠰ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠵᠡᠭᠦᠨ ᠦᠵᠦᠮᠦᠴᠢᠨ ᠬᠤᠰᠢᠭᠤᠨ ᠤ | ᠤᠯᠢᠶᠠᠰᠤᠲᠠᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠢ ︽ᠳᠥᠷᠪᠡᠨ ᠨᠢᠭᠡ︾ ᠪᠠᠷ ︽ᠤᠯᠤᠰ ᠤᠨ | ᠪᠠᠶᠠᠷ ᠢ ᠤᠭᠲᠤᠬᠤ︾ ᠰᠢᠷᠢᠰ ᠭᠤᠤᠯ ᠰᠡᠳᠦᠪᠲᠦ ᠨᠠᠮ ᠤᠨ ᠭᠡᠰᠢᠭᠦᠨ ᠤ ᠲᠣᠭᠲᠠᠭᠰᠠᠨ ᠡᠳᠦᠷ ᠤᠨ ᠬᠦᠳᠡᠯᠭᠡᠭᠡᠨ ᠢ | ᠥᠷᠨᠢᠭᠦᠯᠵᠦ᠂ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠤ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ | ᠬᠠᠯᠠᠭᠤᠨ ᠰᠡᠳᠬᠢᠯᠭᠡ ᠶᠢ ᠬᠥᠭᠵᠢᠭᠡᠪᠡ᠃ | ᠰᠢᠷᠢᠰ ᠬᠥᠳᠡᠯᠭᠡᠭᠡᠨ ᠨᠢᠭᠡ᠄ ᠨᠢᠭᠡ ᠤᠯᠤᠰ ᠲᠥᠷᠥ ᠶᠢᠨ ᠲᠥᠷᠥᠭᠰᠡᠨ ᠡᠳᠦᠷ ᠢᠶᠠᠨ ᠪᠡᠯᠭᠡᠯᠡᠬᠦ ᠠᠵᠢᠯᠯᠠᠭ᠎ᠠ | ᠶᠠᠪᠤᠭᠲᠠᠭᠤᠯᠪᠠ᠃ | ᠨᠠᠮ ᠤᠨ ᠭᠡᠰᠢᠭᠦᠨ ᠤ ᠤᠬᠠᠮᠰᠠᠷ ᠢ ᠴᠢᠩᠭᠠᠳᠬᠠᠵᠤ᠂ ᠨᠠᠮ ᠤᠨ ᠭᠡᠰᠢᠭᠦᠨ ᠤ ᠤᠯᠤᠰ ᠲᠥᠷᠥ ᠶᠢᠨ ᠬᠠᠯᠠᠭᠤᠨ | ᠰᠡᠳᠬᠢᠯᠭᠡ ᠶᠢ ᠬᠥᠭᠵᠢᠭᠡᠵᠦ᠂ ᠨᠠᠮ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠬᠤ ᠶᠢᠨ | ᠲᠥᠯᠥᠭᠡ᠂ ᠪᠠᠶᠢᠭᠤᠯᠭ᠎ᠠ ᠶᠢᠨ ᠨᠠᠮ ᠤᠨ ᠡᠭᠦᠷ ᠨᠢ ︽ᠤᠯᠤᠰ ᠲᠥᠷᠥ ᠶᠢᠨ ᠲᠥᠷᠥᠭᠰᠡᠨ ᠡᠳᠦᠷ ᠢ ᠬᠠᠮᠲᠤ ᠪᠠᠷ | ᠥᠩᠭᠡᠷᠡᠭᠦᠯᠵᠦ᠂ ᠨᠠᠮ ᠳᠤ ᠤᠷᠤᠭᠰᠠᠨ ᠣᠭ ᠰᠠᠨᠠᠭ᠎ᠠ ᠪᠠᠨ ᠦᠯᠦ ᠮᠠᠷᠲᠠᠬᠤ︾ ᠪᠠᠷ ᠭᠤᠤᠯ ᠰᠡᠳᠦᠪ ᠪᠣᠯᠭᠠᠵᠤ᠂ | ᠬᠠᠮᠲᠤ ᠪᠠᠷ ᠤᠯᠤᠰ ᠲᠥᠷᠥ ᠶᠢᠨ ᠲᠥᠷᠥᠭᠰᠡᠨ ᠡᠳᠦᠷ ᠢ ᠪᠡᠯᠭᠡᠯᠡᠬᠦ ᠪᠠᠷ ᠳᠠᠮᠵᠢᠭᠤᠯᠤᠨ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢᠨ ᠳᠤᠮᠳᠠ ᠣᠭ ᠰᠠᠨᠠᠭ᠎ᠠ ᠪᠠᠨ ᠥᠯᠥ ᠮᠠᠷᠲᠠᠵᠤ᠂ ᠢᠮᠠᠭᠲᠠ ᠡᠷᠡᠮᠡᠬᠡᠶᠢᠯᠡᠨ | ᠤᠷᠤᠭᠰᠢᠯᠠᠵᠤ᠂ ᠨᠠᠮ ᠤᠨ ᠦᠢᠯᠡᠰ ᠤᠨ ᠲᠥᠯᠥᠭᠡ ᠨᠠᠰᠤᠨ ᠲᠤᠷᠰᠢᠳᠠ ᠲᠡᠮᠡᠴᠡᠬᠦ ᠵᠤᠷᠢᠯᠲᠠ ᠪᠠᠨ ᠪᠠᠲᠣᠳᠬᠠᠪᠠ᠃ | | ᠬᠦᠳᠡᠯᠭᠡᠭᠡᠨ ᠳᠤ᠂ ᠨᠠᠮ ᠤᠨ ᠭᠡᠰᠢᠭᠦᠨ ᠲᠥᠯᠥᠭᠡᠯᠡᠭᠴᠢ ᠥᠪᠡᠷ ᠤᠨ ᠨᠠᠮ ᠳᠤ ᠣᠷᠣᠭᠰᠠᠨ ᠥᠯᠢᠭᠡᠷ ᠢ | ᠶᠠᠷᠢᠵᠤ᠂ ᠨᠠᠮ ᠳᠤ ᠣᠷᠣᠭᠰᠠᠨ ᠣᠭ ᠰᠠᠨᠠᠭ᠎ᠠ ᠪᠠ ᠦᠰᠦᠨ ᠪᠤᠶᠢᠵᠢᠭᠰᠠᠨ ᠥᠩᠭᠡᠷᠡᠯᠲᠡ ᠪᠠᠨ ᠡᠷᠭᠢᠴᠡᠭᠦᠯᠵᠦ᠂ | ᠨᠠᠮ ᠳᠤ ᠣᠷᠣᠭᠰᠠᠨ ᠠᠴᠠ ᠨᠠᠰᠢᠬᠢ ᠪᠣᠳᠣᠯ ᠲᠥᠷᠥᠭᠳᠡᠯ ᠢᠶᠠᠨ ᠬᠤᠪᠢᠶᠠᠯᠴᠠᠪᠠ᠃ | ᠰᠢᠷᠢᠰ ᠬᠦᠳᠡᠯᠭᠡᠭᠡᠨ ᠬᠤᠶᠠᠷ᠄ ᠨᠢᠭᠡ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠪᠠ᠃ | ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠯᠢ ᠶᠠᠨ ᠠᠴᠠ ︽ᠳᠤᠮᠳᠠᠳᠤ ᠤᠯᠤᠰ ᠤᠨ ᠡᠪ | ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠠᠴᠠ ᠨᠠᠮ ᠤᠨ ᠵᠠᠭᠤᠨ ᠵᠢᠯ ᠤᠨ ᠲᠡᠦᠬᠡ ᠶᠢ ᠣᠶᠢᠯᠠᠭᠠᠬᠤ︾ ᠪᠠᠷ | ᠰᠡᠳᠦᠪ ᠪᠣᠯᠭᠠᠵᠤ᠂ ᠨᠠᠮ ᠤᠨ ᠭᠡᠰᠢᠭᠦᠨ ᠺᠠᠳ᠋ᠷ ᠠᠵᠢᠯᠳᠠᠨ ᠳᠤ ᠠᠮᠢᠳᠤᠯᠢᠭ ᠲᠤᠰᠬᠠᠢ ᠰᠡᠳᠦᠪᠲᠦ ᠨᠠᠮ ᠤᠨ | ᠬᠢᠴᠢᠶᠡᠯ ᠣᠷᠣᠪᠠ᠃ | ᠨᠠᠮ ᠤᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠨᠠᠮ ᠤᠨ ᠭᠡᠰᠢᠭᠦᠳ ᠶᠡᠬᠡᠳᠡ ᠵᠣᠷᠢᠭᠵᠢᠵᠤ᠂ ᠲᠣᠰ | ᠤᠳᠠᠭᠠᠨ ᠤ ᠨᠠᠮ ᠤᠨ ᠬᠢᠴᠢᠶᠡᠯ ᠢᠶᠠᠷ ᠬᠥᠳᠡᠯᠭᠡᠬᠦ ᠬᠦᠴᠦᠨ ᠪᠣᠯᠭᠠᠬᠤ ᠶᠢᠨ ᠬᠠᠮᠲᠤ ᠣᠳᠣᠬᠠᠨ ᠤ ︽ᠳᠥᠷᠪᠡᠨ | ᠲᠡᠦᠬᠡ︾ ᠶᠢᠨ ᠰᠤᠷᠤᠯᠴᠠᠯᠭ᠎ᠠ ᠲᠠᠢ ᠤᠶᠠᠯᠳᠤᠭᠤᠯᠤᠨ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ | ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠬᠡᠪ ᠰᠤᠷᠲᠠᠯ ᠢᠶᠠᠷ ᠲᠣᠰ ᠲᠣᠰ ᠤᠨ ᠠᠵᠢᠯ ᠤᠨ ᠪᠠᠶᠢᠷᠢ | ᠳᠡᠭᠡᠷ᠎ᠡ ᠪᠠᠨ ᠣᠭ ᠰᠠᠨᠠᠭ᠎ᠠ ᠪᠠᠨ ᠥᠯᠥ ᠮᠠᠷᠲᠠᠵᠤ᠂ ᠡᠷᠡᠮᠡᠬᠡᠶᠢᠯᠡᠨ ᠤᠷᠤᠭᠰᠢᠯᠠᠨ᠎ᠠ ᠭᠡᠵᠦ ᠢᠯᠡᠳᠬᠡᠵᠡᠭᠡᠪᠡ᠃ | ᠰᠢᠷᠢᠰ ᠠᠵᠢᠯᠯᠠᠭ᠎ᠠ ᠭᠤᠷᠪᠠ᠄ ᠨᠢᠭᠡ ᠨᠣᠮ ᠤᠩᠰᠢᠵᠤ ᠲᠦᠷᠦᠭᠳᠡᠯ ᠢᠶᠠᠨ ᠬᠤᠪᠢᠶᠠᠯᠴᠠᠬᠤ ᠬᠤᠷᠠᠯ | ᠡᠷᠬᠢᠯᠡᠪᠡ᠃ | ᠨᠣᠮ ᠤᠩᠰᠢᠵᠤ ᠲᠦᠷᠦᠭᠳᠡᠯ ᠢᠶᠠᠨ ᠬᠤᠪᠢᠶᠠᠯᠴᠠᠬᠤ ᠬᠤᠷᠠᠯ ᠨᠢ ︽ᠪᠥᠬᠦ ᠰᠡᠳᠬᠢᠯ ᠢᠶᠠᠷ ᠢᠶᠠᠨ ᠨᠠᠮ ᠤᠨ | ᠲᠡᠦᠬᠡ ᠶᠢ ᠰᠤᠷᠤᠯᠴᠠᠵᠤ᠂ ᠨᠠᠮ ᠢᠶᠠᠨ ᠡᠭᠦᠷᠢᠳᠡ ᠳᠠᠭᠠᠬᠤ︾ ᠪᠠᠷ ᠭᠤᠤᠯ ᠰᠡᠳᠦᠪ ᠪᠣᠯᠭᠠᠵᠤ᠂ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠶ | ᠥᠭᠦᠯᠡᠬᠦ ᠨᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾᠂ ︽ᠥᠭᠡᠷᠡᠴᠢᠯᠡᠯᠲᠡ | ᠨᠡᠭᠡᠭᠡᠯᠲᠡ ᠶᠢᠨ ᠲᠣᠪᠴᠢ ᠲᠡᠦᠬᠡ︾᠂ ︽ᠨᠡᠶᠢᠭᠡᠮ ᠵᠢᠷᠤᠮ ᠤᠨ ᠬᠥᠭᠵᠢᠯᠲᠡ ᠶᠢᠨ ᠲᠣᠪᠴᠢ ᠲᠡᠦᠬᠡ︾ ᠵᠡᠷᠭᠡ | ᠨᠠᠮ ᠤᠨ ᠲᠡᠦᠬᠡ ᠶᠢᠨ ᠨᠣᠮ ᠪᠢᠴᠢᠭ ᠢᠶᠠᠷ ᠭᠤᠤᠯᠳᠠᠭᠤᠯᠵᠤ᠂ ᠠᠮᠢᠳᠤᠯᠢᠭ ᠦᠭᠡ ᠬᠡᠯᠡ᠂ ᠴᠢᠩ ᠦᠨᠡᠨᠴᠢ ᠬᠠᠶᠢᠷ᠎ᠠ | ᠰᠡᠳᠬᠢᠯᠭᠡ ᠪᠠᠷ ᠥᠪᠡᠷ ᠤᠨ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂ ᠣᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠨ ᠲᠠᠶᠢᠯᠪᠤᠷᠢᠯᠠᠵᠤ᠂ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠪᠠᠨ | ᠢᠯᠡᠳᠭᠡᠪᠡ᠃ ᠲᠣᠰ ᠤᠳᠠᠭᠠᠨ ᠤ ᠨᠣᠮ ᠤᠩᠰᠢᠵᠤ ᠲᠦᠷᠦᠭᠳᠡᠯ ᠢᠶᠠᠨ ᠬᠤᠪᠢᠶᠠᠯᠴᠠᠬᠤ ᠬᠤᠷᠠᠯ ᠨᠢ ᠪᠥᠬᠦ | ᠨᠠᠮ ᠤᠨ ᠭᠡᠰᠢᠭᠦᠨ ᠺᠠᠳ᠋ᠷᠴᠤᠳ ᠲᠤ ᠨᠢᠭᠡᠨ ᠰᠤᠷᠤᠯᠴᠠᠨ ᠰᠣᠯᠢᠯᠴᠠᠬᠤ ᠲᠠᠪᠴᠠᠩ ᠪᠠᠶᠢᠭᠤᠯᠵᠤ᠂ ᠪᠥᠬᠦ ᠨᠠᠮ ᠤᠨ | ᠭᠡᠰᠢᠭᠦᠨ ᠺᠠᠳ᠋ᠷ ᠠᠵᠢᠯᠲᠠᠨ ᠢ ᠬᠥᠲᠥᠯᠥᠨ ᠵᠢᠯᠣᠭᠤᠳᠴᠤ ᠨᠠᠮ ᠤᠨ ᠲᠡᠦᠬᠡ ᠶᠢᠨ ᠰᠠᠭᠤᠷᠢ ᠠᠴᠠ ᠢᠲᠡᠭᠡᠯ | ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠣᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠵᠦ᠂ ᠦᠵᠡᠯ | ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ᠬᠤᠪᠢᠰᠬᠠᠯ ᠤᠨ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠣᠶᠤᠨ ᠤᠬᠠᠭᠠᠨ ᠬᠦᠴᠦᠨ ᠴᠢᠳᠠᠯ ᠢ ᠰᠢᠩᠭᠡᠭᠡᠨ ᠠᠪᠴᠤ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠤᠨ ᠬᠥᠳᠡᠯᠭᠡᠬᠦ ᠬᠦᠴᠦᠨ ᠪᠠ ᠪᠣᠳᠠᠲᠤ ᠦᠷ᠎ᠡ | ᠪᠦᠲᠦᠮᠵᠢ ᠪᠣᠯᠭᠠᠨ ᠬᠤᠪᠢᠷᠠᠭᠤᠯᠪᠠ᠃ | ᠣᠯᠠᠨ ᠢᠶᠠᠷ ᠢᠶᠠᠨ᠂ ᠨᠣᠮ ᠤᠩᠰᠢᠵᠤ ᠲᠦᠷᠦᠭᠳᠡᠯ ᠢᠶᠠᠨ ᠬᠤᠪᠢᠶᠠᠯᠴᠠᠬᠤ ᠬᠤᠷᠠᠯ ᠤᠨ ᠬᠡᠯᠪᠡᠷᠢ ᠮᠠᠰᠢ ᠰᠠᠶᠢᠨ | ᠪᠠᠶᠢᠨ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢᠨ ᠲᠤᠬᠠᠶ | ᠴᠢᠬᠤᠯᠠ ᠥᠭᠦᠯᠡᠯᠲᠡ ᠶᠢ ᠨᠠᠩ ᠰᠠᠶᠢᠲᠤᠷ ᠣᠶᠢᠯᠠᠭᠠᠵᠤ᠂ ᠲᠣᠰ ᠪᠡᠶ᠎ᠡ ᠶᠢᠨ ᠮᠡᠳᠡᠯᠭᠡ ᠶᠢᠨ ᠠᠭᠤᠯᠤᠭᠳᠠᠴᠠ ᠪᠠᠨ | ᠳᠡᠭᠡᠭᠰᠢᠯᠡᠭᠦᠯᠵᠦ ᠴᠢᠳᠠᠨ᠎ᠠ ᠭᠡᠵᠦ ᠢᠯᠡᠳᠬᠡᠵᠡᠭᠡᠪᠡ᠃ | ᠰᠢᠷᠢᠰ ᠬᠥᠳᠡᠯᠭᠡᠭᠡᠨ ᠳᠥᠷᠪᠡ᠄ ᠨᠢᠭᠡ ᠬᠤᠪᠢᠰᠬᠠᠯ ᠤᠨ ᠺᠢᠨᠣ᠋ ᠦᠵᠡᠭᠦ ᠬᠦᠳᠡᠯᠭᠡᠭᠡᠨ ᠶᠠᠪᠣᠭᠳᠠᠭᠤᠯᠪᠠ᠃ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠳᠠᠨ ᠤ ᠡᠬᠡ ᠤᠯᠤᠰ ᠢᠶᠠᠨ ᠬᠠᠶᠢᠷᠠᠯᠠᠬᠤ᠂ ᠠᠵᠢᠯ ᠬᠢᠵᠦ | ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠬᠦ ᠶᠢᠨ ᠲᠥᠯᠥᠭᠡ᠂ ᠪᠠᠶᠢᠭᠤᠯᠭ᠎ᠠ ᠶᠢᠨ | ᠨᠠᠮ ᠤᠨ ᠡᠭᠦᠷ ᠨᠢ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠬᠤᠪᠢᠰᠬᠠᠯᠲᠤ ᠺᠢᠨᠣ᠋ ︽ᠪᠢ ᠡᠬᠡ | ᠤᠯᠤᠰ ᠲᠠᠢ ᠪᠠᠨ︾ ᠭᠡᠬᠦ ᠺᠢᠨᠣ᠋ ᠶᠢ ᠰᠣᠨᠢᠷᠬᠠᠭᠤᠯᠪᠠ᠃ ︽ᠪᠢ ᠡᠭᠡ ᠤᠯᠤᠰ ᠲᠠᠢ ᠪᠠᠨ︾ ᠨᠢ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 70 ᠵᠢᠯ ᠤᠨ ᠤᠢ ᠠᠴᠠ ᠨᠠᠭᠠᠰᠢᠬᠢ ᠡᠭᠡ ᠤᠯᠤᠰ ᠤᠨ ᠥᠩᠭᠡᠷᠡᠭᠦᠯᠦᠭᠰᠡᠨ ᠲᠤᠭ᠎ᠠ | ᠲᠣᠮᠰᠢ ᠦᠭᠡᠢ ᠲᠡᠦᠬᠡᠲᠦ ᠴᠢᠨᠠᠷᠲᠠᠢ ᠰᠣᠩᠭᠤᠳᠠᠭ ᠪᠦᠲᠦᠭᠡᠯ ᠤᠨ ᠬᠤᠷᠣᠮ ᠢᠶᠠᠷ ᠰᠡᠳᠦᠪᠯᠡᠵᠦ᠂ ᠡᠭᠡᠯ ᠵᠢᠷ ᠤᠨ | ᠬᠥᠮᠦᠨ ᠪᠣᠯᠤᠨ ᠤᠯᠤᠰ ᠤᠨ ᠬᠤᠭᠤᠷᠣᠨᠳᠣᠬᠢ ᠨᠢᠭᠲᠠ ᠬᠠᠷᠢᠴᠠᠭ᠎ᠠ ᠲᠠᠢ ᠪᠠᠶᠢᠬᠤ ᠦᠯᠢᠭᠡᠷ ᠢ ᠶᠠᠷᠢᠪᠠ᠃ ᠲᠤᠰ | ᠺᠢᠨᠣ᠋ ᠨᠢ ᠴᠠᠭ ᠦᠶ᠎ᠡ ᠶᠢᠨ ᠶᠡᠭᠡ ᠤᠷᠤᠰᠬᠠᠯ ᠠᠴᠠ ᠲᠤᠯᠤᠭᠠᠨ ᠲᠡᠦᠬᠡᠨ ᠶᠡᠭᠡ ᠬᠡᠷᠡᠭ ᠶᠠᠪᠤᠳᠠᠯ ᠢ ᠰᠣᠩᠭᠤᠨ᠂ ᠡᠭᠡᠯ | ᠵᠢᠷ ᠤᠨ ᠬᠥᠮᠦᠰ ᠤᠨ ᠴᠢᠷᠮᠠᠶᠢᠯᠭ᠎ᠠ ᠪᠣᠯᠤᠨ ᠬᠦᠴᠦ ᠬᠥᠳᠡᠯᠮᠦᠷᠢ ᠪᠠᠷ ᠢᠶᠠᠨ ᠡᠬᠡ ᠤᠯᠤᠰ ᠤᠨ ᠬᠥᠭᠵᠢᠯᠲᠡ ᠶᠢᠨ 70 | ᠵᠢᠯ ᠤᠨ ᠲᠤᠷᠰᠢᠬᠢ 7 ᠣᠳᠠᠭᠠᠨ ᠤ ︽ᠳᠤᠮᠳᠠᠳᠤ ᠤᠯᠤᠰ ᠤᠨ ᠨᠢᠭᠡᠳᠦᠭᠡᠷ︾ ᠲᠡᠦᠬᠡ ᠶᠢᠨ ᠭᠱᠠᠨ ᠢ ᠭᠡᠷᠡᠴᠢᠯᠡᠪᠡ᠃ | | ᠨᠠᠮ ᠤᠨ ᠭᠡᠰᠢᠭᠦᠨ ᠺᠠᠳ᠋ᠷ ᠠᠵᠢᠯᠲᠠᠨ ᠡᠬᠡ ᠤᠯᠤᠰ ᠤᠨ ᠪᠥᠲᠥᠭᠡᠨ ᠪᠠᠶᠢᠭᠤᠯᠤᠯᠲᠠ ᠶᠢᠨ ᠭᠠᠶᠢᠬᠠᠮᠰᠢᠭᠲᠤ | ᠲᠡᠦᠬᠡᠨ ᠴᠠᠭ ᠮᠥᠴᠡ ᠶᠢ ᠡᠷᠭᠢᠴᠡᠭᠦᠯᠵᠦ᠂ ᠬᠤᠪᠢᠰᠬᠠᠯ ᠤᠨ ᠬᠥᠮᠦᠵᠢᠯ ᠢ ᠭᠥᠯᠢᠶᠡᠨ ᠠᠪᠴᠤ᠂ ᠤᠯᠤᠰ ᠣᠷᠣᠨ ᠤ | ᠪᠠᠶᠠᠵᠢᠯ ᠬᠦᠴᠦᠷᠬᠡᠭᠵᠢᠯ ᠪᠠ ᠦᠨᠳᠦᠰᠦᠲᠡᠨ ᠤ ᠬᠥᠭᠵᠢᠯ ᠮᠠᠨᠳᠤᠯ ᠤᠨ ᠣᠮᠣᠭᠰᠢᠯ ᠪᠠ ᠳᠣᠭᠳᠣᠯᠤᠯ ᠢ ᠮᠡᠳᠡᠷᠡᠵᠦ᠂ | ᠡᠬᠡ ᠤᠯᠤᠰ ᠤᠨ ᠢᠶᠠᠨ ᠲᠥᠯᠥᠭᠡ ᠠᠮᠢ ᠪᠡᠶ᠎ᠡ ᠪᠠᠨ ᠵᠣᠷᠢᠭᠤᠯᠤᠭᠰᠠᠨ ᠲᠤᠭ᠎ᠠ ᠲᠣᠮᠰᠢ ᠥᠬᠡᠶ ᠠᠬᠠᠮᠠᠳ | ᠦᠶ᠎ᠡ ᠶᠢᠨ ᠬᠢᠨ ᠢ ᠮᠥᠷᠥᠭᠡᠳᠦᠨ ᠪᠢᠰᠢᠷᠡᠵᠦ ᠪᠠᠶᠢᠬᠤ ᠪᠠᠨ ᠢᠯᠡᠳᠬᠡᠪᠡ᠃ |