ᠤᠯᠢᠶᠠᠰᠤᠲᠠᠶ ᠪᠠᠯᠭᠠᠰᠤ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ ᠂ ᠠᠮᠤᠷ ᠲᠦᠪᠰᠢᠨ ᠢ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠢ ᠪᠠᠳᠤᠯᠠᠪᠠ
ᠨᠡᠶᠢᠲᠡᠯᠡᠭᠰᠡᠨ ᠴᠠᠭ᠄
2021/9/28
      ᠨᠠᠮᠤᠷ ᠤᠨ ᠤᠯᠠᠷᠢᠯ ᠪᠣᠯ ᠡᠯᠪᠡᠭ ᠬᠤᠷᠢᠶᠠᠯᠲᠠ ᠶᠢᠨ ᠤᠯᠠᠷᠢᠯ ᠪᠣᠯᠬᠤ ᠶᠢᠨ ᠬᠠᠮᠲᠤ ᠪᠠᠰᠠ ᠨᠤᠲᠤᠭ ᠪᠡᠯᠴᠢᠭᠡᠷ ᠤᠨ ᠭᠠᠯ ᠲᠦᠢᠮᠡᠷ᠂ ᠠᠮᠢᠲᠠᠨ ᠤ ᠬᠢᠵᠢᠭ ᠡᠪᠡᠳᠴᠢᠨ᠂ ᠪᠠᠴᠢᠮ ᠪᠠᠶᠢᠳᠠᠯ ᠤᠯᠠᠨ ᠡᠭᠦᠰᠬᠦ ᠭᠤᠤᠯᠳᠠᠯᠭ᠎ᠠ  ᠶᠢᠨ ᠬᠤᠭᠤᠴᠠᠭ᠎ᠠ ᠪᠣᠯᠤᠨ᠎ᠠ᠃ ᠤᠯᠢᠶᠠᠰᠤᠲᠠᠢ ᠪᠠᠯᠭᠠᠰᠤ ᠨᠢ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠭᠡᠮᠵᠢᠶ᠎ᠡ ᠪᠠᠷ ᠴᠢᠬᠤᠯᠠᠴᠢᠯᠠᠵᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠭᠠᠯ ᠢ ᠰᠡᠷᠭᠡᠶᠢᠯᠡᠬᠦ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ᠂ ᠲᠡᠮᠦᠷ ᠵᠠᠮ ᠳᠠᠭᠠᠤ ᠲᠣᠭᠤᠷᠢᠨ ᠪᠠᠶᠢᠴᠠᠭᠠᠬᠤ ᠵᠡᠷᠭᠡ ᠠᠵᠢᠯ ᠢ ᠳᠦᠷᠢᠮᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠶᠠᠷᠦ ᠶᠢᠨ ᠮᠡᠳᠡᠯᠭᠡ ᠶᠢ ᠢᠳᠡᠪᠬᠢᠲᠡᠶ ᠪᠠᠷ ᠤᠬᠠᠭᠤᠯᠤᠨ᠂ ᠠᠶᠤᠯᠬᠦᠢ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠵᠤ᠂ ᠳᠠᠯᠳᠠ ᠠᠶᠤᠯ ᠢ ᠵᠢᠭᠰᠠᠭᠠᠨ ᠪᠠᠶᠢᠴᠠᠭᠠᠵᠤ ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢ᠂ ᠬᠠᠷᠢᠭᠤᠴᠠᠯᠭ᠎ᠠ ᠶᠢ  ᠦᠨᠡᠨᠬᠦ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ᠃      8 ᠰᠠᠷ᠎ᠠ ᠠᠴᠠ ᠨᠠᠰᠢ᠂ ᠤᠯᠢᠶᠠᠰᠤᠲᠠᠢ ᠪᠠᠯᠭᠠᠰᠤ ᠭᠠᠯ ᠰᠡᠷᠭᠡᠶᠢᠯᠡᠬᠦ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ᠂ ᠠᠮᠤᠷ ᠲᠦᠪᠰᠢᠨ ᠤ ᠤᠬᠠᠭᠤᠯᠭ᠎ᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠠᠢ ᠃ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠡᠶᠢᠳᠠᠪᠤᠷᠢᠵᠢᠭᠤᠯᠪᠠ᠃ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠤᠤᠯ ᠬᠠᠷᠢᠭᠤᠴᠠᠯᠭᠠᠲᠠᠨ ᠡᠮᠦᠨ᠎ᠡ ᠨᠢ ᠵᠢᠯᠤᠭᠤᠳᠴᠤ᠂ ᠠᠵᠤ ᠠᠬᠤᠶᠢᠯᠠᠯ᠂ ᠭᠠᠴᠠᠭ᠎ᠠ᠂ ᠮᠠᠯᠵᠢᠬᠤ ᠡᠷᠦᠬᠡ ᠯᠦᠭᠡ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠭᠡᠷ᠎ᠡ ᠲᠤᠬᠳᠠᠨ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠰᠡᠷᠡᠮᠵᠢᠯᠡᠭᠦᠯᠬᠦ᠂ ᠲᠦᠬᠦᠭᠡᠷᠦᠮᠵᠢ ᠶᠢᠨ ᠪᠠᠶᠢᠭᠤᠯᠤᠯᠳᠠ ᠵᠡᠷᠭᠡ ᠶᠢ ᠪᠣᠳᠠᠲᠠᠶ ᠪᠥᠭᠡᠳ ᠴᠢᠩᠭ᠎ᠠ ᠠᠳᠬᠤᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃      9 ᠰᠠᠷ᠎ᠠ ᠶᠢᠨ 23 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠶ ᠪᠠᠯᠭᠠᠰᠤ ︽ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢ ᠰᠤᠷᠤᠯᠴᠠᠬᠤ ᠲᠤᠰᠬᠠᠶ ᠰᠡᠳᠦᠪᠲᠦ ᠬᠤᠷᠠᠯ ᠵᠢᠴᠢ ᠭᠠᠯ ᠰᠡᠷᠭᠡᠶᠢᠯᠡᠬᠦ  ᠪᠤᠯᠪᠠᠰᠤᠷᠠᠯ ᠦᠷᠨᠢᠭᠦᠯᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠭᠦᠨ᠂ ᠭᠠᠴᠠᠭ᠎ᠠ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠠᠷᠢᠭᠤᠴᠠᠯᠭᠠᠲᠠᠨ᠂ ᠪᠠᠶᠢᠭᠤᠯᠤᠯᠭ᠎ᠠ ᠶᠢᠨ ᠪᠥᠬᠦ ᠺᠠᠳ᠋ᠷ ᠠᠵᠢᠯᠲᠠᠨ  ᠵᠢᠴᠢ ᠬᠠᠷᠢᠶ᠎ᠠ ᠣᠷᠣᠨ ᠤ ᠠᠵᠤ ᠠᠬᠤᠶᠢᠯᠠᠯ᠂ ᠬᠤᠪᠢ ᠶᠢᠨ ᠠᠬᠤᠶᠢᠯᠠᠯ᠂ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭᠠᠲᠠᠨ ᠵᠡᠷᠭᠡ 70 ᠭᠠᠷᠤᠶ ᠬᠥᠮᠦᠨ ᠬᠤᠷᠠᠯ ᠳᠤ ᠣᠷᠣᠯᠴᠠᠵᠤ᠂  ᠬᠠᠮᠲᠤ ᠪᠠᠷ ᠰᠢᠨ᠎ᠡ ︽ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢᠨ ᠲᠠᠶᠢᠯᠤᠮᠵᠢ ᠶᠢᠨ ᠸᠢᠳᠢᠣ᠋᠂ ᠠᠶᠤᠯᠭᠦᠶ ᠦᠢᠯᠡᠳᠪᠦᠷᠢᠯᠡᠯ ᠤᠨ ᠰᠡᠷᠡᠮᠵᠢᠯᠡᠭᠦᠯᠬᠦ ᠹᠢᠯᠢᠮ ᠢ ᠰᠣᠨᠢᠷᠬᠠᠪᠠ᠃  ᠬᠤᠷᠠᠯ  ᠤᠨ  ᠳᠠᠷᠠᠭ᠎ᠠ᠂ ᠬᠤᠰᠢᠭᠤᠨ  ᠤ ᠣᠶ  ᠰᠢᠭᠤᠶ ᠭᠠᠯ ᠤᠨᠲᠠᠷᠠᠭᠠᠬᠤ ᠶᠡᠭᠡ ᠠᠩᠭᠢ ᠶᠢᠨ ᠠᠵᠢᠯᠲᠠᠳ ᠢ ᠤᠷᠢᠵᠤ ᠭᠠᠯ ᠤᠨᠲᠠᠷᠠᠭᠠᠬᠤ ᠮᠠᠰᠢᠨ ᠪᠠᠭᠠᠵᠢ ᠶᠢ ᠵᠥᠪ ᠬᠡᠷᠡᠭᠯᠡᠬᠦ ᠲᠤᠰᠬᠠᠶ ᠪᠣᠯᠪᠠᠰᠤᠷᠠᠯ ᠬᠢᠵᠦ᠂ ᠭᠠᠯ ᠤᠨᠲᠠᠷᠠᠭᠠᠬᠤ ᠮᠠᠰᠢᠨ ᠤ ᠭᠠᠯ ᠤᠨᠲᠠᠷᠠᠭᠠᠬᠤ ᠤᠭ ᠶᠤᠰᠤ᠂ ᠠᠵᠢᠯᠯᠠᠬᠤ ᠠᠷᠭ᠎ᠠ ᠮᠠᠶ᠋ᠢᠭ᠂ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠬᠤ ᠪᠡ ᠲᠣᠬᠢᠷᠠᠭᠤᠯᠬᠤ ᠵᠡᠷᠭᠡ ᠲᠠᠯ᠎ᠠ ᠪᠠᠷ ᠪᠤᠯᠪᠠᠰᠤᠷᠠᠯ ᠬᠢᠭᠰᠡᠨ ᠪᠥᠭᠡᠳ ᠡᠯ᠎ᠡ ᠭᠠᠴᠠᠭ᠎ᠠ᠂ ᠨᠡᠶᠢᠭᠡᠮ ᠲᠣᠭᠤᠷᠢᠭ ᠲᠤ 12 ᠰᠠᠤᠷᠢ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ᠂ 20 ᠰᠠᠤᠷᠢ ᠤᠯᠤᠰ ᠤᠨ ᠦᠢᠯᠡᠳᠪᠦᠷᠢᠯᠡᠭᠰᠡᠨ ᠭᠠᠯ ᠤᠨᠲᠠᠷᠠᠭᠠᠬᠤ ᠮᠠᠰᠢᠨ᠂ 7 ᠭᠠᠯ ᠤᠨᠲᠠᠷᠠᠭᠠᠬᠤ ᠰᠠᠭᠤᠯᠠᠭ᠎ᠠ ᠲᠠᠷᠬᠠᠭᠠᠵᠤ᠂ ᠭᠠᠴᠠᠭ᠎ᠠ ᠨᠡᠶᠢᠭᠡᠮ ᠲᠣᠭᠤᠷᠢᠭ ᠤᠨ ᠭᠠᠯ ᠰᠡᠷᠭᠡᠶᠢᠯᠡᠨ ᠤᠨᠲᠠᠷᠠᠭᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠭᠠᠯ ᠤᠨ ᠠᠶᠤᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ᠃      ᠬᠤᠶᠠᠷ ᠲᠤ᠂ ᠵᠢᠵᠢᠭᠦᠷᠯᠡᠬᠦ ᠲᠦᠷᠢᠮ ᠢ ᠴᠢᠩᠭᠠᠳᠬᠠᠵᠤ᠂ ᠠᠮᠤᠷ ᠲᠦᠪᠰᠢᠨ ᠤ ᠲᠣᠭᠲᠠᠴᠠ ᠶᠢ ᠲᠡᠭᠦᠯᠳᠡᠷᠵᠢᠭᠦᠯᠪᠡ᠃ 30 ᠨᠡᠷᠡᠰ ᠪᠠᠶᠢᠭᠤᠯᠭ᠎ᠠ ᠶᠢᠨ ᠺᠠᠳ᠋ᠷ ᠢ ᠨᠡᠭᠦᠷᠡᠰᠦᠨ ᠠᠭᠤᠷᠬᠠᠶ ᠶᠢᠨ ᠭᠤᠣᠯ ᠵᠠᠮ ᠳᠡᠭᠡᠷ᠎ᠡ ᠡᠭᠡᠯᠵᠢᠯᠡᠨ ᠵᠢᠵᠢᠭᠦᠷᠯᠡᠭᠦᠯᠬᠦ ᠪᠠᠷ ᠲᠣᠬᠢᠷᠠᠭᠤᠯᠵᠤ᠂ ᠨᠠᠰᠢ ᠴᠠᠰᠢ ᠥᠩᠭᠡᠷᠡᠬᠦ ᠨᠡᠭᠦᠷᠡᠰᠦᠨ ᠲᠡᠷᠭᠡ ᠶᠢ ᠪᠦᠷᠢᠳᠬᠡᠨ ᠳᠠᠩᠰᠠᠯᠠᠭᠤᠯᠵᠤ᠂ ᠭᠠᠯ ᠰᠡᠷᠭᠡᠶᠢᠯᠡᠬᠦ ᠪᠦᠷᠬᠦᠭᠦᠯ᠂ ᠭᠠᠯ ᠰᠡᠷᠭᠡᠶᠢᠯᠡᠬᠦ ᠮᠠᠯᠠᠭᠠᠶ᠂ ᠭᠠᠯ ᠰᠡᠷᠭᠡᠶᠢᠯᠡᠬᠦ ᠦᠨᠡᠮᠯᠡᠯ ᠵᠡᠷᠭᠡ ᠭᠡᠷᠡᠴᠢ ᠦᠨᠡᠮᠯᠡᠯ ᠢ ᠪᠠᠶᠢᠴᠠᠭᠠᠵᠤ ᠦᠨᠳᠦᠰᠦᠨ ᠪᠠᠶᠢᠳᠠᠯ ᠢ ᠡᠵᠡᠮᠰᠢᠪᠡ᠃ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ ᠤᠨ 24 ᠴᠠᠭ ᠢᠶᠠᠷ ᠠᠵᠢᠯ ᠤᠨ ᠪᠠᠶᠢᠷᠢ ᠡᠭᠡᠯᠵᠢᠯᠡᠭᠦᠯᠦᠨ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠡᠷᠲᠡ ᠮᠡᠳᠡᠬᠦ᠂ ᠡᠷᠲᠡ ᠮᠡᠳᠡᠭᠦᠯᠬᠦ᠂ ᠡᠷᠲᠡ ᠰᠢᠢᠳᠪᠦᠷᠢᠯᠡᠬᠦ ᠶᠢ ᠦᠨᠡᠨᠬᠦ  ᠪᠠᠳᠤᠯᠠᠪᠠ᠃ ᠲᠡᠮᠦᠷ ᠵᠠᠮ ᠳᠠᠭᠠᠤ ᠶᠢᠨ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠬᠤ ᠶᠢ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠬᠢᠵᠦ᠂ ᠪᠣᠳᠠᠲᠤ ᠪᠠᠶᠢᠳᠠᠯ ᠢ ᠡᠵᠡᠮᠳᠡᠵᠦ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ ᠲᠡᠮᠦᠷ ᠵᠠᠮ ᠤᠨ ᠲᠡᠭᠡᠭᠡᠪᠦᠷᠢ ᠵᠢᠴᠢ ᠲᠡᠮᠦᠷ ᠵᠠᠮ ᠤᠨ ᠡᠷᠬᠢᠨ ᠲᠣᠭᠤᠷᠢᠨ ᠤ ᠮᠠᠯᠴᠢᠳ ᠤᠨ ᠪᠡᠶ᠎ᠡ ᠮᠠᠬᠠᠪᠣᠳ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠪᠠ᠃      ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠴᠢᠩᠭᠠᠷᠠᠭᠤᠯᠵᠤ᠂ ᠭᠠᠯ ᠤᠨ ᠠᠶᠤᠯ ᠤᠨ ᠲᠠᠯᠳᠠ ᠭᠡᠮ ᠢ ᠠᠷᠢᠯᠭᠠᠪᠠ᠃ 24 ᠴᠠᠭ ᠤᠨ ᠭᠠᠯ ᠰᠡᠷᠭᠡᠶᠢᠯᠡᠬᠦ ᠠᠵᠢᠯ ᠤᠨ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠥᠷᠢᠮ ᠵᠢᠴᠢ ᠭᠠᠯ ᠲᠦᠢᠮᠡᠷ ᠤᠨ ᠪᠠᠶᠢᠳᠠᠯ ᠢ ᠮᠡᠳᠡᠭᠦᠯᠬᠦ᠂ ᠵᠢᠵᠢᠭᠦᠷ ᠤᠨ ᠪᠠᠶᠢᠷᠢ ᠪᠠᠶᠢᠴᠠᠭᠠᠬᠤ ᠵᠡᠷᠭᠡ ᠲᠥᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠠᠭᠠᠤ 23 ᠠᠵᠢᠯᠳᠠᠨ ᠢ ᠵᠣᠬᠢᠶᠠᠨ ᠪᠠᠶᠢᠭᠤᠯᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠠᠵᠢᠯᠯᠠᠬᠤ ᠠᠩᠬᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠪᠡ᠃ ᠡᠭᠦᠨ ᠤ ᠬᠠᠮᠲᠤ ᠭᠠᠯ ᠰᠡᠷᠭᠡᠶᠢᠯᠡᠬᠦ ᠲᠦᠬᠦᠭᠡᠷᠦᠮᠵᠢ  ᠶᠢᠨ ᠪᠠᠶᠢᠭᠤᠯᠤᠯᠳᠠ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠲᠣ ᠪᠥᠬᠦ ᠪᠠᠯᠭᠠᠰᠤᠨ ᠳᠤ ᠰᠠᠯᠬᠢᠨ ᠬᠦᠴᠦᠨ ᠤ ᠭᠠᠯ ᠤᠨᠲᠠᠷᠠᠭᠠᠭᠤᠷ 134᠂ ᠲᠣᠰᠣ ᠨᠡᠮᠡᠬᠦ ᠮᠠᠰᠢᠨ 3᠂ ᠬᠡᠷᠴᠢᠬᠦ ᠮᠠᠰᠢᠨ 1᠂ 2 ᠳ᠋ᠤᠭᠠᠷ ᠪᠠᠭᠠᠵᠢ 40᠂ ᠲᠣᠮᠣ ᠬᠡᠯᠪᠡᠷᠢ ᠶᠢᠨ ᠤᠳᠬᠤᠭᠤᠷ ᠲᠡᠷᠭᠡ 1 ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠲᠡᠷᠭᠡ 16  ᠪᠠᠶᠢᠨ᠎ᠠ᠃      8 ᠰᠠᠷ᠎ᠠ ᠶᠢᠨ 27 ᠤ ᠡᠳᠦᠷ᠂ ᠤᠯᠢᠶᠠᠰᠤᠲᠠᠶ ᠪᠠᠯᠭᠠᠰᠤ ᠪᠥᠬᠦ ᠺᠠᠳ᠋ᠷ ᠠᠵᠢᠯᠲᠠᠨ ᠪᠠ ᠭᠠᠴᠠᠭ᠎ᠠ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ︽ᠠᠮᠢ ᠨᠠᠰᠤ ᠲᠠᠶᠢᠱᠠᠨ ᠠᠭᠤᠯᠠ ᠠᠴᠠ ᠬᠦᠨᠳᠦ︾ ᠭᠡᠬᠦ ᠲᠤᠰᠬᠠᠶ ᠰᠡᠳᠦᠪᠲᠦ ᠹᠢᠯᠢᠮ ᠢ ᠰᠤᠨᠢᠷᠬᠠᠨ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠤᠷᠢᠭ ᠰᠠᠨᠠᠭ᠎ᠠ ᠶᠢ  ᠰᠤᠷᠤᠯᠴᠠᠨ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠢᠩᠭ᠎ᠠ ᠠᠳᠬᠤᠨ᠂ ᠠᠶᠤᠯᠭᠦᠢ ᠬᠥᠭᠵᠢᠯᠲᠡ ᠶᠢᠨ ᠬᠤᠷᠢᠭ᠎ᠠ ᠱᠤᠭᠤᠮ ᠪᠣᠯᠤᠨ ᠤᠯᠠᠭᠠᠨ ᠱᠤᠭᠤᠮ ᠢ ᠦᠨᠡᠨᠬᠦ ᠰᠠᠬᠢᠬᠤ ᠶᠢ ᠴᠢᠬᠤᠯᠠᠴᠢᠯᠠᠬᠰᠠᠨ ᠪᠠᠶᠢᠨ᠎ᠠ᠃      ᠳᠥᠷᠪᠡ ᠳᠤ᠂ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠭᠠᠯ ᠰᠡᠷᠭᠡᠶᠢᠯᠡᠬᠦ ᠬᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠪᠠ᠃ ᠸᠢᠴᠠᠲ ᠪᠠᠷ ᠤᠬᠠᠭᠤᠯᠬᠤ ᠪᠠ ᠡᠷᠦᠬᠡ ᠳᠤ ᠬᠦᠷᠴᠦ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠨᠤᠲᠤᠭ ᠪᠡᠯᠴᠢᠭᠡᠷ ᠣᠶ ᠰᠢᠭᠤᠶ ᠶᠢᠨ ᠭᠠᠯ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠭᠠᠯ ᠰᠡᠷᠭᠡᠶᠢᠯᠡᠬᠦ ᠪᠠ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ ᠂ ᠪᠥᠬᠦ ᠨᠡᠶᠢᠭᠡᠮ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠯ ᠤᠨ ᠠᠶᠤᠯ ᠡᠭᠦᠰᠬᠦ ᠪᠠ ᠭᠠᠯ ᠲᠦᠢᠮᠡᠷ ᠤᠨ ᠬᠤᠬᠢᠷᠠᠯ ᠢ ᠶᠡᠭᠡ ᠬᠡᠮᠵᠢᠶ᠎ᠡ ᠪᠠᠷ ᠪᠠᠭᠠᠰᠬᠠᠵᠤ᠂ ᠭᠠᠯ ᠤᠨ ᠠᠶᠤᠯ ᠤᠨ ᠳᠠᠯᠳᠠ ᠬᠡᠮ ᠢ ᠲᠤᠶᠢᠯᠪᠤᠷᠢᠲᠠᠢ ᠠᠷᠢᠯᠭᠠᠪᠠ᠃      9 ᠰᠠᠷ᠎ᠠ ᠶᠢᠨ 3 ᠤ ᠡᠳᠦᠷ᠂ ᠤᠯᠢᠶᠠᠰᠤᠲᠠᠢ ᠪᠠᠯᠭᠠᠰᠤᠨ ᠤ ᠬᠦᠪᠴᠢᠨ ᠨᠡᠶᠢᠭᠡᠮ ᠲᠣᠭᠤᠷᠢᠭ ︽ᠠᠶᠤᠯᠭᠦᠢ ᠦᠢᠯᠡᠳᠪᠦᠷᠢᠯᠡᠯ ᠤᠨ ᠦᠵᠡᠯᠲᠡ ᠶᠢ ᠴᠢᠩᠭᠠᠳᠬᠠᠵᠤ᠂ ᠪᠦᠬᠦ ᠠᠷᠠᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ︾ ᠪᠠᠷ ᠭᠤᠣᠯ ᠰᠡᠳᠦᠪ ᠪᠣᠯᠭᠠᠭᠰᠠᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠨᠡᠶᠢᠭᠡᠮ ᠲᠣᠭᠤᠷᠢᠭ ᠤᠨ ᠠᠵᠢᠯᠲᠠᠳ ᠭᠠᠯ ᠤᠨᠳᠠᠷᠠᠭᠤᠷ ᠤᠨ ᠡᠳᠦᠷ ᠬᠤᠭᠤᠴᠠᠭ᠎ᠠ ᠂ ᠴᠠᠬᠢᠯᠭᠠᠨ ᠬᠥᠳᠡᠯᠭᠡᠭᠦᠷᠲᠦ ᠲᠡᠷᠭᠡ ᠪᠣᠯᠤᠨ ᠴᠠᠬᠢᠯᠭᠠᠨ ᠴᠡᠨᠡᠭᠯᠡᠬᠦ ᠤᠳᠠᠰᠤᠨ ᠤ ᠠᠮᠤᠷ ᠲᠦᠪᠰᠢᠨ ᠢ ᠪᠠᠶᠢᠴᠠᠭᠠᠵᠤ᠂ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠨ᠂  ᠰᠠᠭᠤᠭᠠᠯᠢ ᠠᠷᠠᠳ ᠲᠤ ᠠᠶᠤᠯᠭᠦᠶ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠲᠠᠶᠢᠯᠪᠦᠷᠢᠯᠠᠨ᠂ ᠭᠠᠯ ᠰᠡᠷᠭᠡᠶᠢᠯᠡᠬᠦ ᠳᠤ ᠠᠩᠬᠠᠷᠬᠤ ᠴᠢᠬᠤᠯᠠᠲᠠᠢ ᠵᠦᠢᠯᠡᠰ ᠵᠢᠴᠢ ᠴᠠᠬᠢᠯᠭᠠᠨ ᠬᠡᠷᠡᠭᠯᠡᠭᠦᠷ᠂ ᠪᠠᠶᠢᠭᠠᠯᠢ ᠶᠢᠨ ᠰᠢᠳᠠᠮᠠᠭᠠᠢ ᠬᠡᠢ ᠶᠢ ᠬᠡᠷᠡᠭᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠥᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠵᠡᠷᠭᠡ ᠶᠢ ᠢᠳᠡᠪᠬᠢᠲᠡᠶ ᠪᠠᠷ ᠤᠬᠠᠭᠤᠯᠬᠤ ᠶᠢᠨ ᠬᠠᠮᠲᠤ ᠰᠠᠭᠤᠭᠠᠯᠢ ᠠᠷᠠᠳ ᠤᠨ  ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠦᠬᠦᠢ ᠠᠰᠠᠭᠤᠯᠳᠠ ᠢ ᠬᠠᠷᠢᠭᠤᠯᠵᠤ᠂ ᠤᠯᠠᠨ ᠲᠦᠮᠡᠨ ᠢ ᠤᠷᠢᠶᠠᠯᠠᠨ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠤᠢ ᠪᠣᠯᠭᠠᠬᠤ ᠶᠢ ᠤᠷᠢᠶᠠᠯᠠᠬᠰᠠᠨ ᠪᠠᠶᠢᠨ᠎ᠠ᠃      9 ᠰᠠᠷ᠎ᠠ ᠶᠢᠨ 24 ᠤ ᠡᠳᠦᠷ᠂ ᠤᠯᠢᠶᠠᠰᠤᠲᠠᠶ ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ  ᠪᠣᠯᠪᠠᠰᠤᠨ  ᠤ  ᠦᠢᠯᠡᠳᠦᠯᠭᠡ   ᠶᠢᠨ  ᠥᠷᠲᠡᠭᠡ  ᠨᠢ  ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ︽ᠰᠢᠨᠵᠢᠯᠡᠬᠦ ᠤᠬᠠᠭᠠᠨ ᠤ ᠮᠡᠳᠡᠯᠭᠡ ᠶᠢ ᠰᠠᠭᠤᠭᠠᠯᠢ ᠲᠣᠭᠤᠷᠢᠭ ᠲᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠲᠤᠮᠳᠠ ᠨᠡᠶᠢᠭᠡᠮ ᠲᠣᠭᠤᠷᠢᠭ ᠤᠨ ᠰᠠᠶᠢᠨ ᠲᠤᠤᠷᠠᠴᠤᠳ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠰᠠᠶᠢᠨ ᠲᠤᠤᠷᠠᠴᠤᠳ ᠰᠠᠭᠤᠭᠠᠯᠢ ᠠᠷᠠᠳ ᠲᠤ ︽ᠭᠡᠨᠡᠳᠲᠡ ᠶᠢᠨ ᠬᠡᠷᠡᠭ ᠤᠨ ᠲᠤᠮᠳᠠ ᠥᠪᠡᠷ ᠢ ᠪᠠᠨ ᠠᠪᠤᠷᠠᠬᠤ ᠮᠡᠳᠡᠯᠭᠡ ᠶᠢᠨ ᠭᠠᠷ ᠠᠪᠤᠯᠭ᠎ᠠ︾᠂ ︽ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠤ ᠲᠤᠬᠠᠢ 30 ᠠᠰᠠᠭᠤᠯᠲᠠ︾ ᠵᠡᠷᠭᠡ ᠤᠬᠠᠭᠤᠯᠭ᠎ᠠ ᠶᠢᠨ ᠳᠡᠪᠲᠡᠷ ᠢ 110 ᠬᠤᠪᠢ ᠲᠠᠷᠬᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠵᠢᠯᠲᠠᠳ ᠲᠤᠬᠠᠢ ᠶᠢᠨ ᠲᠠᠯᠠᠪᠠᠢ ᠳᠤ ᠭᠠᠯ ᠴᠠᠬᠢᠯᠭᠠᠨ ᠬᠡᠷᠡᠭᠯᠡᠬᠦ ᠵᠡᠷᠭᠡ ᠨᠠᠮᠤᠷ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ ᠲᠠᠶᠢᠯᠪᠤᠷᠢᠯᠠᠨ᠂ ᠥᠷᠭᠡᠨ ᠤᠯᠠᠨ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠪᠠ᠃      ᠠᠮᠤᠷ ᠲᠦᠪᠰᠢᠨ ᠪᠣᠯ ᠦᠢᠯᠡᠳᠪᠦᠷᠢᠯᠡᠯ ᠤᠨ ᠰᠠᠭᠤᠷᠢ ᠮᠥᠨ᠂ ᠠᠮᠤᠷ ᠲᠦᠪᠰᠢᠨ ᠤ ᠤᠯᠠᠭᠠᠨ ᠱᠤᠭᠤᠮ ᠢ ᠪᠠᠲᠤ ᠰᠠᠬᠢᠪᠠᠯ ᠰᠠᠶ᠋ᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠴᠢᠨᠠᠷᠯᠢᠭ ᠬᠥᠭᠵᠢᠯᠲᠡ ᠢ ᠪᠤᠢ ᠪᠣᠯᠭᠠᠵᠤ ᠴᠢᠳᠠᠨ᠎ᠠ᠃ ᠤᠯᠢᠶᠠᠰᠤᠲᠠᠢ ᠪᠠᠯᠭᠠᠰᠤᠨ ᠤ ᠦᠷᠭᠡᠨ ᠤᠯᠠᠨ ᠺᠠᠳ᠋ᠷ ᠠᠵᠢᠯᠳᠠᠨ᠂ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠮᠤᠷ ᠲᠦᠪᠰᠢᠨ ᠵᠣᠯ ᠵᠢᠷᠭᠠᠯᠲᠤ ᠡᠯᠪᠡᠭ ᠬᠤᠷᠢᠶᠠᠯᠲᠠ ᠶᠢᠨ ᠤᠯᠠᠷᠢᠯ ᠢ ᠥᠩᠭᠡᠷᠡᠭᠦᠯᠬᠦ ᠪᠠᠷ ᠴᠥᠬᠦᠷᠡᠰᠢ ᠦᠭᠡᠢ ᠴᠢᠷᠮᠠᠵᠦ ᠪᠠᠶᠢᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号