ᠣᠲᠣ ᠶᠠᠭ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠪᠠ᠃ | ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ | ᠲᠥᠯᠥᠭᠡ᠂ ᠭᠠᠬᠢᠯ ᠰᠤᠮᠤ ᠨᠢ ᠣᠯᠠᠨ ᠵᠦᠶᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ ᠃ | ᠨᠢᠭᠡ ᠳᠤ᠂ ᠭᠠᠴᠠᠭᠠᠨ ᠳᠤ ᠭᠠᠯ ᠤᠨᠳᠠᠷᠠᠭᠠᠬᠤ ᠮᠠᠰᠢᠨ ᠲᠠᠷᠬᠠᠭᠠᠪᠠ ᠃ ᠨᠤᠲᠤᠭ ᠪᠡᠯᠴᠢᠭᠡᠷ ᠤᠨ ᠲᠦᠶᠮᠡᠷ ᠢ | ᠰᠡᠷᠭᠡᠶᠢᠯᠡᠨ ᠤᠨᠲᠠᠷᠠᠭᠠᠬᠤ ᠠᠵᠢᠯ ᠳᠤᠮᠳᠠᠬᠢ ᠭᠠᠴᠠᠭᠠᠨ ᠤ ᠴᠢᠬᠤᠯᠠ ᠦᠶᠯᠡᠳᠦᠯ ᠢ ᠭᠦᠶᠴᠡᠳ ᠪᠠᠳᠠᠷᠠᠭᠤᠯᠬᠤ ᠶᠢᠨ | ᠲᠥᠯᠥᠭᠡ᠂ ᠣᠶᠢᠷ᠎ᠠ ᠳᠤ᠂ ᠬᠠᠷᠢᠶ᠎ᠠ 6 ᠭᠠᠴᠠᠭᠠᠨ ᠳᠤ ᠰᠠᠯᠬᠢᠨ ᠬᠦᠴᠦᠨ ᠤ ᠭᠠᠯ ᠤᠨᠲᠠᠷᠠᠭᠠᠭᠤᠷ 18 ᠶᠢ | ᠲᠠᠷᠬᠠᠭᠠᠵᠤ᠂ ᠡᠯ᠎ᠡ ᠭᠠᠴᠠᠭᠠᠨ ᠤ ᠲᠦᠶᠮᠡᠷ ᠢ ᠰᠡᠷᠭᠡᠶᠢᠯᠡᠨ ᠡᠵᠡᠮᠳᠡᠬᠦ ᠳᠠᠷᠤᠯᠲᠠ ᠶᠢ ᠪᠦᠲᠦᠮᠵᠢᠲᠡᠶ ᠪᠠᠭᠠᠰᠬᠠᠵᠤ᠂ | ᠡᠷᠲᠡ ᠤᠨᠲᠠᠷᠠᠭᠠᠬᠤ᠂ ᠪᠠᠭ᠎ᠠ ᠳᠤᠨᠢ ᠤᠨᠲᠠᠷᠠᠭᠠᠬᠤ ᠳᠤ ᠪᠠᠲᠤᠯᠠᠭ᠎ᠠ ᠬᠠᠩᠭᠠᠪᠠ ᠃ | ᠬᠤᠶᠠᠷ ᠲᠤ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠥᠷᠨᠢᠬᠦᠯᠪᠡ ᠃ ᠮᠠᠨ ᠤ ᠰᠤᠮᠤᠨ | ᠤ ᠴᠢᠬᠤᠯᠠ ᠵᠠᠮ ᠤᠨ ᠠᠭᠤᠯᠵᠠᠷ ᠲᠤ ᠭᠠᠯ ᠰᠡᠷᠭᠡᠶᠢᠯᠡᠬᠦ ᠤᠬᠠᠭᠤᠯᠭ᠎ᠠ ᠶᠢᠨ ᠲᠡᠮᠳᠡᠭ ᠢ ᠡᠯᠬᠦᠬᠦ᠂ ᠸᠢᠴᠠᠲ ᠣᠯᠠᠨ | ᠨᠡᠶᠢᠲᠡ ᠶᠢᠨ ᠲᠡᠪᠴᠠᠩ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠸᠢᠴᠠᠲ ᠴᠤᠭᠯᠠᠷᠠᠯ ᠳᠤ ᠨᠤᠲᠤᠭ ᠪᠡᠯᠴᠢᠭᠡᠷ | ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠮᠡᠳᠡᠭᠡ ᠵᠠᠩᠭᠢ ᠤᠬᠠᠭᠤᠯᠤᠨ ᠲᠠᠮᠵᠢᠭᠤᠯᠬᠤ᠂ ᠡᠷᠦᠬᠡ ᠳᠤ ᠬᠥᠷᠴᠦ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠵᠢᠴᠢ ᠬᠡᠭᠡᠷ᠎ᠡ ᠭᠠᠳᠠᠨ᠎ᠠ ᠠᠶᠤᠯ ᠦᠭᠡᠶ ᠭᠠᠯ ᠬᠡᠷᠡᠭᠯᠡᠬᠦ ᠶᠡᠷᠦ | ᠶᠢᠨ ᠮᠡᠳᠡᠯᠭᠡ ᠶᠢ ᠲᠦᠭᠡᠮᠡᠯᠵᠢᠬᠦᠯᠬᠦ ᠵᠡᠷᠭᠡ ᠤᠯᠠᠨ ᠵᠦᠢᠯ ᠤᠨ ᠠᠷᠭ᠎ᠠ ᠪᠠᠷ ᠲᠠᠮᠵᠢᠨ᠂ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠬᠠᠷᠢᠶ᠎ᠠ ᠣᠷᠣᠨ ᠤ ᠣᠯᠠᠨ ᠲᠦᠮᠡᠨ | ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠬᠦᠯᠪᠡ᠃ | ᠭᠤᠷᠪᠠ ᠳᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠡᠷᠴᠢᠮ ᠢᠶᠠᠨ | ᠨᠡᠮᠡᠭᠳᠡᠬᠦᠯᠪᠡ᠃ ᠭᠠᠯ ᠰᠡᠷᠭᠡᠶᠢᠯᠡᠬᠦ ᠬᠤᠭᠤᠴᠠᠭᠠᠨ ᠳᠠᠬᠢ ᠪᠦᠲᠦᠮᠵᠢᠲᠡᠶ ᠬᠠᠮᠢᠶᠠᠷᠤᠨ ᠡᠵᠡᠮᠳᠡᠬᠦ ᠶᠢᠨ ᠲᠥᠯᠥᠭᠡ᠂ | ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠡᠯ᠎ᠡ ᠡᠪᠡᠰᠦ ᠬᠠᠳᠤᠵᠤ | ᠬᠠᠳᠠᠭᠠᠯᠠᠬᠤ ᠠᠵᠢᠯᠯᠠᠬᠤ ᠠᠩᠭᠢ ᠳᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ | ᠣᠷᠣᠨ ᠳᠤ ᠪᠠᠶᠢᠩᠭᠤ ᠶᠢᠨ ᠴᠢᠨᠠᠷᠲᠠᠶ ᠲᠣᠭᠤᠷᠢᠨ ᠪᠠᠶᠢᠴᠠᠭᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ | ᠡᠪᠡᠰᠦ ᠬᠠᠳᠤᠬᠤ ᠠᠵᠢᠯᠯᠠᠬᠤ ᠠᠩᠭᠢ ᠶᠢᠨ ᠡᠪᠡᠰᠦ ᠬᠠᠳᠤᠬᠤ ᠵᠥᠪᠰᠢᠶᠡᠷᠡᠯ ᠤᠨ ᠦᠨᠡᠮᠯᠡᠯ᠂ ᠭᠠᠯ ᠰᠡᠷᠭᠡᠶᠢᠯᠡᠬᠦ | ᠭᠡᠷ᠎ᠡ ᠲᠣᠭᠲᠠᠭᠰᠠᠨ ᠪᠠᠶᠢᠳᠠᠯ᠂ ᠭᠠᠯ ᠤᠨᠲᠠᠷᠠᠭᠠᠭᠤᠷ ᠢ ᠲᠣᠬᠢᠷᠠᠭᠤᠯᠤᠭᠰᠠᠨ ᠪᠠᠶᠢᠳᠠᠯ ᠪᠠ ᠪᠠᠷᠢᠯᠭ᠎ᠠ ᠶᠢᠨ ᠠᠵᠢᠯ ᠤᠨ | ᠲᠡᠷᠭᠡ ᠬᠥᠰᠬᠡ ᠶᠢᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠠᠶᠢᠴᠠᠭᠠᠵᠦ᠂ ᠨᠤᠲᠤᠭ ᠪᠡᠯᠴᠢᠭᠡᠷ ᠤᠨ ᠭᠠᠯ ᠤᠨ | ᠠᠶᠤᠯ ᠭᠠᠷᠬᠤ ᠶᠢ ᠪᠦᠲᠦᠮᠵᠢᠲᠡᠶ ᠰᠡᠷᠭᠡᠶᠢᠯᠡᠪᠡ᠃ |