ᠭᠠᠬᠢᠯ ᠰᠤᠮᠤᠨ ᠤ《 ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》ᠦᠨᠳᠦᠰᠦᠨ ᠱᠠᠲᠤᠨ ᠤ ᠥᠷᠲᠡᠭᠡ ᠴᠡᠭ ᠤᠨ ᠳᠦᠷᠢᠮᠵᠢᠭᠰᠡᠨ ᠪᠥᠲᠥᠭᠡᠨ ᠪᠠᠶᠢᠭᠤᠯᠤᠯᠲᠠ ᠶᠢᠨ ᠰᠢᠨ᠎ᠡ ᠵᠢᠷᠤᠭᠯᠠᠯ
ᠨᠡᠶᠢᠲᠡᠯᠡᠭᠰᠡᠨ ᠴᠠᠭ᠄
2021/9/28
       ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠰᠣᠶᠣᠯ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠳᠡᠭᠡᠳᠦ ᠱᠠᠲᠤᠨ ᠤ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠲᠠᠷᠬᠠᠭᠠᠭᠰᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂  ᠭᠠᠬᠢᠯ ᠰᠤᠮᠤ ᠨᠢ ᠡᠯ᠎ᠡ ᠭᠠᠴᠠᠭᠠᠨ ᠤ  ︽ᠬᠤᠶᠠᠷ ᠵᠥᠪᠯᠡᠯ︾ ᠤᠨ ᠢᠳᠡᠪᠬᠢᠲᠡᠢ ᠬᠠᠮᠵᠢᠯᠴᠠᠭ᠎ᠠ ᠳᠣᠣᠷ᠎ᠠ᠂ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠦᠨᠳᠦᠰᠦᠨ ᠱᠠᠲᠤᠨ ᠤ ᠥᠷᠲᠡᠭᠡ ᠴᠡᠭ ᠤᠨ ᠳᠦᠷᠢᠮᠵᠢᠭᠦᠯᠦᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠳᠤ ᠰᠢᠨ᠎ᠡ ᠵᠢᠷᠤᠭ ᠶᠢ ᠵᠢᠷᠤᠭᠯᠠᠪᠠ᠃       ᠨᠢᠭᠡ ᠳᠤ᠂ ᠥᠷᠲᠡᠭᠡ ᠴᠡᠭ ᠤᠨ ᠫᠠᠶᠢᠰᠠ ᠡᠯᠭᠦᠵᠦ᠂《 ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》 ᠠᠵᠢᠯ ᠤᠨ ᠲᠦᠷᠢᠮ᠂ ᠠᠵᠢᠯ ᠤᠨ ᠲᠤᠰᠢᠶᠠᠯ ᠬᠠᠷᠢᠭᠤᠴᠠᠯᠭ᠎ᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠤᠬᠠᠭᠤᠯᠬᠤ ᠠᠭᠤᠯᠭ᠎ᠠ᠂ ᠢᠯᠡᠴᠢᠯᠡᠨ ᠮᠡᠳᠡᠬᠦᠯᠬᠦ ᠤᠳᠠᠰᠤ ᠵᠡᠷᠭᠡ   ᠶᠢ ᠪᠦᠬᠦᠨ ᠢ ᠢᠯᠡ ᠪᠠᠷ ᠭᠡᠷᠡᠮ ᠲᠡᠭᠡᠷ᠎ᠡ ᠡᠯᠬᠦᠪᠡ᠃ ᠬᠤᠶᠠᠷ ᠲᠤ᠂ ᠰᠤᠮᠤ ᠪᠠ ᠭᠠᠴᠠᠭ᠎ᠠ ᠬᠤᠶᠠᠷ ᠱᠠᠳᠤᠨ ᠤ ᠨᠠᠮ ᠤᠨ  ᠬᠤᠷᠢᠶᠡᠨ ︵ᠡᠭᠦᠷ︶   ᠤ  ᠱᠦᠵᠢ ᠪᠠᠷ ᠥᠷᠲᠡᠭᠡᠨ ᠳᠠᠷᠤᠭ᠎ᠠ ᠪᠤᠯᠭᠠᠭᠰᠠᠨ《 ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂  ᠬᠠᠷᠢᠯᠴᠠᠨ ᠬᠠᠮᠳᠤᠷᠠᠯᠴᠠᠬᠤ ᠲᠤᠭᠳᠠᠯᠴᠠᠭ᠎ᠠ ᠶᠢ ᠪᠦᠷᠢᠯᠳᠦᠬᠦᠯᠵᠦ᠂ ᠦᠨᠳᠦᠰᠦᠨ ᠱᠠᠲᠤᠨ ᠤ ᠥᠷᠲᠡᠭᠡ ᠴᠡᠭ ᠤᠨ《 ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》ᠠᠵᠢᠯ ᠤᠨ ᠬᠠᠮᠳᠤᠷᠠᠯᠴᠠᠭ᠎ᠠ  ᠶᠢ ᠠᠬᠢᠭᠤᠯᠪᠠ᠃ ᠭᠤᠷᠪᠠ ᠳᠤ᠂ ᠳᠦᠷᠢᠮᠵᠢᠯ ᠢ ᠨᠠᠷᠢᠯᠢᠭᠵᠢᠭᠤᠯᠵᠤ᠂《 ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯᠲᠠ ᠶᠢᠨ ᠲᠦᠷᠢᠮ᠂ ᠮᠡᠳᠡᠭᠡ ᠵᠠᠩᠭᠢ ᠴᠤᠭᠯᠠᠭᠤᠯᠵᠤ ᠳᠡᠭᠡᠭᠰᠢ ᠮᠡᠳᠡᠭᠦᠯᠬᠦ ᠲᠦᠷᠢᠮ᠂ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠦᠷᠢᠮ᠂ ᠲᠣᠭᠲᠠᠮᠠᠯ ᠬᠤᠷᠠᠯ ᠤᠨ ᠲᠦᠷᠢᠮ᠂ ᠤᠬᠠᠭᠤᠯᠭ᠎ᠠ ᠬᠥᠮᠦᠵᠢᠯ ᠤᠨ ᠲᠦᠷᠢᠮ᠂ ᠠᠵᠢᠯ ᠤᠨ ᠡᠬᠡ ᠲᠠᠩᠰᠠ ᠶᠢᠨ ᠲᠦᠷᠢᠮ᠂ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠲᠦᠷᠢᠮ᠂ ᠵᠠᠷᠤᠳᠠᠯ ᠤᠨ ᠬᠠᠮᠢᠶᠠᠷᠤᠯᠲᠠ ᠶᠢᠨ ᠲᠦᠷᠢᠮ ᠵᠡᠷᠭᠡ  ᠶᠢ  ᠢᠯᠡ ᠪᠠᠷ ᠨᠡᠶᠢᠲᠡᠯᠡᠵᠠᠢ᠃ ᠳᠥᠷᠪᠡ ᠳᠤ᠂ ᠢᠯᠡᠴᠢᠯᠡᠨ ᠮᠡᠳᠡᠭᠦᠯᠬᠦ ᠰᠤᠪᠠᠭ ᠢ ᠢᠯᠡ ᠪᠣᠯᠭᠠᠵᠤ᠂ ᠣᠯᠠᠨ ᠲᠦᠮᠡᠨ ᠢ ᠳᠡᠶᠢᠴᠢᠯᠡᠨ 《 ᠱᠠᠯᠢᠭ ᠵᠠᠪᠠᠭ᠋ᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》ᠠᠵᠢᠯ ᠳᠤ ᠢᠳᠡᠪᠬᠢᠯᠡᠨ ᠤᠷᠤᠯᠴᠠᠭᠤᠯᠵᠦ᠂ ᠪᠦᠬᠦ ᠠᠷᠠᠳ ᠢᠶᠠᠷ ᠬᠠᠮᠳᠤᠪᠠᠷ ᠰᠡᠷᠭᠡᠶᠢᠯᠡᠨ ᠬᠤᠷᠢᠭᠯᠠᠪᠠ᠃ ᠲᠠᠪᠤ  ᠳᠤ᠂ ᠤᠬᠠᠭᠤᠯᠭ᠎ᠠ ᠪᠠ ᠪᠠᠶᠢᠴᠠᠭᠠᠯᠲᠠ ᠶᠢ  ᠴᠢᠩᠭᠠᠳᠬᠠᠵᠤ᠂ ᠪᠥᠬᠦ ᠰᠤᠮᠤᠨ ᠤ ᠬᠡᠪᠴᠢᠶᠡᠨ ᠳᠤ《 ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》ᠦᠨᠳᠦᠰᠦᠨ ᠱᠠᠲᠤᠨ ᠳᠤ ᠭᠦᠨᠵᠡᠭᠡᠶᠢᠷᠡᠬᠦ ᠤᠬᠠᠭᠤᠯᠭ᠎ᠠ ᠶᠢᠨ ᠠᠵᠢᠯᠯᠠᠭ᠎ᠠ ᠪᠠ  ᠬᠠᠮᠢᠭ᠎ᠠ ᠪᠦᠬᠦᠢ ᠬᠠᠤᠯᠢ ᠪᠣᠰᠤ ᠠᠭᠤᠯᠭ᠎ᠠ ᠶᠢ ᠱᠦᠭᠦᠷᠳᠡᠨ ᠪᠠᠶᠢᠴᠠᠭᠠᠬᠤ ᠠᠵᠢᠯᠯᠠᠭ᠎ᠠ ᠶᠢ ᠡᠮᠬᠢ ᠵᠢᠷᠤᠮ ᠲᠠᠢ ᠦᠷᠨᠢᠭᠦᠯᠵᠠᠢ᠃       ᠲᠠᠷᠠᠭᠠᠴᠢ ᠶᠢᠨ ᠠᠯᠬᠤᠮ ᠳᠤ᠂  ᠭᠠᠬᠢᠯ ᠰᠤᠮᠤ ᠨᠢ ᠦᠷᠭᠦᠯᠵᠢᠯᠡᠨ《 ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂《 ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ 》ᠠᠵᠢᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯᠯᠠᠭ᠎ᠠ  ᠶᠢ ᠨᠠᠷᠢᠨ ᠬᠢᠨᠠᠮᠠᠭᠠᠢ ᠥᠷᠨᠢᠭᠦᠯᠵᠦ᠂ ᠢᠳᠡᠪᠬᠢᠲᠡᠢ ᠤᠬᠠᠭᠤᠯᠵᠤ᠂ ᠡᠮᠬᠢ ᠵᠢᠷᠤᠮ ᠲᠠᠢ ᠪᠠᠶᠢᠴᠠᠭᠠᠵᠤ᠂ ᠭᠤᠣᠯᠳᠠᠯᠭ᠎ᠠ ᠲᠠᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠢᠳᠡᠪᠬᠢᠲᠡᠢ ᠰᠤᠷᠲᠠᠯᠴᠢᠯᠠᠵᠤ᠂ ᠦᠨᠳᠦᠰᠦᠨ ᠱᠠᠲᠤᠨ ᠤ ᠦᠵᠡᠯ ᠤᠬᠠᠮᠰᠠᠷ  ᠤᠨ ᠬᠡᠯᠪᠡᠷᠢ ᠶᠢᠨ ᠠᠮᠤᠷ ᠲᠦᠪᠰᠢᠨ ᠤ《 ᠬᠠᠯᠬᠠᠪᠴᠢ 》 ᠶᠢ ᠪᠠᠲᠤ ᠴᠣᠭᠴᠠᠯᠠᠨ᠎ᠠ  ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号