ᠯᠢ ᠺᠧ ᠴᠢᠶᠠᠩ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠳᠤ | ᠴᠢᠬᠤᠯᠠ ᠴᠣᠬᠤᠯᠠᠪᠤᠷᠢ ᠥᠭᠴᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠤᠨ ᠪᠠᠶᠢᠷᠢᠰᠢᠯ ᠢ | ᠪᠣᠶ ᠪᠣᠯᠭᠠᠵᠤ᠂ ᠳᠠᠯᠳᠠ ᠬᠡᠮ ᠢ ᠢᠯᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠡᠨ ᠬᠦ ᠴᠢᠩᠭᠠᠳᠬᠠᠵᠤ᠂ ᠣᠶ ᠰᠢᠭᠤᠶ | ᠨᠤᠲᠤᠭ ᠪᠡᠯᠴᠢᠭᠡᠷ ᠤᠨ ᠬᠦᠨᠳᠦ ᠶᠡᠭᠡ ᠪᠠ ᠣᠨᠴᠠ ᠶᠡᠭᠡ ᠭᠠᠯ ᠤᠨ ᠠᠶᠤᠯ ᠪᠠ ᠭᠠᠯ ᠤᠨᠲᠠᠷᠠᠭᠠᠬᠤ ᠠᠵᠢᠯᠲᠠᠨ ᠤ | ᠦᠷᠡᠭᠳᠡᠵᠦ ᠰᠢᠷᠬᠠᠲᠤᠬᠤ ᠬᠡᠷᠡᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠶᠦᠩ ᠪᠦᠬᠦ ᠤᠯᠤᠰ ᠤᠨ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ | ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠬᠡᠳᠦᠨ ᠡᠳᠦᠷ ᠤᠨ ᠡᠮᠦᠨ᠎ᠡ ᠤᠢ ᠰᠢᠭᠤᠢ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠳᠤ ᠴᠢᠬᠤᠯᠠ ᠴᠣᠬᠤᠯᠠᠪᠤᠷᠢ ᠥᠭᠪᠡ᠃ | ᠴᠣᠬᠤᠯᠠᠪᠤᠷᠢ ᠳᠤ ᠪᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠨᠢ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠳᠤ | ᠬᠤᠯᠪᠣᠭᠳᠠᠵᠤ ᠪᠠᠶᠢᠳᠠᠭ᠃ ᠣᠳᠣᠬᠠᠨ ᠳᠤ᠂ ᠡᠯ᠎ᠡ ᠭᠠᠵᠠᠷ ᠤᠨ ᠬᠢᠨ ᠵᠠᠯᠭᠠᠭ᠎ᠠ ᠪᠠᠷ ᠨᠠᠮᠤᠷ ᠡᠪᠦᠯ ᠤᠨ ᠤᠯᠠᠷᠢᠯ ᠤᠨ ᠭᠠᠯ ᠢ | ᠰᠡᠷᠭᠡᠶᠢᠯᠡᠬᠦ ᠬᠤᠭᠤᠴᠠᠭᠠᠨ ᠳᠤ ᠣᠷᠣᠵᠤ ᠪᠤᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠵᠤ᠂ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ | ᠠᠵᠢᠯ ᠢ ᠭᠦᠨᠵᠡᠭᠡᠢ ᠪᠥᠭᠡᠳ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ ᠣᠷᠣᠨ᠂ ᠰᠠᠯᠠᠭ᠎ᠠ | ᠮᠥᠴᠢᠷ᠂ ᠪᠠᠶᠢᠭᠤᠯᠭ᠎ᠠ ᠨᠢᠭᠡᠴᠢ᠂ ᠬᠤᠪᠢ ᠬᠥᠮᠦᠨ ᠤ ᠬᠠᠷᠢᠭᠤᠴᠠᠯᠭ᠎ᠠ ᠶᠢ ᠪᠣᠲᠠᠲᠠᠶᠢᠵᠢᠭᠤᠯᠤᠨ ᠴᠢᠩᠭᠠᠳᠬᠠᠵᠤ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠠᠵᠢᠯ ᠤᠨ ᠪᠠᠶᠢᠷᠢᠰᠢᠯ ᠢ ᠪᠣᠢ ᠪᠣᠯᠭᠠᠵᠤ᠂ ᠠᠵᠢᠯ ᠤᠨ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠶ ᠶᠢ ᠴᠢᠩᠭᠠᠷᠠᠭᠤᠯᠤᠨ᠂ ᠳᠠᠯᠳᠠ | ᠬᠡᠮ ᠢ ᠢᠯᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠡᠨ ᠬᠦ ᠴᠢᠩᠭᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ | ᠲᠤᠬᠠᠶ ᠳᠤ ᠨᠢ ᠨᠡᠶᠢᠲᠡᠯᠡᠵᠦ᠂ ᠴᠢᠭᠯᠡᠯᠲᠦ ᠴᠢᠨᠠᠷᠲᠠᠶ ᠪᠠᠷ ᠴᠤᠤᠷᠢᠶᠠᠳᠤᠨ ᠳᠠᠭᠠᠬᠤ ᠠᠷᠭ᠎ᠠ ᠬᠡᠮᠵᠢᠶ᠎ᠡ ᠠᠪᠴᠤ᠂ ᠭᠠᠯ ᠤᠨ | ᠭᠠᠮᠰᠢᠭ ᠤᠨ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠬᠤ ᠬᠡᠷᠡᠭᠲᠡᠶ᠃ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠢ ᠴᠠᠭ ᠢᠮᠠᠭᠲᠠ ᠰᠠᠶᠢᠲᠤᠷ ᠬᠢᠵᠦ᠂ ᠵᠢᠯᠣᠭᠤᠳᠤᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ | ᠰᠡᠷᠭᠡᠶᠢᠯᠡᠯᠲᠡ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠢ ᠲᠡᠭᠦᠯᠳᠡᠷᠵᠢᠭᠦᠯᠵᠦ᠂ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠠᠮᠤᠷ ᠲᠦᠪᠰᠢᠨ ᠪᠥᠭᠡᠳ ᠥᠨᠳᠥᠷ | ᠪᠦᠲᠦᠮᠵᠢᠲᠡᠢ ᠪᠠᠷ ᠭᠠᠯ ᠤᠨᠲᠠᠷᠠᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠬᠦᠨᠳᠦ ᠶᠡᠭᠡ ᠪᠠ ᠣᠨᠴᠠ ᠶᠡᠭᠡ ᠭᠠᠯ ᠤᠨ | ᠠᠶᠤᠯ ᠪᠣᠯᠤᠨ ᠭᠠᠯ ᠤᠨᠲᠠᠷᠠᠭᠠᠬᠤ ᠠᠵᠢᠯᠲᠠᠨ ᠤ ᠦᠷᠡᠭᠳᠡᠵᠦ ᠰᠢᠷᠬᠠᠳᠤᠬᠤ ᠬᠡᠷᠡᠭ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠸᠠᠩ ᠶᠦᠩ 9 ᠳ᠋ᠦ᠋ᠭᠡᠷ | ᠰᠠᠷ᠎ᠠ ᠶᠢᠨ 24 ᠤ ᠡᠳᠦᠷ ᠪᠥᠬᠦ ᠤᠯᠤᠰ ᠤᠨ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ | ᠴᠢᠬᠤᠯᠠᠴᠢᠯᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠵᠦ ᠭᠠᠯ ᠤᠨᠲᠠᠷᠠᠭᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠴᠢᠩᠭᠠᠳᠬᠠᠬᠤ ᠲᠤᠬᠠᠶ | ᠠᠯᠢ ᠣᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠰᠠᠶᠢᠳ ᠯᠢ ᠺᠧ | ᠴᠢᠶᠠᠩ ᠤᠨ ᠴᠢᠬᠤᠯᠠ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠲᠠᠲᠠᠶᠢᠵᠢᠭᠤᠯᠤᠨ ᠴᠢᠩᠭᠠᠳᠬᠠᠵᠤ᠂ ᠡᠬᠢ ᠢᠷᠡᠯᠲᠡ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠴᠢᠩᠭ᠎ᠠ | ᠰᠡᠷᠭᠡᠶᠢᠯᠡᠨ ᠪᠦᠲᠦᠮᠵᠢᠲᠡᠢ ᠠᠷᠭᠠᠴᠠᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠬᠦᠨᠳᠦ ᠶᠡᠭᠡ ᠪᠠ ᠣᠨᠴᠠ ᠶᠡᠭᠡ | ᠭᠠᠯ ᠤᠨ ᠭᠠᠮᠰᠢᠭ ᠡᠭᠦᠰᠬᠦ ᠶᠢ ᠡᠷᠡᠰ ᠬᠤᠷᠢᠭᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠪᠠ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠸᠠᠩ ᠶᠦᠩ ᠵᠢᠭᠠᠬᠤ ᠳᠤ ᠪᠠᠨ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠪᠠᠶᠢᠭᠤᠯᠤᠯ ᠪᠠ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠵᠣᠯᠭᠠᠭᠤᠯᠤᠨ ᠬᠠᠮᠵᠢᠯᠴᠠᠭᠤᠯᠬᠤ ᠶᠢ ᠴᠢᠩᠭᠠᠳᠬᠠᠨ᠂ ᠰᠧᠴᠤᠸᠠᠨ | ᠵᠡᠷᠭᠡ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠲᠤᠰᠬᠠᠶ ᠵᠦᠢᠯ ᠤᠨ | ᠴᠡᠭᠴᠡᠯᠡᠨ ᠵᠠᠰᠠᠯᠲᠠ ᠬᠢᠭᠰᠡᠨ ᠦᠷ᠎ᠡ ᠪᠦᠲᠦᠮᠵᠢ ᠲᠠᠢ ᠠᠷᠭ᠎ᠠ ᠬᠢᠳᠡᠯ ᠢ ᠪᠠᠬᠢᠵᠢᠭᠦᠯᠦᠨ ᠳᠡᠯᠭᠡᠷᠡᠭᠦᠯᠵᠦ᠂ ᠶᠡᠭᠡ ᠪᠠᠷ | ᠰᠡᠷᠭᠡᠶᠢᠯᠡᠬᠦ᠂ ᠶᠡᠭᠡ ᠪᠠᠷ ᠬᠢᠨᠠᠨ ᠬᠠᠮᠢᠶᠠᠷᠬᠤ᠂ ᠶᠡᠭᠡ ᠪᠠᠷ ᠤᠬᠠᠭᠤᠯᠬᠤ᠂ ᠶᠡᠭᠡ ᠪᠠᠷ ᠪᠠᠲᠤᠯᠠᠬᠤ ᠭᠠᠯ ᠢ ᠰᠡᠷᠭᠡᠶᠢᠯᠡᠵᠦ ᠭᠠᠯ | ᠤᠨᠲᠠᠷᠠᠭᠠᠬᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠠᠰᠤᠷᠠᠯᠲᠠ ᠥᠬᠡᠶ ᠪᠦᠷᠢᠨᠰᠢᠬᠦᠯᠬᠦ ᠬᠡᠷᠡᠭᠲᠡᠶ᠃ ᠡᠪᠦᠯ ᠤᠨ | ᠤᠯᠠᠷᠢᠯ ᠤᠨ ᠣᠯᠧᠮᠫᠢᠺ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ | ᠬᠡᠪᠴᠢᠶ᠎ᠡ ᠪᠣᠯᠤᠨ ᠴᠢᠬᠤᠯᠠ ᠶᠡᠭᠡ ᠠᠵᠢᠯᠯᠠᠭ᠎ᠠ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠬᠤᠭᠤᠴᠠᠭ᠎ᠠ ᠵᠡᠷᠭᠡ | ᠣᠨᠴᠠᠭᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠵᠤ | ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠤᠨᠢᠨ ᠳᠡᠭᠡᠷ᠎ᠡ ᠨᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠬᠥᠮᠦᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠢᠯᠢᠳᠡᠭᠵᠢᠭᠦᠯᠵᠦ᠂ | ᠭᠡᠨᠡᠳᠲᠡ ᠶᠢᠨ ᠭᠠᠯ ᠤᠨ ᠠᠶᠤᠯ ᠢ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠢ ᠰᠢᠢᠳᠪᠦᠷᠢᠯᠡᠵᠦ᠂ ᠤᠯᠠᠨ | ᠲᠦᠮᠡᠨ ᠪᠣᠯᠤᠨ ᠭᠠᠯ ᠤᠨᠲᠠᠷᠠᠭᠠᠬᠤ ᠠᠵᠢᠯᠲᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠣᠨᠤᠭ ᠲᠥᠬᠦᠭᠡᠷᠦᠮᠵᠢ | ᠡᠳ᠋ ᠪᠣᠳᠠᠰ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠬᠦᠨᠳᠦ ᠶᠡᠭᠡ ᠪᠠ ᠣᠨᠴᠠ | ᠶᠡᠭᠡ ᠭᠠᠯ ᠤᠨ ᠭᠠᠮᠰᠢᠭ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠴᠢᠩᠭ᠎ᠠ ᠰᠠᠬᠢᠬᠤ ᠬᠡᠷᠡᠭᠲᠡᠢ ᠭᠡᠵᠡᠢ᠃ |