ᠨᠤᠲᠤᠭ ᠪᠡᠯᠴᠢᠭᠡᠷ ᠢ ᠡᠵᠡᠯᠡᠨ ᠬᠠᠣᠯᠢ ᠪᠣᠰᠣ ᠪᠠᠷ ᠪᠠᠶᠢᠭᠤᠯᠣᠭᠰᠠᠨ ᠪᠣᠯᠠᠰᠢ ᠶᠢ ᠲᠤᠰᠬᠠᠶ ᠴᠡᠭᠴᠡᠯᠡᠨ ᠵᠠᠰᠠᠬᠤ ︽ᠵᠠᠭᠤᠨ ᠡᠳᠦᠷ ᠤᠨ  ᠪᠣᠭᠤᠮᠲᠠ ᠰᠢᠪᠲᠣᠯᠬᠤ︾ ᠠᠵᠢᠯᠯᠠᠭ᠎ᠠ ᠶᠢ ᠥᠷᠨᠢᠭᠦᠯᠬᠦ ᠲᠤᠬᠠᠶ ᠵᠡᠬᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/9/3
      ᠬᠠᠣᠯᠢ ᠪᠣᠰᠣ ᠪᠠᠷ ᠪᠠᠶᠢᠭᠤᠯᠤᠭᠰᠠᠨ ᠪᠣᠯᠠᠰᠢ ᠶᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠣᠯᠠᠮ ᠨᠢᠭᠡ ᠠᠯᠬᠤᠮ ᠪᠠᠬᠢᠵᠢᠬᠦᠯᠵᠣ᠂ ᠬᠠᠣᠯᠢ ᠪᠣᠰᠣ ᠪᠠᠷ ᠪᠠᠶᠢᠭᠤᠯᠤᠭᠰᠠᠨ ᠪᠣᠯᠠᠰᠢ ᠶᠢ ᠪᠠᠶᠢᠩᠭᠤ ᠶᠢᠨ ᠪᠦᠲᠦᠮᠵᠢᠲᠡᠶ ᠴᠡᠭᠴᠡᠯᠡᠨ ᠵᠠᠰᠠᠬᠤ ᠶᠢᠨ ᠲᠥᠯᠥᠭᠡ᠂ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ ᠤᠨ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠲᠦᠷᠢᠮ ᠲᠣᠭᠲᠠᠭᠠᠯ ᠵᠢᠴᠢ ᠪᠥᠬᠦ ᠠᠶᠢᠮᠠᠭ ᠤᠨ ᠨᠤᠲᠤᠭ ᠪᠡᠯᠴᠢᠭᠡᠷ ᠢ ᠡᠵᠡᠯᠡᠨ ᠬᠠᠣᠯᠢ ᠪᠣᠰᠣ ᠎ ᠪᠠᠷ ᠪᠠᠶᠢᠭᠤᠯᠣᠭᠰᠠᠨ ᠪᠣᠯᠠᠰᠢ ᠶᠢ ᠲᠤᠰᠬᠠᠶ ᠴᠡᠭᠴᠡᠯᠡᠨ ᠵᠠᠰᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠪᠠᠶᠢᠳᠠᠯ ᠢ ᠲᠣᠳᠣᠷᠬᠠᠶ ᠣᠶᠢᠯᠠᠭᠠᠬᠤ᠂ ᠭᠤᠤᠯᠳᠠᠯᠭ᠎ᠠ ᠶᠢ ᠲᠣᠪᠣᠶᠢᠯᠭᠠᠬᠤ᠂ ᠲᠥᠷᠥᠯ ᠬᠤᠪᠢᠶᠠᠨ ᠴᠡᠭᠴᠡᠯᠡᠨ ᠵᠠᠰᠠᠬᠤ︾ ᠠᠵᠢᠯ ᠤᠨ ᠰᠡᠳᠬᠢᠴᠡ ᠶᠣᠰᠣᠭᠠᠷ᠂ 2021 ᠣᠨ ᠤ 7 ᠰᠠᠷ᠎ᠠ ᠶᠢᠨ 25᠎ ᠤ ᠡᠳᠦᠷ ᠠᠴᠠ 11 ᠰᠠᠷ᠎ᠠ ᠶᠢᠨ 2᠎ ᠤᠨ ᠡᠳᠦᠷ ᠪᠣᠯᠲᠠᠯ᠎ᠠ᠂ 100 ᠡᠳᠦᠷ ᠤᠨ ᠬᠤᠭᠤᠴᠠᠭᠠᠨ ᠳᠤ᠂ ᠪᠥᠬᠦ ᠬᠤᠰᠢᠭᠤᠨ ᠤ ᠬᠡᠪᠴᠢᠶᠡᠨ ᠳᠠᠬᠢ ᠨᠤᠲᠤᠭ ᠪᠡᠯᠴᠢᠭᠡᠷ ᠢ ᠡᠵᠡᠯᠡᠨ ᠬᠠᠣᠯᠢ ᠪᠣᠰᠣ ᠪᠠᠷ ᠪᠠᠶᠢᠭᠤᠯᠣᠭᠰᠠᠨ ᠪᠣᠯᠠᠰᠢ ᠶᠢ ᠲᠤᠰᠬᠠᠶ ᠴᠡᠭᠴᠡᠯᠡᠨ ᠵᠠᠰᠠᠬᠤ ︽ᠵᠠᠭᠤᠨ ᠡᠳᠦᠷ ᠤᠨ ᠪᠣᠭᠤᠮᠳᠠ ᠰᠢᠪᠳᠣᠯᠬᠤ︾ ᠠᠵᠢᠯᠯᠠᠭ᠎ᠠ ᠥᠷᠨᠢᠭᠦᠯᠦᠨ᠎ᠡ᠃ ᠣᠳᠣ ᠬᠠᠮᠢᠶ᠎ᠠ ᠪᠥᠬᠦᠶ ᠵᠦᠢᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠴᠡᠭᠴᠡᠯᠡᠨ ᠵᠠᠰᠠᠬᠤ ᠬᠠᠷᠠᠯᠲᠠ        ᠨᠠᠰᠤ ᠪᠠᠷᠠᠭᠰᠠᠨ ᠬᠥᠮᠦᠰ ᠢ ᠡᠷᠬᠡᠪᠰᠢ ᠨᠡᠶᠢᠲᠡ ᠶᠢᠨ ᠤᠡᠭᠭᠤᠠ ᠳᠤ ᠨᠢᠭᠡᠳᠦᠯᠲᠡᠶ ᠣᠷᠣᠰᠢᠭᠤᠯᠬᠤ ᠬᠡᠷᠡᠭᠲᠡᠶ᠃ ᠲᠣᠷᠠᠪᠡᠷ ᠣᠷᠣᠰᠢᠭᠤᠯᠵᠣ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠳ ᠢ ᠤᠤᠯ ᠤᠨ ᠪᠠᠶᠢᠳᠠᠯ ᠢ ᠨᠢ ᠰᠡᠷᠬᠦᠬᠡᠵᠣ᠂ ᠬᠤᠭᠤᠴᠠᠭ᠎ᠠ ᠬᠢᠵᠠᠭᠠᠷᠯᠠᠨ ᠲᠣᠭᠲᠠᠭᠰᠠᠨ ᠭᠠᠵᠠᠷ ᠲᠤ ᠨᠡᠬᠦᠯᠬᠡᠬᠦ ᠪᠠᠷ ᠱᠠᠭᠠᠷᠳᠠᠬᠤ ᠬᠡᠷᠡᠭᠲᠠᠢ᠃ ᠴᠡᠭᠴᠡᠯᠡᠨ ᠵᠠᠰᠠᠯᠲᠠ ᠶᠢᠨ ᠣᠷᠣᠨ ᠬᠡᠪᠴᠢᠶᠡᠨ ᠳᠤ ︽ᠬᠠᠭᠤᠴᠢᠨ ᠪᠤᠯᠠᠰᠢ ᠶᠢ ᠰᠢᠯᠵᠢᠬᠦᠯᠵᠣ᠂ ᠰᠢᠨ᠎ᠡ ᠪᠠᠷ ᠪᠠᠶᠢᠭᠤᠯᠬᠤ ᠥᠬᠡᠶ︾ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃      ᠬᠤᠶᠠᠷ᠂ ᠴᠡᠭᠴᠡᠯᠡᠨ ᠵᠠᠰᠠᠬᠤ ᠠᠭᠤᠯᠭ᠎ᠠ      ︵ᠨᠢᠭᠡ︶ ᠪᠥᠬᠦ ᠬᠤᠰᠢᠭᠤᠨ ᠤ ᠵᠠᠰᠠᠮᠠᠯ ᠵᠠᠮ ︵ᠤᠯᠤᠰ᠂ ᠮᠤᠵᠢ ᠶᠢᠨ ᠳᠡᠰ ᠤᠨ ᠵᠠᠰᠠᠮᠠᠯ ᠵᠠᠮ᠂ ᠰᠢᠶᠠᠨ ᠤ ᠳᠡᠰ ᠤᠨ ᠵᠠᠰᠠᠮᠠᠯ ᠵᠠᠮ᠂ ᠵᠢᠭᠤᠯᠴᠢᠯᠠᠯ ᠤᠨ ᠵᠠᠰᠠᠮᠠᠯ ᠵᠠᠮ ᠵᠡᠷᠭᠡ︶᠂ ᠲᠡᠮᠦᠷ ᠵᠠᠮ ᠤᠨ ᠬᠤᠶᠠᠷ ᠲᠠᠯ᠎ᠠ ᠶᠢᠨ ᠨᠤᠲᠤᠭ ᠪᠡᠯᠴᠢᠭᠡᠷ ᠢ ᠡᠵᠡᠯᠡᠨ ᠬᠠᠣᠯᠢ ᠪᠣᠰᠣ ᠪᠠᠷ ᠪᠠᠶᠢᠭᠤᠯᠤᠭᠰᠠᠨ ᠲᠠᠷᠠᠬᠠᠶ ᠪᠤᠲᠠᠷᠬᠠᠶ ᠪᠤᠯᠠᠰᠢ ᠪᠠ ᠲᠡᠤᠬᠡ ᠠᠴᠠ ᠦᠯᠡᠳᠡᠭᠳᠡᠭᠰᠡᠨ ᠲᠥᠪᠯᠡᠷᠡᠭᠦᠯᠦᠨ ᠪᠣᠯᠠᠰᠢᠯᠠᠭᠰᠠᠨ ᠭᠠᠵᠠᠷ ᠢ ᠬᠠᠣᠯᠢ ᠶᠣᠰᠣᠭᠠᠷ ᠴᠡᠭᠴᠡᠯᠡᠨ ᠵᠠᠰᠠᠨ᠎ᠠ᠃      ︵ᠬᠤᠶᠠᠷ︶ ︽ᠣᠷᠣᠨ ᠰᠠᠭᠤᠴᠠ ᠶᠢᠨ ᠮᠠᠶ᠋ᠢᠭ︾᠎ ᠤᠨ ᠪᠣᠯᠠᠰᠢ᠂ ︽ᠠᠮᠢᠳᠣ ᠬᠦᠮᠦᠨ ᠤ ᠪᠣᠯᠠᠰᠢ︾᠎ ᠂ ᠬᠠᠳᠠᠭᠤᠷᠠᠭᠤᠯᠣᠭᠰᠠᠨ ᠲᠣᠮᠣ ᠪᠣᠯᠠᠰᠢ ᠵᠢᠴᠢ ᠳᠠᠭᠠᠯᠲᠠ ᠪᠠᠷᠢᠯᠭ᠎ᠠ ᠵᠡᠷᠭᠡ ᠶᠢ ᠬᠠᠤᠯᠢ ᠶᠣᠰᠣᠭᠠᠷ ᠪᠠᠶᠢᠴᠠᠭᠠᠨ ᠴᠡᠭᠴᠡᠯᠡᠨ᠎ᠡ᠃      ︵ᠭᠤᠷᠪᠠ︶ ᠲᠣᠷᠠᠪᠡᠷ ᠣᠷᠣᠰᠢᠭᠤᠯᠣᠭᠰᠠᠨ ᠪᠣᠯᠠᠰᠢ ᠶᠢ ᠬᠠᠤᠯᠢ ᠶᠣᠰᠣᠭᠠᠷ ᠴᠡᠭᠴᠡᠯᠡᠨ ᠵᠠᠰᠠᠨ᠎ᠠ᠃ ᠭᠠᠭᠴᠠ ᠬᠥᠮᠦᠨ ᠤ ᠪᠣᠯᠠᠰᠢ 4 ᠲᠡᠭᠰᠢ ᠳᠥᠷᠪᠡᠯᠵᠢᠨ ᠮᠧᠲᠷ ᠠᠴᠠ ᠬᠡᠲᠦᠷᠡᠵᠦ ᠪᠣᠯᠬᠤ ᠥᠬᠡᠶ᠂ ᠬᠤᠶᠠᠷ ᠬᠥᠮᠦᠨ ᠤ ᠬᠠᠮᠲᠤ ᠎ ᠶᠢᠨ ᠪᠣᠯᠠᠰᠢ 6 ᠲᠡᠭᠰᠢ ᠳᠥᠷᠪᠡᠯᠵᠢᠨ ᠮᠧᠲᠷ ᠠᠴᠠ ᠬᠡᠲᠦᠷᠡᠵᠦ ᠪᠣᠯᠬᠤ ᠥᠬᠡᠶ᠂ ᠭᠦᠨ ᠪᠣᠯᠠᠰᠢᠯᠠᠵᠣ ᠣᠷᠣᠢ ᠭᠠᠷᠭᠠᠵᠣ ᠪᠣᠯᠬᠤ ᠥᠬᠡᠶ᠂ ᠬᠥᠰᠢᠶ᠎ᠡ ᠪᠤᠰᠬᠠᠬᠤ ᠥᠬᠡᠶ ᠪᠤᠶᠤ ᠬᠡᠪᠲᠡᠭᠡ ᠮᠠᠶ᠋ᠢᠭ ᠤᠨ ᠬᠥᠰᠢᠶ᠎ᠡ  ᠬᠡᠷᠡᠭᠯᠡᠵᠣ᠂ ᠴᠠᠭᠠᠨ ᠦᠩᠭᠡ ᠶᠢᠨ ᠬᠦᠰᠢᠶ᠎ᠡ ᠬᠡᠷᠡᠭᠯᠡᠬᠦ ᠦᠭᠡᠢ ᠪᠠᠶᠢᠬᠤ ᠶᠢ ᠰᠠᠨᠠᠭᠠᠴᠢᠯᠠᠵᠤ᠂ ᠪᠠᠶᠢᠩᠭᠤ ᠶᠢᠨ ᠪᠦᠳᠦᠮᠵᠢᠳᠣ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠣᠨ᠎ᠠ᠃      ᠭᠤᠷᠪᠠ᠂ ᠴᠡᠭᠴᠡᠯᠡᠨ ᠵᠠᠰᠠᠬᠤ ᠴᠠᠭ ᠬᠤᠭᠤᠴᠠᠭ᠎ᠠ      2021 ᠣᠨ ᠤ 10 ᠰᠠᠷ᠎ᠠ ᠶᠢᠨ 7᠎ ᠤ ᠡᠳᠦᠷ ᠠᠴᠠ ᠡᠮᠦᠨ᠎ᠡ᠂ ᠪᠥᠬᠦ ᠬᠤᠰᠢᠭᠤᠨ ᠤ ᠵᠠᠰᠠᠮᠠᠯ ᠵᠠᠮ ︵ᠤᠯᠤᠰ᠂ ᠮᠤᠵᠢ ᠶᠢᠨ ᠳᠡᠰ ᠤᠨ ᠵᠠᠰᠠᠮᠠᠯ ᠵᠠᠮ᠂ ᠰᠢᠶᠠᠨ ᠤ ᠳᠡᠰ ᠤᠨ ᠵᠠᠰᠠᠮᠠᠯ ᠵᠠᠮ᠂ ᠵᠢᠭᠤᠯᠴᠢᠯᠠᠯ ᠤᠨ ᠵᠠᠰᠠᠮᠠᠯ ᠵᠠᠮ ᠵᠡᠷᠭᠡ︶᠎ ᠤᠨ ᠬᠤᠶᠠᠷ ᠲᠠᠯ᠎ᠠ ᠶᠢᠨ ᠪᠣᠯᠠᠰᠢ᠂ ᠬᠠᠣᠯᠢ ᠪᠤᠰᠤ ᠪᠠᠷ ᠪᠠᠶᠢᠭᠤᠯᠤᠭᠰᠠᠨ ︽ᠣᠷᠣᠨ ᠰᠠᠭᠤᠴᠠ ᠶᠢᠨ ᠮᠠᠶ᠋ᠢᠭ ︾᠎ ᠤᠨ ᠪᠣᠯᠠᠰᠢ᠂ ᠬᠠᠳᠠᠭᠤᠷᠠᠭᠤᠯᠣᠭᠰᠠᠨ ᠲᠣᠮᠣ ᠪᠣᠯᠠᠰᠢ᠂ ︽ᠠᠮᠢᠳᠣ ᠬᠦᠮᠦᠨ ᠤ ᠪᠣᠯᠠᠰᠢ︾ ᠵᠡᠷᠭᠡ ᠶᠢ ᠰᠢᠯᠵᠢᠬᠦᠯᠬᠦ ᠎ ᠪᠠᠷ ᠱᠠᠭᠠᠷᠳᠠᠬᠤ ᠬᠡᠷᠡᠭᠲᠠᠢ᠃ ᠲᠣᠭᠲᠠᠭᠠᠭᠰᠠᠨ ᠬᠤᠭᠤᠴᠠᠭᠠᠨ ᠳᠤ ᠰᠢᠯᠵᠢᠬᠦᠯᠦᠭᠰᠡᠨ ᠥᠬᠡᠶ ᠪᠠᠶᠢᠪᠠᠯ᠂ ᠪᠠᠶᠢᠭ᠎ᠠ ᠭᠠᠵᠠᠷ ᠤᠨ ᠰᠤᠮᠤ ᠪᠠᠯᠭᠠᠰᠤ ︵ᠲᠠᠯᠠᠪᠠᠶ︶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠠᠯᠪᠠᠳᠠᠯᠭ᠎ᠠ ᠪᠠᠷ ᠨᠣᠷᠠᠭᠠᠬᠤ ᠬᠡᠷᠡᠭᠲᠡᠶ᠃      ᠳᠥᠷᠪᠡ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ      ︵ᠨᠢᠭᠡ︶ 《 ᠠᠮᠢᠳᠤ ᠬᠦᠮᠦᠨ ᠤ ᠪᠤᠯᠠᠰᠢ》᠎ ᠶᠢ ᠪᠦᠬᠦᠨ ᠢ ᠲᠦᠢᠯᠪᠤᠷᠢᠲᠠᠶ ᠨᠤᠷᠠᠭᠠᠵᠤ᠂ ᠭᠠᠵᠠᠷ ᠰᠢᠷᠣᠶ ᠶᠢᠨ ᠣᠣᠯ ᠪᠠᠶᠢᠳᠠᠯ ᠢ ᠨᠢ ᠰᠡᠷᠬᠦᠭᠡᠬᠦ ᠭᠡᠷᠡᠭᠲᠠᠢ᠃      ︵ᠬᠤᠶᠠᠷ︶ ᠬᠠᠲᠠᠭᠤᠷᠠᠭᠤᠯᠤᠭᠰᠠᠨ ᠪᠤᠯᠠᠰᠢ ᠶᠢ ᠬᠠᠤᠯᠢ ᠶᠣᠰᠣᠭᠠᠷ ᠨᠤᠷᠠᠭᠠᠵᠤ᠂ ᠬᠠᠲᠠᠭᠤᠷᠠᠭᠤᠯᠤᠭᠰᠠᠨ ᠲᠤᠮᠤ ᠪᠤᠯᠠᠰᠢ ᠶᠢᠨ ᠬᠠᠲᠠᠭᠤᠷᠠᠭᠤᠯᠤᠭᠰᠠᠨ ᠮᠠᠲ᠋ᠧᠷᠢᠶᠠᠯ ᠵᠢᠴᠢ ᠲᠠᠭᠠᠯᠳᠠ ᠪᠣᠳᠠᠰ ᠪᠣᠯᠤᠨ ᠳᠤᠷᠠᠪᠠᠷ ᠪᠠᠶᠢᠭᠤᠯᠣᠭᠰᠠᠨ ᠬᠡᠷᠡᠮ᠂ ᠬᠤᠷᠤᠭ᠎ᠠ ︵ᠬᠠᠲᠠᠭᠤᠷᠠᠭᠤᠯᠤᠭᠰᠠᠨ ᠮᠠᠲ᠋ᠧᠷᠢᠶᠠᠯ ᠳᠤ ᠴᠢᠯᠠᠭᠤ᠂ ᠲᠣᠭᠤᠰᠬ᠎ᠠ᠂ ᠪᠠᠭᠠᠨ᠎ᠠ᠂ ᠴᠢᠯᠠᠭᠤᠨ ᠮᠠᠲ᠋ᠧᠷᠢᠶᠠᠯ᠂ ᠱᠦᠢᠨᠢ ᠵᠡᠷᠭᠡ ᠪᠠᠭᠲᠠᠨ᠎ᠠ︶᠎ ᠎ ᠶᠢ ᠬᠠᠤᠯᠢ ᠶᠣᠰᠣᠭᠠᠷ ᠨᠣᠷᠠᠭᠠᠬᠤ ᠬᠡᠷᠡᠭᠲᠠᠢ᠃      ︵ᠭᠤᠷᠪᠠ︶ ᠵᠠᠰᠠᠮᠠᠯ ᠵᠠᠮ ᠤᠨ ᠬᠤᠶᠠᠷ ᠲᠠᠯ᠎ᠠ ᠶᠢᠨ ᠪᠣᠯᠠᠰᠢ ᠶᠢ ᠨᠡᠭᠦᠯᠭᠡᠨ ᠰᠢᠯᠵᠢᠭᠦᠯᠬᠦ᠂ ᠨᠣᠷᠠᠭᠠᠬᠤ ᠵᠡᠷᠭᠡ ᠠᠷᠭ᠎ᠠ ᠮᠠᠶ᠋ᠢᠭ ᠢᠶᠠᠷ ᠴᠡᠭᠴᠡᠯᠡᠨ ᠵᠠᠰᠠᠬᠤ ᠬᠡᠷᠡᠭᠲᠠᠢ᠃      ︵ᠲᠥᠷᠪᠡ︶ ᠵᠥᠪᠰᠢᠶᠡᠷᠡᠯ ᠥᠭᠡᠢ ᠪᠠᠷ ᠳᠤᠷᠠᠪᠡᠷ ᠪᠤᠯᠠᠰᠢᠨ ᠭᠠᠵᠠᠷ ᠪᠠᠶᠢᠭᠤᠯᠤᠭᠰᠠᠨ ᠵᠢᠴᠢ ᠭᠠᠵᠠᠷ ᠰᠢᠷᠣᠶ ᠂ ᠨᠤᠲᠤᠭ ᠪᠡᠯᠴᠢᠭᠡᠷ ᠢ ᠳᠤᠷᠠᠪᠡᠷ ᠬᠤᠳᠠᠯᠳᠣᠭᠠᠯᠠᠬᠤ᠂ ᠳᠠᠯᠳᠠᠭᠤᠷ ᠬᠤᠳᠠᠯᠳᠣᠭᠠᠯᠠᠬᠤ ᠪᠣᠶᠣ ᠳᠦᠷᠢᠶᠡᠰᠦᠯᠡᠵᠦ ᠪᠤᠯᠠᠰᠢ ᠪᠠᠶᠢᠭᠤᠯᠤᠭᠰᠠᠨ ᠪᠠᠶᠢᠪᠠᠯ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ︵ᠲᠠᠪᠤ︶ ᠪᠤᠯᠠᠰᠢᠨ ᠤ ᠬᠠᠮᠢᠶ᠎ᠠ ᠪᠥᠬᠦᠶ ᠡᠷᠬᠡᠲᠦ ᠬᠥᠮᠦᠨ ᠪᠤᠶᠤ ᠲᠥᠷᠥᠯ ᠰᠠᠳᠤᠨ ᠨᠢ ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠬᠦᠴᠦᠨ ᠪᠥᠬᠦᠶ ᠭᠡᠷᠡᠴᠢ ᠪᠢᠴᠢᠭ ᠢᠶᠠᠨ ᠠᠪᠴᠤ ᠬᠠᠷᠢᠶ᠎ᠠ ᠰᠤᠮᠤ ᠪᠠᠯᠭᠠᠰᠤ(ᠲᠠᠯᠠᠪᠠᠶ)᠎ ᠳᠤ ᠬᠦᠷᠴᠦ ᠳᠠᠩᠰᠠᠯᠠᠭᠤᠯᠤᠨ᠂ ᠣᠩᠭᠤᠨ ᠢ ᠨᠤᠷᠠᠭᠠᠬᠤ᠂ ᠨᠡᠭᠦᠯᠭᠡᠬᠦ ᠵᠡᠷᠭᠡ ᠤᠴᠢᠷ ᠶᠠᠪᠤᠳᠠᠯ ᠢ ᠵᠥᠪᠳᠡᠯᠴᠡᠨ᠎ᠡ᠃ ᠠᠯᠪᠠᠨ ᠵᠠᠷᠯᠠᠯ ᠤᠨ ᠬᠤᠭᠤᠴᠠᠭ᠎ᠠ ᠳᠠᠭᠤᠰᠴᠤ ᠬᠠᠮᠢᠶᠠᠷᠬᠤ ᠬᠥᠮᠦᠨ ᠥᠭᠡᠢ ᠪᠤᠯᠠᠰᠢ ᠶᠢ ᠬᠠᠷᠢᠶ᠎ᠠ ᠰᠤᠮᠤ ᠪᠠᠯᠭᠠᠰᠤ(ᠲᠠᠯᠠᠪᠠᠢ)᠎ ᠠᠴᠠ ᠳᠠᠭᠠᠭᠤᠯᠤᠨ ᠬᠠᠮᠢᠶ᠎ᠠ ᠪᠥᠬᠦᠢ ᠰᠠᠯᠠᠭ᠎ᠠ ᠮᠥᠴᠢᠷ ᠠᠴᠠ ᠬᠠᠮᠵᠢᠯᠴᠠᠵᠤ᠂ ᠬᠠᠤᠯᠢ ᠲᠣᠭᠲᠠᠭᠠᠯ ᠶᠣᠰᠣᠭᠠᠷ ᠠᠯᠪᠠᠳᠠᠯᠭ᠎ᠠ ᠪᠠᠷ ᠨᠤᠷᠠᠭᠠᠬᠤ ᠬᠡᠷᠡᠭᠲᠡᠶ᠃ ᠡᠭᠦᠨ ᠤ ᠬᠠᠮᠲᠤ ᠬᠠᠷᠢᠶ᠎ᠠ ᠰᠤᠮᠤ ᠪᠠᠯᠭᠠᠰᠤ(ᠲᠠᠯᠠᠪᠠᠶ)᠎ ᠨᠢ ᠭᠠᠵᠠᠷ ᠵᠦᠶ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠬᠢᠵᠦ᠂ ᠲᠡᠮᠳᠡᠭ ᠲᠠᠯᠪᠢᠵᠣ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠦᠯᠡᠳᠡᠭᠡᠨ᠂ ᠲᠠᠩᠰᠠ ᠡᠪᠬᠡᠮᠡᠯ ᠪᠠᠶᠢᠭᠤᠯᠣᠨ ᠬᠠᠳᠠᠭᠠᠯᠠᠬᠤ ᠬᠡᠷᠡᠭᠲᠡᠶ᠃      ᠲᠠᠪᠤ᠂ ᠠᠯᠪᠠᠨ ᠵᠠᠷᠯᠠᠯ ᠤᠨ ᠬᠤᠭᠤᠴᠠᠭ᠎ᠠ ᠬᠢᠵᠠᠭᠠᠷ      9 ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠨᠢ ᠲᠣᠭᠲᠠᠭᠰᠠᠨ ᠭᠠᠵᠠᠷ ᠤᠨ ᠪᠤᠯᠠᠰᠢᠨ ᠡᠵᠡᠨ ᠤ ᠬᠠᠮᠢᠶ᠎ᠠ ᠪᠦᠬᠦᠢ ᠲᠥᠷᠥᠯ ᠰᠠᠳᠤᠨ ᠢ ᠡᠷᠢᠬᠦ ᠠᠯᠪᠠᠨ ᠵᠠᠷᠯᠠᠯ ᠢ ᠨᠡᠶᠢᠲᠡᠯᠡᠵᠣ᠂ ᠨᠡᠶᠢᠳᠡᠯᠡᠬᠦ ᠬᠤᠭᠤᠴᠠᠭ᠎ᠠ ᠨᠢ 30 ᠡᠳᠦᠷ ᠪᠣᠯᠤᠨ᠎ᠠ᠃ ᠪᠥᠬᠦ ᠬᠤᠰᠢᠭᠤᠨ ᠤ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠬᠠᠮᠢᠶ᠎ᠠ ᠪᠥᠬᠦᠶ ᠵᠦᠢᠯ ᠢ ᠨᠢᠭᠲᠠ ᠠᠩᠬᠠᠷᠴᠤ᠂ ᠱᠠᠭᠠᠷᠳᠠᠯᠭ᠎ᠠ ᠶᠣᠰᠣᠭᠠᠷ᠂ ᠪᠤᠯᠠᠰᠢ ᠶᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃ᠰᠤᠮᠤ ᠪᠠᠯᠭᠠᠰᠤᠨ ᠤ ᠬᠠᠷᠢᠯᠴᠠᠬᠤ ᠬᠥᠮᠦᠨ ᠵᠢᠴᠢ ᠬᠠᠷᠢᠯᠴᠠᠬᠤ ᠤᠲᠠᠰᠤ᠄      ᠤᠯᠢᠶᠠᠰᠤᠲᠠᠢ ᠪᠠᠯᠭᠠᠰᠤ    ᠪᠠᠶ ᠴᠢᠦ ᠯᠠᠨ      15249521398                              ᠰᠡᠴᠡᠨᠬᠤᠸᠠᠷ        15547963666      ᠳᠠᠭᠤᠳᠣᠨᠠᠭᠤᠷ ᠪᠠᠯᠭᠠᠰᠤ   ᠵᠤᠤ ᠬᠤᠩ ᠵᠢᠶᠧ   15326794007      ᠬᠠᠳᠠᠪᠴᠢ ᠪᠠᠯᠭᠠᠰᠤ       ᠦᠷᠢᠨᠲᠤᠶᠠᠭ᠎ᠠ     18747459889      ᠡᠵᠢᠨᠠᠭᠤᠷ ᠪᠠᠯᠭᠠᠰᠤ      ᠰᠠᠷᠠᠭᠤᠯ           18447061812      ᠮᠠᠨᠳᠣᠬᠤᠪᠣᠯᠠᠭ ᠪᠠᠯᠭᠠᠰᠤ   ᠵᠤᠯᠠ             15247895316      ᠬᠦᠷᠢᠶᠡᠳᠦᠨᠠᠭᠤᠷ ᠰᠤᠮᠤ     ᠪᠠᠭᠠᠲᠤᠷ          13694781970      ᠰᠠᠮᠠᠢ ᠰᠤᠮᠤ             ᠠᠯᠲᠠᠨᠪᠠᠭᠠᠨ᠎ᠠ      15047173066      ᠠᠯᠲᠠᠨᠬᠢᠯᠢ ᠰᠤᠮᠤ        ᠣᠳᠣᠨᠬᠤᠸᠠᠷ        18947494937      ᠭᠠᠬᠢᠯ ᠰᠤᠮᠤ            ᠠᠴᠢᠯᠠ             17684795339                      2021 ᠣᠨ ᠤ 8 ᠰᠠᠷ᠎ᠠ ᠶᠢᠨ 27᠎ ᠤ ᠡᠳᠦᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号