ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ‌ᠠᠩᠭᠢ ᠠᠯᠪᠠᠳᠠᠯᠭ᠎ᠠ ᠪᠠᠷ ᠨᠤᠷᠠᠭᠠᠬᠤ ᠠᠵᠢᠯ ᠢ ᠬᠠᠤᠯᠢ ᠶᠣᠰᠣᠭᠠᠷ ᠭᠦᠢᠴᠡᠳᠭᠡᠪᠡ
ᠨᠡᠶᠢᠲᠡᠯᠡᠭᠰᠡᠨ ᠴᠠᠭ᠄
2021/9/30
      ᠭᠠᠵᠠᠷ ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠢ  ᠬᠠᠮᠠᠭᠠᠯᠠᠨ᠂ ᠭᠠᠵᠠᠷ ᠰᠢᠷᠣᠶ ᠶᠢ ᠵᠣᠬᠢᠰᠲᠠᠶ‌ᠠᠰᠢᠭᠯᠠᠵᠤ᠂ ᠬᠠᠤᠯᠢ‌ᠡᠴᠠ ᠵᠥᠷᠢᠴᠡᠨ ᠭᠠᠵᠠᠷ ᠡᠵᠡᠯᠡᠬᠦ ᠪᠠ ᠬᠠᠤᠯᠢ  ᠠᠴᠠ ᠵᠥᠷᠢᠴᠡᠨ ᠪᠦᠲᠦᠭᠡᠨ ᠪᠠᠶᠢᠭᠤᠯᠬᠤ ᠦᠢᠯᠡ ᠠᠵᠢᠯᠯᠠᠭ᠎ᠠ‌‍ᠶᠢᠨ ᠥᠷᠭᠡᠵᠢᠬᠦ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠭᠠᠵᠠᠷ ᠰᠢᠷᠣᠶ ᠶᠢᠨ ᠬᠠᠮᠢᠶᠠᠷᠤᠯᠲᠠ  ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ  ᠶᠢᠨ ᠬᠠᠤᠯᠢ ᠶᠢ ᠬᠡᠷᠡᠭᠵᠢᠭᠦᠯᠬᠦ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ‌‍ᠶᠢᠨ ᠲᠥᠯᠥᠪᠵᠢᠭᠦᠯᠭᠡ‌‍ᠶᠢᠨ ᠬᠠᠤᠯᠢ︾ ᠵᠡᠷᠭᠡ ᠬᠠᠮᠢᠶ᠎ᠠ‌‍ᠪᠥ᠋ᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠡᠶᠢᠲᠡᠯᠡᠭᠰᠡᠨ ︽ᠬᠤᠰᠢᠭᠤᠨ ᠤ ᠡᠯ᠎ᠡ‌ᠨᠡᠶᠢᠭᠡᠮ ᠲᠣᠭᠤᠷᠢᠭ ᠤᠨ ᠬᠠᠷᠢᠶ᠎ᠠ‌‍ᠲ᠋ᠣᠭᠤᠷᠢᠭ ᠲᠠᠬᠢ ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠠᠯᠪᠠᠨ ᠵᠠᠷ︾ ᠤᠨ ᠱᠠᠭᠠᠷᠳᠠᠯᠭ᠎ᠠ‌‍ᠶᠢ ᠦᠨᠳᠦᠰᠦᠯᠡᠨ᠂  ᠣᠶᠢᠷ᠎ᠠ ᠳᠤ ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ‌ᠠᠩᠭᠢ ᠨᠢ ᠬᠠᠤᠯᠢ ᠠᠴᠠ ᠵᠥᠷᠢᠴᠡᠨ ᠪᠦᠲᠦᠭᠡᠨ  ᠪᠠᠶᠢᠭᠤᠯᠬᠤ ᠠᠵᠢᠯᠯᠠᠭ᠎ᠠ‌‍ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ‌ᠦᠷᠨᠢᠭᠦᠯᠵᠦ᠂ ᠤᠯᠢᠶᠠᠰᠤᠲᠠᠢ ᠪᠠᠯᠭᠠᠰᠤᠨ ᠤ ᠨᠡᠭᠦᠳᠡᠯ ᠠᠷᠠᠳ ᠤᠨ ᠲᠣᠰᠬᠤᠨ᠂ ᠰᠠᠭᠠᠯᠢ ᠶᠢᠨ ᠦᠨᠢᠶᠡᠨ  ᠤ ᠲᠠᠯᠠᠪᠠᠢ ᠶᠢᠨ ᠰᠠᠭᠤᠭᠠᠯᠢ ᠠᠷᠠᠳ ᠤᠨ ᠴᠡᠭ ᠵᠢᠴᠢ ᠤᠯᠢᠶᠠᠰᠤᠲᠠᠢ ᠪᠠᠯᠭᠠᠰᠤ ᠲᠣᠭᠤᠷᠢᠭ ᠤᠨ ᠡᠷᠭᠢᠨ ᠲᠣᠭᠤᠷᠢᠨ  ᠤ ᠬᠠᠤᠯᠢ ᠠᠴᠠ ᠵᠥᠷᠢᠴᠡᠵᠦ ᠭᠠᠵᠠᠷ ᠡᠵᠡᠯᠡᠭᠰᠡᠨ᠂ ᠭᠠᠵᠠᠷ ᠬᠦᠷᠢᠶᠡᠯᠡᠭᠰᠡᠨ᠂ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ  ᠴᠡᠭᠴᠡᠯᠡᠯᠲᠡ ᠬᠢᠵᠡᠢ᠃      ᠤᠳᠤᠬᠠᠨ ᠳᠤ ᠨᠢᠭᠡᠨᠲᠡ ᠤᠯᠢᠶᠠᠰᠤᠲᠠᠢ ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ︵ᠰᠠᠭᠠᠯᠢ ᠶᠢᠨ ᠦᠨᠢᠶᠡᠨ ᠤ ᠲᠣᠰᠬᠤᠨ︶ ᠤᠨ ᠬᠠᠤᠯᠢ ᠠᠴᠠ ᠵᠥᠷᠢᠴᠡᠨ ᠡᠵᠡᠯᠡᠭᠰᠡᠨ ᠭᠠᠵᠠᠷ ᠰᠢᠷᠣᠢ᠂ ᠬᠠᠤᠯᠢ ᠠᠴᠠ ᠵᠥᠷᠢᠴᠡᠭᠰᠡᠨ 6 ᠪᠠᠷᠢᠯᠭ᠎ᠠ ᠶᠢ ᠨᠤᠷᠠᠭᠠᠵᠤ᠂ ᠬᠤᠯᠪᠣᠭᠳᠠᠭᠰᠠᠨ ᠲᠠᠯᠠᠪᠠᠢ ᠨᠢ 17922.27 ᠲᠡᠭᠰᠢ ᠳᠥᠷᠪᠡᠯᠵᠢᠨ ᠮᠧᠲᠷ ᠲᠤ ᠬᠦᠷᠴᠠᠢ᠃      ᠲᠠᠷᠠᠭᠠᠴᠢ ᠶᠢᠨ ᠠᠯᠬᠤᠮ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠤᠯᠢᠶᠠᠰᠤᠲᠠᠢ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠨᠡᠶᠢᠭᠡᠮ ᠲᠣᠭᠤᠷᠢᠭ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ  ︾ ᠤᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠶᠢ ᠵᠥᠷᠢᠴᠡᠨ ᠭᠠᠵᠠᠷ ᠡᠵᠡᠯᠡᠭᠰᠡᠨ᠂ ᠭᠠᠵᠠᠷ ᠬᠡᠷᠡᠭᠯᠡᠭᠰᠡᠨ᠂ ᠭᠠᠵᠠᠷ ᠬᠦᠷᠢᠶᠡᠯᠡᠭᠰᠡᠨ ᠵᠢᠴᠢ ᠬᠠᠤᠯᠢ ᠶᠢ ᠵᠥᠷᠢᠴᠡᠨ ᠪᠥᠲᠥᠭᠡᠨ ᠪᠠᠶᠢᠭᠤᠯᠤᠭᠰᠠᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ︽ᠬᠤᠶᠠᠷ  ᠢ ᠵᠥᠷᠢᠴᠡᠭᠰᠡᠨ︾ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ ᠴᠡᠭᠴᠡᠯᠡᠨ ᠵᠠᠰᠠᠬᠤ ᠶᠢ ᠡᠷᠡᠰ  ᠪᠡᠶᠡᠯᠡᠭᠦᠯᠬᠦ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号