ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠳᠡ ᠶᠢ ᠭᠡᠷ ᠪᠦᠯᠢ ᠳᠤ ᠦᠨᠳᠦᠰᠦᠯᠡᠭᠦᠯᠵᠦ᠂ | ᠡᠮᠩᠲᠠᠢ ᠰᠠᠶᠢᠨ ᠲᠣᠷᠠᠴᠣᠣᠯ ᠤᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠬᠤ ᠶᠢᠨ ᠲᠥᠯᠥᠭᠡ᠂ | 9 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠪᠠᠶ᠋ᠬᠠᠷᠬᠡᠳᠣ ᠨᠡᠶᠢᠭᠡᠮ ᠲᠣᠭᠤᠷᠢᠭ ᠤᠨ ᠡᠮᠡᠭᠲᠡᠢᠴᠦᠳ ᠤᠨ | ᠬᠤᠯᠪᠣᠭ᠎ᠠ 12 ᠰᠠᠶᠢᠨ ᠳᠤᠷ᠎ᠠ ᠶᠢᠨ ᠠᠵᠢᠯᠯᠠᠭᠰᠠᠳ ᠢ ᠵᠣᠬᠢᠶᠠᠨ ᠪᠠᠶᠢᠭᠤᠯᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠨᠡᠶᠢᠭᠡᠮ ᠲᠣᠭᠤᠷᠢᠭ ᠤᠨ ᠡᠮᠡᠭᠲᠡᠢᠴᠦᠳ ᠤᠨ ᠬᠤᠯᠪᠣᠭ᠎ᠠ ᠶᠢᠨ ᠲᠡᠷᠢᠭᠦᠯᠡᠭᠴᠢ᠂ ᠰᠢᠯᠵᠢᠭᠡ ᠬᠤᠯᠪᠣᠭ᠎ᠠ ᠶᠢᠨ | ᠺᠣᠮᠫᠠᠨᠢ ᠶᠢᠨ ᠡᠮᠡᠭᠲᠡᠢ ᠰᠠᠶᠢᠨ ᠲᠤᠷᠠᠴᠤᠤᠯ᠂ ᠬᠠᠷᠢᠶ᠎ᠠ ᠲᠣᠭᠤᠷᠢᠭ ᠤᠨ ᠢᠶᠠᠨ ᠭᠤᠷᠪᠠᠨ ᠨᠠᠰᠣᠳᠠᠨ ᠤ ᠭᠡᠷ ᠲᠤ ᠨᠢ | ᠬᠦᠷᠴᠦ ᠂ ᠴᠤᠩᠬᠤᠨ ᠰᠢᠯ ᠢ ᠨᠢ ᠵᠦᠯᠭᠦᠵᠦ᠂ ᠭᠡᠷ ᠲᠡᠷᠭᠡ ᠢ ᠨᠢ ᠴᠡᠪᠡᠷᠯᠡᠵᠦ ᠥᠭᠪᠡ᠃ ᠭᠡᠷ ᠲᠡᠷᠭᠡ ᠢ ᠨᠢ | ᠴᠡᠪᠡᠷᠯᠡᠬᠦ ᠶᠢᠨ ᠳᠠᠭᠠᠤ ᠨᠠᠰᠣᠲᠠᠳ ᠲᠠᠢ ᠰᠡᠳᠬᠢᠯ ᠢᠶᠠᠨ ᠰᠣᠯᠢᠯᠴᠠᠵᠤ᠂ ᠨᠠᠰᠤᠲᠠᠨ ᠤ ᠠᠮᠢᠳᠤᠷᠠᠯ ᠤᠨ ᠪᠠᠶᠢᠳᠠᠯ | ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠢ ᠨᠠᠷᠢᠨ ᠠᠰᠠᠭᠤᠵᠤ᠂ ᠨᠠᠰᠣᠲᠠᠳ ᠲᠤ ᠪᠡᠶ᠎ᠡ ᠪᠠᠨ ᠰᠤᠪᠢᠯᠠᠬᠤ ᠶᠢ | ᠠᠩᠬᠠᠷᠬᠤ ᠶᠢ ᠰᠠᠨᠠᠭᠤᠯᠬᠤ ᠶᠢᠨ ᠬᠠᠮᠲᠤ ᠤᠯᠤᠰ ᠤᠨ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠭᠦᠯᠵᠦ᠂ | ᠲᠡᠳᠡᠨ ᠳᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠨᠢᠭᠡ ᠲᠠᠯ᠎ᠠ ᠪᠠᠷ ᠬᠥᠮᠦᠨ ᠤ ᠰᠡᠳᠬᠢᠯ ᠢ | ᠲᠣᠯᠠᠭᠠᠴᠠᠭᠤᠯᠵᠦ᠂ ᠨᠥᠭᠦᠭᠡ ᠲᠠᠯ᠎ᠠ ᠪᠠᠷ ᠪᠠᠰᠠ ᠭᠡᠷ ᠪᠦᠯᠢ ᠶᠢᠨ ᠰᠠᠶᠢᠨ ᠰᠠᠢᠬᠠᠨ ᠶᠣᠰᠣ ᠮᠣᠷᠠᠯ ᠢ ᠪᠠᠳᠠᠷᠠᠭᠤᠯᠵᠤ | ᠪᠣᠯᠪᠠᠰᠤᠨ ᠰᠢᠨ᠎ᠡ ᠬᠡᠪ ᠰᠤᠷᠲᠠᠯ ᠢ ᠰᠠᠨᠠᠭᠠᠴᠢᠯᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠤᠷᠮᠠᠰᠢᠭᠤᠯᠤᠨ | ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠦᠪᠡᠷ ᠤᠨ ᠪᠡᠶ᠎ᠡ ᠠᠴᠠ ᠪᠠᠨ ᠡᠬᠢᠯᠡᠨ ᠬᠢᠵᠦ | ᠪᠣᠯᠪᠠᠰᠤᠨ ᠰᠤᠷᠲᠠᠯ ᠢ ᠬᠥᠮᠦᠵᠢᠭᠦᠯᠬᠦ ᠦᠢᠯᠡ ᠠᠵᠢᠯᠯᠠᠭ᠎ᠠ ᠶᠢᠨ ᠳᠠᠳᠬᠠᠯ ᠪᠤᠢ ᠪᠣᠯᠭᠠᠵᠦ᠂ ᠨᠡᠶᠢᠭᠡᠮ ᠤᠨ ᠬᠡᠪ | ᠰᠤᠷᠲᠠᠯ ᠢ ᠬᠥᠲᠥᠯᠦᠨ ᠳᠠᠭᠠᠭᠤᠯᠵᠤ ᠡᠶ᠎ᠡ ᠵᠣᠬᠢᠴᠠᠯ ᠲᠠᠢ ᠣᠷᠴᠢᠨ ᠲᠣᠭᠤᠷᠢᠨ ᠢ ᠪᠣᠢ ᠪᠣᠯᠭᠠᠬᠤ ᠪᠠᠷ | ᠴᠢᠷᠮᠠᠶᠢᠵᠠᠭᠠᠶ᠎ᠠ᠃ |