ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠰᠢ ᠠᠨ ᠳᠤ | ᠥᠨᠳᠥᠷᠯᠡᠪᠡ | ᠯᠢ ᠺᠧ ᠴᠢᠶᠠᠩ ᠲᠡᠭᠦᠰᠬᠦ ᠶᠣᠰᠣᠯᠠᠯ ᠳᠤ ᠣᠷᠣᠯᠴᠠᠪᠠ | | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ | ᠲᠠᠮᠢᠷ ᠤᠨ ᠴᠤᠭᠯᠠᠭᠠᠨ 27 ᠤ ᠣᠷᠣᠶ ᠰᠢ ᠠᠨ ᠳᠤ ᠥᠨᠳᠥᠷᠯᠡᠪᠡ᠃ | ᠤᠷᠤᠢ ᠶᠢᠨ 8 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ | ᠴᠤᠭᠯᠠᠭᠠᠨ ᠤ ᠲᠡᠭᠦᠰᠬᠦ ᠶᠣᠰᠣᠯᠠᠯ ᠰᠢ ᠠᠨ ᠤ ᠣᠯᠢᠮᠫᠢᠺ ᠤᠨ ᠴᠤᠭᠯᠠᠭᠠᠨ ᠤ ᠲᠥᠪ ᠤᠨ ᠪᠡᠶ᠎ᠡ ᠶᠢᠨ ᠲᠠᠮᠢᠷ ᠤᠨ | ᠣᠷᠳᠣᠨ ᠳᠤ ᠶᠠᠪᠤᠭᠳᠠᠪᠠ᠃ ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠥᠨᠳᠥᠷᠯᠡᠭᠰᠡᠨ ᠢ ᠵᠠᠷᠯᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ | ᠲᠠᠮᠢᠷ ᠤᠨ ᠴᠤᠭᠯᠠᠭᠠᠨ ᠤ ᠰᠦᠯᠳᠡ ᠳᠠᠭᠤᠤ ︽ᠢᠷᠡᠭᠡᠳᠦᠢ ᠶᠢ ᠵᠣᠷᠢᠨ ᠮᠣᠷᠳᠠᠶ᠎ᠠ︾ ᠭᠡᠬᠦ ᠬᠥᠭᠵᠢᠮ ᠤᠨ ᠳᠤᠮᠳᠠ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠠᠯᠭᠤᠷᠬᠠᠨ | ᠳᠣᠷᠣᠭᠰᠢᠯᠠᠵᠤ᠂ 13 ᠡᠳᠦᠷ ᠳᠦᠷᠡᠯᠵᠡᠭᠰᠡᠨ ᠭᠤᠣᠯ ᠭᠠᠯ ᠪᠠᠮᠪᠠᠷ ᠠᠭᠠᠵᠢᠮ ᠢᠶᠠᠷ ᠤᠨᠲᠠᠷᠠᠪᠠ᠃ | ᠰᠦᠨ ᠴᠦᠨ ᠯᠠᠨ᠂ ᠵᠠᠩ ᠴᠦᠨ ᠰᠢᠶᠠᠨ᠂ ᠰᠢᠶᠤᠤ ᠵᠢᠶᠧ᠂ ᠭᠦ᠋ ᠱᠧᠩ ᠽᠦ ᠵᠢᠴᠢ ᠮᠢᠶᠣᠣ ᠬᠤᠸᠠ ᠲᠡᠭᠦᠰᠬᠦ | ᠶᠣᠰᠣᠯᠠᠯ ᠳᠤ ᠣᠷᠣᠯᠴᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠮᠠᠨ ᠤ ᠤᠯᠤᠰ ᠤᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ ᠴᠢᠬᠤᠯᠠ | ᠵᠠᠩᠭᠢᠯᠠᠭ᠎ᠠ ᠳᠤ ᠡᠷᠬᠢᠯᠡᠭᠰᠡᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠮᠥᠷᠲᠡᠭᠡᠨ | ᠮᠠᠨ ᠤ ᠤᠯᠤᠰ ᠤᠨ 2035 ᠣᠨ ᠪᠣᠯᠬᠤ ᠳᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ | ᠤᠯᠤᠰ ᠢ ᠪᠦᠳᠦᠭᠡᠨ ᠪᠠᠶᠢᠭᠤᠯᠬᠤ ᠪᠠᠷ ᠳᠤᠷᠠᠳᠤᠭᠰᠠᠨ ᠤ ᠳᠠᠷᠠᠭ᠎ᠠ ᠡᠷᠬᠢᠯᠡᠭᠰᠡᠨ ᠨᠢᠭᠡ ᠤᠳᠠᠭᠠᠨ ᠤ ᠴᠢᠬᠤᠯᠠ | ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ᠎ᠠ᠃ ᠲᠤᠰ ᠬᠤᠭᠤᠴᠠᠭᠠᠨ ᠤ ᠪᠦᠬᠦ ᠤᠯᠤᠰ ᠤᠨ | ᠪᠡᠶ᠎ᠡ ᠶᠢᠨ ᠲᠠᠮᠢᠷ ᠤᠨ ᠴᠤᠭᠯᠠᠭᠠᠨ ᠳᠤ ᠠᠷᠠᠳ ᠲᠦᠮᠡᠨ ᠢᠶᠠᠷ ᠭᠤᠣᠯᠯᠠᠭᠰᠠᠨ ᠬᠥᠭᠵᠢᠯᠲᠡ ᠶᠢᠨ ᠦᠵᠡᠯ ᠢ ᠪᠠᠷᠢᠮᠲᠠᠯᠠᠵᠤ᠂ ︽ | ᠪᠦᠬᠦ ᠠᠷᠠᠳ ᠪᠦᠬᠦ ᠲᠠᠯ᠎ᠠ ᠪᠠᠷ ᠬᠥᠳᠡᠯᠭᠡᠭᠡᠨ ᠳᠤ ᠣᠷᠣᠯᠴᠠᠵᠤ᠂ ᠰᠡᠳᠬᠢᠯ ᠨᠢᠭᠡᠳᠦᠨ ᠤᠷᠤᠭᠰᠢᠯᠠᠵᠠᠭᠠᠶ᠎ᠠ︾ ᠭᠡᠬᠦ ᠰᠡᠳᠦᠪ ᠢ | ᠲᠤᠪᠤᠶᠢᠯᠭᠠᠵᠦ᠂ ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠬᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ︽ᠡᠭᠦᠷᠭᠡ | ᠡᠭᠦᠷᠭᠡᠯᠡᠵᠦ᠂ ᠬᠠᠲᠠᠭᠤᠵᠢᠯᠲᠠᠢ ᠲᠡᠮᠡᠴᠡᠬᠦ︾ ᠬᠠᠷᠢᠭᠤᠴᠠᠯᠭ᠎ᠠ ᠡᠭᠦᠷᠭᠡᠯᠡᠯ ᠢ ᠲᠠᠶᠢᠯᠪᠤᠷᠢᠯᠠᠵᠤ᠂ ᠳᠡᠭᠡᠷ᠎ᠡ ᠬᠤᠭᠤᠴᠠᠭᠠᠨ ᠤ | ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠲᠤᠷᠰᠢᠯᠭ᠎ᠠ ᠪᠠᠷ | ᠲᠣᠯᠢᠯᠠᠵᠤ᠂ ᠤᠯᠠᠨ ᠲᠦᠮᠡᠨ ᠤ ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ ᠲᠣᠬᠢᠷᠠᠭᠤᠯᠤᠨ ᠥᠷᠨᠢᠭᠦᠯᠪᠡ᠃ ᠱᠠᠨᠰᠢ | ᠮᠤᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠲᠠᠮᠢᠷᠴᠢᠳ ᠲᠤ ᠭᠠᠪᠰᠢᠭᠠᠶᠢᠯᠠᠨ ᠲᠡᠮᠡᠴᠡᠬᠦ ᠲᠠᠪᠴᠠᠩ ᠬᠠᠩᠭᠠᠵᠤ᠂ ᠪᠦᠬᠦ | ᠤᠯᠤᠰ ᠤᠨ ᠠᠷᠠᠳ ᠲᠦᠮᠡᠨ ᠳᠤ ᠳᠥᠭᠦᠮ ᠳᠥᠲᠡ᠂ ᠠᠮᠤᠷ ᠲᠦᠪᠰᠢᠨ᠂ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ | ᠦᠪᠡᠳᠡᠭᠰᠢ ᠴᠤᠭᠯᠠᠭᠠᠨ ᠢ ᠵᠣᠷᠢᠭᠤᠯᠪᠠ᠃ | ᠪᠠᠶᠠᠷ ᠬᠥᠷ ᠲᠠᠢ ᠠᠭᠤᠷ ᠠᠮᠢᠰᠬᠤᠯ ᠳᠤᠮᠳᠠ᠂ ᠤᠷᠤᠯᠳᠤᠭᠠᠨ ᠳᠤ ᠣᠷᠣᠯᠴᠠᠭᠰᠠᠨ ᠡᠯ᠎ᠡ ᠲᠥᠯᠥᠭᠡᠯᠡᠭᠴᠢᠳ ᠤᠨ | ᠪᠦᠯᠬᠦᠮ ᠤᠨ ᠲᠥᠯᠥᠭᠡᠯᠡᠭᠴᠢᠳ ᠲᠠᠯᠠᠪᠠᠢ ᠳᠤ ᠣᠷᠣᠪᠠ᠃ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠡᠶ᠎ᠡ ᠶᠢᠨ ᠲᠠᠮᠢᠷ ᠤᠨ ᠶᠣᠰᠣ ᠰᠤᠷᠲᠠᠬᠤᠨ ᠤ ᠱᠠᠩᠨᠠᠯ | ᠪᠠ ᠤᠷᠤᠯᠳᠤᠭᠠᠨ ᠳᠤ ᠣᠷᠣᠯᠴᠠᠭᠰᠠᠨ ᠳᠤᠷᠠᠰᠬᠠᠯ ᠤᠨ ᠱᠠᠩᠨᠠᠯ ᠬᠦᠷᠲᠡᠭᠰᠡᠨ ᠲᠥᠯᠥᠭᠡᠯᠡᠭᠴᠢᠳ ᠤᠨ ᠪᠦᠯᠬᠦᠮ ᠤᠨ ᠨᠡᠷᠡᠰ ᠢ | ᠤᠩᠰᠢᠨ ᠨᠡᠶᠢᠲᠡᠯᠡᠪᠡ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠵᠥᠪᠯᠡᠯ ᠤᠨ ᠭᠦᠢᠴᠡᠳᠬᠡᠬᠦ ᠡᠷᠬᠢᠯᠡᠭᠴᠢ᠂ ᠱᠠᠨᠰᠢ ᠮᠤᠵᠢ ᠶᠢᠨ ᠳᠠᠷᠤᠭ᠎ᠠ ᠵᠤᠤ ᠢ ᠳ᠋ᠧ ᠪᠠᠶᠠᠷ ᠤᠨ ᠦᠭᠡ | ᠬᠡᠯᠡᠪᠡ᠃ ᠲᠡᠷᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪ ᠣᠨᠣᠪᠴᠢᠲᠠᠶ | ᠤᠳᠤᠷᠢᠳᠤᠯᠭ᠎ᠠ ᠪᠣᠯᠤᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠵᠡᠷᠭᠡ ᠶᠠᠮᠤᠨ ᠵᠥᠪᠯᠡᠯ ᠤᠨ ᠨᠠᠷᠢᠨ | ᠨᠢᠮᠪᠠᠶ ᠵᠢᠯᠣᠭᠤᠳᠣᠯᠭ᠎ᠠ ᠳᠣᠣᠷ᠎ᠠ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠲᠤᠰ ᠬᠤᠭᠤᠴᠠᠭᠠᠨ ᠤ ᠪᠦᠬᠦ ᠤᠯᠤᠰ ᠤᠨ | ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠵᠠᠶ᠃ ᠪᠦᠬᠦ ᠠᠷᠠᠳ ᠤᠨ ᠪᠦᠬᠦ ᠲᠠᠯ᠎ᠠ ᠶᠢᠨ ᠲᠠᠮᠢᠷ ᠤᠨ | ᠬᠥᠳᠡᠯᠭᠡᠭᠡᠨ ᠤ ᠳᠦᠷᠡᠯᠵᠡᠭᠰᠡᠨ ᠬᠦᠰᠡᠯ ᠤᠨ ᠣᠴᠢ᠂ ᠭᠡᠷᠡᠯ ᠰᠠᠴᠤᠷᠠᠭᠤᠯᠤᠭᠰᠠᠨ ᠬᠦᠰᠡᠯ ᠤᠨ ᠭᠢᠯᠪᠠᠭ᠎ᠠ ᠨᠢ ᠯᠠᠪᠳᠠᠶ᠎ᠠ | ᠳᠤᠮᠳᠠᠳᠤ ᠶᠢᠨ ᠪᠦᠬᠦ ᠬᠥᠪᠡᠭᠦᠳ ᠥᠬᠢᠳ ᠤᠨ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠬᠤ ᠡᠷᠴᠢ ᠵᠣᠷᠢᠭ ᠢ | ᠬᠥᠪᠴᠢᠯᠡᠬᠦ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠢᠷᠡᠭᠰᠡᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ | ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ | ᠱᠠᠨᠰᠢ ᠶᠢᠨ ᠴᠢᠨᠠᠷᠯᠢᠭ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠦᠯᠬᠦ ᠪᠣᠯᠣᠨ᠎ᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠵᠥᠪᠯᠡᠯ ᠤᠨ ᠡᠷᠬᠢᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠳᠠᠷᠤᠭ᠎ᠠ ᠭᠸᠦ | ᠵᠥᠩ ᠸᠧᠨ ᠪᠠᠶᠠᠷ ᠤᠨ ᠦᠭᠡ ᠬᠡᠯᠡᠪᠡ᠃ ᠲᠡᠷᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠣᠣᠷ᠎ᠠ᠂ ᠲᠤᠰ ᠬᠤᠭᠤᠴᠠᠭᠠᠨ ᠤ ᠪᠦᠬᠦ ᠤᠯᠤᠰ ᠤᠨ | ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠮᠵᠢᠯᠲᠠ ᠪᠣᠯᠤᠨ | ᠣᠶᠤᠨ ᠤ ᠪᠣᠯᠪᠠᠰᠤᠨ ᠤ ᠬᠤᠣᠰ ᠢᠯᠠᠯᠲᠠ ᠶᠢ ᠣᠯᠵᠠᠶ᠃ ᠪᠢᠳᠠ ᠨᠥᠬᠦᠷ ᠰᠢ ᠶᠢᠨ ᠫᠢᠩ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠡᠭᠡᠵᠦ᠂ ︽ᠲᠦᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ | ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠬᠦᠴᠦᠨ | ᠴᠢᠳᠠᠯ ᠢᠶᠠᠨ ᠡᠷᠭᠦᠵᠡᠭᠡᠶ᠎ᠡ ᠭᠡᠵᠡᠢ᠃ | ᠲᠡᠭᠦᠰᠬᠦ ᠶᠣᠰᠣᠯᠠᠯ ᠳᠤ᠂ ᠵᠤᠤ ᠢ ᠳ᠋ᠧ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠢ ᠭᠸᠤ | ᠵᠦᠩ ᠸᠧᠨ ᠳᠤ ᠪᠤᠴᠠᠭᠠᠨ ᠥᠭᠴᠦ᠂ ᠭᠸᠤ ᠵᠦᠩ ᠸᠧᠨ ᠴᠤᠭᠯᠠᠭᠠᠨ ᠤ ᠲᠤᠭ ᠢ ᠠᠷᠪᠠᠨ ᠲᠠᠪᠤᠳᠤᠭᠠᠷ ᠬᠤᠭᠤᠴᠠᠭᠠᠨ ᠤ | ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠬᠦ ᠨᠢᠭᠡᠴᠢ ᠶᠢᠨ ᠲᠥᠯᠥᠭᠡᠯᠡᠭᠴᠢ ᠪᠣᠯᠤᠭᠰᠠᠨ | ᠭᠤᠸᠠᠩᠳᠦ᠋ᠩ ᠮᠤᠵᠢ ᠶᠢᠨ ᠳᠠᠷᠤᠭ᠎ᠠ ᠮᠠ ᠰᠢᠩ ᠷᠦᠢ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ | ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ | ᠳᠠᠷᠤᠭ᠎ᠠ ᠾᠧ ᠢ ᠴᠧᠩ ᠳᠤ ᠲᠤᠰᠢᠶᠠᠪᠠ᠃ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ | ᠲᠠᠮᠢᠷ ᠤᠨ ᠴᠤᠭᠯᠠᠭᠠᠨ ᠨᠢ 2025 ᠣᠨ ᠳᠤ ᠭᠤᠸᠠᠩᠳᠦ᠋ᠩ᠂ ᠰᠢᠶᠠᠩᠭᠠᠩ᠂ ᠣᠣᠮᠧᠨ ᠳᠤ ᠶᠠᠪᠤᠭᠳᠠᠨ᠎ᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ 9 ᠳ᠋ᠦ᠋ᠭᠡᠷ | ᠰᠠᠷ᠎ᠠ ᠶᠢᠨ 15 ᠤ ᠡᠳᠦᠷ ᠰᠢ ᠠᠨ ᠳᠤ ᠡᠬᠢᠯᠡᠵᠦ᠂ 35 ᠥᠷᠢᠰᠦᠯᠳᠦᠬᠦ ᠤᠷᠤᠯᠳᠤᠭᠠᠨ ᠪᠠ 19 ᠣᠯᠠᠨ ᠲᠦᠮᠡᠨ ᠤ | ᠤᠷᠤᠯᠳᠤᠭᠠᠨ᠂ ᠨᠡᠶᠢᠲᠡ 595 ᠪᠠᠭ᠎ᠠ ᠤᠷᠤᠯᠳᠤᠭᠠᠨ ᠲᠣᠬᠢᠷᠠᠭᠤᠯᠵᠤ᠂ ᠨᠡᠶᠢᠲᠡ 1.2 ᠲᠦᠮᠡ ᠭᠠᠷᠤᠶ ᠲᠠᠮᠢᠷᠴᠢᠨ ᠪᠠ 1 | ᠲᠦᠮᠡ ᠭᠠᠷᠤᠶ ᠣᠯᠠᠨ ᠲᠦᠮᠡᠨ ᠤ ᠲᠠᠮᠢᠷᠴᠢᠨ ᠣᠷᠣᠯᠴᠠᠵᠠᠶ᠃ 9 ᠬᠥᠮᠦᠨ 1 ᠠᠩᠭᠢ 12 ᠤᠳᠠᠭ᠎ᠠ 12 ᠵᠦᠢᠯ ᠤᠨ | ᠳᠡᠯᠡᠬᠡᠶ ᠶᠢᠨ ᠲᠡᠮᠳᠡᠭᠯᠡᠯ ᠢ ᠡᠭᠦᠳᠴᠦ᠂ 1 ᠬᠥᠮᠦᠨ 1 ᠠᠩᠭᠢ 2 ᠤᠳᠠᠭ᠎ᠠ ᠠᠽᠢᠶ᠎ᠠ ᠲᠢᠪ ᠤᠨ ᠲᠡᠮᠳᠡᠭᠯᠡᠯ ᠢ ᠡᠭᠦᠳᠴᠦ᠂ | 15 ᠬᠥᠮᠦᠨ 7 ᠠᠩᠭᠢ 24 ᠤᠳᠠᠭ᠎ᠠ 24 ᠵᠦᠢᠯ ᠤᠨ ᠪᠦᠬᠦ ᠤᠯᠤᠰ ᠤᠨ ᠲᠡᠮᠳᠡᠭᠯᠡᠯ ᠢ ᠡᠭᠦᠳᠪᠡ᠃ | ᠲᠡᠭᠦᠰᠬᠦ ᠶᠣᠰᠣᠯᠠᠯ ᠳᠤ ᠪᠠᠰᠠ ︽ᠬᠦᠰᠡᠯ ᠢᠶᠠᠨ ᠲᠡᠮᠡᠦᠯᠦᠨ ᠤᠷᠤᠭᠰᠢᠯᠠᠶ᠎ᠠ︾ ᠭᠡᠬᠦ ᠰᠡᠳᠦᠪᠲᠦ ᠰᠣᠶᠣᠯ ᠲᠠᠮᠢᠷ ᠤᠨ | ᠲᠣᠭᠯᠠᠯᠲᠠ ᠭᠠᠷᠭᠠᠵᠠᠶ᠃ |