︽2021 ᠣᠨ ᠤ ᠬᠠᠪᠤᠷ ᠤᠨ ᠤᠯᠠᠷᠢᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ | ᠳᠠᠷᠢᠬᠤ ᠬᠥᠳᠡᠯᠭᠡᠭᠡᠨ ᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠵᠡᠭᠦᠨ | ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠵᠡᠭᠦᠨ ᠵᠠᠰᠠᠭ ᠠᠯᠪᠠᠨ ᠦᠰᠦᠭ ﹇2021﹈ 19 ᠲᠣᠭᠠᠲᠤ | ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ᠂ ᠬᠤᠰᠢᠭᠤᠨ ᠳᠤ | ᠰᠠᠭᠤᠭ᠎ᠠ ᠡᠯ᠎ᠡ ᠨᠢᠭᠡᠴᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ ᠰᠠᠭᠤᠭ᠎ᠠ ᠡᠯ᠎ᠡ | ᠴᠡᠷᠢᠭ ᠴᠠᠭᠳᠠᠭᠠᠨ ᠤ ᠠᠩᠭᠢ᠂ ᠡᠯ᠎ᠡ ᠠᠷᠠᠳ ᠤᠨ ᠪᠦᠯᠬᠦᠮ ᠳᠤ᠄ | ᠬᠤᠰᠢᠭᠤ ᠵᠠᠰᠠᠭ ᠤᠨ ᠣᠷᠳᠣᠨ ᠠᠴᠠ ᠨᠢᠭᠳᠠᠯᠠᠨ ᠰᠣᠳᠣᠯᠣᠭᠠᠳ᠂ ᠣᠳᠤ ︽2021 ᠣᠨ ᠤ ᠬᠠᠪᠤᠷ ᠤᠨ | ᠤᠯᠠᠷᠢᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠤ ᠬᠡᠷᠡᠭᠵᠢᠭᠦᠯᠬᠦ ᠲᠥᠰᠦᠯ︾ ᠢ | ᠲᠠᠨᠠᠷ ᠲᠤ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | 2021 ᠣᠨ ᠤ 5 ᠰᠠᠷ᠎ᠠ ᠶᠢᠨ 6 ᠤ ᠡᠳᠦᠷ | 2021 ᠣᠨ ᠤ ᠬᠠᠪᠤᠷ ᠤᠨ ᠤᠯᠠᠷᠢᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠤ | ᠬᠡᠷᠡᠭᠵᠢᠭᠦᠯᠬᠦ ᠲᠥᠰᠦᠯ | ᠰᠢ ᠶᠢᠨ ᠫᠢᠩ ᠶᠡᠷᠦᠩᠬᠡᠶ ᠱᠦᠵᠢ ᠶᠢᠨ ᠳᠤᠷᠠᠳᠤᠭᠰᠠᠨ ︽ᠪᠣᠬᠢᠷᠲᠤᠯ ᠦᠭᠡᠶ ᠬᠥᠭᠵᠢᠯᠲᠡ ᠶᠢ | ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠬᠤ︾ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠤᠲᠤᠭ ᠳᠡᠪᠢᠰᠬᠡᠷ ᠤᠨ | ᠨᠣᠭᠤᠭᠠᠷᠠᠭᠤᠯᠤᠯᠲᠠ ᠶᠢ ᠠᠬᠢᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ | ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢᠨ ᠰᠢᠨ᠎ᠡ ᠶᠢ ᠡᠭᠦᠳᠴᠦ᠂ ︽ᠪᠥᠬᠦ ᠠᠷᠠᠳ ᠤᠨ ᠠᠯᠪᠠᠨ ᠵᠢᠷᠤᠮ ᠤᠨ | ᠮᠣᠳᠣ ᠳᠠᠷᠢᠬᠤ ᠬᠥᠳᠡᠯᠭᠡᠭᠡᠨ ᠢ ᠥᠷᠨᠢᠭᠦᠯᠬᠦ ᠲᠤᠬᠠᠶ ᠬᠡᠷᠡᠭᠵᠢᠭᠦᠯᠬᠦ ᠠᠷᠭ᠎ᠠ︾᠂ ︽ᠪᠥᠬᠦ ᠠᠷᠠᠳ ᠤᠨ ᠠᠯᠪᠠᠨ | ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠶ᠋ᠴᠡᠳᠬᠡᠬᠦ ᠬᠡᠯᠪᠡᠷᠢ ᠶᠢᠨ ᠬᠠᠮᠢᠶᠠᠷᠤᠯᠲᠠ ᠶᠢᠨ ᠠᠷᠭ᠎ᠠ ︵ | ᠲᠤᠷᠰᠢᠨ ᠬᠡᠷᠡᠭᠵᠢᠭᠦᠯᠬᠦ︶︾ ︵ᠪᠦᠬᠦ ᠨᠣᠭᠤᠭᠠᠷᠠᠭᠤᠯᠬᠤ ᠦᠰᠦᠭ ︹ 2017 ︺ 6 ᠲᠣᠭᠠᠲᠤ︶᠂ ︽ᠬᠢᠵᠢᠭ | ᠰᠡᠷᠭᠡᠶᠢᠯᠡᠬᠦ ᠨᠥᠬᠦᠴᠡᠯ ᠳᠣᠤᠷ᠎ᠠ ᠬᠠᠪᠤᠷ ᠤᠨ ᠤᠯᠠᠷᠢᠯ ᠤᠨ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠢᠳᠡᠪᠬᠢᠲᠡᠶ | ᠪᠥᠭᠡᠳ ᠡᠮᠬᠢ ᠵᠢᠷᠤᠮ ᠲᠠᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ︾ ︵ᠲᠥᠷᠥ ᠶᠢᠨ ᠶᠠᠪᠤᠳᠠᠯ ᠤᠨ ᠠᠯᠪᠠᠨ ᠲᠢᠩᠬᠢᠮ ᠲᠠᠷᠬᠠᠭᠠᠭᠰᠠᠨ ᠢᠯᠡ ᠴᠠᠬᠢᠯᠭᠠᠨ ︹ 2020 ︺7 | ᠲᠣᠭᠠᠲᠤ︶ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ | ᠲᠥᠰᠦᠯ ᠢ ᠲᠣᠭᠲᠠᠭᠠᠪᠠ᠃ | ᠨᠢᠭᠡ᠂ ᠡᠭᠦᠷᠭᠡ ᠶᠢᠨ ᠬᠤᠪᠢᠶᠠᠷᠢᠯᠠᠯ | 2021 ᠣᠨ ᠤ ᠮᠠᠨ ᠤ ᠬᠤᠰᠢᠭᠤ 5.61 ᠲᠦᠮᠡᠨ ᠰᠠᠭᠤᠷᠢ ᠪᠥᠬᠦ ᠠᠷᠠᠳ ᠤᠨ ᠠᠯᠪᠠᠨ ᠵᠢᠷᠤᠮ ᠤᠨ | ᠮᠣᠳᠣ ᠳᠠᠷᠢᠬᠤ ᠡᠭᠦᠷᠭᠡ ᠲᠠᠢ᠃ ︵ᠲᠤᠰ ᠬᠡᠷᠡᠭᠵᠢᠭᠦᠯᠬᠦ ᠲᠥᠰᠦᠯ ᠳᠤ ᠬᠡᠯᠡᠵᠦ ᠪᠠᠶᠢᠭ᠎ᠠ ᠪᠦᠬᠦ ᠠᠷᠠᠳ ᠤᠨ ᠠᠯᠪᠠᠨ | ᠵᠢᠷᠤᠮ ᠤᠨ ᠮᠣᠳᠣ ᠲᠠᠷᠢᠬᠤ ᠭᠡᠳᠡᠭ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ᠂ | ᠡᠷᠡᠭᠲᠡᠶ ᠠᠷᠪᠠᠨ ᠨᠢᠭᠡᠨ ᠨᠠᠰᠤᠨ ᠠᠴᠠ ᠵᠢᠷᠠᠨ ᠨᠠᠰᠤ᠂ ᠡᠮᠡᠭᠲᠡᠶ ᠠᠷᠪᠠᠨ ᠨᠢᠭᠡᠨ ᠨᠠᠰᠤᠨ ᠠᠴᠠ ᠲᠠᠪᠢᠨ ᠲᠠᠪᠤᠨ | ᠨᠠᠰᠤᠨ ᠤ ᠬᠤᠭᠤᠷᠣᠨᠳᠣᠬᠢ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠳ ᠢ ᠭᠠᠷᠭᠠᠪᠠᠯ᠂ ᠬᠤᠯᠪᠣᠭᠳᠠᠯ ᠪᠦᠬᠦᠢ | ᠲᠥᠯᠥᠪᠵᠢᠭᠦᠯᠭᠡ᠂ ᠪᠠᠷᠢᠮᠵᠢᠶ᠎ᠠ ᠪᠠ ᠮᠡᠷᠭᠡᠵᠢᠯ ᠤᠨ ᠱᠠᠭᠠᠷᠳᠠᠯᠭ᠎ᠠ ᠶᠣᠰᠣᠭᠠᠷ᠂ ᠬᠥᠯᠥᠰᠥ ᠣᠯᠭᠤᠮᠵᠢ ᠦᠭᠡᠢ ᠪᠠᠷ | ᠰᠢᠭᠤᠳ ᠪᠤᠶᠤ ᠲᠠᠮ ᠠᠷᠭ᠎ᠠ ᠮᠠᠶ᠋ᠢᠭ ᠢᠶᠠᠷ ᠮᠣᠳᠣ ᠲᠠᠷᠢᠬᠤ ᠡᠭᠦᠷᠭᠡ ᠪᠠᠨ ᠭᠦᠢᠴᠡᠳᠬᠡᠬᠦ ᠠᠵᠢᠯᠯᠠᠭ᠎ᠠ ᠶᠢ ᠵᠢᠭᠠᠵᠤ | ᠪᠠᠶᠢᠨ᠎ᠠ︶ ᠡᠭᠦᠨ ᠳᠤ᠄ | ︵ᠨᠢᠭᠡ︶ ᠬᠤᠰᠢᠭᠤ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠬᠤᠰᠢᠭᠤᠨ ᠳᠤ ᠰᠠᠭᠤᠭ᠎ᠠ ᠡᠯ᠎ᠡ ᠪᠠᠶᠢᠭᠤᠯᠭ᠎ᠠ ᠶᠢᠨ ᠺᠠᠳ᠋ᠷ ᠠᠵᠢᠯᠲᠠᠨ ᠵᠢᠴᠢ ᠬᠤᠰᠢᠭᠤᠨ ᠳᠤ ᠰᠠᠭᠤᠭ᠎ᠠ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ᠶᠢᠨ ᠠᠯᠪᠠ ᠬᠠᠭᠠᠵᠤ ᠪᠠᠶᠢᠭ᠎ᠠ ᠬᠥᠮᠦᠰ᠂ ᠬᠥᠮᠦᠨ ᠪᠦᠷᠢ 5 ᠰᠠᠭᠤᠷᠢ ᠠᠯᠪᠠᠨ | ᠵᠢᠷᠤᠮ ᠤᠨ ᠮᠣᠳᠣ ᠳᠠᠷᠢᠵᠤ᠂ ᠨᠡᠶᠢᠲᠡ 1.92 ᠲᠦᠮᠡᠨ ᠰᠠᠭᠤᠷᠢ ᠮᠣᠳᠣ ᠲᠠᠷᠢᠬᠤ ᠡᠭᠦᠷᠭᠡ ᠲᠠᠢ ︵ᠨᠠᠷᠢᠯᠢᠭ | ᠪᠠᠶᠢᠳᠠᠯ ᠢ ᠳᠠᠭᠠᠯᠳᠤᠭᠤᠯᠤᠯ ᠨᠢᠭᠡ ᠳᠤ ᠦᠵᠡ︶᠃ | ︵ᠬᠤᠶᠠᠷ︶ 32106 ᠴᠡᠷᠢᠭ ᠠᠩᠭᠢ 0.2 ᠲᠦᠮᠡᠨ ᠰᠠᠭᠤᠷᠢ ᠮᠣᠳᠣ ᠲᠠᠷᠢᠬᠤ ᠡᠭᠦᠷᠭᠡ ᠲᠠᠢ᠃ | ︵ᠭᠤᠷᠪᠠ︶ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠪᠣᠯᠤᠨ ᠤᠯᠢᠶᠠᠰᠤᠲᠠᠶ ᠶᠢᠨ ᠠᠵᠤ | ᠦᠢᠯᠡᠳᠪᠦᠷᠢ ᠶᠢᠨ ᠲᠣᠭᠤᠷᠢᠭ 2 ᠲᠦᠮᠡᠨ ᠰᠠᠭᠤᠷᠢ ᠮᠣᠳᠣ ᠳᠠᠷᠢᠬᠤ ᠡᠭᠦᠷᠭᠡ ᠲᠠᠢ ︵ᠨᠠᠷᠢᠯᠢᠭ ᠪᠠᠶᠢᠳᠠᠯ ᠢ | ᠳᠠᠭᠠᠯᠳᠤᠭᠤᠯᠤᠯ ᠬᠤᠶᠠᠷ ᠲᠤ ᠦᠵᠡ︶᠃ | ︵ᠲᠦᠷᠪᠡ︶ ᠬᠤᠳᠠ ᠪᠠᠯᠭᠠᠰᠤᠨ ᠤ ᠰᠠᠭᠤᠭᠠᠯᠢ ᠠᠷᠠᠳ ︵ᠠᠵᠢᠯᠳᠠᠨ ᠪᠤᠰᠤ︶ 1.49 ᠲᠦᠮᠡᠨ ᠰᠠᠭᠤᠷᠢ | ᠠᠯᠪᠠᠨ ᠵᠢᠷᠤᠮ ᠤᠨ ᠮᠣᠳᠣ ᠲᠠᠷᠢᠬᠤ ᠡᠭᠦᠷᠭᠡ ᠲᠠᠢ ︵ᠨᠠᠷᠢᠯᠢᠭ ᠪᠠᠶᠢᠳᠠᠯ ᠢ ᠳᠠᠭᠠᠯᠳᠤᠭᠤᠯᠤᠯ ᠭᠤᠷᠪᠠ ᠳᠤ ᠦᠵᠡ︶᠃ | | ᠬᠤᠶᠠᠷ᠂ ᠵᠣᠬᠢᠶᠠᠨ ᠪᠠᠶᠢᠭᠤᠯᠣᠯᠲᠠ ᠶᠢᠨ ᠬᠡᠯᠪᠡᠷᠢ | ︵ᠨᠢᠭᠡ︶ ᠬᠤᠰᠢᠭᠤ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠬᠤᠰᠢᠭᠤᠨ ᠳᠤ ᠰᠠᠭᠤᠭ᠎ᠠ ᠡᠯ᠎ᠡ ᠪᠠᠶᠢᠭᠤᠯᠭ᠎ᠠ ᠶᠢᠨ ᠠᠵᠢᠯᠳᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ | ᠶᠢ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠨᠢᠭᠡᠳᠦᠯᠲᠡᠶ ᠲᠥᠯᠥᠪᠵᠢᠭᠦᠯᠵᠦ᠂ | ᠰᠢᠰᠲ᠋ᠧᠮ ᠢᠶᠠᠷ ᠬᠠᠷᠢᠭᠤᠴᠠᠯᠭ᠎ᠠ ᠶᠢᠨ ᠣᠷᠣᠨ ᠬᠤᠪᠢᠶᠠᠷᠢᠯᠠᠵᠤ᠂ ᠰᠢᠰᠲ᠋ᠧᠮ ᠤᠨ ᠬᠠᠷᠢᠭᠤᠴᠠᠯᠭᠠᠲᠠᠨ ᠠᠴᠠ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠣᠶᠢᠵᠢᠭᠤᠯᠬᠤ ᠳᠤ ᠭᠠᠵᠠᠷ ᠲᠡᠭᠰᠢᠯᠡᠬᠦ᠂ ᠵᠠᠶᠢᠯᠠᠵᠤ ᠰᠠᠭᠤᠯᠭᠠᠬᠤ ᠵᠢᠴᠢ | ᠬᠤᠶᠢᠰᠢᠳᠠ ᠶᠢᠨ ᠠᠷᠠᠴᠢᠯᠠᠨ ᠪᠤᠶᠢᠵᠢᠭᠤᠯᠤᠨ ᠬᠠᠮᠢᠶᠠᠷᠬᠤ ᠵᠡᠷᠭᠡ ᠠᠵᠢᠯ ᠢ ᠴᠥᠮ ᠡᠯ᠎ᠡ ᠰᠢᠰᠲ᠋ᠧᠮ ᠦᠪᠡᠷ ᠢᠶᠠᠨ | ᠬᠠᠷᠢᠭᠤᠴᠠᠨ᠎ᠠ᠃ | ︵ᠬᠤᠶᠠᠷ︶ ᠡᠯ᠎ᠡ ᠰᠤᠮᠤ ᠪᠠᠯᠭᠠᠰᠤ ᠶᠢᠨ ᠺᠠᠳ᠋ᠷ ᠠᠵᠢᠯᠲᠠᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ︵ | ᠠᠵᠢᠯᠲᠠᠨ ᠪᠤᠰᠤ︶ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ ᠡᠯ᠎ᠡ ᠰᠤᠮᠤ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠭᠤᠷᠪᠠ︶ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠠᠯᠪᠠᠨ ᠵᠢᠷᠤᠮ ᠤᠨ ᠮᠣᠳᠣ | ᠲᠡᠷᠢᠬᠤ ᠠᠵᠢᠯ ᠢ ᠠᠵᠤ ᠦᠢᠯᠡᠳᠪᠦᠷᠢ ᠪᠣᠯᠤᠨ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ ᠠᠴᠠ ᠱᠠᠭᠠᠷᠳᠠᠨ | ᠨᠠᠶᠢᠳᠠᠪᠤᠷᠢᠵᠢᠭᠤᠯᠵᠤ᠂ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠠᠴᠠ ᠬᠠᠷᠢᠭᠤᠴᠠᠨ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠳᠥᠷᠪᠡ︶ ᠮᠣᠳᠣ ᠳᠠᠷᠢᠬᠤ ᠡᠭᠦᠷᠭᠡ ᠪᠠᠨ ᠭᠦᠢᠴᠡᠳᠭᠡᠭᠰᠡᠨ ᠦᠭᠡᠢ᠂ ᠠᠯᠪᠠᠨ ᠵᠢᠷᠤᠮ ᠤᠨ ᠮᠣᠳᠣ | ᠳᠠᠷᠢᠬᠤ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠦᠭᠰᠡᠨ ᠥᠬᠡᠶ ᠨᠢᠭᠡᠴᠡ ᠶᠢ ᠬᠤᠰᠢᠭᠤ | ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠬᠤᠰᠢᠭᠤ ᠵᠠᠰᠠᠭ ᠤᠨ ᠣᠷᠳᠣᠨ ᠳᠤ ᠮᠡᠳᠡᠭᠦᠯᠵᠦ | ᠨᠡᠶᠢᠳᠡᠯᠡᠨ᠎ᠡ᠃ | ᠭᠤᠷᠪᠠ᠂ ᠠᠯᠪᠠᠨ ᠵᠢᠷᠤᠮ ᠤᠨ ᠮᠣᠳᠣ ᠲᠠᠷᠢᠬᠤ ᠭᠠᠵᠠᠷ | ︵ᠨᠢᠭᠡ︶ ᠬᠤᠰᠢᠭᠤ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠬᠤᠰᠢᠭᠤᠨ ᠳᠤ ᠰᠠᠭᠤᠭ᠎ᠠ ᠡᠯ᠎ᠡ ᠪᠠᠶᠢᠭᠤᠯᠭ᠎ᠠ ᠶᠢᠨ ᠠᠵᠢᠯᠳᠠᠳᠤᠯᠢᠶᠠᠰᠤᠲᠠᠶ ᠪᠠᠯᠭᠠᠰᠤᠨ ᠤ ᠰᠡᠭᠡᠭᠡᠳᠡᠨ | ᠴᠡᠴᠡᠷᠯᠢᠭ ᠤᠨ ᠪᠠᠷᠠᠭᠤᠨ ᠲᠠᠯ᠎ᠠ ᠶᠢᠨ ᠣᠶᠢᠵᠢᠭᠤᠯᠤᠯᠲᠠ ᠶᠢᠨ ᠭᠠᠵᠠᠷ ᠲᠤ ᠮᠣᠳᠣ ᠳᠠᠷᠢᠬᠤ ᠡᠭᠦᠷᠭᠡ ᠪᠠᠨ | ᠪᠡᠶᠡᠯᠡᠭᠦᠯᠦᠨ᠎ᠡ᠃ | ︵ᠬᠤᠶᠠᠷ︶ ᠡᠯ᠎ᠡ ᠰᠤᠮᠤ ᠪᠠᠯᠭᠠᠰᠤᠨ ᠤ ᠺᠠᠳ᠋ᠷ ᠠᠵᠢᠯᠲᠠᠨ ᠠᠴᠠ ᠲᠣᠰ ᠰᠤᠮᠤ ᠪᠠᠯᠭᠠᠰᠤᠨ ᠤ | ᠲᠥᠯᠥᠪᠵᠢᠭᠦᠯᠦᠭᠰᠡᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠮᠣᠳᠣ ᠳᠠᠷᠢᠬᠤ ᠡᠭᠦᠷᠭᠡ ᠪᠠᠨ | ᠪᠡᠶᠡᠯᠡᠭᠦᠯᠦᠨ᠎ᠡ᠃ | ︵ᠭᠤᠷᠪᠠ︶ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠲᠤᠰ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠲᠣᠭᠤᠷᠢᠭ ᠲᠤ ᠮᠣᠳᠣ ᠳᠠᠷᠢᠬᠤ ᠡᠭᠦᠷᠭᠡ ᠪᠠᠨ ᠪᠡᠶᠡᠯᠡᠭᠦᠯᠦᠨ᠎ᠡ᠃ | ︵ᠳᠥᠷᠪᠡ︶ ᠬᠤᠲᠠ ᠪᠠᠯᠭᠠᠰᠤ ᠶᠢᠨ ᠰᠠᠭᠤᠭᠠᠯᠢ ᠠᠷᠠᠳ ︵ᠠᠵᠢᠯᠲᠠᠨ ᠪᠤᠰᠤ︶ ᠲᠣᠰ ᠣᠷᠣᠨ | ᠰᠠᠭᠤᠴᠠ ᠶᠢᠨ ᠢᠶᠠᠨ ᠠᠷᠤ ᠥᠪᠥᠷ ᠲᠤ ᠮᠣᠳᠣ ᠳᠠᠷᠢᠬᠤ ᠡᠭᠦᠷᠭᠡ ᠪᠠᠨ ᠪᠡᠶᠡᠯᠡᠭᠦᠯᠦᠨ᠎ᠡ᠃ | ᠲᠦᠷᠪᠡ᠂ ᠠᠯᠪᠠᠨ ᠵᠢᠷᠤᠮ ᠤᠨ ᠮᠣᠳᠣ ᠲᠠᠷᠢᠬᠤ ᠴᠠᠭ ᠤᠨ ᠲᠤᠬᠢᠷᠠᠭᠤᠯᠤᠯᠳᠠ ᠵᠢᠴᠢ ᠣᠶᠢᠵᠢᠭᠤᠯᠬᠤ | ᠮᠡᠷᠭᠡᠵᠢᠯ ᠤᠨ ᠱᠠᠭᠠᠷᠳᠠᠯᠭ᠎ᠠ | ︵ᠨᠢᠭᠡ︶ ᠴᠠᠭ ᠤᠨ ᠲᠤᠬᠢᠷᠠᠭᠤᠯᠤᠯᠳᠠ | 2021 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠴᠠᠭ ᠨᠢ 5 ᠰᠠᠷ᠎ᠠ ᠶᠢᠨ | 6 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠃ | 2021 ᠣᠨ ᠤ 8 ᠰᠠᠷ᠎ᠠ ᠳᠤ᠂ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ | ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠠᠯᠪᠠᠨ ᠵᠢᠷᠤᠮ ᠤᠨ ᠮᠣᠳᠣ ᠲᠠᠷᠢᠭᠰᠠᠨ | ᠪᠠᠶᠢᠳᠠᠯ ᠳᠤ ᠨᠢᠭᠡᠳᠦᠯᠲᠡᠶ ᠰᠢᠯᠭᠠᠨ ᠪᠠᠶᠢᠴᠠᠭᠠᠯᠲᠠ ᠬᠢᠨ᠎ᠠ᠃ | ︵ᠬᠤᠶᠠᠷ︶ ᠣᠶᠢᠵᠢᠭᠤᠯᠬᠤ ᠮᠡᠷᠭᠡᠵᠢᠯ ᠤᠨ ᠱᠠᠭᠠᠷᠳᠠᠯᠭ᠎ᠠ | ⒈ᠭᠠᠵᠠᠷ ᠲᠡᠭᠰᠢᠯᠡᠬᠦ ᠳᠤ ᠲᠣᠭᠲᠠᠭᠠᠭᠰᠠᠨ ᠪᠠᠷᠢᠮᠵᠢᠶ᠎ᠠ | ︵1︶ ᠴᠣᠨᠣᠭᠯᠠᠨ ᠲᠠᠷᠢᠬᠤ ᠬᠡᠯᠪᠡᠷᠢ ᠪᠠᠷ ᠤᠯᠢᠶᠠᠰᠤᠲᠠᠶ ᠪᠠᠯᠭᠠᠰᠤᠨ ᠤ ᠰᠡᠭᠡᠭᠡᠲᠡᠨ ᠴᠡᠴᠡᠷᠯᠢᠭ ᠤᠨ | ᠪᠠᠷᠠᠭᠤᠨ ᠲᠠᠯ᠎ᠠ ᠶᠢᠨ ᠣᠶᠢᠵᠢᠭᠤᠯᠤᠭᠰᠠᠨ ᠭᠠᠵᠠᠷ ᠳᠤ ᠲᠡᠭᠰᠢᠯᠡᠵᠦ᠂ ᠮᠣᠳᠤ ᠵᠠᠶᠢᠯᠠᠬᠤ ᠨᠦᠬᠡᠨ ᠤ ᠪᠠᠷᠢᠮᠵᠢᠶ᠎ᠠ ᠶᠢ 0. | 8m × 0.8m × 0.6m ᠪᠠᠶᠢᠯᠭᠠᠨ᠎ᠠ᠃ | ︵2︶ ᠡᠯ᠎ᠡ ᠰᠤᠮᠤ ᠪᠠᠯᠭᠠᠰᠤ᠂ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ | ᠲᠡᠭᠰᠢᠯᠡᠬᠦ ᠪᠠᠷᠢᠮᠵᠢᠶ᠎ᠠ ᠶᠢ ᠰᠣᠩᠭᠤᠭᠰᠠᠨ ᠮᠣᠳᠣᠨ ᠤ ᠲᠥᠷᠥᠯ ᠢᠶᠠᠨ ᠦᠨᠳᠦᠰᠦᠯᠡᠵᠦ ᠥᠪᠡᠰᠦᠪᠡᠨ ᠲᠣᠭᠲᠠᠭᠠᠨ᠎ᠠ᠃ | ⒉ᠮᠣᠳᠣᠨ ᠤ ᠲᠦᠷᠦᠯ ᠢ ᠰᠣᠩᠭᠤᠬᠤ ᠵᠢᠴᠢ ᠪᠠᠷᠢᠮᠵᠢᠶ᠎ᠠ | ︵1︶ ᠤᠯᠢᠶᠠᠰᠤᠲᠠᠶ ᠪᠠᠯᠭᠠᠰᠤᠨ ᠤ ᠰᠡᠭᠡᠭᠡᠳᠡᠨ ᠴᠡᠴᠡᠷᠯᠢᠭ ᠤᠨ ᠪᠠᠷᠠᠭᠤᠨ ᠲᠠᠯ᠎ᠠ ᠶᠢᠨ ᠣᠶᠢᠵᠢᠭᠤᠯᠤᠭᠰᠠᠨ | ᠭᠠᠵᠠᠷ ᠲᠤ ᠭᠤᠤᠯᠳᠠᠭᠤ 1.5m ᠠᠴᠠ ᠦᠨᠳᠦᠷ ᠵᠢᠭᠠᠷᠲᠤ ᠨᠠᠷᠠᠰᠤ ᠶᠢ ᠰᠣᠩᠭᠤᠨ ᠵᠠᠶᠢᠯᠠᠵᠤ᠂ ᠰᠠᠭᠤᠷᠢ ᠮᠥᠷ ᠤᠨ | ᠵᠠᠶ ᠨᠢ 2m × 2m᠂ 6 ᠮᠥᠷ ᠨᠢ ᠨᠢᠭᠡ ᠪᠦᠰᠡ᠂ ᠪᠦᠰᠡ ᠶᠢᠨ ᠵᠠᠶ ᠶᠢ 5m ᠪᠠᠶᠢᠯᠭᠠᠬᠤ ᠬᠡᠷᠡᠭᠲᠡᠢ᠃ | ︵2︶ ᠡᠯ᠎ᠡ ᠰᠤᠮᠤ ᠪᠠᠯᠭᠠᠰᠤ ᠨᠢ ᠳ᠋ᠢᠶᠠᠮᠧᠲᠷ ᠨᠢ 3cm ᠠᠴᠠ ᠶᠡᠭᠡ ᠤᠯᠢᠶᠠᠰᠤᠨ ᠮᠣᠳᠣ ᠪᠤᠶᠤ | ᠥᠨᠳᠥᠷ ᠤᠨ ᠬᠡᠮᠵᠢᠶ᠎ᠡ ᠨᠢ 2.5m ᠠᠴᠠ ᠦᠨᠳᠦᠷ ᠬᠠᠶᠢᠯᠠᠰᠤᠨ ᠮᠣᠳᠣ ᠶᠢ ᠵᠠᠶᠢᠯᠠᠬᠤ ᠪᠠᠷ ᠭᠤᠣᠯ ᠪᠣᠯᠭᠠᠵᠤ᠂ | ᠵᠢᠭᠠᠷᠲᠤ ᠨᠠᠷᠠᠰᠤ᠂ ᠭᠠᠴᠤᠷ᠎ᠠ ᠵᠡᠷᠭᠡ ᠮᠣᠳᠣᠨ ᠤ ᠲᠦᠷᠦᠯ ᠢ ᠳᠡᠳ᠋ ᠪᠣᠯᠭᠠᠵᠤ᠂ ᠰᠠᠭᠤᠷᠢ ᠶᠢᠨ ᠵᠠᠶ ᠶᠢ 2m × | 2m ᠪᠠᠶᠢᠯᠭᠠᠬᠤ ᠬᠡᠷᠡᠭᠲᠡᠢ᠃ | ︵3︶ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠠᠭᠤᠷᠬᠠᠶ ᠶᠢᠨ ᠣᠷᠣᠨ ᠤ ᠰᠢᠷᠣᠶ | ᠭᠠᠷᠭᠠᠬᠤ ᠲᠠᠯᠠᠪᠠᠢ ᠨᠢ ᠨᠠᠶᠢᠯᠵᠠᠭᠤᠷ ᠬᠠᠷᠠᠭᠠᠨ᠎ᠠ᠂ ᠬᠠᠶᠢᠯᠠᠰᠤᠨ ᠮᠣᠳᠣ᠂ ᠴᠢᠨ᠋ᠸ᠎ᠠ ᠶᠢᠨ ᠬᠠᠷᠮᠠᠭ᠂ ᠴᠢᠴᠠᠷᠭᠠᠨ᠎ᠠ᠂ | ᠬᠡᠭᠡᠷ᠎ᠡ ᠶᠢᠨ ᠬᠦᠢᠯᠡᠰᠦ ᠵᠡᠷᠭᠡ ᠪᠤᠳᠠ ᠮᠣᠳᠣ ᠶᠢ ᠰᠣᠩᠭᠤᠨ ᠵᠠᠶᠢᠯᠠᠵᠤ᠂ ᠵᠠᠮ ᠤᠨ ᠬᠤᠶᠠᠷ ᠲᠠᠯ᠎ᠠ ᠪᠠᠷ ᠳ᠋ᠢᠶᠠᠮᠧᠲᠷ ᠨᠢ | 5cm ᠠᠴᠠ ᠪᠠᠭ᠎ᠠ ᠤᠯᠢᠶᠠᠰᠤ᠂ ᠵᠢᠭᠠᠷᠲᠤ ᠨᠠᠷᠠᠰᠤ᠂ ᠬᠠᠶᠢᠯᠠᠰᠤᠨ ᠮᠣᠳᠣ ᠪᠤᠶᠤ ᠪᠠᠲᠤᠴᠠᠭᠠᠨ ᠵᠡᠷᠭᠡ ᠶᠢ | ᠰᠣᠩᠭᠤᠨ ᠵᠠᠶᠢᠯᠠᠵᠤ᠂ ᠰᠠᠭᠤᠷᠢ ᠶᠢᠨ ᠵᠠᠶ ᠶᠢ 2m × 2m ᠪᠠᠶᠢᠯᠭᠠᠬᠤ ᠬᠡᠷᠡᠭᠲᠡᠢ᠃ | ᠲᠠᠪᠤ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ | ⒈ ᠣᠶᠢᠵᠢᠭᠤᠯᠵᠤ ᠨᠣᠭᠤᠭᠠᠷᠠᠭᠤᠯᠬᠤ ᠲᠥᠷᠥᠯ᠃ ᠲᠤᠷᠤᠭ ᠮᠣᠳᠣ᠂ ᠪᠤᠳᠠ ᠮᠣᠳᠣ᠂ ᠡᠪᠡᠰᠦᠨ ᠤ | ᠤᠷᠭᠤᠮᠠᠯ ᠤᠨ ᠬᠤᠴᠢᠯᠭ᠎ᠠ ᠳᠤ ᠴᠢᠬᠢ ᠪᠤᠶᠢᠵᠢᠭᠤᠯᠬᠤ᠂ ᠪᠦᠬᠦ ᠲᠠᠯ᠎ᠠ ᠪᠠᠷ ᠪᠤᠶᠤ ᠬᠡᠰᠡᠭ ᠲᠠᠯ᠎ᠠ ᠪᠠᠷ ᠵᠠᠶᠢᠯᠠᠬᠤ | ᠶᠠᠪᠤᠴᠠ ᠳᠤ ᠰᠢᠭᠤᠳ ᠣᠷᠣᠯᠴᠠᠬᠤ ᠬᠥᠳᠡᠯᠮᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ | ᠪᠠᠶᠢᠨ᠎ᠠ᠃ | ⒉ᠠᠷᠠᠴᠢᠯᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ ᠲᠦᠷᠦᠯ᠃ ᠣᠳᠣᠬᠠᠨ ᠳᠤ ᠪᠠᠶᠢᠭ᠎ᠠ ᠲᠤᠷᠤᠭ᠂ | ᠪᠤᠳᠠ ᠮᠣᠳᠣ᠂ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠡᠪᠡᠰᠦ ᠶᠢ ᠠᠷᠢᠯᠭᠠᠵᠤ ᠡᠯᠳᠡᠪ ᠵᠦᠢᠯ ᠢ ᠠᠷᠢᠯᠭᠠᠬᠤ᠂ | ᠤᠰᠤᠯᠠᠬᠤ᠂ ᠬᠥᠷᠥᠰᠥ ᠶᠢ ᠰᠤᠯᠠᠷᠠᠭᠤᠯᠵᠤ ᠪᠣᠷᠳᠣᠭᠤᠷ ᠣᠷᠣᠭᠤᠯᠬᠤ᠂ ᠬᠦᠨᠦᠭᠡᠯᠲᠦ ᠠᠮᠢᠳᠤ ᠪᠣᠳᠠᠰ ᠢ ᠰᠡᠷᠭᠡᠶᠢᠯᠡᠨ | ᠵᠠᠰᠠᠬᠤ᠂ ᠰᠠᠯᠠᠭ᠎ᠠ ᠶᠢ ᠨᠢ ᠵᠠᠰᠠᠵᠤ ᠬᠠᠶᠢᠴᠢᠯᠠᠬᠤ᠂ ᠠᠯᠠᠭᠯᠠᠨ ᠣᠭᠲᠣᠯᠬᠤ ᠵᠡᠷᠭᠡ ᠠᠷᠠᠴᠢᠯᠠᠨ ᠪᠤᠶᠢᠵᠢᠭᠤᠯᠵᠤ | ᠬᠠᠮᠢᠶᠠᠷᠤᠨ ᠬᠠᠮᠠᠭᠠᠯᠠᠬᠤ ᠠᠵᠢᠯᠯᠠᠭ᠎ᠠ ᠳᠤ ᠰᠢᠭᠤᠳ ᠣᠷᠣᠯᠴᠠᠬᠤ ᠪᠦᠬᠦ ᠶᠠᠪᠤᠴᠠ ᠶᠢᠨ ᠪᠤᠶᠤ ᠬᠡᠰᠡᠭ ᠶᠠᠪᠤᠴᠠ ᠶᠢᠨ | ᠬᠥᠳᠡᠯᠮᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠠᠶᠢᠨ᠎ᠠ᠃ | ⒊ ᠪᠠᠶᠢᠭᠠᠯᠢ ᠶᠢᠨ ᠬᠠᠮᠠᠭᠠᠯᠠᠯᠲᠠ ᠶᠢᠨ ᠲᠦᠷᠦᠯ᠃ ᠡᠨᠡ ᠨᠢ ᠬᠤᠯᠪᠣᠭᠳᠠᠯ ᠪᠥᠬᠦᠶ ᠵᠢᠷᠤᠮᠵᠢᠯ ᠤᠨ | ᠱᠠᠭᠠᠷᠳᠠᠯᠭ᠎ᠠ ᠶᠣᠰᠣᠭᠠᠷ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ ᠬᠡᠭᠡᠷ᠎ᠡ ᠶᠢᠨ ᠠᠮᠢᠲᠠᠨ ᠤ ᠣᠷᠣᠰᠢᠨ | ᠠᠮᠢᠳᠤᠷᠠᠬᠤ ᠭᠠᠵᠠᠷ ᠢ ᠬᠠᠮᠠᠭᠠᠯᠠᠬᠤ᠂ ᠮᠠᠭᠤᠳᠠᠭᠰᠠᠨ ᠪᠤᠶᠤ ᠡᠪᠳᠡᠭᠳᠡᠭᠰᠡᠨ ᠭᠠᠵᠠᠷ ᠰᠢᠷᠣᠶ ᠶᠢᠨ ᠪᠠᠶᠢᠭᠠᠯᠢ ᠶᠢᠨ ᠠᠮᠢ | ᠠᠬᠤᠶ ᠶᠢᠨ ᠴᠢᠳᠠᠮᠵᠢ ᠶᠢ ᠰᠡᠷᠭᠦᠭᠡᠬᠦ ᠪᠥᠬᠦ ᠶᠠᠪᠤᠴᠠ ᠶᠢᠨ ᠪᠤᠶᠤ ᠬᠡᠰᠡᠭ ᠶᠠᠪᠤᠴᠠ ᠶᠢᠨ ᠬᠥᠳᠡᠯᠮᠦᠷᠢ ᠳᠤ ᠣᠷᠣᠯᠴᠠᠬᠤ | ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠣᠶ᠃ | ⒋ᠲᠠᠷᠢᠬᠤ ᠪᠠ ᠠᠷᠠᠴᠢᠯᠠᠬᠤ ᠲᠦᠷᠦᠯ᠃ ᠰᠢᠭᠤᠳ ᠬᠦᠴᠦ ᠬᠥᠳᠡᠯᠮᠦᠷᠢ ᠣᠷᠣᠭᠤᠯᠬᠤ ᠪᠤᠶᠤ ᠵᠣᠭᠤᠰ | ᠮᠥᠩᠭᠦ ᠪᠠᠷ ᠬᠥᠳᠡᠯᠮᠦᠷᠢ ᠬᠦᠴᠦᠨ ᠢ ᠣᠷᠣᠯᠠᠭᠤᠯᠬᠤ ᠪᠠᠷ ᠳᠠᠮᠵᠢᠭᠤᠯᠤᠨ᠂ ᠵᠢᠭᠠᠨ ᠲᠣᠭᠲᠠᠭᠠᠭᠰᠠᠨ ᠭᠠᠵᠠᠷ ᠲᠤ | ᠲᠤᠷᠤᠭ ᠮᠣᠳᠣ᠂ ᠪᠣᠳᠠ ᠮᠣᠳᠣ᠂ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠢᠨ᠎ᠡ ᠪᠠᠷ ᠪᠠᠶᠢᠭᠤᠯᠬᠤ᠂ ᠡᠰᠡᠬᠦᠯ᠎ᠡ | ᠵᠢᠭᠠᠨ ᠲᠣᠭᠲᠠᠭᠠᠭᠰᠠᠨ ᠲᠤᠷᠤᠭ ᠮᠣᠳᠣ᠂ ᠪᠣᠳᠠ ᠮᠣᠳᠣ᠂ ᠡᠪᠡᠰᠦᠨ ᠤ ᠤᠷᠭᠤᠮᠠᠯ ᠤᠨ ᠬᠤᠴᠢᠯᠭ᠎ᠠ ᠳᠤ ᠨᠡᠷ᠎ᠡ | ᠬᠠᠳᠠᠬᠤ ᠪᠤᠶᠤ ᠨᠡᠷ᠎ᠡ ᠬᠠᠳᠠᠬᠤ ᠥᠬᠡᠶ ᠪᠠᠷ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ | ᠵᠢᠭᠠᠵᠤ ᠪᠣᠶ᠃ | ⒌ᠲᠦᠬᠦᠭᠡᠷᠦᠮᠵᠢ ᠪᠠᠶᠢᠭᠤᠯᠬᠤ ᠲᠦᠷᠦᠯ᠃ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠣᠶ | ᠰᠢᠭᠤᠶ ᠶᠢᠨ ᠠᠵᠢᠯᠯᠠᠬᠤ ᠵᠠᠮ᠂ ᠣᠶ ᠰᠢᠭᠤᠶ ᠶᠢᠨ ᠭᠠᠯ ᠰᠡᠷᠭᠡᠶᠢᠯᠡᠬᠦ ᠪᠦᠰᠡ᠂ ᠣᠶ ᠰᠢᠭᠤᠶ ᠶᠢᠨ ᠴᠡᠴᠡᠷᠯᠢᠭ ᠤᠨ | ᠶᠠᠪᠠᠭᠠᠨ ᠵᠠᠮ᠂ ᠵᠦᠯᠭᠡ ᠶᠢᠨ ᠤᠰᠤᠯᠠᠯᠲᠠ ︵ᠤᠰᠤᠲᠤᠯ ᠢ ᠵᠠᠯᠠᠬᠤ︶ ᠶᠢᠨ ᠰᠤᠪᠠᠭ ᠵᠢᠴᠢ ᠡᠯ᠎ᠡ ᠲᠥᠷᠥᠯ ᠤᠨ | ᠵᠦᠯᠭᠡᠷᠬᠡᠭ ᠭᠠᠵᠠᠷ ᠤᠨ ᠵᠤᠭᠠᠴᠠᠯ᠂ ᠦᠢᠯᠡᠴᠢᠯᠡᠭᠡ᠂ ᠬᠠᠮᠢᠶᠠᠷᠤᠯᠲᠠ ᠶᠢᠨ ᠲᠥᠬᠦᠭᠡᠷᠦᠮᠵᠢ ᠵᠡᠷᠭᠡ ᠪᠥᠬᠦ ᠪᠤᠶᠤ ᠬᠡᠰᠡᠭ | ᠶᠠᠪᠤᠴᠠ ᠳᠠᠬᠢ ᠬᠥᠳᠡᠯᠮᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠣᠶ᠃ | ⒍ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ᠃ ᠤᠯᠤᠰ ᠤᠨ ᠭᠠᠵᠠᠷ ᠰᠢᠷᠣᠶ ᠶᠢᠨ | ᠨᠣᠭᠤᠭᠠᠷᠠᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠳᠤ ᠰᠠᠶᠢᠨ | ᠳᠤᠷ᠎ᠠ ᠠᠴᠠ ᠪᠠᠨ ᠣᠷᠣᠯᠴᠠᠬᠤ᠂ ᠡᠰᠡᠬᠦᠯ᠎ᠡ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠤᠯᠤᠰ ᠤᠨ ᠭᠠᠵᠠᠷ | ᠰᠢᠷᠣᠶ ᠶᠢᠨ ᠨᠣᠭᠤᠭᠠᠷᠠᠭᠤᠯᠤᠯᠲᠠ ᠯᠤᠭ᠎ᠠ ᠬᠤᠯᠪᠣᠭᠳᠠᠬᠤ ᠲᠦᠭᠡᠮᠡᠯᠵᠢᠭᠦᠯᠦᠨ ᠳᠡᠯᠭᠡᠷᠡᠭᠦᠯᠬᠦ᠂ ᠪᠣᠯᠪᠠᠰᠤᠷᠠᠭᠤᠯᠤᠨ | ᠵᠢᠯᠣᠭᠤᠳᠬᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠠᠮᠢᠶᠠᠷᠬᠤ ᠵᠡᠷᠭᠡ ᠰᠠᠶᠢᠨ | ᠳᠤᠷ᠎ᠠ ᠶᠢᠨ ᠦᠢᠯᠡᠴᠢᠯᠡᠭᠡ ᠬᠠᠩᠭᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠣᠶ᠃ | ⒎ᠪᠤᠰᠤᠳ ᠲᠦᠷᠦᠯ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠳᠤ ᠬᠤᠯᠪᠣᠭᠳᠠᠬᠤ | ᠪᠤᠰᠤᠳ ᠬᠥᠳᠡᠯᠮᠦᠷᠢ ᠪᠤᠶᠤ ᠬᠤᠪᠢ ᠨᠡᠮᠡᠷᠢ ᠶᠢ ᠵᠢᠭᠠᠵᠤ ᠪᠣᠶ᠂ ᠨᠤᠭᠤᠯᠤᠨ ᠪᠤᠳᠤᠬᠤ ᠪᠠᠷᠢᠮᠵᠢᠶ᠎ᠠ ᠶᠢ ᠮᠤᠵᠢ ᠶᠢᠨ | ᠱᠠᠲᠤᠨ ᠤ ᠨᠣᠭᠤᠭᠠᠷᠠᠭᠤᠯᠤᠯᠲᠠ ᠶᠢᠨ ᠵᠥᠪᠯᠡᠯ ᠠᠴᠠ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠬᠠᠤᠯᠢ ᠶᠣᠰᠣᠭᠠᠷ ᠥᠪᠡᠰᠦᠪᠡᠨ ᠲᠣᠭᠲᠠᠭᠠᠨ᠎ᠠ᠃ | ⒏ᠵᠣᠭᠤᠰ ᠮᠥᠩᠭᠦ ᠡᠳ᠋ ᠪᠣᠳᠠᠰ ᠬᠠᠨᠳᠢᠪᠯᠠᠬᠤ ᠲᠦᠷᠦᠯ᠃ ᠬᠠᠤᠯᠢ ᠶᠣᠰᠣᠨ ᠤ ᠢᠯᠡ ᠪᠠᠷ ᠴᠤᠭᠯᠠᠭᠤᠯᠬᠤ | ᠵᠣᠬᠢᠶᠠᠨ ᠪᠠᠶᠢᠭᠤᠯᠤᠯᠲᠠ ᠳᠤ ᠰᠠᠶᠢᠨ ᠳᠤᠷ᠎ᠠ ᠠᠴᠠ ᠪᠠᠨ ᠪᠡᠯᠡ ᠮᠥᠩᠭᠦ ᠬᠠᠨᠳᠢᠪᠯᠠᠵᠤ ᠤᠯᠤᠰ ᠤᠨ ᠨᠤᠲᠤᠭ | ᠳᠡᠪᠢᠰᠬᠡᠷ ᠢ ᠨᠣᠭᠤᠭᠠᠷᠠᠭᠤᠯᠬᠤ ᠳᠤ ᠬᠡᠷᠡᠭᠯᠡᠬᠦ ᠪᠤᠶᠤ ᠲᠤᠬᠠᠶ ᠶᠢᠨ ᠭᠠᠵᠠᠷ ᠤᠨ ᠤᠯᠤᠰ ᠤᠨ ᠨᠤᠲᠤᠭ ᠳᠡᠪᠢᠰᠬᠡᠷ ᠢ | ᠨᠣᠭᠤᠭᠠᠷᠠᠭᠤᠯᠬᠤ ᠳᠤ ᠪᠠᠴᠢᠮ ᠬᠡᠷᠡᠭᠰᠡᠬᠦ ᠡᠳ᠋ ᠪᠣᠳᠠᠰ ᠢ ᠬᠠᠨᠳᠢᠪᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ | ᠬᠡᠯᠪᠡᠷᠢ ᠶᠢ ᠵᠢᠭᠠᠵᠤ ᠪᠣᠶ ᠃ | ᠳᠡᠭᠡᠷᠡᠬᠢ ᠨᠠᠢᠮᠠᠨ ᠵᠦᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠡᠯ᠎ᠡ ᠨᠢᠭᠡᠴᠡ ᠪᠠ ᠬᠤᠪᠢ | ᠬᠥᠮᠦᠨ ᠴᠥᠮ ᠠᠳᠠᠯᠢ ᠪᠤᠰᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠪᠠᠷ ᠪᠡᠶᠡᠯᠡᠭᠦᠯᠵᠦ ᠪᠣᠯᠤᠨ᠎ᠠ᠂ | ᠪᠡᠶᠡᠯᠡᠭᠦᠯᠦᠭᠰᠡᠨ ᠡᠭᠦᠷᠭᠡ ᠶᠢᠨ ᠬᠡᠮᠵᠢᠶ᠎ᠡ ᠶᠢ ᠡᠯ᠎ᠡ ᠨᠢᠭᠡᠴᠡ ᠠᠴᠠ ᠲᠥᠪᠯᠡᠷᠡᠭᠦᠯᠦᠨ ᠨᠢᠭᠡᠳᠦᠯᠲᠡᠶ ᠳᠡᠭᠡᠭᠰᠢ | ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠮᠠᠲ᠋ᠧᠷᠢᠶᠠᠯ ᠢ ᠭᠦᠢᠴᠡᠳ ᠬᠠᠩᠭᠠᠵᠤ᠂ ᠬᠤᠰᠢᠭᠤ | ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠨᠤᠭᠤᠯᠤᠨ ᠪᠤᠳᠤᠵᠤ ᠮᠠᠭᠠᠳᠯᠠᠨ ᠲᠣᠭᠲᠠᠭᠠᠬᠤ ᠶᠢᠨ | ᠬᠠᠮᠲᠤ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠭᠠᠷᠭᠠᠨ᠎ᠠ᠃ ᠤᠯᠤᠰ ᠪᠤᠶᠤ ᠣᠷᠣᠨ ᠨᠤᠲᠤᠭ ᠤᠨ ᠡᠳ᠋ ᠤᠨ | ᠵᠠᠰᠠᠭ ᠤᠨ ᠪᠡᠯᠡ ᠣᠷᠣᠭᠤᠯᠵᠤ ᠪᠡᠶᠡᠯᠡᠭᠦᠯᠦᠭᠰᠡᠨ ᠪᠠᠶᠢᠭᠠᠯᠢ ᠶᠢᠨ ᠬᠠᠮᠠᠭᠠᠯᠠᠯᠲᠠ᠂ ᠤᠯᠤᠰ ᠤᠨ ᠭᠠᠵᠠᠷ ᠰᠢᠷᠣᠶ ᠶᠢᠨ | ᠨᠣᠭᠤᠭᠠᠷᠠᠭᠤᠯᠤᠯᠲᠠ᠂ ᠤᠢ ᠰᠢᠭᠤᠶ ᠶᠢᠨ ᠠᠷᠠᠴᠢᠯᠠᠨ ᠪᠤᠶᠢᠵᠢᠭᠤᠯᠬᠤ ᠵᠡᠷᠭᠡ ᠨᠣᠭᠤᠭᠠᠷᠠᠭᠤᠯᠤᠯᠲᠠ ᠯᠤᠭ᠎ᠠ | ᠬᠤᠯᠪᠣᠭᠳᠠᠬᠤ ᠪᠠᠷᠢᠯᠭ᠎ᠠ ᠪᠤᠶᠤ ᠲᠥᠷᠥᠯ ᠵᠦᠢᠯ ᠳᠤ ᠠᠯᠪᠠᠨ ᠵᠢᠷᠤᠮ ᠤᠨ ᠮᠣᠳᠣ ᠲᠡᠷᠢᠬᠤ ᠡᠭᠦᠷᠭᠡ ᠶᠢ ᠨᠤᠭᠤᠯᠤᠨ | ᠪᠤᠳᠤᠬᠤ ᠥᠭᠡᠢ᠃ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠬᠤᠰᠢᠭᠤ | ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠬᠡᠰᠡᠭ ᠨᠢᠭᠡᠴᠡ᠂ ᠣᠯᠠᠨ ᠲᠦᠮᠡᠨ ᠤ ᠲᠥᠯᠥᠭᠡᠯᠡᠭᠴᠢ ᠶᠢ | ᠵᠣᠬᠢᠶᠠᠨ ᠪᠠᠶᠢᠭᠤᠯᠵᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠤᠯᠤᠨ᠎ᠠ᠃ | ᠬᠤᠰᠢᠭᠤ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ | ᠰᠠᠭᠤᠭ᠎ᠠ ᠡᠯ᠎ᠡ ᠨᠢᠭᠡᠴᠡ ᠵᠢᠴᠢ ᠬᠤᠰᠢᠭᠤᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠺᠠᠳ᠋ᠷ | ᠠᠵᠢᠯᠲᠠᠨ ᠶᠠᠮᠠᠷ ᠨᠢᠭᠡᠨ ᠰᠢᠯᠲᠠᠭᠠᠨ ᠠᠴᠠ ᠪᠣᠯᠵᠣ ᠠᠯᠪᠠᠨ ᠵᠢᠷᠤᠮ ᠤᠨ ᠮᠣᠳᠣ ᠳᠠᠷᠢᠬᠤ ᠳᠤ ᠣᠷᠣᠯᠴᠠᠵᠤ ᠳᠡᠶᠢᠯᠬᠦ | ᠥᠬᠡᠶ ᠪᠠᠶᠢᠪᠠᠯ᠂ ᠵᠣᠭᠤᠰ ᠮᠥᠩᠭᠦ ᠡᠳ᠋ ᠪᠣᠳᠠᠰ ᠤᠨ ᠲᠥᠷᠥᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠪᠠᠷ | ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠪᠠᠨ ᠪᠡᠶᠡᠯᠡᠭᠦᠯᠦᠨ᠎ᠡ᠃ ᠵᠣᠭᠤᠰ ᠮᠥᠩᠭᠦ ᠡᠳ᠋ ᠪᠣᠳᠠᠰ ᠤᠨ ᠲᠥᠷᠥᠯ ᠢ | ᠨᠤᠭᠤᠯᠤᠨ ᠪᠤᠳᠤᠬᠤ ᠪᠠᠷᠢᠮᠵᠢᠶ᠎ᠠ᠄ ︽ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ | ᠭᠦᠢᠴᠡᠳᠬᠡᠬᠦ ᠬᠡᠯᠪᠡᠷᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠪᠥᠬᠦ ᠨᠤᠭᠤᠭᠠᠷᠠᠭᠤᠯᠬᠤ | ᠥᠰᠥᠭ ︹ 2017 ︺ 6 ᠲᠣᠭᠠᠲᠤ︶ ᠶᠢᠨ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ ᠭᠠᠵᠠᠷ ᠣᠷᠣᠨ ᠤ ᠪᠠᠷᠢᠮᠵᠢᠶ᠎ᠠ ᠨᠢ ᠰᠠᠭᠤᠷᠢ ᠪᠦᠷᠢ 15 | ᠲᠥᠭᠦᠷᠢᠭ᠂ ᠬᠥᠮᠦᠨ ᠪᠦᠷᠢ ᠶᠢᠨ ᠠᠯᠪᠠᠨ ᠵᠢᠷᠤᠮ ᠤᠨ ᠮᠣᠳᠣ ᠳᠠᠷᠢᠬᠤ ᠶᠢ 5 ᠰᠠᠭᠤᠷᠢ ᠪᠠᠷ ᠪᠤᠳᠤᠵᠤ᠂ ᠬᠥᠮᠦᠨ | ᠪᠦᠷᠢ 75 ᠲᠥᠭᠦᠷᠢᠭ ᠤᠨ ᠪᠠᠯᠠ ᠮᠥᠩᠭᠦ ᠬᠠᠨᠳᠢᠪᠯᠠᠪᠠᠯ ᠵᠣᠬᠢᠨ᠎ᠠ᠂ ᠲᠣᠰ ᠪᠠᠯᠠ ᠮᠥᠩᠭᠦ ᠶᠢ ᠬᠤᠰᠢᠭᠤ | ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠨᠢᠭᠡᠳᠦᠯᠲᠡᠶ ᠵᠣᠭᠤᠰ ᠴᠤᠭᠯᠠᠭᠤᠯᠤᠭᠰᠠᠨ ᠤ ᠳᠠᠷᠠᠭ᠎ᠠ | ᠬᠤᠰᠢᠭᠤ ᠣᠶ ᠰᠢᠭᠤᠶ ᠶᠢᠨ ᠠᠵᠢᠯ ᠤᠨ ᠥᠷᠲᠡᠭᠡ ᠳᠤ ᠨᠠᠶᠢᠳᠠᠵᠤ ᠣᠷᠣᠯᠠᠨ ᠵᠣᠬᠢᠶᠠᠨ ᠪᠠᠶᠢᠭᠤᠯᠵᠤ | ᠠᠵᠢᠯᠯᠠᠭᠤᠯᠤᠨ᠎ᠠ᠃ ᠬᠠᠨᠳᠢᠪᠯᠠᠭᠰᠠᠨ ᠡᠳ᠋ ᠪᠣᠳᠠᠰ ᠨᠢ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠳᠤ | ᠬᠡᠷᠡᠭᠰᠡᠬᠦ ᠡᠳ᠋ ᠪᠣᠳᠠᠰ ᠲᠤ ᠬᠠᠷᠢᠶᠠᠯᠠᠭᠳᠠᠨ᠎ᠠ᠃ | ᠵᠣᠭᠤᠰ ᠮᠥᠩᠭᠦ ᠡᠳ᠋ ᠪᠣᠳᠠᠰ ᠤᠨ ᠲᠥᠷᠥᠯ ᠤᠨ ᠣᠶᠢᠵᠢᠭᠤᠯᠤᠯᠲᠠ ᠶᠢᠨ ᠮᠥᠩᠭᠦ ᠲᠤᠰᠢᠶᠠᠬᠤ ᠨᠢᠭᠡᠴᠡ ᠨᠢ | ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠲᠠᠢ ᠬᠠᠷᠢᠯᠴᠠᠨ᠎ᠠ ︵ᠬᠠᠷᠢᠯᠴᠠᠬᠤ ᠬᠥᠮᠦᠨ᠄ ᠯᠢ | ᠶᠢᠩ᠂ ᠬᠠᠷᠢᠯᠴᠠᠬᠤ ᠤᠲᠠᠰᠤ᠄ 13474746698᠂ ᠭᠠᠵᠠᠷ᠄ ᠬᠤᠰᠢᠭᠤ ᠣᠶ ᠰᠢᠭᠤᠶ ᠶᠢᠨ ᠠᠵᠢᠯᠯᠠᠬᠤ | ᠥᠷᠲᠡᠭᠡ︶᠃ |