︽2021 ᠣᠨ ᠤ ᠬᠠᠪᠤᠷ ᠤᠨ ᠤᠯᠠᠷᠢᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/9/6
      ︽2021 ᠣᠨ ᠤ ᠬᠠᠪᠤᠷ ᠤᠨ ᠤᠯᠠᠷᠢᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ      ᠳᠠᠷᠢᠬᠤ ᠬᠥᠳᠡᠯᠭᠡᠭᠡᠨ ᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠵᠡᠭᠦᠨ      ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ         ᠵᠡᠭᠦᠨ ᠵᠠᠰᠠᠭ ᠠᠯᠪᠠᠨ ᠦᠰᠦᠭ ﹇2021﹈ 19 ᠲᠣᠭᠠᠲᠤᠡᠯ᠎ᠡ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭᠠᠨ ᠤ ᠠᠩᠭᠢ᠂ ᠡᠯ᠎ᠡ ᠠᠷᠠᠳ ᠤᠨ ᠪᠦᠯᠬᠦᠮ ᠳᠤ᠄      ᠬᠤᠰᠢᠭᠤ ᠵᠠᠰᠠᠭ ᠤᠨ ᠣᠷᠳᠣᠨ ᠠᠴᠠ ᠨᠢᠭᠳᠠᠯᠠᠨ ᠰᠣᠳᠣᠯᠣᠭᠠᠳ᠂ ᠣᠳᠤ ︽2021 ᠣᠨ ᠤ ᠬᠠᠪᠤᠷ ᠤᠨ ᠤᠯᠠᠷᠢᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠤ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃             2021 ᠣᠨ ᠤ 5 ᠰᠠᠷ᠎ᠠ ᠶᠢᠨ 6 ᠤ ᠡᠳᠦᠷ2021 ᠣᠨ ᠤ ᠬᠠᠪᠤᠷ ᠤᠨ ᠤᠯᠠᠷᠢᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠤ ᠬᠡᠷᠡᠭᠵᠢᠭᠦᠯᠬᠦ ᠲᠥᠰᠦᠯ      ᠰᠢ ᠶᠢᠨ ᠫᠢᠩ ᠶᠡᠷᠦᠩᠬᠡᠶ ᠱᠦᠵᠢ ᠶᠢᠨ ᠳᠤᠷᠠᠳᠤᠭᠰᠠᠨ ︽ᠪᠣᠬᠢᠷᠲᠤᠯ ᠦᠭᠡᠶ ᠬᠥᠭᠵᠢᠯᠲᠡ ᠶᠢ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠠᠬᠢᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢᠨ ᠰᠢᠨ᠎ᠡ ᠶᠢ ᠡᠭᠦᠳᠴᠦ᠂ ︽ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠢ ᠥᠷᠨᠢᠭᠦᠯᠬᠦ ᠲᠤᠬᠠᠶ ᠬᠡᠷᠡᠭᠵᠢᠭᠦᠯᠬᠦ ᠠᠷᠭ᠎ᠠ︾᠂ ︽ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠶ᠋ᠴᠡᠳᠬᠡᠬᠦ ᠬᠡᠯᠪᠡᠷᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠪᠦᠬᠦ ᠨᠣᠭᠤᠭᠠᠷᠠᠭᠤᠯᠬᠤ ᠦᠰᠦᠭ ︹ 2017 ︺ 6 ᠲᠣᠭᠠᠲᠤ︶᠂ ︽ᠬᠢᠵᠢᠭ ᠰᠡᠷᠭᠡᠶᠢᠯᠡᠬᠦ ᠨᠥᠬᠦᠴᠡᠯ ᠳᠣᠤᠷ᠎ᠠ ᠬᠠᠪᠤᠷ ᠤᠨ ᠤᠯᠠᠷᠢᠯ ᠤᠨ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠢᠳᠡᠪᠬᠢᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠶᠢᠨ ᠶᠠᠪᠤᠳᠠᠯ ᠤᠨ ᠠᠯᠪᠠᠨ ᠲᠢᠩᠬᠢᠮ ᠲᠠᠷᠬᠠᠭᠠᠭᠰᠠᠨ ᠢᠯᠡ ᠴᠠᠬᠢᠯᠭᠠᠨ ︹ 2020 ︺7 ᠲᠣᠭᠠᠲᠤ︶ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠡᠭᠦᠷᠭᠡ ᠶᠢᠨ ᠬᠤᠪᠢᠶᠠᠷᠢᠯᠠᠯ      2021 ᠣᠨ ᠤ ᠮᠠᠨ ᠤ ᠬᠤᠰᠢᠭᠤ 5.61 ᠲᠦᠮᠡᠨ ᠰᠠᠭᠤᠷᠢ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠲᠠᠢ᠃ ︵ᠲᠤᠰ ᠬᠡᠷᠡᠭᠵᠢᠭᠦᠯᠬᠦ ᠲᠥᠰᠦᠯ ᠳᠤ ᠬᠡᠯᠡᠵᠦ ᠪᠠᠶᠢᠭ᠎ᠠ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠭᠡᠳᠡᠭ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ᠂ ᠡᠷᠡᠭᠲᠡᠶ ᠠᠷᠪᠠᠨ ᠨᠢᠭᠡᠨ ᠨᠠᠰᠤᠨ ᠠᠴᠠ ᠵᠢᠷᠠᠨ ᠨᠠᠰᠤ᠂ ᠡᠮᠡᠭᠲᠡᠶ ᠠᠷᠪᠠᠨ ᠨᠢᠭᠡᠨ ᠨᠠᠰᠤᠨ ᠠᠴᠠ ᠲᠠᠪᠢᠨ ᠲᠠᠪᠤᠨ ᠨᠠᠰᠤᠨ ᠤ ᠬᠤᠭᠤᠷᠣᠨᠳᠣᠬᠢ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠳ ᠢ ᠭᠠᠷᠭᠠᠪᠠᠯ᠂ ᠬᠤᠯᠪᠣᠭᠳᠠᠯ ᠪᠦᠬᠦᠢ ᠲᠥᠯᠥᠪᠵᠢᠭᠦᠯᠭᠡ᠂ ᠪᠠᠷᠢᠮᠵᠢᠶ᠎ᠠ ᠪᠠ ᠮᠡᠷᠭᠡᠵᠢᠯ ᠤᠨ ᠱᠠᠭᠠᠷᠳᠠᠯᠭ᠎ᠠ ᠶᠣᠰᠣᠭᠠᠷ᠂ ᠬᠥᠯᠥᠰᠥ ᠣᠯᠭᠤᠮᠵᠢ ᠦᠭᠡᠢ ᠪᠠᠷ ᠰᠢᠭᠤᠳ ᠪᠤᠶᠤ ᠲᠠᠮ ᠠᠷᠭ᠎ᠠ ᠮᠠᠶ᠋ᠢᠭ ᠢᠶᠠᠷ ᠮᠣᠳᠣ ᠲᠠᠷᠢᠬᠤ ᠡᠭᠦᠷᠭᠡ ᠪᠠᠨ ᠭᠦᠢᠴᠡᠳᠬᠡᠬᠦ ᠠᠵᠢᠯᠯᠠᠭ᠎ᠠ ᠶᠢ ᠵᠢᠭᠠᠵᠤ ᠪᠠᠶᠢᠨ᠎ᠠ︶ ᠡᠭᠦᠨ ᠳᠤ᠄      ︵ᠨᠢᠭᠡ︶ ᠬᠤᠰᠢᠭᠤ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ ᠰᠠᠭᠤᠭ᠎ᠠ ᠡᠯ᠎ᠡ ᠪᠠᠶᠢᠭᠤᠯᠭ᠎ᠠ ᠶᠢᠨ ᠺᠠᠳ᠋ᠷ ᠠᠵᠢᠯᠲᠠᠨ ᠵᠢᠴᠢ ᠬᠤᠰᠢᠭᠤᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠠᠯᠪᠠ ᠬᠠᠭᠠᠵᠤ ᠪᠠᠶᠢᠭ᠎ᠠ ᠬᠥᠮᠦᠰ᠂ ᠬᠥᠮᠦᠨ ᠪᠦᠷᠢ 5 ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ ᠨᠡᠶᠢᠲᠡ 1.92 ᠲᠦᠮᠡᠨ ᠰᠠᠭᠤᠷᠢ ᠮᠣᠳᠣ ᠲᠠᠷᠢᠬᠤ ᠡᠭᠦᠷᠭᠡ ᠲᠠᠢ ︵ᠨᠠᠷᠢᠯᠢᠭ ᠪᠠᠶᠢᠳᠠᠯ ᠢ ᠳᠠᠭᠠᠯᠳᠤᠭᠤᠯᠤᠯ ᠨᠢᠭᠡ ᠳᠤ ᠦᠵᠡ︶᠃      ︵ᠬᠤᠶᠠᠷ︶ 32106 ᠴᠡᠷᠢᠭ ᠠᠩᠭᠢ 0.2 ᠲᠦᠮᠡᠨ ᠰᠠᠭᠤᠷᠢ ᠮᠣᠳᠣ ᠲᠠᠷᠢᠬᠤ ᠡᠭᠦᠷᠭᠡ ᠲᠠᠢ᠃      ︵ᠭᠤᠷᠪᠠ︶ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠪᠣᠯᠤᠨ ᠤᠯᠢᠶᠠᠰᠤᠲᠠᠶ ᠶᠢᠨ ᠠᠵᠤ ᠦᠢᠯᠡᠳᠪᠦᠷᠢ ᠶᠢᠨ ᠲᠣᠭᠤᠷᠢᠭ 2 ᠲᠦᠮᠡᠨ ᠰᠠᠭᠤᠷᠢ ᠮᠣᠳᠣ ᠳᠠᠷᠢᠬᠤ ᠡᠭᠦᠷᠭᠡ ᠲᠠᠢ ︵ᠨᠠᠷᠢᠯᠢᠭ ᠪᠠᠶᠢᠳᠠᠯ ᠢ ᠳᠠᠭᠠᠯᠳᠤᠭᠤᠯᠤᠯ ᠬᠤᠶᠠᠷ ᠲᠤ ᠦᠵᠡ︶᠃      ︵ᠲᠦᠷᠪᠡ︶ ᠬᠤᠳᠠ ᠪᠠᠯᠭᠠᠰᠤᠨ ᠤ ᠰᠠᠭᠤᠭᠠᠯᠢ ᠠᠷᠠᠳ ︵ᠠᠵᠢᠯᠳᠠᠨ ᠪᠤᠰᠤ︶ 1.49 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠬᠤ ᠡᠭᠦᠷᠭᠡ ᠲᠠᠢ ︵ᠨᠠᠷᠢᠯᠢᠭ ᠪᠠᠶᠢᠳᠠᠯ ᠢ ᠳᠠᠭᠠᠯᠳᠤᠭᠤᠯᠤᠯ ᠭᠤᠷᠪᠠ ᠳᠤ ᠦᠵᠡ︶᠃      ᠬᠤᠶᠠᠷ᠂ ᠵᠣᠬᠢᠶᠠᠨ ᠪᠠᠶᠢᠭᠤᠯᠣᠯᠲᠠ ᠶᠢᠨ ᠬᠡᠯᠪᠡᠷᠢ      ︵ᠨᠢᠭᠡ︶ ᠬᠤᠰᠢᠭᠤ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ ᠰᠠᠭᠤᠭ᠎ᠠ ᠡᠯ᠎ᠡ ᠪᠠᠶᠢᠭᠤᠯᠭ᠎ᠠ ᠶᠢᠨ ᠠᠵᠢᠯᠳᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ  ᠶᠢ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠨᠢᠭᠡᠳᠦᠯᠲᠡᠶ ᠲᠥᠯᠥᠪᠵᠢᠭᠦᠯᠵᠦ᠂ ᠰᠢᠰᠲ᠋ᠧᠮ ᠢᠶᠠᠷ ᠬᠠᠷᠢᠭᠤᠴᠠᠯᠭ᠎ᠠ ᠶᠢᠨ ᠣᠷᠣᠨ ᠬᠤᠪᠢᠶᠠᠷᠢᠯᠠᠵᠤ᠂ ᠰᠢᠰᠲ᠋ᠧᠮ ᠤᠨ ᠬᠠᠷᠢᠭᠤᠴᠠᠯᠭᠠᠲᠠᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠶᠢᠵᠢᠭᠤᠯᠬᠤ ᠳᠤ ᠭᠠᠵᠠᠷ ᠲᠡᠭᠰᠢᠯᠡᠬᠦ᠂ ᠵᠠᠶᠢᠯᠠᠵᠤ ᠰᠠᠭᠤᠯᠭᠠᠬᠤ ᠵᠢᠴᠢ ᠬᠤᠶᠢᠰᠢᠳᠠ ᠶᠢᠨ ᠠᠷᠠᠴᠢᠯᠠᠨ ᠪᠤᠶᠢᠵᠢᠭᠤᠯᠤᠨ ᠬᠠᠮᠢᠶᠠᠷᠬᠤ ᠵᠡᠷᠭᠡ ᠠᠵᠢᠯ ᠢ ᠴᠥᠮ ᠡᠯ᠎ᠡ ᠰᠢᠰᠲ᠋ᠧᠮ ᠦᠪᠡᠷ ᠢᠶᠠᠨ ᠬᠠᠷᠢᠭᠤᠴᠠᠨ᠎ᠠ᠃      ︵ᠬᠤᠶᠠᠷ︶ ᠡᠯ᠎ᠡ ᠰᠤᠮᠤ ᠪᠠᠯᠭᠠᠰᠤ ᠶᠢᠨ ᠺᠠᠳ᠋ᠷ ᠠᠵᠢᠯᠲᠠᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ︵ᠠᠵᠢᠯᠲᠠᠨ ᠪᠤᠰᠤ︶ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠭᠤᠷᠪᠠ︶ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠠᠯᠪᠠᠨ ᠵᠢᠷᠤᠮ ᠤᠨ ᠮᠣᠳᠣ ᠲᠡᠷᠢᠬᠤ ᠠᠵᠢᠯ ᠢ ᠠᠵᠤ ᠦᠢᠯᠡᠳᠪᠦᠷᠢ ᠪᠣᠯᠤᠨ ᠮᠡᠳᠡᠭᠡ  ᠵᠠᠩᠬᠢᠴᠢᠯᠠᠯᠲᠠ ᠶᠢᠨ ᠲᠣᠪᠴᠢᠶ᠎ᠠ ᠠᠴᠠ ᠱᠠᠭᠠᠷᠳᠠᠨ ᠨᠠᠶᠢᠳᠠᠪᠤᠷᠢᠵᠢᠭᠤᠯᠵᠤ᠂ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠠᠴᠠ ᠬᠠᠷᠢᠭᠤᠴᠠᠨ ᠵᠣᠬᠢᠶᠠᠨ ᠪᠠᠶᠢᠭᠤᠯᠤᠨ  ᠬᠡᠷᠡᠭᠵᠢᠭᠦᠯᠦᠨ᠎ᠡ᠃      ︵ᠳᠥᠷᠪᠡ︶ ᠮᠣᠳᠣ ᠳᠠᠷᠢᠬᠤ ᠡᠭᠦᠷᠭᠡ ᠪᠠᠨ ᠭᠦᠢᠴᠡᠳᠭᠡᠭᠰᠡᠨ ᠦᠭᠡᠢ᠂ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠦᠭᠰᠡᠨ ᠥᠬᠡᠶ ᠨᠢᠭᠡᠴᠡ ᠶᠢ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠬᠤᠰᠢᠭᠤ  ᠵᠠᠰᠠᠭ ᠤᠨ ᠣᠷᠳᠣᠨ ᠳᠤ ᠮᠡᠳᠡᠭᠦᠯᠵᠦ ᠨᠡᠶᠢᠳᠡᠯᠡᠨ᠎ᠡ᠃      ᠭᠤᠷᠪᠠ᠂ ᠠᠯᠪᠠᠨ ᠵᠢᠷᠤᠮ ᠤᠨ ᠮᠣᠳᠣ ᠲᠠᠷᠢᠬᠤ ᠭᠠᠵᠠᠷ      ︵ᠨᠢᠭᠡ︶ ᠬᠤᠰᠢᠭᠤ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ ᠰᠠᠭᠤᠭ᠎ᠠ ᠡᠯ᠎ᠡ ᠪᠠᠶᠢᠭᠤᠯᠭ᠎ᠠ ᠶᠢᠨ ᠠᠵᠢᠯᠳᠠᠳ‌ᠤᠯᠢᠶᠠᠰᠤᠲᠠᠶ ᠪᠠᠯᠭᠠᠰᠤᠨ ᠤ ᠰᠡᠭᠡᠭᠡᠳᠡᠨ ᠴᠡᠴᠡᠷᠯᠢᠭ ᠤᠨ ᠪᠠᠷᠠᠭᠤᠨ ᠲᠠᠯ᠎ᠠ ᠶᠢᠨ ᠣᠶᠢᠵᠢᠭᠤᠯᠤᠯᠲᠠ ᠶᠢᠨ ᠭᠠᠵᠠᠷ ᠲᠤ ᠮᠣᠳᠣ ᠳᠠᠷᠢᠬᠤ ᠡᠭᠦᠷᠭᠡ ᠪᠠᠨ ᠪᠡᠶᠡᠯᠡᠭᠦᠯᠦᠨ᠎ᠡ᠃      ︵ᠬᠤᠶᠠᠷ︶ ᠡᠯ᠎ᠡ ᠰᠤᠮᠤ ᠪᠠᠯᠭᠠᠰᠤᠨ ᠤ ᠺᠠᠳ᠋ᠷ ᠠᠵᠢᠯᠲᠠᠨ ᠠᠴᠠ ᠲᠣᠰ ᠰᠤᠮᠤ ᠪᠠᠯᠭᠠᠰᠤᠨ ᠤ ᠲᠥᠯᠥᠪᠵᠢᠭᠦᠯᠦᠭᠰᠡᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠮᠣᠳᠣ ᠳᠠᠷᠢᠬᠤ ᠡᠭᠦᠷᠭᠡ ᠪᠠᠨ ᠪᠡᠶᠡᠯᠡᠭᠦᠯᠦᠨ᠎ᠡ᠃      ︵ᠭᠤᠷᠪᠠ︶ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠲᠤᠰ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠣᠭᠤᠷᠢᠭ ᠲᠤ ᠮᠣᠳᠣ ᠳᠠᠷᠢᠬᠤ ᠡᠭᠦᠷᠭᠡ ᠪᠠᠨ ᠪᠡᠶᠡᠯᠡᠭᠦᠯᠦᠨ᠎ᠡ᠃      ︵ᠳᠥᠷᠪᠡ︶ ᠬᠤᠲᠠ ᠪᠠᠯᠭᠠᠰᠤ ᠶᠢᠨ ᠰᠠᠭᠤᠭᠠᠯᠢ ᠠᠷᠠᠳ ︵ᠠᠵᠢᠯᠲᠠᠨ ᠪᠤᠰᠤ︶ ᠲᠣᠰ ᠣᠷᠣᠨ ᠰᠠᠭᠤᠴᠠ ᠶᠢᠨ ᠢᠶᠠᠨ ᠠᠷᠤ ᠥᠪᠥᠷ ᠲᠤ ᠮᠣᠳᠣ ᠳᠠᠷᠢᠬᠤ ᠡᠭᠦᠷᠭᠡ ᠪᠠᠨ ᠪᠡᠶᠡᠯᠡᠭᠦᠯᠦᠨ᠎ᠡ᠃      ᠲᠦᠷᠪᠡ᠂ ᠠᠯᠪᠠᠨ ᠵᠢᠷᠤᠮ ᠤᠨ ᠮᠣᠳᠣ ᠲᠠᠷᠢᠬᠤ ᠴᠠᠭ ᠤᠨ ᠲᠤᠬᠢᠷᠠᠭᠤᠯᠤᠯᠳᠠ ᠵᠢᠴᠢ ᠣᠶᠢᠵᠢᠭᠤᠯᠬᠤ ᠮᠡᠷᠭᠡᠵᠢᠯ ᠤᠨ ᠱᠠᠭᠠᠷᠳᠠᠯᠭ᠎ᠠ      ︵ᠨᠢᠭᠡ︶ ᠴᠠᠭ  ᠤᠨ ᠲᠤᠬᠢᠷᠠᠭᠤᠯᠤᠯᠳᠠ      2021 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠴᠠᠭ ᠨᠢ 5 ᠰᠠᠷ᠎ᠠ ᠶᠢᠨ 6 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ  ᠃      2021 ᠣᠨ ᠤ 8 ᠰᠠᠷ᠎ᠠ ᠳᠤ᠂ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠠᠯᠪᠠᠨ ᠵᠢᠷᠤᠮ ᠤᠨ ᠮᠣᠳᠣ ᠲᠠᠷᠢᠭᠰᠠᠨ ᠪᠠᠶᠢᠳᠠᠯ ᠳᠤ ᠨᠢᠭᠡᠳᠦᠯᠲᠡᠶ ᠰᠢᠯᠭᠠᠨ ᠪᠠᠶᠢᠴᠠᠭᠠᠯᠲᠠ ᠬᠢᠨ᠎ᠠ᠃      ︵ᠬᠤᠶᠠᠷ︶ ᠣᠶᠢᠵᠢᠭᠤᠯᠬᠤ ᠮᠡᠷᠭᠡᠵᠢᠯ ᠤᠨ ᠱᠠᠭᠠᠷᠳᠠᠯᠭ᠎ᠠ      ⒈ᠭᠠᠵᠠᠷ ᠲᠡᠭᠰᠢᠯᠡᠬᠦ ᠳᠤ ᠲᠣᠭᠲᠠᠭᠠᠭᠰᠠᠨ ᠪᠠᠷᠢᠮᠵᠢᠶ᠎ᠠ      ︵1︶  ᠴᠣᠨᠣᠭᠯᠠᠨ ᠲᠠᠷᠢᠬᠤ ᠬᠡᠯᠪᠡᠷᠢ ᠪᠠᠷ ᠤᠯᠢᠶᠠᠰᠤᠲᠠᠶ ᠪᠠᠯᠭᠠᠰᠤᠨ ᠤ ᠰᠡᠭᠡᠭᠡᠲᠡᠨ ᠴᠡᠴᠡᠷᠯᠢᠭ ᠤᠨ ᠪᠠᠷᠠᠭᠤᠨ ᠲᠠᠯ᠎ᠠ ᠶᠢᠨ ᠣᠶᠢᠵᠢᠭᠤᠯᠤᠭᠰᠠᠨ ᠭᠠᠵᠠᠷ ᠳᠤ ᠲᠡᠭᠰᠢᠯᠡᠵᠦ᠂  ᠮᠣᠳᠤ ᠵᠠᠶᠢᠯᠠᠬᠤ ᠨᠦᠬᠡᠨ ᠤ ᠪᠠᠷᠢᠮᠵᠢᠶ᠎ᠠ ᠶᠢ 0.8m × 0.8m × 0.6m  ᠪᠠᠶᠢᠯᠭᠠᠨ᠎ᠠ᠃      ︵2︶ ᠡᠯ᠎ᠡ ᠰᠤᠮᠤ ᠪᠠᠯᠭᠠᠰᠤ᠂ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ ᠲᠡᠭᠰᠢᠯᠡᠬᠦ ᠪᠠᠷᠢᠮᠵᠢᠶ᠎ᠠ ᠶᠢ ᠰᠣᠩᠭᠤᠭᠰᠠᠨ ᠮᠣᠳᠣᠨ ᠤ ᠲᠥᠷᠥᠯ ᠢᠶᠠᠨ ᠦᠨᠳᠦᠰᠦᠯᠡᠵᠦ ᠥᠪᠡᠰᠦᠪᠡᠨ ᠲᠣᠭᠲᠠᠭᠠᠨ᠎ᠠ᠃      ⒉ᠮᠣᠳᠣᠨ ᠤ ᠲᠦᠷᠦᠯ ᠢ ᠰᠣᠩᠭᠤᠬᠤ ᠵᠢᠴᠢ ᠪᠠᠷᠢᠮᠵᠢᠶ᠎ᠠ      ︵1︶ ᠤᠯᠢᠶᠠᠰᠤᠲᠠᠶ ᠪᠠᠯᠭᠠᠰᠤᠨ ᠤ ᠰᠡᠭᠡᠭᠡᠳᠡᠨ ᠴᠡᠴᠡᠷᠯᠢᠭ ᠤᠨ ᠪᠠᠷᠠᠭᠤᠨ ᠲᠠᠯ᠎ᠠ ᠶᠢᠨ ᠣᠶᠢᠵᠢᠭᠤᠯᠤᠭᠰᠠᠨ ᠭᠠᠵᠠᠷ ᠲᠤ ᠭᠤᠤᠯᠳᠠᠭᠤ 1.5m ᠠᠴᠠ ᠦᠨᠳᠦᠷ ᠵᠢᠭᠠᠷᠲᠤ ᠨᠠᠷᠠᠰᠤ ᠶᠢ ᠰᠣᠩᠭᠤᠨ ᠵᠠᠶᠢᠯᠠᠵᠤ᠂ ᠰᠠᠭᠤᠷᠢ ᠮᠥᠷ ᠤᠨ ᠵᠠᠶ ᠨᠢ 2m × 2m᠂ 6 ᠮᠥᠷ ᠨᠢ ᠨᠢᠭᠡ ᠪᠦᠰᠡ᠂ ᠪᠦᠰᠡ ᠶᠢᠨ ᠵᠠᠶ ᠶᠢ 5m  ᠪᠠᠶᠢᠯᠭᠠᠬᠤ ᠬᠡᠷᠡᠭᠲᠡᠢ᠃      ︵2︶ ᠡᠯ᠎ᠡ ᠰᠤᠮᠤ ᠪᠠᠯᠭᠠᠰᠤ ᠨᠢ ᠳ᠋ᠢᠶᠠᠮᠧᠲᠷ ᠨᠢ 3cm ᠠᠴᠠ ᠶᠡᠭᠡ ᠤᠯᠢᠶᠠᠰᠤᠨ ᠮᠣᠳᠣ ᠪᠤᠶᠤ ᠥᠨᠳᠥᠷ ᠤᠨ ᠬᠡᠮᠵᠢᠶ᠎ᠡ ᠨᠢ 2.5m ᠠᠴᠠ ᠦᠨᠳᠦᠷ ᠬᠠᠶᠢᠯᠠᠰᠤᠨ ᠮᠣᠳᠣ ᠶᠢ ᠵᠠᠶᠢᠯᠠᠬᠤ ᠪᠠᠷ ᠭᠤᠣᠯ ᠪᠣᠯᠭᠠᠵᠤ᠂ ᠵᠢᠭᠠᠷᠲᠤ ᠨᠠᠷᠠᠰᠤ᠂ ᠭᠠᠴᠤᠷ᠎ᠠ ᠵᠡᠷᠭᠡ ᠮᠣᠳᠣᠨ ᠤ ᠲᠦᠷᠦᠯ ᠢ ᠳᠡᠳ᠋ ᠪᠣᠯᠭᠠᠵᠤ᠂ ᠰᠠᠭᠤᠷᠢ ᠶᠢᠨ ᠵᠠᠶ ᠶᠢ 2m × 2m ᠪᠠᠶᠢᠯᠭᠠᠬᠤ ᠬᠡᠷᠡᠭᠲᠡᠢ᠃      ︵3︶ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠠᠭᠤᠷᠬᠠᠶ ᠶᠢᠨ ᠣᠷᠣᠨ ᠤ ᠰᠢᠷᠣᠶ ᠭᠠᠷᠭᠠᠬᠤ ᠲᠠᠯᠠᠪᠠᠢ ᠨᠢ ᠨᠠᠶᠢᠯᠵᠠᠭᠤᠷ ᠬᠠᠷᠠᠭᠠᠨ᠎ᠠ᠂ ᠬᠠᠶᠢᠯᠠᠰᠤᠨ ᠮᠣᠳᠣ᠂ ᠴᠢᠨ᠋ᠸ᠎ᠠ ᠶᠢᠨ ᠬᠠᠷᠮᠠᠭ᠂ ᠴᠢᠴᠠᠷᠭᠠᠨ᠎ᠠ᠂ ᠬᠡᠭᠡᠷ᠎ᠡ ᠶᠢᠨ ᠬᠦᠢᠯᠡᠰᠦ ᠵᠡᠷᠭᠡ ᠪᠤᠳᠠ ᠮᠣᠳᠣ ᠶᠢ ᠰᠣᠩᠭᠤᠨ ᠵᠠᠶᠢᠯᠠᠵᠤ᠂ ᠵᠠᠮ ᠤᠨ ᠬᠤᠶᠠᠷ ᠲᠠᠯ᠎ᠠ ᠪᠠᠷ ᠳ᠋ᠢᠶᠠᠮᠧᠲᠷ ᠨᠢ 5cm ᠠᠴᠠ  ᠪᠠᠭ᠎ᠠ ᠤᠯᠢᠶᠠᠰᠤ᠂ ᠵᠢᠭᠠᠷᠲᠤ ᠨᠠᠷᠠᠰᠤ᠂ ᠬᠠᠶᠢᠯᠠᠰᠤᠨ ᠮᠣᠳᠣ ᠪᠤᠶᠤ ᠪᠠᠲᠤᠴᠠᠭᠠᠨ ᠵᠡᠷᠭᠡ ᠶᠢ ᠰᠣᠩᠭᠤᠨ ᠵᠠᠶᠢᠯᠠᠵᠤ᠂ ᠰᠠᠭᠤᠷᠢ ᠶᠢᠨ ᠵᠠᠶ ᠶᠢ 2m × 2m  ᠪᠠᠶᠢᠯᠭᠠᠬᠤ ᠬᠡᠷᠡᠭᠲᠡᠢ᠃      ᠲᠠᠪᠤ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ      ⒈ ᠣᠶᠢᠵᠢᠭᠤᠯᠵᠤ ᠨᠣᠭᠤᠭᠠᠷᠠᠭᠤᠯᠬᠤ ᠲᠥᠷᠥᠯ᠃ ᠲᠤᠷᠤᠭ ᠮᠣᠳᠣ᠂ ᠪᠤᠳᠠ ᠮᠣᠳᠣ᠂ ᠡᠪᠡᠰᠦᠨ ᠤ ᠤᠷᠭᠤᠮᠠᠯ ᠤᠨ ᠬᠤᠴᠢᠯᠭ᠎ᠠ ᠳᠤ ᠴᠢᠬᠢ ᠪᠤᠶᠢᠵᠢᠭᠤᠯᠬᠤ᠂ ᠪᠦᠬᠦ ᠲᠠᠯ᠎ᠠ ᠪᠠᠷ ᠪᠤᠶᠤ ᠬᠡᠰᠡᠭ ᠲᠠᠯ᠎ᠠ ᠪᠠᠷ ᠵᠠᠶᠢᠯᠠᠬᠤ ᠶᠠᠪᠤᠴᠠ ᠳᠤ ᠰᠢᠭᠤᠳ ᠣᠷᠣᠯᠴᠠᠬᠤ ᠬᠥᠳᠡᠯᠮᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠠᠶᠢᠨ᠎ᠠ᠃      ⒉ᠠᠷᠠᠴᠢᠯᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ ᠲᠦᠷᠦᠯ᠃ ᠣᠳᠣᠬᠠᠨ ᠳᠤ ᠪᠠᠶᠢᠭ᠎ᠠ ᠲᠤᠷᠤᠭ᠂ ᠪᠤᠳᠠ ᠮᠣᠳᠣ᠂ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠡᠪᠡᠰᠦ ᠶᠢ ᠠᠷᠢᠯᠭᠠᠵᠤ ᠡᠯᠳᠡᠪ ᠵᠦᠢᠯ ᠢ ᠠᠷᠢᠯᠭᠠᠬᠤ᠂ ᠤᠰᠤᠯᠠᠬᠤ᠂ ᠬᠥᠷᠥᠰᠥ ᠶᠢ ᠰᠤᠯᠠᠷᠠᠭᠤᠯᠵᠤ ᠪᠣᠷᠳᠣᠭᠤᠷ ᠣᠷᠣᠭᠤᠯᠬᠤ᠂ ᠬᠦᠨᠦᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠰᠠᠯᠠᠭ᠎ᠠ ᠶᠢ ᠨᠢ ᠵᠠᠰᠠᠵᠤ ᠬᠠᠶᠢᠴᠢᠯᠠᠬᠤ᠂ ᠠᠯᠠᠭᠯᠠᠨ ᠣᠭᠲᠣᠯᠬᠤ ᠵᠡᠷᠭᠡ ᠠᠷᠠᠴᠢᠯᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ ᠠᠵᠢᠯᠯᠠᠭ᠎ᠠ ᠳᠤ ᠰᠢᠭᠤᠳ ᠣᠷᠣᠯᠴᠠᠬᠤ ᠪᠦᠬᠦ ᠶᠠᠪᠤᠴᠠ ᠶᠢᠨ ᠪᠤᠶᠤ ᠬᠡᠰᠡᠭ ᠶᠠᠪᠤᠴᠠ ᠶᠢᠨ ᠬᠥᠳᠡᠯᠮᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠠᠶᠢᠨ᠎ᠠ᠃      ⒊ ᠪᠠᠶᠢᠭᠠᠯᠢ ᠶᠢᠨ ᠬᠠᠮᠠᠭᠠᠯᠠᠯᠲᠠ ᠶᠢᠨ ᠲᠦᠷᠦᠯ᠃ ᠡᠨᠡ ᠨᠢ ᠬᠤᠯᠪᠣᠭᠳᠠᠯ ᠪᠥᠬᠦᠶ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ᠂ ᠮᠠᠭᠤᠳᠠᠭᠰᠠᠨ ᠪᠤᠶᠤ ᠡᠪᠳᠡᠭᠳᠡᠭᠰᠡᠨ ᠭᠠᠵᠠᠷ ᠰᠢᠷᠣᠶ ᠶᠢᠨ ᠪᠠᠶᠢᠭᠠᠯᠢ ᠶᠢᠨ ᠠᠮᠢ ᠠᠬᠤᠶ ᠶᠢᠨ ᠴᠢᠳᠠᠮᠵᠢ ᠶᠢ ᠰᠡᠷᠭᠦᠭᠡᠬᠦ ᠪᠥᠬᠦ ᠶᠠᠪᠤᠴᠠ ᠶᠢᠨ ᠪᠤᠶᠤ ᠬᠡᠰᠡᠭ ᠶᠠᠪᠤᠴᠠ ᠶᠢᠨ ᠬᠥᠳᠡᠯᠮᠦᠷᠢ ᠳᠤ ᠣᠷᠣᠯᠴᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠣᠶ᠃      ⒋ᠲᠠᠷᠢᠬᠤ ᠪᠠ ᠠᠷᠠᠴᠢᠯᠠᠬᠤ ᠲᠦᠷᠦᠯ᠃ ᠰᠢᠭᠤᠳ ᠬᠦᠴᠦ ᠬᠥᠳᠡᠯᠮᠦᠷᠢ ᠣᠷᠣᠭᠤᠯᠬᠤ ᠪᠤᠶᠤ ᠵᠣᠭᠤᠰ ᠮᠥᠩᠭᠦ ᠪᠠᠷ ᠬᠥᠳᠡᠯᠮᠦᠷᠢ ᠬᠦᠴᠦᠨ ᠢ ᠣᠷᠣᠯᠠᠭᠤᠯᠬᠤ ᠪᠠᠷ ᠳᠠᠮᠵᠢᠭᠤᠯᠤᠨ᠂ ᠵᠢᠭᠠᠨ ᠲᠣᠭᠲᠠᠭᠠᠭᠰᠠᠨ ᠭᠠᠵᠠᠷ ᠲᠤ ᠲᠤᠷᠤᠭ ᠮᠣᠳᠣ᠂ ᠪᠣᠳᠠ ᠮᠣᠳᠣ᠂ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠢᠨ᠎ᠡ ᠪᠠᠷ ᠪᠠᠶᠢᠭᠤᠯᠬᠤ᠂ ᠡᠰᠡᠬᠦᠯ᠎ᠡ ᠵᠢᠭᠠᠨ ᠲᠣᠭᠲᠠᠭᠠᠭᠰᠠᠨ ᠲᠤᠷᠤᠭ ᠮᠣᠳᠣ᠂ ᠪᠣᠳᠠ ᠮᠣᠳᠣ᠂ ᠡᠪᠡᠰᠦᠨ ᠤ ᠤᠷᠭᠤᠮᠠᠯ ᠤᠨ ᠬᠤᠴᠢᠯᠭ᠎ᠠ ᠳᠤ ᠨᠡᠷ᠎ᠡ ᠬᠠᠳᠠᠬᠤ ᠪᠤᠶᠤ ᠨᠡᠷ᠎ᠡ ᠬᠠᠳᠠᠬᠤ ᠥᠬᠡᠶ ᠪᠠᠷ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠣᠶ᠃      ⒌ᠲᠦᠬᠦᠭᠡᠷᠦᠮᠵᠢ ᠪᠠᠶᠢᠭᠤᠯᠬᠤ ᠲᠦᠷᠦᠯ᠃ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠣᠶ ᠰᠢᠭᠤᠶ ᠶᠢᠨ ᠠᠵᠢᠯᠯᠠᠬᠤ ᠵᠠᠮ᠂ ᠣᠶ ᠰᠢᠭᠤᠶ ᠶᠢᠨ ᠭᠠᠯ ᠰᠡᠷᠭᠡᠶᠢᠯᠡᠬᠦ ᠪᠦᠰᠡ᠂ ᠣᠶ ᠰᠢᠭᠤᠶ ᠶᠢᠨ ᠴᠡᠴᠡᠷᠯᠢᠭ ᠤᠨ ᠶᠠᠪᠠᠭᠠᠨ ᠵᠠᠮ᠂ ᠵᠦᠯᠭᠡ ᠶᠢᠨ ᠤᠰᠤᠯᠠᠯᠲᠠ ︵ᠤᠰᠤᠲᠤᠯ ᠢ ᠵᠠᠯᠠᠬᠤ︶  ᠶᠢᠨ ᠰᠤᠪᠠᠭ ᠵᠢᠴᠢ ᠡᠯ᠎ᠡ ᠲᠥᠷᠥᠯ ᠤᠨ ᠵᠦᠯᠭᠡᠷᠬᠡᠭ ᠭᠠᠵᠠᠷ ᠤᠨ ᠵᠤᠭᠠᠴᠠᠯ᠂ ᠦᠢᠯᠡᠴᠢᠯᠡᠭᠡ᠂ ᠬᠠᠮᠢᠶᠠᠷᠤᠯᠲᠠ ᠶᠢᠨ ᠲᠥᠬᠦᠭᠡᠷᠦᠮᠵᠢ ᠵᠡᠷᠭᠡ ᠪᠥᠬᠦ ᠪᠤᠶᠤ ᠬᠡᠰᠡᠭ ᠶᠠᠪᠤᠴᠠ ᠳᠠᠬᠢ ᠬᠥᠳᠡᠯᠮᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠣᠶ᠃      ⒍ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ᠃ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠣᠷᠣᠯᠴᠠᠬᠤ᠂ ᠡᠰᠡᠬᠦᠯ᠎ᠡ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠯᠤᠭ᠎ᠠ ᠬᠤᠯᠪᠣᠭᠳᠠᠬᠤ ᠲᠦᠭᠡᠮᠡᠯᠵᠢᠭᠦᠯᠦᠨ ᠳᠡᠯᠭᠡᠷᠡᠭᠦᠯᠬᠦ᠂ ᠪᠣᠯᠪᠠᠰᠤᠷᠠᠭᠤᠯᠤᠨ ᠵᠢᠯᠣᠭᠤᠳᠬᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠠᠮᠢᠶᠠᠷᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠣᠶ᠃      ⒎ᠪᠤᠰᠤᠳ ᠲᠦᠷᠦᠯ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠳᠤ ᠬᠤᠯᠪᠣᠭᠳᠠᠬᠤ ᠪᠤᠰᠤᠳ ᠬᠥᠳᠡᠯᠮᠦᠷᠢ ᠪᠤᠶᠤ ᠬᠤᠪᠢ ᠨᠡᠮᠡᠷᠢ ᠶᠢ ᠵᠢᠭᠠᠵᠤ ᠪᠣᠶ᠂ ᠨᠤᠭᠤᠯᠤᠨ ᠪᠤᠳᠤᠬᠤ ᠪᠠᠷᠢᠮᠵᠢᠶ᠎ᠠ ᠶᠢ ᠮᠤᠵᠢ ᠶᠢᠨ ᠱᠠᠲᠤᠨ ᠤ ᠨᠣᠭᠤᠭᠠᠷᠠᠭᠤᠯᠤᠯᠲᠠ ᠶᠢᠨ ᠵᠥᠪᠯᠡᠯ ᠠᠴᠠ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠤᠯᠢ ᠶᠣᠰᠣᠭᠠᠷ ᠥᠪᠡᠰᠦᠪᠡᠨ ᠲᠣᠭᠲᠠᠭᠠᠨ᠎ᠠ᠃      ⒏ᠵᠣᠭᠤᠰ ᠮᠥᠩᠭᠦ ᠡᠳ᠋ ᠪᠣᠳᠠᠰ ᠬᠠᠨᠳᠢᠪᠯᠠᠬᠤ ᠲᠦᠷᠦᠯ᠃ ᠬᠠᠤᠯᠢ ᠶᠣᠰᠣᠨ ᠤ ᠢᠯᠡ ᠪᠠᠷ ᠴᠤᠭᠯᠠᠭᠤᠯᠬᠤ ᠵᠣᠬᠢᠶᠠᠨ ᠪᠠᠶᠢᠭᠤᠯᠤᠯᠲᠠ ᠳᠤ ᠰᠠᠶᠢᠨ ᠳᠤᠷ᠎ᠠ ᠠᠴᠠ ᠪᠠᠨ ᠪᠡᠯᠡ ᠮᠥᠩᠭᠦ ᠬᠠᠨᠳᠢᠪᠯᠠᠵᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠳᠤ ᠬᠡᠷᠡᠭᠯᠡᠬᠦ ᠪᠤᠶᠤ ᠲᠤᠬᠠᠶ ᠶᠢᠨ ᠭᠠᠵᠠᠷ ᠤᠨ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠳᠤ ᠪᠠᠴᠢᠮ ᠬᠡᠷᠡᠭᠰᠡᠬᠦ ᠡᠳ᠋ ᠪᠣᠳᠠᠰ ᠢ ᠬᠠᠨᠳᠢᠪᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠢᠭᠠᠵᠤ ᠪᠣᠶ  ᠃      ᠳᠡᠭᠡᠷᠡᠬᠢ ᠨᠠᠢᠮᠠᠨ ᠵᠦᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠡᠯ᠎ᠡ ᠨᠢᠭᠡᠴᠡ ᠪᠠ ᠬᠤᠪᠢ ᠬᠥᠮᠦᠨ ᠴᠥᠮ ᠠᠳᠠᠯᠢ ᠪᠤᠰᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠪᠠᠷ ᠪᠡᠶᠡᠯᠡᠭᠦᠯᠵᠦ ᠪᠣᠯᠤᠨ᠎ᠠ᠂ ᠪᠡᠶᠡᠯᠡᠭᠦᠯᠦᠭᠰᠡᠨ ᠡᠭᠦᠷᠭᠡ ᠶᠢᠨ ᠬᠡᠮᠵᠢᠶ᠎ᠡ ᠶᠢ ᠡᠯ᠎ᠡ ᠨᠢᠭᠡᠴᠡ ᠠᠴᠠ ᠲᠥᠪᠯᠡᠷᠡᠭᠦᠯᠦᠨ ᠨᠢᠭᠡᠳᠦᠯᠲᠡᠶ ᠳᠡᠭᠡᠭᠰᠢ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠮᠠᠲ᠋ᠧᠷᠢᠶᠠᠯ ᠢ ᠭᠦᠢᠴᠡᠳ ᠬᠠᠩᠭᠠᠵᠤ᠂  ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠨᠤᠭᠤᠯᠤᠨ ᠪᠤᠳᠤᠵᠤ ᠮᠠᠭᠠᠳᠯᠠᠨ ᠲᠣᠭᠲᠠᠭᠠᠬᠤ ᠶᠢᠨ ᠬᠠᠮᠲᠤ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠭᠠᠷᠭᠠᠨ᠎ᠠ᠃ ᠤᠯᠤᠰ ᠪᠤᠶᠤ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠣᠷᠣᠭᠤᠯᠵᠤ ᠪᠡᠶᠡᠯᠡᠭᠦᠯᠦᠭᠰᠡᠨ ᠪᠠᠶᠢᠭᠠᠯᠢ ᠶᠢᠨ ᠬᠠᠮᠠᠭᠠᠯᠠᠯᠲᠠ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ᠂ ᠤᠢ ᠰᠢᠭᠤᠶ ᠶᠢᠨ ᠠᠷᠠᠴᠢᠯᠠᠨ ᠪᠤᠶᠢᠵᠢᠭᠤᠯᠬᠤ ᠵᠡᠷᠭᠡ ᠨᠣᠭᠤᠭᠠᠷᠠᠭᠤᠯᠤᠯᠲᠠ ᠯᠤᠭ᠎ᠠ ᠬᠤᠯᠪᠣᠭᠳᠠᠬᠤ ᠪᠠᠷᠢᠯᠭ᠎ᠠ ᠪᠤᠶᠤ ᠲᠥᠷᠥᠯ ᠵᠦᠢᠯ ᠳᠤ ᠠᠯᠪᠠᠨ ᠵᠢᠷᠤᠮ ᠤᠨ ᠮᠣᠳᠣ ᠲᠡᠷᠢᠬᠤ ᠡᠭᠦᠷᠭᠡ ᠶᠢ ᠨᠤᠭᠤᠯᠤᠨ ᠪᠤᠳᠤᠬᠤ ᠥᠭᠡᠢ᠃ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠬᠡᠰᠡᠭ ᠨᠢᠭᠡᠴᠡ᠂ ᠣᠯᠠᠨ ᠲᠦᠮᠡᠨ ᠤ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠤᠯᠤᠨ᠎ᠠ᠃      ᠬᠤᠰᠢᠭᠤ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠵᠢᠴᠢ ᠬᠤᠰᠢᠭᠤᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠺᠠᠳ᠋ᠷ ᠠᠵᠢᠯᠲᠠᠨ ᠶᠠᠮᠠᠷ ᠨᠢᠭᠡᠨ ᠰᠢᠯᠲᠠᠭᠠᠨ ᠠᠴᠠ ᠪᠣᠯᠵᠣ ᠠᠯᠪᠠᠨ ᠵᠢᠷᠤᠮ ᠤᠨ ᠮᠣᠳᠣ ᠳᠠᠷᠢᠬᠤ ᠳᠤ ᠣᠷᠣᠯᠴᠠᠵᠤ ᠳᠡᠶᠢᠯᠬᠦ ᠥᠬᠡᠶ ᠪᠠᠶᠢᠪᠠᠯ᠂ ᠵᠣᠭᠤᠰ ᠮᠥᠩᠭᠦ ᠡᠳ᠋ ᠪᠣᠳᠠᠰ ᠤᠨ ᠲᠥᠷᠥᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠪᠠᠷ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠪᠠᠨ ᠪᠡᠶᠡᠯᠡᠭᠦᠯᠦᠨ᠎ᠡ᠃ ᠵᠣᠭᠤᠰ ᠮᠥᠩᠭᠦ ᠡᠳ᠋ ᠪᠣᠳᠠᠰ ᠤᠨ ᠲᠥᠷᠥᠯ ᠢ ᠨᠤᠭᠤᠯᠤᠨ ᠪᠤᠳᠤᠬᠤ ᠪᠠᠷᠢᠮᠵᠢᠶ᠎ᠠ᠄ ︽ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠪᠥᠬᠦ ᠨᠤᠭᠤᠭᠠᠷᠠᠭᠤᠯᠬᠤ ᠥᠰᠥᠭ ︹ 2017 ︺ 6 ᠲᠣᠭᠠᠲᠤ︶ ᠶᠢᠨ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ ᠭᠠᠵᠠᠷ ᠣᠷᠣᠨ ᠤ ᠪᠠᠷᠢᠮᠵᠢᠶ᠎ᠠ ᠨᠢ ᠰᠠᠭᠤᠷᠢ ᠪᠦᠷᠢ 15 ᠲᠥᠭᠦᠷᠢᠭ᠂ ᠬᠥᠮᠦᠨ ᠪᠦᠷᠢ ᠶᠢᠨ ᠠᠯᠪᠠᠨ ᠵᠢᠷᠤᠮ ᠤᠨ ᠮᠣᠳᠣ ᠳᠠᠷᠢᠬᠤ ᠶᠢ 5 ᠰᠠᠭᠤᠷᠢ ᠪᠠᠷ ᠪᠤᠳᠤᠵᠤ᠂ ᠬᠥᠮᠦᠨ ᠪᠦᠷᠢ 75 ᠲᠥᠭᠦᠷᠢᠭ ᠤᠨ ᠪᠠᠯᠠ ᠮᠥᠩᠭᠦ ᠬᠠᠨᠳᠢᠪᠯᠠᠪᠠᠯ ᠵᠣᠬᠢᠨ᠎ᠠ᠂ ᠲᠣᠰ ᠪᠠᠯᠠ ᠮᠥᠩᠭᠦ ᠶᠢ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠨᠢᠭᠡᠳᠦᠯᠲᠡᠶ ᠵᠣᠭᠤᠰ ᠴᠤᠭᠯᠠᠭᠤᠯᠤᠭᠰᠠᠨ ᠤ ᠳᠠᠷᠠᠭ᠎ᠠ ᠬᠤᠰᠢᠭᠤ ᠣᠶ ᠰᠢᠭᠤᠶ ᠶᠢᠨ ᠠᠵᠢᠯ ᠤᠨ ᠥᠷᠲᠡᠭᠡ ᠳᠤ ᠨᠠᠶᠢᠳᠠᠵᠤ ᠣᠷᠣᠯᠠᠨ ᠵᠣᠬᠢᠶᠠᠨ ᠪᠠᠶᠢᠭᠤᠯᠵᠤ ᠠᠵᠢᠯᠯᠠᠭᠤᠯᠤᠨ᠎ᠠ᠃ ᠬᠠᠨᠳᠢᠪᠯᠠᠭᠰᠠᠨ ᠡᠳ᠋ ᠪᠣᠳᠠᠰ ᠨᠢ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠳᠤ ᠬᠡᠷᠡᠭᠰᠡᠬᠦ ᠡᠳ᠋ ᠪᠣᠳᠠᠰ ᠲᠤ ᠬᠠᠷᠢᠶᠠᠯᠠᠭᠳᠠᠨ᠎ᠠ᠃      ᠵᠣᠭᠤᠰ ᠮᠥᠩᠭᠦ ᠡᠳ᠋ ᠪᠣᠳᠠᠰ ᠤᠨ ᠲᠥᠷᠥᠯ ᠤᠨ ᠣᠶᠢᠵᠢᠭᠤᠯᠤᠯᠲᠠ ᠶᠢᠨ ᠮᠥᠩᠭᠦ ᠲᠤᠰᠢᠶᠠᠬᠤ ᠨᠢᠭᠡᠴᠡ ᠨᠢ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠲᠠᠢ ᠬᠠᠷᠢᠯᠴᠠᠨ᠎ᠠ ︵ᠬᠠᠷᠢᠯᠴᠠᠬᠤ ᠬᠥᠮᠦᠨ᠄ ᠯᠢ ᠶᠢᠩ᠂ ᠬᠠᠷᠢᠯᠴᠠᠬᠤ ᠤᠲᠠᠰᠤ᠄ 13474746698᠂ ᠭᠠᠵᠠᠷ᠄ ᠬᠤᠰᠢᠭᠤ ᠣᠶ ᠰᠢᠭᠤᠶ ᠶᠢᠨ ᠠᠵᠢᠯᠯᠠᠬᠤ ᠥᠷᠲᠡᠭᠡ︶᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号