︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ︽ᠬᠤᠣᠰ ᠵᠠᠭᠤᠨ ᠵᠢᠯ︾ | ᠤᠨ ᠲᠡᠮᠡᠴᠡᠬᠦ ᠬᠠᠷᠠᠯᠲᠠ ᠶᠢᠨ ᠠᠭᠤᠯᠵᠠᠷ ᠤᠨ ᠬᠤᠭᠤᠴᠠᠭ᠎ᠠ ᠪᠣᠯᠤᠨ᠎ᠠ᠂ ᠵᠡᠭᠦᠨ ᠦᠵᠦᠮᠦᠴᠢᠨ ᠬᠤᠰᠢᠭᠤᠨ ᠤ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ | ᠣᠳᠣᠬᠢᠴᠢᠯᠠᠭᠰᠠᠨ ᠰᠢᠨ᠎ᠡ ᠮᠠᠯᠵᠢᠬᠤ ᠣᠷᠣᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠡᠬᠢᠯᠡᠭᠦᠯᠬᠦ | ᠨᠢᠭᠡᠳᠣᠭᠡᠷ ᠲᠠᠪᠤᠨ ᠵᠢᠯ ᠪᠣᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠵᠠᠬᠢᠷᠭ᠎ᠠ ᠶᠢᠨ | ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠪᠠᠶᠢᠳᠠᠯ ᠳᠤ ᠬᠦᠨᠵᠡᠭᠡᠢ ᠵᠠᠳᠠᠯᠣᠯᠲᠠ ᠬᠢᠵᠣ᠂ ︽ᠠᠷᠪᠠᠨ ᠳᠥᠷᠪᠡᠳᠦᠭᠡᠷ ᠲᠠᠪᠤᠨ ᠵᠢᠯ︾ ᠲᠤ | ᠲᠣᠬᠢᠶᠠᠯᠳᠣᠬᠤ ᠠᠵᠠ ᠲᠣᠬᠢᠶᠠᠯ ᠪᠣᠯᠤᠨ ᠥᠷᠢᠰᠥᠯᠳᠦᠭᠡᠨ ᠢ ᠣᠨᠣᠪᠴᠢᠲᠠᠶ ᠰᠤᠳᠤᠯᠤᠨ ᠮᠠᠭᠠᠳᠯᠠᠵᠤ᠂ ᠰᠢᠨ᠎ᠡ ᠬᠡᠪ | ᠪᠠᠶᠢᠳᠠᠯ ᠳᠣᠤᠷ᠎ᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢ ᠦᠨᠡᠨᠬᠦ ᠡᠵᠡᠮᠳᠡᠵᠦ᠂ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠰᠡᠳᠬᠢᠴᠡ᠂ ᠰᠢᠨ᠎ᠡ ᠬᠠᠷᠠᠯᠲᠠ᠂ ᠰᠢᠨ᠎ᠡ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠬᠤ ᠨᠢ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠬᠤ᠂ ᠪᠥᠬᠦ | ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ | ᠨᠢᠭᠡᠳᠦᠭᠡᠷ ᠪᠦᠯᠦᠭ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠲᠣᠬᠢᠶᠠᠯ ᠢ ᠡᠵᠡᠮᠰᠢᠬᠦ | ᠨᠢᠭᠡᠳᠦᠭᠡᠷ ᠬᠡᠰᠡᠭ ᠭᠤᠤᠯ ᠠᠮᠵᠢᠯᠲᠠ | ᠥᠩᠭᠡᠷᠡᠭᠰᠡᠨ ᠲᠠᠪᠤᠨ ᠵᠢᠯ᠂ ᠲᠦᠪᠡᠭ ᠪᠤᠳᠤᠯᠢᠶᠠᠨᠲᠠᠶ ᠬᠥᠭᠵᠢᠯᠲᠡ ᠶᠢᠨ ᠣᠷᠴᠢᠨ ᠨᠥᠬᠦᠴᠡᠯ ᠪᠠ ᠭᠡᠨᠡᠳᠲᠡ | ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠣᠭᠠᠷ᠂ ᠳᠦᠷᠪᠡᠳᠣᠭᠡᠷ᠂ ᠲᠠᠪᠣᠳᠣᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠲᠣᠣᠱᠯᠠᠭᠤᠯᠵᠣ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠰᠢᠯᠢ ᠶᠢᠨ ᠭᠤᠣᠯ ᠠᠶᠢᠮᠠᠭ ᠤᠨ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠣᠷᠢᠵᠢᠭᠤᠯᠵᠣ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠦᠢᠯᠡᠳᠦᠯᠭᠡᠵᠢᠬᠦᠯᠦᠨ᠂ ᠨᠡᠮᠡᠭᠳᠡᠯ ᠢ ᠪᠠᠳᠣᠯᠠᠵᠣ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠣᠯᠲᠠᠢ | ᠲᠦᠯᠦᠪᠵᠢᠬᠦᠯᠦᠨ ᠠᠬᠢᠭᠤᠯᠵᠣ᠂ ᠵᠣᠷᠢᠭᠲᠠᠶ ᠴᠢᠷᠮᠠᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠣ᠂ ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠳᠤ ᠲᠣᠭᠲᠠᠭᠠᠭᠰᠠᠨ ᠭᠤᠣᠯ ᠡᠭᠦᠷᠭᠡ ᠶᠢ ᠦᠨᠳᠦᠰᠦᠨ ᠳᠡᠭᠡᠨ | ᠪᠡᠶᠡᠯᠡᠬᠦᠯᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠬᠠᠷᠠᠯᠲᠠ ᠶᠢ ᠬᠤᠭᠤᠴᠠᠭ᠎ᠠ | ᠶᠣᠰᠣᠭᠠᠷ ᠪᠠᠶᠡᠯᠡᠬᠦᠯᠪᠡ᠃ | ᠨᠢᠭᠡ᠂ ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤᠯᠠᠮ ᠨᠢᠭᠡ ᠠᠯᠬᠤᠮ ᠴᠢᠩᠭᠠᠷᠠᠪᠠ | ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠪᠠᠶᠢᠳᠠᠯ ᠢ ᠪᠠᠳᠣᠯᠠᠪᠠ᠃ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠰᠡᠭᠦᠯᠴᠢ ᠳᠤ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ 57.44 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ | ᠰᠡᠭᠦᠯᠴᠢ ᠶᠢᠨ ᠬᠢ ᠠᠴᠠ 29.8% ᠪᠠᠷ ᠨᠡᠮᠡᠭᠳᠡᠵᠦ᠂ ᠳᠤᠮᠳᠠᠴᠢ ᠪᠠᠷ ᠵᠢᠯ ᠪᠦᠷᠢ 3.5% ᠪᠠᠷ ᠨᠡᠮᠡᠭᠳᠡᠪᠡ᠃ | 2020 ᠣᠨ ᠳᠤ ᠳᠤᠮᠳᠠᠴᠢ ᠪᠠᠷ ᠬᠦᠮᠦᠨ ᠪᠦᠷᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ | 8.09 ᠲᠦᠮᠡᠨ ᠲᠥᠭᠦᠷᠢᠭ ᠲᠤ ᠬᠦᠷᠴᠦ᠂ ᠪᠥᠬᠦ ᠣᠷᠣᠨ ᠤ ᠳᠤᠮᠳᠠᠴᠢ ᠲᠦᠪᠰᠢᠨ ᠢ ᠳᠠᠪᠠᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠳᠤᠮᠳᠠᠴᠢ ᠪᠠᠷ ᠵᠢᠯ ᠪᠦᠷᠢ 1. | 5% ᠪᠠᠷ ᠨᠡᠮᠡᠭᠳᠡᠪᠡ᠃ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ | ᠨᠡᠶᠢᠲᠡ 202 ᠢ ᠲᠤᠭᠲᠠᠭᠠᠵᠣ᠂ ᠬᠡᠷᠡᠭᠵᠢᠭᠦᠯᠵᠦ᠂ 143 ᠶᠢ ᠲᠠᠭᠤᠰᠬᠠᠵᠦ᠂ 90 ᠳ᠋ᠦᠩᠰᠢᠭᠤᠷ ᠲᠥᠭᠦᠷᠢᠭ ᠤᠨ | ᠪᠡᠯᠡ ᠤᠷᠤᠭᠤᠯᠤᠯᠲᠠ ᠶᠢ ᠲᠠᠭᠤᠰᠬᠠᠪᠠ᠃ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ ᠨᠡᠶᠢᠲᠡ 30.98 | ᠳ᠋ᠦᠩᠰᠢᠭᠤᠷ ᠲᠥᠭᠦᠷᠢᠭ ᠲᠤ ᠬᠦᠷᠪᠡ᠃ ︽ᠭᠤᠷᠪᠠ ᠶᠢ ᠪᠠᠭᠤᠷᠠᠭᠤᠯᠵᠣ ᠨᠢᠭᠡ ᠶᠢ ᠪᠠᠭᠠᠰᠬᠠᠬᠤ︾ ᠶᠢ ᠴᠢᠷᠮᠠᠶᠢᠨ | ᠪᠡᠶᠡᠯᠡᠬᠦᠯᠵᠣ᠂ ᠭᠤᠷᠪᠠᠨ ᠠᠵᠤ ᠦᠢᠯᠡᠰ ᠤᠨ ᠡᠵᠡᠯᠡᠬᠦ ᠬᠠᠷᠢᠴᠠᠯ 2015 ᠣᠨ ᠳᠤ 30.4᠄ 39.2᠄ 30.4 | ᠪᠠᠶᠢᠭᠰᠠᠨ ᠠᠴᠠ ᠪᠠᠨ 2020 ᠣᠨ ᠪᠣᠯᠬᠤ ᠳᠤ 32.6᠄ 33.7᠄ 33.7 ᠪᠣᠯᠪᠠ᠃ ᠮᠠᠯ ᠠᠵᠤ ᠠᠬᠤᠶ ᠪᠠᠷ | ᠰᠠᠭᠤᠷᠢ ᠪᠣᠯᠭᠠᠭᠰᠠᠨ᠂ ᠥᠩᠭᠡᠲᠦ ᠲᠡᠮᠦᠷᠯᠢᠭ ᠰᠣᠩᠭᠤᠨ ᠪᠣᠯᠪᠠᠰᠤᠷᠠᠭᠤᠯᠬᠤ ᠪᠠᠷ ᠲᠤᠯᠭᠠᠭᠤᠷᠢ ᠪᠣᠯᠭᠠᠭᠰᠠᠨ᠂ | ᠨᠡᠭᠦᠷᠡᠰᠦ ᠶᠢ ᠶᠡᠷᠦᠩᠬᠡᠶᠢᠯᠡᠨ ᠠᠰᠢᠭᠯᠠᠬᠤ᠂ ᠲᠣᠰᠣᠨ ᠬᠡᠢ ᠶᠢ ᠨᠡᠭᠡᠭᠡᠨ ᠬᠦᠭᠵᠢᠬᠦᠯᠬᠦ᠂ ᠰᠣᠶᠣᠯ ᠵᠢᠭᠤᠯᠴᠢᠯᠠᠯ᠂ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠯᠠᠭᠠᠨ ᠢᠳᠡᠭᠡᠨ ᠡᠳ᠋ᠰᠢᠬᠦᠯᠦᠨ ᠪᠣᠯᠪᠠᠰᠣᠷᠠᠭᠤᠯᠬᠤ | ᠵᠡᠷᠭᠡ ᠠᠵᠤ ᠦᠢᠯᠡᠰ ᠵᠣᠬᠢᠴᠠᠩᠭᠤᠶ ᠪᠠᠷ ᠬᠦᠭᠵᠢᠭᠰᠡᠨ ᠠᠵᠤ ᠦᠢᠯᠡᠰ ᠤᠨ ᠲᠣᠭᠳᠠᠯᠴᠠᠭ᠎ᠠ ᠶᠢ ᠠᠩᠬ᠎ᠠ ᠠᠯᠬᠤᠮ | ᠪᠠᠶᠢᠭᠤᠯᠪᠠ᠃ | ᠮᠠᠯ ᠠᠵᠤ ᠠᠬᠤᠢ ᠶᠢᠨ ᠬᠥᠭᠵᠢᠯᠲᠡ ᠶᠢᠨ ᠠᠯᠬᠤᠴᠠ ᠲᠦᠷᠭᠡᠳᠪᠡ᠃ ︽ᠬᠤᠨᠢ ᠶᠢ ᠴᠦᠭᠡᠳᠭᠡᠵᠦ᠂ | ᠦᠬᠡᠷ ᠢ ᠨᠡᠮᠡᠭᠳᠡᠭᠦᠯᠬᠦ︾ ᠨᠢ ᠥᠷᠭᠡᠨ ᠣᠯᠠᠨ ᠮᠠᠯᠴᠢᠳ ᠤᠨ ᠣᠷᠣᠯᠭ᠎ᠠ ᠪᠠᠨ ᠨᠡᠮᠡᠭᠳᠡᠬᠦᠯᠬᠦ ᠰᠠᠨᠠᠭᠠᠴᠢᠯᠠᠭᠠᠳᠣ | ᠠᠵᠢᠯᠯᠠᠭ᠎ᠠ ᠪᠣᠯᠵᠣ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠪᠤᠯᠬᠤ ᠳᠤ ᠲᠠᠪᠤᠨ ᠵᠢᠯ ᠳᠤ | ᠮᠠᠯᠵᠢᠯ ᠤᠨ ᠣᠨ ᠤ ᠬᠤᠨᠢᠨ ᠤ ᠲᠤᠭ᠎ᠠ ᠶᠢ 60.4 ᠲᠦᠮᠡ ᠪᠠᠭᠠᠰᠬᠠᠵᠦ 108.6 ᠲᠦᠮᠡ ᠪᠣᠯᠭᠠᠨ ᠪᠠᠭᠤᠷᠠᠭᠤᠯᠵᠣ | ᠂ ᠮᠢᠬᠠᠨ ᠤ ᠦᠬᠡᠷ ᠤᠨ ᠲᠤᠭ᠎ᠠ ᠶᠢ 4.08 ᠲᠦᠮᠡ ᠪᠣᠯᠭᠠᠨ ᠨᠡᠮᠡᠭᠳᠡᠭᠦᠯᠵᠦ᠂ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠰᠡᠭᠦᠯᠴᠢ ᠪᠤᠯᠬᠤ ᠳᠤ 9.52 ᠲᠦᠮᠡ ᠪᠤᠯᠭᠠᠪᠠ᠃ ᠡᠭᠦᠯᠳᠡᠷ ᠰᠠᠶᠢᠵᠢᠷᠠᠭᠤᠯᠬᠤ ᠶᠢ ᠦᠷᠭᠦᠯᠵᠢᠯᠡᠨ | ᠠᠬᠢᠭᠤᠯᠵᠤ᠂ ᠦᠵᠦᠮᠦᠴᠢᠨ ᠬᠤᠨᠢᠨ ᠤ ᠭᠤᠣᠯᠳᠠᠯᠭᠠᠲᠤ ᠰᠦᠷᠦᠭ 270 ᠰᠦᠷᠦᠭ ᠬᠦᠷᠴᠦ᠂ ᠪᠠᠷᠢᠮᠵᠢᠶᠠᠵᠢᠭᠰᠠᠨ | ᠰᠦᠷᠦᠭ 2600 ᠰᠦᠷᠦᠭ ᠬᠦᠷᠴᠦ ᠦᠷ᠎ᠡ ᠶᠢᠨ ᠮᠠᠯ ᠢ ᠲᠥᠪᠯᠡᠷᠡᠭᠦᠯᠦᠨ ᠬᠠᠮᠢᠶᠠᠷᠬᠤ ᠰᠦᠷᠦᠭ 127 ᠳᠤ | ᠬᠦᠷᠪᠡ᠃ ᠳᠡᠭᠡᠳᠦ ᠲᠡᠰ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠨᠢ ᠪᠦᠬᠦ ᠠᠶᠢᠮᠠᠭ ᠤᠨ ᠡᠮᠦᠨ᠎ᠡ | ᠡᠩᠨᠡᠭᠡᠨ ᠳᠤ ᠣᠷᠣᠵᠤ᠂ ᠠᠶᠢᠮᠠᠭ ᠤᠨ ᠲᠡᠰ ᠤᠨ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠭᠤᠣᠯᠳᠠᠯᠭᠠᠲᠤ | ᠰᠦᠷᠦᠭ 24 ᠳᠤ ᠬᠦᠷᠴᠦ᠂ ᠮᠣᠩᠭᠤᠯ ᠦᠬᠡᠷ ᠤᠨ ᠭᠤᠣᠯᠳᠠᠯᠭᠠᠲᠤ ᠰᠦᠷᠦᠭ 5 ᠳᠤ ᠬᠦᠷᠴᠦ᠂ ᠰᠢᠯᠢᠳᠡᠭ | ᠡᠭᠦᠯᠳᠡᠷ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 10 ᠶᠢ ᠪᠠᠶᠢᠭᠤᠯᠤᠨ᠂ ᠦᠷ᠎ᠡ ᠶᠢᠨ ᠮᠠᠯ | ᠤᠨ ᠲᠠᠯᠠᠪᠠᠢ 2 ᠶᠢ ᠪᠠᠶᠢᠭᠤᠯᠵᠤ᠂ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠢ 1᠂ ᠮᠣᠩᠭᠤᠯ | ᠠᠳᠤᠭᠤᠨ ᠤ ᠡᠭᠦᠯᠳᠡᠷ ᠬᠠᠮᠠᠭᠠᠯᠠᠬᠤ ᠭᠤᠣᠯᠳᠠᠯᠭᠠᠲᠤ ᠰᠦᠷᠦᠭ 30᠂ ᠮᠣᠩᠭᠤᠯ ᠠᠳᠤᠭᠤᠨ ᠤ ᠤᠳᠤᠮ ᠢ | ᠬᠠᠮᠠᠭᠠᠯᠠᠬᠤ ᠲᠤᠷᠰᠢᠯᠲᠠ ᠶᠢᠨ ᠴᠡᠭ ᠢ 8 ᠶᠢ ᠪᠠᠶᠢᠭᠤᠯᠪᠠ᠃ ᠠᠵᠤ ᠦᠢᠯᠡᠰ ᠤᠨ ᠡᠵᠡᠩᠨᠡᠯᠲᠡ ᠶᠢᠨ ᠭᠤᠣᠯ | ᠴᠣᠭᠴᠠ ᠶᠢᠨ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠤᠶᠤᠨᠲᠤ ᠭᠡᠷ ᠪᠦᠯᠢ ᠶᠢᠨ ᠮᠠᠯᠵᠢᠯ ᠤᠨ | ᠲᠠᠯᠠᠪᠠᠢ ᠶᠢᠨ ᠵᠢᠱᠢᠶ᠎ᠡ ᠦᠵᠡᠭᠦᠯᠬᠦ ᠦᠢᠯᠡᠳᠦᠯ ᠢᠯᠡᠳᠳᠡ ᠪᠣᠯᠪᠠ᠃ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ | ᠲᠡᠮᠳᠡᠭ ᠤᠨ ᠨᠥᠯᠥᠭᠡᠯᠡᠯ ᠢ ᠲᠠᠰᠤᠷᠠᠯᠲᠠ ᠥᠬᠡᠶ ᠨᠡᠮᠡᠭᠳᠡᠭᠦᠯᠦᠨ᠂ ᠦᠵᠦᠮᠦᠴᠢᠨ ᠬᠤᠨᠢᠨ ᠤ ᠨᠡᠷ᠎ᠡ ᠠᠯᠳᠠᠷᠰᠢᠯ ᠢ | ᠤᠯᠠᠮ ᠳᠡᠭᠡᠭᠰᠢᠯᠡᠭᠦᠯᠵᠦ᠂ ︽ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠣᠯᠬᠦᠢ ᠶᠢᠨ | ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠲᠣᠭᠲᠠᠭᠠᠬᠤ ᠪᠠ ᠪᠠᠶᠢᠭᠤᠯᠤᠮᠵᠢ ᠶᠢᠨ ᠬᠢᠨᠠᠨ ᠰᠢᠯᠭᠠᠬᠤ ᠬᠤᠣᠰ ᠭᠡᠷᠡᠴᠢᠯᠡᠯ | ︾ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠷᠠᠭᠤᠯᠤᠯᠲᠠ ᠳᠤ ᠬᠢᠷᠢ ᠳᠡᠩᠴᠡᠵᠣ᠂ ᠤᠯᠤᠰ ᠤᠨ | ᠭᠤᠣᠯᠳᠠᠯᠭ᠎ᠠ ᠲᠠᠢ ᠰᠢᠯᠢᠳᠡᠭ ᠡᠭᠦᠯᠳᠡᠷ ᠤᠨ ᠮᠠᠯ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠠ | ᠤᠯᠤᠰ ᠤᠨ ᠴᠢᠬᠤᠯᠠ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ | ᠪᠣᠯᠪᠠᠰᠣᠷᠠᠭᠤᠯᠵᠣ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠪᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠪᠡ᠃ ᠪᠦᠬᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 20 ᠡᠷᠦᠬᠡ ᠳᠤ ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠨᠡᠶᠢᠲᠡ 67.83 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠢᠯᠡᠳᠪᠦᠷᠢ ᠶᠢᠨ ᠡᠳ᠋ ᠤᠨ | ᠵᠠᠰᠠᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 88.7 % ᠳᠤ ᠬᠦᠷᠴᠦ᠂ ︽ᠠᠷᠪᠠᠨ ᠬᠤᠶᠠᠳᠤᠭᠠᠷ | ᠲᠠᠪᠤᠨ ᠵᠢᠯ︾ ᠤᠨ ᠰᠡᠭᠦᠯᠴᠢ ᠶᠢᠨ ᠬᠢ ᠠᠴᠠ 1.7% ᠪᠠᠷ ᠨᠡᠮᠡᠭᠳᠡᠪᠡ᠃ ᠨᠡᠭᠦᠷᠡᠰᠦᠨ ᠤ ᠦᠢᠯᠡᠳᠪᠦᠷᠢᠯᠡᠯ ᠤᠨ | ᠴᠢᠳᠠᠪᠤᠷᠢ ᠶᠢ ᠥᠷᠭᠡᠳᠬᠡᠬᠦ᠂ ᠮᠡᠷᠭᠡᠵᠢᠯ ᠤᠨ ᠰᠢᠨᠡᠴᠢᠯᠡᠯᠳᠡ ᠵᠡᠷᠭᠡ ᠶᠢ ᠤᠷᠤᠭᠰᠢᠲᠠᠢ ᠠᠬᠢᠭᠤᠯᠵᠤ᠂ ᠰᠢᠯᠢᠳᠡᠭ | ᠦᠢᠯᠡᠳᠪᠦᠷᠢᠯᠡᠯ ᠤᠨ ᠴᠢᠳᠠᠪᠣᠷᠢ ᠲᠠᠢ ᠴᠠᠭᠠᠨᠳᠣᠯᠣᠭᠠᠢ ᠨᠡᠭᠦᠷᠡᠰᠦᠨ ᠠᠭᠤᠷᠬᠠᠢ ᠶᠢᠨ ᠣᠷᠴᠢᠨ ᠲᠣᠭᠤᠷᠢᠨ ᠤ | ᠦᠨᠡᠯᠡᠯᠲᠡ ᠨᠢ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠥᠩᠭᠡᠷᠡᠭᠦᠯᠵᠦ᠂ ᠶᠡᠷᠦᠩᠬᠡᠢ ᠲᠥᠯᠥᠪᠵᠢᠭᠦᠯᠭᠡ ᠶᠢ ᠲᠦᠷᠢᠮ | ᠶᠣᠰᠣᠭᠠᠷ ᠮᠡᠳᠡᠭᠦᠯᠪᠡ᠃ ᠪᠦᠬᠦ ᠬᠤᠰᠢᠭᠤᠨ ᠤ ᠥᠩᠭᠡᠲᠦ ᠲᠡᠮᠦᠷᠯᠢᠭ ᠤᠨ ᠰᠣᠩᠭᠤᠨ ᠪᠣᠯᠪᠠᠰᠤᠷᠠᠭᠤᠯᠬᠤ ᠴᠢᠳᠠᠪᠤᠷᠢ | ᠡᠳᠦᠷ ᠲᠤ 1.2 ᠲᠦᠮᠡᠨ ᠲᠣᠨ ᠳᠤ ᠬᠦᠷᠴᠦ᠂ ᠬᠤᠸᠠᠨᠣᠳ ᠦᠩᠭᠡᠲᠦ ᠲᠡᠮᠦᠷᠯᠢᠭ ᠤᠨ ᠠᠭᠤᠷᠬᠠᠢ ᠶᠢ ᠰᠣᠩᠭᠤᠨ | ᠪᠣᠯᠪᠠᠰᠤᠷᠠᠭᠤᠯᠬᠤ ᠲᠥᠷᠥᠯ ᠵᠦᠢᠯ ᠠᠰᠢᠭᠯᠠᠯᠲᠠ ᠳᠤ ᠣᠷᠣᠵᠤ᠂ ᠬᠦᠪᠳᠣᠨᠲᠣᠯᠣᠭᠠᠢ ᠦᠩᠭᠡᠲᠦ ᠲᠡᠮᠦᠷᠯᠢᠭ ᠤᠨ | ᠠᠭᠤᠷᠬᠠᠢ ᠶᠢᠨ ᠰᠣᠩᠭᠤᠨ ᠪᠣᠯᠪᠠᠰᠣᠷᠠᠭᠤᠯᠬᠤ ᠲᠥᠷᠥᠯ ᠵᠦᠢᠯ ᠪᠠᠶᠢᠭᠤᠯᠤᠭᠳᠠᠵᠤ᠂ ᠣᠯᠠᠭᠠᠨᠳᠣᠯᠣᠭᠠᠢ ᠶᠢᠨ ᠵᠡᠭᠦᠨ | ᠬᠡᠰᠡᠭ᠂ 1017 ᠥᠨᠳᠦᠷᠯᠢᠭ ᠭᠠᠵᠠᠷ ᠵᠡᠷᠭᠡ ᠨᠢᠭᠡ ᠪᠦᠯᠦᠭ ᠦᠩᠭᠡᠲᠦ ᠲᠡᠮᠦᠷᠯᠢᠭ ᠤᠨ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠪᠡ᠃ ᠴᠢᠯᠠᠭᠤᠨ ᠲᠣᠰᠣᠨ ᠤ ᠲᠥᠷᠥᠯ ᠵᠦᠢᠯ ᠤᠨ ᠦᠢᠯᠡᠳᠪᠦᠷᠢᠯᠡᠯ | ᠤᠨ ᠴᠢᠳᠠᠪᠤᠷᠢ ᠵᠢᠯ ᠳᠤ 50 ᠲᠦᠮᠡᠨ ᠲᠣᠨ ᠳᠤ ᠬᠦᠷᠪᠡ᠃ ᠲᠣᠭᠤᠷᠢᠭ ᠤᠨ ᠰᠠᠭᠤᠷᠢ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ᠂ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠢᠨᠵᠢᠯᠡᠭᠡ ᠮᠡᠷᠭᠡᠵᠢᠯ ᠤᠨ ᠵᠢᠱᠢᠶ᠎ᠡ | ᠦᠵᠡᠭᠦᠯᠬᠦ ᠲᠣᠭᠤᠷᠢᠭ ᠢ ᠨᠢᠭᠡᠳᠬᠡᠵᠦ᠂ 15 ᠡᠷᠦᠬᠡ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ ᠠᠵᠤ ᠦᠢᠯᠡᠳᠪᠤᠷᠢ ᠶᠢᠨ ᠲᠤᠭᠤᠷᠢᠭ ᠲᠤ ᠤᠷᠤᠵᠦ᠂ ᠠᠮᠢᠳᠣ ᠮᠠᠯ ᠢ | ᠡᠳ᠋ᠰᠢᠭᠦᠯᠦᠨ ᠪᠣᠯᠪᠠᠰᠣᠷᠠᠭᠤᠯᠬᠤ ᠴᠢᠳᠠᠮᠵᠢ ᠦᠷᠭᠦᠯᠵᠢᠯᠡᠨ ᠲᠡᠭᠡᠭᠰᠢᠯᠡᠪᠡ᠃ ᠲᠤᠬᠠᠢ ᠶᠢᠨ ᠭᠠᠵᠠᠷ ᠲᠤᠨᠢ | ᠰᠢᠢᠳᠪᠦᠷᠢᠯᠡᠭᠰᠡᠨ ᠨᠣᠷᠮ᠎ᠠ 77.8% ᠳᠤ ᠬᠦᠷᠪᠡ᠃ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠨᠢ | ᠰᠢᠯᠢ ᠶᠢᠨ ᠭᠤᠣᠯ ᠤᠯᠠᠭᠠᠨᠬᠠᠳᠠ ᠲᠦᠩᠯᠢᠶᠣᠤ ᠶᠢᠨ ᠠᠵᠤ ᠠᠬᠤᠢ ᠶᠢᠨ ᠣᠷᠣᠨ ᠤ ᠭᠤᠣᠯᠳᠠᠯᠭ᠎ᠠ ᠲᠠᠢ ᠪᠦᠲᠦᠭᠡᠨ | ᠪᠠᠶᠢᠭᠤᠯᠬᠤ ᠵᠢᠷᠭᠤᠭᠠᠨ ᠲᠣᠭᠤᠷᠢᠭ ᠤᠨ ᠨᠢᠭᠡ ᠪᠣᠯᠪᠠ᠂ ᠡᠭᠦᠨ ᠤ ᠬᠠᠮᠲᠤ ᠤᠯᠤᠰ ᠤᠨ ᠨᠡᠭᠡᠭᠡᠯᠲᠡ ᠶᠢᠨ | ᠲᠣᠭᠤᠷᠢᠭ ᠤᠨ ᠬᠢᠨᠠᠨ ᠬᠠᠷᠭᠤᠭᠤᠯᠤᠭᠰᠠᠨ ᠨᠡᠷᠡᠰ ᠲᠤ ᠵᠢᠭᠰᠠᠭᠠᠭᠳᠠᠵᠤ᠂ ᠵᠢᠩ ᠨᠸᠡᠭ ᠤᠨ 2 × 2.5 ᠲᠦᠮᠡᠨ | ᠺᠢᠯᠣᠸᠠᠲ ᠤᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ 8 | ᠲᠦᠮᠡᠨ ᠲᠣᠨ ᠬᠠᠷ᠎ᠠ ᠲᠤᠭᠤᠯᠭ᠎ᠠ ᠬᠠᠶᠢᠯᠤᠭᠤᠯᠬᠤ ᠪᠠ 10 ᠲᠦᠮᠡᠨ ᠲᠣᠨ ᠴᠠᠶᠢᠷ ᠬᠠᠶᠢᠯᠤᠭᠤᠯᠬᠤ ᠲᠥᠷᠥᠯ | ᠵᠦᠢᠯ ᠨᠢ ᠮᠡᠷᠭᠡᠵᠢᠯ ᠤᠨ ᠥᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠵᠦ᠂ | ᠬᠤᠸᠠ ᠶᠢᠨ ᠺᠣᠮᠫᠠᠨᠢ ᠶᠢᠨ ᠲᠥᠷᠥᠯ ᠵᠦᠢᠯ ᠨᠢ ᠡᠳ᠋ ᠬᠥᠷᠥᠩᠭᠡ ᠶᠢ ᠣᠷᠣᠨ ᠨᠤᠲᠤᠭ ᠲᠤ ᠬᠤᠪᠢᠶᠠᠷᠢᠯᠠᠨ | ᠰᠢᠯᠵᠢᠭᠦᠯᠬᠦ ᠶᠢ ᠪᠡᠶᠡᠯᠡᠭᠦᠯᠵᠦ᠂ ᠲᠣᠭᠤᠷᠢᠭ ᠤᠨ ᠠᠵᠤ ᠦᠢᠯᠡᠰ ᠤᠨ ᠡᠷᠴᠢᠮᠵᠢᠭᠦᠯᠦᠨ ᠬᠥᠭᠵᠢᠭᠦᠯᠬᠦ ᠲᠠᠪᠴᠠᠩ ᠢ | ᠠᠩᠬ᠎ᠠ ᠠᠯᠬᠤᠮ ᠪᠦᠷᠢᠯᠳᠦᠭᠦᠯᠪᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠢᠯᠡᠳᠲᠡ ᠲᠦᠷᠭᠡᠳᠪᠡ᠃ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠰᠡᠯᠡᠭᠦᠴᠡᠯ ᠲᠠᠷᠢᠶᠠᠯᠠᠩ ᠬᠢᠭᠡᠳ ᠮᠠᠯᠵᠢᠬᠤ ᠣᠷᠣᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ | ᠪᠠᠷ ᠦᠨᠡᠯᠡᠭᠳᠡᠪᠡ᠃ ᠤᠯᠢᠶᠠᠰᠤᠲᠠᠢ ᠠᠭᠤᠯᠠ ᠶᠢᠨ ᠦᠵᠡᠮᠵᠢ ᠶᠢᠨ ᠣᠷᠣᠨ ᠢ ᠥᠭᠡᠷᠡᠴᠢᠯᠡᠬᠦ ᠪᠠ ᠦᠵᠦᠮᠦᠴᠢᠨ | ᠨᠡᠭᠦᠳᠡᠯ ᠮᠠᠯᠵᠢᠯ ᠤᠨ ᠰᠣᠶᠣᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠤᠷᠤᠭᠰᠢᠲᠠᠢ ᠠᠬᠢᠭᠤᠯᠵᠤ᠂ 16 ᠡᠷᠦᠬᠡ ︽ᠮᠠᠯᠴᠢᠨ ᠠᠶᠢᠯ︾ ᠤᠨ ᠵᠢᠭᠤᠯᠴᠢᠯᠠᠯ ᠢ ᠲᠡᠰ ᠳᠡᠪᠰᠢᠭᠦᠯᠦᠨ | ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠳᠡᠰ ᠤᠨ ᠮᠠᠯᠵᠢᠬᠤ ᠣᠷᠣᠨ ᠤ | ᠵᠢᠭᠤᠯᠴᠢᠯᠠᠯ ᠤᠨ ᠡᠷᠦᠬᠡ ᠪᠠᠷ ᠦᠨᠡᠯᠡᠭᠳᠡᠪᠡ᠃ ᠲᠠᠪᠤᠨ ᠵᠢᠯ ᠤᠨ ᠲᠤᠷᠰᠢ ᠵᠢᠭᠤᠯᠴᠢᠯᠠᠭᠰᠠᠳ ᠢ ᠨᠡᠶᠢᠲᠡ 216.7 | ᠲᠦᠮᠡᠨ ᠬᠦᠮᠦᠨ ᠤᠳᠠᠭ᠎ᠠ ᠶᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 36.52 ᠳ᠋ᠦᠩᠰᠢᠭᠤᠷ | ᠲᠥᠭᠦᠷᠢᠭ ᠲᠤ ᠬᠦᠷᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠠᠵᠤ ᠦᠢᠯᠡᠰ ᠤᠨ | ᠲᠣᠭᠤᠷᠢᠭ ᠨᠢ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢᠶᠠᠷ ᠰᠣᠩᠭᠤᠭᠳᠠᠨ᠂ ᠲᠤᠤ ᠪᠦᠦ᠂ ᠵᠢᠩ ᠳ᠋ᠦᠩ᠂ ᠯᠧ ᠼᠦᠨ ᠲᠤᠤ ᠵᠡᠷᠭᠡ ᠨᠡᠷᠡᠲᠦ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠲᠡᠳᠡᠨ ᠣᠷᠣᠭᠤᠯᠵᠤ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠷᠠᠯᠵᠢᠶᠠᠨ ᠤ ᠨᠣᠷᠮ᠎ᠠ ᠨᠢ1.77 ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ ᠠᠶᠢᠮᠠᠭ ᠤᠨ | ᠠᠩᠬᠠᠳᠠᠭᠴᠢ ᠰᠢᠨᠵᠢᠯᠡᠭᠡ ᠮᠡᠷᠭᠡᠵᠢᠯ ᠤᠨ ᠦᠢᠯᠡᠰ ᠪᠣᠰᠬᠠᠬᠤ ᠲᠣᠭᠤᠷᠢᠭ ᠤᠨ ᠲᠥᠷᠥᠯ ᠤᠨ ᠦᠢᠯᠡᠴᠢᠯᠡᠭᠡᠨ ᠤ | ᠦᠢᠯᠡᠰ ᠲᠥᠪᠯᠡᠷᠡᠭᠰᠡᠨ ᠲᠣᠭᠤᠷᠢᠭ ᠪᠣᠯᠵᠤ᠂ ᠡᠵᠢᠨᠠᠭᠤᠷ ᠤᠨ ᠳᠠᠪᠤᠰᠤ ᠨᠢ ᠪᠦᠬᠦ ᠣᠷᠣᠨ ᠤ ᠵᠠᠭᠤᠨ ᠬᠦᠴᠦᠷᠬᠡᠭ | ᠨᠡᠷᠡᠲᠦ ᠲᠡᠮᠳᠡᠭᠲᠦ ᠳᠤ ᠵᠢᠭᠰᠠᠭᠠᠭᠳᠠᠵᠣ᠂ ᠮᠥᠩᠭᠦᠨ ᠭᠦᠢᠯᠭᠡᠭᠡ᠂ ᠰᠣᠶᠣᠯ᠂ ᠪᠡᠶ᠎ᠡ ᠲᠠᠮᠢᠷ ᠵᠡᠷᠭᠡ ᠠᠵᠤ ᠦᠢᠯᠡᠰ ᠢ | ᠡᠷᠡᠭᠦᠯ ᠢᠶᠠᠷ ᠲᠦᠯᠬᠢᠨ ᠠᠬᠢᠭᠤᠯᠪᠠ᠃ | ᠬᠤᠶᠠᠷ᠂ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠰᠢᠢᠳᠪᠦᠷᠢᠳᠦ ᠴᠢᠨᠠᠷᠲᠠᠶ ᠢᠯᠠᠯᠲᠠ | ᠤᠯᠪᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ︽ | ᠵᠢᠷᠭᠤᠭᠠᠨ ᠨᠠᠷᠢᠯᠢᠭ ᠣᠨᠣᠪᠴᠢᠲᠠᠢ᠂ ᠲᠠᠪᠤᠨ ᠨᠢᠭᠡ ᠪᠦᠯᠦᠭ︾ ᠤᠨ ᠦᠨᠳᠦᠰᠦᠨ ᠰᠡᠳᠬᠢᠴᠡ ᠶᠣᠰᠣᠭᠠᠷ᠂ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ 1.2 ᠳ᠋ᠦᠩᠰᠢᠭᠤᠷ ᠲᠥᠭᠦᠷᠢᠭ ᠤᠨ ᠶᠠᠳᠠᠭᠤ ᠶᠢ | ᠲᠡᠳᠬᠦᠬᠦ ᠪᠡᠯᠡ ᠮᠦᠩᠭᠦ ᠣᠷᠣᠭᠤᠯᠵᠣ᠂ ᠪᠦᠬᠦ ᠬᠤᠰᠢᠭᠤᠨ ᠤ ᠳᠠᠩᠰᠠ ᠡᠪᠬᠡᠮᠡᠯ ᠳᠤ ᠣᠷᠣᠭᠤᠯᠣᠭᠰᠠᠨ 165 | ᠡᠷᠦᠬᠡ ᠶᠢᠨ 568 ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠳᠡ ᠶᠢ ᠶᠠᠳᠠᠭᠤ ᠠᠴᠠ ᠠᠩᠭᠢᠵᠢᠷᠠᠭᠤᠯᠵᠤ᠂ | ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 100% ᠳᠤ ᠬᠦᠷᠴᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠯᠭ᠎ᠠ ᠶᠢᠨ ᠳᠡᠳᠬᠦᠮᠵᠢ ᠶᠢᠨ ᠲᠥᠷᠦ ᠶᠢᠨ | ᠪᠣᠳᠣᠯᠭ᠎ᠠ ᠶᠢ ᠪᠦᠬᠦᠨ ᠢ ᠪᠦᠷᠬᠦᠭᠦᠯᠵᠦ᠂ ᠰᠤᠷᠤᠯᠭ᠎ᠠ ᠪᠠᠨ ᠳᠣᠷᠭᠤᠨ ᠵᠣᠭᠰᠣᠰᠠᠨ ᠶᠠᠳᠠᠭᠤ ᠬᠦᠴᠢᠷᠳᠡᠯᠲᠡᠢ | ᠰᠣᠷᠣᠭᠴᠢ ᠪᠠᠶᠢᠬᠤ ᠦᠭᠡᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠴᠢᠩᠭᠠᠳᠬᠠᠬᠤ ᠪᠠ ᠶᠠᠳᠠᠭᠤ ᠶᠢ | ᠲᠡᠳᠬᠦᠬᠦ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠨ᠂ | ᠲᠠᠩᠰᠠ ᠡᠪᠬᠡᠮᠡᠯ ᠳᠤ ᠣᠷᠣᠭᠤᠯᠣᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠳᠤᠮᠳᠠᠴᠢ ᠬᠥᠮᠦᠨ ᠪᠦᠷᠢ ᠶᠢᠨ | ᠣᠷᠣᠯᠭ᠎ᠠ ᠶᠢ 1500 ᠲᠥᠭᠦᠷᠢᠭ ᠣᠷᠴᠢᠮ ᠨᠡᠮᠡᠭᠳᠡᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠪᠦᠬᠦᠨ | ᠢ ᠪᠦᠷᠬᠦᠬᠦᠯᠪᠡ᠃ ᠦᠨᠳᠦᠰᠦᠨ ᠡᠮ ᠡᠮᠨᠡᠯᠭᠡ᠂ ᠣᠣᠭᠤᠬᠤ ᠣᠰᠣᠨ ᠤ ᠠᠶᠣᠯᠬᠦᠢ ᠶᠢ ᠪᠠᠳᠣᠯᠠᠬᠤ᠂ ᠣᠷᠣᠨ | ᠰᠠᠭᠤᠴᠠ ᠶᠢᠨ ᠠᠮᠤᠷ ᠲᠦᠪᠰᠢᠨ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠠᠮᠢᠳᠤᠷᠠᠯ ᠳᠤ ᠬᠡᠷᠡᠭᠯᠡᠬᠦ ᠴᠠᠬᠢᠯᠭᠠᠨ | ᠵᠡᠷᠭᠡ ᠲᠠᠯ᠎ᠠ ᠪᠠᠷ ᠴᠥᠮ ᠪᠠᠷᠢᠮᠵᠢᠶ᠎ᠠ ᠳᠤ ᠬᠦᠷᠴᠦ᠂ ᠶᠠᠳᠠᠭᠤᠷᠠᠯᠳᠠ ᠶᠢᠨ ᠨᠣᠷᠮ᠎ᠠ ᠶᠢ ᠪᠥᠬᠦ ᠲᠠᠯ᠎ᠠ ᠪᠠᠷ | ᠦᠬᠡᠶᠢᠰᠬᠡᠪᠡ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠬᠠᠷᠠᠯᠲᠠ ᠡᠭᠦᠷᠭᠡ ᠶᠢ ᠪᠡᠶᠡᠯᠡᠭᠦᠯᠵᠦ | ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠬᠦᠯᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠬᠥᠬᠡ ᠣᠭᠲᠠᠷᠭᠤᠶ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠦᠨᠡᠨᠬᠦ ᠰᠠᠶᠢᠲᠤᠷ ᠬᠢᠵᠦ | ᠂ ᠡᠨᠧᠷᠭᠢ ᠶᠢ ᠶᠡᠷᠦᠩᠬᠡᠶᠢᠯᠡᠨ ᠠᠰᠢᠭᠯᠠᠬᠤ᠂ ᠡᠪᠦᠯ ᠤᠨ ᠤᠯᠠᠷᠢᠯ ᠳᠤ ᠳᠤᠯᠠᠭᠠᠯᠠᠭ᠎ᠠ ᠬᠠᠩᠭᠠᠬᠤ᠂ ︽ᠭᠤᠷᠪᠠᠨ | ᠥᠨᠳᠥᠷ︾ ᠠᠵᠢᠯ ᠲᠥᠷᠥᠯ ᠢ ᠴᠡᠪᠡᠷᠰᠢᠭᠦᠯᠦᠨ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ᠂ ᠨᠡᠭᠦᠷᠡᠰᠦ᠂ ᠲᠣᠯᠠᠭᠠᠯᠠᠯᠭ᠎ᠠ ᠬᠠᠩᠭᠠᠬᠤ᠂ ᠪᠣᠬᠢᠷᠲᠤᠯ ᠭᠠᠳᠠᠭᠰᠢᠯᠠᠭᠤᠯᠬᠤ᠂ ᠲᠡᠮᠦᠷᠯᠢᠭ ᠰᠣᠩᠭᠤᠨ | ᠪᠣᠯᠪᠠᠰᠣᠷᠠᠭᠤᠯᠬᠤ ᠵᠡᠷᠭᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠴᠡᠭᠴᠡᠯᠡᠨ ᠵᠠᠰᠠᠬᠤ ᠠᠵᠢᠯ ᠢ ᠪᠥᠬᠦ | ᠲᠠᠯ᠎ᠠ ᠪᠠᠷ ᠴᠢᠩᠭᠠᠳᠬᠠᠵᠤ᠂ ᠲᠠᠪᠤᠨ ᠵᠢᠯ ᠤᠨ ᠲᠤᠷᠰᠢ᠂ ᠨᠡᠶᠢᠲᠡ 2.7 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ ᠣᠷᠴᠢᠨ ᠲᠣᠭᠤᠷᠢᠨ ᠤ ᠵᠠᠰᠠᠯᠲᠠ ᠶᠢᠨ ᠲᠠᠯᠠᠪᠠᠶ 3.62 ᠲᠦᠮᠡᠨ ᠮᠥ ᠳᠤ ᠬᠦᠷᠴᠦ᠂ ᠭᠤᠤᠯ ᠪᠣᠯᠬᠤ | ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠭᠦᠢᠴᠡᠳᠬᠡᠯ ᠲᠤᠭ᠎ᠠ ᠶᠢ ᠴᠥᠮ ᠳᠡᠭᠡᠷ᠎ᠡ ᠱᠠᠲᠤᠨ ᠤ ᠪᠠᠷᠢᠮᠵᠢᠶ᠎ᠠ | ᠳᠤ ᠬᠢᠵᠠᠭᠠᠷᠯᠠᠵᠤ᠂ ᠬᠤᠰᠢᠭᠤ ᠬᠠᠷᠢᠶᠠᠨ ᠤ ᠴᠢᠨᠠᠷᠯᠢᠭ ᠰᠠᠶᠢᠨ ᠠᠭᠤᠷ ᠠᠮᠢᠰᠬᠤᠯ ᠲᠠᠢ ᠡᠳᠦᠷ ᠤᠨ ᠲᠤᠭ᠎ᠠ ᠶᠢᠨ | ᠪᠠᠷᠢᠮᠵᠢᠶ᠎ᠠ ᠳᠤ ᠬᠦᠷᠦᠭᠰᠡᠨ ᠨᠣᠷᠮ᠎ᠠ 97% ᠶᠢ ᠳᠠᠪᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠭᠠᠷᠳᠠᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠭᠠᠵᠠᠷ ᠰᠢᠷᠣᠶ ᠶᠢᠨ ᠵᠤᠷᠰᠢᠯᠲᠤ ᠱᠠᠭᠠᠷᠳᠠᠨ | ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠪᠦᠬᠦᠯᠢ | ᠡᠳᠦᠷ ᠤᠨ ᠠᠭᠠᠷ ᠮᠠᠨᠳᠠᠯ ᠤᠨ ᠠᠦ᠋ᠲ᠋ᠣ᠋ ᠬᠢᠨᠠᠨ ᠬᠡᠮᠵᠢᠯᠲᠡ ᠶᠢᠨ ᠥᠷᠲᠡᠭᠡ ᠶᠢ ᠪᠠᠶᠢᠭᠤᠯᠵᠤ᠂ ᠰᠣᠩᠭᠤᠨ | ᠪᠣᠯᠪᠠᠰᠣᠷᠠᠭᠤᠯᠬᠤ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠣᠷᠴᠢᠯᠳᠣᠭᠤᠯᠣᠨ ᠠᠰᠢᠭᠯᠠᠬᠤ ᠨᠣᠷᠮ᠎ᠠ ᠶᠢ | 95% ᠠᠴᠠ ᠲᠡᠭᠡᠭᠰᠢ ᠳᠤ ᠬᠦᠷᠬᠡᠵᠦ᠂ ᠲᠠᠯ᠎ᠠ ᠨᠣᠳᠤᠭ ᠢ ᠡᠵᠡᠯᠡᠨ ᠬᠡᠷᠡᠭᠯᠡᠬᠦ ᠭᠠᠷᠳᠠᠮ ᠦᠭᠡᠢ ᠲᠥᠷᠥᠯ ᠵᠦᠢᠯ ᠢ | ᠪᠦᠬᠦᠳᠡ ᠶᠢ ᠦᠭᠡᠶᠢᠰᠭᠡᠪᠡ᠃ | ᠬᠦᠨᠳᠦ ᠶᠡᠭᠡ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠪᠡ᠃ ︽1 + 8︾ ᠬᠦᠨᠳᠦ | ᠶᠡᠭᠡ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠥᠷᠢ ᠥᠭᠴᠡᠭᠡ ᠶᠢᠨ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠠᠷᠢᠯᠭᠠᠬᠤ ᠲᠣᠭᠲᠠᠴᠠ ᠶᠢ ᠪᠦᠷᠢᠨᠰᠢᠭᠦᠯᠵᠦ᠂ ︽ᠶᠡᠷᠦᠩᠬᠡᠶ | ᠬᠡᠮᠵᠢᠶ᠎ᠡ ᠶᠢ ᠡᠵᠡᠮᠳᠡᠬᠦ᠂ ᠨᠡᠮᠡᠭᠳᠡᠯ ᠢ ᠴᠢᠩᠭ᠎ᠠ ᠬᠢᠵᠠᠭᠠᠷᠯᠠᠬᠤ᠂ ᠦᠯᠡᠳᠡᠪᠦᠷᠢ ᠶᠢ ᠠᠷᠢᠯᠭᠠᠬᠤ︾ ᠠᠵᠢᠯ ᠤᠨ | ᠰᠡᠳᠬᠢᠮᠵᠢ ᠶᠣᠰᠣᠭᠠᠷ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 32.79 ᠳ᠋ᠦᠩᠰᠢᠭᠤᠷ ᠲᠥᠭᠦᠷᠢᠭ | ᠠᠷᠢᠯᠭᠠᠪᠠ᠂ ᠡᠭᠦᠨ ᠳᠤ ᠠᠷᠠᠳ ᠠᠴᠠ ᠡᠷᠬᠢᠯᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ | ᠲᠠᠩᠰᠠᠨ ᠤ ᠵᠣᠭᠤᠰ ᠢ 16.79 ᠳ᠋ᠦᠩᠰᠢᠭᠤᠷ ᠲᠥᠭᠦᠷᠢᠭ ᠠᠷᠢᠯᠭᠠᠵᠣ᠂ ᠮᠠᠷᠭᠤᠯᠳᠣᠭᠠᠨ ᠥᠬᠡᠶ ᠲᠠᠩᠰᠠ ᠶᠢ | ᠪᠦᠬᠦᠨ ᠢ ᠠᠷᠢᠯᠭᠠᠪᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ | ᠴᠢᠩᠭ᠎ᠠ ᠴᠣᠬᠢᠯᠲᠠ ᠦᠭᠪᠡ᠃ ᠬᠤᠯᠤᠭᠠᠨ᠎ᠠ ᠶᠢᠨ ᠬᠢᠵᠢᠭ᠂ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠬᠦ ᠠᠵᠢᠯ ᠰᠢᠢᠳᠪᠦᠷᠢᠲᠦ ᠴᠢᠨᠠᠷᠲᠠᠶ ᠢᠯᠠᠯᠲᠠ ᠤᠯᠪᠠ᠃ | ᠭᠤᠷᠪᠠ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠮᠡᠳᠡᠭᠳᠡᠮ᠎ᠡ ᠳᠡᠭᠡᠭᠰᠢᠯᠡᠪᠡ | ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠦᠷᠭᠦᠯᠵᠢᠯᠡᠨ ᠳᠡᠭᠡᠭᠰᠢᠯᠡᠪᠡ᠃ ︽ᠠᠷᠪᠠᠨ | ᠭᠤᠷᠪᠠᠳᠣᠭᠠᠷ ᠳᠠᠪᠣᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠨᠡᠶᠢᠭᠡᠮ ᠤᠨ ᠬᠡᠷᠡᠭᠯᠡᠭᠡᠨ ᠤ ᠵᠦᠢᠯ | ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠶ ᠬᠡᠮᠵᠢᠶ᠎ᠡ ᠵᠢᠯ ᠳᠤᠮᠳᠠᠴᠢ ᠪᠠᠷ 4% ᠪᠠᠷ ᠨᠡᠮᠡᠭᠳᠡᠪᠡ᠃ ᠬᠤᠲᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 2015 ᠣᠨ ᠤ 30811 ᠲᠥᠭᠦᠷᠢᠭ ᠪᠠᠶᠢᠭᠰᠠᠨ ᠠᠴᠠ ᠪᠠᠨ 42308 ᠲᠥᠭᠦᠷᠢᠭ ᠪᠣᠯᠵᠣ ᠨᠡᠮᠡᠭᠳᠡᠨ᠂ | ᠵᠢᠯ ᠶᠢᠨ4.84% ᠪᠠᠷ ᠳᠡᠭᠡᠭᠰᠢᠯᠡᠪᠡ᠃ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2015 ᠣᠨ ᠤ 23843 ᠲᠥᠭᠦᠷᠢᠭ | ᠪᠠᠶᠢᠭᠰᠠᠨ ᠠᠴᠠ ᠪᠠᠨ2020 ᠣᠨ ᠳᠤ 34899 ᠲᠥᠭᠦᠷᠢᠭ ᠪᠣᠯᠣᠨ ᠨᠡᠮᠡᠭᠳᠡᠵᠣ᠂ ᠵᠢᠯ ᠶᠢᠨ6.35% ᠪᠠᠷ | ᠳᠡᠭᠡᠭᠰᠢᠯᠡᠵᠣ᠂ ᠪᠥᠬᠦ ᠣᠷᠣᠨ ᠤ ᠮᠠᠯᠵᠢᠬᠤ ᠬᠤᠰᠢᠭᠤᠨ ᠤ ᠲᠡᠷᠢᠬᠦᠨ ᠪᠠᠶᠢᠷᠢᠨ ᠳᠤ ᠲᠣᠳᠣᠷᠠᠪᠠ᠃ | ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠠᠭᠠᠵᠢᠮ ᠢᠶᠠᠷ ᠳᠡᠭᠡᠭᠰᠢᠯᠡᠪᠡ᠃ ᠪᠥᠬᠦ ᠬᠤᠰᠢᠭᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.6% ᠶᠢᠨ ᠳᠣᠲᠣᠷ᠎ᠠ ᠬᠢᠵᠠᠭᠠᠷᠯᠠᠪᠠ᠃ ᠬᠤᠲᠠ | ᠪᠠᠯᠭᠠᠰᠤᠨ ᠤ ᠠᠵᠢᠯᠲᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠴᠠᠶᠢᠷᠠᠭᠤᠯᠬᠤ ᠬᠠᠷᠢᠴᠠᠯ ᠢ | 93% ᠳᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ | ᠪᠦᠷᠭᠦᠭᠦᠯᠦᠯᠳᠡ ᠶᠢᠨ ᠨᠣᠷᠮ᠎ᠠ ᠶᠢ 85% ᠳᠤ ᠬᠦᠷᠭᠡᠵᠦ᠂ ᠬᠤᠲᠠ ᠬᠥᠳᠡᠭᠡ ᠶᠢᠨ ᠬᠠᠮᠤᠭ ᠲᠣᠣᠷ᠎ᠠ ᠠᠮᠢᠳᠣᠷᠠᠯ | ᠤᠨ ᠪᠠᠲᠤᠯᠠᠭ᠎ᠠ ᠶᠢ ᠭᠥᠷᠳᠡᠬᠦ ᠶᠣᠰᠣᠲᠠᠶ ᠬᠦᠮᠦᠰ ᠢ ᠪᠦᠬᠦᠨ ᠢ ᠬᠦᠷᠳᠡᠭᠡᠪᠡ᠃ ᠭᠠᠮᠰᠢᠭ ᠠᠴᠠ ᠠᠪᠤᠷᠠᠨ ᠲᠤᠰᠠᠯᠠᠬᠤ | ᠠᠵᠢᠯ ᠪᠠ ᠶᠠᠳᠠᠭᠤ ᠬᠦᠴᠢᠷᠳᠡᠯᠲᠡᠢ ᠬᠦᠮᠦᠰ᠂ ᠵᠡᠮᠳᠡᠭᠴᠦᠳ ᠢ ᠳᠡᠳᠬᠦᠬᠦ ᠠᠵᠢᠯ ᠢ ᠲᠠᠰᠤᠷᠠᠯᠲᠠ ᠦᠭᠡᠢ | ᠴᠢᠩᠭᠠᠳᠬᠠᠵᠣ᠂ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠲᠣᠭᠳᠠᠯᠴᠠᠭ᠎ᠠ ᠤᠯᠠᠮ ᠨᠢᠭᠡ ᠠᠯᠬᠤᠮ | ᠲᠡᠭᠦᠯᠳᠡᠷᠵᠢᠪᠡ᠃ | ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠲᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠪᠡᠯᠡ | ᠣᠷᠣᠭᠤᠯᠤᠯᠲᠠ ᠶᠢ ᠵᠢᠯ ᠳᠠᠷᠠᠭᠠᠯᠠᠨ ᠨᠡᠮᠡᠭᠳᠡᠬᠦᠯᠵᠣ᠂ ᠰᠤᠷᠭᠠᠭᠤᠯᠢ ᠡᠷᠬᠢᠯᠡᠬᠦ ᠨᠥᠬᠦᠴᠡᠯ ᠢᠯᠡᠳᠲᠡ ᠰᠠᠶᠢᠵᠢᠷᠠᠨ᠂ | ᠪᠠᠭᠰᠢ ᠶᠢᠨ ᠡᠩᠨᠡᠭᠡᠨ ᠤ ᠬᠡᠪ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠰᠤᠷᠬᠤ ᠨᠠᠰᠤᠨ ᠠᠴᠠ ᠡᠮᠦᠨᠡᠬᠢ | ᠬᠡᠦᠬᠡᠳ ᠤᠨ ᠴᠡᠴᠡᠷᠯᠢᠭ ᠲᠤ ᠣᠷᠣᠬᠤ᠂ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠳᠤ ᠣᠷᠣᠬᠤ | ᠨᠣᠷᠮ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠳᠤ ᠣᠷᠣᠬᠤ ᠨᠣᠷᠮ᠎ᠠ᠂ | ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ ᠴᠥᠮ 100% ᠳᠤ ᠬᠦᠷᠴᠦ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠳᠤ ᠣᠷᠣᠬᠤ ᠨᠣᠷᠮ᠎ᠠ 97. | 34% ᠳᠤ ᠬᠦᠷᠪᠡ᠃ ︽ᠡᠷᠡᠭᠦᠯ ᠴᠠᠬᠢᠷᠠᠭ ᠵᠡᠭᠦᠨ ᠦᠵᠦᠮᠦᠴᠢᠨ︾ ᠤ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠱᠠᠭᠠᠷᠳᠠᠯᠭ᠎ᠠ ᠶᠢ ᠬᠠᠩᠭᠠᠬᠤ ᠦᠢᠯᠡᠴᠢᠯᠡᠭᠡᠨ ᠤ ᠲᠣᠭᠳᠠᠯᠴᠠᠭ᠎ᠠ ᠶᠢ | ᠦᠨᠳᠦᠰᠦᠨ ᠳᠡᠭᠡᠨ ᠪᠠᠶᠢᠭᠤᠯᠵᠤ᠂ ᠡᠬᠡ ᠨᠢᠯᠬᠠᠰ ᠤᠨ ᠡᠷᠡᠭᠡᠯᠵᠡᠯ ᠤᠨ ᠬᠤᠷᠢᠶ᠎ᠠ ᠶᠢ ᠠᠰᠢᠭᠯᠠᠯᠲᠠ ᠳᠤ ᠣᠷᠣᠭᠤᠯᠤᠨ᠂ | ᠮᠣᠩᠭᠤᠯ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠠᠰᠠᠷ ᠪᠠ ᠡᠮ ᠨᠠᠶᠢᠷᠠᠭᠤᠯᠬᠤ ᠲᠠᠰᠤᠭ ᠢ ᠪᠠᠶᠢᠭᠤᠯᠪᠠ᠃ ︽ | ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾᠂ ︽ᠡᠮᠴᠢᠯᠡᠭᠡ ᠪᠠ ᠠᠰᠠᠷᠠᠮᠵᠢ ᠶᠢ ᠬᠠᠷᠢᠯᠴᠠᠨ | ᠤᠶᠠᠯᠳᠤᠭᠤᠯᠬᠤ ᠬᠡᠯᠪᠡᠷᠢ︾ ᠶᠢᠨ ᠨᠠᠰᠣᠳᠠᠨ ᠤ ᠠᠰᠠᠷᠠᠮᠵᠢ ᠶᠢᠨ ᠦᠢᠯᠡᠴᠢᠯᠡᠭᠡᠨ ᠤ ᠬᠡᠯᠪᠡᠷᠢ ᠶᠢ ᠢᠳᠡᠪᠬᠢᠲᠡᠢ | ᠰᠦᠪᠡᠭᠴᠢᠯᠡᠵᠦ᠂ ᠠᠶᠠᠨ ᠮᠠᠯᠵᠢᠬᠤ ᠣᠷᠣᠨ ᠤ ᠨᠠᠰᠣᠳᠠᠨ ᠤ ᠠᠰᠠᠷᠠᠮᠵᠢ ᠶᠢᠨ ᠬᠦᠷᠢᠶᠡᠯᠡᠩ ᠢ ᠥᠭᠡᠷᠡᠴᠢᠯᠡᠨ | ᠪᠠᠶᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ︽ᠡᠷᠡᠭᠦᠯ | ᠮᠡᠨᠳᠦ ᠶᠢ ᠠᠬᠢᠭᠤᠯᠬᠤ ᠬᠤᠰᠢᠭᠤ︾ ᠪᠠ ︽ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ | ᠳᠦᠷᠢᠮᠵᠢᠭᠰᠡᠨ ᠬᠤᠰᠢᠭᠤ︾ ᠶᠢᠨ ᠢᠷᠠᠭᠤ ᠠᠯᠳᠠᠷ ᠢ ᠬᠦᠷᠲᠡᠪᠡ᠃ ᠴᠡᠷᠢᠭ ᠠᠴᠠ ᠬᠠᠯᠠᠭᠰᠠᠳ᠂ ᠴᠡᠷᠢᠭ ᠠᠴᠠ | ᠠᠵᠢᠯ ᠰᠢᠯᠵᠢᠭᠰᠡᠳ᠂ ᠡᠮᠡᠭᠲᠡᠶᠢᠴᠦᠳ ᠬᠡᠦᠬᠡᠳ᠂ ᠷᠠᠳᠢᠣ᠋ ᠲᠧᠯᠸᠢᠰ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ | ᠤᠯᠠᠭᠠᠨ ᠵᠠᠭᠠᠯᠠᠮᠠᠶᠢᠳᠠᠨ ᠵᠡᠷᠭᠡ ᠡᠯ᠎ᠡ ᠲᠥᠷᠥᠯ ᠤᠨ ᠠᠵᠢᠯ ᠦᠢᠯᠡᠰ ᠪᠦᠬᠦ ᠲᠠᠯ᠎ᠠ ᠪᠠᠷ ᠲᠡᠭᠡᠭᠰᠢᠯᠡᠪᠡ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠢᠯᠡᠷᠬᠡᠢ᠃ ︽ᠠᠮᠤᠷ ᠲᠠᠶᠢᠪᠤᠩ ᠵᠡᠭᠦᠨ ᠦᠵᠦᠮᠦᠴᠢᠨ︾᠂ | ︽ᠬᠠᠤᠯᠢ ᠪᠠᠷ ᠵᠠᠰᠠᠬᠤ ᠵᠡᠭᠦᠨ ᠦᠵᠦᠮᠦᠴᠢᠨ︾ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠶᠡᠷᠦᠩᠬᠡᠶᠢᠯᠡᠨ | ᠵᠠᠰᠠᠬᠤ ᠦᠷᠳᠡᠭᠡ︾ ᠪᠠ ︽ᠳᠥᠷᠪᠡᠨ ᠰᠠᠯᠪᠤᠷᠢ ᠬᠤᠯᠪᠣᠭᠠᠯᠠᠨ ᠡᠶᠡᠳᠡᠭᠦᠯᠬᠦ︾ ᠲᠣᠭᠲᠠᠴᠠ ᠶᠢ ᠪᠠᠶᠢᠭᠤᠯᠪᠠ᠃ ︽ | ᠬᠤᠶᠠᠷ ᠵᠦᠢᠯ ᠤᠨ ᠮᠥᠩᠭᠦ᠂ ᠭᠤᠷᠪᠠᠨ ᠲᠠᠯ᠎ᠠ ᠶᠢᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ | ᠮᠠᠯᠴᠢᠨ ᠲᠠᠷᠢᠶᠠᠴᠢᠨ ᠬᠦᠯᠦᠰᠣᠨ ᠠᠵᠢᠯᠳᠠᠨ ᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠪᠡ᠃ ᠮᠠᠯᠵᠢᠬᠤ ᠣᠷᠣᠨ ᠤ ᠭᠠᠮᠰᠢᠭ ᠠᠴᠠ ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ | ᠠᠵᠢᠯ ᠢ ᠴᠢᠩᠭ᠎ᠠ ᠠᠳᠬᠤᠵᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ | ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠪᠠ ᠡᠮ ᠤᠨ | ᠵᠦᠢᠯᠡᠰ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠴᠢᠳᠠᠪᠤᠷᠢ ᠶᠢ ᠳᠡᠭᠡᠭᠰᠢᠯᠡᠬᠦᠯᠪᠡ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ | ᠲᠡᠮᠡᠴᠡᠯ ᠪᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ | ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠪᠥᠬᠦ ᠬᠤᠰᠢᠭᠤᠨ ᠤ ᠨᠡᠶᠢᠭᠡᠮ ᠤᠨ ᠡᠶ᠎ᠡ ᠵᠣᠬᠢᠴᠠᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠤᠯᠠᠮ ᠨᠢᠭᠡ | ᠠᠯᠬᠤᠮ ᠪᠠᠬᠢᠵᠢᠪᠡ᠃ | ᠳᠥᠷᠪᠡ᠂ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠲᠠᠰᠤᠷᠠᠯᠲᠠ ᠥᠬᠡᠶ ᠴᠢᠩᠭᠠᠷᠠᠪᠠ | ᠰᠠᠭᠤᠷᠢ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ᠃ ᠲᠡᠮᠦᠷ ᠵᠠᠮ ᠤᠨ ᠶᠡᠷᠦᠩᠬᠡᠶ ᠤᠷᠲᠤ | 478 ᠺᠢᠯᠣᠮᠧᠲᠷ ᠲᠤ ᠬᠦᠷᠴᠦ᠂ ᠡᠵᠡᠩᠨᠡᠯᠲᠡ ᠬᠢᠵᠣ ᠪᠠᠶᠢᠭ᠎ᠠ ᠲᠡᠮᠦᠷ ᠵᠠᠮ 405 ᠺᠢᠯᠣᠮᠧᠲᠷ ᠲᠤ ᠬᠦᠷᠴᠦ᠂ | ᠤᠮᠠᠷᠠᠰᠢ ᠮᠣᠩᠭᠤᠯ ᠣᠯᠣᠰ᠂ ᠣᠷᠣᠰ ᠲᠤ ᠨᠡᠪᠲᠡᠷᠡᠨ᠂ ᠡᠮᠦᠨᠡᠰᠢ ᠵᠢᠨᠵᠧᠦ ᠭᠠᠷᠠᠮ ᠪᠣᠯᠤᠨ ᠼᠤᠤ ᠹᠧᠶ ᠳ᠋ᠢᠶᠠᠨ ᠳᠤ | ᠬᠦᠷᠬᠦ ᠧᠦ᠋ᠷᠣᠫᠠ ᠠᠽᠢᠶ᠎ᠠ ᠳᠤ ᠨᠡᠪᠳᠡᠷᠡᠬᠦ ᠰᠢᠨ᠎ᠡ ᠵᠠᠮ ᠦᠨᠳᠦᠰᠦᠨ ᠳᠡᠭᠡᠨ ᠪᠦᠷᠢᠯᠳᠦᠪᠡ᠃ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠨᠡᠯᠢᠶᠡᠳ ᠶᠡᠭᠡ ᠠᠬᠢᠴᠠ ᠲᠠᠢ ᠪᠣᠯᠵᠤ᠂ ᠣᠯᠣᠰ ᠪᠠ ᠮᠤᠵᠢ ᠶᠢᠨ ᠳᠡᠰ ᠤᠨ ᠵᠠᠰᠠᠮᠠᠯ ᠵᠠᠮ | ᠢ 187.5 ᠺᠢᠯᠣᠮᠧᠲᠷ ᠰᠢᠨ᠎ᠡ ᠪᠠᠷ ᠪᠠᠶᠢᠭᠤᠯᠵᠣ᠂ ᠮᠠᠯᠵᠢᠬᠤ ᠣᠷᠣᠨ ᠤ ᠵᠠᠰᠠᠮᠠᠯ ᠵᠠᠮ ᠢ 582 ᠺᠢᠯᠣᠮᠧᠲᠷ | ᠪᠠᠶᠢᠭᠤᠯᠣᠨ᠂ ᠵᠠᠰᠠᠮᠠᠯ ᠵᠠᠮ ᠤᠨ ᠶᠡᠷᠦᠩᠬᠡᠶ ᠤᠷᠲᠤ 2708 ᠺᠢᠯᠣᠮᠧᠲᠷ ᠲᠤ ᠬᠦᠷᠴᠦ᠂ ᠬᠢᠯᠢ ᠶᠢᠨ | ᠬᠠᠮᠠᠭᠠᠯᠠᠯᠲᠠ ᠶᠢᠨ ᠵᠠᠰᠠᠮᠠᠯ ᠵᠠᠮ ᠵᠣᠬᠢᠬᠤ ᠬᠡᠮᠵᠢᠶ᠎ᠡ ᠪᠠᠷ ᠬᠥᠭᠵᠢᠵᠦ᠂ ᠵᠠᠰᠠᠮᠠᠯ ᠵᠠᠮ ᠤᠨ ᠠᠶᠠᠨᠴᠢᠳ ᠪᠠ ᠪᠠᠷᠠᠭ᠎ᠠ | ᠶᠢᠨ ᠲᠡᠭᠡᠭᠡᠪᠦᠷᠢ ᠶᠢᠨ ᠬᠡᠮᠵᠢᠶ᠎ᠡ ᠢᠯᠡᠳᠳᠡ ᠨᠡᠮᠡᠭᠳᠡᠪᠡ᠃ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ | ᠪᠠᠭᠤᠳᠠᠯ ᠤᠨ ᠪᠠᠶᠢᠷᠢ ᠰᠣᠩᠭᠤᠯᠳᠠ᠂ ᠨᠢᠰᠬᠦ ᠵᠢᠷᠣᠮᠯᠠᠯ ᠨᠢ ᠵᠦᠪᠰᠢᠶᠡᠷᠡᠭᠳᠡᠵᠣ᠂ ᠴᠡᠷᠢᠭ ᠠᠩᠭᠢ ᠪᠠ ᠣᠷᠣᠨ | ᠨᠤᠲᠤᠭ ᠤᠨ ᠵᠥᠪᠳᠡᠯᠴᠡᠬᠡᠷ ᠨᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠢᠨᠠᠨ ᠪᠠᠶᠢᠴᠠᠭᠠᠯᠲᠠ ᠶᠢ | ᠦᠩᠭᠡᠷᠡᠪᠡ᠃ ᠮᠠᠯ ᠠᠵᠤ ᠠᠬᠤᠢ ᠶᠢᠨ ᠤᠷᠲᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢᠨ ᠰᠠᠭᠤᠷᠢ ᠤᠯᠠᠮ | ᠨᠢᠭᠡ ᠠᠯᠬᠤᠮ ᠪᠠᠬᠢᠵᠢᠵᠦ᠂ ᠪᠦᠬᠦ ᠬᠤᠰᠢᠭᠤᠨ ᠤ ᠮᠠᠰᠢᠨ ᠬᠤᠳᠳᠤᠭ 3616 ᠰᠠᠭᠤᠷᠢ ᠬᠦᠷᠪᠡ᠃ ᠮᠠᠯᠵᠢᠬᠤ | ᠣᠷᠣᠨ ᠤ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠡᠭᠡ ᠪᠠᠷ ᠰᠠᠶᠢᠵᠢᠷᠠᠵᠤ᠂ ᠰᠤᠮᠤ ᠪᠠᠯᠭᠠᠰᠤᠨ ᠤ ᠰᠢᠯᠵᠢᠮᠡᠯ | ᠴᠢᠮᠡᠭᠡ ᠬᠤᠯᠪᠣᠭᠠᠨ ᠤ ᠪᠦᠷᠬᠦᠴᠡ 100% ᠳᠤ ᠬᠦᠷᠴᠦ᠂ ᠤᠲᠠᠰᠤ ᠦᠭᠡᠢ ᠰᠦᠯᠵᠢᠶ᠎ᠡ᠂ ᠤᠲᠠᠰᠤᠲᠤ ᠲᠧᠯᠸᠢᠰ᠂ | ᠪᠢᠴᠢᠯ ᠳᠣᠯᠭᠢᠶᠠᠨ᠂ ᠳᠠᠭᠠᠭᠤᠯᠢ ᠣᠳᠣ ᠤᠶᠠᠯᠳᠤᠭᠰᠠᠨ ᠴᠢᠮᠡᠭᠡ ᠬᠤᠯᠪᠣᠭᠠᠨ ᠤ ᠰᠢᠰᠲ᠋ᠧᠮ ᠦᠨᠳᠦᠰᠦᠨ ᠳᠡᠭᠡᠨ | ᠪᠦᠷᠢᠯᠳᠦᠵᠡᠢ᠃ ᠬᠤᠲᠠ ᠪᠠᠯᠭᠠᠰᠤ᠂ ᠮᠠᠯᠵᠢᠬᠤ ᠣᠷᠣᠨ ᠪᠣᠯᠤᠨ ᠬᠢᠯᠢ ᠬᠢᠵᠠᠭᠠᠷ ᠣᠷᠣᠨ ᠤ ᠴᠠᠬᠢᠯᠭᠠᠨ ᠲᠣᠣᠷ ᠤᠨ | ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠦᠢᠯᠡᠳᠪᠦᠷᠢᠯᠡᠯ᠂ ᠠᠮᠢᠳᠤᠷᠠᠯ ᠤᠨ ᠴᠠᠬᠢᠯᠭᠠᠨ | ᠬᠦᠴᠦᠨ ᠤ ᠪᠠᠲᠤᠯᠠᠭ᠎ᠠ ᠶᠢ ᠰᠠᠶᠢᠵᠢᠷᠠᠭᠤᠯᠪᠠ᠃ | ᠪᠡᠯᠡ ᠣᠷᠣᠭᠤᠯᠤᠯᠲᠠ ᠶᠢᠨ ᠣᠷᠴᠢᠨ ᠦᠷᠭᠦᠯᠵᠢᠯᠡᠨ ᠰᠢᠯᠢᠳᠡᠭᠵᠢᠪᠡ᠃ ᠥᠪᠡᠷᠲᠡᠭᠡᠨ ᠵᠠᠰᠠᠬᠤ ᠣᠷᠣᠨ ᠤ ︽ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ | ᠬᠡᠮᠵᠢᠶ᠎ᠡ︾ ᠢ ᠨᠠᠷᠢᠨ ᠬᠢᠨᠠᠮᠠᠭᠠᠢ ᠲᠣᠣᠱᠯᠠᠭᠤᠯᠵᠣ᠂ ︽ᠵᠡᠭᠦᠨ ᠦᠵᠦᠮᠦᠴᠢᠨ ᠬᠤᠰᠢᠭᠤᠨ ᠤ ᠲᠣᠭᠤᠷᠢᠭ ᠤᠨ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠡᠳᠬᠦᠨ ᠱᠠᠩᠨᠠᠬᠤ ᠠᠷᠭ᠎ᠠ︾ ᠶᠢ ᠲᠣᠭᠲᠠᠭᠠᠵᠤ᠂ ᠳᠤᠮᠳᠠ᠂ | ᠪᠠᠭ᠎ᠠ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠪᠡᠯᠡ ᠮᠥᠩᠭᠦ ᠬᠤᠷᠠᠮᠳᠤᠭᠤᠯᠬᠤ ᠬᠦᠴᠢᠷ ᠠᠰᠠᠭᠤᠳᠠᠯ ᠢ ᠨᠢ | ᠰᠢᠢᠳᠪᠦᠷᠢᠯᠡᠵᠦ ᠥᠭᠪᠡ᠃ ︽ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠬᠠᠮᠢᠶᠠᠷᠣᠯᠳᠠ ᠶᠢ | ᠣᠶᠠᠯᠳᠣᠭᠤᠯᠣᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠨᠲ᠋ᠧᠷ | ᠰᠦᠯᠵᠢᠶ᠎ᠡ + ᠬᠢᠨᠠᠯᠲᠠ ᠬᠠᠮᠢᠶᠠᠷᠤᠯᠲᠠ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ᠂ ᠡᠭᠦᠯᠡᠨ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠰᠢᠨ᠎ᠡ ᠪᠠᠷ | ᠪᠠᠶᠢᠭᠤᠯᠪᠠ᠃ ᠨᠢᠭᠤᠴᠠ ᠳᠤ ᠬᠤᠯᠪᠣᠭᠳᠠᠬᠤ ᠲᠥᠷᠥᠯ ᠵᠦᠢᠯ ᠢ ᠭᠠᠷᠭᠠᠪᠠᠯ᠂ ᠪᠦᠬᠦᠨ ᠢ ᠰᠦᠯᠵᠢᠶᠡᠨ ᠳᠡᠭᠡᠷ᠎ᠡ | ᠮᠡᠳᠡᠭᠦᠯᠦᠨ ᠵᠥᠪᠰᠢᠶᠡᠷᠡᠭᠦᠯᠬᠦ ᠶᠢ ᠪᠡᠶᠡᠯᠡᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 87 ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠵᠣ᠂ ᠠᠵᠤ | ᠠᠬᠤᠶᠢᠯᠠᠯ ᠡᠷᠬᠢᠯᠡᠬᠦ ᠬᠤᠭᠤᠴᠠᠭ᠎ᠠ ᠶᠢ 3 ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠪᠠ᠃ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ | ᠨᠡᠶᠢᠭᠡᠮ ᠤᠨ ᠢᠲᠡᠭᠡᠮᠵᠢ ᠶᠢᠨ ᠲᠣᠭᠳᠠᠯᠴᠠᠭ᠎ᠠ ᠶᠢ ᠪᠠᠶᠢᠭᠤᠯᠤᠨ᠂ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠭᠠᠴᠠᠭᠠᠨ ᠤ | ᠬᠠᠮᠲᠤ ᠶᠢᠨ ᠠᠵᠤ ᠠᠬᠤᠢ ᠲᠠᠰᠤᠷᠠᠯᠲᠠ ᠦᠭᠡᠢ ᠪᠤᠵᠠᠭᠠᠶᠢᠷᠠᠪᠠ᠃ | ᠭᠠᠳᠠᠭᠰᠢ ᠨᠡᠭᠡᠭᠡᠯᠲᠡ ᠤᠯᠠᠮ ᠨᠢᠭᠡ ᠠᠯᠬᠤᠮ ᠭᠦᠨᠵᠡᠭᠡᠶᠢᠷᠡᠪᠡ᠃ ︽3 + 3︾ ᠶᠠᠷᠢᠶᠠᠨ ᠤ ᠲᠠᠪᠴᠠᠩ ᠳᠤ | ᠠᠮᠵᠢᠯᠲᠠ ᠲᠠᠢ ᠣᠷᠣᠯᠴᠠᠵᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠪᠠᠶᠢᠯᠳᠤᠬᠤ | ᠪᠣᠳᠣᠯᠭ᠎ᠠ ᠳᠤ ᠪᠥᠬᠦ ᠲᠠᠯ᠎ᠠ ᠪᠠᠷ ᠠᠭᠤᠰᠤᠯᠴᠠᠵᠤ᠂ ᠰᠢᠯᠢ ᠶᠢᠨ ᠭᠤᠤᠯ ᠤᠯᠠᠭᠠᠨᠬᠠᠳᠠ ᠲᠦᠩᠯᠢᠶᠣᠤ ᠶᠢᠨ ᠠᠵᠤ | ᠠᠬᠤᠶ ᠶᠢᠨ ᠣᠷᠣᠨ ᠤ ᠲᠥᠯᠥᠪᠵᠢᠭᠦᠯᠭᠡ ᠶᠢ ᠶᠡᠭᠡ ᠪᠠᠷ ᠨᠠᠶᠢᠳᠠᠪᠤᠷᠢᠵᠢᠭᠤᠯᠵᠤ᠂ ᠮᠣᠩᠭᠤᠯ ᠤᠯᠤᠰ ᠤᠨ ᠵᠡᠭᠦᠨ | ᠬᠡᠰᠡᠭ ᠤᠨ ᠭᠤᠷᠪᠠᠨ ᠮᠤᠵᠢ ᠪᠣᠯᠤᠨ ᠪᠡᠭᠡᠵᠢᠩ ᠲᠢᠶᠠᠨᠵᠢᠨ ᠾᠧᠪᠸᠢ᠂ ᠰᠢᠯᠢ ᠶᠢᠨ ᠭᠤᠤᠯ ᠤᠯᠠᠭᠠᠨᠬᠠᠳᠠ | ᠲᠦᠩᠯᠢᠶᠣᠤ ᠵᠡᠷᠭᠡ ᠭᠠᠵᠠᠷ ᠣᠷᠣᠨ ᠤ ᠬᠠᠮᠲᠤᠷᠠᠯᠴᠠᠭ᠎ᠠ ᠨᠠᠩ ᠨᠢᠭᠲᠠ ᠪᠣᠯᠪᠠ᠃ ︽ᠬᠢᠯᠢ ᠶᠢᠨ ᠴᠣᠩᠬᠤ︾ ᠶᠢᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠵᠡᠭᠦᠨ ᠬᠠᠲᠠᠪᠴᠢ ᠪᠣᠭᠤᠮᠲᠠ ᠶᠢᠨ | ᠠᠩᠬᠠᠳᠤᠭᠠᠷ ᠬᠤᠭᠤᠴᠠᠭᠠᠨ ᠤ ᠬᠢᠯᠢ ᠶᠢᠨ ᠠᠷᠠᠳ ᠤᠨ ᠵᠠᠬ᠎ᠠ ᠶᠢᠨ ᠲᠠᠸᠠᠷ ᠤᠨ ᠰᠣᠯᠢᠯᠴᠠᠭᠠᠨ ᠤ ᠴᠤᠭᠯᠠᠭᠠᠨ ᠪᠠ | ᠳᠤᠮᠳᠠᠳᠤ ᠮᠣᠩᠭᠤᠯ ᠤᠨ ᠦᠵᠡᠰᠬᠦᠯᠡᠩ ᠢ ᠠᠮᠵᠢᠯᠲᠠ ᠲᠠᠢ ᠡᠷᠬᠢᠯᠡᠪᠡ᠃ ︽ᠭᠤᠷᠪᠠᠨ ᠬᠠᠷᠢᠯᠴᠠᠬᠤ︾ | ᠪᠣᠭᠤᠮᠲᠠ ᠪᠠᠷ ᠦᠩᠭᠡᠷᠡᠬᠦ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ ᠪᠣᠭᠤᠮᠲᠠ ᠶᠢᠨ ᠠᠵᠤ ᠠᠬᠤᠶᠢᠯᠠᠯ ᠳᠤ | ᠬᠤᠯᠪᠣᠭᠳᠠᠬᠤ ᠰᠦᠢᠳᠬᠡᠯ ᠬᠤᠷᠢᠶᠠᠬᠤ ᠲᠥᠷᠥᠯ ᠵᠦᠢᠯ ᠢ ᠴᠡᠭᠴᠡᠯᠡᠵᠣ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ | ᠣᠷᠴᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤ ᠪᠠᠷ | ᠦᠢᠯᠡᠴᠢᠯᠡᠬᠦ︾ ᠨᠣᠷᠮ᠎ᠠ ᠶᠢ 100% ᠳᠤ ᠬᠦᠷᠬᠡᠪᠡ᠃ ᠵᠡᠭᠦᠨ ᠬᠠᠲᠠᠪᠴᠢ ᠪᠣᠭᠤᠮᠲᠠ ᠶᠢᠨ ᠥᠪᠡᠷᠲᠡᠭᠡᠨ ᠵᠠᠰᠠᠬᠤ | ᠣᠷᠣᠨ ᠤ ᠲᠡᠰ ᠤᠨ ᠨᠡᠬᠡᠬᠡᠨ ᠭᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠪᠠ ᠬᠢᠯᠢ ᠶᠢᠨ | ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ | ᠲᠡᠮᠦᠷ ᠵᠠᠮ ᠤᠨ ᠪᠣᠭᠤᠮᠲᠠ ᠶᠢ ᠪᠦᠳᠦᠬᠡᠨ ᠪᠠᠶᠢᠭᠤᠯᠣᠯᠳᠠ ᠶᠢ ᠲᠡᠭᠡᠭᠰᠢ ᠮᠡᠳᠡᠭᠦᠯᠬᠦ ᠪᠠ᠂ ᠬᠢᠯᠢ ᠠᠯᠤᠰᠯᠠᠭᠰᠠᠨ ᠲᠡᠮᠦᠷ | ᠵᠠᠮ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠬᠦᠯᠪᠡ᠃ ᠬᠤᠰᠢᠭᠤ | ᠠᠷᠠᠯᠵᠢᠶ᠎ᠠ ᠶᠢ ᠠᠬᠢᠭᠤᠯᠬᠤ ᠵᠥᠪᠯᠡᠯ ᠨᠢ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ | ᠬᠤᠳᠠᠯᠳᠤᠭᠠᠴᠢᠳ ᠤᠨ ᠡᠪᠯᠡᠯ ᠤᠨ ᠬᠡᠷᠡᠭ ᠡᠷᠬᠢᠯᠡᠭᠴᠢ ᠨᠢᠭᠡᠴᠢ ᠪᠠᠷ ᠰᠣᠩᠭᠤᠭᠳᠠᠵᠤ᠂ ATA ᠭᠠᠭᠴᠠ ᠦᠨᠡᠮᠯᠡᠯ | ᠢᠶᠠᠷ ᠬᠦᠢᠴᠡᠳᠬᠡᠬᠦ ᠲᠤᠬᠠᠶᠢᠯᠠᠭᠰᠠᠨ ᠠᠵᠢᠯ ᠤᠨ ᠡᠷᠬᠡ ᠣᠯᠭᠤᠯᠲᠠ ᠶᠢ ᠣᠯᠵᠤ᠂ ᠪᠥᠬᠦ ᠤᠯᠤᠰ ᠤᠨ ᠴᠣᠷ ᠤᠨ | ᠭᠠᠭᠴᠠ ᠬᠤᠰᠢᠭᠤ ᠰᠢᠶᠠᠨ ᠤ ᠱᠠᠲᠤᠨ ᠤ ATA ᠭᠠᠭᠴᠠ ᠦᠨᠡᠮᠯᠡᠯ ᠢᠶᠠᠷ ᠬᠦᠢᠴᠡᠳᠬᠡᠬᠦ ᠸᠢᠰᠠ ᠶᠢᠨ | ᠪᠠᠶᠢᠭᠤᠯᠤᠮᠵᠢ ᠪᠣᠯᠤᠭᠰᠠᠨ ᠪᠠᠶᠢᠨ᠎ᠠ᠃ ᠪᠣᠭᠤᠮᠳᠠ ᠪᠠᠷ ᠣᠷᠣᠵᠤ ᠭᠠᠷᠬᠤ ᠬᠦᠮᠦᠨ᠂ ᠲᠡᠷᠭᠡ ᠬᠥᠰᠬᠡ ᠵᠢᠯ ᠳᠠᠷᠠᠭᠠᠯᠠᠨ | ᠨᠡᠮᠡᠭᠳᠡᠵᠦ᠂ ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠣᠯᠠᠰᠢᠷᠠᠵᠤ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭ᠎ᠠ ᠨᠡᠶᠢᠳᠡ 595.64 ᠲᠦᠮᠡᠨ ᠲᠣᠨ ᠳᠤ ᠬᠦᠷᠴᠦ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠦᠷᠳᠡᠭ 36.85 ᠳ᠋ᠦᠩᠰᠢᠭᠤᠷ ᠳ᠋ᠣᠯᠯᠠᠷ ᠢ ᠳᠠᠪᠠᠪᠠ᠃ | ᠲᠠᠪᠤ᠂ ᠠᠮᠢ ᠠᠬᠤᠶ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠨᠠᠩ ᠳᠡᠭᠡᠭᠰᠢᠯᠡᠪᠡ | ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠯ ᠨᠥᠬᠦᠪᠥᠷᠢ᠂ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠣᠯᠠᠬᠤ ᠵᠡᠷᠭᠡ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ︽ᠮᠠᠯ ᠠᠵᠤ ᠠᠬᠤᠢ ᠮᠠᠯᠵᠢᠬᠤ ᠣᠷᠣᠨ᠂ ᠮᠠᠯᠴᠢᠳ | ︾ ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠯᠡᠰᠦᠷᠬᠡᠭ ᠭᠠᠵᠠᠷ ᠲᠤ ᠬᠤᠨᠢ ᠮᠠᠯᠵᠢᠬᠤ | ᠶᠢ ᠴᠠᠭᠠᠵᠠᠯᠠᠬᠤ᠂ ᠡᠯᠡᠰᠦᠨ ᠰᠣᠷᠪᠣᠯᠵᠢ ᠶᠢ ᠵᠠᠰᠠᠬᠤ᠂ ᠤᠯᠠᠭᠠᠢ ᠭᠤᠣᠯ ᠤᠨ ᠣᠰᠣᠨ ᠰᠤᠷᠪᠤᠯᠵᠢ ᠶᠢ ᠬᠠᠮᠠᠭᠠᠯᠠᠬᠤ | ᠣᠢ ᠪᠠ ᠣᠷᠴᠢᠨ ᠲᠣᠭᠤᠷᠢᠨ ᠢ ᠵᠠᠰᠠᠬᠤ ᠵᠡᠷᠭᠡ ᠢᠨᠵᠧᠨᠧᠷᠢᠩ ᠢ ᠴᠢᠨᠠᠷ ᠰᠠᠶᠢᠲᠠᠢ ᠬᠡᠷᠡᠭᠵᠢᠭᠦᠯᠵᠦ᠂ ᠡᠯᠡᠰᠦᠷᠬᠡᠭ | ᠭᠠᠵᠠᠷ ᠤᠨ ᠤᠷᠭᠤᠮᠠᠯ ᠬᠤᠴᠢᠯᠭ᠎ᠠ ᠶᠢᠨ ᠪᠦᠷᠬᠦᠴᠡ 50% ᠠᠴᠠ ᠳᠠᠪᠠᠵᠣ᠂ ᠲᠠᠯ᠎ᠠ ᠨᠤᠲᠤᠭ ᠤᠨ ᠤᠷᠭᠤᠮᠠᠯ | ᠬᠤᠴᠢᠯᠭ᠎ᠠ ᠶᠢᠨ ᠪᠦᠷᠬᠦᠴᠡ 27% ᠪᠠᠷ ᠳᠡᠭᠡᠭᠰᠢᠯᠡᠵᠦ᠂ ᠡᠪᠡᠰᠦ ᠪᠡᠯᠴᠢᠭᠡᠷ ᠤᠨ ᠳᠤᠮᠳᠠᠴᠢ ᠥᠨᠳᠥᠷᠴᠡ 36.9 | ᠰᠡᠨᠲ᠋ᠢᠮᠧᠲᠷ ᠲᠤ ᠬᠦᠷᠴᠦ᠂ ᠣᠢ ᠰᠢᠭᠤᠢ ᠶᠢᠨ ᠪᠦᠷᠬᠦᠴᠡ 3.01% ᠳᠤ ᠬᠥᠷᠪᠡ᠃ 75.% ᠤᠨ ᠤᠯᠤᠰ ᠤᠨ | ᠨᠤᠲᠤᠭ ᠳᠡᠪᠢᠰᠬᠡᠷ ᠢ ᠠᠮᠢ ᠠᠬᠤᠶ ᠶᠢᠨ ᠣᠯᠠᠭᠠᠨ ᠱᠤᠭᠤᠮ ᠤᠨ ᠬᠡᠪᠴᠢᠶᠡᠨ ᠳᠤ ᠣᠷᠣᠭᠤᠯᠵᠤ᠂ ᠵᠡᠭᠦᠨ | ᠦᠵᠦᠮᠦᠴᠢᠨ ᠬᠤᠰᠢᠭᠤᠨ ᠤ ᠤᠯᠤᠰ ᠤᠨ ᠭᠤᠣᠯᠳᠠᠯᠭᠠᠳᠣ ᠠᠮᠢ ᠠᠬᠤᠶ ᠶᠢᠨ ᠴᠢᠳᠠᠮᠵᠢᠳᠤ ᠣᠷᠣᠨ ᠳᠠᠬᠢ ᠠᠵᠤ | ᠦᠢᠯᠡᠰ ᠤᠨ ᠵᠦᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠬᠡᠷᠡᠭᠵᠢᠭᠦᠯᠵᠦ᠂ ᠵᠡᠭᠦᠨ | ᠦᠵᠦᠮᠦᠴᠢᠨ ᠤ ᠲᠠᠯ᠎ᠠ ᠨᠤᠲᠤᠭ᠂ ᠤᠯᠠᠭᠠᠶ ᠶᠢᠨ ᠲᠠᠯ᠎ᠠ ᠨᠤᠲᠤᠭ ᠢ ᠤᠯᠤᠰ ᠤᠨ ᠠᠩᠬᠠᠨ ᠤ ᠡᠬᠡᠯᠵᠢ ᠶᠢᠨ ᠲᠠᠯ᠎ᠠ | ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠨᠡᠷᠡᠰ ᠲᠤ | ᠣᠷᠣᠭᠤᠯᠪᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠠᠷᠣᠬᠠᠳᠠ ᠠᠭᠤᠷᠬᠠᠶ ᠶᠢᠨ ᠦᠢᠯᠡᠰ ᠢ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ᠂ ᠪᠦᠬᠦ ᠠᠶᠢᠮᠠᠭ ᠲᠤ | ᠬᠠᠮᠤᠭ ᠲᠡᠷᠢᠭᠦᠨ ᠤ 5G ᠦᠩᠭᠡᠳᠣ ᠲᠡᠮᠦᠷᠯᠢᠭ ᠤᠨ ᠠᠭᠤᠷᠬᠠᠶ ᠶᠢᠨ ᠦᠢᠯᠡᠰ ᠪᠤᠯᠵᠦ᠂ ᠬᠤᠸᠠᠨᠣᠳ ᠦᠩᠭᠡᠳᠣ | ᠲᠡᠮᠦᠷᠯᠢᠭ ᠤᠨ ᠠᠭᠤᠷᠬᠠᠶ᠂ ᠡᠵᠢ ᠨᠠᠭᠤᠷ ᠳᠠᠪᠤᠰᠤᠨ ᠲᠠᠯᠠᠪᠠᠶ᠂ ᠰᠢᠯᠢᠨ ᠷᠦᠩ ᠭᠤᠸᠠᠨ ᠠᠭᠤᠷᠬᠠᠶ ᠶᠢᠨ ᠦᠢᠯᠡᠰ᠂ | ᠸᠣᠯᠹᠷᠠᠮ ᠤᠨ ᠠᠭᠤᠷᠬᠠᠶ᠂ ᠥᠩᠲᠦ ᠨᠡᠭᠦᠷᠡᠰᠦᠨ ᠠᠭᠤᠷᠬᠠᠶ ᠵᠡᠷᠭᠡ ᠵᠢᠷᠭᠤᠭᠠᠨ ᠠᠭᠤᠷᠬᠠᠶ ᠪᠠ ᠳᠤᠮᠳᠠᠳᠤ | ᠤᠯᠤᠰ ᠤᠨ ᠴᠢᠯᠠᠭᠤᠨ ᠲᠣᠰᠣ᠂ ᠬᠤᠩ ᠪᠥᠸᠧ᠂ ᠵᠥᠩ ᠺᠠᠩ ᠵᠡᠷᠭᠡ ᠭᠤᠷᠪᠠᠨ ᠴᠢᠯᠠᠭᠤᠨ ᠲᠣᠰᠣ ᠰᠢᠲᠠᠮᠠᠬᠠᠶ ᠬᠡᠶ | ᠨᠡᠭᠡᠭᠡᠨ ᠮᠠᠯᠲᠠᠬᠤ ᠣᠷᠣᠨ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠬᠢᠨᠠᠨ | ᠲᠤᠭᠲᠠᠭᠠᠭᠳᠠᠵᠣ᠂ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠵᠡᠷᠭᠡ ᠬᠢᠵᠠᠭᠠᠷᠳᠠᠮᠠᠯ ᠭᠦᠢᠴᠡᠳᠬᠡᠯ | ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠬᠦᠷᠭᠡᠪᠡ᠃ ᠭᠤᠣᠯ ︵ᠨᠠᠭᠤᠷ︶ ᠤᠨ ᠳᠠᠷᠤᠭ᠎ᠠ ᠶᠢᠨ | ᠲᠦᠷᠢᠮ ᠤᠨ ᠠᠵᠢᠯ ᠢ ᠭᠦᠨᠵᠡᠭᠡᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠪᠠᠶᠢᠩᠭᠤᠵᠢᠭᠤᠯᠤᠨ | ᠲᠣᠭᠤᠷᠢᠨ ᠪᠠᠶᠢᠴᠠᠭᠠᠬᠤ ᠪᠠ ︽ᠲᠦᠷᠪᠡᠨ ᠪᠠᠶᠢᠳᠠᠯ ᠢ ᠠᠷᠢᠯᠭᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ | ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ 7 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃ | ᠪᠥᠬᠦ ᠬᠤᠰᠢᠭᠤᠨ ᠤ ᠭᠠᠵᠠᠷ ᠳᠣᠤᠷᠠᠬᠢ ᠤᠰᠤᠨ ᠤ ᠬᠢᠨᠠᠨ ᠡᠵᠡᠮᠰᠢᠯ ᠤᠨ ᠲᠠᠪᠴᠠᠩ ᠢ ᠲᠡᠭᠦᠯᠳᠡᠷᠵᠢᠭᠦᠯᠵᠦ᠂ ᠭᠠᠵᠠᠷ | ᠳᠣᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠪᠠ᠃ | ᠵᠢᠷᠭᠤᠭ᠎ᠠ᠂ ᠬᠤᠲᠠ ᠬᠥᠳᠡᠭᠡ ᠵᠣᠬᠢᠴᠠᠩᠭᠤᠢ ᠭᠦᠭᠵᠢᠭᠰᠡᠨ ᠰᠢᠨ᠎ᠡ ᠪᠠᠶᠢᠳᠠᠯ ᠢᠯᠡᠷᠡᠪᠡ | ᠬᠤᠲᠠ ᠪᠠᠯᠭᠠᠰᠤᠨ ᠤ ᠴᠢᠨᠠᠷ ᠴᠢᠨᠰᠠᠭ᠎ᠠ ᠡᠳᠦᠷ ᠢᠷᠡᠬᠦᠶ᠎ᠡ ᠳᠡᠭᠡᠭᠰᠢᠯᠡᠪᠡ᠃ ᠬᠤᠲᠠ ᠪᠠᠯᠭᠠᠰᠣ ᠶᠢ | ᠲᠦᠯᠦᠪᠵᠢᠭᠦᠯᠦᠨ ᠪᠠᠶᠢᠭᠤᠯᠬᠤ ᠬᠠᠮᠢᠶᠠᠷᠤᠯᠲᠠ ᠶᠢ ᠲᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ︽ᠭᠠᠳᠠᠭᠰᠢ ᠦᠷᠭᠡᠳᠬᠡᠬᠦ ᠶᠢ ᠬᠢᠵᠠᠭᠠᠷᠯᠠᠬᠤ᠂ | ᠳᠣᠲᠣᠭᠠᠳᠤ ᠠᠭᠤᠯᠬᠤᠨ ᠢ ᠪᠠᠶᠠᠯᠢᠭᠵᠢᠭᠤᠯᠬᠤ᠂ ᠣᠨᠴᠠᠯᠢᠭ ᠢ ᠳᠣᠪᠤᠶᠢᠯᠭᠠᠬᠤ᠂ ᠣᠷᠣᠰᠢᠨ ᠰᠠᠭᠤᠷᠢᠰᠢᠬᠤ ᠳᠤ | ᠲᠣᠬᠢᠯᠢᠭ ᠪᠠᠶᠢᠬᠤ︾ ᠣᠶᠢᠯᠠᠭᠠᠭᠳᠠᠬᠤᠨ ᠶᠣᠰᠣᠭᠠᠷ᠂ ᠲᠠᠪᠤᠨ ᠵᠢᠯ ᠳᠤ ᠨᠡᠶᠢᠲᠡ 21.2 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠬᠤᠲᠠ ᠪᠠᠯᠭᠠᠰᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠴᠢᠨᠠᠷ ᠰᠠᠶᠢᠲᠠᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠵᠢᠷᠭᠤᠭᠠᠨ ᠠᠭᠤᠳᠠᠮ ᠲᠠᠯᠠᠪᠠᠢ ᠨᠢᠭᠡ ᠨᠠᠭᠤᠷ | ᠨᠢᠭᠡ ᠲᠥᠪ︾ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠪᠦᠷᠢᠯᠳᠦᠭᠦᠯᠵᠦ᠂ ᠬᠤᠲᠠ ᠪᠠᠯᠭᠠᠰᠤᠨ ᠤ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ᠂ ᠡᠪᠡᠰᠦᠯᠢᠭ ᠭᠠᠵᠠᠷ ᠤᠨ ᠨᠣᠷᠮ᠎ᠠ᠂ ᠬᠥᠮᠦᠨ ᠳᠤᠮᠳᠠᠴᠢ ᠶᠢᠨ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ ᠲᠣᠰᠪᠣᠷᠢ 31.07%᠂ 32% ᠪᠠ 31.53 ᠲᠡᠭᠰᠢ | ᠳᠥᠷᠪᠡᠯᠵᠢᠨ ᠮᠧᠲᠷ ᠲᠤ ᠬᠦᠷᠴᠦ᠂ ᠣᠷᠢᠳ ᠬᠤᠵᠢᠳ ︽ᠣᠯᠣᠰ ᠤᠨ ᠡᠷᠡᠬᠦᠯ ᠬᠠᠮᠠᠭᠠᠯᠠᠯ ᠤᠨ ᠬᠤᠳᠠ | ᠪᠠᠯᠭᠠᠰᠣ》᠂《 ᠦᠪᠡᠷᠳᠡᠭᠡᠨ ᠵᠠᠰᠠᠬᠤ ᠣᠷᠣᠨ ᠤ ᠪᠣᠯᠪᠠᠰᠣᠨ ᠬᠤᠳᠠ ᠪᠠᠯᠭᠠᠰᠣ︾ ᠪᠠᠷ ᠦᠨᠡᠯᠡᠭᠳᠡᠪᠡ᠃ | ᠬᠠᠳᠠᠪᠴᠢ ᠪᠠᠯᠭᠠᠰᠤ ᠪᠠᠷ ᠭᠤᠤᠯ ᠴᠣᠭᠴᠠ ᠪᠣᠯᠭᠠᠭᠰᠠᠨ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ︾ ᠠᠵᠢᠯᠯᠠᠭ᠎ᠠ ᠶᠢᠨ ᠲᠥᠪ ᠬᠤᠲᠠ ᠪᠠᠯᠭᠠᠰᠤ ᠶᠢᠨ ᠲᠤᠷᠰᠢᠯᠲᠠ ᠶᠢᠨ ᠴᠡᠭ ᠢᠶᠠᠷ ᠭᠤᠶᠤᠴᠢᠯᠠᠨ | ᠮᠡᠳᠡᠭᠦᠯᠵᠦ᠂ ᠲᠤᠷᠰᠢᠯᠲᠠ ᠶᠢᠨ ᠴᠡᠭ ᠢ ᠪᠥᠲᠥᠭᠡᠨ ᠪᠠᠶᠢᠭᠤᠯᠬᠤ ᠲᠥᠰᠦᠯ ᠢ ᠨᠢᠭᠡᠨᠲᠡ ᠤᠯᠤᠰ ᠤᠨ ᠬᠦᠭᠵᠢᠭᠦᠯᠦᠯᠲᠡ | ᠪᠠ ᠦᠭᠡᠷᠡᠴᠢᠯᠡᠯᠲᠡ ᠶᠢᠨ ᠵᠦᠪᠯᠡᠯ ᠳᠤ ᠮᠡᠳᠡᠭᠦᠯᠪᠡ᠃ | ᠮᠠᠯᠵᠢᠬᠤ ᠣᠷᠣᠨ ᠢ ᠴᠡᠴᠡᠭᠯᠡᠨ ᠬᠦᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠮᠠᠯᠵᠢᠬᠤ | ᠣᠷᠣᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠲᠣᠭᠲᠠᠭᠠᠵᠤ᠂ ᠮᠠᠯᠵᠢᠬᠤ ᠣᠷᠣᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠳᠦᠷᠢᠮ ᠤᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢᠨ ᠠᠵᠢᠯ ᠢ ᠤᠷᠤᠭᠰᠢᠲᠠᠢ | ᠠᠬᠢᠭᠤᠯᠵᠤ᠂ ᠬᠠᠮᠲᠤ ᠶᠢᠨ ᠠᠵᠤ ᠠᠬᠤᠢ ᠦᠭᠡᠢ ᠭᠠᠴᠠᠭ᠎ᠠ ᠶᠢ ᠪᠦᠬᠦᠨ ᠢ ᠴᠡᠪᠡᠷᠯᠡᠵᠦ᠂ ᠭᠠᠴᠠᠭᠠᠨ ᠤ ᠬᠠᠮᠲᠤ ᠶᠢᠨ | ᠠᠵᠤ ᠠᠬᠤᠢ ᠶᠢᠨ ᠣᠷᠣᠯᠭ᠎ᠠ 100 ᠲᠦᠮᠡᠨ ᠲᠥᠭᠦᠷᠢᠭ᠂ 50 ᠲᠦᠮᠡᠨ ᠲᠥᠭᠦᠷᠢᠭ ᠪᠠ 10 ᠲᠦᠮᠡᠨ | ᠲᠥᠭᠦᠷᠢᠭ ᠠᠴᠠ ᠳᠠᠪᠠᠭᠰᠠᠨᠲ᠋ᠣᠰᠪᠣᠷᠢ 1.6%᠂ 11.6% ᠪᠠ 67.8% ᠳᠤ ᠬᠦᠷᠪᠡ᠃ ᠮᠠᠯᠵᠢᠬᠤ ᠣᠷᠣᠨ ᠤ | ᠰᠠᠭᠤᠷᠢᠰᠢᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠨ | ᠬᠡᠷᠡᠭᠵᠢᠭᠦᠯᠵᠦ᠂ ᠮᠠᠯᠵᠢᠬᠤ ᠣᠷᠣᠨ ᠤ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︽1 + 6︾ | ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠮᠠᠯᠵᠢᠬᠤ ᠣᠷᠣᠨ ᠤ ᠵᠠᠰᠠᠯᠲᠠ ᠶᠢᠨ ᠲᠣᠭᠳᠠᠯᠴᠠᠭ᠎ᠠ ᠶᠢᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠤᠲᠤᠭ ᠤᠨ ᠰᠤᠷᠲᠠᠯ ᠪᠣᠯᠪᠠᠰᠤᠨ ᠢ ᠳᠡᠭᠡᠭᠰᠢᠯᠡᠭᠦᠯᠬᠦ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠦᠨ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ 76.4% ᠳᠤ ᠬᠦᠷᠴᠦ᠂ ᠮᠠᠯᠴᠢᠳ ᠤᠨ ᠠᠮᠢᠳᠤᠷᠠᠯ ᠤᠨ ᠴᠢᠨᠠᠷ ᠴᠢᠨᠰᠠᠭ᠎ᠠ ᠢᠯᠡᠳᠲᠡ | ᠳᠡᠭᠡᠭᠰᠢᠯᠡᠪᠡ᠃ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠠᠩᠬᠠᠳᠣᠭᠠᠷ ᠪᠦᠯᠦᠭ ᠤᠨ ᠪᠥᠬᠦ | ᠤᠯᠤᠰ ᠤᠨ ᠮᠠᠯᠵᠢᠬᠤ ᠣᠷᠣᠨ ᠤ ᠵᠠᠰᠠᠯᠲᠠ ᠶᠢᠨ ᠲᠣᠭᠳᠠᠯᠴᠠᠭᠠᠨ ᠤ ᠪᠠᠶᠢᠭᠤᠯᠤᠯᠲᠠ ᠶᠢᠨ ᠲᠤᠷᠰᠢᠯᠲᠠ ᠶᠢᠨ ᠴᠡᠭ | ᠤᠨ ᠵᠢᠱᠢᠶ᠎ᠡ ᠦᠵᠡᠭᠦᠯᠬᠦ ᠨᠢᠭᠡᠴᠢ ᠪᠠᠷ ᠲᠣᠭᠲᠠᠭᠠᠪᠠ᠃ | ᠬᠤᠶᠠᠳᠤᠭᠠᠷ ᠬᠡᠰᠡᠭ ᠬᠥᠭᠵᠢᠯᠲᠡ ᠶᠢᠨ ᠣᠷᠴᠢᠨ ᠲᠣᠭᠤᠷᠢᠨ | ᠣᠳᠣᠬᠠᠨ ᠳᠤ ᠲᠡᠯᠡᠬᠡᠢ ᠳ᠋ᠠᠬᠢᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠡᠬᠦᠰᠴᠦ᠂ | ᠬᠢᠵᠢᠭ ᠳᠡᠯᠭᠡᠷᠡᠵᠦ᠂ ᠠᠵᠤ ᠦᠢᠯᠡᠰ ᠤᠨ ᠬᠡᠯᠬᠢᠶᠡᠰᠣ ᠪᠠ ᠬᠠᠩᠭᠠᠯᠭ᠎ᠠ ᠶᠢᠨ ᠲᠡᠯ᠎ᠡ ᠪᠠᠷ ᠬᠦᠴᠢᠷᠳᠡᠵᠣ᠂ ᠳᠡᠯᠡᠬᠡᠶ ᠶᠢᠨ | ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠣᠯᠠᠨ ᠲᠣᠭᠲᠠᠪᠤᠷᠢ ᠥᠬᠡᠶ ᠬᠦᠴᠦᠨ ᠵᠦᠢᠯ ᠢ ᠠᠪᠴᠢᠷᠠᠪᠠ᠃ | ᠬᠡᠳᠦ᠋ᠢᠪᠡᠷ ᠮᠠᠨ ᠤ ᠤᠯᠤᠰ ᠤᠨ ᠠᠵᠤ ᠠᠬᠤᠶ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠰᠢᠯᠵᠢᠵᠦ᠂ | ᠶᠡᠷᠦᠩᠬᠡᠶ ᠪᠠᠶᠢᠳᠠᠯ ᠰᠠᠶᠢᠵᠢᠷᠠᠵᠣ ᠪᠠᠶᠢᠭ᠎ᠠ ᠪᠣᠯᠪᠠᠴᠤ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠲᠠᠰᠤᠷᠠᠯᠲᠠ | ᠥᠬᠡᠶ ᠨᠡᠮᠡᠭᠳᠡᠵᠦ᠂ ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠣᠷᠣᠭᠤᠯᠬᠤ ᠪᠠ | ᠡᠵᠡᠩᠨᠡᠯᠲᠡ ᠶᠢᠨ ᠢᠲᠡᠭᠡᠯ ᠢ ᠨᠥᠯᠥᠭᠡᠯᠡᠵᠦ ᠪᠠᠶᠢᠨ᠎ᠠ᠃ ᠡᠶᠢᠮᠦ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠡᠷᠬᠡᠪᠰᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ | ᠪᠠᠶᠢᠳᠠᠯ᠂ ᠰᠢᠨ᠎ᠡ ᠣᠨᠴᠠᠯᠢᠭ᠂ ᠰᠢᠨ᠎ᠡ ᠬᠠᠨᠳᠤᠰᠢ ᠪᠣᠯᠤᠨ ᠰᠢᠨ᠎ᠡ ᠡᠭᠦᠷᠭᠡ ᠶᠢ ᠭᠦᠢᠴᠡᠳ ᠪᠣᠳᠣᠯᠬᠢᠯᠠᠵᠤ᠂ | ᠬᠤᠰᠢᠭᠤᠨ ᠤ ᠪᠠᠶᠢᠳᠠᠯ ᠳᠤ ᠰᠠᠭᠤᠷᠢᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠩ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | ᠨᠢᠭᠡ᠂ ᠬᠦᠭᠵᠢᠯᠲᠡ ᠶᠢᠨ ᠳᠠᠪᠠᠭᠤᠯᠢᠭ | ᠡᠬᠢ ᠪᠠᠶᠠᠯᠢᠭ ᠤᠨ ᠳᠠᠪᠠᠭᠤᠯᠢᠭ᠃ ᠮᠠᠨ ᠤ ᠬᠤᠰᠢᠭᠤ ᠰᠢᠯᠢ ᠶᠢᠨ ᠭᠤᠣᠯ ᠤᠨ ᠲᠠᠯ᠎ᠠ ᠨᠤᠲᠤᠭ ᠤᠨ ᠭᠤᠣᠯ | ᠳᠤ ᠪᠠᠶᠢᠷᠢᠯᠠᠵᠤ᠂ ᠡᠬᠢ ᠪᠠᠶᠠᠯᠢᠭ ᠡᠯᠪᠡᠭ᠂ ᠴᠢᠨᠠᠷ ᠰᠠᠶᠢᠲᠠᠢ ᠪᠠᠶᠢᠭᠠᠯᠢᠯᠢᠭ ᠲᠠᠯ᠎ᠠ ᠨᠣᠳᠤᠭ ᠤᠨ ᠲᠠᠯᠠᠪᠠᠢ 7100 | ᠲᠦᠮᠡᠨ ᠮᠦ ᠳᠤ ᠬᠦᠷᠴᠦ᠂ ᠲᠠᠯ᠎ᠠ ᠨᠤᠲᠤᠭ ᠤᠨ ᠠᠰᠢᠭᠯᠠᠵᠤ ᠪᠣᠯᠬᠤ ᠲᠠᠯᠠᠪᠠᠢ ᠪᠦᠬᠦ ᠣᠷᠣᠨ ᠤ 6% ᠶᠢ ᠡᠵᠡᠯᠡᠵᠦ | ᠂ 890 ᠭᠠᠷᠤᠢ ᠵᠦᠢᠯ ᠤᠨ ᠪᠠᠶᠢᠭᠠᠯᠢᠯᠢᠭ ᠬᠡᠭᠡᠷ᠎ᠡ ᠶᠢᠨ ᠤᠷᠭᠤᠮᠠᠯ ᠲᠠᠢ᠂ ᠵᠢᠯ ᠳᠤ 3 ᠳ᠋ᠦᠩᠰᠢᠭᠤᠷ ᠺᠢᠯᠣᠭ᠍ᠷᠠᠮ | ᠴᠢᠨᠠᠷ ᠰᠠᠶᠢᠲᠠᠢ ᠪᠠᠶᠢᠭᠠᠯᠢᠯᠢᠭ ᠪᠡᠯᠴᠢᠭᠡᠷ ᠣᠷᠭᠤᠳᠠᠭ᠃ ᠨᠡᠭᠦᠷᠡᠰᠦᠨ ᠤ ᠡᠬᠢ ᠪᠠᠶᠠᠯᠢᠭ ᠤᠨ ᠬᠠᠳᠠᠭᠠᠯᠠᠭᠳᠠᠴᠠ | 600 ᠳ᠋ᠦᠩᠰᠢᠭᠤᠷ ᠲᠣᠨ ᠳᠤ ᠬᠦᠷᠴᠦ᠂ ᠴᠢᠯᠠᠭᠤᠨ ᠲᠣᠰᠣᠨ ᠤ ᠬᠠᠳᠠᠭᠠᠯᠠᠭᠳᠠᠴᠠ 3 ᠳ᠋ᠦᠩᠰᠢᠭᠤᠷ ᠲᠣᠨ ᠳᠤ | ᠬᠦᠷᠴᠦ᠂ ᠨᠢᠭᠡᠨᠳᠡ ᠬᠠᠶᠢᠵᠣ ᠢᠯᠡᠷᠡᠬᠦᠯᠦᠭᠰᠡᠨ ᠡᠯ᠎ᠡ ᠲᠥᠷᠥᠯ ᠤᠨ ᠲᠡᠮᠦᠷᠯᠢᠭ ᠤᠨ ᠠᠭᠤᠷᠬᠠᠶ 40 ᠭᠠᠷᠤᠶ ᠵᠦᠢᠯ | ᠪᠠᠶᠢᠵᠣ᠂ ᠵᠡᠭᠦᠨ ᠬᠤᠶᠢᠲᠤ ᠣᠷᠣᠨ ᠤ ᠡᠨᠧᠷᠭᠢ ᠶᠢᠨ ᠰᠤᠷᠪᠤᠯᠵᠢ ᠲᠠᠢ ᠵᠠᠯᠭᠠᠯᠳᠣᠵᠣ ᠪᠠᠶᠢᠨ᠎ᠠ᠃ ᠮᠠᠨ ᠤ ᠬᠤᠰᠢᠭᠤ | ᠨᠢ ᠬᠦᠨ ᠵᠣᠵᠠᠭᠠᠨ ᠤᠯᠠᠮᠵᠢᠯᠠᠯᠲᠤ ᠨᠡᠭᠦᠳᠡᠯ ᠰᠣᠶᠣᠯ ᠤᠨ ᠤᠯᠠᠮᠵᠢᠯᠠᠯ ᠲᠠᠢ᠂ ᠪᠣᠭᠳ᠋ᠬᠠᠭᠤᠯᠠ ᠪᠠ ᠵᠡᠭᠦᠨ | ᠦᠵᠦᠮᠦᠴᠢᠨ᠂ ᠤᠯᠠᠭᠠᠶ ᠬᠤᠶᠠᠷ ᠶᠡᠭᠡ ᠲᠠᠯ᠎ᠠ ᠨᠤᠲᠤᠭ ᠢ ᠨᠢᠭᠡᠨᠲᠡ ᠤᠯᠤᠰ ᠤᠨ ᠣᠶ ᠰᠢᠭᠤᠶ ᠪᠠ ᠲᠠᠯ᠎ᠠ | ᠨᠤᠲᠤᠭ ᠤᠨ ᠪᠠᠶᠢᠭᠠᠯᠢᠯᠢᠭ ᠴᠡᠴᠡᠷᠯᠢᠭ ᠲᠤ ᠣᠷᠣᠭᠤᠯᠵᠤ᠂ ᠤᠯᠠᠭᠠᠶ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ | ᠴᠢᠭᠢᠭᠯᠢᠭᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠲᠣᠪᠤᠶᠢᠮ᠎ᠠ ᠦᠷ᠎ᠡ | ᠪᠦᠲᠦᠮᠵᠢ ᠣᠯᠵᠤ᠂ ᠣᠯᠠᠨ ᠤᠯᠤᠰ ᠤᠨ ᠴᠢᠨᠠᠷᠲᠠᠶ ᠪᠠᠶᠢᠩᠭᠤ ᠨᠡᠭᠡᠭᠡᠯᠲᠡ ᠶᠢᠨ ᠵᠡᠭᠦᠨ ᠬᠠᠲᠠᠪᠴᠢ ᠬᠢᠯᠢ ᠶᠢᠨ | ᠪᠣᠭᠤᠮᠲᠠ ᠨᠢ ᠥᠪᠡᠷᠮᠢᠴᠡ ᠣᠨᠴᠠᠯᠢᠭ ᠲᠠᠢ ᠵᠠᠩ ᠦᠢᠯᠡ ᠶᠢᠨ ᠵᠢᠭᠤᠯᠴᠢᠯᠠᠯ ᠪᠠ ᠬᠢᠯᠢ ᠠᠯᠤᠰᠯᠠᠭᠰᠠᠨ | ᠵᠢᠭᠤᠯᠴᠢᠯᠠᠯ ᠤᠨ ᠳᠠᠪᠠᠭᠤᠯᠢᠭ ᠢ ᠪᠦᠷᠢᠯᠳᠦᠭᠦᠯᠪᠡ᠃ | ᠵᠠᠬ᠎ᠠ ᠳᠡᠯᠭᠡᠭᠦᠷ ᠬᠢᠭᠡᠳ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠃ ᠪᠣᠬᠢᠷᠲᠤᠯ ᠦᠭᠡᠶ᠂ ᠡᠷᠡᠭᠦᠯ | ᠮᠡᠨᠳᠦ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠲᠠᠰᠤᠷᠠᠯᠲᠠ ᠤᠢᠭᠡᠢ ᠥᠷᠭᠡᠳᠴᠦ᠂ ᠣᠨᠴᠠᠯᠢᠭᠲᠤ ᠵᠢᠭᠤᠯᠴᠢᠯᠠᠯ᠂ | ᠪᠣᠬᠢᠷᠲᠤᠯ ᠦᠭᠡᠶ ᠢᠳᠡᠭᠡᠨ ᠤ ᠵᠦᠢᠯ᠂ ᠡᠷᠡᠭᠦᠯ ᠮᠡᠨᠳᠦ ᠨᠠᠰᠣᠳᠠᠨ ᠤ ᠠᠰᠠᠷᠠᠮᠵᠢ ᠵᠡᠷᠭᠡ ᠶᠢᠨ ᠬᠡᠷᠡᠭᠴᠡᠭᠡ | ᠣᠯᠠᠰᠢᠷᠠᠵᠣ᠂ ᠰᠣᠶᠣᠯ᠂ ᠵᠢᠭᠤᠯᠴᠢᠯᠠᠯ᠂ ᠣᠨᠴᠠᠯᠢᠭᠲᠤ ᠲᠠᠷᠢᠵᠤ ᠲᠡᠵᠢᠭᠡᠬᠦ ᠠᠵᠤ ᠦᠢᠯᠡᠰ ᠢ ᠬᠥᠭᠵᠢᠭᠦᠯᠬᠦ ᠳᠤ | ᠯᠤᠲᠤ ᠶᠡᠭᠡ ᠵᠠᠬ᠎ᠠ ᠳᠡᠯᠭᠡᠭᠦᠷ ᠤᠨ ᠣᠷᠣᠨ ᠵᠠᠶ ᠶᠢ ᠬᠠᠩᠭᠠᠭᠰᠠᠨ ᠪᠠᠶᠢᠨ᠎ᠠ᠃ ᠵᠡᠭᠦᠨ ᠦᠵᠦᠮᠦᠴᠢᠨ ᠬᠤᠰᠢᠭᠤ ᠨᠢ | ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ᠂ ᠵᠡᠭᠦᠨ ᠬᠤᠶᠢᠲᠤ ᠣᠷᠣᠨ ᠢ | ᠨᠡᠬᠡᠬᠡᠨ ᠭᠦᠭᠵᠢᠭᠦᠯᠬᠦ ᠪᠠ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠡᠯ᠎ᠡ ᠵᠦᠢᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠳᠡᠵᠣ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠨᠠᠩ ᠢᠯᠡᠷᠬᠡᠶ ᠪᠣᠯᠪᠠ᠃ | ᠪᠣᠭᠤᠮᠲᠠ ᠶᠢᠨ ᠳᠠᠪᠠᠭᠤᠯᠢᠭ᠃ ᠵᠡᠭᠦᠨ ᠬᠠᠲᠠᠪᠴᠢ ᠪᠣᠭᠤᠮᠲᠠ ᠪᠣᠯ ᠣᠯᠠᠨ ᠤᠯᠤᠰ ᠤᠨ ᠴᠢᠨᠠᠷᠲᠠᠶ ᠪᠠᠶᠢᠩᠭᠤ | ᠨᠡᠭᠡᠭᠡᠯᠲᠡ ᠶᠢᠨ ᠬᠠᠭᠤᠷᠠᠶ ᠵᠠᠮ ᠤᠨ ᠪᠣᠭᠤᠮᠲᠠ ᠪᠣᠯᠤᠨ᠎ᠠ᠃ 2008 ᠣᠨ ᠳᠤ ᠥᠪᠡᠷᠲᠡᠭᠡᠨ ᠵᠠᠰᠠᠬᠤ ᠣᠷᠣᠨ ᠠᠴᠠ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠠᠷ ᠲᠣᠭᠲᠠᠭᠠᠵᠤ᠂ 2009 ᠣᠨ ᠳᠤ ︽ᠯᠢᠶᠣᠤᠨᠢᠩ ᠤᠨ ᠳᠠᠯᠠᠶ | ᠳᠠᠭᠠᠤ ᠠᠵᠤ ᠠᠬᠤᠶ ᠶᠢᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠭᠤᠷᠪᠠᠨ ᠵᠤᠷᠪᠤᠰ ᠡᠬᠡ | ᠬᠠᠭᠤᠷᠠᠢ ᠪᠠ ᠳᠠᠯᠠᠶ ᠳᠤ ᠨᠡᠪᠳᠡᠷᠡᠬᠦ ᠵᠠᠮ ᠤᠨ ᠨᠢᠭᠡ ᠪᠣᠯᠵᠣ᠂ 2020 ᠣᠨ ᠳᠤ ᠳᠤᠮᠳᠠᠳᠤ ᠮᠣᠩᠭᠤᠯ ᠬᠤᠶᠠᠷ | ᠤᠯᠤᠰ ᠵᠥᠪᠯᠡᠯᠴᠡᠭᠡᠷ ᠲᠣᠭᠲᠠᠵᠤ᠂ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ | ᠲᠦᠯᠬᠢᠨ ᠠᠬᠢᠭᠤᠯᠪᠠ᠃ ᠪᠣᠭᠤᠮᠲᠠ ᠨᠢ ᠳᠣᠲᠣᠭᠠᠳᠤ ᠳᠠᠭᠠᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠢ | ᠨᠥᠯᠥᠭᠡᠯᠡᠵᠦ᠂ ᠵᠡᠬᠦᠨᠰᠢ ᠪᠠᠷᠠᠭᠤᠨᠰᠢ ᠰᠣᠨᠳᠠᠯᠠᠵᠣ᠂ ᠡᠮᠦᠨᠡᠰᠢ ᠤᠮᠠᠷᠠᠰᠢ ᠶᠢᠨ ᠬᠤᠯᠪᠣᠭᠰᠠᠨ ᠣᠷᠣᠨ ᠪᠠᠶᠢᠷᠢ ᠶᠢᠨ | ᠳᠠᠪᠠᠭᠤᠯᠢᠭ ᠲᠠᠢ ᠪᠠᠶᠢᠳᠠᠭ᠃ ᠭᠠᠳᠠᠭᠠᠳᠤ ᠳᠤ ᠮᠣᠩᠭᠤᠯ ᠤᠯᠤᠰ ᠤᠨ ᠠᠭᠤᠷᠬᠠᠢ ᠶᠢᠨ ᠭᠠᠷᠣᠯᠲᠠ ᠪᠠ ᠠᠮᠢᠲᠠᠨ | ᠤᠷᠭᠤᠮᠠᠯ ᠤᠨ ᠡᠬᠢ ᠪᠠᠶᠠᠯᠢᠭ ᠡᠯᠪᠡᠭ ᠰᠦᠬᠡᠪᠠᠭᠠᠲᠤᠷ᠂ ᠳᠣᠷᠣᠨᠠᠳᠣ᠂ ᠬᠡᠨᠲᠡᠢ ᠠᠶᠢᠮᠠᠭ ᠢ ᠨᠦᠯᠦᠭᠡᠯᠡᠵᠣ᠂ ᠮᠣᠩᠭᠤᠯ | ᠤᠯᠤᠰ᠂ ᠣᠷᠣᠰ ᠤᠯᠤᠰ ᠤᠨ ᠳᠠᠯᠠᠢ ᠳᠤ ᠭᠠᠷᠬᠤ ᠳᠥᠭᠦᠮ ᠵᠠᠮ ᠤᠨ ᠨᠢᠭᠡ ᠪᠠᠶᠢᠵᠣ᠂ ᠪᠡᠭᠡᠵᠢᠩ᠂ ᠲᠢᠶᠠᠨᠵᠢᠨ᠂ | ᠳᠠᠩᠱᠠᠨ ᠵᠡᠷᠭᠡ ᠭᠠᠵᠠᠷ ᠣᠷᠣᠨ ᠤ ᠣᠷᠣᠰ᠂ ᠮᠣᠩᠭᠤᠯ ᠤᠯᠤᠰ ᠲᠤ ᠨᠡᠪᠲᠡᠷᠡᠬᠦ ᠬᠠᠮᠤᠭ ᠳᠥᠭᠦᠮ ᠲᠦᠳᠡ ᠵᠠᠮ | ᠮᠦᠨ᠃ | ᠬᠤᠶᠠᠷ᠂ ᠬᠥᠭᠵᠢᠯᠲᠡ ᠶᠢᠨ ᠬᠦᠯᠢᠶᠡᠰᠦᠯᠡᠯ | ᠥᠩᠭᠡᠷᠡᠭᠰᠡᠨ ᠲᠠᠪᠤᠨ ᠵᠢᠯ ᠳᠤ᠂ ᠢᠷᠡᠭᠡᠳᠦᠢ ᠶᠢᠨ ᠭᠦᠭᠵᠢᠯᠳᠡ ᠳᠤ ᠰᠠᠭᠤᠷᠢ ᠲᠠᠯᠪᠢᠭᠰᠠᠨ ᠪᠣᠯᠪᠠᠴᠤ ᠪᠠᠰᠠ | ᠮᠠᠰᠢ ᠤᠯᠠᠨ ᠬᠢᠵᠠᠭᠠᠷᠯᠠᠬᠤ ᠬᠦᠴᠦᠨ ᠵᠦᠢᠯ ᠪᠠ ᠬᠥᠭᠵᠢᠯᠲᠡ ᠶᠢᠨ ᠬᠦᠴᠢᠷ ᠠᠰᠠᠭᠤᠳᠠᠯ ᠣᠷᠣᠰᠢᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠦᠷᠭᠦᠯᠵᠢᠯᠡᠨ ᠴᠢᠷᠮᠠᠶᠢᠬᠤ | ᠴᠢᠬᠤᠯᠠᠲᠠᠢ ᠪᠠᠶᠢᠨ᠎ᠠ᠃ | ᠣᠰᠣᠨ ᠤ ᠬᠠᠩᠭᠠᠯᠳᠠ ᠲᠣᠳᠠᠮᠠᠭ ᠪᠠ ᠵᠠᠮ ᠨᠡᠪᠳᠡᠷᠡᠯᠬᠡ ᠲᠦᠭᠦᠮ ᠦᠬᠡᠢ ᠠᠰᠠᠭᠤᠳᠠᠯ᠃ ᠤᠰᠤᠨ ᠤ ᠡᠬᠢ | ᠪᠠᠶᠠᠯᠢᠭ ᠶᠡᠷᠦᠩᠬᠡᠶ ᠳᠡᠭᠡᠨ ᠳᠤᠲᠠᠭᠳᠠᠵᠤ᠂ ᠠᠵᠤ ᠦᠢᠯᠡᠳᠪᠦᠷᠢ᠂ ᠮᠠᠯ ᠠᠵᠤ ᠠᠬᠤᠶ ᠶᠢᠨ ᠤᠰᠤᠨ ᠤ ᠡᠬᠢ | ᠪᠠᠶᠠᠯᠢᠭ ᠲᠤ ᠲᠦᠰᠢᠭᠯᠡᠬᠦ ᠬᠡᠮᠵᠢᠶ᠎ᠡ ᠨᠡᠯᠢᠶᠡᠳ ᠥᠨᠳᠥᠷ ᠪᠠᠶᠢᠵᠤ᠂ ᠠᠮᠢᠳᠤᠷᠠᠯ᠂ ᠠᠮᠢ ᠠᠬᠤᠶ᠂ ᠮᠠᠯ ᠠᠵᠤ | ᠠᠬᠤᠶ ᠶᠢᠨ ᠬᠡᠷᠡᠭᠯᠡᠬᠦ ᠤᠰᠤ ᠶᠢ ᠪᠠᠲᠤᠯᠠᠬᠤ ᠠᠴᠠ ᠭᠠᠳᠠᠨ᠎ᠠ᠂ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢ | ᠬᠠᠩᠭᠠᠬᠤ ᠨᠢ ᠲᠦᠢᠯ ᠤᠨ ᠬᠢᠵᠠᠭᠠᠷ ᠲᠠᠢ ᠪᠠᠶᠢᠵᠤ᠂ ᠠᠵᠤ ᠦᠢᠯᠡᠰ ᠤᠨ ᠦᠷᠭᠡᠳᠬᠦ ᠶᠢ ᠬᠢᠵᠠᠭᠠᠷᠯᠠᠵᠤ ᠪᠠᠶᠢᠨ᠎ᠠ᠃ | ᠲᠡᠮᠦᠷ ᠵᠠᠮ᠂ ᠵᠠᠰᠠᠮᠠᠯ ᠵᠠᠮ ᠤᠨ ᠳᠡᠰ ᠵᠡᠷᠭᠡ ᠳᠣᠣᠷ᠎ᠠ᠂ ᠵᠠᠮ ᠨᠡᠪᠳᠡᠷᠡᠬᠦᠯᠭᠡ ᠲᠦᠭᠦᠮ ᠦᠭᠡᠢ ᠪᠠᠶᠢᠵᠣ᠂ ᠲᠠᠰ | ᠵᠡᠷᠬᠡ ᠶᠢᠨ ᠪᠠᠷᠢᠯᠭ᠎ᠠ ᠲᠠᠭᠤᠰᠬᠠᠭᠰᠠᠨ ᠵᠠᠰᠠᠮᠠᠯ ᠵᠠᠮ ᠪᠠᠶᠢᠬᠤ ᠦᠭᠡᠢ ᠪᠠᠶᠢᠵᠣ᠂ ᠲᠦᠬᠦᠭᠡᠷᠣᠮᠵᠢ ᠨᠢ ᠬᠠᠭᠤᠴᠢᠷᠠᠵᠣ᠂ | ᠣᠷᠣᠨ ᠪᠦᠰᠡ ᠶᠢᠨ ᠨᠥᠬᠦᠴᠡᠯ ᠢ ᠪᠠᠳᠠᠷᠠᠭᠤᠯᠬᠤ ᠪᠠ ᠡᠬᠢ ᠪᠠᠶᠠᠯᠢᠭ ᠤᠨ ᠬᠦᠴᠦᠨ ᠵᠦᠢᠯ ᠤᠨ ᠰᠣᠯᠢᠯᠴᠠᠭ᠎ᠠ ᠳᠤ | ᠠᠰᠢᠭ ᠦᠭᠡᠶ ᠪᠠᠶᠢᠨ᠎ᠠ᠃ ᠴᠠᠬᠢᠯᠭᠠᠨ᠂ ᠮᠡᠳᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠳᠣᠳᠠᠭᠳᠠᠯ | ᠲᠤᠪᠤᠶᠢᠮ᠎ᠠ ᠪᠠᠶᠢᠵᠤ᠂ ᠳᠣᠲᠣᠭᠠᠳᠤ ᠭᠠᠳᠠᠭᠠᠳᠤ ᠶᠢᠨ ᠬᠠᠷᠢᠯᠴᠠᠭ᠎ᠠ ᠨᠡᠯᠢᠶᠡᠳ ᠬᠦᠴᠢᠷᠲᠡᠢ ᠪᠠᠶᠢᠨ᠎ᠠ᠃ | ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠳᠣᠣᠷ᠎ᠠ᠃ ᠠᠵᠤ ᠦᠢᠯᠡᠰ ᠤᠨ ᠬᠡᠪᠴᠢᠶ᠎ᠡ | ᠶᠡᠷᠦᠩᠬᠡᠢ ᠳᠡᠭᠡᠨ ᠪᠠᠭ᠎ᠠ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠶᠠᠰᠤ ᠴᠢᠨᠠᠷ ᠲᠣᠣᠷ᠎ᠠ ᠠᠰᠠᠭᠤᠳᠠᠯ | ᠣᠷᠣᠰᠢᠵᠣ ᠪᠣᠢ᠃ ᠮᠠᠯ ᠠᠵᠤ ᠠᠬᠤᠶ ᠶᠢᠨ ᠠᠵᠤ ᠦᠢᠯᠡᠰᠴᠢᠯᠡᠯᠲᠡ ᠶᠢᠨ ᠬᠡᠮᠵᠢᠶ᠎ᠡ ᠳᠣᠣᠷ᠎ᠠ᠂ ᠠᠵᠤ ᠦᠢᠯᠡᠰ ᠤᠨ | ᠬᠡᠯᠬᠢᠶᠡᠰᠣ ᠣᠬᠤᠷ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠬᠤᠷᠢᠭᠯᠠᠬᠤ ᠴᠢᠳᠠᠪᠤᠷᠢ ᠴᠢᠩᠭ᠎ᠠ ᠪᠤᠰᠤ ᠪᠠᠶᠢᠭᠰᠠᠭᠠᠷ᠃ | ᠠᠵᠤ ᠦᠢᠯᠡᠳᠪᠦᠷᠢ ᠶᠢᠨ ︽ᠭᠤᠷᠪᠠᠨ ᠥᠨᠳᠥᠷ ᠨᠢᠭᠡ ᠳᠣᠣᠷ᠎ᠠ︾ ᠠᠵᠤ ᠠᠬᠤᠢ ᠶᠢᠨ ᠨᠡᠮᠡᠭᠳᠡᠯ ᠤᠨ ᠠᠷᠭ᠎ᠠ | ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭ᠎ᠠ ᠦᠬᠡᠢ ᠪᠠᠶᠢᠵᠤ᠂ ᠶᠡᠷᠦᠩᠬᠡᠢ ᠳᠡᠭᠡᠨ ᠠᠵᠤ ᠦᠢᠯᠡᠰ ᠤᠨ | ᠬᠡᠯᠬᠢᠶᠡᠰᠣ ᠶᠢᠨ ᠳᠡᠭᠡᠷ᠎ᠡ ᠳᠠᠪᠬᠤᠷᠭ᠎ᠠ᠂ ᠦᠷᠳᠡᠭ ᠤᠨ ᠬᠡᠯᠬᠢᠶᠡᠰᠣ ᠶᠢᠨ ᠳᠣᠣᠷ᠎ᠠ ᠳᠠᠪᠬᠤᠷᠭ᠎ᠠ ᠳᠤ ᠣᠷᠣᠰᠢᠵᠣ᠂ | ᠳᠠᠶᠢᠴᠢᠯᠠᠬᠤ ᠬᠦᠴᠦᠨ ᠢᠶᠠᠷ ᠴᠢᠩᠭ᠎ᠠ᠂ ᠪᠡᠯᠡ ᠣᠷᠣᠭᠤᠯᠤᠯᠲᠠ ᠪᠠᠷ ᠶᠡᠭᠡ ᠠᠵᠤ ᠦᠢᠯᠡᠳᠪᠦᠷᠢ ᠶᠢᠨ ᠲᠦᠷᠦᠯ ᠵᠦᠢᠯ | ᠤᠨ ᠲᠣᠳᠠᠮᠠᠭ᠃ ᠡᠬᠢ ᠪᠠᠶᠠᠯᠢᠭ ᠤᠨ ᠪᠤᠰᠤ ᠠᠵᠤ ᠦᠢᠯᠡᠰ ᠤᠨ ᠬᠡᠪᠴᠢᠶ᠎ᠡ ᠪᠠᠭ᠎ᠠ᠂ ᠳᠡᠰ ᠳᠠᠪᠬᠤᠷᠭ᠎ᠠ ᠳᠣᠣᠷ᠎ᠠ᠂ | ᠥᠷᠢᠰᠥᠯᠳᠦᠬᠦ ᠬᠦᠴᠦᠨ ᠴᠢᠩᠭ᠎ᠠ ᠪᠤᠰᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠣᠭᠰᠠᠨ ᠠᠵᠤ | ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠭᠦᠢᠴᠡᠳ ᠪᠤᠰᠤ᠂ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦᠯᠬᠦ ᠨᠢ ᠲᠣᠶᠢᠯ ᠤᠨ ᠴᠢᠬᠤᠯᠠ᠃ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ᠃ ᠡᠳ᠋ ᠤᠨ ᠵᠠᠰᠠᠭ ᠤᠨ ᠣᠷᠣᠯᠭ᠎ᠠ ᠪᠠᠨ | ᠨᠡᠮᠡᠭᠳᠡᠭᠦᠯᠬᠦ ᠴᠢᠳᠠᠪᠤᠷᠢ ᠬᠦᠷᠦᠯᠴᠡᠬᠦ ᠦᠭᠡᠢ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ | ᠪᠠ ᠠᠷᠠᠳ ᠤᠨ ᠠᠮᠢᠳᠤᠷᠠᠯ ᠤᠨ ᠭᠤᠣᠯᠳᠠᠯᠭᠠᠳᠣ ᠠᠵᠢᠯ ᠦᠢᠯᠡᠰ ᠵᠡᠷᠭᠡ ᠡᠷᠬᠡᠪᠰᠢ ᠬᠡᠷᠡᠭᠯᠡᠬᠦ ᠵᠠᠷᠤᠯᠭ᠎ᠠ ᠶᠢᠨ | ᠳᠠᠷᠤᠯᠲᠠ ᠶᠡᠭᠡ ᠪᠠᠶᠢᠵᠤ᠂ ᠦᠨᠳᠦᠰᠦᠨ ᠵᠦᠢᠯ ᠢ ᠪᠠᠲᠤᠯᠠᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠥᠮ ᠨᠡᠯᠢᠶᠡᠳ ᠶᠡᠭᠡ ᠳᠣᠳᠠᠭᠳᠠᠯ ᠣᠷᠣᠰᠢᠵᠤ᠂ ᠣᠷᠣᠯᠭ᠎ᠠ ᠶᠢᠨ | ᠬᠡᠪᠴᠢᠶ᠎ᠡ ᠪᠠ ᠨᠡᠮᠡᠭᠳᠡᠯ ᠤᠨ ᠬᠤᠷᠳᠤᠴᠠ ᠴᠥᠮ ᠵᠠᠷᠤᠯᠭ᠎ᠠ ᠳᠤ ᠬᠦᠷᠬᠦ ᠦᠭᠡᠢ ᠪᠠᠶᠢᠵᠣ᠂ ᠣᠷᠣᠯᠭ᠎ᠠ ᠶᠢᠨ ᠳᠠᠷᠤᠯᠲᠠ | ᠪᠠ ᠡᠷᠬᠡᠪᠰᠢ ᠬᠡᠷᠡᠭᠯᠡᠬᠦ ᠵᠠᠷᠣᠯᠭ᠎ᠠ ᠶᠢᠨ ᠵᠥᠷᠢᠴᠡᠯ ᠶᠡᠬᠡᠰᠴᠦ ᠪᠠᠶᠢᠨ᠎ᠠ᠃ | ᠲᠣᠭᠤᠷᠢᠭ ᠤᠨ ᠬᠥᠭᠵᠢᠯᠲᠡ ᠬᠤᠴᠣᠷᠤᠩᠭᠤᠶ᠃ ᠠᠵᠤ ᠦᠢᠯᠡᠳᠪᠦᠷᠢ ᠶᠢᠨ ᠲᠣᠭᠤᠷᠢᠭ ᠤᠨ ᠪᠠᠶᠢᠷᠢᠰᠢᠯ ᠨᠢ | ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠡ | ᠦᠬᠡᠢ᠂ ᠰᠠᠭᠤᠷᠢ ᠪᠦᠳᠦᠭᠡᠨ ᠪᠠᠶᠢᠭᠤᠯᠣᠯᠲᠠ ︽ᠳᠣᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠠᠵᠢᠯ ᠢ | ᠪᠦᠷᠢᠮᠦᠰᠦᠨ ᠪᠡᠶᠡᠯᠡᠭᠦᠯᠵᠦ ᠲᠡᠶᠢᠯᠦᠬᠡ ᠦᠬᠡᠢ ᠪᠠᠶᠢᠵᠣ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠳᠣᠤᠷ᠎ᠠ | ᠂ ᠠᠵᠤ ᠦᠢᠯᠡᠰ ᠢ ᠲᠠᠲᠠᠬᠤ ᠪᠠ ᠠᠴᠢᠶᠠᠯᠠᠬᠤ ᠴᠢᠳᠠᠪᠤᠷᠢ ᠪᠠᠷ ᠪᠠᠭᠤᠷᠠᠶ᠂ ᠲᠥᠪᠯᠡᠷᠡᠭᠦᠯᠦᠨ ᠡᠷᠴᠢᠮᠵᠢᠭᠦᠯᠬᠦ | ᠦᠢᠯᠡᠳᠦᠯ ᠢᠶᠠᠷ ᠬᠦᠷᠦᠯᠴᠡᠬᠦ ᠥᠬᠡᠶ᠂ ᠴᠢᠬᠤᠯᠠ ᠶᠡᠭᠡ ᠲᠥᠷᠥᠯ ᠵᠦᠢᠯ ᠢ ᠦᠷᠭᠦᠯᠵᠢᠯᠡᠬᠦᠯᠬᠦ ᠲᠠᠯ᠎ᠠ ᠪᠠᠷ ᠠᠨᠠᠢ | ᠪᠠᠶᠢᠵᠣ᠂ ᠣᠷᠴᠢᠯᠲᠦ ᠠᠵᠤ ᠠᠬᠤᠶ ᠶᠢᠨ ᠲᠣᠭᠳᠠᠯᠴᠠᠭ᠎ᠠ ᠪᠦᠷᠢᠯᠳᠦᠬᠡ ᠦᠬᠡᠢ ᠪᠠᠶᠢᠵᠤ᠂ ᠠᠵᠣ ᠦᠢᠯᠡᠰ ᠤᠨ | ᠬᠡᠯᠬᠢᠶᠡᠰᠣ ᠪᠠᠶᠢᠭᠤᠯᠬᠤ ᠪᠠ ᠤᠷᠲᠤᠳᠬᠠᠬᠤ᠂ ᠠᠵᠣ ᠦᠢᠯᠡᠰ ᠤᠨ ᠬᠡᠯᠬᠢᠶᠡᠰᠣ ᠶᠢ ᠬᠦᠴᠦᠷᠬᠡᠭᠵᠢᠭᠦᠯᠬᠦ ᠪᠠ ᠠᠵᠤ | ᠦᠢᠯᠡᠰ ᠤᠨ ᠰᠦᠷᠦᠭᠵᠢᠯ ᠢ ᠪᠠᠶᠢᠭᠤᠯᠬᠤ ᠲᠠᠯ᠎ᠠ ᠪᠠᠷ ᠨᠠᠩ ᠶᠡᠭᠡ ᠬᠦᠴᠦ ᠣᠷᠣᠭᠤᠯᠬᠤ ᠴᠢᠬᠤᠯᠠᠲᠠᠶ ᠪᠠᠶᠢᠨ᠎ᠠ᠃ | ᠰᠢᠨ᠎ᠡ ᠶᠢ ᠡᠭᠦᠳᠬᠦ ᠴᠢᠳᠠᠪᠤᠷᠢᠲᠠᠨ ᠳᠣᠳᠠᠭᠳᠠᠵᠣ ᠪᠠᠶᠢᠨ᠎ᠠ᠃ ᠬᠥᠮᠦᠨ ᠠᠮᠠ ᠴᠦᠭᠡᠭᠡᠷᠡᠵᠣ᠂ ᠬᠥᠳᠡᠯᠮᠦᠷᠢ | ᠬᠦᠴᠦᠨ ᠤ ᠬᠡᠪ ᠴᠢᠨᠠᠷ ᠥᠨᠳᠥᠷ ᠪᠢᠰᠢ ᠪᠠᠶᠢᠵᠤ᠂ ᠨᠠᠮ ᠵᠠᠰᠠᠭ ᠤᠨ ᠪᠠᠶᠢᠭᠤᠯᠭ᠎ᠠ᠂ ᠲᠤᠰᠬᠠᠶ ᠮᠡᠷᠭᠡᠵᠢᠯ ᠪᠣᠯᠤᠨ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠴᠥᠮ ᠳᠤᠲᠠᠭᠳᠠᠵᠤ | ᠪᠠᠶᠢᠬᠤ ᠦᠵᠡᠭᠳᠡᠯ ᠭᠠᠷᠴᠤ᠂ ᠣᠨᠴᠠᠭᠠᠶᠢᠯᠠᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠦᠨᠳᠦ | ᠨᠣᠴᠢᠲᠠᠶ ᠳᠤᠲᠠᠭᠳᠠᠵᠤ᠂ ᠴᠢᠳᠠᠪᠤᠷᠢᠲᠠᠨ ᠢ ᠲᠠᠲᠠᠬᠤ ᠳᠤ ᠨᠡᠯᠢᠶᠡᠳ ᠬᠦᠴᠢᠷᠲᠡᠶ᠂ ᠰᠢᠨ᠎ᠡ ᠶᠢ ᠡᠭᠦᠳᠦᠨ | ᠬᠥᠭᠵᠢᠭᠦᠯᠬᠦ ᠴᠢᠳᠠᠪᠤᠷᠢ ᠨᠡᠯᠢᠶᠡᠳ ᠪᠠᠭᠤᠷᠠᠶ ᠪᠠᠶᠢᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠰᠢᠯᠢᠳᠡᠭ ᠪᠣᠰᠣ᠃ ᠬᠥᠭᠵᠢᠯᠲᠡ ᠪᠠᠷ ᠨᠡᠯᠢᠶᠡᠳ ᠲᠦᠷᠭᠡᠨ ᠭᠠᠵᠠᠷ | ᠣᠷᠣᠨ ᠲᠠᠢ ᠬᠠᠷᠢᠴᠠᠭᠤᠯᠪᠠᠯ᠂ ᠰᠢᠯᠢᠳᠡᠭ ᠵᠠᠰᠠᠭ ᠤᠨ ᠶᠠᠪᠤᠳᠠᠯ ᠤᠨ ᠣᠷᠴᠢᠨ᠂ ᠵᠠᠬ᠎ᠠ ᠳᠡᠯᠭᠡᠭᠦᠷ ᠤᠨ ᠣᠷᠴᠢᠨ᠂ | ᠬᠠᠤᠯᠢ ᠪᠠᠷ ᠵᠠᠰᠠᠬᠤ ᠣᠷᠴᠢᠨ᠂ ᠠᠵᠢᠯ ᠡᠷᠬᠢᠯᠡᠬᠦ ᠣᠷᠴᠢᠨ᠂ ᠨᠡᠭᠡᠭᠡᠯᠲᠡᠲᠦ ᠣᠷᠴᠢᠨ ᠶᠢ ᠪᠠᠶᠢᠭᠤᠯᠤᠭ᠎ᠠ ᠦᠬᠡᠢ | ᠪᠠᠶᠢᠵᠣ᠂ ᠥᠷᠭᠡᠨ ᠤᠯᠠᠨ ᠺᠠᠳ᠋ᠷᠴᠤᠳ ᠤᠨ ᠬᠠᠤᠯᠢ ᠪᠠᠷ ᠵᠠᠰᠠᠬᠤ ᠰᠡᠳᠬᠢᠴᠡ᠂ ᠦᠢᠯᠡᠴᠢᠯᠡᠬᠦ ᠤᠬᠠᠮᠰᠠᠷ᠂ ᠲᠤᠰᠬᠠᠢ | ᠮᠡᠷᠭᠡᠵᠢᠯ ᠤᠨ ᠬᠡᠪ ᠪᠣᠯᠪᠠᠰᠤᠷᠠᠯ᠂ ᠵᠠᠰᠠᠭ ᠵᠠᠬᠢᠷᠭᠠᠨ ᠤ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠢ ᠪᠠᠶᠢᠨ᠎ᠠ᠃ | ᠭᠤᠷᠪᠠ᠂ ᠬᠥᠭᠵᠢᠯᠲᠡ ᠶᠢᠨ ᠲᠣᠬᠢᠶᠠᠯ | ᠠᠮᠢ ᠠᠬᠤᠶ ᠶᠢ ᠲᠦᠷᠦᠭᠦᠨ ᠳᠤ ᠳᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠠᠵᠠ ᠲᠣᠬᠢᠶᠠᠯ᠃ ︽ | ᠠᠷᠪᠠᠨ ᠳᠥᠷᠪᠡᠳᠦᠭᠡᠷ ᠲᠠᠪᠤᠨ ᠵᠢᠯ︾ ᠪᠣᠯ ︽ᠠᠮᠢ ᠠᠬᠤᠶ ᠶᠢ ᠲᠦᠷᠦᠭᠦᠨ ᠳᠤ ᠲᠠᠯᠪᠢᠬᠤ ᠪᠣᠬᠢᠷᠲᠤᠯ ᠥᠬᠡᠶ | ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ | ᠴᠢᠬᠤᠯᠠ ᠬᠤᠭᠤᠴᠠᠭ᠎ᠠ ᠪᠣᠯᠤᠨ᠎ᠠ᠃ ᠵᠡᠭᠦᠨ ᠦᠵᠦᠮᠦᠴᠢᠨ ᠬᠤᠰᠢᠭᠤ ᠨᠢ ᠤᠯᠤᠰ ᠪᠠ ᠥᠪᠡᠷᠲᠡᠭᠡᠨ ᠵᠠᠰᠠᠬᠤ ᠣᠷᠣᠨ | ᠠᠴᠠ ᠲᠣᠭᠲᠠᠭᠠᠭᠰᠠᠨ ᠴᠢᠬᠤᠯᠠ ᠠᠮᠢ ᠠᠬᠤᠢ ᠶᠢᠨ ᠴᠢᠳᠠᠮᠵᠢᠲᠤ ᠣᠷᠣᠨ ᠪᠣᠯᠤᠭᠰᠠᠨ ᠤ ᠬᠤᠪᠢ ᠳᠤ᠂ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠬᠦ᠂ ᠡᠳ᠋ ᠤᠨ ᠵᠠᠰᠠᠭ ᠤᠨ ᠰᠢᠯᠵᠢᠭᠦᠯᠦᠨ | ᠣᠯᠭᠤᠬᠤ ᠵᠡᠷᠭᠡ ᠲᠠᠯ᠎ᠠ ᠪᠠᠷ ᠨᠠᠩ ᠶᠡᠭᠡ ᠲᠥᠷᠦ ᠶᠢᠨ ᠪᠣᠳᠣᠯᠭ᠎ᠠ ᠶᠢᠨ ᠳᠡᠮᠵᠢᠯᠭᠡ ᠶᠢ ᠣᠯᠵᠤ᠂ ᠲᠣᠰ ᠪᠡᠶ᠎ᠡ ᠶᠢᠨ | ᠣᠨᠴᠠᠯᠢᠭ ᠲᠤ ᠲᠣᠬᠢᠷᠠᠭᠰᠠᠨ ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ | ᠠᠬᠤᠢᠢᠵᠢᠯᠲᠠ ᠶᠢᠨ ᠵᠠᠮ ᠢ ᠬᠠᠶᠢᠨ ᠰᠦᠪᠡᠭᠴᠢᠯᠡᠵᠦ᠂ ᠪᠣᠬᠢᠷᠲᠤᠯ ᠦᠭᠡᠢ ᠲᠡᠰᠢ ᠬᠡᠯᠪᠡᠷᠢ ᠪᠠᠨ ᠦᠬᠡᠷᠡᠴᠢᠯᠡᠬᠦ ᠳᠤ | ᠠᠰᠢᠭᠲᠠᠢ ᠶᠤᠮ᠃ | ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ ᠠᠵᠠ ᠲᠣᠬᠢᠶᠠᠯ᠃ ᠤᠯᠤᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠵᠤ | ᠰᠢᠨ᠎ᠡ ᠪᠠᠶᠢᠷᠢᠰᠢᠯ ᠢ ᠪᠦᠷᠢᠯᠳᠦᠭᠦᠯᠦᠨ᠂ ᠶᠡᠬᠡᠪᠡᠷ ᠨᠡᠭᠡᠭᠡᠨ ᠬᠥᠭᠵᠢᠭᠦᠯᠬᠦ᠂ ᠶᠡᠬᠡᠪᠡᠷ ᠨᠡᠭᠡᠭᠡᠯᠲᠡ ᠬᠢᠬᠦ᠂ ᠶᠡᠬᠡᠪᠡᠷ | ᠬᠠᠮᠠᠭᠠᠯᠠᠬᠤ᠂ ᠶᠡᠬᠡᠪᠡᠷ ᠠᠮᠤᠷ ᠲᠦᠪᠰᠢᠨ ᠶᠢ ᠬᠠᠮᠠᠭᠠᠯᠠᠬᠤ ᠳᠥᠷᠪᠡᠨ ᠠᠵᠢᠯ ᠢ ᠰᠠᠶᠢᠲᠤᠷ ᠬᠢᠵᠦ᠂ ᠵᠡᠭᠦᠨ | ᠦᠵᠦᠮᠦᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ ᠢ ᠲᠣᠳᠣᠷᠬᠠᠶ ᠵᠢᠭᠠᠭᠰᠠᠨ ᠢᠶᠠᠷ ᠪᠠᠷᠠᠬᠤ | ᠥᠬᠡᠶ᠂ ᠨᠠᠩ ᠴᠤ ᠠᠮᠢ ᠠᠬᠤᠶ ᠶᠢ ᠰᠡᠷᠭᠦᠭᠡᠨ ᠪᠠᠶᠢᠭᠤᠯᠬᠤ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ᠂ | ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠵᠡᠷᠭᠡ ᠬᠦᠷᠢᠶᠡᠨ ᠳᠠᠬᠢ ᠴᠢᠬᠤᠯᠠ ᠶᠡᠭᠡ ᠬᠥᠭᠵᠢᠯᠲᠡ ᠶᠢᠨ ᠠᠵᠠ | ᠲᠣᠬᠢᠶᠠᠯ ᠢ ᠪᠣᠶ ᠪᠣᠯᠭᠠᠪᠠ᠃ ᠵᠡᠭᠦᠨ ᠬᠤᠶᠢᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠤᠭᠰᠠᠨ ᠨᠢ ᠵᠡᠭᠦᠨ ᠦᠵᠦᠮᠦᠴᠢᠨ | ᠬᠤᠰᠢᠭᠤᠨ ᠤ ᠵᠡᠬᠦᠨ ᠬᠤᠶᠢᠲᠣ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ | ᠮᠠᠨᠳᠤᠭᠤᠯᠬᠤ ᠳᠤ ᠠᠭᠤᠰᠣᠯᠴᠠᠬᠤ ᠳᠤ ᠠᠵᠠ ᠲᠣᠬᠢᠶᠠᠯ ᠣᠯᠭᠤᠪᠠ᠃ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠶᠢᠨ ᠠᠵᠠ ᠲᠣᠬᠢᠶᠠᠯ᠃ ︽ | ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠭᠦᠨᠵᠡᠭᠡᠢ ᠬᠡᠷᠡᠭᠵᠢᠬᠦᠯᠦᠭᠰᠡᠨ ᠪᠠ ᠤᠯᠤᠰ ᠤᠨ ᠳᠣᠲᠣᠭᠠᠳᠤ | ᠭᠠᠳᠠᠭᠠᠳᠣ ᠶᠢᠨ ︽ᠬᠤᠣᠰ ᠣᠷᠴᠢᠯ︾ ᠤᠨ ᠰᠢᠨ᠎ᠡ ᠪᠠᠶᠢᠷᠢᠰᠢᠯ ᠢ ᠪᠠᠶᠢᠭᠤᠯᠤᠭᠰᠠᠨ ᠨᠢ ︽ᠳᠤᠮᠳᠠᠳᠤ ᠮᠣᠩᠭᠤᠯ | ᠤᠷᠤᠰ ᠤᠨ ᠠᠵᠤ ᠠᠬᠤᠢ ᠶᠢᠨ ᠬᠤᠩᠬᠢᠯ︾ ᠳᠤ ᠲᠦᠰᠢᠭᠯᠡᠨ ᠬᠤᠣᠰ ᠴᠢᠭᠯᠡᠯ ᠢᠶᠠᠷ ᠨᠡᠬᠡᠬᠡᠯᠳᠡ ᠬᠢᠬᠦ ᠶᠢ | ᠥᠷᠭᠡᠳᠬᠡᠬᠦ ᠳᠤ ᠠᠰᠢᠭᠲᠠᠢ ᠶᠤᠮ᠃ ᠤᠯᠤᠰ ᠠᠴᠠ ︽ᠬᠤᠶᠠᠷ ᠰᠢᠨ᠎ᠡ ᠨᠢᠭᠡ ᠴᠢᠬᠤᠯᠠ︾ ᠢᠨᠵᠧᠨᠧᠷᠢᠩ ᠢ | ᠭᠡᠷᠡᠭᠵᠢᠭᠦᠯᠦᠭᠰᠡᠨ ᠨᠢ᠂ ᠵᠡᠭᠦᠨ ᠦᠵᠦᠮᠦᠴᠢᠨ ᠬᠤᠰᠢᠭᠤᠨ ᠳᠤ ᠰᠢᠨ᠎ᠡ ᠬᠥᠭᠵᠢᠯᠲᠡ ᠶᠢᠨ ᠬᠥᠳᠡᠯᠭᠡᠬᠦ ᠬᠦᠴᠦᠨ | ᠨᠡᠮᠡᠷᠢᠯᠡᠵᠦ᠂ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠤ ᠲᠣᠭᠠᠴᠢᠯᠠᠭᠰᠠᠨ ᠬᠡᠯᠪᠡᠷᠢ ᠲᠡᠰᠢ ᠬᠤᠪᠢᠷᠠᠭᠤᠯᠬᠤ ᠶᠢ | ᠠᠬᠢᠭᠤᠯᠬᠤ ᠪᠣᠯᠣᠨ᠎ᠠ᠃ ᠤᠯᠤᠰ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠂ ᠠᠮᠢ ᠠᠬᠤᠢ ᠶᠢᠨ ᠣᠷᠴᠢᠨ ᠲᠣᠭᠤᠷᠢᠨ ᠢ | ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠳᠡᠭᠡᠭᠰᠢᠯᠡᠬᠦᠯᠦᠭᠰᠡᠨ ᠨᠢ᠂ ᠵᠡᠭᠦᠨ ᠦᠵᠦᠮᠦᠴᠢᠨ ᠬᠤᠰᠢᠭᠤᠨ ᠳᠤ ᠨᠠᠩ | ᠰᠠᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠡᠬᠦᠳᠬᠦ | ᠪᠣᠯᠣᠨ᠎ᠠ᠃ ᠤᠯᠤᠰ ᠠᠴᠠ ᠠᠮᠤ ᠪᠤᠳᠠᠭᠠᠨ ᠤ ᠠᠮᠤᠷ ᠲᠦᠪᠰᠢᠨ ᠢ ᠨᠠᠩ ᠴᠢᠬᠤᠯᠠᠴᠢᠯᠠᠵᠤ᠂ ᠤᠯᠤᠰ ᠤᠨ ︽ᠮᠠᠯ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠪᠠ ᠥᠪᠡᠷᠲᠡᠭᠡᠨ ᠵᠠᠰᠠᠬᠤ | ᠣᠷᠣᠨ ᠤ ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ | ᠬᠡᠷᠡᠭᠵᠢᠭᠦᠯᠦᠭᠰᠡᠨ ᠨᠢ ᠵᠡᠭᠦᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠣᠳᠣᠬᠢᠴᠢᠯᠠᠯᠲᠠ ᠲᠡᠰᠢ | ᠬᠥᠭᠵᠢᠬᠦ ᠳᠤ ᠨᠠᠩ ᠣᠯᠠᠨ ᠳᠡᠮᠵᠢᠯᠭᠡ ᠬᠠᠩᠭᠠᠬᠤ ᠨᠢ ᠯᠠᠪᠲᠠᠢ ᠶᠤᠮ᠃ | ᠪᠦᠬᠦ ᠤᠯᠤᠰ ᠤᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠭᠤᠣᠯᠳᠠᠯᠭ᠎ᠠ ᠲᠠᠢ | ᠬᠤᠰᠢᠭᠤ ᠪᠠ ᠮᠣᠵᠢ ᠶᠠᠮᠤᠨ ᠬᠠᠮᠳᠣᠪᠠᠷ ᠨᠡᠶᠢᠭᠡᠮ ᠵᠢᠷᠤᠮ ᠤᠨ ᠰᠢᠨ᠎ᠡ ᠮᠠᠯᠵᠢᠬᠤ ᠣᠷᠣᠨ ᠤ ᠲᠤᠷᠰᠢᠯᠲᠠ ᠶᠢᠨ | ᠬᠤᠰᠢᠭᠤ ᠶᠢ ᠬᠠᠮᠲᠤ ᠪᠠᠷ ᠪᠦᠲᠦᠭᠡᠨ ᠪᠠᠶᠢᠭᠤᠯᠬᠤ ᠠᠵᠠ ᠲᠣᠬᠢᠶᠠᠯ᠃ ᠵᠡᠭᠦᠨ ᠦᠵᠦᠮᠦᠴᠢᠨ ᠬᠤᠰᠢᠭᠤ ᠪᠣᠯ ᠪᠥᠬᠦ | ᠤᠯᠤᠰ ᠤᠨ ᠬᠢᠯᠢ ᠬᠢᠵᠠᠭᠠᠷ ᠢ ᠬᠦᠭᠵᠢᠬᠦᠯᠵᠣ᠂ ᠠᠷᠠᠳ ᠢᠶᠠᠨ ᠪᠠᠶᠠᠵᠢᠭᠤᠯᠬᠤ ᠭᠤᠣᠯᠳᠠᠯᠭ᠎ᠠ ᠲᠠᠢ ᠬᠤᠰᠢᠭᠤ ᠪᠠ | ᠮᠣᠵᠢ ᠶᠠᠮᠤᠨ ᠤ ᠨᠡᠶᠢᠭᠡᠮ ᠵᠢᠷᠤᠮᠲᠤ ᠰᠢᠨ᠎ᠡ ᠮᠠᠯᠵᠢᠬᠤ ᠣᠷᠣᠨ ᠤ ᠲᠤᠷᠰᠢᠯᠲᠠ ᠶᠢᠨ ᠬᠤᠰᠢᠭᠤ ᠪᠣᠯᠤᠨ᠎ᠠ᠂ ᠡᠳᠡᠭᠡᠷ | ᠠᠵᠠ ᠲᠣᠬᠢᠶᠠᠯ ᠢ ᠠᠳᠬᠤᠵᠤ᠂ ︽ᠬᠢᠯᠢ ᠬᠢᠵᠠᠭᠠᠷ ᠢ ᠬᠦᠭᠵᠢᠬᠦᠯᠵᠣ᠂ ᠠᠷᠠᠳ ᠢᠶᠠᠨ ᠪᠠᠶᠠᠵᠢᠭᠤᠯᠬᠤ ᠠᠵᠢᠯᠯᠠᠭ᠎ᠠ︾ | ᠪᠠ ᠨᠡᠶᠢᠭᠡᠮ ᠵᠢᠷᠤᠮᠲᠤ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠᠯ᠂ ᠬᠢᠯᠢ | ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ᠂ ᠣᠨᠴᠠᠭᠠᠶᠢᠯᠠᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ᠂ ᠰᠠᠭᠤᠷᠢ ᠪᠦᠲᠦᠭᠡᠨ | ᠪᠠᠶᠢᠭᠤᠯᠤᠯᠲᠠ᠂ ᠮᠠᠯ ᠠᠵᠤ ᠠᠬᠤᠢ ᠶᠢᠨ ᠬᠥᠭᠵᠢᠯᠲᠡ ᠵᠢᠴᠢ ᠦᠨᠳᠦᠰᠦᠲᠡᠨ ᠤ ᠰᠤᠷᠭᠠᠨ ᠬᠥᠮᠦᠵᠢᠯ ᠵᠡᠷᠭᠡ | ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠵᠠ | ᠲᠣᠬᠢᠶᠠᠯ ᠢ ᠬᠠᠩᠭᠠᠬᠤ ᠨᠢ ᠯᠠᠪᠲᠠᠢ ᠶᠤᠮ᠃ | ᠳᠥᠷᠪᠡ᠂ ᠬᠥᠭᠵᠢᠯᠲᠡ ᠶᠢᠨ ᠥᠷᠢᠰᠥᠯᠳᠦᠭᠡᠨ | ᠬᠥᠭᠵᠢᠯᠲᠡ ᠶᠡᠷᠦᠩᠬᠡᠢ ᠳᠡᠭᠡᠨ ᠬᠤᠴᠣᠷᠤᠩᠭᠤᠢ ᠪᠠᠶᠢᠵᠤ᠂ ᠠᠵᠤ ᠠᠬᠤᠢ ᠶᠢᠨ ᠪᠠᠭᠤᠷᠠᠯᠳᠠ ᠶᠢᠨ ᠳᠠᠷᠤᠯᠲᠠ | ᠦᠷᠭᠦᠯᠵᠢᠯᠡᠨ ᠨᠡᠮᠡᠭᠳᠡᠵᠦ ᠪᠠᠶᠢᠨ᠎ᠠ᠃ ᠵᠡᠭᠦᠨ ᠦᠵᠦᠮᠦᠴᠢᠨ ᠬᠤᠰᠢᠭᠤ ᠮᠦᠨᠴᠦ ᠬᠥᠭᠵᠢᠭᠡᠳᠦᠶ ᠬᠤᠰᠢᠭᠤ | ᠰᠢᠶᠠᠨ ᠳᠤ ᠬᠠᠷᠢᠶᠠᠯᠠᠭᠳᠠᠵᠤ᠂ ᠭᠠᠳᠠᠭᠠᠳᠤ ᠤᠯᠤᠰ ᠲᠥᠷᠥ ᠠᠵᠤ ᠠᠬᠤᠶ ᠶᠢᠨ ᠣᠷᠴᠢᠨ ᠲᠣᠭᠤᠷᠢᠨ ᠪᠣᠯᠤᠨ | ᠬᠢᠵᠢᠭ ᠤᠨ ᠨᠥᠯᠥᠭᠡ ᠠᠴᠠ ᠪᠣᠯᠵᠤ᠂ ᠠᠵᠤ ᠠᠬᠤᠶ ᠶᠢᠨ ᠬᠥᠭᠵᠢᠯᠲᠡ ᠶᠢᠨ ᠲᠣᠭᠲᠠᠪᠤᠷᠢ ᠦᠭᠡᠶ ᠬᠦᠴᠦᠨ ᠵᠦᠢᠯ | ᠡᠳᠦᠷ ᠢᠷᠡᠬᠦᠶ᠎ᠡ ᠨᠡᠮᠡᠭᠳᠡᠵᠦ᠂ ᠮᠠᠯ ᠤᠨ ᠠᠰᠢᠭ ᠰᠢᠮ᠎ᠡ ᠪᠣᠯᠤᠨ ᠡᠨᠧᠷᠭᠢ ᠪᠠᠷ ᠭᠤᠣᠯᠳᠠᠯᠭ᠎ᠠ ᠪᠣᠯᠭᠠᠭᠰᠠᠨ | ᠦᠢᠯᠡᠳᠬᠦᠨ ᠤ ᠭᠠᠷᠭᠠᠯᠲᠠ ᠤᠷᠢᠳ ᠡᠮᠦᠨ᠎ᠡ ᠪᠠᠶᠢᠭ᠎ᠠ ᠦᠭᠡᠶ ᠥᠷᠢᠰᠥᠯᠳᠦᠭᠡᠨ ᠳᠤ ᠲᠤᠯᠭᠠᠷᠠᠵᠤ᠂ ᠤᠯᠤᠰ | ᠠᠷᠠᠳ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠪᠣᠯᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ᠂ ᠨᠡᠶᠢᠭᠡᠮ ᠤᠨ ᠬᠡᠷᠡᠭᠯᠡᠬᠡᠨ ᠤ ᠵᠢᠵᠢᠭᠯᠡᠨ ᠪᠣᠷᠣᠯᠠᠭᠤᠯᠬᠤ ᠶᠡᠷᠦᠩᠬᠡᠶ ᠬᠡᠮᠵᠢᠶ᠎ᠡ | ᠶᠢᠨ ᠨᠡᠮᠡᠭᠳᠡᠯ ᠤᠨ ᠬᠤᠷᠳᠤᠴᠠ ᠪᠠᠭᠤᠷᠠᠬᠤ ᠪᠠᠶᠢᠳᠠᠯ ᠢᠯᠡᠷᠡᠪᠡ᠃ | ᠠᠮᠢ ᠠᠬᠤᠢ ᠶᠢᠨ ᠣᠷᠴᠢᠨ ᠲᠣᠭᠤᠷᠢᠨ ᠶᠡᠷᠦᠩᠬᠡᠢ ᠳᠡᠭᠡᠨ ᠬᠠᠷᠢᠴᠠᠩᠭᠤᠢ ᠪᠠᠷ ᠬᠡᠪᠡᠷᠡᠭ ᠪᠠᠶᠢᠵᠤ᠂ | ᠦᠷᠭᠦᠯᠵᠢᠭᠦᠶᠢᠴᠡ ᠭᠦᠭᠵᠢᠯᠳᠡ ᠶᠢᠨ ᠡᠭᠦᠷᠭᠡ ᠬᠦᠨᠳᠦ ᠪᠠᠶᠢᠨ᠎ᠠ᠃ ᠵᠡᠭᠦᠨ ᠦᠵᠦᠮᠦᠴᠢᠨ ᠬᠤᠰᠢᠭᠤ ᠨᠢ ᠮᠦᠨᠴᠦ | ᠠᠮᠢ ᠠᠬᠤᠢ ᠶᠢᠨ ᠣᠷᠴᠢᠨ ᠲᠣᠭᠤᠷᠢᠨ ᠤ ᠦᠨᠳᠦᠰᠦᠨ ᠨᠥᠬᠦᠴᠡᠯ ᠬᠠᠷᠢᠴᠠᠩᠭᠤᠢ ᠪᠠᠷ ᠬᠡᠪᠡᠷᠡᠭ ᠪᠠ ᠠᠵᠤ | ᠦᠢᠯᠡᠰ ᠤᠨ ᠬᠥᠭᠵᠢᠯᠲᠡ ᠨᠢ ᠭᠤᠣᠯᠳᠠᠭᠤ ᠡᠬᠢ ᠪᠠᠶᠠᠯᠢᠭ ᠢ ᠨᠡᠭᠡᠭᠡᠨ ᠠᠰᠢᠭᠯᠠᠬᠤ ᠠᠴᠠ ᠪᠣᠯᠤᠭᠰᠠᠨ ᠵᠥᠷᠢᠴᠡᠯ | ᠣᠷᠣᠰᠢᠵᠣ᠂ ᠣᠨᠴᠠᠭᠠᠶᠢᠯᠠᠨ ᠲᠥᠪ ᠠᠴᠠ ᠲᠣᠭᠲᠠᠭᠠᠭᠰᠠᠨ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠢ ᠬᠢᠵᠠᠭᠠᠷᠯᠠᠬᠤ ᠶᠢ ᠣᠷᠭᠢᠯ ᠳᠤ ᠬᠦᠷᠬᠦ ᠠᠵᠢᠯᠯᠠᠭᠠᠨ ᠤ ᠲᠥᠰᠦᠯ ᠨᠢ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠭᠦᠢᠴᠡᠳᠬᠡᠯ ᠲᠤᠭ᠎ᠠ ᠶᠢᠨ ᠬᠢᠵᠠᠭᠠᠷᠯᠠᠯ ᠢ | ᠴᠢᠩᠭᠠᠳᠬᠠᠵᠤ᠂ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠲᠡᠰᠢ ᠬᠤᠪᠢᠷᠠᠬᠤ ᠶᠢ ᠲᠦᠷᠭᠡᠳᠬᠡᠵᠦ᠂ | ᠮᠠᠨ ᠤ ᠬᠤᠰᠢᠭᠤᠨ ᠤ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠳᠠᠷᠤᠯᠲᠠ ᠶᠢ ᠲᠠᠰᠤᠷᠠᠯᠲᠠ ᠦᠭᠡᠢ | ᠨᠡᠮᠡᠭᠳᠡᠬᠦᠯᠬᠦ ᠪᠣᠯᠣᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠡᠷᠦᠩᠬᠡᠢ ᠳᠡᠭᠡᠨ ᠮᠥᠨ ᠬᠦᠴᠢᠷ ᠢ | ᠲᠣᠭᠤᠯᠬᠤ ᠱᠠᠲᠤᠨ ᠳᠤ ᠣᠷᠣᠰᠢᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠲᠠᠰᠤᠷᠠᠯᠳᠠ ᠦᠭᠡᠢ | ᠨᠡᠮᠡᠭᠳᠡᠵᠦ ᠪᠠᠶᠢᠨ᠎ᠠ᠃ | ᠣᠷᠣᠨ ᠪᠦᠰᠡ ᠶᠢᠨ ᠬᠤᠭᠤᠷᠣᠨᠳᠣᠬᠢ ᠥᠷᠢᠰᠥᠯᠳᠦᠭᠡᠨ ᠰᠢᠷᠦᠭᠦᠰᠴᠦ᠂ ᠵᠥᠷᠢᠶᠡᠲᠦ ᠬᠥᠭᠵᠢᠯᠲᠡ ᠶᠢᠨ | ᠬᠦᠴᠢᠷᠳᠡᠯ ᠨᠡᠯᠢᠶᠡᠳ ᠶᠡᠭᠡ ᠪᠠᠶᠢᠨ᠎ᠠ᠃ ᠵᠡᠭᠦᠨ ᠦᠵᠦᠮᠦᠴᠢᠨ ᠬᠤᠰᠢᠭᠤᠨ ᠤ ᠡᠷᠬᠢᠨ ᠲᠣᠭᠤᠷᠢᠨ ᠤ ᠭᠠᠵᠠᠷ | ᠣᠷᠣᠨ ᠤ ᠣᠯᠠᠨ ᠬᠤᠰᠢᠭᠤ ᠰᠢᠶᠠᠨ ᠬᠤᠲᠠ ᠶᠢᠨ ᠠᠵᠤ ᠦᠢᠯᠡᠰ ᠤᠨ ᠢᠵᠢᠯᠢᠰᠢᠯ ᠤᠨ ᠬᠡᠮᠵᠢᠶ᠎ᠡ ᠨᠡᠯᠢᠶᠡᠳ | ᠥᠨᠳᠥᠷ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠠᠳᠠᠯᠢᠪᠲᠤᠷ ᠪᠠᠶᠢᠵᠣ᠂ ᠬᠤᠴᠣᠷᠤᠩᠭᠤᠶ ᠪᠠᠶᠢᠳᠠᠯ ᠢᠶᠠᠨ | ᠬᠤᠪᠢᠷᠠᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠪᠤᠴᠠ ᠳᠠᠬᠢ ᠪᠣᠳᠠᠲᠤ ᠪᠠᠶᠢᠳᠠᠯ ᠪᠠ ᠳᠠᠯᠳᠠ | ᠥᠷᠢᠰᠥᠯᠳᠦᠭᠡᠨ ᠬᠤᠷᠴᠠ ᠰᠢᠷᠦᠭᠦᠨ ᠪᠠᠶᠢᠵᠤ᠂ ᠰᠢᠯᠢᠳᠡᠭ ᠡᠯᠧᠮᠧᠨ᠋ᠲ ᠶᠢᠨ ᠵᠡᠭᠦᠨ ᠦᠵᠦᠮᠦᠴᠢᠨ ᠬᠤᠰᠢᠭᠤᠨ ᠳᠤ | ᠲᠥᠪᠯᠡᠷᠡᠬᠦ ᠳᠤ ᠠᠰᠢᠭ ᠥᠬᠡᠶ ᠶᠤᠮ᠃ | ᠬᠥᠮᠦᠨ ᠠᠮᠠ ᠶᠢᠨ ᠪᠦᠲᠦᠴᠡ ᠶᠢᠨ ᠬᠤᠪᠢᠷᠠᠯᠲᠠ ᠪᠠ ᠣᠷᠣᠨ ᠪᠦᠰᠡ ᠶᠢᠨ ᠡᠯᠧᠮᠧᠨ᠋ᠲ ᠢ ᠳᠠᠬᠢᠨ | ᠲᠣᠬᠢᠷᠠᠭᠤᠯᠬᠤ ᠥᠷᠢᠰᠥᠯᠳᠦᠭᠡᠨ ᠶᠡᠭᠡ᠃ ᠢᠷᠡᠭᠡᠳᠦᠶ ᠳᠤ ᠣᠷᠣᠨ ᠪᠦᠰᠡ ᠶᠢᠨ ᠡᠯᠧᠮᠧᠨ᠋ᠲ ᠨᠢ ᠣᠯᠠᠨ ᠬᠤᠲᠠ ᠲᠠᠢ | ᠭᠠᠵᠠᠷ ᠣᠷᠣᠨ ᠪᠠ ᠲᠥᠪ ᠬᠤᠲᠠ ᠳᠤ ᠲᠦᠪᠯᠡᠷᠡᠵᠣ᠂ ᠮᠠᠨ ᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ | ᠬᠢᠷᠢ ᠲᠦᠪᠰᠢᠨ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠪᠠᠰᠠ ᠨᠡᠯᠢᠶᠡᠳ ᠳᠣᠤᠷ᠎ᠠ ᠲᠦᠪᠰᠢᠨ ᠳᠤ | ᠣᠷᠣᠰᠢᠵᠤ᠂ ᠨᠢᠭᠡ ᠲᠠᠯ᠎ᠠ ᠪᠠᠷ ᠬᠥᠳᠡᠯᠮᠦᠷᠢ ᠬᠦᠴᠦ᠂ ᠴᠢᠳᠠᠪᠤᠷᠢᠲᠠᠨ ᠰᠢᠯᠵᠢᠨ ᠶᠠᠪᠤᠬᠤ ᠳᠠᠷᠤᠯᠲᠠ ᠳᠤ ᠲᠤᠯᠭᠠᠷᠠᠵᠤ | ᠂ ᠨᠥᠭᠦᠭᠡ ᠲᠠᠯ᠎ᠠ ᠪᠠᠷ ᠦᠨᠳᠦᠰᠦᠨ ᠪᠠᠲᠤᠯᠠᠭ᠎ᠠ ᠳᠤ ᠦᠢᠯᠡᠴᠢᠯᠡᠬᠦ ᠶᠢᠨ ᠲᠣᠭᠤᠷᠢᠨ ᠳᠤ ᠣᠯᠠᠨ ᠨᠡᠶᠢᠲᠡ ᠶᠢᠨ | ᠦᠢᠯᠡᠴᠢᠯᠡᠭᠡ ᠶᠢᠨ ᠳᠠᠷᠤᠭᠠᠰᠤ ᠪᠠ ᠨᠡᠶᠢᠭᠡᠮ ᠤᠨ ᠵᠠᠰᠠᠯᠲᠠ ᠶᠢᠨ ᠬᠦᠷᠢᠶᠡᠨ ᠳᠠᠬᠢ ᠠᠶᠤᠯ ᠲᠦᠭᠰᠢᠭᠦᠷᠢ ᠳᠤ | ᠲᠤᠯᠭᠠᠷᠠᠬᠤ ᠪᠣᠯᠤᠨ᠎ᠠ᠃ | ᠶᠡᠷᠣᠩᠬᠡᠶᠢᠯᠡᠪᠡᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠡᠳᠦ᠋ᠢᠪᠡᠷ | ᠭᠠᠳᠠᠭᠠᠳᠤ ᠣᠷᠴᠢᠨ ᠮᠠᠰᠢ ᠶᠡᠭᠡ ᠲᠣᠭᠲᠠᠪᠤᠷᠢ ᠦᠭᠡᠢ ᠴᠢᠨᠠᠷᠲᠠᠢ ᠪᠠᠶᠢᠵᠤ᠂ ᠲᠤᠰ ᠪᠡᠶ᠎ᠡ ᠨᠢ ᠮᠠᠰᠢ ᠤᠯᠠᠨ | ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠭ᠎ᠠ ᠪᠣᠯᠪᠠᠴᠤ᠂ ᠨᠡᠩ ᠢᠯᠡᠭᠦᠦ ᠬᠠᠷᠢᠴᠠᠩᠭᠤᠢ ᠳᠠᠪᠠᠭᠤᠯᠢᠭ | ᠳᠠᠪᠬᠤᠴᠠᠵᠤ᠂ ᠲᠤᠰ ᠪᠡᠶ᠎ᠡ ᠶᠢᠨ ᠦᠷᠳᠡᠭ ᠨᠢ ᠲᠤᠪᠤᠶᠢᠮ᠎ᠠ ᠪᠠᠶᠢᠬᠤ ᠪᠣᠳᠠᠲᠤ ᠪᠠᠶᠢᠳᠠᠯ ᠨᠢ ᠮᠥᠨ ᠬᠥᠭᠵᠢᠯᠲᠡ ᠶᠢᠨ | ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ |