ᠬᠤᠶᠠᠳᠤᠭᠠᠷ ᠪᠦᠯᠦᠭ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠢᠶᠠᠨ | ᠡᠬᠢᠯᠡᠭᠦᠯᠦᠨ᠎ᠡ | ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠣᠭᠤᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ | ᠂ ᠭᠤᠷᠪᠠᠳᠣᠭᠠᠷ᠂ ᠳᠦᠷᠪᠡᠳᠣᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠣᠨ | ᠨᠠᠶᠢᠳᠠᠪᠣᠷᠢᠵᠢᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠣᠷᠢᠵᠢᠭᠤᠯᠵᠣ᠂ ᠮᠠᠷᠺᠰ ᠯᠧᠨᠢᠨ ᠤ | ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠦᠦ ᠫᠢᠩ ᠤᠨ ᠤᠨᠦᠯ᠂ ︽ᠭᠤᠷᠪᠠ ᠶᠢ ᠲᠥᠯᠥᠭᠡᠯᠡᠬᠦ | ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ᠂ ᠨᠠᠮ ᠤᠨ | ᠦᠨᠳᠦᠰᠦᠨ ᠣᠨᠣᠯ ᠱᠤᠭᠤᠮ᠂ ᠴᠢᠭᠯᠡᠯᠲᠡ ᠶᠢ ᠪᠦᠬᠦ ᠲᠠᠯ᠎ᠠ ᠪᠠᠷ ᠲᠣᠣᠱᠯᠠᠭᠤᠯᠵᠣ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠣ᠂ ︽ᠳᠥᠷᠪᠡᠨ ᠪᠥᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠠᠬᠢᠭᠤᠯᠣᠨ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠳᠠᠯᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠳᠠᠯᠠᠵᠣ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ | ᠪᠠᠷᠢᠮᠳᠠᠯᠠᠵᠣ᠂ ᠰᠢᠰᠲ᠋ᠧᠮ ᠤᠨ ᠦᠵᠡᠯᠲᠡ ᠶᠢ ᠪᠠᠷᠢᠮᠳᠠᠯᠠᠵᠣ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠵᠠᠷᠴᠢᠮ ᠢ ᠪᠠᠷᠢᠮᠳᠠᠯᠠᠵᠣ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ | ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠨ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ | ᠦᠨᠳᠦᠰᠦᠨ ᠵᠣᠷᠢᠯᠭ᠎ᠠ ᠪᠣᠯᠭᠠᠵᠣ᠂ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠬᠦᠯᠦᠨ᠂ ︽ | ᠬᠤᠶᠠᠷ ᠬᠠᠯᠬᠠᠪᠴᠢ︾ ︵ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ︶᠂ ︽ᠬᠤᠶᠠᠷ ᠰᠠᠭᠤᠷᠢᠨ ᠭᠠᠵᠠᠷ︾ ︵ᠪᠣᠬᠢᠷᠲᠤᠯ ᠥᠬᠡᠶ ᠮᠠᠯ ᠤᠨ ᠠᠰᠢᠭ | ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠴᠢᠬᠤᠯᠠ ᠰᠠᠭᠤᠷᠢᠨ ᠭᠠᠵᠠᠷ᠂ ᠨᠡᠭᠦᠷᠡᠰᠦ ᠶᠢ | ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠰᠠᠭᠤᠷᠢᠨ ᠭᠠᠵᠠᠷ︶ ᠪᠠ ︽ᠨᠢᠭᠡ ᠪᠠᠬᠢᠯᠡᠯᠲᠡ︾ ︵ᠤᠮᠠᠷᠠᠰᠢ | ᠨᠡᠭᠡᠭᠡᠯᠲᠡ ᠬᠢᠬᠦ ᠪᠠᠬᠢᠯᠡᠯᠲᠡ︶ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠠᠳᠣ ᠰᠠᠭᠤᠷᠢᠯᠠᠵᠣ᠂ | ᠠᠮᠢ ᠠᠬᠤᠶ ᠶᠢᠨ ᠴᠢᠬᠤᠯᠠ ᠬᠤᠰᠢᠭᠤ᠂ ᠴᠢᠯᠣᠭᠡᠳᠡᠢ ᠶᠠᠪᠣᠯᠴᠠᠬᠤ ᠨᠡᠬᠡᠬᠡᠯᠳᠦ ᠬᠤᠰᠢᠭᠤ ᠂ ᠠᠵᠤ ᠦᠢᠯᠡᠰ ᠤᠨ | ᠬᠦᠴᠦᠷᠬᠡᠭ ᠬᠤᠰᠢᠭᠤ᠂ ᠠᠷᠠᠳ ᠤᠨ ᠠᠮᠢᠳᠤᠷᠠᠯ ᠤᠨ ᠪᠠᠳᠣᠯᠭᠠᠳᠣ ᠬᠤᠰᠢᠭᠤᠨ ᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠨᠠᠩ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ | ᠣᠷᠣᠭᠰᠢᠯᠠᠵᠣ᠂ ᠪᠥᠬᠦ ᠬᠤᠰᠢᠭᠤᠨ ᠤ ᠠᠮᠢ ᠠᠬᠤᠶ ᠶᠢᠨ ᠴᠢᠨᠠᠷ ᠴᠢᠨᠰᠠᠭ᠎ᠠ ᠶᠢ ᠪᠠᠲᠤᠯᠠᠨ᠎ᠠ᠂ ᠠᠵᠤ ᠠᠬᠤᠢ ᠶᠢᠨ | ᠶᠠᠰᠤ ᠴᠢᠨᠠᠷ ᠪᠠ ᠠᠷᠠᠳ ᠤᠨ ᠠᠮᠢᠳᠤᠷᠠᠯ ᠤᠨ ᠶᠠᠰᠤ ᠴᠢᠨᠠᠷ ᠵᠡᠷᠭᠡᠪᠡᠷ ᠲᠡᠭᠡᠭᠰᠢᠯᠡᠭᠦᠯᠬᠦ ᠶᠢ ᠪᠠᠳᠣᠯᠠᠵᠣ᠂ ᠵᠡᠬᠦᠨ | ᠦᠵᠦᠮᠦᠴᠢᠨ ᠬᠤᠰᠢᠭᠤᠨ ᠤ ︽ ᠪᠣᠬᠢᠷᠳᠣᠯ ᠦᠭᠡᠢ ᠭᠦᠭᠵᠢᠨ ᠮᠠᠨᠳᠣᠯᠳᠠ︾ ᠶᠢ ᠪᠡᠶᠡᠯᠡᠭᠦᠯᠬᠦ ᠶᠢᠨ ᠲᠥᠯᠥᠭᠡ | ᠲᠡᠮᠡᠴᠡᠨ᠎ᠡ᠃ | ᠠᠮᠢ ᠠᠬᠤᠶ ᠶᠢᠨ ᠴᠢᠬᠤᠯᠠ ᠬᠤᠰᠢᠭᠤ ᠶᠢ ᠪᠠᠶᠢᠭᠤᠯᠬᠤ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ | ᠢᠮᠠᠭᠲᠠ ᠬᠠᠮᠤᠭ ᠤᠨ ᠶᠡᠭᠡ ᠰᠠᠭᠤᠷᠢ ᠪᠥᠲᠥᠭᠡᠨ ᠪᠠᠶᠢᠭᠤᠯᠤᠯᠲᠠ ᠪᠣᠯᠭᠠᠵᠣ᠂ ᠬᠠᠮᠤᠭ ᠤᠨ ᠲᠦᠭᠡᠮᠡᠯ ᠠᠷᠠᠳ ᠤᠨ | ᠠᠮᠢᠳᠤᠷᠠᠯ ᠤᠨ ᠵᠣᠯ ᠵᠢᠷᠭᠠᠯ ᠪᠣᠯᠬᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠰᠠᠬᠢᠨ ᠬᠠᠮᠠᠭᠠᠯᠠᠵᠤ᠂ | ᠪᠣᠬᠢᠷᠲᠤᠯ ᠥᠬᠡᠶ ᠪᠠᠶᠢᠬᠤ ᠶᠢ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠰᠠᠭᠤᠷᠢ ᠪᠣᠯᠭᠠᠵᠤ᠂ ᠠᠮᠢ | ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ︽ᠭᠤᠷᠪᠠᠨ ᠦᠷ᠎ᠡ | ᠠᠰᠢᠭ ᠢ ᠨᠢᠭᠡᠳᠬᠡᠬᠦ︾ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠪᠠ ᠬᠥᠭᠵᠢᠯᠲᠡ ᠶᠢᠨ ᠬᠤᠤᠰ ᠠᠮᠵᠢᠯᠲᠠ ᠶᠢ | ᠴᠢᠷᠮᠠᠶᠢᠨ ᠪᠡᠶᠡᠯᠡᠭᠦᠯᠦᠨ᠎ᠡ᠃ | ᠴᠢᠯᠣᠭᠡᠳᠡᠢ ᠶᠠᠪᠣᠯᠴᠠᠬᠤ ᠨᠡᠬᠡᠬᠡᠯᠳᠦ ᠬᠤᠰᠢᠭᠤ ᠶᠢ ᠪᠠᠶᠢᠭᠤᠯᠬᠤ᠃ ᠨᠡᠭᠡᠭᠡᠯᠲᠡ ᠬᠢᠬᠦ ᠪᠠᠷ ᠨᠡᠭᠡᠭᠡᠨ | ᠬᠥᠭᠵᠢᠭᠦᠯᠬᠦ ᠶᠢ ᠠᠬᠢᠭᠤᠯᠬᠤ᠂ ᠨᠡᠭᠡᠭᠡᠨ ᠬᠥᠭᠵᠢᠭᠦᠯᠬᠦ ᠪᠠᠷ ᠬᠥᠭᠵᠢᠯᠲᠡ ᠶᠢ ᠠᠬᠢᠭᠤᠯᠬᠤ ᠠᠵᠢᠯ ᠤᠨ ᠵᠠᠷᠴᠢᠮ | ᠶᠣᠰᠣᠭᠠᠷ᠂ ︽ᠬᠤᠤᠰ ᠣᠷᠴᠢᠯ︾ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠰᠠᠭᠤᠷᠢ ᠲᠦᠭᠦᠭᠡᠷᠣᠮᠵᠢ ᠶᠢᠨ ᠳᠣᠳᠠᠭᠳᠠᠯ ᠢ ᠨᠥᠬᠦᠪᠥᠷᠢᠯᠡᠨ᠂ ᠠᠷᠠᠯᠵᠢᠶ᠎ᠠ ᠡᠷᠬᠢᠯᠡᠬᠦ ᠰᠢᠯᠢᠳᠡᠭ | ᠣᠷᠴᠢᠨ ᠲᠣᠭᠤᠷᠢᠨ ᠢ ᠡᠭᠦᠳᠴᠦ᠂ ᠪᠠᠯᠠ ᠣᠷᠣᠭᠤᠯᠣᠯᠳᠠ ᠪᠠᠷ ᠠᠵᠣ ᠦᠢᠯᠡᠰ ᠢ ᠬᠥᠭᠵᠢᠭᠦᠯᠬᠦ ᠭᠠᠵᠠᠷ ᠢ | ᠪᠦᠷᠢᠯᠳᠦᠭᠦᠯᠦᠨ᠂ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ︽ᠬᠤᠶᠠᠷ ᠵᠦᠢᠯ ᠤᠨ ᠡᠬᠢ ᠪᠠᠶᠠᠯᠢᠭ︾ ᠢ ᠭᠦᠢᠴᠡᠳ ᠠᠰᠢᠭᠯᠠᠨ᠂ ︽ᠬᠤᠶᠠᠷ | ᠵᠠᠬ᠎ᠠ ᠳᠡᠯᠭᠡᠭᠦᠷ︾ ᠢ ᠬᠦᠴᠦᠯᠡᠨ ᠨᠡᠭᠡᠭᠡᠵᠣ᠂ ᠪᠣᠭᠤᠮᠲᠠ ᠶᠢᠨ ᠠᠷᠠᠯᠵᠢᠶ᠎ᠠ ᠶᠢᠨ ᠲᠦᠷᠭᠡᠨ ᠬᠦᠭᠵᠢᠯᠲᠡ ᠪᠠ | ᠭᠤᠷᠪᠠᠳᠤᠭᠠᠷ ᠠᠵᠤ ᠦᠢᠯᠡᠰ ᠤᠨ ᠪᠥᠬᠦ ᠲᠠᠯ᠎ᠠ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠠᠵᠤ ᠦᠢᠯᠡᠰ ᠤᠨ ᠬᠦᠴᠦᠷᠭᠡᠭ ᠬᠤᠰᠢᠭᠤ ᠶᠢ ᠪᠠᠶᠢᠭᠤᠯᠬᠤ᠃ ᠠᠷᠠᠳ ᠢ ᠪᠠᠶᠠᠵᠢᠭᠤᠯᠤᠨ ᠬᠤᠰᠢᠭᠤ ᠪᠠᠨ | ᠬᠦᠴᠦᠷᠬᠡᠭᠵᠢᠭᠦᠯᠬᠦ ᠪᠠᠷ ᠭᠤᠣᠯ ᠱᠤᠭᠤᠮ ᠪᠣᠯᠭᠠᠨ᠂ ᠰᠢᠨ᠎ᠡ ᠣᠷᠴᠢᠨ ᠲᠣᠭᠤᠷᠢᠨ ᠳᠤ ᠢᠳᠡᠪᠬᠢᠲᠡᠢ ᠵᠣᠬᠢᠴᠠᠵᠤ᠂ | ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ︽ᠤᠯᠠᠮᠵᠢᠯᠠᠯᠲᠤ ᠠᠵᠤ ᠦᠢᠯᠡᠰ ᠢ ᠰᠢᠨ᠎ᠡ ᠬᠡᠯᠪᠡᠷᠢᠵᠢᠭᠦᠯᠬᠦ᠂ | ᠰᠢᠨ᠎ᠡ ᠬᠡᠯᠪᠡᠷᠢ ᠶᠢᠨ ᠠᠵᠤ ᠦᠢᠯᠡᠰ ᠢ ᠬᠡᠪᠴᠢᠶᠡᠵᠢᠭᠦᠯᠬᠦ᠂ ᠲᠤᠯᠭᠠᠭᠤᠷᠢ ᠠᠵᠤ ᠦᠢᠯᠡᠰ ᠢ ᠣᠯᠠᠨ ᠡᠰᠢᠵᠢᠭᠦᠯᠬᠦ︾ | ᠶᠣᠰᠣᠭᠠᠷ᠂ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠵᠤ | ᠦᠢᠯᠡᠰ ᠤᠨ ᠪᠦᠯᠦᠭᠯᠡᠯ᠂ ᠲᠥᠪᠯᠡᠷᠡᠯ᠂ ᠡᠷᠴᠢᠮᠵᠢᠭᠰᠡᠨ ᠬᠥᠭᠵᠢᠯᠲᠡ ᠶᠢ ᠬᠦᠴᠦᠯᠡᠨ ᠠᠬᠢᠭᠤᠯᠵᠤ᠂ ᠮᠡᠨ ᠤ | ᠬᠤᠰᠢᠭᠤᠨ ᠤ ᠠᠵᠤ ᠠᠬᠤᠢ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠂ ᠣᠳᠣᠬᠢᠴᠢᠯᠠᠭᠰᠠᠨ ᠵᠡᠭᠦᠨ | ᠦᠵᠦᠮᠦᠴᠢᠨ ᠬᠤᠰᠢᠭᠤ ᠶᠢ ᠴᠣᠭᠴᠠᠯᠠᠬᠤ ᠳᠤ ᠪᠣᠳᠠᠰ ᠤᠨ ᠰᠠᠭᠤᠷᠢ ᠲᠠᠯᠪᠢᠨ᠎ᠠ᠃ | ᠠᠷᠠᠳ ᠤᠨ ᠠᠮᠢᠳᠤᠷᠠᠯ ᠤᠨ ᠪᠠᠳᠣᠯᠭᠠᠳᠣ ᠬᠤᠰᠢᠭᠤ ᠶᠢ ᠪᠠᠶᠢᠭᠤᠯᠬᠤ᠃ ᠠᠷᠠᠳ ᠲᠦᠮᠡᠨ ᠢ ᠲᠦᠷᠦᠭᠦᠨ ᠳᠤ | ᠲᠠᠯᠪᠢᠬᠤ ᠶᠢ ᠪᠠᠷᠢᠮᠲᠠᠯᠠᠵᠤ᠂ ᠣᠯᠠᠨ ᠲᠦᠮᠡᠨ ᠤ ᠰᠠᠨᠠᠭᠠᠰᠢᠷᠠᠵᠣ ᠬᠦᠰᠡᠵᠣ ᠪᠠᠶᠢᠬᠤ ᠵᠦᠢᠯ ᠳᠤ ᠬᠠᠨᠳᠣᠭᠤᠯᠵᠣ᠂ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ᠂ ᠲᠡᠩᠴᠡᠭᠦᠷᠢᠲᠦ ᠴᠢᠨᠠᠷ᠂ | ᠰᠠᠭᠤᠷᠢ ᠴᠢᠨᠠᠷ᠂ ᠦᠨᠳᠦᠰᠦᠨ ᠵᠦᠢᠯ ᠢ ᠪᠠᠲᠤᠯᠠᠬᠤ ᠴᠢᠨᠠᠷ ᠢ ᠴᠢᠩᠭᠠᠳᠬᠠᠵᠤ᠂ ᠪᠠᠯᠴᠢᠷ ᠨᠠᠰᠣᠨ ᠳᠤ ᠪᠤᠶᠢᠵᠢᠭᠤᠯᠬᠤ | ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ | ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ | ᠲᠤᠰᠠᠯᠠᠮᠵᠢ ᠲᠠᠢ ᠪᠠᠶᠢᠬᠤ ᠲᠠᠯ᠎ᠠ ᠪᠠᠷ ᠰᠢᠨ᠎ᠡ ᠠᠬᠢᠯᠲᠠ ᠲᠠᠢ ᠪᠣᠯᠵᠣ᠂ ᠠᠷᠠᠳ ᠣᠯᠠᠨ ᠳᠤ ᠨᠠᠩ ᠣᠯᠠᠨ | ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯᠲᠦ ᠲᠥᠷᠥᠭᠳᠡᠯ ᠣᠯᠭᠤᠵᠤ᠂ | ᠬᠢᠯᠢ ᠬᠢᠵᠠᠭᠠᠷ ᠤᠨ ᠲᠣᠭᠲᠠᠭᠤᠨ ᠪᠠ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠦᠷ᠎ᠡ ᠪᠦᠲᠦᠭᠡᠯ ᠢ | ᠪᠠᠬᠢᠵᠢᠭᠦᠯᠦᠨ᠎ᠡ᠃ | ᠬᠤᠶᠠᠳᠤᠭᠠᠷ ᠬᠡᠰᠡᠭ ᠦᠨᠳᠦᠰᠦᠨ ᠵᠠᠷᠴᠢᠮ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠣᠣᠱᠯᠠᠭᠤᠯᠵᠣ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠡᠷᠡᠰ ᠲᠣᠣᠱᠯᠠᠭᠤᠯᠵᠣ᠂ ᠨᠠᠮ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠲᠣᠭᠲᠠᠴᠠ ᠶᠢ | ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠨᠳᠦᠰᠦᠨ ᠪᠠᠲᠤᠯᠠᠭ᠎ᠠ ᠬᠠᠩᠭᠠᠨ᠎ᠠ᠃ | ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠳᠠᠯᠠᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ᠂ | ᠰᠠᠭᠤᠷᠢ ᠴᠢᠨᠠᠷᠲᠠᠶ᠂ ᠪᠠᠳᠣᠯᠭᠠᠳᠣ ᠴᠢᠨᠠᠷᠲᠠᠶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠪᠠ ᠮᠠᠯᠵᠢᠬᠤ ᠣᠷᠣᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠨᠢᠭᠡᠳᠦᠯᠲᠡᠢ ᠲᠦᠯᠦᠪᠵᠢᠬᠦᠯᠵᠣ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠨᠡᠮᠡᠭᠳᠡᠭᠦᠯᠦᠨ᠎ᠡ᠃ ᠪᠦᠬᠦ ᠬᠦᠴᠦᠨ ᠢᠶᠠᠷ ᠂ ᠠᠷᠠᠳ ᠤᠨ ᠠᠮᠢᠳᠤᠷᠠᠯ ᠢ ᠠᠯᠬᠤᠮ ᠲᠠᠷᠠᠭ᠎ᠠ ᠲᠠᠢ ᠪᠠᠷ ᠰᠠᠶᠢᠵᠢᠷᠠᠭᠤᠯᠵᠤ᠂ | ᠠᠵᠢᠯ ᠣᠯᠭᠤᠯᠲᠠ ᠨᠡᠶᠢᠭᠡᠮ ᠤᠨ ᠪᠠᠲᠤᠯᠠᠭ᠎ᠠ᠂ ᠶᠠᠳᠠᠭᠤ ᠶᠢ ᠳᠡᠳᠬᠦᠬᠦ᠂ ᠰᠤᠷᠭᠠᠨ ᠬᠥᠮᠦᠵᠢᠯ ᠡᠮ ᠡᠮᠨᠡᠯᠭᠡ᠂ | ᠨᠢᠯᠬᠠᠰ ᠢᠶᠠᠨ ᠬᠠᠷᠠᠭᠠᠯᠵᠠᠵᠣ ᠨᠠᠰᠣᠳᠠᠶᠢᠴᠣᠳ ᠢᠶᠠᠨ ᠠᠰᠠᠷᠠᠬᠤ᠂ ᠣᠷᠣᠨ ᠰᠠᠭᠤᠴᠠ ᠶᠠᠪᠣᠵᠣ ᠰᠠᠭᠤᠬᠤ ᠵᠡᠷᠭᠡ | ᠤᠯᠠᠨ ᠲᠦᠮᠡᠨ ᠤ ᠰᠠᠨᠳᠣᠷᠴᠦ ᠰᠠᠨᠠᠭᠠᠰᠢᠷᠠᠵᠣ ᠬᠦᠰᠡᠵᠣ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠮᠠᠨ | ᠤ ᠬᠤᠰᠢᠭᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠨᠠᠩ ᠠᠮᠤᠷ ᠲᠦᠪᠰᠢᠨ | ᠠᠮᠢᠳᠤᠷᠠᠯ ᠪᠠ ᠠᠵᠢᠯ ᠤᠨ ᠣᠷᠴᠢᠨ ᠲᠣᠭᠤᠷᠢᠨ ᠢ ᠡᠬᠦᠳᠦᠨ᠎ᠡ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠰᠢᠨ᠎ᠡ ᠶᠢ ᠡᠭᠦᠳᠬᠦ ᠶᠢ ᠣᠳᠣᠬᠢᠴᠢᠯᠠᠭᠰᠠ | ᠪᠦᠲᠦᠭᠡᠨ ᠪᠠᠶᠢᠭᠤᠯᠤᠯᠲᠠ ᠶᠢᠨ ᠭᠤᠣᠯᠯᠠᠬᠤ ᠪᠠᠶᠢᠷᠢᠨ ᠳᠤ ᠡᠷᠡᠰ ᠲᠠᠯᠪᠢᠵᠤ᠂ ᠰᠢᠨ᠎ᠡ ᠶᠢ ᠡᠭᠦᠳᠬᠦ ᠳᠤ ᠲᠦᠰᠢᠭᠯᠡᠨ | ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢ ᠡᠷᠡᠯᠬᠢᠯᠡᠨᠡ᠃ ᠣᠷᠴᠢᠨ ᠲᠣᠭᠤᠷᠢᠨ ᠢ | ᠬᠤᠬᠢᠷᠠᠭᠤᠯᠵᠣ ᠠᠵᠤ ᠠᠬᠤᠢ ᠶᠢᠨ ᠨᠡᠮᠡᠭᠳᠡᠯ ᠢ ᠰᠣᠯᠢᠬᠤ᠂ ᠠᠷᠭ᠎ᠠ ᠪᠦᠬᠦᠨ ᠢ ᠰᠦᠪᠡᠭᠴᠢᠯᠡᠨ ᠠᠮᠢ ᠠᠬᠤᠢ ᠶᠢᠨ | ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠪᠲᠤᠯᠬᠤ ᠬᠤᠴᠣᠷᠣᠩᠭᠤᠢ ᠰᠡᠳᠬᠢᠴᠡ ᠪᠠᠨ ᠬᠤᠪᠢᠷᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢᠨ ᠳᠤᠮᠳᠠ ᠥᠨᠳᠥᠷ ᠬᠢᠷᠢ ᠲᠦᠪᠰᠢᠨᠳᠦ ᠬᠠᠮᠠᠭᠠᠯᠠᠯᠲᠠ ᠶᠢ ᠪᠡᠶᠡᠯᠡᠭᠦᠯᠦᠨ᠎ᠡ᠃ ︽ | ᠦᠢᠯᠡᠳᠪᠦᠷᠢᠯᠡᠯ᠂ ᠠᠮᠢᠳᠣᠷᠠᠯ᠂ ᠠᠮᠢ ᠠᠬᠤᠢ︾ ᠶᠢᠨ ᠣᠷᠣᠨ ᠵᠠᠶ ᠶᠢ ᠨᠢᠭᠡᠳᠦᠯᠲᠡᠶ ᠲᠦᠯᠦᠪᠵᠢᠬᠦᠯᠦᠨ᠂ ᠣᠷᠣᠨ | ᠪᠦᠰᠡ ᠬᠤᠲᠠ ᠬᠥᠳᠡᠭᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠦᠪᠡᠷ ᠤᠨ ᠭᠤᠣᠯᠳᠠᠯᠭ᠎ᠠ ᠣᠨᠴᠠᠯᠢᠭ ᠲᠠᠢ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ ᠵᠦᠷᠢᠶᠡᠲᠦ ᠬᠥᠭᠵᠢᠯᠲᠡ ᠶᠢ ᠠᠬᠢᠭᠤᠯᠤᠨ᠎ᠠ᠃ | ᠥᠭᠡᠷᠡᠴᠢᠯᠡᠯᠲᠡ ᠨᠡᠭᠡᠭᠡᠯᠲᠡ ᠶᠢ ᠬᠦᠨᠵᠡᠭᠡᠶᠢᠷᠡᠬᠦᠯᠦᠨ᠎ᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠬᠤ ᠪᠠ ᠦᠢᠯᠡᠴᠢᠯᠡᠬᠦ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠯ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠳᠣᠳᠠᠭᠳᠠᠯ ᠢ ᠨᠥᠬᠦᠪᠥᠷᠢᠯᠡᠬᠦ᠂ ᠰᠢᠨ᠎ᠡ ᠶᠢ ᠡᠭᠦᠳᠬᠦ ᠳᠤ ᠲᠥᠪᠯᠡᠷᠡᠭᠦᠯᠦᠨ᠎ᠡ᠃ ᠬᠠᠩᠭᠠᠯᠭ᠎ᠠ ᠶᠢᠨ ᠲᠠᠯ᠎ᠠ ᠪᠠ | ᠬᠡᠷᠡᠭᠴᠡᠭᠡᠨ ᠤ ᠲᠠᠯ᠎ᠠ ᠠᠴᠠ ᠬᠤᠣᠰ ᠴᠢᠭᠯᠡᠯ ᠢᠶᠠᠷ ᠬᠦᠴᠦᠯᠡᠵᠦ᠂ ᠳᠡᠭᠡᠳᠦ ᠲᠤᠤᠷᠠᠳᠤ ᠳᠠᠪᠬᠤᠷᠭ᠎ᠠ᠂ | ᠦᠢᠯᠡᠳᠪᠦᠷᠢᠯᠡᠯ ᠬᠠᠩᠭᠠᠯᠭ᠎ᠠ ᠪᠣᠷᠣᠯᠠᠭᠤᠯᠭ᠎ᠠ᠂ ᠲᠤᠮᠤ ᠳᠤᠮᠳᠠ ᠪᠠᠭ᠎ᠠ ᠠᠵᠤ ᠠᠬᠤᠶᠢᠯᠠᠯ ᠤᠨ ᠬᠠᠮᠵᠢᠯᠴᠠᠨ | ᠬᠥᠭᠵᠢᠬᠦ ᠶᠢ ᠠᠬᠢᠭᠤᠯᠵᠤ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ | ᠭᠤᠭᠴᠤᠭ᠎ᠠ ᠶᠢ ᠨᠡᠪᠲᠡᠷᠡᠭᠦᠯᠵᠦ᠂ ᠨᠡᠩ ᠤᠯᠠᠨ ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡ ᠶᠢ ᠤᠯᠤᠰ ᠤᠨ | ᠳᠣᠲᠣᠭᠠᠳᠤ ᠭᠠᠳᠠᠭᠠᠳᠤ ᠶᠢᠨ ᠲᠤᠮᠤ ᠵᠠᠬ᠎ᠠ ᠳᠡᠯᠭᠡᠭᠦᠷ ᠲᠤ ᠭᠠᠷᠭᠠᠵᠤ᠂ ᠤᠯᠤᠰ ᠤᠨ ᠳᠣᠲᠣᠭᠠᠳᠤ ᠪᠠ | ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠭᠤᠯᠤᠨ᠎ᠠ᠃ | ᠰᠢᠰᠲ᠋ᠧᠮᠳᠣ ᠦᠵᠡᠯᠲᠡ ᠪᠠᠨ ᠴᠢᠩᠭᠠᠳᠬᠠᠬᠤ ᠶᠢ ᠪᠠᠷᠢᠮᠲᠠᠯᠠᠨ᠎ᠠ᠃ ᠢᠷᠡᠭᠡᠳᠣᠢ ᠶᠢ ᠪᠣᠳᠣᠯᠬᠢᠯᠠᠬᠤ᠂ ᠪᠦᠬᠦ | ᠲᠠᠯ᠎ᠠ ᠶᠢ ᠲᠦᠯᠦᠪᠵᠢᠬᠦᠯᠬᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ᠂ ᠪᠦᠬᠦᠯᠢ ᠴᠣᠭᠴᠠ ᠶᠢᠨ | ᠠᠬᠢᠭᠤᠯᠣᠯᠳᠠ ᠶᠢ ᠴᠢᠩᠭᠠᠳᠬᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠡᠭᠡ ᠲᠠᠯ᠎ᠠ | ᠳᠤ ᠦᠢᠯᠡᠴᠢᠯᠡᠬᠦ ᠳᠤᠮᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠪᠠᠶᠢᠳᠠᠯ ᠢ ᠠᠰᠢᠭᠯᠠᠨ ᠬᠦᠭᠵᠢᠵᠣ᠂ | ᠬᠠᠩᠭᠠᠯᠭ᠎ᠠ ᠪᠠ ᠬᠡᠷᠡᠭᠴᠡᠭᠡ᠂ ᠠᠵᠤ ᠠᠬᠤᠶ ᠪᠠ ᠨᠡᠶᠢᠭᠡᠮ᠂ ᠦᠢᠯᠡᠳᠪᠦᠷᠢᠯᠡᠯ ᠪᠠ ᠠᠮᠢ ᠠᠬᠤᠶ᠂ ᠬᠥᠭᠵᠢᠯᠲᠡ ᠪᠠ | ᠠᠮᠤᠷ ᠲᠦᠪᠰᠢᠨ ᠢ ᠬᠠᠮᠳᠣ ᠳᠤᠨᠢ ᠪᠣᠳᠣᠯᠬᠢᠯᠠᠨ᠂ ᠰᠠᠭᠤᠷᠢ ᠶᠢ ᠪᠠᠬᠢᠵᠢᠬᠦᠯᠵᠣ᠂ ᠳᠠᠪᠠᠭᠤᠯᠢᠭ ᠢᠶᠠᠨ ᠪᠠᠳᠠᠷᠠᠭᠤᠯᠣᠨ᠂ | ᠳᠣᠳᠠᠭᠳᠠᠯ ᠢᠶᠠᠨ ᠨᠦᠬᠦᠪᠦᠷᠢᠯᠡᠵᠣ᠂ ᠪᠠᠭᠤᠷᠠᠶ ᠲᠠᠯ᠎ᠠ ᠪᠠᠨ ᠬᠦᠴᠦᠷᠭᠡᠭᠵᠢᠬᠦᠯᠦᠨ᠂ ᠭᠤᠣᠯ ᠬᠠᠷᠠᠯ᠊ ᠪᠠᠨ | ᠪᠡᠶᠡᠯᠡᠭᠦᠯᠬᠦ ᠶᠢᠨ ᠬᠠᠮᠲᠤ ᠨᠡᠩ ᠣᠯᠠᠨ ᠬᠠᠷᠠᠯᠲᠠ ᠶᠢ ᠪᠡᠶᠡᠯᠡᠭᠦᠯᠦᠨ᠎ᠡ᠃ | ᠭᠤᠷᠪᠠᠳᠤᠭᠠᠷ ᠬᠡᠰᠡᠭ ᠬᠥᠭᠵᠢᠯᠲᠡ ᠶᠢᠨ ᠪᠠᠶᠢᠷᠢ ᠲᠣᠭᠲᠠᠭᠠᠯᠲᠠ | ᠤᠯᠤᠰ ᠤᠨ ᠲᠠᠯ᠎ᠠ ᠨᠣᠳᠤᠭ ᠤᠨ ᠠᠮᠢ ᠠᠬᠤᠶ ᠶᠢᠨ ᠴᠢᠳᠠᠮᠵᠢ ᠶᠢᠨ ᠪᠦᠲᠦᠭᠡᠨ ᠪᠠᠶᠢᠭᠤᠯᠤᠯᠲᠠ ᠪᠠ ᠠᠮᠢ | ᠠᠬᠤᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ᠃ ᠠᠮᠢ ᠠᠬᠤᠢ ᠶᠢᠨ ᠣᠯᠠᠭᠠᠨ ᠱᠤᠭᠤᠮ ᠤᠨ | ᠤᠬᠠᠮᠰᠠᠷ ᠢ ᠪᠠᠲᠤ ᠪᠠᠷᠢᠮᠳᠠᠯᠵᠤ᠂ ᠲᠠᠯ᠎ᠠ ᠨᠤᠲᠤᠭ᠂ ᠴᠢᠭᠢᠭᠯᠢᠭ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠢᠨᠵᠧᠨᠧᠷᠢᠩ ᠢ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠵᠤ᠂ | ᠠᠮᠢ ᠠᠬᠤᠢ ᠶᠢ ᠰᠡᠷᠭᠦᠭᠡᠬᠦ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠲᠦᠷᠭᠡᠳᠭᠡᠨ᠂ ᠲᠠᠯ᠎ᠠ ᠨᠤᠲᠤᠭ ᠤᠨ | ᠠᠮᠢ ᠠᠬᠤᠢ ᠶᠢ ᠬᠡᠪᠡᠷᠡᠭ ᠠᠴᠠ ᠰᠢᠯᠢᠳᠡᠭ ᠰᠠᠶᠢᠨ ᠰᠡᠷᠭᠦᠭᠡᠨ ᠣᠷᠭᠤᠭᠤᠯᠬᠤ ᠲᠡᠰᠢ ᠤᠯᠠᠷᠢᠬᠤ ᠶᠢ ᠪᠦᠬᠦ | ᠬᠦᠴᠦᠨ ᠢᠶᠠᠷ ᠠᠬᠢᠭᠤᠯᠤᠨ᠎ᠠ᠃ ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ᠂ ᠠᠮᠢ ᠠᠬᠤᠶ ᠪᠠᠷ ᠠᠷᠠᠳ ᠲᠤ | ᠦᠢᠯᠡᠴᠢᠯᠡᠬᠦ ᠶᠢ ᠪᠠᠷᠢᠮᠲᠠᠯᠠᠨ᠎ᠠ᠃ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ | ᠠᠬᠤᠢᠢᠵᠢᠭᠤᠯᠬᠤ᠂ ᠠᠮᠢᠳᠤᠷᠠᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠪᠠᠭᠠᠰᠬᠠᠬᠤ ᠰᠢᠨ᠎ᠡ | ᠵᠠᠮ ᠢ ᠬᠠᠶᠢᠨ ᠰᠦᠪᠡᠭᠴᠢᠯᠡᠵᠦ᠂ ᠪᠣᠬᠢᠷᠲᠤᠯ ᠦᠭᠡᠢ ᠮᠠᠯ ᠠᠵᠤ ᠠᠬᠤᠢ ᠪᠠ ᠪᠣᠬᠢᠷᠲᠤᠯ ᠦᠭᠡᠢ ᠠᠵᠤ | ᠦᠢᠯᠡᠳᠪᠦᠷᠢ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ | ᠣᠷᠴᠢᠨ ᠠᠬᠤᠢ ᠶᠢᠨ ᠥᠨᠳᠥᠷ ᠬᠢᠷᠢ ᠲᠦᠪᠰᠢᠨᠳᠦ ᠬᠠᠮᠠᠭᠠᠯᠠᠯᠲᠠ ᠶᠢᠨ ᠰᠠᠶᠢᠨ ᠨᠥᠬᠦᠴᠡᠯᠳᠦᠯ ᠢ ᠠᠬᠢᠭᠤᠯᠵᠤ᠂ | ᠲᠩᠷᠢ ᠨᠢ ᠴᠡᠯᠮᠡᠭ᠂ ᠲᠠᠯ᠎ᠠ ᠨᠢ ᠨᠣᠭᠤᠭᠠᠨ᠂ ᠤᠰᠤ ᠨᠢ ᠲᠤᠩᠭᠠᠯᠠᠭ᠂ ᠬᠥᠷᠥᠰᠥ ᠨᠢ ᠰᠢᠮᠡᠯᠢᠭ᠂ ᠦᠵᠡᠮᠵᠢ ᠰᠠᠶᠢᠬᠠᠨ | ᠂ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠦᠢᠯᠡᠰ ᠪᠦᠲᠦᠭᠡᠬᠦ ᠳᠤ ᠲᠣᠬᠢᠷᠠᠮᠵᠢᠲᠠᠢ ᠵᠢᠭᠤᠯᠴᠢᠯᠠᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠵᠡᠭᠦᠨ ᠦᠵᠦᠮᠦᠴᠢᠨ ᠢ ᠪᠦᠳᠦᠭᠡᠨ ᠪᠠᠶᠢᠭᠤᠯᠤᠨ᠎ᠠ᠃ | ᠤᠯᠤᠰ ᠤᠨ ᠤᠮᠠᠷᠠᠰᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠬᠤᠰᠢᠭᠤᠴᠢ ᠣᠷᠣᠨ᠃ ᠵᠡᠭᠦᠨ ᠬᠠᠲᠠᠪᠴᠢ | ᠪᠣᠭᠤᠮᠲᠠ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ | ᠲᠤᠷᠰᠢᠯᠲᠠ ᠶᠢᠨ ᠲᠣᠭᠤᠷᠢᠭ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠣᠯᠠᠨ ᠤᠯᠤᠰ ᠠᠴᠠ ᠪᠣᠳᠠᠰ ᠤᠨ | ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠲᠦᠰᠢᠭᠯᠡᠨ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ | ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠭᠠᠳᠠᠭᠠᠳᠤ ᠠᠴᠠ ᠣᠷᠣᠭᠤᠯᠤᠭᠰᠠᠨ ᠡᠬᠢ | ᠪᠠᠶᠠᠯᠢᠭ ᠢ ᠰᠠᠭᠤᠷᠢᠰᠢᠭᠤᠯᠤᠨ ᠡᠳ᠋ᠰᠢᠭᠦᠯᠬᠦ ᠲᠥᠷᠥᠯ ᠵᠦᠢᠯ ᠢ ᠶᠡᠭᠡ ᠬᠦᠴᠦᠨ ᠢᠶᠠᠷ ᠲᠠᠳᠠᠨ ᠣᠷᠣᠭᠤᠯᠵᠣ | ᠭᠦᠭᠵᠢᠭᠦᠯᠦᠨ᠂ ᠬᠥᠮᠦᠨ ᠪᠠ ᠪᠣᠳᠠᠰ ᠤᠨ ᠭᠦᠢᠯᠭᠡᠭᠡᠨ ᠤ ᠦᠢᠯᠡᠴᠢᠯᠡᠭᠡ᠂ ᠰᠠᠭᠤᠷᠢᠰᠢᠭᠤᠯᠤᠨ ᠡᠳ᠋ᠰᠢᠭᠦᠯᠵᠦ | ᠬᠤᠪᠢᠷᠠᠭᠤᠯᠬᠤ ᠪᠠᠷ ᠦᠨᠳᠦᠰᠦᠨ ᠣᠨᠴᠠᠯᠢᠭ ᠪᠣᠯᠭᠠᠭᠰᠠᠨ ᠣᠯᠠᠨ ᠡᠵᠡᠩᠨᠡᠯᠲᠡ ᠶᠢᠨ ᠪᠠᠶᠢᠳᠠᠯᠳᠣ ᠠᠵᠤ ᠠᠬᠤᠢ ᠶᠢ | ᠪᠦᠷᠢᠯᠳᠦᠭᠦᠯᠦᠨ᠎ᠡ᠃ ᠭᠠᠳᠠᠭᠠᠳᠤ ᠨᠡᠭᠡᠭᠡᠯᠲᠡ ᠶᠢᠨ ᠰᠢᠨ᠎ᠡ ᠬᠡᠪ ᠵᠠᠭᠪᠤᠷ ᠢ ᠰᠦᠪᠡᠭᠴᠢᠯᠡᠨ᠂ ᠭᠠᠳᠠᠭᠠᠳᠤ | ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ᠂ ᠣᠯᠠᠨ ᠤᠯᠤᠰ ᠤᠨ ᠥᠷᠢᠰᠥᠯᠳᠦᠭᠡᠨ ᠤ | ᠰᠢᠨ᠎ᠡ ᠳᠠᠪᠠᠭᠤᠯᠢᠭ ᠢ ᠲᠦᠷᠭᠡᠳᠬᠡᠨ ᠪᠠᠶᠢᠭᠤᠯᠵᠣ᠂ ᠵᠡᠭᠦᠨ ᠬᠠᠲᠠᠪᠴᠢ ᠪᠣᠭᠤᠮᠲᠠ ᠶᠢ ᠪᠥᠬᠦ ᠣᠷᠣᠨ ᠤ ᠠᠽᠢᠶ᠎ᠠ | ᠧᠦ᠋ᠷᠣᠫᠠ ᠶᠢᠨ ᠡᠬᠡ ᠬᠠᠭᠤᠷᠠᠶ ᠶᠢ ᠬᠤᠯᠪᠣᠨ ᠨᠡᠪᠲᠡᠷᠡᠭᠦᠯᠬᠦ ᠬᠠᠮᠤᠭ ᠤᠨ ᠣᠶᠢᠷ᠎ᠠ ᠵᠠᠮ ᠪᠣᠯᠭᠠᠨ ᠪᠥᠲᠥᠭᠡᠨ | ᠪᠠᠶᠢᠭᠤᠯᠤᠨ᠎ᠠ᠃ | ᠪᠠᠶᠢᠭᠠᠯᠢ ᠶᠢᠨ ᠡᠶ᠎ᠡ ᠵᠣᠬᠢᠴᠠᠯ ᠪᠠ ᠣᠳᠣ ᠦᠶ᠎ᠡ ᠶᠢᠨ ᠪᠣᠯᠪᠠᠰᠤᠨ ᠬᠠᠷᠢᠯᠴᠠᠨ ᠵᠣᠬᠢᠴᠠᠯᠳᠣᠭᠰᠠᠨ ︽ᠬᠢᠯᠢ | ᠬᠢᠵᠠᠭᠠᠷ ᠤᠨ ᠵᠢᠷᠭᠠᠯᠳᠣ ᠣᠷᠣᠨ︾᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠰᠠᠭᠤᠷᠢ ᠲᠦᠭᠦᠭᠡᠷᠦᠮᠵᠢ ᠶᠢ | ᠪᠠᠶᠢᠭᠤᠯᠣᠨ᠂ ᠨᠡᠶᠢᠭᠡᠮ ᠤᠨ ᠠᠵᠣ ᠦᠢᠯᠡᠰ ᠤᠨ ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠤᠨ᠎ᠠ᠃ | ᠵᠢᠭᠤᠯᠴᠢᠯᠠᠯ ᠤᠨ ᠬᠥᠭᠵᠢᠯᠲᠡ ᠶᠢᠨ ᠬᠦᠴᠦᠨ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠰᠣᠶᠣᠯ | ᠵᠢᠭᠤᠯᠴᠢᠯᠠᠯ ᠤᠨ ᠦᠢᠯᠡᠰ ᠢ ᠶᠡᠭᠡ ᠬᠦᠴᠦᠨ ᠢᠶᠠᠷ ᠬᠥᠭᠵᠢᠭᠦᠯᠦᠨ᠎ᠡ᠃ ᠬᠤᠳᠠ ᠬᠥᠳᠡᠭᠡ ᠶᠢᠨ ᠰᠣᠯᠢᠯᠴᠠᠭ᠎ᠠ ᠶᠢ | ᠠᠮᠢᠳᠤᠯᠢᠭ ᠪᠣᠯᠭᠠᠵᠤ᠂ ᠬᠡᠷᠡᠭᠯᠡᠭᠡᠨ ᠤ ᠲᠠᠯᠳᠠ ᠬᠦᠴᠦᠨ ᠢ ᠪᠠᠳᠠᠷᠠᠭᠤᠯᠤᠨ᠎ᠠ᠃ ᠰᠢᠨ᠎ᠡ ᠠᠵᠢᠯ ᠲᠦᠷᠦᠯ᠂ 5G᠂ | ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ ᠶᠢᠨ ᠬᠡᠷᠡᠭᠯᠡᠭᠡᠨ ᠪᠠ ᠡᠭᠦᠯᠡᠨ ᠰᠦᠯᠵᠢᠶᠡᠨ ᠤ ᠠᠵᠤ ᠠᠬᠤᠶ ᠶᠢᠨ | ᠬᠥᠭᠵᠢᠯᠲᠡ ᠶᠢ ᠠᠬᠢᠭᠤᠯᠤᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠠᠷᠠᠳ | ᠢᠷᠭᠡᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠶᠣᠰᠣ ᠮᠣᠷᠠᠯ ᠰᠣᠶᠣᠯ ᠪᠣᠯᠪᠠᠰᠣᠷᠠᠯ ᠢ ᠲᠡᠭᠡᠳᠦᠯᠡᠭᠰᠡᠨ᠂ ᠣᠷᠣᠰᠢᠨ | ᠰᠠᠭᠤᠬᠤ ᠳᠤ ᠲᠣᠬᠢᠷᠠᠮᠵᠢᠲᠠᠶ ᠵᠢᠭᠤᠯᠴᠢᠯᠠᠬᠤ ᠳᠤ ᠲᠠᠭᠠᠯᠠᠮᠵᠢᠳᠠᠢ᠂ ᠵᠠᠰᠠᠭ ᠤᠨ ᠰᠤᠷᠲᠠᠯ ᠠᠷᠢᠭᠤᠨ ᠴᠢᠬᠡᠴᠢ ᠪᠣᠯᠬᠤ | ᠪᠦᠬᠦ ᠤᠯᠤᠰ ᠤᠨ ᠠᠮᠢ ᠠᠬᠤᠶ ᠶᠢᠨ ᠪᠣᠯᠪᠠᠰᠤᠨ ᠰᠢᠨ᠎ᠡ ᠮᠠᠯᠵᠢᠬᠤ ᠣᠷᠣᠨ ᠢ ᠴᠢᠷᠮᠠᠶᠢᠨ ᠪᠠᠶᠢᠭᠤᠯᠤᠨ᠎ᠠ᠃ | ᠳᠥᠷᠪᠡᠳᠦᠭᠡᠷ ᠬᠡᠰᠡᠭ ᠬᠥᠭᠵᠢᠯᠲᠡ ᠶᠢᠨ ᠬᠠᠷᠠᠯᠲᠠ | ᠨᠢᠭᠡ᠂ ᠠᠯᠤᠰ ᠤᠨ ᠬᠠᠷᠠᠯᠲᠠ | 2035 ᠣᠨ ᠪᠣᠯᠬᠤ ᠳᠤ᠂ ᠵᠡᠭᠦᠨ ᠦᠵᠦᠮᠦᠴᠢᠨ ᠬᠤᠰᠢᠭᠤ ᠨᠢ ᠠᠮᠢ ᠠᠬᠤᠶ ᠶᠢ ᠲᠦᠷᠦᠭᠦᠨ ᠳᠤ | ᠲᠠᠯᠪᠢᠵᠤ᠂ ᠪᠣᠬᠢᠷᠲᠤᠯ ᠥᠬᠡᠶ ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠮ ᠢᠶᠠᠷ ᠠᠮᠵᠢᠯᠲᠠ ᠲᠠᠢ ᠵᠠᠮᠨᠠᠵᠤ᠂ ᠤᠯᠤᠰ ᠤᠨ ᠠᠮᠢ ᠠᠬᠤᠶ ᠶᠢᠨ ᠴᠢᠳᠠᠮᠵᠢᠲᠤ ᠣᠷᠣᠨ ᠪᠠ ᠲᠠᠯ᠎ᠠ | ᠨᠤᠲᠤᠭ ᠤᠨ ᠠᠮᠢ ᠠᠬᠤᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ | ᠨᠠᠩ ᠥᠨᠳᠥᠷ ᠲᠦᠪᠰᠢᠨ ᠳᠤ ᠬᠦᠷᠭᠡᠵᠦ᠂ ᠪᠥᠬᠦ ᠤᠯᠤᠰ᠂ ᠪᠥᠬᠦ ᠣᠷᠣᠨ ᠪᠠ ᠪᠥᠬᠦ ᠠᠶᠢᠮᠠᠭ ᠲᠠᠢ ᠬᠠᠮᠲᠤ ᠪᠠᠷ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠶᠡᠷᠦᠩᠬᠡᠶᠢᠯᠡᠭᠰᠡᠨ ᠠᠵᠤ | ᠠᠬᠤᠢ ᠶᠢᠨ ᠪᠣᠳᠠᠲᠤ ᠬᠦᠴᠦᠨ ᠪᠠ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠶᠡᠬᠡᠪᠡᠷ ᠳᠡᠭᠡᠭᠰᠢᠯᠡᠵᠦ᠂ | ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠬᠤᠲᠠ ᠪᠠᠯᠭᠠᠰᠤ ᠮᠠᠯᠵᠢᠬᠤ ᠣᠷᠣᠨ ᠤ ᠰᠠᠭᠤᠭᠠᠯᠢ ᠠᠷᠠᠳ ᠤᠨ | ᠳᠤᠮᠳᠠᠴᠢ ᠬᠥᠮᠦᠨ ᠪᠦᠷᠢ ᠶᠢᠨ ᠣᠷᠣᠯᠭ᠎ᠠ ᠰᠢᠨ᠎ᠡ ᠲᠡᠮᠳᠡᠭᠯᠡᠯ ᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠬᠦᠳᠬᠦ ᠨᠢ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ | ᠳᠡᠭᠡᠭᠰᠢᠯᠡᠯᠲᠡ ᠲᠠᠢ ᠪᠣᠯᠣᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ | ᠬᠤᠳᠠ ᠪᠠᠯᠭᠠᠰᠤᠵᠢᠯᠳᠠ᠂ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ | ᠳᠠᠪᠠᠭᠤᠯᠢᠭ ᠣᠨᠴᠠᠯᠢᠭ ᠲᠠᠢ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮ ᠢ ᠦᠨᠳᠦᠰᠦᠨ ᠳᠡᠭᠡᠨ | ᠪᠠᠶᠢᠭᠤᠯᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠤᠳᠤ ᠦᠶ᠎ᠡ ᠶᠢᠨ ᠠᠵᠤ | ᠦᠢᠯᠡᠰ ᠤᠨ ᠰᠢᠰᠲ᠋ᠧᠮ᠂ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠲᠠ ᠶᠢᠨ ᠰᠢᠰᠲ᠋ᠧᠮ᠂ ᠰᠠᠭᠤᠷᠢ | ᠲᠦᠭᠦᠭᠡᠷᠣᠮᠵᠢ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃ ᠬᠠᠣᠯᠢᠵᠢᠭᠰᠠᠨ ᠵᠡᠭᠦᠨ | ᠦᠵᠦᠮᠦᠴᠢᠨ᠂ ᠬᠠᠣᠯᠢᠵᠢᠭᠰᠠᠨ ᠵᠠᠰᠠᠭ ᠤᠨ ᠣᠷᠳᠣᠨ᠂ ᠬᠠᠣᠯᠢᠵᠢᠭᠰᠠᠨ ᠨᠡᠶᠢᠭᠡᠮ ᠢ ᠦᠨᠳᠦᠰᠦᠨ ᠳᠡᠭᠡᠨ | ᠪᠠᠶᠢᠭᠤᠯᠵᠤ᠂ ᠠᠷᠠᠳ ᠲᠦᠮᠡᠨ ᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠶᠢ | ᠭᠦᠢᠴᠡᠳ ᠪᠠᠲᠤᠯᠠᠵᠤ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ ᠡᠯ᠎ᠡ ᠦᠨᠳᠦᠰᠦᠲᠡᠨ ᠤ ᠠᠷᠠᠳ ᠲᠦᠮᠡᠨ ᠤ ᠬᠡᠪ ᠴᠢᠨᠠᠷ᠂ ᠪᠦᠬᠦ | ᠨᠡᠶᠢᠭᠡᠮ ᠤᠨ ᠪᠣᠯᠪᠠᠰᠤᠨ ᠤ ᠬᠡᠮᠵᠢᠶ᠎ᠡ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠰᠢᠨ᠎ᠡ ᠲᠦᠪᠰᠢᠨ ᠳᠤ | ᠬᠦᠷᠭᠡᠨ᠎ᠡ᠃ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠥᠷᠭᠡᠨ ᠢᠶᠠᠷ | ᠪᠦᠷᠢᠯᠳᠦᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠳᠡᠰᠢ | ᠬᠤᠪᠢᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠨᠠᠩ ᠪᠠᠲᠤ ᠪᠠᠬᠢ ᠪᠣᠯᠭᠠᠵᠤ᠂ ᠦᠵᠡᠰᠬᠦᠯᠡᠩᠲᠦ ᠰᠠᠶᠢᠬᠠᠨ ᠵᠡᠭᠦᠨ ᠦᠵᠦᠮᠦᠴᠢᠨ ᠢ | ᠦᠨᠳᠦᠰᠦᠨ ᠳᠡᠭᠡᠨ ᠪᠠᠶᠢᠭᠤᠯᠣᠨ᠎ᠠ᠃ ᠭᠠᠳᠠᠭᠠᠳᠤ ᠨᠡᠭᠡᠭᠡᠯᠲᠡ ᠶᠢᠨ ᠳᠡᠰ ᠳᠠᠪᠬᠤᠷᠭ᠎ᠠ ᠪᠣᠯᠤᠨ ᠬᠢᠷᠢ ᠬᠡᠮᠵᠢᠶ᠎ᠡ ᠶᠢ | ᠢᠯᠡᠳᠲᠡ ᠲᠡᠭᠡᠭᠰᠢᠯᠡᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠬᠤᠰᠢᠭᠤᠴᠢ ᠣᠷᠣᠨ ᠤ ᠪᠦᠲᠦᠭᠡᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠶᠡᠬᠡᠪᠡᠷ ᠳᠡᠭᠡᠭᠰᠢᠯᠡᠬᠦᠯᠦᠨ᠎ᠡ᠃ ᠠᠮᠤᠷ ᠠᠮᠤᠭᠤᠯᠠᠩ ᠵᠡᠭᠦᠨ ᠦᠵᠦᠮᠦᠴᠢᠨ ᠤ | ᠪᠦᠲᠦᠭᠡᠨ ᠪᠠᠶᠢᠭᠤᠯᠤᠯᠲᠠ ᠨᠠᠩ ᠥᠨᠳᠥᠷ ᠲᠦᠪᠰᠢᠨ ᠳᠤ ᠬᠦᠷᠭᠡᠵᠦ᠂ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠣᠭᠲᠠᠭᠤᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠨ᠎ᠠ᠃ ᠳᠤᠮᠳᠠᠴᠢ ᠬᠥᠮᠦᠨ ᠪᠦᠷᠢ ᠶᠢᠨ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠦᠷᠳᠡᠭ ᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠬᠦᠷᠭᠡᠵᠦ᠂ ᠳᠤᠮᠳᠠ | ᠵᠡᠷᠭᠡ ᠶᠢᠨ ᠣᠷᠣᠯᠭ᠎ᠠ ᠶᠢ ᠦᠷᠭᠡᠳᠭᠡᠨ᠂ ᠤᠯᠠᠨ ᠨᠡᠶᠢᠲᠡ ᠶᠢᠨ ᠦᠨᠳᠣᠰᠣᠨ ᠦᠢᠯᠡᠴᠢᠯᠡᠭᠡ ᠶᠢ ᠠᠳᠠᠯᠢ ᠲᠡᠭᠰᠢ | ᠪᠣᠯᠭᠠᠬᠤ ᠶᠢ ᠪᠡᠶᠡᠯᠡᠭᠦᠯᠵᠦ᠂ ᠡᠯ᠎ᠡ ᠦᠨᠳᠦᠰᠦᠲᠡᠨ ᠤ ᠠᠷᠠᠳ ᠲᠦᠮᠡᠨ ᠤ ᠠᠮᠢᠳᠤᠷᠠᠯ ᠢ ᠨᠡᠩ ᠰᠠᠶᠢᠨ ᠪᠣᠯᠭᠠᠵᠤ᠂ | ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠣᠨ᠂ ᠪᠦᠬᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ | ᠶᠢ ᠨᠡᠩ ᠢᠯᠡᠷᠭᠡᠢ ᠪᠣᠳᠠᠳᠣ ᠠᠬᠢᠴᠠ ᠲᠠᠢ ᠪᠣᠯᠭᠠᠨ᠎ᠠ᠃ | ᠬᠤᠶᠠᠷ᠂ ᠭᠤᠤᠯ ᠬᠠᠷᠠᠯᠲᠠ | 2035 ᠣᠨ ᠤ ᠠᠯᠤᠰ ᠤᠨ ᠬᠠᠷᠠᠯᠲᠠ ᠳᠤ ᠴᠢᠭᠯᠡᠬᠦᠯᠵᠣ᠂ ᠬᠠᠷᠠᠯᠲᠠ᠂ ᠠᠰᠠᠭᠤᠳᠠᠯ ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠤᠨᠴᠠᠯᠢᠭ ᠪᠠ ᠳᠠᠪᠠᠭᠤᠯᠢᠭ ᠲᠠᠭᠠᠨ ᠰᠠᠭᠤᠷᠢᠯᠠᠵᠤ᠂ ᠪᠣᠬᠢᠷᠲᠤᠯ | ᠦᠭᠡᠢ ᠬᠥᠭᠵᠢᠯᠲᠡ ᠶᠢᠨ ᠰᠢᠨ᠎ᠡ ᠶᠢ ᠡᠭᠦᠳᠴᠦ᠂ ᠳᠣᠳᠠᠭᠳᠠᠯ ᠪᠠ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ | ᠦᠢᠯᠡᠴᠢᠯᠡᠭᠡᠨ ᠤ ᠲᠣᠭᠳᠠᠯᠴᠠᠭ᠎ᠠ ᠶᠢ ᠲᠡᠭᠦᠯᠳᠡᠷᠵᠢᠭᠦᠯᠦᠨ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ | ᠨᠡᠮᠡᠭᠳᠡᠭᠦᠯᠵᠦ᠂ ᠠᠵᠤ ᠠᠬᠤᠢ ᠶᠢᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ | ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠨ᠎ᠠ᠃ 2025 ᠣᠨ ᠪᠣᠯᠬᠤ ᠳᠤ᠂ ᠵᠡᠭᠦᠨ ᠦᠵᠦᠮᠦᠴᠢᠨ ᠬᠤᠰᠢᠭᠤ ᠶᠢ ᠣᠳᠣᠬᠢᠴᠢᠯᠠᠭᠰᠠᠨ | ᠰᠠᠭᠤᠷᠢ ᠲᠠᠢ ᠪᠥᠬᠦ ᠤᠯᠤᠰ ᠤᠨ ᠲᠠᠯ᠎ᠠ ᠨᠤᠲᠤᠭ ᠤᠨ ᠠᠮᠢ ᠠᠬᠤᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ | ᠬᠤᠰᠢᠭᠤ ᠪᠣᠯᠭᠠᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠦᠨ᠎ᠡ᠃ | ᠠᠮᠢ ᠠᠬᠤᠢ ᠶᠢᠨ ᠣᠷᠴᠢᠨ ᠲᠣᠭᠤᠷᠢᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ᠎ᠠ᠃ ᠡᠨᠧᠷᠭᠢ ᠠᠷᠪᠢᠯᠠᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠮᠢ | ᠠᠬᠤᠶ ᠶᠢᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠠᠯ᠎ᠠ ᠨᠣᠳᠤᠭ ᠤᠨ | ᠤᠷᠭᠤᠮᠠᠯ ᠤᠨ ᠬᠤᠴᠢᠯᠭ᠎ᠠ ᠶᠢ 65% ᠠᠴᠠ ᠳᠠᠪᠠᠭᠤᠯᠵᠣ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 3. | 2% ᠲᠤ ᠬᠦᠷᠭᠡᠨ᠎ᠡ᠃ ᠣᠷᠣᠰᠬᠠᠯ ᠣᠰᠣ ᠪᠠ ᠴᠢᠬᠢᠭᠯᠢᠭ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠠᠮᠢ ᠠᠬᠤᠶ ᠶᠢᠨ ᠪᠣᠯᠪᠠᠰᠤᠨ ᠳᠤ ᠨᠡᠶᠢᠴᠡᠭᠰᠡᠨ ᠦᠢᠯᠡᠳᠪᠦᠷᠢᠯᠡᠯ ᠤᠨ | ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠦᠷᠢᠯᠳᠦᠭᠦᠯᠦᠨ᠂ ᠠᠮᠢ ᠠᠬᠤᠶ ᠶᠢᠨ ᠪᠣᠯᠪᠠᠰᠤᠨ ᠤ ᠲᠦᠷᠢᠮ ᠢ | ᠨᠠᠩ ᠪᠦᠷᠢᠨ ᠲᠡᠭᠦᠯᠳᠡᠷ ᠪᠣᠯᠭᠠᠨ᠎ᠠ᠃ | ᠠᠵᠤ ᠠᠬᠤᠶ ᠶᠢᠨ ᠭᠦᠭᠵᠢᠯᠳᠡ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠪᠦᠷᠢ ᠳᠤᠮᠳᠠᠴᠢ ᠪᠠᠷ 5% ᠣᠷᠴᠢᠮ ᠨᠡᠮᠡᠭᠳᠡᠭᠦᠯᠵᠦ᠂ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 2.3% ᠣᠷᠴᠢᠮ ᠨᠡᠮᠡᠭᠳᠡᠭᠦᠯᠦᠨ᠂ | ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 5.9% | ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ | ᠵᠢᠯ ᠪᠦᠷᠢ ᠳᠤᠮᠳᠠᠴᠢ ᠪᠠᠷ 4.5% ᠣᠷᠴᠢᠮ ᠨᠡᠮᠡᠭᠳᠡᠭᠦᠯᠦᠨ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠬᠢᠷᠢ | ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠷᠭᠠᠬᠤ ᠶᠡᠷᠦᠩᠬᠡᠢ ᠬᠡᠮᠵᠢᠶ᠎ᠡ ᠶᠢ 3.5 | ᠳ᠋ᠦᠩᠰᠢᠭᠤᠷ ᠳ᠋ᠣᠯᠯᠠᠷ ᠠᠴᠠ ᠳᠠᠪᠠᠭᠤᠯᠤᠨ᠎ᠠ᠃ ᠰᠢᠨ᠎ᠡ ᠬᠠᠭᠤᠴᠢᠨ ᠬᠥᠳᠡᠯᠭᠡᠭᠴᠢ ᠬᠦᠴᠦᠨ ᠤ ᠰᠣᠯᠢᠭᠳᠠᠯ ᠢ | ᠪᠡᠶᠡᠯᠡᠭᠦᠯᠵᠦ᠂ ᠭᠠᠵᠠᠷ ᠣᠷᠣᠨ ᠤ ᠪᠦᠬᠦᠯᠢ ᠴᠣᠭᠴᠠ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ᠂ | ᠥᠷᠢᠰᠥᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃ | ᠠᠵᠤ ᠦᠢᠯᠡᠰ ᠤᠨ ᠪᠦᠲᠦᠴᠡ ᠶᠢ ᠨᠠᠩ ᠰᠢᠯᠢᠳᠡᠭᠵᠢᠭᠦᠯᠦᠨ᠎ᠡ᠃ ᠬᠦᠭᠵᠢᠯᠲᠡ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠳᠤ ᠴᠢᠬᠤᠯᠠ ᠶᠡᠭᠡ ᠠᠬᠢᠴᠠ ᠲᠠᠢ ᠪᠣᠯᠭᠠᠵᠣ᠂ 2025 ᠣᠨ ᠤ ᠰᠡᠭᠦᠯᠴᠢ | ᠪᠣᠯᠬᠤ ᠳᠤ᠂ ᠭᠤᠷᠪᠠᠨ ᠠᠵᠤ ᠦᠢᠯᠡᠰ ᠤᠨ ᠬᠠᠷᠢᠴᠠᠯ ᠢ 26᠄ 36᠄ 38 ᠪᠣᠯᠭᠠᠨ ᠲᠣᠬᠢᠷᠠᠭᠤᠯᠵᠤ᠂ ᠮᠠᠯ ᠠᠵᠤ | ᠠᠬᠤᠢ ᠶᠢᠨ ᠠᠵᠤ ᠦᠢᠯᠡᠰᠵᠢᠯᠲᠡ ᠶᠢᠨ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠂ ᠬᠥᠭᠵᠢᠯᠲᠡ ᠶᠢᠨ ᠠᠷᠭ᠎ᠠ ᠮᠠᠶ᠋ᠢᠭ | ᠪᠦᠳᠦᠭᠦᠯᠢᠭ᠂ ᠣᠨᠴᠠᠭᠠᠶᠢᠯᠠᠨ ᠠᠵᠤ ᠦᠢᠯᠡᠰ ᠤᠨ ᠬᠥᠭᠵᠢᠯᠲᠡ ᠨᠢ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠳᠤ | ᠲᠦᠰᠢᠭᠯᠡᠭᠰᠡᠨ ᠪᠠᠶᠢᠳᠠᠯ ᠢ ᠶᠡᠷᠦᠩᠬᠡᠢ ᠳᠤᠨᠢ ᠬᠤᠪᠢᠷᠠᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ | ᠲᠣᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠠᠭᠤᠷᠢ ᠲᠦᠭᠦᠭᠡᠷᠣᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠠᠵᠤ ᠦᠢᠯᠡᠰ ᠶᠢᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠢᠨ᠎ᠡ ᠶᠢ ᠡᠭᠦᠳᠬᠦ | ᠬᠡᠯᠬᠢᠶ᠎ᠡ ᠪᠠ ᠥᠷᠲᠡᠭ ᠤᠨe ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠦᠨᠳᠦᠰᠦᠨ ᠳᠤ ᠨᠢ ᠪᠤᠢ ᠪᠣᠯᠭᠠᠨ᠎ᠠ᠃ | ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠭᠦᠭᠵᠢᠭᠦᠯᠦᠨ᠎ᠡ᠃ | ᠬᠤᠲᠠ ᠬᠥᠳᠡᠭᠡ ᠶᠢᠨ ᠬᠥᠭᠵᠢᠯᠲᠡ ᠶᠢ ᠨᠠᠩ ᠵᠣᠬᠢᠴᠠᠩᠭᠤᠶ ᠪᠣᠯᠭᠠᠨ᠎ᠠ᠃ ᠬᠤᠲᠠ ᠬᠥᠳᠡᠭᠡ ᠶᠢ ᠨᠢᠭᠡ | ᠴᠣᠭᠴᠠᠵᠢᠭᠤᠯᠬᠤ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠤᠲᠠ ᠪᠠᠯᠭᠠᠰᠤᠵᠢᠯᠲᠠ ᠶᠢᠨ ᠴᠢᠨᠠᠷ | ᠴᠢᠨᠰᠠᠭ᠎ᠠ ᠶᠢ ᠢᠯᠡᠳᠲᠡ ᠳᠡᠭᠡᠭᠰᠢᠯᠡᠭᠦᠯᠦᠨ᠂ 2025 ᠣᠨ ᠪᠣᠯᠬᠤ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ | ᠬᠤᠲᠠ ᠪᠠᠯᠭᠠᠰᠤᠵᠢᠯᠲᠠ ᠶᠢᠨ ᠨᠣᠷᠮ᠎ᠠ ᠶᠢ 59% ᠳᠤ ᠬᠦᠷᠭᠡᠨ᠎ᠡ᠃ ᠮᠠᠯᠵᠢᠬᠤ ᠣᠷᠣᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠵᠣᠬᠢᠬᠤ ᠠᠬᠢᠴᠠ ᠲᠠᠢ ᠪᠣᠯᠭᠠᠵᠣ᠂ ᠰᠣᠮᠣ ᠪᠠᠯᠭᠠᠰᠣᠨ ᠤ ᠳᠦᠷᠢ ᠲᠥᠷᠬᠦ ᠶᠢ ᠶᠡᠬᠡᠪᠡᠷ | ᠰᠠᠶᠢᠵᠢᠷᠠᠭᠤᠯᠵᠣ᠂ ᠬᠤᠲᠠ ᠬᠥᠳᠡᠭᠡ ᠬᠠᠷᠢᠯᠴᠠᠨ ᠬᠥᠳᠡᠯᠦᠯᠴᠡᠭᠰᠡᠨ ᠣᠷᠣᠨ ᠪᠦᠰᠡ ᠵᠣᠬᠢᠴᠠᠩᠭᠤᠢ ᠬᠦᠭᠵᠢᠭᠰᠡᠨ | ᠰᠢᠨ᠎ᠡ ᠪᠠᠶᠢᠳᠠᠯ ᠢ ᠪᠦᠷᠢᠯᠳᠦᠭᠦᠯᠵᠦ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠤᠯᠤᠰ ᠤᠨ | ᠲᠡᠷᠢᠭᠦᠨ ᠤ ᠬᠢᠷᠢ ᠲᠦᠪᠰᠢᠨ ᠳᠤ ᠬᠦᠷᠭᠡᠨ᠎ᠡ᠃ | ᠠᠷᠠᠳ ᠤᠨ ᠠᠮᠢᠳᠤᠷᠠᠯ ᠢ ᠨᠠᠩ ᠵᠣᠯ ᠵᠢᠷᠭᠠᠯ ᠲᠠᠢ ᠪᠣᠯᠭᠠᠨ᠎ᠠ᠃ ᠬᠤᠲᠠ ᠪᠠᠯᠭᠠᠰᠤ᠂ ᠮᠠᠯᠵᠢᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ | ᠲᠣᠰᠪᠣᠷᠢ 47000 ᠲᠥᠭᠦᠷᠢᠭ ᠪᠠ 40000 ᠲᠥᠭᠦᠷᠢᠭ ᠲᠤ ᠬᠦᠷᠭᠡᠵᠣ᠂ ᠵᠢᠯ ᠪᠦᠷᠢ ᠳᠤᠮᠳᠠᠴᠢ ᠪᠠᠷ | ᠲᠣᠰᠪᠦᠷᠢ 2.1% ᠪᠠ 2.8% ᠣᠷᠴᠢᠮ ᠨᠡᠮᠡᠭᠳᠡᠬᠦᠯᠦᠨ᠎ᠡ᠃ ᠨᠠᠩ ᠭᠦᠢᠴᠡᠳ᠂ ᠨᠠᠩ ᠴᠢᠨᠠᠷ ᠰᠠᠶᠢᠲᠠᠶ ᠠᠵᠢᠯ | ᠣᠯᠭᠤᠯᠲᠠ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ | ᠲᠦᠪᠰᠢᠨ ᠢ ᠪᠥᠬᠦ ᠣᠷᠣᠨ ᠤ ᠳᠤᠮᠳᠠᠴᠢ ᠲᠦᠪᠰᠢᠨ ᠳᠤ ᠬᠦᠷᠭᠡᠨ᠎ᠡ᠃ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠭᠳᠠᠯᠴᠠᠭ᠎ᠠ ᠶᠢ ᠨᠡᠩ ᠲᠡᠭᠦᠯᠳᠡᠷᠵᠢᠭᠦᠯᠦᠨ᠂ ᠡᠮᠡᠭᠲᠡᠶᠢᠴᠦᠳ ᠬᠡᠦᠬᠡᠳ ᠵᠢᠴᠢ ᠵᠡᠮᠳᠡᠭᠴᠦᠳ ᠤᠨ | ᠦᠢᠯᠡᠰ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ | ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠳᠡᠭᠡᠭᠰᠢᠯᠡᠬᠦᠯᠦᠨ᠎ᠡ᠃ ᠬᠠᠣᠯᠢᠵᠢᠭᠰᠠᠨ ᠵᠠᠰᠠᠭ ᠤᠨ ᠣᠷᠳᠣᠨ᠂ | ᠬᠠᠣᠯᠢᠵᠢᠭᠰᠠᠨ ᠨᠡᠶᠢᠭᠡᠮ ᠢ ᠵᠣᠬᠢᠴᠠᠯᠳᠣᠭᠤᠯᠣᠨ ᠪᠠᠶᠢᠭᠤᠯᠬᠤ ᠠᠵᠢᠯ ᠢ ᠵᠣᠬᠢᠬᠤ ᠠᠬᠢᠴᠠ ᠲᠠᠢ ᠪᠣᠯᠭᠠᠵᠣ᠂ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠰᠣᠶᠣᠯ ᠪᠠ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠣᠨ᠂ | ᠨᠡᠶᠢᠭᠡᠮ ᠤᠨ ᠲᠥᠪ ᠭᠤᠣᠯᠴᠢ ᠪᠠ ᠰᠢᠳᠣᠷᠭᠤ ᠶᠣᠰᠣ ᠶᠢ ᠭᠦᠢᠴᠡᠳ ᠪᠠᠳᠠᠷᠠᠭᠤᠯᠣᠨ᠎ᠠ᠃ ᠵᠠᠰᠠᠭ ᠤᠨ ᠣᠷᠳᠣᠨ ᠤ | ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠲᠣᠭᠲᠠᠭᠤᠨ ᠢᠶᠠᠷ | ᠳᠡᠭᠡᠭᠰᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠲᠠᠰᠤᠷᠠᠯᠲᠠ ᠥᠬᠡᠶ | ᠪᠦᠷᠢᠨᠰᠢᠬᠦᠯᠵᠣ᠂ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ | ᠢᠯᠡᠳᠲᠡ ᠳᠡᠭᠡᠭᠰᠢᠯᠡᠬᠦᠯᠦᠨ᠂ ᠪᠠᠶᠢᠭᠠᠯᠢ ᠶᠢᠨ ᠭᠠᠮᠰᠢᠭ ᠠᠴᠠ ᠰᠡᠷᠭᠡᠶᠢᠯᠡᠬᠦ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠬᠦᠯᠦᠨ᠎ᠡ᠃ | | ᠵᠡᠭᠦᠨ ᠦᠵᠦᠮᠦᠴᠢᠨ ᠬᠤᠰᠢᠭᠤᠨ ᠤ ︽ ᠠᠷᠪᠠᠨ ᠲᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠬᠡ ᠶᠢᠨ | ᠬᠤᠭᠤᠴᠠᠭᠠᠨ ᠳᠠᠬᠢ ᠠᠵᠣ ᠠᠬᠤᠢ ᠨᠡᠶᠢᠬᠡᠮ ᠤᠨ ᠭᠦᠭᠵᠢᠯᠳᠡ ᠶᠢᠨ ᠭᠤᠣᠯ ᠭᠦᠢᠴᠡᠳᠬᠡᠯ ᠲᠤᠭ᠎ᠠ | | ᠲᠠᠪᠤᠳᠤᠭᠠᠷ ᠬᠡᠰᠡᠭ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ | ᠪᠠᠶᠢᠭᠤᠯᠵᠤ᠂ ︽ᠭᠤᠷᠪᠠᠨ ᠣᠷᠣᠨ ᠬᠤᠶᠠᠷ ᠱᠤᠭᠤᠮ︾ ᠢ ᠴᠢᠩᠭ᠎ᠠ ᠰᠠᠬᠢᠵᠤ᠂ ᠠᠮᠢ ᠠᠬᠤᠢ᠂ ᠮᠠᠯ ᠠᠵᠤ ᠠᠬᠤᠢ᠂ | ᠬᠤᠳᠠ ᠪᠠᠯᠭᠠᠰᠤᠨ ᠤ ᠣᠷᠣᠨ ᠵᠠᠢ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠣᠯᠠᠭᠠᠨ ᠱᠤᠭᠤᠮ᠂ ᠬᠤᠳᠠ | ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠢ ᠬᠠᠯᠳᠠᠵᠣ ᠪᠣᠯᠤᠰᠢ ᠦᠭᠡᠢ ︽ᠥᠨᠳᠥᠷ ᠬᠦᠴᠦᠳᠡᠯᠲᠦ | ᠱᠤᠭᠤᠮ︾ ᠪᠣᠯᠭᠠᠨ᠎ᠠ᠃ ᠡᠬᠢ ᠪᠠᠶᠠᠯᠢᠭ ᠪᠠ ᠣᠷᠴᠢᠨ ᠲᠣᠭᠤᠷᠢᠨ ᠤ ᠳᠠᠭᠠᠭᠠᠴᠠ᠂ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢ ᠨᠡᠭᠡᠭᠡᠨ ᠠᠰᠢᠭᠯᠠᠬᠤ ᠦᠨᠡᠯᠡᠯᠲᠡ ᠶᠢᠨ ᠰᠠᠭᠤᠷᠢᠨ ᠳᠡᠭᠡᠷ᠎ᠡ᠂ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠱᠠᠭᠠᠷᠳᠠᠯᠭ᠎ᠠ ᠶᠣᠰᠣᠭᠠᠷ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ | ᠨᠡᠭᠡᠭᠡᠨ ᠭᠦᠭᠵᠢᠭᠦᠯᠦᠨ ᠬᠠᠮᠠᠭᠠᠯᠠᠬᠤ ︽ᠨᠢᠭᠡ ᠬᠠᠭᠤᠳᠠᠰᠣ ᠵᠢᠷᠤᠭ︾ ᠢ ᠪᠦᠷᠢᠯᠳᠦᠭᠦᠯᠵᠦ᠂ ᠠᠮᠢ ᠠᠬᠤᠶ ᠣᠷᠴᠢᠨ | ᠲᠣᠭᠤᠷᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠪᠣᠬᠢᠷᠲᠤᠯ ᠥᠬᠡᠶ ᠳᠠᠪᠠᠭᠤᠯᠢᠭ ᠢᠶᠠᠨ ᠬᠠᠮᠤᠭ ᠤᠨ | ᠶᠡᠭᠡ ᠬᠡᠮᠵᠢᠶ᠎ᠡ ᠪᠠᠷ ᠪᠠᠳᠠᠷᠠᠭᠤᠯᠣᠨ᠎ᠠ᠃ ᠲᠥᠷᠥ ᠶᠢᠨ ᠪᠣᠳᠣᠯᠭ᠎ᠠ ᠳᠤ ᠣᠨᠣᠪᠴᠢᠲᠠᠢ ᠬᠠᠨᠳᠣᠭᠤᠯᠣᠨ᠂ ᠭᠤᠣᠯ | ᠴᠣᠭᠴᠠ ᠶᠢᠨ ᠴᠢᠳᠠᠪᠬᠢ ᠶᠢᠨ ᠪᠠᠶᠢᠷᠢ ᠲᠣᠭᠲᠠᠭᠠᠯᠲᠠ ᠲᠣᠳᠣᠷᠬᠠᠢ ᠬᠤᠲᠠ ᠪᠠᠯᠭᠠᠰᠤᠵᠢᠭᠰᠠᠨ ᠭᠠᠵᠠᠷ ᠣᠷᠣᠨ᠂ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ᠂ ᠠᠮᠢ ᠠᠬᠤᠢ ᠶᠢᠨ | ᠴᠢᠳᠠᠪᠬᠢ ᠶᠢᠨ ᠣᠷᠣᠨ ᠵᠡᠷᠭᠡ ᠭᠤᠷᠪᠠᠨ ᠶᠡᠭᠡ ᠣᠷᠣᠨ ᠵᠠᠢ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ | ᠨᠢᠭᠡ᠂ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠰᠢᠯ | ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠳᠤ ᠰᠠᠭᠤᠷᠢᠯᠠᠨ᠂ ᠬᠤᠳᠠ ᠪᠠᠯᠭᠠᠰᠣᠵᠢᠭᠰᠠᠨ ᠭᠠᠵᠠᠷ | ᠣᠷᠣᠨ᠂ ᠮᠠᠯ ᠠᠵᠤ ᠠᠬᠤᠢ ᠶᠢᠨ ᠭᠤᠣᠯ ᠭᠠᠷᠤᠯᠲᠠ ᠶᠢᠨ ᠣᠷᠣᠨ᠂ ᠠᠮᠢ ᠠᠬᠤᠢ ᠶᠢᠨ ᠴᠢᠳᠠᠮᠵᠢᠳᠤ ᠣᠷᠣᠨ ᠭᠡᠬᠦ | ᠭᠤᠷᠪᠠᠨ ᠶᠡᠭᠡ ᠣᠷᠣᠨ ᠵᠠᠢ ᠶᠢᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠤᠨ᠎ᠠ᠃ | ︽ᠨᠢᠭᠡ ᠬᠠᠯᠬᠠᠪᠴᠢ᠂ ᠨᠢᠭᠡ ᠭᠤᠣᠯ᠂ ᠬᠤᠶᠠᠷ ᠲᠣᠭᠤᠷᠢᠭ᠂ ᠭᠤᠷᠪᠠᠨ ᠲᠡᠩᠭᠡᠯᠢᠭ᠂ ᠳᠥᠷᠪᠡᠨ ᠲᠣᠭᠤᠷᠢᠭ᠂ | ᠣᠯᠠᠨ ᠴᠡᠭ︾ ᠤᠨ ᠦᠢᠯᠡᠳᠪᠦᠷᠢᠯᠡᠯ ᠤᠨ ᠬᠦᠴᠦᠨ ᠤ ᠣᠷᠣᠨ ᠵᠠᠶ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ | | ︽ᠨᠢᠭᠡ ᠬᠠᠯᠬᠠᠪᠴᠢ︾ ᠭᠡᠳᠡᠭ ᠨᠢ ᠮᠠᠨ ᠤ ᠬᠤᠰᠢᠭᠤᠨ ᠤ ᠪᠠᠶᠢᠭᠠᠯᠢ ᠶᠢᠨ ᠤᠷᠭᠤᠮᠠᠯ ᠬᠤᠴᠢᠯᠭ᠎ᠠ ᠶᠢᠨ | ᠬᠠᠮᠠᠭᠠᠯᠠᠯᠲᠠ ᠰᠠᠶᠢᠳᠠᠢ ᠵᠡᠭᠦᠨ ᠬᠡᠰᠡᠭ ᠤᠨ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠵᠤ᠂ ᠤᠯᠤᠰ ᠤᠨ ᠲᠠᠰ ᠤᠨ | ᠲᠠᠯ᠎ᠠ ᠨᠤᠲᠤᠭ ᠪᠠ ᠣᠶ ᠰᠢᠭᠤᠶ ᠶᠢᠨ ᠴᠡᠴᠡᠷᠯᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠭᠢᠭᠯᠢᠭ | ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠪᠠᠷ | ᠭᠠᠷᠳᠠᠴᠠ ᠪᠣᠯᠭᠠᠨ᠂ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠂ ᠠᠮᠢ ᠠᠬᠤᠶ ᠶᠢᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | ︽ᠨᠢᠭᠡ ᠭᠤᠣᠯ︾ ᠭᠡᠳᠡᠭ ᠨᠢ ᠤᠯᠢᠶᠠᠰᠤᠲᠠᠢ ᠪᠠᠯᠭᠠᠰᠤ ᠪᠠᠷ ᠭᠤᠣᠯ ᠪᠣᠯᠭᠠᠭᠰᠠᠨ᠂ ᠣᠳᠣᠬᠢᠴᠢᠯᠠᠭᠰᠠᠨ | ᠲᠥᠪ ᠬᠤᠲᠠ ᠪᠠᠯᠭᠠᠰᠤ ᠶᠢ ᠪᠦᠲᠦᠭᠡᠨ ᠪᠠᠶᠢᠭᠤᠯᠵᠤ᠂ ᠴᠢᠬᠤᠯᠠ ᠡᠯᠧᠮᠧᠨ᠋ᠲ ᠪᠠ ᠬᠥᠮᠦᠨ ᠠᠮᠠ ᠶᠢ ᠲᠥᠪᠯᠡᠷᠡᠭᠦᠯᠬᠦ᠂ | ᠠᠵᠤ ᠦᠢᠯᠡᠰ ᠢ ᠳᠡᠰ ᠳᠡᠪᠰᠢᠭᠦᠯᠬᠦ ᠪᠠ ᠪᠦᠬᠦ ᠬᠤᠰᠢᠭᠤ ᠶᠢ ᠨᠥᠯᠥᠭᠡᠯᠡᠬᠦ ᠴᠢᠳᠠᠪᠬᠢ ᠶᠢ ᠨᠠᠩ ᠰᠠᠶᠢᠨ | ᠪᠠᠳᠠᠷᠠᠭᠤᠯᠤᠨ᠎ᠠ᠃ | ︽ᠬᠤᠶᠠᠷ ᠲᠣᠭᠤᠷᠢᠭ︾ ᠭᠡᠳᠡᠭ ᠨᠢ ᠤᠯᠢᠶᠠᠰᠤᠲᠠᠢ ᠪᠠᠯᠭᠠᠰᠤ ᠪᠠᠷ ᠭᠤᠣᠯ ᠪᠣᠯᠭᠠᠭᠰᠠᠨ ᠠᠵᠤ | ᠦᠢᠯᠡᠳᠪᠦᠷᠢ ᠶᠢᠨ ᠲᠣᠭᠤᠷᠢᠭ ᠪᠠᠶᠢᠭᠤᠯᠵᠤ᠂ ︽ᠨᠢᠭᠡ ᠬᠦᠷᠢᠶᠡᠯᠡᠩ ᠭᠤᠷᠪᠠᠨ ᠲᠣᠭᠤᠷᠢᠭ︾ ᠤᠨ ᠶᠡᠷᠦᠩᠬᠡᠢ | ᠰᠡᠳᠬᠢᠴᠡ ᠪᠠᠷ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠲᠡᠰ | ᠳᠡᠪᠰᠢᠬᠦ ᠶᠢ ᠠᠬᠢᠭᠤᠯᠵᠤ᠂ ᠬᠥᠭᠵᠢᠯᠲᠡ ᠶᠢᠨ ᠣᠷᠣᠨ ᠵᠠᠢ ᠶᠢ ᠦᠷᠭᠡᠳᠬᠡᠨ᠂ ᠬᠡᠯᠬᠢᠶᠡᠰᠣᠵᠢᠭᠰᠡᠨ᠂ ᠰᠦᠷᠦᠭᠵᠢᠭᠰᠡᠨ | ᠬᠥᠭᠵᠢᠯᠲᠡ ᠶᠢᠨ ᠵᠠᠮ ᠢᠶᠠᠷ ᠵᠠᠮᠨᠠᠵᠤ᠂ ᠨᠢᠭᠡᠴᠢ ᠭᠠᠵᠠᠷ ᠰᠢᠷᠣᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠵᠡᠭᠦᠨ | ᠬᠠᠲᠠᠪᠴᠢ ᠪᠠᠯᠭᠠᠰᠤ ᠪᠠᠷ ᠭᠤᠣᠯ ᠪᠣᠯᠭᠠᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠣᠷᠣᠨ ᠪᠦᠰᠡ ᠪᠠᠷ ᠨᠡᠭᠡᠭᠡᠯᠲᠡ ᠬᠢᠬᠦ᠂ ᠬᠡᠰᠡᠭ | ᠲᠠᠯ᠎ᠠ ᠪᠠᠷ ᠨᠡᠬᠡᠬᠡᠨ ᠭᠦᠭᠵᠢᠭᠦᠯᠬᠦ ᠶᠢ ᠪᠠᠷᠢᠮᠲᠠᠯᠠᠨ᠂ ᠬᠠᠳᠠᠪᠴᠢ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ | ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ ᠤᠯᠢᠶᠠᠰᠤᠲᠠᠢ ᠪᠠᠯᠭᠠᠰᠤ ᠵᠢᠴᠢ ᠠᠵᠤ ᠦᠢᠯᠡᠳᠪᠦᠷᠢ ᠶᠢᠨ ᠲᠣᠭᠤᠷᠢᠭ ᠢ | ᠬᠠᠮᠣᠷᠴᠦ᠂ ᠡᠬᠡ ᠬᠠᠭᠤᠷᠠᠢ ᠳᠠᠯᠠᠢ ᠲᠠᠩᠭᠢᠰ ᠬᠤᠯᠪᠣᠭᠠᠯᠠᠨ ᠬᠥᠳᠡᠯᠦᠯᠴᠡᠭᠰᠡᠨ᠂ ᠪᠦᠬᠦ ᠣᠷᠣᠨ ᠪᠦᠰᠡ ᠪᠠᠷ | ᠬᠠᠮᠵᠢᠯᠴᠠᠭᠰᠠᠨ᠂ ᠡᠷᠭᠢᠨ ᠲᠣᠭᠤᠷᠢᠨ ᠢ ᠨᠥᠯᠥᠭᠡᠯᠡᠭᠰᠡᠨ ᠣᠷᠣᠨ ᠵᠠᠢ ᠶᠢᠨ ᠵᠣᠬᠢᠶᠠᠨ ᠪᠠᠶᠢᠭᠤᠯᠤᠯᠲᠠ ᠶᠢᠨ ᠪᠣᠷᠣ | ᠲᠥᠯᠥᠪ ᠢ ᠪᠤᠢ ᠪᠣᠯᠭᠠᠨ᠎ᠠ᠃ ᠬᠦᠷᠢᠶᠡᠯᠡᠩ ᠬᠢᠭᠡᠳ ᠲᠣᠭᠤᠷᠢᠭ ᠨᠢ ᠲᠣᠰᠠᠭᠠᠷ ᠪᠡᠶ᠎ᠡ ᠪᠠᠨ ᠳᠠᠭᠠᠭᠠᠭᠰᠠᠨ ᠮᠥᠷᠲᠡᠭᠡᠨ | ᠬᠠᠷᠢᠯᠴᠠᠨ ᠲᠤᠯᠭᠠᠭᠤᠷᠢᠯᠠᠵᠤ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ︽ᠬᠤᠶᠠᠷ ᠲᠣᠭᠤᠷᠢᠭ︾ ᠢ ᠠᠵᠤ | ᠦᠢᠯᠡᠰ ᠨᠢ ᠲᠣᠳᠣᠷᠬᠠᠢ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠭᠰᠠᠨ᠂ ᠠᠮᠤᠷ ᠲᠦᠪᠰᠢᠨ ᠪᠣᠬᠢᠷᠳᠣᠯ | ᠦᠬᠡᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠲᠣᠭᠤᠷᠢᠭ᠂ ᠣᠷᠣᠨ ᠪᠦᠰᠡ ᠶᠢᠨ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠥᠪ ᠪᠠ ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠬᠢᠶᠠᠯ ᠪᠣᠯᠣᠨ ᠬᠥᠷᠰᠢ ᠵᠡᠷᠭᠡᠯᠡᠳᠡᠭᠡ ᠲᠠᠢ ᠪᠠᠨ ᠡᠶ᠎ᠡ ᠨᠠᠶᠢᠷᠠᠮᠳᠠᠭᠤ ᠠᠮᠤᠷ ᠲᠠᠶᠢᠪᠤᠩ ᠬᠠᠮᠳᠣᠪᠠᠷ | ᠪᠠᠶᠠᠵᠢᠭᠰᠠᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ | ︽ᠭᠤᠷᠪᠠᠨ ᠲᠡᠩᠭᠡᠯᠢᠭ︾ ᠬᠡᠳᠡᠭ ᠨᠢ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ ᠵᠠᠰᠠᠮᠠᠯ | ᠵᠠᠮ᠂ ᠪᠠᠯᠭᠠᠷᠭᠤᠣᠯ ᠠᠴᠠ ᠵᠡᠬᠦᠨ ᠬᠠᠳᠠᠪᠴᠢ ᠬᠦᠷᠬᠦ ᠲᠡᠮᠦᠷ ᠵᠠᠮ᠂ ᠪᠠᠶ᠋ᠬᠠᠭᠤᠯᠠ ᠠᠴᠠ ᠹᠦᠰᠢᠨ ᠬᠦᠷᠬᠦ ᠲᠡᠮᠦᠷ | ᠵᠠᠮ ᠪᠠ ᠣᠯᠣᠰ ᠤᠨ ᠳᠡᠰ ᠤᠨ ᠵᠠᠮ ᠤᠨ 306 ᠱᠣᠭᠤᠮ ᠳᠤ ᠲᠦᠰᠢᠭᠯᠡᠵᠦ᠂ ᠥᠪᠥᠷ ᠮᠣᠩᠭᠤᠯ ᠤᠨ ᠵᠡᠭᠦᠨ | ᠬᠠᠲᠠᠪᠴᠢ ᠪᠣᠭᠤᠮᠲᠠ᠂ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠲᠠᠢ ᠵᠠᠯᠭᠠᠵᠣ᠂ ᠤᠮᠠᠷᠠᠰᠢ ᠮᠣᠩᠭᠤᠯ | ᠤᠯᠤᠰ ᠲᠤ ᠨᠡᠪᠳᠡᠷᠡᠨ᠂ ᠡᠮᠦᠨᠡᠰᠢ ᠪᠠᠷᠠᠭᠤᠨ ᠦᠵᠦᠮᠦᠴᠢᠨ ᠬᠤᠰᠢᠭᠤ᠂ ᠤᠯᠠᠭᠠᠨᠬᠠᠳᠠ ᠵᠡᠷᠭᠡ ᠳᠣᠲᠣᠷ ᠭᠠᠵᠠᠷ ᠲᠠᠢ | ᠵᠠᠯᠭᠠᠯᠳᠣᠨ᠂ ᠡᠮᠦᠨᠡᠰᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠡᠩᠭᠡᠯᠢᠭ ᠢ ᠪᠦᠷᠢᠯᠳᠦᠭᠦᠯᠵᠦ᠂ ᠵᠢᠨᠵᠧᠦ ᠭᠠᠷᠠᠮ | ᠵᠡᠷᠭᠡ ᠪᠦᠸᠧᠬᠠᠶ ᠲᠠᠩᠭᠢᠰ ᠢ ᠲᠣᠭᠤᠷᠢᠭᠰᠠᠨ ᠭᠠᠷᠠᠮ ᠳᠤ ᠠᠭᠤᠰᠣᠯᠳᠣᠨ ᠭᠦᠭᠵᠢᠨᠡ᠃ ᠣᠯᠣᠰ ᠤᠨ ᠳᠡᠰ ᠤᠨ | ᠵᠠᠮ ᠤᠨ 331 ᠱᠣᠭᠤᠮ ᠳᠤ ᠰᠠᠭᠤᠷᠢᠯᠠᠨ᠂ ᠰᠢᠯᠢᠩᠬᠤᠲᠠ ᠲᠠᠢ ᠵᠠᠯᠭᠠᠯᠳᠣᠵᠣ᠂ ᠪᠠᠷᠠᠭᠤᠨ ᠡᠮᠦᠨᠡᠰᠢ ᠨᠡᠭᠡᠭᠡᠯᠲᠡ | ᠬᠢᠵᠦ ᠴᠢᠯᠥᠭᠡᠲᠡᠢ ᠶᠠᠪᠤᠯᠴᠠᠬᠤ ᠲᠡᠩᠭᠡᠯᠢᠭ ᠢ ᠪᠦᠷᠢᠯᠳᠦᠭᠦᠯᠦᠨ᠂ ᠪᠡᠭᠡᠵᠢᠩ ᠲᠢᠶᠠᠨᠵᠢᠨ ᠾᠧᠪᠧᠢ ᠶᠢᠨ ᠠᠵᠤ | ᠠᠬᠤᠢ ᠶᠢᠨ ᠲᠣᠭᠤᠷᠢᠭ ᠲᠤ ᠠᠭᠤᠰᠤᠯᠴᠠᠨ᠎ᠠ᠃ ᠵᠡᠬᠦᠨ ᠬᠠᠳᠠᠪᠴᠢ ᠠᠴᠠ ᠬᠤᠣᠯᠢᠩᠭᠤᠯ ᠬᠥᠷᠬᠦ ᠲᠡᠮᠦᠷ ᠵᠠᠮ᠂ | ᠬᠤᠣᠯᠢᠩᠭᠤᠣᠯ ᠠᠴᠠ ᠲᠦᠩᠯᠢᠶᠣᠤ ᠶᠢᠨ ᠲᠥᠯᠥᠪᠵᠢᠭᠦᠯᠭᠡ ᠶᠢᠨ ᠦᠨᠳᠦᠷ ᠬᠤᠷᠳᠣᠴᠠᠳᠣ ᠵᠠᠰᠠᠮᠠᠯ ᠵᠠᠮ ᠪᠠ ᠣᠯᠣᠰ | ᠤᠨ ᠳᠡᠰ ᠤᠨ ᠵᠠᠰᠠᠮᠠᠯ ᠵᠠᠮ ᠤᠨ 331 ᠱᠣᠭᠤᠮ ᠳᠤ ᠰᠠᠭᠤᠷᠢᠯᠠᠨ᠂ ᠲᠦᠩᠯᠢᠶᠣᠤ᠂ ᠬᠢᠩᠭᠠᠨ ᠠᠶᠢᠮᠠᠭ ᠢ ᠬᠤᠯᠪᠣᠵᠤ | ᠂ ᠵᠡᠭᠦᠨ ᠬᠤᠶᠢᠰᠢ ᠴᠢᠭᠯᠡᠭᠰᠡᠨᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠡᠩᠭᠡᠯᠢᠭ ᠢ ᠪᠣᠶ ᠪᠣᠯᠭᠠᠨ᠂ ᠵᠡᠭᠦᠨ | ᠬᠤᠶᠢᠲᠤ ᠣᠷᠣᠨ ᠤ ᠠᠵᠤ ᠠᠬᠤᠶ ᠶᠢᠨ ᠲᠣᠭᠤᠷᠢᠭ ᠲᠤ ᠠᠭᠤᠰᠣᠯᠴᠠᠭᠤᠯᠣᠨ᠎ᠠ᠃ ᠡᠬᠦᠨ ᠳᠤ ᠰᠠᠭᠤᠷᠢᠯᠠᠨ ᠵᠡᠭᠦᠨ | ᠦᠵᠦᠮᠦᠴᠢᠨ ᠬᠤᠰᠢᠭᠤᠨ ᠤ ᠳᠣᠲᠣᠭᠠᠳᠤ ᠭᠠᠳᠠᠭᠠᠳᠤ ᠬᠤᠯᠪᠣᠯᠳᠤᠨ ᠨᠡᠪᠲᠡᠷᠡᠯᠴᠡᠭᠰᠡᠨ ᠣᠳᠣ ᠦᠶ᠎ᠡ ᠶᠢᠨ | ᠭᠦᠢᠯᠭᠡᠭᠡᠨ ᠤ ᠬᠤᠩᠬᠢᠶᠠᠯ ᠢ ᠪᠠᠶᠢᠭᠤᠯᠵᠤ᠂ ᠤᠯᠤᠰ ᠤᠨ ᠳᠣᠳᠣᠷ᠎ᠠ ᠭᠠᠳᠠᠨᠠᠬᠢ ᠡᠬᠢ ᠪᠠᠶᠠᠯᠢᠭ ᠤᠨ ᠡᠯᠧᠮᠧᠨ᠋ᠲ ᠢ | ᠬᠤᠷᠠᠮᠳᠤᠭᠤᠯᠵᠤ᠂ ᠡᠨᠧᠷᠭᠢ᠂ ᠬᠥᠮᠦᠨ ᠠᠮᠠ ᠶᠢᠨ ᠰᠢᠯᠵᠢᠯᠲᠡ᠂ ᠪᠣᠳᠠᠰ ᠤᠨ ᠭᠦᠢᠯᠭᠡᠭᠡ ᠪᠠ ᠮᠡᠳᠡᠭᠡ ᠵᠠᠩᠭᠢ ᠶᠢᠨ | ᠨᠡᠪᠳᠡᠷᠡᠯᠳᠡ ᠶᠢᠨ ᠴᠢᠳᠠᠮᠵᠢ ᠶᠢ ᠨᠠᠩ ᠰᠠᠶᠢᠨ ᠪᠠᠳᠠᠷᠠᠭᠤᠯᠤᠨ᠎ᠠ᠃ | ︽ᠳᠥᠷᠪᠡᠨ ᠣᠷᠣᠨ︾ ᠬᠡᠳᠡᠭ ᠨᠢ ᠲᠠᠯ᠎ᠠ ᠨᠤᠲᠤᠭ ᠤᠨ ᠠᠮᠢ ᠠᠬᠤᠶ ᠨᠡᠯᠢᠶᠡᠳ ᠬᠡᠪᠡᠷᠡᠭ ᠳᠤᠮᠳᠠ | ᠪᠠᠷᠠᠭᠤᠨ ᠬᠡᠰᠡᠭ ᠤᠨ ᠨᠡᠶᠢᠲᠡᠯᠢᠭ ᠲᠠᠯ᠎ᠠ ᠨᠣᠳᠤᠭ ᠢᠶᠠᠷ ᠭᠤᠤᠯ ᠪᠣᠯᠭᠠᠵᠤ᠂ ᠦᠵᠦᠮᠦᠴᠢᠨ ᠮᠢᠬᠠᠨ ᠬᠤᠨᠢᠨ ᠤ ᠠᠵᠤ | ᠦᠢᠯᠡᠰ ᠤᠨ ᠲᠣᠭᠤᠷᠢᠭ ᠢ ᠪᠠᠶᠢᠭᠤᠯᠵᠤ᠂ ᠤᠯᠠᠷᠢᠯ ᠤᠨ ᠴᠢᠨᠠᠷᠲᠠᠶ ︽ᠪᠡᠯᠴᠢᠭᠡᠷᠯᠡᠭᠦᠯᠬᠦ + ᠪᠣᠷᠳᠤᠭ᠎ᠠ ᠨᠥᠬᠦᠪᠥᠷᠢᠯᠡᠬᠦ | ︾ ᠮᠠᠯ ᠠᠵᠤ ᠠᠬᠤᠶ ᠶᠢ ᠭᠤᠣᠯᠳᠠᠯᠭ᠎ᠠ ᠲᠠᠢ ᠬᠥᠭᠵᠢᠭᠦᠯᠦᠨ᠂ ᠲᠤᠰᠬᠠᠶᠢᠵᠢᠭᠰᠠᠨ᠂ ᠪᠠᠷᠢᠮᠵᠢᠶᠠᠵᠢᠭᠰᠠᠨ | ᠦᠢᠯᠡᠳᠪᠦᠷᠢᠯᠡᠯ ᠪᠠ ᠡᠷᠴᠢᠮᠵᠢᠭᠦᠯᠦᠭᠰᠡᠨ ᠡᠵᠡᠩᠨᠡᠯᠲᠡ ᠶᠢ ᠬᠡᠷᠡᠭᠵᠢᠭᠦᠯᠵᠦ᠂ ︽ᠰᠢᠯᠢ ᠶᠢᠨ ᠭᠤᠤᠯ ᠬᠤᠨᠢᠨ ᠤ | ᠳᠤᠮᠳᠠᠳᠤ ᠤᠯᠤᠰ ᠤᠨ ᠣᠨᠴᠠᠯᠢᠭ ᠲᠠᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ︾ ᠢ | ᠪᠥᠲᠥᠭᠡᠨ ᠪᠠᠶᠢᠭᠤᠯᠤᠨ᠎ᠠ᠃ ᠲᠠᠯ᠎ᠠ ᠨᠣᠳᠤᠭ ᠤᠨ ᠠᠮᠢ ᠠᠬᠤᠶ ᠪᠠᠷ ᠨᠡᠯᠢᠶᠡᠳ ᠰᠠᠶᠢᠨ ᠳᠤᠮᠳᠠ᠂ ᠵᠡᠭᠦᠨ ᠬᠡᠰᠡᠭ ᠤᠨ | ᠵᠦᠯᠭᠡᠷᠬᠡᠭ ᠲᠠᠯ᠎ᠠ ᠨᠣᠳᠤᠭ ᠢᠶᠠᠷ ᠭᠤᠣᠯ ᠪᠣᠯᠭᠠᠨ᠂ ᠰᠢᠮᠧᠨ᠋ᠲ᠋ᠠᠷ ᠠᠩᠭᠢᠰ ᠦᠬᠡᠷ ᠤᠨ ᠠᠵᠤ ᠦᠢᠯᠡᠰ ᠤᠨ | ᠲᠣᠭᠤᠷᠢᠭ ᠢ ᠪᠦᠲᠦᠭᠡᠨ ᠪᠠᠶᠢᠭᠤᠯᠵᠤ᠂ ᠮᠢᠬᠠᠨ ᠤ ᠦᠬᠡᠷ ᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠠᠷᠢᠯ ᠬᠤᠪᠢᠶᠠᠨ ᠰᠡᠯᠭᠦᠨ ᠮᠠᠯᠵᠢᠬᠤ᠂ ᠲᠣᠭᠤᠷᠢᠭ | ᠬᠤᠪᠢᠶᠠᠨ ᠰᠡᠯᠭᠦᠨ ᠮᠠᠯᠵᠢᠬᠤ ᠪᠠᠷ ᠭᠤᠣᠯ ᠪᠣᠯᠭᠠᠭᠰᠠᠨ ᠲᠠᠯ᠎ᠠ ᠨᠣᠳᠤᠭ ᠤᠨ ᠮᠠᠯ ᠠᠵᠤ ᠠᠬᠤᠶ ᠶᠢ | ᠭᠤᠣᠯᠳᠠᠯᠭ᠎ᠠ ᠲᠠᠢ ᠬᠥᠭᠵᠢᠭᠦᠯᠦᠨ᠎ᠡ᠃ ᠵᠡᠭᠦᠨ ᠬᠡᠰᠡᠭ ᠤᠨ ᠵᠦᠯᠭᠡᠷᠬᠡᠭ ᠲᠠᠯ᠎ᠠ ᠨᠣᠳᠤᠭ ᠢᠶᠠᠷ ᠭᠤᠣᠯ ᠪᠣᠯᠭᠠᠨ᠂ | ᠮᠠᠯᠵᠢᠬᠤ ᠡᠷᠥᠭᠡ ᠬᠤᠪᠢ ᠣᠷᠣᠬᠤ᠂ ᠭᠠᠴᠠᠭ᠎ᠠ ᠡᠵᠡᠩᠨᠡᠬᠦ᠂ ᠬᠠᠮᠲᠤ ᠪᠠᠷ ᠠᠰᠢᠭ ᠬᠤᠪᠢᠶᠠᠷᠢᠯᠠᠬᠤ ᠵᠠᠭᠪᠤᠷ ᠢᠶᠠᠷ | ᠳᠠᠮᠵᠢᠭᠤᠯᠤᠨ᠂ ᠡᠷᠬᠢᠨ ᠲᠣᠭᠤᠷᠢᠨ ᠤ ᠮᠠᠯᠵᠢᠬᠤ ᠡᠷᠥᠭᠡ ᠶᠢ ᠲᠠᠶᠢᠴᠢᠯᠠᠨ ᠲᠥᠪᠯᠡᠷᠡᠨ ᠵᠠᠯᠭᠠᠯᠳᠤᠭᠰᠠᠨ ᠬᠡᠯᠪᠡᠷᠢ ᠶᠢᠨ | ᠬᠠᠳᠤᠯᠠᠩ ᠢ ᠬᠥᠭᠵᠢᠭᠦᠯᠵᠦ᠂ ᠴᠢᠨᠠᠷ ᠰᠠᠶᠢᠲᠠᠢ ᠪᠠᠶᠢᠭᠠᠯᠢ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠣᠷᠣᠨ ᠢ | ᠬᠥᠭᠵᠢᠭᠦᠯᠦᠨ᠂ ᠥᠨᠳᠥᠷ ᠤᠨᠠᠯᠲᠠ ᠲᠠᠢ ᠲᠡᠵᠢᠭᠡᠯ ᠪᠣᠷᠳᠣᠭᠠᠨ ᠤ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ | ᠪᠣᠭᠳ᠋ᠬᠠᠭᠤᠯᠠ ᠤᠯᠤᠰ ᠤᠨ ᠳᠡᠰ ᠤᠨ ᠣᠢ ᠰᠢᠭᠤᠢ ᠶᠢᠨ ᠴᠡᠴᠡᠷᠯᠢᠭ ᠪᠠ ᠤᠯᠠᠭᠠᠢ ᠴᠢᠭᠢᠭᠯᠢᠭ ᠭᠠᠵᠠᠷ ᠤᠨ | ᠬᠠᠮᠠᠭᠠᠯᠠᠯᠲᠠ ᠶᠢᠨ ᠣᠷᠣᠨ ᠳᠤ ᠰᠠᠭᠤᠷᠢᠯᠠᠨ᠂ ᠠᠮᠢ ᠠᠬᠤᠢ ᠶᠢᠨ ᠴᠢᠳᠠᠪᠬᠢᠲᠤ ᠣᠷᠣᠨ ᠢ ᠪᠦᠲᠦᠭᠡᠨ ᠪᠠᠶᠢᠭᠤᠯᠵᠤ᠂ | ᠠᠮᠢ ᠠᠬᠤᠢ ᠶᠢᠨ ᠠᠵᠤ ᠦᠢᠯᠡᠰ ᠪᠠ ᠰᠤᠳᠤᠯᠤᠨ ᠬᠥᠭᠵᠢᠭᠦᠯᠬᠦ ᠠᠵᠤ ᠦᠢᠯᠡᠰ ᠢ ᠭᠤᠣᠯᠳᠠᠯᠭ᠎ᠠ ᠲᠠᠢ | ᠬᠥᠭᠵᠢᠭᠦᠯᠦᠨ᠎ᠡ᠃ | ︽ᠣᠯᠠᠨ ᠴᠡᠭ︾ ᠬᠡᠳᠡᠭ ᠨᠢ ᠡᠯ᠎ᠡ ᠰᠤᠮᠤ ᠪᠠᠯᠭᠠᠰᠤ ︵ᠲᠠᠯᠠᠪᠠᠢ︶᠂ ᠬᠡᠪᠴᠢᠶᠡᠵᠢᠯ ᠠᠴᠠ ᠳᠡᠭᠡᠭᠰᠢᠬᠢ | ᠠᠭᠤᠷᠬᠠᠢ ᠶᠢᠨ ᠠᠵᠤ ᠠᠬᠤᠶᠢᠯᠠᠯ᠂ ᠬᠡᠪᠴᠢᠶᠡᠵᠢᠬᠦᠯᠦᠨ ᠲᠡᠵᠢᠭᠡᠨ ᠦᠷᠡᠵᠢᠭᠦᠯᠬᠦ ᠲᠠᠯᠠᠪᠠᠢ ᠪᠠ ᠮᠠᠯ ᠤᠨ ᠠᠰᠢᠭ | ᠰᠢᠮ᠎ᠡ ᠶᠢ ᠡᠳ᠋ᠰᠢᠬᠦᠯᠦᠨ ᠪᠣᠯᠪᠠᠰᠣᠷᠠᠭᠤᠯᠬᠤ ᠠᠵᠤ ᠠᠬᠤᠶᠢᠯᠠᠯ ᠵᠡᠷᠭᠡ ᠪᠠᠷ ᠭᠤᠣᠯᠳᠠᠯᠭ᠎ᠠ ᠪᠣᠯᠭᠠᠵᠤ᠂ ᠣᠯᠠᠨ ᠴᠡᠭ | ᠲᠦᠪᠯᠡᠷᠡᠭᠰᠡᠨ ᠪᠠ ᠡᠷᠴᠢᠮᠵᠢᠬᠦᠯᠦᠨ ᠬᠦᠭᠵᠢᠬᠦᠯᠬᠦ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ | ᠨᠡᠬᠦᠳᠡᠯ ᠬᠥᠮᠦᠨ ᠠᠮᠠ ᠶᠢ ᠬᠦᠯᠢᠶᠡᠨ ᠠᠪᠴᠤ᠂ ᠠᠵᠢᠯ ᠣᠯᠭᠤᠯᠲᠠ ᠶᠢ ᠥᠷᠭᠡᠳᠬᠡᠨ᠂ ᠣᠯᠠᠨ ᠲᠥᠪ ᠢᠶᠠᠷ | ᠬᠥᠭᠵᠢᠯᠲᠡ ᠶᠢ ᠳᠠᠶᠢᠴᠢᠯᠠᠬᠤ᠂ ᠣᠯᠠᠨ ᠳᠡᠰ ᠳᠠᠪᠬᠤᠷᠭ᠎ᠠ ᠪᠠᠷ ᠬᠤᠯᠪᠣᠭᠠᠯᠠᠨ ᠬᠥᠭᠵᠢᠬᠦ᠂ ᠣᠯᠠᠨ ᠴᠢᠭ ᠢᠶᠠᠷ | ᠬᠠᠷᠢᠯᠴᠠᠨ ᠬᠥᠳᠡᠯᠦᠯᠴᠡᠨ ᠬᠥᠭᠵᠢᠬᠦ ᠶᠢ ᠪᠡᠶᠡᠯᠡᠭᠦᠯᠦᠨ᠎ᠡ᠃ ᠭᠤᠤᠯ ᠴᠣᠭᠴᠠ ᠶᠢᠨ ᠴᠢᠳᠠᠮᠵᠢ ᠨᠢ ᠢᠯᠡᠷᠬᠡᠶ᠂ | ᠳᠠᠪᠠᠭᠤᠯᠢᠭ ᠢᠶᠠᠨ ᠬᠠᠷᠢᠯᠴᠠᠨ ᠠᠰᠢᠭᠯᠠᠭᠰᠠᠨ᠂ ᠴᠢᠨᠠᠷ ᠰᠠᠶᠢᠲᠠᠶ ᠬᠥᠭᠵᠢᠭᠰᠡᠨ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ | ᠬᠤᠶᠠᠷ᠂ ᠣᠳᠣᠬᠢᠴᠢᠯᠠᠭᠰᠠᠨ ᠬᠤᠳᠠ ᠬᠥᠳᠡᠭᠡ ᠶᠢᠨ ᠲᠣᠭᠳᠠᠯᠴᠠᠭ᠎ᠠ | ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠬᠤᠲᠠ ᠬᠥᠳᠡᠭᠡ ᠶᠢᠨ ᠬᠥᠭᠵᠢᠯᠲᠡ ᠶᠢᠨ ᠪᠦᠬᠦ | ᠶᠠᠪᠤᠴᠠ ᠳᠤ ᠠᠭᠤᠰᠣᠯᠴᠠᠭᠤᠯᠵᠣ᠂ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠳᠤ ᠲᠣᠬᠢᠷᠠᠯᠴᠠᠭᠤᠯᠤᠨ᠂ | ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠪᠣᠯᠤᠨ ᠠᠵᠤ ᠦᠢᠯᠡᠰ ᠤᠨ ᠪᠠᠶᠢᠷᠢᠰᠢᠯ ᠲᠠᠢ ᠨᠢᠭᠲᠠ | ᠵᠣᠯᠭᠠᠭᠤᠯᠵᠤ᠂ ᠡᠷᠴᠢᠮᠵᠢᠭᠰᠡᠨ᠂ ᠣᠶᠤᠨᠴᠢ᠂ ᠪᠣᠬᠢᠷᠲᠤᠯ ᠦᠭᠡᠶ᠂ ᠳᠣᠣᠷ᠎ᠠ ᠨᠡᠭᠦᠷᠡᠰᠦᠲᠥ᠋ᠷᠥᠭᠴᠢᠲᠦ ᠰᠢᠨ᠎ᠡ | ᠬᠡᠯᠪᠡᠷᠢ ᠶᠢᠨ ᠬᠤᠲᠠ ᠪᠠᠯᠭᠠᠰᠣᠵᠢᠯᠲᠠ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ᠃ ᠬᠤᠲᠠ ᠪᠠᠯᠭᠠᠰᠤᠨ ᠤ | ᠲᠦᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ ᠤᠨ ᠭᠤᠣᠯᠳᠠᠯᠭ᠎ᠠ ᠲᠠᠢ ᠵᠠᠩᠭᠢᠯᠠᠭ᠎ᠠ ᠶᠢᠨ ᠬᠤᠲᠠ ᠶᠢ | ᠪᠠᠶᠢᠭᠤᠯᠬᠤ ᠪᠠᠷ ᠬᠠᠷᠠᠯᠲᠠ ᠪᠣᠯᠭᠠᠨ᠂ ︽ᠨᠢᠭᠡ ᠲᠥᠪ᠂ ᠳᠥᠷᠪᠡᠨ ᠵᠠᠩᠭᠢᠯᠠᠭ᠎ᠠ ᠶᠢᠨ ᠴᠡᠭ᠂ ᠳᠥᠷᠪᠡᠨ | ᠤᠷᠲᠤᠳᠬᠠᠯ︾ ᠤᠨ ᠦᠨᠳᠦᠰᠦᠲᠡᠨ ᠤ ᠣᠨᠴᠠᠯᠢᠭ ᠪᠦᠬᠦᠢ ᠣᠳᠣ ᠦᠶ᠎ᠡ ᠶᠢᠨ ᠬᠤᠲᠠ ᠪᠠᠯᠭᠠᠰᠤᠨ ᠤ | ᠲᠣᠭᠲᠠᠯᠴᠠᠭ᠎ᠠ ᠶᠢ ᠬᠦᠴᠦᠯᠡᠨ ᠪᠠᠶᠢᠭᠤᠯᠤᠨ᠎ᠠ᠃ ᠤᠯᠢᠶᠠᠰᠤᠲᠠᠢ ᠪᠠᠯᠭᠠᠰᠤ ᠪᠠᠷ ᠲᠥᠪ ᠪᠣᠯᠭᠠᠨ᠂ ᠣᠳᠣᠬᠢᠴᠢᠯᠠᠭᠰᠠᠨ | ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠳᠣᠬᠢᠴᠢᠯᠠᠭᠰᠠᠨ ᠬᠤᠲᠠ ᠪᠠᠯᠭᠠᠰᠤ ᠶᠢ | ᠲᠦᠷᠭᠡᠳᠬᠡᠨ ᠪᠠᠶᠢᠭᠤᠯᠵᠤ᠂ ᠴᠢᠬᠤᠯᠠ ᠡᠯᠧᠮᠧᠨ᠋ᠲ ᠪᠠ ᠬᠥᠮᠦᠨ ᠠᠮᠠ ᠶᠢ ᠲᠦᠪᠯᠡᠷᠡᠭᠦᠯᠵᠦ᠂ ᠠᠵᠤ ᠦᠢᠯᠡᠰ ᠢ ᠲᠡᠰ | ᠳᠡᠪᠰᠢᠭᠦᠯᠬᠦ ᠪᠠ ᠪᠦᠬᠦ ᠬᠤᠰᠢᠭᠤᠨ ᠳᠤ ᠦᠢᠯᠡᠴᠢᠯᠡᠬᠦ ᠴᠢᠳᠠᠪᠬᠢ ᠶᠢ ᠨᠠᠩ ᠰᠠᠶᠢᠨ ᠪᠠᠳᠠᠷᠠᠭᠤᠯᠤᠨ᠎ᠠ᠃ ᠬᠠᠳᠠᠪᠴᠢ | ᠪᠠᠯᠭᠠᠰᠤ᠂ ᠳᠠᠭᠤᠳᠣᠨᠠᠭᠤᠷ ᠪᠠᠯᠭᠠᠰᠤ᠂ ᠡᠵᠢᠨᠠᠭᠤᠷ ᠪᠠᠯᠭᠠᠰᠤ᠂ ᠮᠠᠨᠳᠣᠬᠤᠪᠣᠯᠠᠭ ᠪᠠᠯᠭᠠᠰᠤ ᠪᠠᠷ ᠵᠠᠩᠭᠢᠯᠠᠭ᠎ᠠ ᠶᠢᠨ | ᠴᠡᠭ ᠪᠣᠯᠭᠠᠨ᠂ ᠣᠨᠴᠠᠯᠢᠭᠲᠤ ᠪᠠᠯᠭᠠᠰᠤ ᠶᠢ ᠪᠤᠶᠢᠵᠢᠭᠤᠯᠵᠤ᠂ ᠣᠯᠠᠨ ᠲᠠᠯ᠎ᠠ ᠪᠠᠷ ᠠᠵᠢᠯ ᠣᠯᠭᠤᠯᠲᠠ ᠶᠢ | ᠥᠷᠭᠡᠳᠬᠡᠨ᠂ ᠨᠡᠬᠦᠳᠡᠯ ᠬᠥᠮᠦᠨ ᠠᠮᠠ ᠶᠢ ᠰᠢᠩᠭᠡᠭᠡᠨ ᠠᠪᠴᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ | ᠡᠷᠴᠢᠮᠵᠢᠭᠦᠯᠦᠨ ᠬᠥᠭᠵᠢᠭᠦᠯᠦᠨ᠎ᠡ᠃ ᠰᠠᠮᠠᠢ᠂ ᠬᠦᠷᠢᠶᠡᠳᠦᠨᠠᠭᠤᠷ᠂ ᠭᠠᠬᠢᠯ᠂ ᠠᠯᠳᠠᠨᠬᠢᠯᠢ ᠰᠤᠮᠤ ᠪᠠᠷ ᠦᠷᠭᠡᠳᠬᠡᠯ | ᠪᠣᠯᠭᠠᠵᠤ᠂ ᠮᠠᠯ ᠠᠵᠤ ᠠᠬᠤᠢ ᠶᠢ ᠪᠤᠵᠠᠭᠠᠶᠢᠷᠠᠭᠤᠯᠤᠨ᠎ᠠ᠃ ᠠᠵᠤ ᠦᠢᠯᠡᠳᠪᠦᠷᠢ ᠪᠠᠷ ᠮᠠᠯ ᠠᠵᠤ ᠠᠬᠤᠢ ᠶᠢ | ᠨᠥᠬᠦᠪᠥᠷᠢᠯᠡᠬᠦ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠴᠢᠩᠭᠠᠳᠬᠠᠵᠤ᠂ ᠠᠵᠤ ᠦᠢᠯᠡᠳᠪᠦᠷᠢ ᠪᠠ | ᠮᠠᠯ ᠠᠵᠤ ᠠᠬᠤᠢ ᠬᠠᠷᠢᠯᠴᠠᠨ ᠠᠬᠢᠭᠤᠯᠤᠭᠰᠠᠨ᠂ ᠬᠤᠲᠠ ᠬᠥᠳᠡᠭᠡ ᠬᠠᠷᠢᠯᠴᠠᠨ ᠨᠦᠬᠦᠪᠦᠷᠢᠯᠡᠨ᠂ ᠵᠣᠬᠢᠴᠠᠩᠭᠤᠢ | ᠬᠥᠭᠵᠢᠭᠰᠡᠨ᠂ ᠬᠠᠮᠲᠤᠪᠠᠷ ᠴᠡᠴᠡᠭᠯᠡᠨ ᠭᠦᠭᠵᠢᠬᠦ ᠰᠢᠨ᠎ᠡ ᠬᠡᠯᠪᠡᠷᠢ ᠶᠢᠨ ᠬᠤᠲᠠ ᠬᠥᠳᠡᠭᠡ ᠶᠢᠨ ᠬᠠᠷᠢᠴᠠᠭ᠎ᠠ ᠶᠢ | ᠪᠠᠶᠢᠭᠤᠯᠤᠨ᠎ᠠ᠃ |