ᠭᠤᠷᠪᠠᠳᠤᠭᠠᠷ ᠪᠦᠯᠦᠭ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠨ᠎ᠠ | ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠬᠠᠯᠬᠠᠪᠴᠢ ᠶᠢ ᠴᠣᠭᠴᠠᠯᠠᠬᠤ ᠪᠠᠷ ᠬᠠᠷᠠᠯᠲᠠ | ᠪᠣᠯᠭᠠᠵᠤ᠂ ᠪᠠᠶᠢᠭᠠᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠵᠠᠭᠠᠭ ᠢ ᠡᠷᠡᠰ ᠰᠠᠬᠢᠵᠤ᠂ ᠠᠭᠤᠯᠠ ᠤᠰᠤ ᠣᠶ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠲᠠᠯ᠎ᠠ ᠨᠣᠳᠤᠭ ᠡᠯᠡᠰᠦ ᠮᠠᠩᠬ᠎ᠠ ᠡᠯ᠎ᠡ ᠵᠦᠢᠯ ᠤᠨ ᠠᠮᠢ ᠠᠬᠤᠶ ᠶᠢᠨ | ᠡᠯᠧᠮᠧᠨ᠋ᠲ ᠢ ᠨᠢᠭᠡᠳᠦᠯᠲᠡᠶ ᠲᠥᠯᠥᠪᠵᠢᠭᠦᠯᠦᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠠᠬᠢᠭᠤᠯᠵᠤ | ᠂ ᠠᠮᠢ ᠠᠬᠤᠶ ᠶᠢ ᠰᠡᠷᠭᠦᠭᠡᠬᠦ ᠤᠳᠠᠭᠠᠨ ᠳᠠᠭᠠᠭᠠᠮᠠᠭᠠᠶ ᠳᠠᠶᠢᠯᠠᠯᠳᠤᠭᠠᠨ ᠪᠠ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ 2025 ᠣᠨ ᠪᠣᠯᠬᠤ ᠳᠤ᠂ | ᠲᠠᠯ᠎ᠠ ᠨᠣᠳᠤᠭ ᠤᠨ ᠠᠮᠢ ᠠᠬᠤᠶ ᠶᠢᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠠᠭᠠᠷ ᠮᠠᠨᠳᠠᠯ ᠤᠨ ᠣᠷᠴᠢᠨ | ᠲᠣᠭᠤᠷᠢᠨ ᠤ ᠶᠠᠰᠤ ᠴᠢᠨᠠᠷ ᠢ ᠶᠡᠷᠦᠩᠬᠡᠶ ᠳᠡᠭᠡᠨ ᠰᠠᠶᠢᠵᠢᠷᠠᠭᠤᠯᠤᠨ᠂ ᠤᠰᠤᠨ ᠤ ᠣᠷᠴᠢᠨ ᠲᠣᠭᠤᠷᠢᠨ ᠤ ᠶᠠᠰᠤ | ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠵᠤ᠂ ᠴᠢᠬᠤᠯᠠ ᠠᠮᠢ ᠠᠬᠤᠶ ᠶᠢᠨ ᠰᠢᠰᠲ᠋ᠧᠮ ᠢ ᠪᠦᠲᠦᠮᠵᠢᠲᠡᠶ ᠬᠠᠮᠠᠭᠠᠯᠠᠨ᠂ | ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠠᠮᠢ ᠠᠬᠤᠶ ᠶᠢᠨ | ᠦᠢᠯᠡᠳᠬᠦᠨ ᠤ ᠥᠷᠲᠡᠭ ᠢ ᠳᠡᠭᠡᠭᠰᠢᠯᠡᠭᠦᠯᠦᠨ᠂ ᠪᠣᠬᠢᠷᠲᠤᠯ ᠥᠬᠡᠶ ᠬᠥᠭᠵᠢᠯᠲᠡ ᠶᠢᠨ ᠲᠣᠭᠲᠠᠴᠠ ᠶᠢ | ᠦᠨᠳᠦᠰᠦᠨ ᠳᠡᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ | ᠥᠬᠡᠶ ᠬᠡᠯᠪᠡᠷᠢ ᠳᠡᠰᠢ ᠬᠤᠪᠢᠷᠠᠭᠤᠯᠬᠤ ᠶᠢ ᠠᠬᠢᠭᠤᠯᠤᠨ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ | ᠬᠠᠮᠲᠤ ᠣᠷᠣᠰᠢᠭᠰᠠᠨ ᠣᠳᠣᠬᠢᠴᠢᠯᠠᠭᠰᠠᠨ ᠦᠵᠡᠰᠬᠦᠯᠡᠩᠲᠦ ᠰᠠᠶᠢᠬᠠᠨ ᠵᠡᠭᠦᠨ ᠦᠵᠦᠮᠦᠴᠢᠨ ᠢ ᠪᠥᠲᠥᠭᠡᠨ | ᠪᠠᠶᠢᠭᠤᠯᠤᠨ᠎ᠠ᠃ | ᠨᠢᠭᠡᠳᠦᠭᠡᠷ ᠬᠡᠰᠡᠭ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ | ︽ᠠᠮᠢ ᠠᠬᠤᠶ ᠶᠢ ᠬᠠᠮᠠᠭᠠᠯᠠᠬᠤ ᠶᠢ ᠲᠡᠷᠢᠭᠦᠨ ᠳᠤ ᠲᠠᠯᠪᠢᠵᠦ᠂ ᠠᠶᠠᠨᠳᠠᠭᠠᠨ ᠰᠡᠷᠭᠦᠭᠡᠬᠦ ᠪᠠᠷ ᠭᠤᠤᠯ | ᠪᠣᠯᠭᠠᠬᠤ︾ ᠦᠨᠳᠦᠰᠦᠨ ᠵᠠᠷᠴᠢᠮ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠵᠠᠰᠠᠵᠤ᠂ ᠶᠡᠷᠦᠩᠬᠡᠶᠢᠯᠡᠭᠰᠡᠨ | ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠶᠠᠷ ᠶᠡᠭᠡ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠳᠥᠷᠪᠡᠨ ᠶᠡᠭᠡ | ᠴᠢᠭᠢᠭᠯᠢᠭ ᠭᠠᠵᠠᠷ ᠤᠨ ᠤᠰᠤᠨ ᠰᠢᠰᠲ᠋ᠧᠮ ᠢ ᠬᠠᠮᠠᠭᠠᠯᠠᠵᠤ ᠵᠠᠰᠠᠬᠤ᠂ ᠳᠥᠷᠪᠡᠨ ᠭᠤᠣᠯᠳᠠᠯᠭ᠎ᠠ ᠲᠠᠢ ᠣᠷᠣᠨ | ᠪᠦᠰᠡ ᠶᠢ ᠨᠣᠭᠤᠭᠠᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ | ᠪᠥᠬᠦ ᠲᠠᠯ᠎ᠠ ᠪᠠᠷ ᠴᠢᠩᠭᠠᠳᠬᠠᠨ᠎ᠠ᠃ | ᠨᠢᠭᠡ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠲᠦᠷᠢᠮ ᠤᠨ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ | ᠬᠤᠲᠠ ᠪᠠᠯᠭᠠᠰᠤ᠂ ᠮᠠᠯ ᠠᠵᠤ ᠠᠬᠤᠶ᠂ ᠠᠮᠢ ᠠᠬᠤᠶ ᠭᠤᠷᠪᠠᠨ ᠲᠥᠷᠥᠯ ᠤᠨ ᠣᠷᠣᠨ ᠵᠠᠶ ᠪᠣᠯᠤᠨ ᠠᠮᠢ ᠠᠬᠤᠶ ᠶᠢᠨ | ᠬᠠᠮᠠᠭᠠᠯᠠᠯᠲᠠ ᠶᠢᠨ ᠣᠯᠠᠭᠠᠨ ᠱᠤᠭᠤᠮ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ | ᠨᠢᠭᠡᠳᠦᠯᠲᠡᠶ ᠲᠥᠯᠥᠪᠵᠢᠭᠦᠯᠦᠨ ᠲᠣᠭᠲᠠᠭᠠᠵᠤ᠂ ᠦᠨᠳᠦᠰᠦᠨ ᠲᠠᠯ᠎ᠠ ᠨᠣᠳᠤᠭ ᠢ ᠬᠠᠮᠠᠭᠠᠯᠠᠬᠤ ᠲᠦᠷᠢᠮ ᠢ ᠴᠢᠩᠭ᠎ᠠ | ᠬᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠪᠣᠯᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ | ᠰᠡᠯᠭᠦᠨ ᠮᠠᠯᠵᠢᠬᠤ ᠲᠦᠷᠢᠮ ᠢ ᠦᠷᠭᠦᠯᠵᠢᠯᠡᠨ ᠠᠬᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠪᠠ ᠺᠠᠳ᠋ᠷ | ᠠᠵᠢᠯᠳᠠᠨ ᠤ ᠠᠵᠢᠯ ᠤᠨ ᠬᠢᠷᠢ ᠪᠦᠲᠦᠮᠵᠢ ᠶᠢ ᠬᠢᠨᠠᠨ ᠰᠢᠯᠭᠠᠬᠤ ᠲᠠᠢ ᠬᠤᠯᠪᠣᠭᠳᠠᠭᠤᠯᠬᠤ ᠳᠦᠷᠢᠮ ᠢ | ᠪᠦᠷᠢᠨᠰᠢᠭᠦᠯᠦᠨ᠎ᠡ᠃ ᠬᠤᠰᠢᠭᠤ᠂ ᠰᠣᠮᠣ᠂ ᠭᠠᠴᠠᠭ᠎ᠠ ᠵᠡᠷᠭᠡ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠶᠢᠨ | ᠲᠣᠭᠳᠠᠯᠴᠠᠭ᠎ᠠ ᠶᠢ ᠪᠠᠶᠢᠭᠤᠯᠵᠤ᠂ ᠲᠣᠭᠤᠷᠢᠭ ︵ᠬᠡᠰᠡᠭ︶ ᠬᠤᠪᠢᠶᠠᠨ ᠬᠠᠷᠢᠴᠠᠭᠤᠯᠵᠣ᠂ ᠣᠶ ᠰᠢᠭᠤᠶ ᠲᠠᠯ᠎ᠠ | ᠨᠣᠳᠤᠭ ᠤᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ | ᠠᠭᠤᠷᠬᠠᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠬᠦ᠂ ᠠᠭᠤᠷᠬᠠᠶ ᠶᠢᠨ ᠪᠦᠲᠦᠭᠡᠨ | ᠪᠠᠶᠢᠭᠤᠯᠤᠯᠲᠠ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠬᠡᠷᠡᠭᠵᠢᠭᠦᠯᠦᠨ᠎ᠡ᠃ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ | ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠬᠢᠷ | ᠪᠣᠳᠠᠰ ᠭᠠᠳᠠᠭᠰᠢᠯᠠᠭᠤᠯᠬᠤ ᠪᠠᠷᠢᠮᠵᠢᠶ᠎ᠠ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠪᠠ ᠪᠣᠬᠢᠷ | ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠴᠢᠩᠭ᠎ᠠ ᠭᠡᠷᠡᠭᠵᠢᠬᠦᠯᠦᠨ᠎ᠡ᠃ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠡᠵᠡᠮᠳᠡᠬᠦ ᠪᠠ ᠵᠠᠬᠢᠳᠠᠯ ᠰᠤᠷᠪᠤᠯᠵᠢᠯᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠥᠬᠦ | ᠲᠠᠯ᠎ᠠ ᠪᠠᠷ ᠠᠬᠢᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠪᠠ ᠣᠯᠠᠨ ᠨᠡᠶᠢᠲᠡ ᠪᠠᠷ ᠢᠶᠠᠨ ᠣᠷᠣᠯᠴᠠᠬᠤ | ᠡᠷᠴᠢᠮ ᠢ ᠴᠢᠩᠭᠠᠷᠠᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠵᠥᠷᠢᠴᠡᠯ ᠵᠢᠭᠤᠷᠠᠯᠳᠤᠭᠠᠨ ᠢ ᠴᠠᠭ | ᠲᠤᠬᠠᠶ ᠳᠤᠨᠢ ᠰᠢᠢᠳᠪᠦᠷᠢᠯᠡᠵᠣ᠂ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠨ᠎ᠠ᠃ | ᠬᠤᠶᠠᠷ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠴᠢᠩᠭᠠᠳᠬᠠᠨ᠎ᠠ | ᠲᠥᠪ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠪᠡᠯᠡ ᠮᠥᠩᠭᠦ ᠶᠢ ᠢᠳᠡᠪᠬᠢᠲᠠᠢ ᠲᠡᠮᠡᠴᠡᠨ ᠣᠯᠵᠣ᠂ ᠠᠮᠢ | ᠠᠬᠤᠶ ᠶᠢᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠶ ᠲᠦᠯᠦᠪᠵᠢᠬᠦᠯᠦᠨ᠂ ᠲᠠᠯ᠎ᠠ ᠨᠣᠳᠤᠭ ᠤᠨ ᠠᠮᠢ ᠠᠬᠤᠶ ᠶᠢ | ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ᠂ ᠪᠡᠭᠡᠵᠢᠩ ᠲᠢᠶᠠᠨᠵᠢᠨ ᠤ ᠡᠯᠡᠰᠦᠨ | ᠰᠣᠷᠪᠣᠯᠵᠢ ᠶᠢ ᠵᠠᠰᠠᠬᠤ᠂ ᠭᠤᠷᠪᠠᠨ ᠤᠮᠠᠷᠠᠲᠤ ᠶᠢᠨ ᠬᠠᠯᠬᠠᠪᠴᠢ ᠤᠢ᠂ ᠦᠵᠦᠮᠦᠴᠢᠨ ᠤ ᠡᠯᠡᠰᠦᠷᠬᠡᠭ ᠭᠠᠵᠠᠷ ᠢ | ᠵᠠᠰᠠᠬᠤ ᠵᠡᠷᠭᠡ ᠴᠢᠬᠤᠯᠠ ᠶᠡᠭᠡ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠢ ᠰᠠᠶᠢᠳᠣᠷ ᠬᠡᠷᠡᠭᠵᠢᠬᠦᠯᠵᠣ᠂ | ᠤᠰᠤᠨ ᠰᠤᠷᠪᠤᠯᠵᠢ ᠶᠢ ᠬᠠᠮᠠᠭᠠᠯᠠᠬᠤ ᠣᠢ ᠰᠢᠭᠤᠢ ᠶᠢᠨ ᠪᠦᠲᠦᠭᠡᠨ ᠪᠠᠶᠢᠭᠤᠯᠤᠯᠲᠠ᠂ ᠤᠰᠤᠨ ᠰᠢᠰᠲ᠋ᠧᠮ ᠤᠨ | ᠴᠢᠭᠢᠭᠯᠢᠭ ᠭᠠᠵᠠᠷ ᠢ ᠬᠠᠮᠠᠭᠠᠯᠠᠨ ᠰᠡᠷᠭᠦᠭᠡᠬᠦ᠂ ᠤᠢ ᠰᠢᠭᠤᠶ ᠶᠢ ᠪᠤᠶᠢᠵᠢᠭᠤᠯᠬᠤ᠂ ᠮᠠᠭᠤᠳᠠᠭᠰᠠᠨ ᠤᠢ ᠶᠢ ᠰᠡᠷᠭᠦᠭᠡᠬᠦ᠂ | ᠮᠠᠯᠵᠢᠬᠤ ᠶᠢ ᠵᠣᠭᠰᠣᠭᠠᠵᠤ ᠴᠢᠭᠢᠭᠯᠢᠭᠭᠠᠵᠠᠷ ᠢ ᠰᠡᠷᠭᠦᠭᠡᠬᠦ ᠵᠡᠷᠭᠡ ᠴᠢᠬᠤᠯᠠ ᠲᠠᠯ᠎ᠠ ᠨᠣᠳᠤᠭ ᠤᠨ ᠠᠮᠢ ᠠᠬᠤᠶ ᠶᠢᠨ | ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠦᠨᠵᠡᠭᠡᠢ ᠬᠡᠷᠡᠭᠵᠢᠬᠦᠯᠵᠣ᠂ ᠤᠯᠠᠭᠠᠶ ᠭᠤᠤᠯ ᠤᠨ ᠡᠬᠢ | ᠪᠣᠭᠳ᠋ᠬᠠᠭᠤᠯᠠ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠠᠮᠠᠭᠠᠯᠠᠯᠲᠠ ᠶᠢᠨ ᠢᠨᠵᠧᠨᠧᠷᠢᠩ ᠢ | ᠭᠤᠣᠯᠳᠠᠯᠭ᠎ᠠ ᠲᠠᠢ ᠠᠬᠢᠭᠤᠯᠵᠣ᠂ ᠮᠠᠨᠳᠣᠬᠤᠪᠣᠯᠠᠭ ᠪᠠ ᠡᠵᠢᠨᠠᠭᠤᠷ ᠤᠨ ᠤᠯᠤᠰ ᠪᠠ ᠥᠪᠡᠷᠲᠡᠭᠡᠨ ᠵᠠᠰᠠᠬᠤ ᠣᠷᠣᠨ ᠤ | ᠳᠡᠰ ᠤᠨ ᠲᠠᠴᠢᠷᠳᠠᠭᠰᠠᠨ ᠲᠠᠯ᠎ᠠ ᠨᠣᠳᠤᠭ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠰᠠᠶᠢᠳᠣᠷ ᠪᠡᠶᠡᠯᠡᠬᠦᠯᠵᠣ᠂ | ᠡᠵᠢᠨᠠᠭᠤᠷ ᠳᠠᠪᠤᠰᠤᠨ ᠨᠠᠭᠤᠷ ᠤᠨ ᠠᠮᠢ ᠠᠬᠤᠢ ᠶᠢ ᠵᠠᠰᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ | ᠭᠠᠳᠠᠨ᠎ᠠ ᠠᠴᠠ ᠢᠷᠡᠭᠰᠡᠨ ᠳᠦᠷᠰᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠦᠢᠯᠡᠳᠪᠦᠷᠢᠯᠡᠯ ᠵᠣᠭᠰᠣᠭᠰᠠᠨ | ᠠᠭᠤᠷᠬᠠᠢ᠂ ᠦᠯᠡᠳᠡᠭᠳᠡᠯ ᠬᠦᠳᠡᠷ ᠤᠨ ᠬᠥᠮᠥᠷᠭᠡ ᠶᠢ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠠᠭᠤᠷᠬᠠᠢ ᠶᠢᠨ ᠣᠷᠣᠨ ᠵᠢᠴᠢ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ | ᠃ | ᠭᠤᠷᠪᠠ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠰᠡᠷᠭᠦᠭᠡᠯᠲᠡ ᠶᠢ | ᠴᠢᠩᠭᠠᠳᠬᠠᠨ᠎ᠠ | ᠠᠷᠠᠳ ᠣᠯᠠᠨ ᠤ ᠡᠷᠡᠭᠦᠯ ᠡᠩᠬᠡ ᠤᠰᠤᠨ ᠤ ᠠᠮᠢ ᠠᠬᠤᠶ᠂ ᠰᠠᠭᠤᠬᠤ ᠳᠤ ᠲᠣᠬᠢᠯᠢᠭ ᠤᠰᠤᠨ ᠤ ᠣᠷᠴᠢᠨ | ᠲᠣᠭᠤᠷᠢᠨ ᠤ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠵᠤ᠂ ᠬᠠᠮᠠᠭᠠᠯᠠᠬᠤ᠂ ᠠᠬᠢᠭᠤᠯᠬᠤ᠂ ᠵᠠᠰᠠᠬᠤ᠂ | ᠰᠡᠷᠭᠦᠭᠡᠬᠦ ᠰᠡᠳᠬᠢᠴᠡ ᠶᠣᠰᠣᠭᠠᠷ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ᠂ ᠪᠣᠬᠢᠷᠲᠤᠯ | ᠥᠬᠡᠶ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠪᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠤᠰᠤᠨ ᠤ | ᠴᠢᠳᠠᠮᠵᠢᠳᠣ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠯᠠᠭᠠᠶ ᠭᠤᠤᠯ ᠤᠨ ᠵᠡᠭᠦᠨ ᠦᠵᠦᠮᠦᠴᠢᠨ | ᠬᠤᠰᠢᠭᠤᠨ ᠳᠠᠬᠢ ᠭᠤᠤᠯ ᠨᠠᠭᠤᠷ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ | ᠬᠡᠷᠡᠭᠵᠢᠭᠦᠯᠬᠦ ᠪᠠᠷ ᠴᠢᠷᠮᠠᠶᠢᠨ᠎ᠠ᠃ ᠰᠠᠪᠠ ᠭᠠᠵᠠᠷ ᠢᠶᠠᠷ ᠨᠢᠭᠡᠴᠢ ᠪᠣᠯᠭᠠᠵᠤ᠂ ᠤᠰᠤᠨ ᠤ ᠠᠮᠢ ᠠᠬᠤᠢ ᠶᠢᠨ ᠣᠷᠴᠢᠨ | ᠲᠣᠭᠤᠷᠢᠨ ᠢ ᠰᠡᠷᠭᠦᠭᠡᠬᠦ ᠵᠡᠷᠭᠡ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ | ᠭᠤᠣᠯ ᠮᠥᠷᠡᠨ ᠨᠠᠭᠤᠷ ᠴᠥᠭᠦᠷᠥᠮ ᠢ ᠪᠦᠳᠦᠭᠡᠨ ᠪᠠᠶᠢᠭᠤᠯᠤᠨ᠎ᠠ᠃ 7 ᠲᠡᠭᠰᠢ ᠳᠥᠷᠪᠡᠯᠵᠢᠨ ᠺᠢᠯᠣᠮᠧᠲᠷ ᠵᠢᠵᠢᠭ | ᠰᠠᠪᠠ ᠭᠠᠵᠠᠷ ᠢ ᠶᠡᠷᠦᠩᠬᠡᠶᠢᠯᠡᠨ ᠵᠠᠰᠠᠨ᠎ᠠ᠃ | ᠳᠥᠷᠪᠡ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠣᠭᠳᠠᠯᠴᠠᠭᠠᠨ ᠤ ᠬᠠᠮᠢᠶᠠᠷᠤᠯᠲᠠ ᠪᠠ ᠬᠢᠨᠠᠯᠲᠠ ᠲᠠᠯᠪᠢᠬᠤ | ᠲᠣᠭᠲᠠᠴᠠ ᠶᠢ ᠲᠡᠭᠦᠯᠳᠡᠷᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠲᠠᠯ᠎ᠠ ᠨᠣᠳᠤᠭ | ᠡᠯᠡᠰᠦ ᠮᠠᠩᠬ᠎ᠠ ᠶᠢ ᠰᠢᠰᠲ᠋ᠧᠮ ᠲᠠᠢ ᠴᠡᠭᠴᠡᠯᠡᠨ ᠵᠠᠰᠠᠬᠤ ᠲᠦᠷᠦᠯ ᠵᠦᠢᠯ ᠢ ᠨᠢᠭᠡᠳᠦᠯᠲᠡᠶ ᠲᠥᠯᠥᠪᠵᠢᠭᠦᠯᠵᠦ᠂ ᠡᠬᠢ | ᠡᠭᠦᠰᠦᠯ ᠠᠴᠠ ᠨᠢ ᠵᠠᠰᠠᠬᠤ᠂ ᠰᠠᠪᠠ ᠭᠠᠵᠠᠷ ᠢ ᠬᠠᠮᠠᠭᠠᠯᠠᠬᠤ᠂ ᠤᠰᠤ ᠠᠷᠪᠢᠯᠠᠬᠤ ᠶᠢ ᠪᠠᠷᠢᠮᠲᠠᠯᠠᠵᠤ᠂ ᠪᠠᠶᠢᠭᠠᠯᠢᠯᠢᠭ | ᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠠᠶᠠᠨᠳᠠᠭᠠᠨ ᠰᠡᠷᠭᠦᠬᠦ ᠪᠠᠷ ᠭᠤᠤᠯ ᠪᠣᠯᠭᠠᠨ᠂ ᠴᠢᠬᠤᠯᠠ ᠪᠦᠬᠦᠢ | ᠬᠥᠮᠦᠨ ᠤ ᠬᠦᠴᠦ ᠪᠠᠷ ᠰᠡᠷᠬᠦᠭᠡᠬᠦ ᠠᠷᠭ᠎ᠠ ᠬᠡᠮᠵᠢᠶ᠎ᠡ ᠪᠠᠷ ᠬᠠᠪᠰᠤᠷᠤᠮᠵᠢ ᠪᠣᠯᠭᠠᠵᠤ᠂ ᠣᠷᠣᠨ ᠵᠠᠢ ᠪᠠ ᠲᠦᠷᠦᠯ | ᠬᠤᠪᠢᠶᠠᠵᠣ ᠡᠪᠳᠡᠭᠳᠡᠭᠰᠡᠨ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠢ ᠰᠡᠷᠭᠦᠭᠡᠬᠦ ᠶᠢ ᠣᠷᠣᠨ ᠪᠠ ᠲᠥᠷᠥᠯ | ᠬᠤᠪᠢᠶᠠᠨ ᠥᠷᠨᠢᠭᠦᠯᠦᠨ᠎ᠡ᠃ ᠠᠮᠢ ᠠᠬᠤᠢ ᠶᠢᠨ ᠬᠤᠩᠬᠢᠶᠠᠯ ᠢ ᠪᠦᠲᠦᠭᠡᠨ ᠪᠠᠶᠢᠭᠤᠯᠵᠤ᠂ ᠠᠮᠢᠳᠠᠨ ᠤ ᠴᠢᠬᠤᠯᠠ | ᠣᠷᠣᠰᠢᠨ ᠠᠮᠢᠳᠤᠷᠠᠬᠤ ᠭᠠᠵᠠᠷ ᠢ ᠰᠡᠷᠭᠦᠭᠡᠬᠦ ᠪᠠ ᠬᠠᠶᠠᠭᠳᠠᠮᠠᠯ ᠭᠠᠵᠠᠷ ᠢ ᠰᠡᠷᠭᠦᠭᠡᠬᠦ ᠠᠵᠢᠯ ᠢ ᠥᠷᠨᠢᠭᠦᠯᠦᠨ᠎ᠡ᠃ | ᠬᠠᠮᠠᠭᠠᠯᠠᠨ ᠡᠵᠡᠮᠳᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠪᠠ ᠣᠳᠣᠬᠢᠴᠢᠯᠠᠭᠰᠠᠨ ᠲᠥᠬᠦᠭᠡᠷᠦᠮᠵᠢ ᠶᠢ ᠠᠰᠢᠭᠯᠠᠨ ᠠᠶᠠᠨᠳᠠᠭᠠᠨ | ᠰᠡᠷᠭᠦᠭᠡᠨ ᠪᠣᠶᠢᠵᠢᠭᠤᠯᠬᠤ᠂ ᠴᠠᠭᠳᠠᠨ ᠪᠠᠶᠢᠴᠠᠭᠠᠬᠤ ᠪᠠ ᠬᠢᠨᠠᠨ ᠬᠡᠮᠵᠢᠯᠲᠡ ᠶᠢᠨ ᠮᠡᠳᠡᠭᠡ ᠵᠠᠩᠭᠢᠵᠢᠯᠲᠠ᠂ | ᠤᠶᠤᠨᠴᠢᠯᠠᠯᠳᠠ ᠶᠢ ᠠᠬᠢᠭᠤᠯᠤᠨ᠎ᠠ᠃ ᠬᠠᠮᠠᠭᠠᠯᠠᠯᠲᠠ ᠶᠢᠨ ᠭᠠᠵᠠᠷ ᠤᠨ ᠵᠠᠭᠠᠭ ᠢ ᠲᠣᠭᠳᠠᠭᠠᠨ ᠫᠠᠶᠢᠰᠠ ᠪᠣᠰᠬᠠᠬᠤ ᠶᠢ | ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ᠂ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠎ᠠ᠃ | ᠲᠠᠪᠤ᠂ ᠣᠶ ᠰᠢᠭᠤᠶ ᠲᠠᠯ᠎ᠠ ᠨᠣᠳᠤᠭ ᠤᠨ ᠬᠤᠯᠤᠭᠠᠨ᠎ᠠ ᠪᠠ ᠬᠤᠷᠣᠬᠠᠶ ᠶᠢᠨ ᠬᠥᠨᠥᠭᠡᠯ ᠢ ᠵᠠᠰᠠᠬᠤ ᠪᠠᠨ | ᠴᠢᠩᠭᠠᠳᠬᠠᠨ᠎ᠠ | ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ | ᠪᠠᠷᠢᠮᠲᠠᠯᠠᠵᠤ᠂ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠵᠠᠰᠠᠬᠤ ᠬᠠᠮᠲᠤᠷᠠᠭᠰᠠᠨ ᠠᠵᠢᠯ ᠤᠨ ᠲᠣᠭᠲᠠᠴᠠ ᠶᠢᠨ | ᠰᠢᠨ᠎ᠡ ᠶᠢ ᠡᠭᠦᠳᠴᠦ᠂ ᠣᠢ ᠰᠢᠭᠤᠢ ᠲᠠᠯ᠎ᠠ ᠨᠣᠳᠤᠭ ᠤᠨ ᠬᠤᠯᠤᠭᠠᠨ᠎ᠠ ᠪᠠ ᠬᠤᠷᠣᠬᠠᠢ ᠶᠢᠨ ᠬᠥᠨᠥᠭᠡᠯ ᠢ | ᠤᠷᠢᠳᠴᠢᠯᠠᠨ ᠰᠡᠷᠡᠮᠵᠢᠯᠡᠵᠦ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠣᠢ ᠰᠢᠭᠤᠢ | ᠲᠠᠯ᠎ᠠ ᠨᠣᠳᠤᠭ ᠤᠨ ᠭᠠᠳᠠᠨ᠎ᠠ ᠠᠴᠠ ᠣᠷᠣᠵᠣ ᠢᠷᠡᠭᠰᠡᠨ ᠬᠤᠣᠷᠲᠤ ᠠᠮᠢᠳᠤ ᠪᠣᠳᠠᠰ ᠢ ᠬᠢᠨᠠᠨ ᠬᠡᠮᠵᠢᠬᠦ ᠠᠵᠢᠯ ᠢ | ᠴᠢᠩᠭᠠᠳᠬᠠᠵᠤ᠂ ᠣᠨᠴᠠᠭᠠᠶᠢᠯᠠᠨ ᠨᠠᠷᠠᠰᠤᠨ ᠤ ᠬᠤᠷᠣᠬᠠᠢ᠂ ᠠᠮᠧᠷᠢᠺᠠ ᠶᠢᠨ ᠴᠠᠭᠠᠨ ᠡᠷᠪᠡᠬᠡᠢ ᠵᠡᠷᠭᠡ ᠳᠤ | ᠴᠢᠭᠯᠡᠭᠦᠯᠦᠭᠰᠡᠨ ᠤᠷᠢᠳᠴᠢᠯᠠᠨ ᠰᠡᠷᠡᠮᠵᠢᠯᠡᠵᠦ ᠬᠢᠨᠠᠨ ᠬᠡᠮᠵᠢᠬᠦ᠂ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ | 2025 ᠣᠨ ᠤ ᠰᠡᠭᠦᠯᠴᠢ ᠪᠣᠯᠬᠤ ᠳᠤ᠂ ᠬᠤᠯᠤᠭᠠᠨ᠎ᠠ ᠪᠠ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ ᠲᠠᠯᠠᠪᠠᠶ ᠶᠢ | ᠨᠡᠶᠢᠲᠡ 900 ᠲᠦᠮᠡᠨ ᠮᠥ ᠳᠤ ᠬᠦᠷᠭᠡᠨ᠎ᠡ᠃ | ᠬᠤᠶᠠᠳᠤᠭᠠᠷ ᠬᠡᠰᠡᠭ ᠣᠷᠴᠢᠨ ᠲᠣᠭᠤᠷᠢᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠠᠮᠠᠭᠠᠯᠠᠵᠣ | ᠂ ︽ᠭᠤᠷᠪᠠᠨ ᠱᠤᠭᠤᠮ ᠨᠢᠭᠡ ᠲᠠᠩᠰᠠ︾ ᠶᠢᠨ ᠲᠦᠷᠢᠮ ᠢ ᠬᠡᠷᠡᠭᠵᠢᠭᠦᠯᠦᠨ᠂ ᠠᠵᠣ ᠦᠢᠯᠡᠰ ᠤᠨ ᠣᠷᠴᠢᠨ | ᠲᠣᠭᠤᠷᠢᠨ ᠤ ᠵᠦᠪᠰᠢᠶᠡᠷᠡᠯ ᠢ ᠴᠢᠩᠭᠠᠳᠬᠠᠵᠣ᠂ ᠬᠠᠤᠯᠢ ᠠᠴᠠ ᠵᠥᠷᠢᠴᠡᠨ ᠪᠣᠬᠢᠷᠲᠤᠯ ᠢ ᠭᠠᠳᠠᠭᠰᠢᠯᠠᠭᠤᠯᠬᠤ ᠦᠢᠯᠡ | ᠠᠵᠢᠯᠯᠠᠭ᠎ᠠ ᠳᠤ ᠬᠦᠨᠳᠦ ᠴᠣᠬᠢᠯᠳᠠ ᠦᠭᠴᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠶᠢ ᠠᠬᠢᠭᠤᠯᠵᠣ᠂ ᠣᠷᠴᠢᠨ ᠲᠣᠭᠤᠷᠢᠨ ᠤ ᠳᠠᠭᠠᠭᠠᠴᠠ ᠠᠴᠠ ᠬᠡᠲᠦᠷᠡᠭᠦᠯᠬᠦ ᠥᠬᠡᠶ᠂ ᠬᠤᠷᠢᠭ᠎ᠠ | ᠱᠤᠭᠤᠮ ᠢ ᠡᠪᠳᠡᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ | ᠨᠢᠭᠡ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠨ᠎ᠠ | ᠬᠤᠯᠪᠣᠭᠠᠯᠠᠨ ᠪᠠᠶᠢᠴᠠᠭᠠᠬᠤ ᠠᠵᠢᠯ ᠤᠨ ᠲᠣᠭᠲᠠᠴᠠ ᠳᠤ ᠰᠢᠨ᠎ᠡ ᠶᠢ ᠡᠭᠦᠳᠴᠦ᠂ ᠬᠤᠯᠪᠣᠭᠠᠯᠠᠨ ᠪᠠᠶᠢᠴᠠᠭᠠᠬᠤ | ᠳᠦᠷᠢᠮ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠪᠠᠶᠢᠴᠠᠭᠠᠯᠲᠠ ᠶᠢᠨ ᠠᠰᠠᠭᠤᠳᠠᠯ ᠢ | ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠤᠯᠠᠨ ᠵᠦᠢᠯ ᠤᠨ ᠪᠣᠬᠢᠷᠲᠤᠯ ᠪᠣᠳᠠᠰ ᠢ ᠬᠠᠮᠳᠣ ᠳᠤᠨᠢ ᠬᠢᠵᠠᠭᠠᠷᠯᠠᠬᠤ ᠪᠠ | ᠣᠷᠣᠨ ᠪᠦᠰᠡ ᠬᠠᠮᠳᠣᠷᠠᠨ ᠵᠠᠰᠠᠬᠤ ᠶᠢ ᠴᠢᠩᠭᠠᠳᠬᠠᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠭᠳᠡᠮᠡᠬᠡᠢ | ᠴᠢᠨᠠᠷᠲᠠᠢ ᠣᠷᠭᠠᠨᠢᠭ ᠪᠣᠳᠠᠰ ᠢ ᠴᠡᠭᠴᠡᠯᠡᠨ ᠵᠠᠰᠠᠬᠤ ᠪᠠ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ | ᠲᠠᠢ ᠪᠠᠶᠢᠳᠠᠯ︾ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠠᠭᠤᠷᠬᠠᠢ ᠶᠢᠨ | ᠠᠵᠤ ᠠᠬᠤᠶᠢᠯᠠᠯ ᠤᠨ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠬᠤᠲᠠ ᠪᠠᠯᠭᠠᠰᠤ ᠶᠢᠨ ᠪᠣᠬᠢᠷ ᠤᠰᠤᠨ ᠤ ᠬᠤᠭᠤᠯᠠᠢ ᠶᠢ ᠪᠥᠬᠦᠨ ᠢ ᠬᠠᠮᠤᠷᠬᠤ ᠶᠢ ᠲᠥᠯᠬᠢᠨ | ᠠᠬᠢᠭᠤᠯᠵᠤ᠂ ᠭᠠᠵᠠᠷ ᠳᠣᠣᠷᠠᠬᠢ ᠤᠰᠤᠨ ᠤ ᠪᠣᠬᠢᠷᠲᠤᠯ ᠤᠨ ᠰᠡᠷᠭᠡᠶᠢᠯᠡᠨ ᠵᠠᠰᠠᠯᠳᠠ ᠶᠢ ᠴᠢᠩᠭᠠᠳᠬᠠᠨ᠂ ᠠᠵᠤ | ᠦᠢᠯᠡᠳᠪᠦᠷᠢ ᠶᠢᠨ ᠪᠣᠬᠢᠷ ᠣᠰᠣᠨ ᠤ ᠬᠠᠤᠯᠢ ᠠᠴᠠ ᠵᠦᠷᠢᠴᠡᠭᠰᠡᠨ ᠭᠠᠳᠠᠭᠰᠢᠯᠠᠭᠤᠯᠣᠯᠳᠠ ᠶᠢ ᠴᠢᠩᠭ᠎ᠠ ᠬᠢᠵᠠᠭᠠᠷᠯᠠᠵᠤ | ᠂ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠣᠰᠣᠨ ᠤ ᠰᠢᠢᠳᠪᠦᠷᠢᠯᠡᠯᠳᠡ ᠶᠢ ᠦᠨᠡᠨᠬᠦ ᠴᠢᠩᠭᠠᠳᠬᠠᠨ᠎ᠠ᠃ | ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠣᠷ ᠡᠵᠡᠮᠳᠡᠵᠦ᠂ ᠦᠯᠡᠳᠡᠭᠳᠡᠯ ᠬᠦᠳᠡᠷ᠂ | ᠬᠦᠳᠡᠷ ᠤᠨ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠨ᠎ᠡ᠃ | ᠪᠠᠷᠢᠯᠭ᠎ᠠ ᠶᠢᠨ ᠬᠤᠭ ᠨᠣᠪᠰᠢ᠂ ᠬᠠᠶᠠᠭᠳᠠᠮᠠᠯ ᠬᠠᠭᠤᠴᠢᠨ ᠨᠡᠬᠡᠮᠡᠯ ᠤᠨ ᠪᠣᠳᠠᠰ ᠵᠡᠷᠭᠡ ᠶᠢ ᠡᠬᠢ ᠪᠠᠶᠠᠯᠢᠭᠵᠢᠭᠤᠯᠤᠨ | ᠠᠰᠢᠭᠯᠠᠬᠤ ᠪᠤᠶᠤ ᠬᠤᠣᠷ ᠥᠬᠡᠶᠢᠳᠡᠭᠦᠯᠦᠨ ᠰᠢᠢᠳᠪᠦᠷᠢᠯᠡᠬᠦ ᠶᠢ ᠬᠡᠷᠡᠭᠵᠢᠭᠦᠯᠵᠦ᠂ ᠴᠠᠭᠠᠨ ᠤ ᠪᠣᠬᠢᠷᠲᠤᠯ ᠢ ᠵᠠᠰᠠᠬᠤ | ᠪᠠ ᠡᠮᠴᠢᠯᠡᠭᠡᠨ ᠤ ᠬᠠᠶᠠᠭᠳᠠᠮᠠᠯ ᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠨ᠂ ᠡᠯᠧᠺᠲᠷᠣᠨ ᠬᠠᠶᠠᠭᠳᠠᠮᠠᠯ᠂ | ᠡᠮᠴᠢᠯᠡᠭᠡᠨ ᠤ ᠬᠠᠶᠠᠭᠳᠠᠮᠠᠯ ᠵᠢᠴᠢ ᠬᠤᠲᠠ ᠶᠢᠨ ᠪᠤᠰᠤᠳ ᠬᠤᠣᠷᠳᠣ ᠬᠠᠶᠠᠭᠳᠠᠮᠠᠯ ᠢ ᠲᠥᠷᠥᠯ ᠬᠤᠪᠢᠶᠠᠨ | ᠬᠠᠮᠢᠶᠠᠷᠬᠤ ᠪᠠ ᠲᠣᠰᠬᠠᠢ ᠰᠢᠢᠳᠪᠦᠷᠢᠯᠡᠬᠦ ᠶᠢ ᠦᠷᠭᠦᠯᠵᠢᠯᠡᠨ ᠰᠠᠶᠢᠲᠤᠷ ᠬᠢᠨ᠎ᠡ᠃ 2025 ᠣᠨ ᠪᠣᠯᠬᠤ ᠳᠤ᠂ | ᠬᠤᠲᠠ ᠪᠠᠯᠭᠠᠰᠤ ᠵᠢᠴᠢ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠢᠳᠪᠦᠷᠢᠯᠡᠬᠦ | ᠨᠣᠷᠮ᠎ᠠ ᠶᠢ ᠴᠥᠮ 100% ᠳᠤ ᠬᠦᠷᠭᠡᠵᠣ᠂ ᠬᠤᠲᠠ ᠶᠢᠨ ᠡᠮᠴᠢᠯᠡᠭᠡᠨ ᠤ ᠬᠠᠶᠠᠭᠳᠠᠮᠠᠯ ᠢ ᠬᠤᠤᠷ ᠥᠬᠡᠶᠢᠳᠡᠭᠦᠯᠦᠨ | ᠰᠢᠢᠳᠪᠦᠷᠢᠯᠡᠬᠦ ᠨᠣᠷᠮ᠎ᠠ ᠶᠢ 100% ᠳᠤ ᠬᠦᠷᠭᠡᠨ᠎ᠡ᠃ | ᠬᠤᠶᠠᠷ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠥᠷᠨᠢᠭᠦᠯᠦᠨ᠎ᠡ | ︽ᠬᠡᠨ ᠨᠡᠭᠡᠭᠡᠨ ᠠᠰᠢᠭᠯᠠᠪᠠᠯ ᠲᠡᠷᠡ ᠬᠠᠮᠠᠭᠠᠯᠠᠵᠤ᠂ ᠬᠡᠨ ᠡᠪᠳᠡᠪᠡᠯ ᠲᠡᠷᠡ ᠵᠠᠰᠠᠬᠤ︾ ᠵᠠᠷᠴᠢᠮ ᠢ | ᠪᠠᠷᠢᠮᠲᠠᠯᠠᠵᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠬᠦᠬᠡᠬᠦ ᠪᠠ ᠪᠣᠬᠢᠷᠲᠤᠯ ᠦᠭᠡᠢ | ᠠᠭᠤᠷᠬᠠᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠨ᠎ᠠ᠃ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠭᠤᠷᠬᠠᠶ ᠶᠢᠨ ᠣᠷᠴᠢᠨ ᠲᠣᠭᠤᠷᠢᠨ ᠢ ᠰᠡᠷᠬᠦᠭᠡᠬᠦ ᠵᠢᠴᠢ ᠲᠥᠰᠦᠯ ᠢ ᠬᠢᠨᠠᠨ | ᠲᠣᠭᠲᠠᠭᠠᠬᠤ᠂ ᠬᠢᠨᠠᠨ ᠪᠠᠶᠢᠴᠠᠭᠠᠬᠤ ᠠᠵᠢᠯ ᠢ ᠴᠢᠩᠭ᠎ᠠ ᠵᠢᠷᠤᠮᠵᠢᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ | ᠲᠣᠭᠤᠷᠢᠨ ᠢ ᠰᠡᠷᠬᠦᠭᠡᠬᠦ ᠰᠠᠭᠤᠷᠢ ᠮᠥᠩᠭᠦ ᠶᠢᠨ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ | ᠠᠭᠤᠷᠬᠠᠶ ᠶᠢᠨ ᠠᠵᠤ ᠠᠬᠤᠶᠢᠯᠠᠯ ᠤᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠶ ᠶᠢ ᠳᠠᠬᠢᠨ | ᠬᠠᠭᠠᠯᠪᠤᠷᠢᠯᠠᠬᠤ ᠲᠥᠰᠦᠯ ᠲᠣᠭᠳᠠᠭᠠᠬᠤ ᠶᠢ ᠱᠠᠭᠠᠷᠳᠠᠨ᠎ᠠ᠃ | ᠬᠠᠲᠠᠭᠤ ᠪᠡᠶᠡᠲᠦ ᠬᠠᠶᠠᠭᠳᠠᠮᠠᠯ ᠤᠨ ᠬᠠᠮᠢᠶᠠᠷᠤᠯᠲᠠ ᠶᠢ ᠴᠢᠩᠭᠠᠳᠬᠠᠨ᠂ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ | ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ | ᠠᠰᠢᠭᠯᠠᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠶᠤᠯᠲᠠᠶ ᠬᠠᠶᠠᠭᠳᠠᠮᠠᠯ ᠡᠳ᠋ ᠤᠨ ᠵᠢᠷᠤᠮᠵᠢᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠮᠴᠢᠯᠡᠭᠡᠨ ᠤ ᠬᠠᠶᠠᠭᠳᠠᠮᠠᠯ ᠡᠳ᠋ ᠢ ᠪᠠᠭᠲᠠᠭᠠᠭᠰᠠᠨ | ᠠᠶᠤᠯᠲᠠᠶ ᠬᠠᠶᠠᠭᠳᠠᠮᠠᠯ ᠡᠳ᠋ ᠢ ᠰᠢᠢᠳᠪᠦᠷᠢᠯᠡᠬᠦ ᠲᠦᠭᠦᠭᠡᠷᠣᠮᠵᠢ ᠶᠢᠨ ᠴᠢᠳᠠᠪᠤᠷᠢ ᠶᠢ ᠲᠡᠭᠡᠭᠰᠢᠯᠡᠭᠦᠯᠦᠨ᠂ ᠰᠦᠯᠢᠶᠣᠣ | ᠶᠢᠨ ᠪᠣᠬᠢᠷᠲᠤᠯ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠣᠯᠠᠨ ᠰᠠᠯᠠᠭ᠎ᠠ ᠮᠥᠴᠢᠷ ᠬᠠᠮᠲᠤᠷᠠᠨ ᠴᠡᠭᠴᠡᠯᠡᠨ | ᠵᠠᠰᠠᠬᠤ ᠲᠣᠭᠲᠠᠴᠠ ᠶᠢ ᠪᠠᠶᠢᠭᠤᠯᠵᠤ᠂ ᠭᠠᠵᠠᠷ ᠤᠨ ᠭᠠᠮᠰᠢᠭ ᠢ ᠲᠣᠭᠤᠷᠢᠨ ᠪᠠᠶᠢᠴᠠᠭᠠᠬᠤ ᠳᠦᠷᠢᠮ᠂ ᠦᠶᠡᠷ ᠤᠨ | ᠬᠤᠭᠤᠴᠠᠭᠠᠨ ᠤ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠵᠢᠵᠢᠭᠦᠷ ᠤᠨ ᠳᠦᠷᠢᠮ ᠵᠢᠴᠢ ᠭᠠᠵᠠᠷ | ᠰᠢᠨᠵᠢᠯᠡᠬᠡᠨ ᠤ ᠭᠠᠮᠰᠢᠭ ᠢ ᠳᠠᠷᠣᠢ ᠳᠤᠨᠢ ᠮᠡᠳᠡᠭᠦᠯᠬᠦ ᠳᠦᠷᠢᠮ ᠢ ᠳᠡᠬᠦᠯᠳᠡᠷᠵᠢᠬᠦᠯᠦᠨ᠎ᠡ᠃ | | ᠭᠤᠷᠪᠠᠳᠤᠭᠠᠷ ᠬᠡᠰᠡᠭ ᠡᠬᠢ ᠪᠠᠶᠠᠯᠢᠭ ᠢ ᠠᠷᠪᠢᠯᠠᠨ ᠠᠰᠢᠭᠯᠠᠨ᠎ᠠ | ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠡᠷᠡᠭᠦᠯ ᠪᠥᠭᠡᠳ ᠠᠮᠤᠷ ᠲᠦᠪᠰᠢᠨ | ᠠᠮᠢᠳᠤᠷᠠᠯ ᠤᠨ ᠣᠶᠢᠯᠠᠭᠠᠭᠳᠠᠬᠤᠨ ᠢ ᠢᠳᠡᠪᠬᠢᠲᠡᠶ ᠪᠠᠷ ᠰᠠᠨᠠᠭᠠᠴᠢᠯᠠᠨ᠂ ᠡᠬᠢ ᠪᠠᠶᠠᠯᠢᠭ ᠢ ᠠᠰᠢᠭᠯᠠᠬᠤ ᠠᠷᠭ᠎ᠠ | ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠡᠨᠧᠷᠭᠢ᠂ ᠤᠰᠤ᠂ ᠭᠠᠵᠠᠷ | ᠰᠢᠷᠣᠶ ᠶᠢ ᠬᠤᠷᠣᠭᠳᠠᠭᠤᠯᠬᠤ ᠡᠷᠴᠢᠮ ᠢ ᠪᠠᠭᠤᠷᠠᠭᠤᠯᠤᠨ᠂ ᠡᠨᠧᠷᠭᠢ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ | ᠪᠣᠯᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠷᠪᠢᠯᠠᠨ ᠭᠠᠮᠨᠠᠬᠤ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ᠎ᠠ᠃ | ᠨᠢᠭᠡ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠨ᠎ᠠ | ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠦ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ | ᠰᠢᠰᠲ᠋ᠧᠮ ᠲᠠᠢ ᠵᠠᠰᠠᠨ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠴᠢᠭᠯᠡᠯᠲᠡ ᠶᠢ ᠪᠠᠷᠢᠮᠲᠠᠯᠠᠨ᠂ ᠤᠰᠤᠨ ᠤ | ᠡᠬᠢ ᠪᠠᠶᠠᠯᠢᠭ ᠤᠨ ᠬᠠᠮᠤᠭ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠰᠤᠨ ᠤ ᠡᠬᠢ | ᠪᠠᠶᠠᠯᠢᠭ ᠢ ᠨᠡᠭᠡᠭᠡᠨ ᠠᠰᠢᠭᠯᠠᠬᠤ ᠬᠤᠷᠢᠭ᠎ᠠ ᠱᠤᠭᠤᠮ᠂ ᠤᠰᠤ ᠬᠡᠷᠡᠭᠯᠡᠬᠦ ᠪᠦᠲᠦᠮᠵᠢ ᠶᠢ ᠬᠢᠵᠠᠭᠠᠷᠯᠠᠬᠤ ᠬᠤᠷᠢᠭ᠎ᠠ | ᠱᠤᠭᠤᠮ ᠪᠠ ᠤᠰᠤᠨ ᠤ ᠴᠢᠳᠠᠮᠵᠢᠳᠤ ᠣᠷᠣᠨ ᠤ ᠪᠣᠬᠢᠷᠲᠤᠯ ᠤᠨ ᠬᠤᠷᠢᠭ᠎ᠠ ᠱᠤᠭᠤᠮ ᠤᠨ ᠬᠢᠵᠠᠭᠠᠷᠯᠠᠯ ᠢ | ᠴᠢᠩᠭᠠᠳᠬᠠᠨ᠎ᠠ᠃ ︽ᠭᠤᠷᠪᠠᠨ ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠤᠨ᠂ ᠭᠤᠣᠯ ᠴᠣᠭᠴᠠ ᠶᠢᠨ | ᠬᠠᠷᠢᠭᠤᠴᠠᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭᠠᠳᠬᠠᠵᠣ᠂ ᠬᠤᠰᠢᠭᠤᠨ ᠤ ᠬᠡᠪᠴᠢᠶᠡᠨ ᠳᠠᠬᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ | ᠪᠠᠷᠢᠮᠵᠢᠶᠠᠵᠢᠭᠤᠯᠣᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠦᠨ᠎ᠡ᠃ ᠭᠠᠵᠠᠷ ᠳᠣᠤᠷᠠᠬᠢ ᠤᠰᠤᠨ ᠤ ᠡᠬᠢ | ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠣ᠂ ᠭᠠᠵᠠᠷ ᠳᠣᠤᠷᠠᠬᠢ ᠤᠰᠤᠨ ᠤ ᠤᠷᠢᠳᠴᠢᠯᠠᠨ | ᠰᠡᠷᠡᠮᠵᠢᠯᠡᠭᠦᠯᠬᠦ ᠪᠠᠶᠢᠩᠭᠤ ᠶᠢᠨ ᠪᠦᠳᠦᠮᠵᠢᠲᠦ ᠲᠣᠭᠲᠠᠴᠠ ᠶᠢ ᠪᠠᠶᠢᠭᠤᠯᠤᠨ᠎ᠠ᠃ ᠤᠰᠤ ᠲᠠᠲᠠᠬᠤ ᠵᠥᠪᠰᠢᠶᠡᠷᠡᠯ ᠤᠨ | ᠬᠠᠮᠢᠶᠠᠷᠤᠯᠲᠠ ᠶᠢᠨ ᠭᠠᠷᠳᠠᠮ ᠢ ᠲᠡᠭᠦᠯᠳᠡᠷᠵᠢᠭᠦᠯᠵᠦ᠂ ᠠᠯᠪᠠᠳᠠᠯᠭ᠎ᠠ ᠶᠢᠨ ᠴᠢᠨᠠᠷᠲᠠᠶ ᠤᠰᠤ ᠠᠷᠪᠢᠯᠠᠵᠤ ᠤᠰᠤ | ᠬᠡᠷᠡᠭᠯᠡᠬᠦ ᠠᠷᠭ᠎ᠠ ᠬᠡᠮᠵᠢᠶ᠎ᠡ ᠪᠣᠯᠤᠨ ᠪᠠᠷᠢᠮᠵᠢᠶ᠎ᠠ ᠶᠢ ᠬᠡᠷᠡᠭᠵᠢᠭᠦᠯᠵᠦ᠂ ᠣᠰᠣᠨ ᠤ ᠬᠤᠷᠣᠭᠳᠠᠯ ᠶᠡᠭᠡ ᠠᠵᠤ | ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠪᠦᠬᠦ ᠠᠷᠠᠳ ᠤᠨ | ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠤᠯᠢᠶᠠᠰᠤᠲᠠᠢ ᠪᠠᠯᠭᠠᠰᠤᠨ ᠤ ᠪᠣᠬᠢᠷ ᠤᠰᠤ ᠶᠢ ᠲᠠᠬᠢᠨ | ᠠᠰᠢᠭᠯᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠣᠷᠣᠭᠠᠨ ᠤ ᠤᠰᠤ᠂ ᠬᠠᠶᠠᠭᠳᠠᠮᠠᠯ ᠤᠰᠤ ᠶᠢ | ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ | ᠬᠤᠶᠠᠷ᠂ ᠭᠠᠵᠠᠷ ᠰᠢᠷᠣᠢ ᠶᠢᠨ ᠬᠡᠷᠡᠭᠯᠡᠬᠡᠨ ᠤ ᠬᠠᠮᠢᠶᠠᠷᠣᠯᠲᠠ ᠶᠢ ᠴᠢᠩᠭᠠᠳᠬᠠᠨ᠎ᠠ | ᠭᠠᠵᠠᠷ ᠰᠢᠷᠣᠶ ᠶᠢ ᠠᠷᠪᠢᠯᠠᠨ ᠡᠷᠴᠢᠮᠵᠢᠬᠦᠯᠦᠨ ᠠᠰᠢᠭᠯᠠᠬᠤ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ | ᠪᠦᠷᠢᠨᠰᠢᠭᠦᠯᠦᠨ ᠳᠣᠭᠳᠠᠭᠠᠵᠣ᠂ ᠬᠤᠲᠠ ᠪᠠᠯᠭᠠᠰᠣᠨ ᠤ ᠣᠷᠣᠨ ᠵᠠᠶ ᠶᠢᠨ ᠲᠥᠯᠥᠪᠵᠢᠭᠦᠯᠭᠡ᠂ ᠭᠠᠵᠠᠷ ᠰᠢᠷᠣᠶ | ᠠᠰᠢᠭᠯᠠᠬᠤ ᠲᠥᠯᠥᠪᠵᠢᠭᠦᠯᠭᠡ ᠶᠢᠨ ᠪᠦᠬᠦᠯᠢ ᠴᠣᠭᠴᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠰᠢᠨ᠎ᠡ ᠪᠠᠷ | ᠨᠡᠮᠡᠭᠳᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠴᠢᠩᠭ᠎ᠠ ᠬᠢᠵᠠᠭᠠᠷᠯᠠᠵᠤ᠂ ᠰᠢᠨ᠎ᠡ ᠪᠠᠷ ᠨᠡᠮᠡᠭᠳᠡᠬᠦ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠪᠠ ᠣᠳᠣᠬᠢ ᠦᠷ᠎ᠡ ᠪᠦᠳᠦᠮᠵᠢ ᠪᠠᠷ ᠲᠣᠣᠷ᠎ᠠ ᠭᠠᠵᠠᠷ ᠢ | ᠪᠠᠭᠠᠰᠬᠠᠬᠤ ᠲᠠᠢ ᠬᠤᠯᠪᠣᠭᠳᠠᠭᠤᠯᠵᠣ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠪᠴᠢᠶ᠎ᠡ ᠪᠣᠯᠤᠨ ᠨᠡᠭᠡᠭᠡᠯᠲᠡ ᠬᠢᠬᠦ ᠡᠷᠴᠢᠮ ᠢ ᠴᠢᠩᠭ᠎ᠠ ᠬᠢᠵᠠᠭᠠᠷᠯᠠᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠣᠯᠠᠨ ᠴᠢᠳᠠᠮᠵᠢᠲᠤ ᠨᠡᠭᠡᠭᠡᠨ ᠠᠰᠢᠭᠯᠠᠯᠳᠠ ᠶᠢ ᠲᠦᠯᠬᠢᠨ ᠠᠬᠢᠭᠤᠯᠵᠤ᠂ ᠬᠥᠮᠦᠨ ᠲᠥᠷᠥᠯᠬᠢᠲᠡᠨ ᠤ | ᠠᠵᠢᠯᠯᠠᠭ᠎ᠠ ᠶᠢᠨ ᠪᠠᠶᠢᠭᠠᠯᠢ ᠶᠢᠨ ᠣᠷᠣᠨ ᠵᠠᠶ ᠶᠢ ᠡᠵᠡᠯᠡᠨ ᠬᠡᠷᠡᠭᠯᠡᠬᠦ ᠶᠢ ᠪᠠᠭᠠᠰᠬᠠᠨ᠎ᠠ᠃ ᠭᠠᠵᠠᠷ ᠰᠢᠷᠣᠢ ᠶᠢ ᠬᠤᠷᠢᠶᠠᠨ | ᠨᠥᠭᠡᠴᠡᠯᠡᠬᠦ ᠳᠦᠷᠢᠮ ᠢ ᠪᠠᠶᠢᠭᠤᠯᠤᠨ᠎ᠠ᠃ | ᠭᠤᠷᠪᠠ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠦᠷᠨᠢᠬᠦᠯᠦᠨ᠎ᠡ | ᠪᠣᠬᠢᠷᠲᠤᠯ ᠦᠭᠡᠶ ᠪᠠᠷᠢᠯᠭ᠎ᠠ ᠶᠢᠨ ᠦᠢᠯᠡᠰ ᠢ ᠬᠥᠭᠵᠢᠭᠦᠯᠵᠦ᠂ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠠᠮᠢᠳᠤᠷᠠᠯ᠂ ᠬᠤᠳᠠᠯᠳᠤᠭ᠎ᠠ ᠵᠢᠴᠢ ᠣᠯᠠᠨ ᠨᠡᠶᠢᠲᠡ ᠶᠢᠨ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ | ᠳᠣᠲᠣᠷᠠᠬᠢ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠬᠡᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠤᠯᠢᠶᠠᠰᠤᠲᠠᠢ | ᠪᠠᠯᠭᠠᠰᠣᠨ ᠤ ᠢᠯᠴᠢ ᠴᠠᠬᠢᠯᠭᠠᠨ ᠢᠶᠠᠷ ᠳᠣᠯᠠᠭᠠᠯᠠᠯᠭ᠎ᠠ ᠬᠠᠩᠭᠠᠬᠤ ᠪᠥᠳᠥᠭᠡᠨ ᠪᠠᠶᠢᠭᠤᠯᠤᠯᠲᠠ ᠶᠢ ᠲᠡᠮᠵᠢᠵᠤ᠂ | ᠬᠥᠮᠦᠨ ᠠᠮᠠ ᠨᠡᠯᠢᠶᠡᠳ ᠴᠥᠭᠡᠨ᠂ ᠲᠦᠪᠯᠡᠷᠡᠨ ᠰᠠᠭᠤᠷᠢᠰᠢᠭᠰᠠᠨ ᠪᠠᠯᠭᠠᠰᠤ᠂ ᠰᠣᠮᠣᠨ ᠳᠤ ᠴᠠᠬᠢᠯᠭᠠᠨ ᠢᠶᠠᠷ | ᠲᠣᠯᠠᠭᠠᠯᠠᠯᠭ᠎ᠠ ᠬᠠᠩᠭᠠᠬᠤ ᠶᠢ ᠳᠡᠯᠭᠡᠷᠡᠭᠦᠯᠵᠦ᠂ ᠮᠠᠯᠵᠢᠬᠤ ᠣᠷᠣᠨ ᠤ ᠴᠡᠪᠡᠷ ᠡᠨᠧᠷᠬᠢ ᠪᠠᠷ ᠢᠯᠴᠢ ᠬᠠᠩᠭᠠᠬᠤ ᠶᠢ | ᠲᠦᠷᠭᠡᠳᠬᠡᠨ᠂ ᠪᠥᠬᠦ ᠭᠠᠴᠠᠭᠠᠨ ᠳᠤ ᠠᠷᠢᠭᠤᠨ ᠴᠡᠪᠡᠷ ᠡᠨᠧᠷᠬᠢ ᠪᠠᠷ ᠲᠣᠯᠠᠭᠠᠯᠠᠯᠭ᠎ᠠ ᠬᠠᠩᠭᠠᠬᠤ ᠰᠢᠰᠲ᠋ᠧᠮ ᠤᠨ | ᠥᠭᠡᠷᠡᠴᠢᠯᠡᠯᠲᠡ ᠬᠢᠬᠦ ᠶᠢ ᠵᠣᠷᠢᠭᠵᠢᠭᠤᠯᠵᠤ᠂ ᠡᠷᠥᠭᠡ ᠳᠤ ᠬᠡᠷᠡᠭᠯᠡᠬᠦ ᠬᠡᠯᠪᠡᠷᠢ ᠶᠢᠨ ᠴᠠᠬᠢᠯᠭᠠᠨ ᠢᠶᠠᠷ ᠲᠣᠯᠠᠭᠠᠯᠠᠯᠭ᠎ᠠ | ᠬᠠᠩᠭᠠᠬᠤ ᠵᠢᠴᠢ ᠲᠡᠬᠢᠨ ᠡᠭᠦᠰᠴᠦ ᠪᠣᠯᠬᠤ ᠡᠨᠧᠷᠬᠢ ᠪᠠᠷ ᠲᠣᠯᠠᠭᠠᠯᠠᠯᠭ᠎ᠠ ᠬᠠᠩᠭᠠᠬᠤ ᠶᠢ ᠵᠣᠷᠢᠭᠵᠢᠭᠤᠯᠣᠨ᠎ᠠ᠃ ᠵᠠᠮ | ᠲᠡᠭᠡᠭᠡᠪᠦᠷᠢ ᠶᠢᠨ ᠦᠢᠯᠡᠰ ᠤᠨ ᠲᠣᠣᠷ᠎ᠠ ᠨᠡᠭᠦᠷᠡᠰᠦᠳᠦᠷᠦᠭᠴᠢᠳᠣ ᠬᠦᠭᠵᠢᠯᠳᠡ ᠶᠢ ᠠᠬᠢᠭᠤᠯᠤᠨ᠎ᠠ᠃ ᠠᠭᠤᠷᠬᠠᠶ᠂ | ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠰᠣᠷᠠᠭᠤᠯᠬᠤ ᠵᠡᠷᠭᠡ ᠠᠵᠢᠯ ᠲᠥᠷᠥᠯ ᠢᠶᠠᠷ | ᠭᠤᠣᠯᠳᠠᠯᠭ᠎ᠠ ᠪᠣᠯᠭᠠᠨ᠂ ᠡᠨᠧᠷᠭᠢ ᠠᠷᠪᠢᠯᠠᠬᠤ ᠰᠢᠨ᠎ᠡ ᠮᠡᠷᠭᠡᠵᠢᠯ ᠢ ᠳᠡᠯᠭᠡᠷᠡᠭᠦᠯᠵᠦ᠂ ᠡᠨᠧᠷᠭᠢ ᠠᠷᠪᠢᠯᠠᠬᠤ ᠵᠢᠱᠢᠶ᠎ᠡ | ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ | ᠦᠢᠯᠡᠰ ᠢ ᠬᠥᠭᠵᠢᠭᠦᠯᠵᠦ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ ᠶᠢ | ᠪᠤᠶᠢᠵᠢᠭᠤᠯᠤᠨ᠎ᠠ᠃ 2025 ᠣᠨ ᠪᠣᠯᠬᠤ ᠳᠤ᠂ ᠡᠨᠧᠷᠭᠢ ᠶᠢᠨ ᠬᠡᠷᠡᠭᠯᠡᠭᠡ ᠶᠢ ᠪᠦᠬᠦ ᠣᠷᠣᠨ ᠤ ᠪᠠᠷᠢᠮᠵᠢᠶ᠎ᠠ ᠳᠤ | ᠬᠦᠷᠭᠡᠬᠦ ᠪᠠᠷ ᠴᠢᠷᠮᠠᠶᠢᠨ᠎ᠠ᠃ | ᠳᠥᠷᠪᠡ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠲᠣᠭᠲᠠᠴᠠ ᠶᠢ ᠪᠠᠶᠢᠭᠤᠯᠣᠨ᠎ᠠ | ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ︽ᠬᠤᠶᠠᠷ ᠢ ᠬᠢᠵᠠᠭᠠᠷᠯᠠᠬᠤ︾ | ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠵᠤ᠂ | ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠣᠷᠢ ᠶᠢ ᠰᠢᠭᠰᠢᠭᠳᠡᠭᠦᠯᠦᠨ᠂ ᠡᠨᠧᠷᠭᠢ ᠶᠢᠨ ᠬᠤᠷᠣᠭᠳᠠᠯ ᠶᠡᠬᠡᠲᠡᠶ᠂ | ᠪᠣᠬᠢᠷᠳᠣᠯ ᠶᠡᠬᠡᠲᠡᠶ ᠲᠥᠷᠥᠯ ᠵᠦᠢᠯ ᠢ ᠰᠢᠨ᠎ᠡ ᠪᠠᠷ ᠬᠢᠨᠠᠨ ᠵᠥᠪᠰᠢᠶᠡᠷᠡᠬᠦ ᠶᠢ ᠴᠢᠩᠭ᠎ᠠ ᠬᠢᠵᠠᠭᠠᠷᠯᠠᠵᠤ᠂ ᠰᠢᠨ᠎ᠡ ᠪᠠᠷ | ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ ᠬᠡᠷᠡᠭᠯᠡᠭᠡ ᠶᠢ ᠠᠳᠠᠯᠢ ᠬᠡᠮᠵᠢᠶ᠎ᠡ ᠪᠤᠶᠤ ᠬᠡᠮᠵᠢᠶ᠎ᠡ ᠶᠢ ᠪᠠᠭᠠᠰᠬᠠᠨ | ᠰᠣᠯᠢᠬᠤ ᠲᠣᠭᠲᠠᠴᠠ ᠶᠢ ᠪᠠᠶᠢᠭᠤᠯᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠡᠨᠧᠷᠭᠢ ᠬᠡᠷᠡᠭᠯᠡᠬᠦ ᠣᠷᠣᠨ | ᠵᠠᠶ ᠶᠢ ᠦᠷᠭᠡᠳᠬᠡᠨ᠎ᠡ᠃ ᠡᠨᠧᠷᠭᠢ ᠬᠡᠷᠡᠭᠯᠡᠬᠦ ᠪᠠᠶᠢᠭᠤᠯᠭ᠎ᠠ ᠶᠢ ᠵᠢᠭᠠᠨ ᠵᠢᠯᠣᠭᠤᠳᠴᠤ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠢᠨᠵᠧᠨᠧᠷᠢᠩ ᠢ ᠢᠳᠡᠪᠬᠢᠲᠡᠢ ᠥᠷᠨᠢᠭᠦᠯᠦᠨ᠂ ᠡᠨᠧᠷᠭᠢ ᠠᠷᠪᠢᠯᠠᠬᠤ ᠶᠢ | ᠦᠨᠡᠯᠡᠨ ᠵᠢᠱᠢᠬᠦ ᠪᠠ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ ᠪᠠ ᠡᠨᠧᠷᠭᠢ | ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠡᠷᠡᠭᠯᠡᠭᠡ ᠶᠢ ᠴᠠᠭ ᠲᠤᠬᠠᠢ ᠳᠤᠨᠢ ᠬᠢᠨᠠᠨ ᠬᠡᠮᠵᠢᠬᠦ ᠪᠠ ᠤᠶᠤᠨᠴᠢᠯᠠᠨ | ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃ ᠡᠨᠧᠷᠭᠢ ᠠᠷᠪᠢᠯᠠᠬᠤ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ | ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠩᠬᠠᠨ ᠤ | ᠬᠤᠪᠢᠶᠠᠷᠢᠯᠠᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠪᠥᠬᠦ | ᠬᠤᠰᠢᠭᠤᠨ ᠤ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠪᠥᠬᠦ ᠣᠷᠣᠨ ᠤ ᠪᠠᠷᠢᠮᠵᠢᠶ᠎ᠠ ᠳᠤ ᠬᠦᠷᠭᠡᠨ᠎ᠡ᠃ | ᠲᠠᠪᠤ᠂ ᠡᠬᠢ ᠪᠠᠶᠠᠯᠢᠭ ᠢ ᠪᠣᠴᠠᠭᠠᠨ ᠬᠤᠷᠢᠶᠠᠵᠣ ᠠᠰᠢᠭᠯᠠᠬᠤ ᠶᠢ ᠳᠡᠮᠵᠢᠨ᠎ᠡ | ︽ᠢᠨᠲ᠋ᠧᠷ ᠰᠦᠯᠵᠢᠶ᠎ᠡ + ᠤᠶᠤᠨᠲᠤ ᠡᠨᠧᠷᠭᠢ︾ ᠶᠢ ᠠᠬᠢᠭᠤᠯᠵᠤ᠂ ᠠᠵᠤ ᠦᠢᠯᠡᠳᠪᠦᠷᠢ ᠶᠢᠨ ᠡᠨᠧᠷᠭᠢ ᠶᠢᠨ | ᠬᠤᠷᠣᠭᠳᠠᠯ ᠤᠨ ᠣᠶᠣᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠰᠦᠯᠵᠢᠶ᠎ᠡ ᠪᠠ ᠪᠣᠳᠠᠳᠣ | ᠠᠬᠤᠢ ᠠᠭᠤᠰᠤᠯᠴᠠᠭᠰᠠᠨ ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠬᠤᠷᠢᠶᠠᠨ ᠠᠪᠬᠤ ᠪᠠ ᠣᠷᠴᠢᠯᠳᠣᠭᠤᠯᠣᠨ | ᠠᠰᠢᠭᠯᠠᠬᠤ ᠳᠣᠭᠳᠠᠯᠴᠠᠭ᠎ᠠ ᠶᠢ ᠪᠠᠶᠢᠭᠤᠯᠵᠤ᠂ ᠳᠠᠬᠢᠨ ᠡᠬᠦᠰᠴᠦ ᠪᠣᠯᠬᠤ ᠡᠬᠢ ᠪᠠᠶᠠᠯᠢᠭ ᠢ ᠬᠤᠷᠢᠶᠠᠨ ᠠᠰᠢᠭᠯᠠᠬᠤ | ᠨᠣᠷᠮ᠎ᠠ ᠶᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ | ᠲᠥᠪᠯᠡᠷᠡᠭᠦᠯᠦᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠬᠤᠲᠠ ᠪᠠᠯᠭᠠᠰᠤ ᠨᠡᠶᠢᠭᠡᠮ ᠲᠣᠭᠤᠷᠢᠭ ᠪᠣᠯᠤᠨ | ᠮᠠᠯᠵᠢᠬᠤ ᠣᠷᠣᠨ ᠭᠤᠷᠪᠠ ᠶᠢ ᠨᠢᠭᠡ ᠴᠣᠭᠴᠠᠵᠢᠭᠤᠯᠤᠭᠰᠠᠨ ᠬᠤᠷᠢᠶᠠᠨ ᠠᠪᠬᠤ ᠲᠣᠣᠷᠵᠢᠯ ᠢ ᠲᠡᠭᠦᠯᠳᠡᠷᠵᠢᠭᠦᠯᠦᠨ᠎ᠡ᠃ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠣ᠂ ᠠᠭᠤᠷᠬᠠᠢ ᠶᠢᠨ ᠦᠯᠡᠳᠡᠭᠳᠡᠯ᠂ | ᠨᠡᠭᠦᠷᠡᠰᠦᠨ ᠤ ᠦᠯᠡᠳᠡᠭᠳᠡᠯ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠵᠠᠮ ᠤᠨ ᠪᠦᠲᠦᠭᠡᠨ ᠪᠠᠶᠢᠭᠤᠯᠤᠯᠲᠠ ᠳᠤ | ᠭᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠠᠯᠲᠠ᠂ ᠮᠥᠩᠭᠦ᠂ ᠸᠣᠯᠹᠷᠠᠮ᠂ ᠮᠣᠯᠢᠪᠳᠧᠨ ᠵᠡᠷᠭᠡ ᠦᠨᠡᠲᠦ ᠲᠡᠮᠦᠷᠯᠢᠭ᠂ | ᠬᠤᠪᠣᠷ ᠲᠡᠮᠦᠷᠯᠢᠭ ᠢ ᠬᠤᠷᠢᠶᠠᠨ ᠠᠰᠢᠭᠯᠠᠬᠤ ᠠᠵᠤ ᠦᠢᠯᠡᠰ ᠢ ᠬᠥᠭᠵᠢᠭᠦᠯᠦᠨ᠎ᠡ᠃ 2025 ᠣᠨ ᠪᠣᠯᠬᠤ ᠳᠤ᠂ | ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠠ ᠬᠤᠷᠢᠶᠠᠨ ᠠᠰᠢᠭᠯᠠᠬᠤ ᠨᠣᠷᠮ᠎ᠠ ᠶᠢ ᠢᠯᠡᠳᠲᠡ | ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠡᠳ᠋ᠰᠢᠬᠦᠯᠦᠨ ᠪᠣᠯᠪᠠᠰᠣᠷᠠᠭᠤᠯᠬᠤ | ᠠᠵᠤ ᠦᠢᠯᠡᠰ ᠤᠨ ᠬᠡᠯᠬᠢᠶᠡᠰᠣ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ | | ᠳᠥᠷᠪᠡᠳᠦᠭᠡᠷ ᠬᠡᠰᠡᠭ ᠠᠮᠢ ᠠᠬᠤᠢ ᠶᠢᠨ ᠪᠣᠯᠪᠠᠰᠤᠨ ᠤ ᠵᠠᠰᠠᠯᠲᠠ | ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠮᠲᠤ ᠪᠠᠷ | ᠠᠬᠢᠭᠤᠯᠬᠤ ᠶᠢ ᠴᠢᠷᠮᠠᠶᠢᠨ ᠪᠡᠶᠡᠯᠡᠭᠦᠯᠵᠦ᠂ ᠣᠬᠢ ᠰᠠᠶᠢᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ | ᠡᠭᠦᠳᠴᠦ᠂ ᠦᠵᠡᠰᠬᠦᠯᠡᠩᠲᠦ ᠰᠠᠶᠢᠬᠠᠨ ᠵᠡᠭᠦᠨ ᠦᠵᠦᠮᠦᠴᠢᠨ ᠢ ᠪᠥᠲᠥᠭᠡᠨ ᠪᠠᠶᠢᠭᠤᠯᠤᠨ᠎ᠠ᠃ | ᠨᠢᠭᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ | ᠠᠮᠢ ᠠᠬᠤᠢ ᠶᠢᠨ ᠪᠣᠯᠪᠠᠰᠤᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠤ | ᠮᠡᠳᠡᠯᠭᠡ ᠶᠢ ᠲᠦᠭᠡᠮᠡᠯᠵᠢᠭᠦᠯᠵᠦ᠂ ᠠᠮᠢ ᠠᠬᠤᠢ ᠶᠢ ᠬᠠᠮᠠᠭᠠᠯᠠᠬᠤ ᠪᠠ ᠠᠷᠪᠢᠯᠠᠨ ᠭᠠᠮᠨᠠᠬᠤ ᠬᠡᠯᠪᠡᠷᠢ ᠶᠢᠨ ᠨᠡᠶᠢᠭᠡᠮ ᠤᠨ | ᠤᠬᠠᠭᠤᠯᠭ᠎ᠠ ᠶᠢ ᠴᠢᠩᠭᠠᠳᠬᠠᠵᠤ᠂ ᠳᠤᠮᠳᠠᠳᠤ ᠶᠢᠨ ᠤᠯᠠᠮᠵᠢᠯᠠᠯᠲᠤ ᠠᠮᠢ ᠠᠬᠤᠢ ᠶᠢᠨ ᠰᠣᠶᠣᠯ ᠪᠠ ᠲᠠᠯ᠎ᠠ | ᠨᠤᠲᠤᠭ ᠤᠨ ᠠᠮᠢ ᠠᠬᠤᠢ ᠶᠢᠨ ᠰᠣᠶᠣᠯ ᠢ ᠳᠡᠯᠭᠡᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠰᠠᠶᠢᠨ ᠲᠣᠷᠠᠴᠣᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ | ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠳᠡᠭᠡᠭᠰᠢᠯᠡᠬᠦᠯᠦᠨ᠎ᠡ᠃ ᠠᠮᠢ | ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠢᠯᠡᠴᠢᠯᠡᠨ ᠮᠡᠳᠡᠭᠦᠯᠬᠦ᠂ ᠭᠡᠷᠡᠴᠢᠯᠡᠭᠡ ᠰᠣᠨᠣᠰᠬᠤ᠂ ᠢᠯᠡ | ᠨᠡᠶᠢᠲᠡᠯᠡᠬᠦ᠂ ᠲᠤᠰᠬᠠᠶ ᠮᠡᠷᠭᠡᠵᠢᠯᠲᠡᠨ ᠠᠴᠠ ᠠᠰᠠᠭᠤᠨ ᠯᠠᠪᠯᠠᠬᠤ ᠵᠢᠴᠢ ᠦᠨᠳᠦᠰᠦᠨ ᠱᠠᠲᠤᠨ ᠤ ᠠᠷᠠᠳ ᠤᠨ | ᠰᠠᠨᠠᠭ᠎ᠠ ᠶᠢ ᠪᠠᠶᠢᠴᠠᠭᠠᠬᠤ ᠵᠡᠷᠭᠡ ᠲᠦᠷᠢᠮ ᠢ ᠪᠦᠷᠢᠨᠰᠢᠬᠦᠯᠵᠦ᠂ ᠵᠠᠰᠠᠭ ᠤᠨ ᠣᠷᠳᠣᠨ ᠤ ᠣᠷᠴᠢᠨ ᠲᠣᠭᠤᠷᠢᠨ ᠤ | ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶ᠎ᠡ ᠶᠢ ᠥᠷᠭᠡᠳᠬᠡᠨ᠂ ᠣᠯᠠᠨ ᠨᠡᠶᠢᠲᠡ ᠶᠢᠨ ᠣᠷᠴᠢᠨ ᠲᠣᠭᠤᠷᠢᠨ ᠤ | ᠡᠷᠬᠡ ᠠᠰᠢᠭ ᠢ ᠪᠠᠲᠤᠯᠠᠨ᠎ᠠ᠃ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ᠂ ᠳᠡᠯᠭᠡᠨ ᠦᠵᠡᠭᠦᠯᠬᠦ᠂ ᠠᠵᠢᠯ ᠤᠨ | ᠪᠠᠶᠢᠷᠢ ᠳᠤ ᠡᠭᠦᠳᠦᠨ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠶᠠᠩᠵᠤ ᠶᠢᠨ ᠪᠣᠬᠢᠷᠲᠤᠯ ᠥᠬᠡᠶ | ᠠᠮᠢ ᠠᠬᠤᠶ ᠶᠢᠨ ᠭᠤᠤᠯ ᠰᠡᠳᠦᠪᠲᠦ ᠣᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢᠨ ᠣᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠠᠮᠢ ᠠᠬᠤᠶ ᠶᠢᠨ | ᠪᠣᠯᠪᠠᠰᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠳᠣᠭᠳᠠᠭᠠᠵᠣ᠂ ᠠᠮᠢ ᠠᠬᠤᠶ ᠶᠢᠨ ᠪᠣᠯᠪᠠᠰᠤᠨ ᠤ | ᠬᠢᠨᠠᠨ ᠰᠢᠯᠭᠠᠯᠲᠠ ᠶᠢᠨ ᠭᠦᠢᠴᠡᠳᠬᠡᠯ ᠲᠤᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠲᠦᠮᠵᠢ ᠶᠢ ᠰᠢᠯᠭᠠᠨ | ᠦᠨᠡᠯᠡᠬᠦ ᠳᠣᠭᠳᠠᠯᠴᠠᠭ᠎ᠠ ᠳᠤ ᠣᠷᠣᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠᠲᠤ | ᠬᠠᠷᠢᠭᠤᠴᠠᠯᠭ᠎ᠠ ᠶᠢᠨ ᠲᠦᠷᠢᠮ ᠪᠠᠶᠢᠭᠤᠯᠬᠤ ᠶᠢ ᠠᠬᠢᠭᠤᠯᠵᠤ᠂ ᠮᠥᠷᠳᠡᠨ ᠬᠠᠮᠢᠶᠠᠷᠣᠯᠲᠠ ᠶᠢ ᠴᠢᠩᠭᠠᠳᠬᠠᠵᠤ᠂ | ᠡᠳ᠋ ᠤᠨ ᠵᠠᠰᠠᠭ ᠤᠨ ᠠᠵᠢᠯ ᠤᠨ ᠪᠦᠲᠦᠮᠵᠢ ᠶᠢᠨ ᠦᠨᠡᠯᠡᠯᠳᠡ ᠶᠢ ᠨᠡᠶᠢᠳᠡᠮ ᠪᠦᠷᠭᠦᠭᠦᠯᠵᠦ᠂᠂ ᠬᠢᠨᠠᠨ ᠪᠤᠳᠤᠵᠤ | ᠬᠢᠨᠠᠯᠲᠠ ᠲᠠᠯᠪᠢᠬᠤ ᠪᠠ ᠲᠤᠰᠬᠠᠶ ᠴᠠᠭᠳᠠᠨ ᠪᠠᠶᠢᠴᠠᠭᠠᠯᠲᠠ ᠶᠢ ᠥᠷᠨᠢᠭᠦᠯᠦᠨ᠎ᠡ᠃ | ᠬᠤᠶᠠᠷ᠂ ᠪᠣᠬᠢᠷᠲᠤᠯ ᠥᠬᠡᠶ ᠬᠥᠭᠵᠢᠯᠲᠡ ᠶᠢᠨ ᠠᠷᠭ᠎ᠠ ᠶᠢ ᠪᠦᠷᠢᠯᠳᠦᠭᠦᠯᠦᠨ᠎ᠡ | ᠦᠢᠯᠡᠳᠪᠦᠷᠢᠯᠡᠯ ᠤᠨ ᠠᠷᠭ᠎ᠠ ᠶᠢ ᠪᠣᠬᠢᠷᠲᠤᠯ ᠥᠬᠡᠶ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠵᠤ᠂ | ᠪᠣᠬᠢᠷᠲᠤᠯ ᠥᠬᠡᠶ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠠᠵᠤ ᠦᠢᠯᠡᠰ ᠢ ᠬᠥᠭᠵᠢᠭᠦᠯᠦᠨ᠂ ᠪᠣᠬᠢᠷᠲᠤᠯ ᠥᠬᠡᠶ ᠵᠢᠷᠤᠭ ᠲᠦᠯᠦᠪᠵᠢᠭᠦᠯᠬᠡ ᠪᠠ ᠦᠢᠯᠡᠳᠪᠦᠷᠢᠯᠡᠯ | ᠢ ᠬᠡᠷᠡᠭᠵᠢᠭᠦᠯᠵᠦ᠂ ᠦᠢᠯᠡᠳᠬᠦᠨ ᠢ ᠬᠡᠲᠦᠷᠡᠲᠡᠯ᠎ᠡ ᠪᠣᠭᠤᠳᠠᠯᠯᠠᠬᠤ ᠶᠢ ᠬᠢᠵᠠᠭᠠᠷᠯᠠᠨ᠂ ᠭᠤᠣᠯᠳᠠᠯᠭ᠎ᠠ ᠲᠠᠢ ᠠᠵᠢᠯ | ᠲᠥᠷᠥᠯ ᠪᠠ ᠴᠢᠬᠤᠯᠠ ᠬᠦᠷᠢᠶ᠎ᠡ ᠴᠠᠷᠠᠭ᠎ᠠ ᠶᠢᠨ ᠪᠣᠬᠢᠷᠲᠤᠯ ᠥᠬᠡᠶ ᠥᠭᠡᠷᠡᠴᠢᠯᠡᠯᠲᠡ ᠶᠢ ᠠᠬᠢᠭᠤᠯᠵᠤ᠂ ᠠᠮᠢ | ᠠᠬᠤᠶᠢᠴᠢᠯᠠᠭᠰᠠᠨ ᠮᠠᠯ ᠠᠵᠤ ᠠᠬᠤᠶ᠂ ᠪᠣᠬᠢᠷᠲᠤᠯ ᠥᠬᠡᠶ ᠠᠵᠤ ᠦᠢᠯᠡᠳᠪᠦᠷᠢ᠂ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠢᠶᠠᠷ ᠰᠠᠭᠤᠷᠢ ᠪᠣᠯᠭᠠᠭᠰᠠᠨ ᠲᠠᠯ᠎ᠠ ᠨᠣᠳᠤᠭ ᠤᠨ ᠠᠮᠢ ᠠᠬᠤᠶ ᠶᠢᠨ ᠠᠵᠤ ᠦᠢᠯᠡᠰ ᠤᠨ | ᠲᠣᠭᠳᠠᠯᠴᠠᠭ᠎ᠠ ᠶᠢ ᠪᠠᠶᠢᠭᠤᠯᠤᠨ᠎ᠠ᠃ ᠡᠷᠡᠭᠦᠯ ᠢᠶᠠᠷ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠪᠠᠷᠢᠮᠲᠠᠯᠠᠵᠤ᠂ ᠪᠣᠬᠢᠷᠲᠤᠯ | ᠥᠬᠡᠶ ᠣᠷᠭᠠᠨᠢᠭ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠦᠢᠯᠡᠳᠪᠦᠷᠢᠯᠡᠵᠦ᠂ ᠢᠳᠡᠰᠢᠨ ᠨᠣᠭᠤᠭ᠎ᠠ᠂ | ᠢᠳᠡᠰᠢᠨ ᠤ ᠮᠥᠭᠦ ᠪᠠ ᠣᠨᠴᠠᠭᠠᠢ ᠲᠡᠵᠢᠭᠡᠨ ᠦᠷᠡᠵᠢᠭᠦᠯᠬᠦ ︵ᠢᠳᠡᠭᠡᠨ ᠤ ᠪᠤᠰᠤ︶ ᠵᠡᠷᠭᠡ ᠣᠶ ᠰᠢᠭᠤᠢ ᠶᠢᠨ ᠠᠵᠤ | ᠠᠬᠤᠶ ᠶᠢ ᠶᠡᠬᠡᠪᠡᠷ ᠬᠥᠭᠵᠢᠭᠦᠯᠦᠨ᠎ᠡ᠃ ᠪᠣᠬᠢᠷᠲᠤᠯ ᠦᠭᠡᠢ ᠠᠮᠢ ᠠᠬᠤᠢ ᠶᠢᠨ ᠦᠢᠯᠡᠴᠢᠯᠡᠭᠡᠨ ᠤ ᠦᠢᠯᠡᠰ ᠢ | ᠭᠤᠣᠯᠳᠠᠯᠭ᠎ᠠ ᠲᠠᠢ ᠬᠥᠭᠵᠢᠭᠦᠯᠵᠦ᠂ ᠪᠣᠬᠢᠷᠲᠤᠯ ᠦᠭᠡᠢ ᠬᠡᠷᠡᠭᠯᠡᠭᠡᠨ ᠤ ᠣᠷᠣᠨ ᠵᠠᠢ ᠶᠢ ᠦᠨᠡᠨᠬᠦ ᠡᠬᠦᠳᠴᠣ᠂ | ᠪᠣᠬᠢᠷᠲᠤᠯ ᠦᠭᠡᠢ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠷᠪᠢᠴᠢ ᠭᠠᠮᠲᠠᠢ ᠬᠡᠷᠡᠭᠯᠡᠭᠡ | ᠂ ᠣᠶᠤᠨᠴᠢ ᠬᠡᠷᠡᠭᠯᠡᠭᠡ ᠶᠢ ᠰᠠᠨᠠᠭᠠᠴᠢᠯᠠᠵᠤ᠂ ᠪᠣᠬᠢᠷᠲᠤᠯ ᠦᠭᠡᠢ ᠬᠡᠷᠡᠭᠯᠡᠭᠡᠨ ᠤ ᠪᠠᠶᠢᠩᠭᠤ ᠶᠢᠨ ᠪᠦᠳᠦᠮᠵᠢᠲᠦ | ᠲᠣᠭᠲᠠᠴᠠ ᠶᠢ ᠪᠠᠶᠢᠭᠤᠯᠵᠣ᠂ ᠳᠣᠣᠷ᠎ᠠ ᠳᠠᠭᠠᠭᠠᠴᠠᠳᠣ ᠨᠡᠶᠢᠭᠡᠮ ᠤᠨ ᠬᠡᠷᠡᠭᠯᠡᠭᠡᠨ ᠤ ᠳᠣᠭᠳᠠᠯᠴᠠᠭ᠎ᠠ ᠶᠢ | ᠪᠠᠶᠢᠭᠤᠯᠤᠨ᠎ᠠ᠃ | ᠭᠤᠷᠪᠠ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠶᠢ ᠴᠢᠩᠭᠠᠳᠬᠠᠨ᠎ᠠ | ᠣᠷᠴᠢᠨ ᠲᠣᠭᠤᠷᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠳᠣᠭᠳᠠᠯᠴᠠᠭ᠎ᠠ ᠪᠠ ᠣᠷᠴᠢᠨ | ᠲᠣᠭᠤᠷᠢᠨ ᠤ ᠬᠢᠨᠠᠨ ᠬᠡᠮᠵᠢᠯᠲᠡ ᠶᠢᠨ ᠲᠣᠭᠳᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠣ᠂ ᠠᠮᠢ ᠠᠬᠤᠢ ᠶᠢᠨ | ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠦᠨᠡᠯᠡᠬᠦ ᠳᠦᠷᠢᠮ ᠢ ᠪᠦᠷᠢᠨᠰᠢᠬᠦᠯᠵᠣ᠂ ᠣᠶᠤᠨᠴᠢ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠳᠣᠭᠳᠠᠯᠴᠠᠭ᠎ᠠ ᠶᠢ ᠪᠠᠶᠢᠭᠤᠯᠵᠤ᠂ ᠣᠢ ᠰᠢᠭᠤᠢ ᠲᠠᠯ᠎ᠠ | ᠨᠣᠳᠤᠭ ᠤᠨ ᠠᠮᠢ ᠠᠬᠤᠢ ᠶᠢᠨ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠨ᠂ ᠲᠤᠭ᠎ᠠ ᠪᠠᠷᠢᠮᠲᠠ ᠶᠢ ᠬᠢᠨᠠᠨ ᠬᠡᠮᠵᠢᠵᠣ ᠬᠠᠮᠳᠣᠪᠡᠷ ᠡᠳ᠋ᠯᠡᠬᠦ ᠲᠣᠭᠲᠠᠴᠠ ᠶᠢ | ᠪᠠᠶᠢᠭᠤᠯᠤᠨ᠎ᠠ᠃ ᠡᠬᠢ ᠪᠠᠶᠠᠯᠢᠭ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠳᠣᠭᠳᠠᠯᠴᠠᠭ᠎ᠠ ᠶᠢ ᠪᠠᠶᠢᠭᠤᠯᠵᠤ᠂ ᠬᠢᠨᠠᠨ ᠪᠠᠶᠢᠴᠠᠭᠠᠵᠣ ᠬᠠᠤᠯᠢ ᠬᠡᠷᠡᠭᠵᠢᠬᠦᠯᠬᠦ ᠰᠢᠭᠤᠳ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠦᠨ᠂ ᠲᠣᠣᠷᠴᠢᠯᠠᠭᠰᠠᠨ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ | ᠲᠣᠭᠳᠠᠯᠴᠠᠭᠠᠨ ᠤ ᠪᠠᠶᠢᠭᠤᠯᠤᠯᠲᠠ ᠵᠢᠴᠢ ᠪᠣᠬᠢᠷᠲᠤᠯ ᠤᠨ ᠡᠬᠢ ︽ᠬᠤᠶᠠᠷ ᠢ ᠰᠣᠭᠤᠴᠢᠨ ᠪᠠᠶᠢᠴᠠᠭᠠᠬᠤ︾ ᠬᠢᠨᠠᠨ | ᠬᠠᠮᠢᠶᠠᠷᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢ ᠪᠦᠷᠢᠯᠭᠡᠨ ᠰᠦᠢᠳᠬᠡᠬᠦ᠂ | ᠬᠠᠤᠯᠢ ᠠᠴᠠ ᠵᠥᠷᠢᠴᠡᠨ ᠪᠣᠬᠢᠷᠲᠤᠯ ᠪᠣᠳᠠᠰ ᠭᠠᠳᠠᠭᠰᠢᠯᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ | ᠬᠤᠬᠢᠷᠠᠭᠤᠯᠬᠤ ᠵᠡᠷᠭᠡ ᠠᠵᠢᠯᠯᠠᠭ᠎ᠠ ᠶᠢ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠪᠠ ᠶᠡᠷᠦᠩᠬᠡᠶᠢᠯᠡᠨ ᠵᠠᠯᠬᠠᠭᠠᠨ | ᠰᠢᠢᠳᠬᠡᠯᠳᠡ ᠶᠢᠨ ᠡᠷᠴᠢᠮ ᠢ ᠴᠢᠩᠭᠠᠷᠠᠭᠤᠯᠤᠨ᠎ᠠ᠃ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠦᠷᠢᠨᠰᠢᠬᠦᠯᠵᠦ᠂ ᠣᠷᠴᠢᠨ ᠲᠣᠭᠤᠷᠢᠨ ᠤ ᠪᠣᠬᠢᠷᠲᠤᠯ ᠤᠨ ᠭᠤᠷᠪᠠᠳᠠᠬᠢ ᠡᠲᠡᠭᠡᠳ ᠤᠨ ᠬᠢᠨᠠᠨ | ᠰᠢᠨᠵᠢᠵᠦ ᠦᠨᠡᠯᠡᠬᠦ ᠲᠣᠭᠲᠠᠴᠠ ᠶᠢ ᠬᠡᠷᠡᠭᠵᠢᠭᠦᠯᠦᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠲᠦᠷᠢᠮ ᠢ ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ | ᠬᠤᠬᠢᠷᠠᠭᠤᠯᠪᠠᠯ ᠲᠦᠯᠦᠪᠦᠷᠢᠯᠡᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠣ᠂ ᠢᠯᠡᠴᠢᠯᠡᠨ ᠮᠡᠳᠡᠬᠦᠯᠪᠡᠯ ᠱᠠᠩᠨᠠᠨ ᠬᠦᠬᠢᠬᠦᠯᠬᠦ | ᠶᠢ ᠵᠣᠷᠢᠭᠵᠢᠭᠤᠯᠤᠨ᠎ᠠ᠃ | |