ᠳᠥᠷᠪᠡᠳᠦᠭᠡᠷ ᠪᠦᠯᠦᠭ ᠣᠲᠣ ᠦᠶ᠎ᠡ ᠶᠢᠨ ᠪᠣᠬᠢᠷᠲᠤᠯ ᠥᠬᠡᠶ ᠠᠵᠤ ᠦᠢᠯᠡᠰ ᠤᠨ ᠲᠣᠭᠳᠠᠯᠴᠠᠭ᠎ᠠ ᠶᠢ | ᠪᠠᠶᠢᠭᠤᠯᠣᠨ᠎ᠠ | ᠳᠠᠪᠠᠭᠤᠯᠢᠭ ᠣᠨᠴᠠᠯᠢᠭᠲᠤ ᠲᠣᠯᠣᠭᠠᠶᠢᠴᠠᠭᠴᠢ ᠠᠵᠤ ᠦᠢᠯᠡᠰ ᠪᠠᠷ᠂ ᠠᠵᠤ ᠦᠢᠯᠡᠰ ᠢ ᠪᠣᠬᠢᠷᠲᠤᠯ ᠦᠭᠡᠢ | ᠲᠡᠰᠢ ᠬᠤᠪᠢᠷᠠᠭᠤᠯᠵᠣ᠂ ᠰᠢᠨ᠎ᠡ ᠬᠡᠯᠪᠡᠷᠢ ᠶᠢᠨ ᠬᠥᠲᠥᠯᠥᠨ ᠲᠠᠭᠠᠭᠤᠯᠣᠯᠳᠠ᠂ ᠰᠢᠨ᠎ᠡ ᠮᠡᠷᠭᠡᠵᠢᠯ ᠳᠡᠰᠢ | ᠬᠥᠭᠵᠢᠭᠦᠯᠬᠦ ᠶᠢ ᠠᠬᠢᠭᠤᠯᠵᠤ᠂ ᠣᠯᠠᠨ ᠡᠰᠢᠴᠢᠯᠡᠨ ᠬᠥᠭᠵᠢᠬᠦ᠂ ᠣᠯᠠᠨ ᠲᠠᠯ᠎ᠠ ᠪᠠᠷ ᠲᠤᠯᠭᠠᠭᠤᠷᠢᠯᠠᠬᠤ ᠤᠳᠤ | ᠦᠶ᠎ᠡ ᠶᠢᠨ ᠠᠵᠤ ᠦᠢᠯᠡᠰ ᠤᠨ ᠰᠢᠨ᠎ᠡ ᠳᠣᠭᠳᠠᠯᠴᠠᠭ᠎ᠠ ᠶᠢ ᠪᠠᠶᠢᠭᠤᠯᠵᠤ᠂ ᠰᠢᠨ᠎ᠡ ᠬᠠᠭᠤᠴᠢᠨ ᠬᠥᠳᠡᠯᠭᠡᠬᠦ | ᠡᠨᠧᠷᠭᠢ ᠶᠢᠨ ᠡᠮᠬᠢ ᠵᠢᠷᠤᠮ ᠲᠠᠢ ᠪᠠᠷ ᠣᠯᠠᠷᠢᠭᠤᠯᠬᠤ ᠶᠢ ᠪᠡᠶᠡᠯᠡᠭᠦᠯᠦᠨ᠎ᠡ᠃ ︽ᠨᠢᠭᠡᠳᠦᠭᠡᠷ ᠠᠵᠤ ᠦᠢᠯᠡᠰ ᠢ | ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠦᠨ᠂ ᠭᠤᠷᠪᠠᠳᠤᠭᠠᠷ ᠠᠵᠤ ᠦᠢᠯᠡᠰ ᠢ | ᠰᠢᠨᠡᠳᠬᠡᠬᠦ︾ ᠰᠡᠳᠬᠢᠴᠡ ᠶᠣᠰᠣᠭᠠᠷ᠂ ᠣᠨᠴᠠᠯᠢᠭᠲᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠬᠤ᠂ ᠣᠳᠣᠬᠢᠴᠢᠯᠠᠭᠰᠠᠨ ᠡᠨᠧᠷᠭᠢ᠂ ᠰᠣᠶᠣᠯ ᠵᠢᠭᠤᠯᠴᠢᠯᠠᠯ᠂ ᠪᠣᠭᠤᠮᠲᠠ ᠶᠢᠨ ᠠᠵᠤ ᠠᠬᠤᠢ ᠵᠡᠷᠭᠡ | ᠳᠥᠷᠪᠡᠨ ᠶᠡᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢ | ᠪᠡᠶᠡᠯᠡᠭᠦᠯᠦᠨ᠎ᠡ᠃ | ᠨᠢᠭᠡᠳᠦᠭᠡᠷ ᠬᠡᠰᠡᠭ ᠠᠮᠢ ᠠᠬᠤᠶᠢᠴᠢᠯᠠᠭᠰᠠᠨ ᠮᠠᠯ ᠠᠵᠤ ᠠᠬᠤᠢ | ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠪᠠᠲᠤᠯᠠᠬᠤ ᠪᠠᠷ ᠬᠠᠷᠠᠯᠲᠠ ᠪᠣᠯᠭᠠᠨ᠂ ᠡᠪᠡᠰᠦ ᠪᠡᠯᠴᠢᠭᠡᠷ ᠢᠶᠠᠷ | ᠢᠷᠡᠯᠲᠡ ᠪᠣᠯᠭᠠᠨ ᠮᠠᠯ ᠠᠵᠤ ᠠᠬᠤᠶ ᠶᠢᠨ ᠣᠷᠴᠢᠯ ᠠᠵᠤ ᠠᠬᠤᠶ ᠶᠢ ᠬᠥᠭᠵᠢᠭᠦᠯᠦᠨ᠎ᠡ᠃ ᠮᠢᠬᠠᠨ ᠬᠤᠨᠢ᠂ ᠮᠢᠬᠠᠨ | ᠦᠬᠡᠷ᠂ ᠲᠡᠵᠢᠭᠡᠯ ᠡᠪᠡᠰᠦ ᠭᠤᠷᠪᠠᠨ ᠶᠡᠭᠡ ᠳᠠᠪᠠᠭᠤᠯᠢᠭ ᠠᠵᠤ ᠦᠢᠯᠡᠰ ᠪᠠ ᠠᠳᠤᠭᠤᠨ ᠤ ᠠᠵᠤ ᠦᠢᠯᠡᠰ᠂ | ᠤᠯᠠᠮᠵᠢᠯᠠᠯᠲᠤ ᠴᠠᠭᠠᠨ ᠢᠳᠡᠭᠡ ᠬᠤᠶᠠᠷ ᠶᠡᠭᠡ ᠣᠨᠴᠠᠯᠢᠭᠲᠤ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ | ︽3 + 2︾ ᠠᠮᠢ ᠠᠬᠤᠢ ᠶᠢᠨ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠭᠵᠢᠯᠲᠡ ᠶᠢᠨ | ᠲᠣᠭᠳᠠᠯᠴᠠᠭ᠎ᠠ ᠶᠢ ᠪᠠᠶᠢᠭᠤᠯᠤᠨ᠎ᠠ᠃ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠥᠯᠳᠦᠬᠦ | ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠭᠠᠷᠭᠠᠯᠲᠠ ᠨᠢ ᠥᠨᠳᠥᠷ᠂ ᠦᠢᠯᠡᠳᠬᠦᠨ ᠨᠢ ᠠᠮᠤᠷ ᠲᠦᠪᠰᠢᠨ᠂ | ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠲᠣᠬᠢᠷᠠᠭᠤᠯᠭ᠎ᠠ ᠡᠵᠡᠮᠰᠢᠯ ᠨᠢ ᠪᠦᠲᠦᠮᠵᠢᠲᠡᠶ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ 2025 ᠣᠨ ᠪᠣᠯᠬᠤ ᠳᠤ᠂ | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 19 ᠳ᠋ᠦᠩᠰᠢᠭᠤᠷ ᠲᠥᠭᠦᠷᠢᠭ ᠳᠠᠪᠠᠭᠤᠯᠣᠨ᠎ᠠ᠃ | ᠨᠢᠭᠡ᠂ ᠲᠡᠵᠢᠭᠡᠯ ᠡᠪᠡᠰᠦᠨ ᠤ ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ ᠬᠦᠭᠵᠢᠬᠦᠯᠦᠨ᠎ᠡ | ᠲᠠᠯ᠎ᠠ ᠨᠣᠳᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠤᠷᠢᠳᠠᠪᠠᠷ ᠪᠣᠳᠣᠯᠬᠢᠯᠠᠵᠣ᠂ ᠪᠠᠶᠢᠭᠠᠯᠢᠯᠢᠭ | ᠲᠡᠵᠢᠭᠡᠯ ᠡᠪᠡᠰᠦᠨ ᠤ ᠭᠠᠷᠤᠯᠲᠠ ᠶᠢᠨ ᠣᠷᠣᠨ ᠤ ᠳᠠᠪᠠᠭᠤᠯᠢᠭ ᠢ ᠭᠦᠢᠴᠡᠳ ᠪᠠᠳᠠᠷᠠᠭᠤᠯᠣᠨ᠂ ᠲᠠᠯ᠎ᠠ ᠨᠣᠳᠤᠭ ᠤᠨ | ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠪᠠᠶᠢᠩᠭᠤ ᠶᠢᠨ ᠪᠦᠳᠦᠮᠵᠢᠲᠦ ᠲᠣᠭᠲᠠᠴᠠ ᠶᠢ ᠪᠠᠶᠢᠭᠤᠯᠵᠣ᠂ | ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠵᠦ ᠰᠢᠯᠵᠢᠬᠦᠯᠬᠦ ᠶᠢ ᠵᠢᠷᠣᠮᠵᠢᠭᠤᠯᠵᠣ᠂ ︽ᠵᠠᠰᠠᠭ ᠤᠨ | ᠣᠷᠳᠣᠨ ᠠᠴᠠ ᠭᠤᠣᠯᠯᠠᠨ ᠤᠳᠤᠷᠢᠳᠬᠤ + ᠠᠵᠤ ᠠᠬᠤᠶᠢᠯᠠᠯᠴᠢᠯᠠᠭᠰᠠᠨ ᠬᠠᠮᠢᠶᠠᠷᠤᠯᠲᠠ + ᠵᠠᠬ᠎ᠠ ᠳᠡᠯᠭᠡᠬᠦᠷᠴᠢᠯᠡᠨ | ᠡᠵᠡᠩᠨᠡᠬᠦ︾ ᠪᠠ ︽ᠮᠠᠯᠵᠢᠬᠤ ᠡᠷᠦᠬᠡ ᠬᠤᠪᠢ ᠣᠷᠣᠬᠤ + ᠭᠠᠴᠠᠭᠠᠨ ᠠᠴᠠ ᠡᠵᠡᠩᠨᠡᠬᠦ + ᠬᠠᠮᠳᠣᠪᠡᠷ ᠠᠰᠢᠭ | ᠬᠤᠪᠢᠶᠠᠷᠢᠯᠠᠬᠤ︾ ᠬᠡᠯᠪᠡᠷᠢ ᠶᠢ ᠪᠠᠶᠢᠭᠤᠯᠣᠨ᠂ ᠲᠡᠵᠢᠭᠡᠯ ᠡᠪᠡᠰᠦ ᠡᠳ᠋ᠰᠢᠬᠦᠯᠦᠨ ᠪᠣᠯᠪᠠᠰᠣᠷᠠᠭᠤᠯᠬᠤ | ᠲᠣᠯᠣᠭᠠᠶᠢᠯᠠᠭᠴᠢ ᠠᠵᠤ ᠠᠬᠤᠶᠢᠯᠠᠯ ᠢ ᠳᠠᠳᠠᠨ ᠣᠷᠣᠭᠤᠯᠵᠣ᠂ ᠲᠡᠵᠢᠭᠡᠯ ᠡᠪᠡᠰᠦ ᠶᠢ ᠲᠣᠬᠠᠢ ᠶᠢᠨ ᠭᠠᠵᠠᠷ ᠲᠤᠨᠢ | ᠪᠣᠯᠪᠠᠰᠤᠷᠠᠭᠤᠯᠬᠤ ᠶᠢ ᠵᠣᠷᠢᠭᠵᠢᠭᠤᠯᠤᠨ ᠳᠡᠮᠵᠢᠵᠣ᠂ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠶᠢ ᠨᠢᠭᠡ | ᠴᠣᠭᠴᠠᠵᠢᠭᠤᠯᠤᠭᠰᠠᠨ ᠨᠦᠭᠡᠴᠡᠯᠡᠨ ᠬᠦᠮᠦᠷᠭᠡᠯᠡᠬᠦ᠂ ᠡᠳ᠋ᠰᠢᠬᠦᠯᠦᠨ ᠪᠣᠯᠪᠠᠰᠤᠷᠠᠭᠤᠯᠬᠤ᠂ ᠲᠣᠬᠢᠷᠠᠭᠤᠯᠤᠨ ᠬᠦᠷᠭᠡᠬᠦ | ᠲᠣᠭᠲᠠᠯᠴᠠᠭ᠎ᠠ ᠶᠢ ᠢᠳᠡᠪᠬᠢᠲᠠᠢ ᠪᠣᠶᠢᠵᠢᠭᠤᠯᠵᠣ᠂ ᠵᠡᠭᠦᠨ ᠦᠵᠦᠮᠦᠴᠢᠨ ᠬᠤᠰᠢᠭᠤᠨ ᠤ ᠡᠪᠡᠰᠦ ᠪᠣᠷᠳᠤᠭ᠎ᠠ | ᠪᠣᠯᠪᠠᠰᠤᠷᠠᠭᠤᠯᠬᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠳᠡᠮᠵᠢᠵᠣ᠂ ᠡᠪᠡᠰᠦ ᠪᠣᠷᠳᠣᠭᠠᠨ ᠤ ᠦᠢᠯᠡᠰ ᠤᠨ ᠬᠡᠪᠴᠢᠶᠡᠵᠢᠭᠰᠡᠨ᠂ ᠠᠵᠣ ᠦᠢᠯᠡᠰᠵᠢᠭᠰᠡᠨ᠂ ᠵᠠᠬ᠎ᠠ | ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠣᠨ᠎ᠠ᠃ ᠡᠪᠡᠰᠦ ᠪᠣᠷᠳᠤᠭ᠎ᠠ ᠶᠢᠨ ᠠᠵᠤ ᠦᠢᠯᠡᠰ ᠤᠨ ᠬᠢᠨᠠᠨ | ᠬᠠᠮᠢᠶᠠᠷᠤᠯᠲᠠ ᠶᠢ ᠴᠢᠩᠭᠠᠳᠬᠠᠵᠤ᠂ ᠬᠤᠰᠢᠭᠤ᠂ ᠰᠤᠮᠤ ᠪᠠᠯᠭᠠᠰᠤᠨ ᠤ ᠲᠠᠯ᠎ᠠ ᠨᠣᠳᠤᠭ ᠤᠨ ᠬᠠᠤᠯᠢ | ᠬᠡᠷᠡᠭᠵᠢᠭᠦᠯᠦᠯᠲᠡ ᠶᠢᠨ ᠬᠢᠨᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠡᠭᠦᠨ ᠬᠠᠲᠠᠪᠴᠢ ᠶᠢᠨ | ᠪᠠᠶᠢᠭᠠᠯᠢᠯᠢᠭ ᠡᠪᠡᠰᠦ ᠪᠣᠷᠳᠤᠭ᠎ᠠ ᠶᠢ ᠪᠠᠶᠢᠴᠠᠭᠠᠨ ᠬᠡᠮᠵᠢᠬᠦ ᠣᠷᠣᠨ ᠪᠦᠰᠡ ᠶᠢᠨ ᠴᠢᠨᠠᠷᠲᠠᠢ ᠲᠦᠪ ᠲᠤᠷᠰᠢᠯᠲᠠ ᠶᠢᠨ | ᠲᠠᠰᠤᠭ ᠢ ᠪᠠᠶᠢᠭᠤᠯᠵᠤ᠂ ᠲᠠᠯ᠎ᠠ ᠨᠣᠳᠤᠭ ᠤᠨ ᠡᠷᠭᠡ ᠶᠢᠨ ᠰᠢᠯᠵᠢᠯᠲᠡ ᠳᠤ ᠦᠢᠯᠡᠴᠢᠯᠡᠬᠦ ᠳᠠᠪᠴᠠᠩ ᠢ ᠪᠠᠶᠢᠭᠤᠯᠵᠣ᠂ | ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠨ᠂ ᠠᠵᠢᠯᠯᠠᠭ᠎ᠠ ᠶᠢ ᠳᠦᠷᠢᠮᠵᠢᠭᠦᠯᠵᠦ᠂ ᠬᠤᠭᠤᠴᠠᠭ᠎ᠠ ᠬᠤᠪᠢᠶᠠᠨ | ᠪᠢᠲᠡᠭᠦᠮᠵᠢᠯᠡᠨ ᠪᠤᠶᠢᠵᠢᠭᠤᠯᠬᠤ᠂ ᠰᠡᠯᠬᠦᠨ ᠬᠠᠳᠤᠵᠤ ᠠᠰᠢᠭᠯᠠᠬᠤ᠂ ᠮᠠᠰᠢᠨᠴᠢᠯᠠᠭᠰᠠᠨ ᠦᠢᠯᠡᠳᠪᠦᠷᠢᠯᠡᠯ ᠢ | ᠬᠡᠷᠡᠭᠵᠢᠭᠦᠯᠵᠦ᠂ ᠡᠪᠡᠰᠦ ᠪᠣᠷᠳᠣᠭᠠᠨ ᠤ ᠠᠵᠤ ᠦᠢᠯᠡᠰ ᠤᠨ ᠨᠡᠷ᠎ᠡ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ᠃ | ᠡᠪᠡᠰᠦ ᠪᠣᠷᠳᠤᠭ᠎ᠠ ᠨᠥᠭᠡᠴᠡᠯᠡᠬᠦ ᠲᠦᠷᠢᠮ ᠢ ᠪᠠᠶᠢᠭᠤᠯᠵᠣ᠂ ︽ᠵᠠᠰᠠᠭ ᠤᠨ ᠣᠷᠳᠣᠨ + ᠠᠵᠤ ᠠᠬᠤᠶᠢᠯᠠᠯ︾ ᠤᠨ | ᠡᠪᠡᠰᠦ ᠪᠣᠷᠳᠤᠭ᠎ᠠ ᠶᠢᠨ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠰᠡᠷᠭᠡᠶᠢᠯᠡᠬᠦ ᠪᠠᠲᠤᠯᠠᠭ᠎ᠠ ᠶᠢᠨ ᠵᠠᠭᠪᠤᠷ ᠢ | ᠴᠢᠩᠭᠠᠳᠬᠠᠨ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ | ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠶᠡᠷᠦᠩᠬᠡᠶᠢᠯᠡᠭᠰᠡᠨ ᠬᠡᠯᠪᠡᠷᠢ ᠶᠢᠨ | ᠡᠪᠡᠰᠦᠨ ᠤ ᠦᠢᠯᠡᠰ ᠤᠨ ᠵᠠᠬ᠎ᠠ ᠳᠡᠯᠭᠡᠭᠦᠷ ᠢ 1 ᠪᠠᠶᠢᠭᠤᠯᠵᠤ᠂ ᠥᠨᠳᠥᠷ ᠤᠨᠠᠯᠲᠠ ᠲᠠᠢ ᠲᠡᠵᠢᠭᠡᠯ ᠪᠣᠷᠳᠤᠭ᠎ᠠ | ᠳᠠᠷᠢᠬᠤ ᠲᠠᠯᠠᠪᠠᠶ 5.3 ᠲᠦᠮᠡᠨ ᠮᠥ ᠳᠤ ᠬᠦᠷᠭᠡᠨ᠎ᠡ᠃ | ᠬᠤᠶᠠᠷ᠂ ᠰᠢᠯᠢᠳᠡᠭ ᠡᠭᠦᠯᠳᠡᠷ ᠤᠨ ᠮᠠᠯ ᠢ ᠦᠷᠡᠵᠢᠭᠦᠯᠦᠨ ᠪᠣᠶᠢᠵᠢᠭᠤᠯᠣᠨ᠎ᠠ | ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠎ᠡ᠃ ︽ᠬᠤᠨᠢ ᠶᠢ ᠴᠥᠭᠡᠳᠬᠡᠨ᠂ ᠦᠬᠡᠷ ᠢ | ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠠᠯ᠎ᠠ ᠨᠣᠳᠤᠭ ᠤᠨ ᠣᠨᠴᠠᠯᠢᠭ ᠲᠠᠢ | ᠤᠶᠠᠯᠳᠤᠭᠤᠯᠤᠨ᠂ ᠦᠢᠯᠡᠳᠪᠦᠷᠢᠯᠡᠯ ᠤᠨ ᠬᠦᠴᠦᠨ ᠤ ᠡᠯᠧᠮᠧᠨ᠋ᠲ ᠢ ᠨᠢᠭᠡᠳᠬᠡᠵᠦ᠂ ᠮᠠᠯ ᠠᠵᠤ ᠠᠬᠤᠢ ᠶᠢᠨ ᠠᠵᠤ | ᠦᠢᠯᠡᠰ ᠤᠨ ᠪᠠᠶᠢᠷᠢᠯᠠᠭᠤᠯᠤᠯᠲᠠ ᠶᠢ ᠵᠣᠬᠢᠰᠲᠠᠢ ᠲᠥᠯᠥᠪᠵᠢᠭᠦᠯᠦᠨ᠂ ᠲᠡᠵᠢᠭᠡᠨ ᠦᠷᠡᠵᠢᠭᠦᠯᠬᠦ ᠪᠦᠲᠦᠴᠡ ᠶᠢ | ᠰᠢᠯᠢᠳᠡᠭᠵᠢᠭᠦᠯᠦᠨ᠎ᠡ᠃ 2025 ᠣᠨ ᠪᠣᠯᠬᠤ ᠳᠤ᠂ ᠮᠠᠯᠵᠢᠯ ᠤᠨ ᠣᠨ ᠤ ᠮᠠᠯ ᠤᠨ ᠶᠡᠷᠦᠩᠬᠡᠶ ᠬᠡᠮᠵᠢᠶ᠎ᠡ ᠶᠢ 150 | ᠲᠦᠮᠡ ᠳᠤ ᠬᠢᠵᠠᠭᠠᠷᠯᠠᠵᠤ᠂ ᠡᠭᠦᠨ ᠳᠤ ᠪᠣᠭ ᠮᠠᠯ 142 ᠲᠦᠮᠡ ᠣᠷᠴᠢᠮ᠂ ᠪᠣᠳᠠ ᠮᠠᠯ 8 ᠲᠦᠮᠡ ᠣᠷᠴᠢᠮ᠃ | ᠮᠢᠬᠠᠨ ᠬᠤᠨᠢ ᠶᠢ ᠴᠢᠨᠠᠷᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ ᠲᠡᠰ ᠤᠨ ᠮᠢᠬᠠᠨ | ᠬᠤᠨᠢᠨ ᠤ ᠡᠭᠦᠯᠳᠡᠷ ᠪᠤᠶᠢᠵᠢᠭᠤᠯᠬᠤ ᠭᠤᠣᠯᠳᠠᠯᠭᠠᠳᠣ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ︽ ᠦᠷ᠎ᠡ ᠶᠢᠨ ᠮᠠᠯ ᠤᠨ ᠲᠠᠯᠠᠪᠠᠢ — ᠥᠷᠭᠡᠳᠬᠡᠨ ᠦᠷᠡᠵᠢᠭᠦᠯᠬᠦ ᠲᠠᠯᠠᠪᠠᠢ — ᠭᠤᠣᠯᠳᠠᠯᠭᠠᠲᠤ | ᠰᠦᠷᠦᠭ — ᠪᠠᠷᠢᠮᠵᠢᠶᠠᠵᠢᠭᠰᠠᠨ ᠰᠦᠷᠦᠭ︾ ᠤᠨ ᠰᠠᠶᠢᠨ ᠡᠭᠦᠯᠳᠡᠷ ᠤᠨ ᠮᠢᠬᠠᠨ ᠬᠤᠨᠢᠨ ᠤ ᠳᠦᠷᠪᠡᠨ ᠳᠡᠰ ᠤᠨ | ᠲᠡᠵᠢᠭᠡᠨ ᠦᠷᠡᠵᠢᠭᠦᠯᠬᠦ ᠳᠣᠭᠳᠠᠯᠴᠠᠭ᠎ᠠ ᠶᠢ ᠪᠠᠶᠢᠭᠤᠯᠵᠤ᠂ 2025 ᠣᠨ ᠪᠣᠯᠬᠤ ᠳᠤ᠂ ᠪᠥᠬᠦ ᠬᠤᠰᠢᠭᠤᠨ ᠳᠤ | ᠦᠷ᠎ᠡ ᠶᠢᠨ ᠮᠠᠯ ᠤᠨ ᠲᠠᠯᠠᠪᠠᠢ 3 ᠶᠢ ᠪᠠᠶᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠢ 30 ᠶᠢ ᠪᠠᠶᠢᠭᠤᠯᠣᠨ᠂ | 300 ᠭᠤᠣᠯᠳᠠᠯᠭᠠᠳᠣ ᠰᠦᠷᠦᠭ᠂ 2800 ᠦᠵᠦᠮᠦᠴᠢᠨ ᠬᠤᠨᠢᠨ ᠤ ᠪᠠᠷᠢᠮᠵᠢᠶᠠᠵᠢᠭᠰᠠᠨ ᠰᠦᠷᠦᠭ᠂ 112 | ᠲᠦᠮᠡᠨ ᠲᠣᠯᠣᠭᠠᠢ ᠳᠤ ᠬᠦᠷᠭᠡᠵᠦ᠂ ᠲᠠᠸᠠᠷ ᠤᠨ ᠬᠤᠨᠢ ᠶᠢ 135 ᠲᠦᠮᠡᠨ ᠲᠣᠯᠣᠭᠠᠢ ᠠᠴᠠ ᠳᠠᠪᠠᠭᠤᠯᠵᠣ᠂ ᠪᠣᠭ | ᠮᠠᠯ ᠤᠨ ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ ᠢ 100% ᠳᠤ ᠬᠦᠷᠭᠡᠨ᠎ᠡ᠃ ᠨᠠᠰᠤᠨ ᠳᠤ ᠬᠦᠷᠦᠭᠰᠡᠨ ᠦᠷ᠎ᠡ | ᠶᠢᠨ ᠮᠠᠯ ᠢ ᠰᠢᠨᠡᠳᠬᠡᠬᠦ ᠬᠠᠷᠢᠴᠠᠯ ᠢ 25% ᠠᠴᠠ ᠳᠠᠪᠠᠭᠤᠯᠵᠣ᠂ ᠰᠠᠭᠤᠷᠢ ᠡᠬᠡ ᠮᠠᠯ ᠤᠨ ᠬᠠᠷᠢᠴᠠᠯ ᠢ 85% ᠳᠤ | ᠬᠦᠷᠭᠡᠨ᠎ᠡ᠃ ᠦᠵᠦᠮᠦᠴᠢᠨ ᠴᠠᠭᠠᠨ ᠢᠮᠠᠭᠠᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ | ᠬᠥᠭᠵᠢᠭᠦᠯᠬᠦ ᠶᠢ ᠴᠢᠩᠭᠠᠳᠬᠠᠵᠤ᠂ ᠴᠠᠭᠠᠨ ᠢᠮᠠᠭᠠᠨ ᠤ ᠡᠬᠦᠯᠳᠡᠷ ᠬᠠᠮᠠᠭᠠᠯᠠᠬᠤ ᠲᠠᠯᠠᠪᠠᠢ1 ᠰᠠᠭᠤᠷᠢ ᠪᠠᠶᠢᠭᠤᠯᠤᠨ᠎ᠠ᠃ | | ᠮᠢᠬᠠᠨ ᠦᠬᠡᠷ ᠤᠨ ᠡᠬᠦᠯᠳᠡᠷ ᠤᠨ ᠢᠨᠵᠧᠨᠧᠷᠢᠩ ᠢ ᠬᠡᠷᠡᠭᠵᠢᠭᠦᠯᠦᠨ᠎ᠡ᠃ ︽ᠦᠷ᠎ᠡ ᠶᠢᠨ ᠮᠠᠯ ᠤᠨ ᠲᠠᠯᠠᠪᠠᠢ | — ᠭᠤᠣᠯᠯᠠᠬᠤ ᠰᠦᠷᠦᠭ — ᠠᠷᠠᠴᠢᠯᠠᠨ ᠳᠡᠵᠢᠭᠡᠬᠦ ᠵᠢᠱᠢᠶ᠎ᠡ ᠦᠵᠡᠭᠦᠯᠬᠦ ᠡᠷᠦᠬᠡ︾ ᠶᠢᠨ ᠰᠠᠶᠢᠨ ᠡᠭᠦᠯᠳᠡᠷ ᠤᠨ | ᠮᠢᠬᠠᠨ ᠦᠬᠡᠷ ᠤᠨ ᠭᠤᠷᠪᠠᠳᠤᠭᠠᠷ ᠳᠡᠰ ᠤᠨ ᠳᠡᠵᠢᠭᠡᠨ ᠦᠷᠡᠵᠢᠬᠦᠯᠬᠦ ᠳᠣᠭᠳᠠᠯᠴᠠᠭ᠎ᠠ ᠶᠢ ᠪᠠᠶᠢᠭᠤᠯᠵᠤ᠂ ᠤᠯᠤᠰ | ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠢᠬᠠᠨ ᠦᠬᠡᠷ ᠤᠨ ᠭᠤᠣᠯ ᠰᠠᠭᠤᠷᠢᠨ ᠭᠠᠵᠠᠷ ᠪᠠ ᠦᠷ᠎ᠡ | ᠶᠢᠨ ᠮᠠᠯ ᠤᠨ ᠲᠠᠯᠠᠪᠠᠢ ᠶᠢ ᠭᠤᠣᠯᠳᠠᠯᠭ᠎ᠠ ᠲᠠᠢ ᠪᠠᠶᠢᠭᠤᠯᠵᠣ᠂ ᠡᠭᠦᠯᠳᠡᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | ᠃ 2025 ᠣᠨ ᠪᠣᠯᠬᠤ ᠳᠤ᠂ ᠦᠬᠡᠷ ᠤᠨ ᠡᠭᠦᠯᠳᠡᠷ ᠰᠠᠶᠢᠵᠢᠷᠠᠭᠤᠯᠣᠭᠰᠠᠨ ᠬᠠᠷᠢᠴᠠᠯ ᠢ 95% ᠳᠤ ᠬᠦᠷᠭᠡᠨ᠎ᠡ᠃ | ᠠᠵᠤ ᠠᠬᠤᠶᠢᠯᠠᠯ ︵ᠪᠣᠷᠳᠣᠨ ᠲᠠᠷᠭᠤᠯᠠᠭᠤᠯᠬᠤ ᠲᠠᠯᠠᠪᠠᠶ︶ ᠤᠨ ᠮᠢᠩᠭᠠᠨ ᠲᠣᠯᠣᠭᠠᠶ ᠠᠴᠠ ᠳᠡᠭᠡᠭᠰᠢ ᠬᠡᠪᠴᠢᠶ᠎ᠡ ᠲᠠᠢ | ᠲᠣᠮᠣ ᠬᠡᠯᠪᠡᠷᠢ ᠶᠢᠨ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ ᠪᠠᠶᠢᠭᠤᠯᠬᠤ ᠶᠢ ᠶᠡᠬᠡᠪᠡᠷ ᠳᠡᠮᠵᠢᠨ᠎ᠡ᠃ ︽ᠠᠵᠤ | ᠠᠬᠤᠶᠢᠯᠠᠯ + ᠬᠤᠷᠰᠢᠶᠠᠵᠢᠯ + ᠮᠠᠯᠵᠢᠬᠤ ᠡᠷᠦᠬᠡ︾ ᠶᠢᠨ ᠰᠢᠯᠢᠳᠡᠭ ᠡᠭᠦᠯᠳᠡᠷ ᠤᠨ ᠦᠢᠯᠡᠴᠢᠯᠡᠭᠡᠨ ᠤ ᠲᠠᠪᠴᠠᠩ ᠢ | ᠳᠠᠳᠠᠨ ᠣᠷᠣᠭᠤᠯᠵᠤ᠂ ᠳᠤᠮᠳᠠ᠂ ᠪᠠᠭ᠎ᠠ ᠭᠡᠯᠪᠡᠷᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢ | ᠥᠭᠡᠷᠡᠴᠢᠯᠡᠨ ᠲᠡᠰ ᠳᠡᠪᠰᠢᠭᠦᠯᠬᠦ ᠶᠢ ᠳᠠᠮᠵᠢᠵᠤ᠂ ᠰᠢᠯᠢᠳᠡᠭ ᠡᠭᠦᠯᠳᠡᠷ ᠤᠨ ᠪᠦᠬᠦ ᠠᠵᠤ ᠦᠢᠯᠡᠰ ᠤᠨ | ᠬᠡᠯᠬᠢᠶᠡᠵᠢᠯ ᠤᠨ ᠪᠣᠬᠢᠷᠲᠤᠯ ᠦᠭᠡᠢ᠂ ᠠᠵᠤ ᠦᠢᠯᠡᠰᠵᠢᠭᠰᠡᠨ᠂ ᠪᠠᠷᠢᠮᠵᠢᠶᠠᠵᠢᠭᠰᠠᠨ᠂ ᠨᠡᠷ᠎ᠡ ᠲᠡᠮᠳᠡᠭᠵᠢᠭᠰᠡᠨ᠂ | ᠡᠷᠴᠢᠮᠵᠢᠭᠰᠡᠨ᠂ ᠰᠤᠷᠠᠭ ᠵᠠᠩᠭᠢᠯᠠᠭᠰᠠᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠣᠩᠭᠤᠯ | ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠮᠣᠩᠭᠤᠯ ᠦᠬᠡᠷ ᠤᠨ | ᠡᠭᠦᠯᠳᠡᠷ ᠢ ᠬᠠᠮᠠᠭᠠᠯᠠᠬᠤ ᠰᠠᠭᠤᠷᠢᠨ ᠭᠠᠵᠠᠷ ᠢ ᠪᠠᠶᠢᠭᠤᠯᠵᠤ᠂ ᠮᠣᠩᠭᠤᠯ ᠦᠬᠡᠷ ᠤᠨ ᠭᠤᠤᠯᠯᠠᠬᠤ ᠰᠦᠷᠦᠭ ᠢ | ᠪᠤᠶᠢᠵᠢᠭᠤᠯᠤᠨ᠎ᠠ᠃ 2025 ᠣᠨ ᠤ ᠰᠡᠭᠦᠯᠴᠢ ᠪᠣᠯᠬᠤ ᠳᠤ᠂ ᠲᠡᠵᠢᠭᠡᠨ ᠦᠷᠡᠵᠢᠭᠦᠯᠬᠦ ᠬᠡᠪᠴᠢᠶ᠎ᠡ ᠨᠢ 500 ᠠᠴᠠ | ᠳᠡᠭᠡᠭᠰᠢᠬᠢ ᠰᠢᠮᠧᠨ᠋ᠳᠡᠷ ᠦᠬᠡᠷ ᠤᠨ ᠲᠤᠰᠬᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 5 ᠳᠤ ᠬᠦᠷᠭᠡᠵᠣ᠂ | ᠠᠩᠭᠢᠰ ᠦᠬᠡᠷ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 10 ᠳᠤ ᠬᠦᠷᠭᠡᠨ᠎ᠡ᠃ ᠠᠶᠢᠮᠠᠭ ᠤᠨ ᠳᠡᠰ ᠠᠴᠠ | ᠳᠡᠭᠡᠭᠰᠢᠬᠢ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠭᠤᠣᠯᠳᠠᠯᠭᠠᠲᠤ ᠰᠦᠷᠦᠭ 50 ᠶᠢ ᠪᠠᠶᠢᠭᠤᠯᠵᠤ᠂ ᠮᠢᠬᠠᠨ | ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢ 3 ᠲᠦᠮᠡᠨ ᠲᠣᠯᠣᠭᠠᠢ ᠶᠢ ᠪᠡᠶᠡᠯᠡᠭᠦᠯᠵᠦ᠂ ᠭᠤᠣᠯᠳᠠᠯᠭᠠᠲᠤ | ᠰᠦᠷᠦᠭ ᠤᠨ ᠰᠠᠭᠤᠷᠢ ᠡᠭᠡ ᠮᠠᠯ ᠢ 8000 ᠲᠣᠯᠣᠭᠠᠢ ᠠᠴᠠ ᠳᠠᠪᠠᠭᠤᠯᠵᠣ᠂ ᠵᠢᠯ ᠳᠤ 2000 ᠲᠣᠯᠣᠭᠠᠢ ᠬᠢᠷᠢ | ᠲᠡᠩᠴᠡᠭᠰᠡᠨ ᠦᠷ᠎ᠡ ᠶᠢᠨ ᠮᠠᠯ᠂ 3000 ᠲᠣᠯᠣᠭᠠᠢ ᠡᠬᠡ ᠮᠠᠯ ᠢ ᠪᠣᠶᠢᠵᠢᠭᠤᠯᠣᠨ᠎ᠠ᠃ | ᠮᠣᠩᠭᠤᠯ ᠠᠳᠣᠭᠤᠨ ᠤ ᠡᠬᠦᠯᠳᠡᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠮᠣᠩᠭᠤᠯ | ᠠᠳᠤᠭᠤᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠮᠣᠩᠭᠤᠯ ᠠᠳᠤᠭᠤᠨ ᠤ | ᠡᠭᠦᠯᠳᠡᠷ ᠬᠠᠮᠠᠭᠠᠯᠠᠬᠤ ᠲᠠᠯᠠᠪᠠᠢ᠂ ᠭᠤᠣᠯᠳᠠᠯᠭᠠᠳᠣ ᠰᠦᠷᠦᠭ ᠪᠠ ᠣᠳᠣᠮ ᠢ ᠬᠠᠮᠠᠭᠠᠯᠠᠬᠤ ᠠᠵᠢᠯ ᠢ ᠰᠠᠶᠢᠲᠤᠷ | ᠠᠳᠬᠤᠵᠤ᠂ ᠮᠣᠩᠭᠤᠯ ᠠᠳᠤᠭᠤᠨ ᠤ ᠬᠥᠭᠵᠢᠯᠲᠡ ᠶᠢᠨ ᠢᠨᠵᠧᠨᠧᠷᠢᠩ ᠤᠨ ᠨᠡᠶᠢᠲᠡᠯᠢᠭ ᠵᠢᠱᠢᠶ᠎ᠡ ᠶᠢ ᠡᠬᠦᠳᠦᠨ᠎ᠡ᠃ | ︽ᠦᠵᠦᠮᠦᠴᠢᠨ ᠰᠢᠷᠭ᠎ᠠ ᠠᠳᠤᠭᠤ︾ ᠶᠢᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ | ᠠᠬᠢᠭᠤᠯᠵᠤ᠂ ᠴᠡᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠬᠡᠪᠴᠢᠶᠡᠵᠢᠭᠰᠡᠨ ᠬᠥᠭᠵᠢᠯᠲᠡ ᠪᠠ ᠵᠠᠬ᠎ᠠ | ᠳᠡᠯᠭᠡᠭᠦᠷᠴᠢᠯᠡᠭᠰᠡᠨ ᠡᠵᠡᠩᠨᠡᠯᠲᠡ ᠶᠢ ᠢᠳᠡᠪᠬᠢᠲᠡᠢ ᠳᠠᠮᠵᠢᠵᠤ᠂ ᠴᠡᠭᠡ ᠶᠢᠨ ᠰᠤᠪᠢᠯᠠᠯᠲᠠ᠂ ᠵᠢᠭᠤᠯᠴᠢᠯᠠᠯ ᠵᠡᠷᠭᠡ ᠶᠢ | ᠨᠢᠭᠡ ᠴᠣᠭᠴᠠᠵᠢᠭᠤᠯᠤᠭᠰᠠᠨ ᠠᠳᠤᠭᠤᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ | | ᠭᠤᠷᠪᠠ᠂ ᠮᠠᠯ ᠠᠵᠤ ᠠᠬᠤᠶ ᠶᠢᠨ ᠠᠮᠤᠷ ᠲᠦᠪᠰᠢᠨ ᠤ ᠳᠣᠭᠳᠠᠯᠴᠠᠭ᠎ᠠ ᠶᠢ ᠪᠠᠬᠢᠵᠢᠭᠦᠯᠦᠨ᠎ᠡ | ᠠᠮᠢᠲᠠᠨ ᠤ ᠬᠢᠵᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠠᠯ | ᠠᠵᠤ ᠠᠬᠤᠶ ᠶᠢᠨ ᠠᠮᠤᠷ ᠲᠦᠪᠰᠢᠨ ᠤ ᠳᠣᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 2025 | ᠣᠨ ᠤ ᠡᠴᠦᠰ ᠪᠣᠯᠬᠤ ᠳᠤ᠂ ᠰᠤᠮᠤ ᠪᠠᠯᠭᠠᠰᠣ ᠪᠣᠯᠭᠠᠨ ᠳᠤ ᠮᠠᠯ ᠡᠮᠨᠡᠯᠭᠡ ᠶᠢᠨ ᠥᠷᠲᠡᠭᠡ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠥᠷᠲᠡᠭᠡ᠂ ᠪᠠᠶᠢᠭᠠᠯᠢ ᠶᠢᠨ ᠭᠠᠮᠰᠢᠭ ᠢ ᠬᠢᠨᠡᠨ ᠬᠡᠮᠵᠢᠵᠣ | ᠣᠷᠢᠳᠴᠢᠯᠠᠨ ᠰᠡᠷᠡᠮᠵᠢᠯᠡᠬᠦᠯᠬᠦ᠂ ᠲᠠᠯ᠎ᠠ ᠨᠣᠳᠤᠭ ᠤᠨ ᠬᠤᠯᠤᠭᠠᠨ᠎ᠠ ᠪᠠ ᠬᠤᠷᠣᠬᠠᠶ ᠶᠢᠨ ᠬᠦᠨᠦᠭᠡᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠬᠦᠯᠬᠦ ᠥᠷᠲᠡᠭᠡ ᠶᠢ ᠪᠠᠶᠢᠭᠤᠯᠣᠨ᠎ᠠ᠃ ᠰᠡᠷᠭᠡᠶᠢᠯᠡᠯᠲᠡ ᠶᠢᠨ ᠨᠢᠭᠲᠠᠴᠠ ᠶᠢ 90% ᠶᠢ | ᠳᠠᠪᠠᠭᠤᠯᠵᠣ᠂ ᠰᠡᠷᠭᠡᠶᠢᠯᠡᠪᠡᠰᠣ ᠵᠣᠬᠢᠬᠤ ᠨᠢᠭᠲᠠᠴᠠ ᠶᠢ 100% ᠳᠤ ᠬᠦᠷᠭᠡᠵᠣ᠂ ᠰᠡᠷᠭᠡᠶᠢᠯᠡᠯᠲᠡ ᠪᠠᠷ ᠳᠠᠮᠵᠢᠨ | ᠬᠢᠷᠢ ᠳᠡᠩᠴᠡᠭᠰᠡᠨ ᠨᠣᠷᠮ᠎ᠠ ᠶᠢ 70% ᠶᠢ ᠳᠠᠪᠠᠭᠤᠯᠣᠨ᠎ᠠ᠃ ᠠᠮᠢᠳᠣ ᠮᠠᠯ ᠪᠠ ᠮᠠᠯ ᠤᠨ ᠪᠦᠳᠦᠭᠡᠭᠳᠡᠭᠦᠨ ᠤ ᠶᠠᠰᠣ | ᠴᠢᠨᠠᠷ ᠤᠨ ᠠᠮᠣᠷ ᠲᠦᠪᠰᠢᠨ ᠤ ᠪᠦᠬᠦ ᠶᠠᠪᠣᠴᠠ ᠳᠤ ᠮᠦᠷᠳᠡᠬᠦ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠠᠮᠣᠷ ᠲᠦᠪᠰᠢᠨ ᠤ ᠪᠠᠶᠢᠴᠠᠭᠠᠯᠲᠠ ᠶᠢ 100% ᠳᠤ ᠬᠦᠷᠭᠡᠵᠣ᠂ ᠮᠠᠯ ᠵᠢᠭᠦᠷᠲᠡᠨ ᠤ | ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠬᠢᠴᠠ ᠶᠢ ᠠᠬᠢᠭᠤᠯᠬᠤ ᠲᠤᠷᠰᠢᠯᠲᠠ ᠶᠢᠨ ᠴᠡᠭ ᠤᠨ ᠲᠥᠷᠥᠯ | ᠵᠦᠢᠯ ᠢ ᠬᠡᠷᠡᠭᠵᠢᠭᠦᠯᠵᠦ᠂ ᠣᠷᠭᠠᠨᠢᠭ ᠪᠣᠷᠲᠣᠭᠤᠷ ᠦᠢᠯᠡᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ | ᠣᠷᠴᠢᠯᠳᠤᠭᠤᠯᠤᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠦᠨ᠎ᠡ᠃ 2025 ᠣᠨ ᠤ ᠰᠡᠭᠦᠯᠴᠢ | ᠪᠣᠯᠬᠤ ᠳᠤ᠂ 3 ᠠᠴᠠ ᠳᠡᠭᠡᠭᠰᠢ ᠮᠠᠯ ᠵᠢᠭᠦᠷᠲᠡᠨ ᠤ ᠢᠯᠭᠠᠳᠠᠰᠣ ᠶᠢ ᠪᠣᠬᠢᠷᠳᠣᠯ ᠦᠭᠡᠢ ᠰᠢᠢᠳᠪᠦᠷᠢᠯᠡᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠪᠥᠬᠦ ᠬᠤᠰᠢᠭᠤᠨ ᠤ ᠮᠠᠯ ᠵᠢᠭᠦᠷᠲᠡᠨ ᠤ ᠢᠯᠭᠠᠳᠠᠰᠣ ᠶᠢ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85% ᠠᠴᠠ ᠳᠠᠪᠠᠭᠤᠯᠵᠣ᠂ ᠬᠡᠪᠴᠢᠶᠡᠵᠢᠬᠦᠯᠦᠨ ᠲᠡᠵᠢᠭᠡᠨ ᠦᠷᠡᠵᠢᠭᠦᠯᠬᠦ | ᠲᠠᠯᠠᠪᠠᠶ ᠶᠢᠨ ᠢᠯᠭᠠᠳᠠᠰᠣ ᠰᠢᠢᠳᠪᠦᠷᠢᠯᠡᠬᠦ ᠲᠥᠬᠦᠭᠡᠷᠦᠮᠵᠢ ᠶᠢᠨ ᠢᠵᠢ ᠪᠥᠷᠢᠳᠦᠭᠦᠯᠬᠦ ᠨᠣᠷᠮ᠎ᠠ ᠶᠢ 90% ᠳᠤ | ᠬᠦᠷᠭᠡᠨ᠎ᠡ᠃ | ᠳᠥᠷᠪᠡ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ | ᠴᠢᠩᠭᠠᠳᠬᠠᠨ᠎ᠠ | ᠦᠵᠦᠮᠦᠴᠢᠨ ᠬᠤᠨᠢᠨ ᠤ ᠪᠠᠷᠢᠮᠵᠢᠶᠠᠲᠤ ᠳᠣᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠬᠦᠪᠦᠷᠡᠯ | ᠰᠢᠯᠵᠢᠭᠦᠯᠬᠦ᠂ ᠬᠦᠮᠦᠨ ᠤ ᠬᠦᠴᠦᠨ ᠤ ᠬᠡᠭᠡᠯᠲᠦᠭᠦᠯᠭᠡ ᠬᠢᠬᠦ ᠵᠡᠷᠭᠡ ᠮᠡᠷᠭᠡᠵᠢᠯ ᠢᠶᠠᠷ ᠣᠷᠣᠨ ᠨᠤᠲᠤᠭ ᠤᠨ ᠰᠢᠯᠢᠳᠡᠭ | ᠮᠢᠬᠠᠨ ᠬᠤᠨᠢᠨ ᠤ ᠨᠡᠷᠡᠲᠦ ᠲᠡᠮᠳᠡᠭ ᠢ ᠡᠭᠦᠳᠴᠦ᠂ ᠠᠩᠭᠢᠰ ᠦᠭᠡᠷ᠂ ᠰᠢᠮᠧᠨ᠋ᠲ᠋ᠠᠷ ᠦᠬᠡᠷ ᠢᠶᠠᠷ ᠭᠤᠣᠯ ᠪᠣᠯᠭᠠᠭᠰᠠᠨ | ᠮᠢᠬᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠷᠢᠰᠦᠯᠳᠦᠬᠡᠨ ᠤ ᠬᠦᠴᠦᠨ ᠢ ᠳᠡᠭᠡᠭᠰᠢᠯᠡᠭᠦᠯᠦᠨ᠎ᠡ᠃ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠵᠦ᠂ ︽ᠲᠡᠵᠢᠭᠡᠬᠦ + ᠪᠣᠷᠣᠯᠠᠭᠤᠯᠬᠤ︾ ᠶᠢ | ᠠᠭᠤᠰᠣᠯᠴᠠᠭᠤᠯᠣᠨ ᠬᠦᠭᠵᠢᠬᠦᠯᠬᠦ ᠶᠢ ᠠᠬᠢᠭᠤᠯᠤᠨ᠎ᠠ᠃ ︽ᠭᠤᠷᠪᠠᠨ ᠪᠦᠲᠦᠭᠡᠭᠳᠡᠬᠦᠨ ᠨᠢᠭᠡ ᠨᠡᠷᠡᠳᠦ ᠲᠡᠮᠳᠡᠭ︾ ᠤᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ 2025 ᠣᠨ ᠪᠣᠯᠬᠤ ᠳᠤ᠂ ︽ᠭᠤᠷᠪᠠᠨ ᠪᠦᠲᠦᠭᠡᠭᠳᠡᠬᠦᠨ ᠨᠢᠭᠡ | ᠲᠡᠮᠳᠡᠭ︾ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ | ᠨᠣᠷᠮ᠎ᠠ ᠶᠢ 95% ᠶᠢ ᠳᠠᠪᠠᠭᠤᠯᠣᠨ᠎ᠠ᠃ ᠦᠵᠦᠮᠦᠴᠢᠨ ᠬᠤᠨᠢᠨ ᠤ ᠣᠨᠴᠠᠯᠢᠭᠲᠤ ᠮᠠᠯ ᠤᠨ ᠠᠰᠢᠭ ᠰᠢᠮ᠎ᠡ ᠶᠢᠨ | ᠪᠦᠳᠦᠭᠡᠭᠳᠡᠬᠦᠨ ᠤ ᠣᠨᠴᠠ ᠰᠢᠯᠢᠳᠡᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ | ᠵᠦᠢᠯ ᠤᠨ ᠬᠡᠯᠪᠡᠷᠢ ᠶᠢᠨ ᠨᠡᠷᠡᠲᠦ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠳᠤᠮᠳᠠᠳᠤ | ᠤᠯᠤᠰ ᠤᠨ ᠵᠠᠭᠤᠨ ᠬᠦᠴᠦᠷᠬᠡᠭ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ︽ᠦᠵᠦᠮᠦᠴᠢᠨ ᠬᠤᠨᠢᠨ︾ ᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠭᠤᠣᠯᠳᠠᠯᠭ᠎ᠠ ᠲᠠᠢ ᠡᠭᠦᠳᠦᠨ᠎ᠡ᠃ ᠤᠯᠤᠰ ᠤᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ︽ᠢᠨᠲ᠋ᠧᠷ | ᠰᠦᠯᠵᠢᠶ᠎ᠡ + ᠦᠢᠯᠡᠴᠢᠯᠡᠭᠡ︾ ᠶᠢ ᠬᠥᠭᠵᠢᠭᠦᠯᠵᠦ᠂ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠭ᠎ᠠ ᠵᠠᠮ ᠢ | ᠲᠠᠰᠤᠷᠠᠯᠲᠠ ᠤᠢᠭᠡᠢ ᠥᠷᠭᠡᠳᠬᠡᠨ᠂ ᠰᠦᠯᠵᠢᠶ᠎ᠡ ᠪᠠ ᠪᠣᠳᠠᠳᠣ ᠠᠬᠤᠢ ᠶᠢ ᠬᠠᠷᠢᠯᠴᠠᠨ ᠣᠶᠠᠯᠳᠣᠭᠤᠯᠣᠭᠰᠠᠨ ᠣᠯᠠᠨ | ᠡᠰᠢᠵᠢᠭᠰᠡᠨ ᠵᠠᠬ᠎ᠠ ᠳᠡᠯᠭᠡᠭᠦᠷ ᠤᠨ ᠭᠦᠢᠯᠭᠡᠭᠡᠨ ᠤ ᠳᠣᠭᠳᠠᠯᠴᠠᠭ᠎ᠠ ᠶᠢ ᠪᠣᠶ ᠪᠣᠯᠭᠠᠵᠤ᠂ ᠣᠷᠭᠠᠨᠢᠭ ᠮᠠᠯ ᠤᠨ ᠠᠰᠢᠭ | ᠰᠢᠮ᠎ᠡ ᠶᠢᠨ ᠪᠦᠳᠦᠭᠡᠭᠳᠡᠬᠦᠨ ᠤ ᠨᠡᠷᠡᠲᠦ ᠲᠡᠮᠳᠡᠭᠲᠦ ᠶᠢᠨ ᠥᠷᠢᠰᠥᠯᠳᠦᠬᠦ ᠬᠦᠴᠦᠨ᠂ ᠨᠥᠯᠥᠭᠡᠯᠡᠬᠦ ᠬᠦᠴᠦᠨ ᠪᠠ | ᠵᠠᠬ᠎ᠠ ᠳᠡᠯᠭᠡᠭᠦᠷ ᠲᠠᠬᠢ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠂ ᠮᠠᠯ ᠠᠵᠤ ᠠᠬᠤᠶ ᠶᠢᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠬᠢᠷᠢ ᠲᠦᠪᠰᠢᠨ ᠳᠤ ᠬᠦᠷᠭᠡᠨ᠎ᠡ | ᠃ | ᠲᠠᠪᠤ ᠂ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠣᠨ᠎ᠠ | ᠮᠠᠯ ᠠᠵᠤ ᠠᠬᠤᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠢᠨᠲ᠋ᠧᠷ | ᠰᠦᠯᠵᠢᠶ᠎ᠡ + ᠣᠳᠣᠬᠢᠴᠢᠯᠠᠭᠰᠠᠨ ᠮᠠᠯ ᠠᠵᠤ ᠠᠬᠤᠢ︾ ᠶᠢᠨ ᠠᠵᠢᠯᠯᠠᠭ᠎ᠠ ᠶᠢ ᠠᠬᠢᠭᠤᠯᠵᠤ᠂ ᠤᠷᠭᠤᠮᠠᠯ | ᠬᠤᠴᠢᠯᠭ᠎ᠠ ᠶᠢᠨ ᠬᠥᠮᠥᠷᠭᠡ᠂ ᠭᠧᠨ ᠤ ᠬᠥᠮᠥᠷᠭᠡ ᠪᠠ ᠠᠮᠢᠲᠠᠨ ᠤ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ︽ᠵᠠᠰᠠᠭ ᠤᠨ ᠣᠷᠳᠣᠨ + ᠡᠷᠳᠡᠮ ᠰᠢᠨᠵᠢᠯᠡᠭᠡᠨ + ᠪᠠᠶᠢᠭᠤᠯᠤᠮᠵᠢ + ᠠᠵᠤ | ᠠᠬᠤᠶᠢᠯᠠᠯ + ᠮᠠᠯᠴᠢᠳ︾ ᠤᠨ ᠦᠢᠯᠡᠳᠪᠦᠷᠢᠯᠡᠯ᠂ ᠰᠣᠷᠣᠯᠴᠠᠯᠠᠭᠠ᠂ ᠰᠣᠳᠣᠯᠣᠭᠠᠨ ᠤ ᠪᠠᠶᠢᠭᠤᠯᠣᠮᠵᠢ | ᠬᠠᠮᠳᠣᠷᠠᠭᠰᠠᠨ ᠵᠠᠭᠪᠤᠷ ᠢ ᠪᠠᠶᠢᠭᠤᠯᠵᠤ᠂ ᠣᠶᠤᠨᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠬᠡᠷᠡᠭᠵᠢᠭᠦᠯᠦᠨ᠂ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ | ᠠᠬᠢᠭᠤᠯᠤᠨ᠎ᠠ᠃ 2025 ᠣᠨ ᠪᠣᠯᠬᠤ ᠳᠤ᠂ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ | ᠬᠡᠮᠵᠢᠶ᠎ᠡ ᠶᠢ 89% ᠳᠤ ᠬᠦᠷᠭᠡᠵᠣ᠂ 50 —800 ᠲᠣᠯᠣᠭᠠᠢ ᠰᠠᠭᠠᠯᠢ ᠶᠢᠨ ᠦᠨᠢᠶ᠎ᠡ ᠶᠢᠨ ᠬᠡᠪᠴᠢᠶ᠎ᠡ ᠪᠦᠬᠦᠢ | 20 ᠡᠷᠦᠬᠡ ᠬᠡᠷ ᠪᠦᠯᠢ ᠶᠢᠨ ᠮᠠᠯᠵᠢᠯ ᠤᠨ ᠲᠠᠯᠠᠪᠠᠶ ᠪᠣᠯᠤᠨ ᠬᠤᠷᠰᠢᠶᠠᠵᠢᠯ ᠢ ᠲᠠᠰ ᠳᠡᠪᠰᠢᠭᠦᠯᠦᠨ᠎ᠡ᠃ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠴᠣᠭᠴᠠ ᠶᠢ ᠶᠡᠬᠡᠪᠡᠷ ᠬᠥᠭᠵᠢᠭᠦᠯᠦᠨ᠎ᠡ᠃ ᠦᠢᠯᠡᠳᠪᠦᠷᠢᠯᠡᠯ ᠤᠨ | ᠬᠦᠴᠦᠨ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠺᠣᠮᠫᠠᠨᠢ + ᠬᠤᠷᠰᠢᠶ᠎ᠠ + ᠭᠡᠷ ᠪᠦᠯᠢ ᠶᠢᠨ | ᠮᠠᠯᠵᠢᠯ ᠤᠨ ᠲᠠᠯᠠᠪᠠᠢ + ᠮᠠᠯᠵᠢᠬᠤ ᠡᠷᠦᠬᠡ︾ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢᠶᠠᠷ ᠭᠤᠣᠯ ᠪᠣᠯᠭᠠᠨ᠂ | ᠨᠢᠭᠳᠠ ᠠᠰᠢᠭ ᠲᠤᠰᠠ ᠶᠢᠨ ᠬᠠᠷᠢᠴᠠᠭ᠎ᠠ ᠲᠠᠢ᠂ ᠮᠠᠯ ᠠᠵᠤ ᠠᠬᠤᠢ ᠶᠢ ᠳᠠᠶᠢᠴᠢᠯᠠᠬᠤ ᠦᠢᠯᠡᠳᠦᠯ ᠳᠣᠪᠣᠶᠢᠮ᠎ᠠ᠂ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢᠶᠠᠷ ᠴᠢᠩᠭ᠎ᠠ ᠮᠠᠯ ᠠᠵᠤ ᠠᠬᠤᠢ ᠶᠢᠨ ᠠᠵᠤ ᠦᠢᠯᠡᠰ ᠤᠨ ᠬᠤᠯᠪᠣᠭᠠᠲᠤ | ᠴᠣᠭᠴᠠ ᠶᠢ ᠬᠥᠭᠵᠢᠭᠦᠯᠦᠨ᠎ᠡ᠃ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠣᠭᠳᠠᠯᠴᠠᠭᠠᠨ ᠤ | ᠪᠠᠶᠢᠭᠤᠯᠤᠯᠲᠠ ᠶᠢ ᠠᠬᠢᠭᠤᠯᠵᠤ᠂ ᠡᠭᠦᠯᠳᠡᠷ ᠪᠤᠶᠢᠵᠢᠭᠤᠯᠬᠤ᠂ ᠳᠡᠵᠢᠭᠡᠨ ᠦᠷᠡᠵᠢᠬᠦᠯᠬᠦ᠂ ᠪᠣᠷᠳᠣᠨ ᠲᠠᠷᠭᠤᠯᠠᠭᠤᠯᠬᠤ᠂ | ᠡᠳ᠋ᠰᠢᠬᠦᠯᠦᠨ ᠪᠣᠯᠪᠠᠰᠣᠷᠠᠭᠤᠯᠬᠤ᠂ ᠨᠠᠷᠠᠲᠤ ᠳᠡᠮᠳᠡᠭᠴᠢᠯᠡᠬᠦ᠂ ᠪᠣᠷᠣᠯᠠᠭᠤᠯᠭ᠎ᠠ ᠶᠢ ᠨᠢᠭᠡ ᠴᠣᠠᠠᠴᠠᠵᠢᠭᠤᠯᠥᠠᠠᠰᠠᠨ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠭᠰᠠᠨ ᠪᠥᠬᠦ ᠠᠵᠤ ᠦᠢᠯᠡᠰ ᠤᠨ | ᠬᠡᠯᠬᠢᠶᠡᠰᠦ ᠶᠢᠨ ᠣᠲᠣ ᠦᠶ᠎ᠡ ᠶᠢᠨ ᠮᠢᠬᠠᠨ ᠤ ᠦᠬᠡᠷ ᠬᠤᠨᠢᠨ ᠤ ᠠᠵᠤ ᠦᠢᠯᠡᠰ ᠤᠨ ᠲᠣᠭᠳᠠᠯᠴᠠᠭ᠎ᠠ ᠶᠢ | ᠪᠦᠷᠢᠯᠳᠦᠭᠦᠯᠦᠨ᠎ᠡ᠃ ᠵᠢᠱᠢᠶ᠎ᠡ ᠦᠵᠡᠭᠦᠯᠬᠦ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ ᠶᠢ | ᠠᠬᠢᠭᠤᠯᠵᠤ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠵᠢᠱᠢᠶ᠎ᠡ | ᠦᠵᠡᠭᠦᠯᠦᠭᠰᠡᠨ᠂ ᠤᠶᠤᠨᠴᠢᠯᠠᠭᠰᠠᠨ ᠡᠵᠡᠩᠨᠡᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠤᠯᠤᠰ ᠤᠨ | ᠲᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ 5 ᠡᠷᠦᠬᠡ᠂ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ | ᠦᠵᠡᠭᠦᠯᠬᠦ ᠬᠤᠷᠰᠢᠶᠠᠵᠢᠯ ᠢ 9 ᠡᠷᠦᠬᠡ᠂ ᠠᠶᠢᠮᠠᠭ ᠤᠨ ᠲᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ 18 | ᠡᠷᠦᠬᠡ᠂ ᠬᠤᠰᠢᠭᠤ ᠲᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ 45 ᠡᠷᠦᠬᠡ ᠪᠠᠶᠢᠭᠤᠯᠣᠨ᠎ᠠ᠃ | ᠮᠠᠯ ᠠᠵᠤ ᠠᠬᠤᠢ ᠶᠢᠨ ᠲᠤᠰᠬᠠᠢ ᠭᠠᠴᠠᠭ᠎ᠠ ᠶᠢ ᠢᠳᠡᠪᠬᠢᠲᠡᠢ ᠪᠤᠶᠢᠵᠢᠭᠤᠯᠤᠨ᠎ᠠ᠃ ᠮᠠᠨᠳᠣᠬᠤᠪᠣᠯᠠᠭ | ᠪᠠᠯᠭᠠᠰᠣᠨ ᠤ ᠪᠠᠶᠠᠨᠪᠦ᠋ᠷᠢᠳᠣ᠂ ᠮᠠᠨᠳᠣᠬᠤᠪᠣᠯᠠᠭ ᠵᠡᠷᠭᠡ ᠭᠠᠴᠠᠭ᠎ᠠ ᠶᠢ ᠦᠵᠦᠮᠦᠴᠢᠨ ᠬᠤᠨᠢᠨ ᠤ ᠲᠣᠰᠬᠠᠢ ᠭᠠᠴᠠᠭ᠎ᠠ | ᠪᠣᠯᠭᠠᠨ ᠪᠤᠶᠢᠵᠢᠭᠤᠯᠵᠤ᠂ ᠰᠠᠮᠠᠢ ᠰᠤᠮᠤᠨ ᠤ ᠮᠠᠨᠳᠤᠯᠲᠤ ᠭᠠᠴᠠᠭ᠎ᠠ᠂ ᠭᠠᠬᠢᠯ ᠰᠤᠮᠤᠨ ᠤ ᠡᠷᠢᠶᠡᠨᠪᠤᠯᠠᠭ ᠭᠠᠴᠠᠭ᠎ᠠ ᠶᠢ | ᠡᠪᠡᠰᠦᠨ ᠤ ᠦᠢᠯᠡᠰ ᠤᠨ ᠭᠠᠴᠠᠭ᠎ᠠ ᠪᠣᠯᠭᠠᠨ ᠪᠤᠶᠢᠵᠢᠭᠤᠯᠵᠤ᠂ ᠳᠠᠭᠤᠳᠣᠨᠠᠭᠤᠷ ᠪᠠᠯᠭᠠᠰᠤᠨ ᠤ ᠣᠯᠠᠭᠠᠨᠳᠤᠭ | ᠭᠠᠴᠠᠭ᠎ᠠ᠂ ᠣᠯᠢᠶᠠᠰᠣᠳᠠᠢ ᠪᠠᠯᠭᠠᠰᠣᠨ ᠤ ᠰᠢᠨᠠᠭ᠎ᠠ ᠭᠠᠴᠠᠭ᠎ᠠ ᠶᠢ ᠰᠠᠶᠢᠨ ᠡᠭᠦᠯᠳᠡᠷ ᠤᠨ ᠦᠬᠡᠷ ᠳᠡᠵᠢᠭᠡᠨ | ᠦᠷᠡᠵᠢᠬᠦᠯᠬᠦ ᠭᠠᠴᠠᠭ᠎ᠠ ᠪᠣᠯᠭᠠᠨ ᠪᠤᠶᠢᠵᠢᠭᠤᠯᠵᠤ᠂ ᠭᠠᠬᠢᠯ ᠰᠣᠮᠣᠨ ᠤ ᠡᠷᠢᠶᠡᠭᠤᠪᠢ ᠭᠠᠴᠠᠭ᠎ᠠ᠂ ᠮᠠᠨᠳᠣᠬᠤᠪᠣᠯᠠᠭ | ᠰᠣᠮᠣᠨ ᠤ ᠪᠠᠶᠠᠨᠪᠦᠷᠢᠳᠣ ᠭᠠᠴᠠᠭ᠎ᠠ᠂ ᠰᠠᠮᠠᠢ ᠰᠣᠮᠣᠨ ᠤ ᠵᠢᠷᠠᠨᠪᠣᠯᠠᠭ ᠭᠠᠴᠠᠭ᠎ᠠ ᠶᠢ ᠮᠣᠩᠭᠤᠯ ᠦᠬᠡᠷ ᠤᠨ ᠡᠭᠦᠯᠳᠡᠷ | ᠬᠠᠮᠠᠭᠠᠯᠠᠬᠤ ᠭᠠᠴᠠᠭ᠎ᠠ ᠪᠣᠯᠭᠠᠨ ᠪᠤᠶᠢᠵᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ᠂ 1 ᠤᠯᠤᠰ ᠤᠨ ᠲᠠᠰ᠂ 3 ᠥᠪᠡᠷᠲᠡᠭᠡᠨ ᠵᠠᠰᠠᠬᠤ ᠣᠷᠣᠨ ᠤ ᠲᠠᠰ ᠤᠨ ︽ᠨᠢᠭᠡ ᠲᠣᠰᠬᠤᠨ | ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠪᠠᠯᠭᠠᠰᠤ ᠶᠢ ᠪᠤᠶᠢᠵᠢᠭᠤᠯᠤᠨ᠎ᠠ᠃ | ᠣᠳᠣᠬᠢᠴᠢᠯᠠᠭᠰᠠᠨ ᠠᠷᠠᠴᠢᠯᠠᠭ᠎ᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠪᠡᠯᠴᠢᠭᠡᠷᠯᠡᠭᠦᠯᠦᠨ ᠮᠠᠯᠵᠢᠬᠤ ᠪᠠ ᠪᠡᠯᠴᠢᠭᠡᠷᠯᠡᠭᠦᠯᠦᠨ ᠮᠠᠯᠵᠢᠬᠤ ᠪᠣᠯᠣᠨ ᠪᠣᠷᠳᠤᠭ᠎ᠠ ᠨᠥᠬᠦᠪᠥᠷᠢᠯᠡᠬᠦ ᠶᠢ | ᠣᠶᠠᠯᠳᠣᠭᠤᠯᠬᠤ᠂ ᠬᠠᠰᠢᠶᠠᠯᠠᠨ ᠲᠡᠵᠢᠭᠡᠵᠦ ᠪᠣᠷᠳᠣᠨ ᠲᠠᠷᠭᠤᠯᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ | ᠲᠡᠵᠢᠭᠡᠨ ᠠᠷᠠᠴᠢᠯᠠᠬᠤ ᠠᠷᠭ᠎ᠠ ᠮᠠᠶ᠋ᠢᠭ ᠢ ᠠᠬᠢᠭᠤᠯᠵᠤ᠂ ᠪᠦᠬᠦᠯᠢ ᠡᠳᠦᠷ ᠢᠶᠠᠷ ᠪᠣᠷᠳᠣᠬᠤ ᠲᠡᠵᠢᠭᠡᠨ ᠠᠷᠠᠴᠢᠯᠠᠬᠤ | ᠬᠡᠯᠪᠡᠷᠢ ᠪᠠ ᠮᠢᠬᠠᠨ ᠦᠬᠡᠷ ᠢ ᠪᠠᠷᠢᠮᠵᠢᠶᠠᠵᠢᠭᠤᠯᠤᠨ ᠲᠡᠵᠢᠭᠡᠨ ᠠᠷᠠᠴᠢᠯᠠᠬᠤ ᠮᠡᠷᠭᠡᠵᠢᠯ ᠢ ᠳᠡᠯᠭᠡᠷᠡᠭᠦᠯᠦᠨ᠎ᠡ᠃ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ | ᠲᠦᠬᠦᠭᠡᠷᠣᠮᠵᠢ ᠶᠢ ᠲᠡᠭᠦᠯᠳᠡᠷᠵᠢᠭᠦᠯᠵᠦ᠂ ᠠᠯᠤᠰ ᠡᠵᠡᠮᠰᠢᠯᠲᠦ ᠤᠶᠤᠨᠲᠤ ᠣᠰᠣᠯᠠᠬᠤ ᠲᠥᠬᠦᠭᠡᠷᠦᠮᠵᠢ ᠵᠢᠴᠢ ᠬᠢᠨᠠᠨ | ᠡᠵᠡᠮᠳᠡᠬᠦᠷ᠂ ᠠᠦ᠋ᠲ᠋ᠣ᠋ ᠬᠦᠨᠳᠦ ᠶᠢ ᠬᠡᠮᠵᠢᠬᠦ ᠵᠡᠷᠭᠡ ᠣᠶᠣᠨᠴᠢᠯᠠᠭᠰᠠᠨ ᠲᠥᠬᠦᠭᠡᠷᠦᠮᠵᠢ ᠶᠢ ᠲᠣᠬᠢᠷᠠᠭᠤᠯᠵᠤ᠂ ᠰᠢᠨᠵᠢᠯᠡᠬᠦ | ᠤᠬᠠᠭᠠᠨᠴᠢ ᠪᠠᠷ ᠠᠷᠠᠴᠢᠯᠠᠨ ᠲᠡᠵᠢᠭᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠠᠳᠤᠭᠠᠷ ᠬᠡᠰᠡᠭ ᠪᠣᠬᠢᠷᠳᠣᠯ ᠦᠭᠡᠢ ᠠᠵᠤ ᠦᠢᠯᠡᠳᠪᠦᠷᠢ | ᠰᠠᠭᠤᠭᠠᠯᠢ ᠠᠷᠠᠳ ᠲᠤ ᠠᠵᠢᠯ ᠣᠯᠭᠤᠬᠤ᠂ ᠠᠵᠤ ᠠᠬᠤᠶᠢᠯᠠᠯ ᠤᠨ ᠦᠷ᠎ᠡ ᠠᠰᠢᠭ ᠢ ᠳᠡᠭᠡᠭᠰᠢᠯᠡᠭᠦᠯᠬᠦ᠂ | ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠵᠤ᠂ ᠰᠢᠨ᠎ᠡ ᠬᠠᠭᠤᠴᠢᠨ ᠬᠥᠳᠡᠯᠭᠡᠬᠦ | ᠬᠦᠴᠦᠨ ᠤ ᠰᠣᠯᠢᠭᠳᠠᠯ ᠢ ᠠᠬᠢᠭᠤᠯᠵᠤ᠂ ᠪᠦᠳᠦᠭᠦᠯᠢᠭ ᠬᠡᠯᠪᠡᠷᠢ ᠶᠢᠨ ᠠᠵᠤ ᠦᠢᠯᠡᠰ ᠠᠴᠠ ᠪᠣᠬᠢᠷᠲᠤᠯ ᠥᠬᠡᠶ᠂ | ᠰᠢᠨ᠎ᠡ ᠪᠠᠷ ᠮᠠᠨᠳᠤᠭᠰᠠᠨ᠂ ᠳᠡᠭᠡᠳᠦ ᠲᠠᠰ ᠤᠨ ᠦᠪᠡᠷᠮᠢᠨᠴᠡ ᠣᠨᠴᠠᠯᠢᠭᠲᠦ ᠠᠵᠤ ᠦᠢᠯᠡᠰ ᠤᠨ ᠬᠡᠯᠪᠡᠷᠢ ᠲᠡᠰᠢ | ᠬᠤᠪᠢᠷᠠᠭᠤᠯᠬᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠣᠯᠠᠨ ᠡᠰᠢᠵᠢᠨ | ᠬᠥᠭᠵᠢᠭᠰᠡᠨ᠂ ᠣᠯᠠᠨ ᠲᠠᠯ᠎ᠠ ᠪᠠᠷ ᠲᠤᠯᠭᠠᠭᠤᠷᠢᠯᠠᠭᠰᠠᠨ ᠨᠡᠭᠦᠷᠡᠰᠦ — ᠴᠠᠬᠢᠯᠭᠠᠨ ︵ᠲᠣᠰᠣ᠂ ᠬᠡᠶ︶ | ᠬᠠᠶᠢᠯᠤᠭᠤᠯᠬᠤ — ᠪᠣᠯᠪᠠᠰᠤᠷᠠᠭᠤᠯᠬᠤ ᠣᠲᠣ ᠦᠶ᠎ᠡ ᠶᠢᠨ ᠠᠵᠤ ᠦᠢᠯᠡᠳᠪᠦᠷᠢ ᠶᠢᠨ ᠲᠣᠭᠳᠠᠯᠴᠠᠭ᠎ᠠ ᠶᠢ ᠪᠠᠶᠢᠭᠤᠯᠵᠤ | ᠂ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠦᠨ᠎ᠡ᠃ 2025 ᠣᠨ ᠪᠣᠯᠬᠤ ᠳᠤ᠂ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ ᠢ 26 ᠳ᠋ᠦᠩᠰᠢᠭᠤᠷ ᠲᠥᠭᠦᠷᠢᠭ ᠲᠤ ᠬᠦᠷᠭᠡᠵᠦ᠂ ᠳᠥᠷᠪᠡᠨ ᠶᠡᠭᠡ ᠲᠤᠯᠭᠠᠭᠤᠷᠢ | ᠠᠵᠤ ᠦᠢᠯᠡᠰ ᠢᠶᠠᠷ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠬᠡᠯᠬᠢᠶᠡᠰᠣ ᠶᠢ ᠤᠷᠲᠤᠳᠬᠠᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠣᠯᠤᠨ ᠮᠡᠷᠭᠡᠵᠢᠯ ᠤᠨ ᠥᠭᠡᠷᠡᠴᠢᠯᠡᠯᠲᠡ ᠶᠢ ᠳᠡᠭᠡᠭᠰᠢᠯᠡᠭᠦᠯᠵᠦ᠂ | ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠠᠵᠤ ᠦᠢᠯᠡᠰ ᠤᠨ ᠨᠡᠮᠡᠯᠲᠡ | ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨ᠎ᠡ ᠪᠠᠷ ᠮᠠᠨᠳᠤᠭᠰᠠᠨ ᠦᠢᠯᠡᠳᠬᠦ ᠦᠢᠯᠡᠰ᠂ ᠲᠡᠮᠦᠷᠯᠢᠭ | ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ | ᠨᠢᠭᠡ᠂ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ | ᠲᠦᠷᠭᠡᠳᠬᠡᠨ᠎ᠡ | ᠤᠯᠤᠰ ᠤᠨ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠭᠤᠷᠬᠠᠶ ᠶᠢᠨ | ᠣᠷᠣᠨ ᠤ ᠴᠢᠨᠠᠷ ᠰᠠᠶᠢᠲᠠᠶ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠬᠦᠯᠵᠣ᠂ ᠨᠢᠭᠡᠨᠲᠡ ᠵᠥᠪᠰᠢᠶᠡᠷᠡᠭᠳᠡᠭᠰᠡᠨ | ᠨᠡᠭᠦᠷᠡᠰᠦᠨ ᠠᠭᠤᠷᠬᠠᠶ ᠶᠢᠨ ᠭᠠᠷᠳᠠᠮ ᠢ ᠨᠢ ᠲᠡᠭᠦᠯᠳᠡᠷᠵᠢᠭᠦᠯᠵᠦ᠂ ᠨᠢᠭᠡᠨᠲᠡ ᠮᠠᠯᠲᠠᠭᠰᠠᠨ ᠨᠡᠭᠦᠷᠡᠰᠦᠨ ᠠᠭᠤᠷᠬᠠᠶ ᠶᠢ | ᠭᠠᠷᠤᠯᠲᠠ ᠳᠤ ᠬᠦᠷᠦᠭᠦᠯᠦᠨ ᠦᠷ᠎ᠡ ᠠᠰᠢᠭ ᠢ ᠨᠢ ᠳᠡᠭᠡᠭᠰᠢᠯᠡᠭᠦᠯᠵᠦ᠂ ᠨᠡᠭᠦᠷᠡᠰᠦᠨ ᠤ ᠠᠵᠤ ᠠᠬᠤᠶᠢᠯᠠᠯ ᠤᠨ | ᠡᠷᠴᠢᠮᠵᠢᠭᠰᠡᠨ ᠬᠦᠭᠵᠢᠯᠲᠡ ᠶᠢ ᠠᠬᠢᠭᠤᠯᠤᠨ᠎ᠠ᠃ ᠦᠩᠲᠦ ᠨᠡᠭᠦᠷᠡᠰᠦᠨ ᠠᠭᠤᠷᠬᠠᠶ ᠪᠣᠯᠤᠨ ᠲᠢᠶᠠᠨ ᠳ᠋ᠢ ᠨᠡᠭᠦᠷᠡᠰᠦᠨ | ᠠᠭᠤᠷᠬᠠᠶ ᠶᠢᠨ ᠲᠠᠷᠬᠠᠢ ᠡᠬᠢ ᠪᠠᠶᠠᠯᠢᠭ ᠢ ᠨᠢᠭᠡᠳᠣᠬᠦᠯᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠦᠢᠯᠡᠳᠪᠦᠷᠢᠯᠡᠯ ᠤᠨ ᠴᠢᠳᠠᠪᠤᠷᠢ ᠶᠢ ᠲᠣᠰ ᠲᠣᠰ | ᠵᠢᠯ ᠳᠤ 120 ᠲᠦᠮᠡᠨ ᠲᠣᠨ ᠪᠠ 300 ᠲᠦᠮᠡᠨ ᠲᠣᠨ ᠪᠣᠯᠭᠠᠬᠤ ᠪᠠᠷ ᠴᠢᠷᠮᠠᠶᠢᠨ᠎ᠠ᠃ ᠨᠦᠩᠨᠠᠢ ᠶᠢᠨ | ᠰᠦᠮ᠎ᠡ ᠶᠢᠨ ᠴᠠᠭᠠᠨᠳᠣᠯᠣᠭᠠᠢ᠂ ᠦᠩᠲᠦ᠂ ᠬᠠᠷᠠᠨᠠᠭᠤᠷ ᠵᠡᠷᠭᠡ ᠨᠡᠭᠦᠷᠡᠰᠦᠨ ᠠᠭᠤᠷᠬᠠᠢ ᠶᠢᠨ ᠶᠡᠷᠦᠩᠬᠡᠢ | ᠲᠦᠯᠦᠪᠵᠢᠭᠦᠯᠬᠡ᠂ ᠣᠷᠴᠢᠨ ᠲᠣᠭᠤᠷᠢᠨ ᠤ ᠦᠨᠡᠯᠡᠯᠲᠡ ᠶᠢᠨ ᠭᠠᠷ ᠭᠦᠢᠴᠡᠳᠬᠡᠯ ᠢ ᠮᠡᠳᠡᠭᠦᠯᠦᠨ ᠵᠥᠪᠰᠢᠶᠡᠷᠡᠭᠦᠯᠬᠦ | ᠠᠵᠢᠯ ᠢ ᠠᠬᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠠᠮᠢ ᠠᠬᠤᠶᠢᠵᠢᠭᠤᠯᠬᠤ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢ | ᠰᠢᠨᠵᠢᠯᠡᠬᠦ ᠤᠬᠠᠭᠠᠨᠴᠢᠯᠠᠬᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ᠂ ᠬᠠᠮᠢᠶᠠᠷᠤᠯᠲᠠ ᠶᠢ ᠮᠡᠳᠡᠭᠡ | ᠵᠠᠩᠭᠢᠵᠢᠭᠤᠯᠬᠤ ᠶᠢ ᠪᠡᠶᠡᠯᠡᠭᠦᠯᠦᠨ᠎ᠡ᠃ ᠦᠢᠯᠡᠳᠪᠦᠷᠢᠯᠡᠯ ᠵᠣᠭᠰᠣᠭᠰᠠᠨ ᠨᠡᠭᠦᠷᠡᠰᠦᠨ ᠠᠭᠤᠷᠬᠠᠶ ᠶᠢᠨ ᠠᠮᠢ ᠠᠬᠤᠶ ᠶᠢ | ᠰᠡᠷᠭᠦᠭᠡᠬᠦ ᠲᠣᠭᠲᠠᠴᠠ ᠶᠢ ᠪᠠᠶᠢᠭᠤᠯᠤᠨ᠎ᠠ᠃ ᠠᠭᠤᠷᠬᠠᠶ ᠶᠢᠨ ᠣᠷᠣᠨ ᠤ ᠭᠠᠵᠠᠷ ᠰᠢᠷᠣᠶ᠂ ᠦᠢᠯᠡᠳᠪᠦᠷᠢ ᠶᠢᠨ | ᠲᠠᠰᠤᠭ᠂ ᠡᠬᠢ ᠪᠠᠶᠠᠯᠢᠭ ᠵᠡᠷᠭᠡ ᠳᠠᠪᠠᠭᠤᠯᠢᠭ ᠢ ᠪᠠᠳᠠᠷᠠᠭᠤᠯᠤᠨ᠂ ᠠᠵᠤ ᠠᠬᠤᠶᠢᠯᠠᠯ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠬᠢᠭᠡᠳ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠬᠤ ᠶᠢ ᠬᠥᠲᠥᠯᠥᠨ ᠵᠢᠯᠣᠭᠤᠳᠣᠨ᠎ᠠ᠃ 2025 ᠣᠨ ᠪᠣᠯᠬᠤ ᠳᠤ᠂ 100% ᠶᠢᠨ ᠨᠡᠭᠦᠷᠡᠰᠦᠨ | ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠣᠷᠣᠨ ᠪᠣᠯᠭᠠᠨ ᠪᠠᠶᠢᠭᠤᠯᠣᠨ᠎ᠠ᠃ ᠤᠰᠤ ᠲᠠᠲᠠᠬᠤ᠂ ᠬᠠᠶᠠᠭᠳᠠᠮᠠᠯ | ᠤᠰᠤ ᠶᠢ ᠬᠤᠷᠢᠶᠠᠨ ᠠᠰᠢᠭᠯᠠᠬᠤ᠂ ᠪᠣᠬᠢᠷᠲᠤᠯ ᠪᠣᠳᠠᠰ ᠢ ᠨᠢᠭᠡ ᠴᠣᠭᠴᠠᠵᠢᠭᠤᠯᠤᠨ ᠰᠢᠢᠳᠪᠦᠷᠢᠯᠡᠬᠦ ᠵᠡᠷᠭᠡ | ᠰᠢᠨ᠎ᠡ ᠮᠡᠷᠭᠡᠵᠢᠯ ᠢ ᠬᠡᠷᠡᠭᠯᠡᠨ᠎ᠡ᠃ ᠵᠢᠩ ᠨᠸᠡᠭ ᠤᠨ 2 × 2.5 ᠲᠦᠮᠡᠨ ᠺᠢᠯᠣᠸᠠᠲ ᠤᠨ ᠪᠡᠯᠡᠳᠭᠡᠯ ᠴᠠᠬᠢᠯᠭᠠᠨ | ᠭᠠᠷᠭᠠᠬᠤ ᠦᠢᠯᠡᠳᠪᠦᠷᠢ ᠶᠢᠨ ᠲᠥᠷᠥᠯ ᠵᠦᠢᠯ ᠢ ᠠᠬᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠬᠢᠯᠢ | ᠠᠯᠤᠰᠯᠠᠭᠰᠠᠨ ᠮᠣᠩᠭᠤᠯ ᠣᠯᠣᠰ ᠤᠨ ᠨᠡᠭᠦᠷᠡᠰᠦ ᠴᠠᠬᠢᠯᠭᠠᠨ ᠲᠡᠮᠦᠷᠯᠢᠭ ᠢ ᠨᠢᠭᠡ ᠴᠣᠭᠴᠠᠵᠢᠭᠤᠯᠤᠭᠰᠠᠨ ᠠᠵᠤ | ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠪᠠᠶᠢᠷᠢᠰᠢᠭᠤᠯᠵᠤ᠂ ᠮᠣᠩᠭᠤᠯ ᠣᠯᠣᠰ ᠤᠨ ᠡᠯᠪᠡᠭ ᠪᠠᠶᠠᠯᠢᠭ | ᠨᠡᠭᠦᠷᠡᠰᠦᠨ ᠤ ᠡᠬᠢ ᠪᠠᠶᠠᠯᠢᠭ ᠲᠤ ᠲᠦᠰᠢᠭᠯᠡᠨ᠂ 2 × 66 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠮᠠᠰᠢᠨ | ᠴᠣᠭᠴᠠᠯᠠᠪᠤᠷᠢ ᠶᠢ ᠪᠥᠲᠥᠭᠡᠨ ᠪᠠᠶᠢᠭᠤᠯᠵᠤ᠂ ᠨᠡᠭᠦᠷᠡᠰᠦ ᠶᠢ ᠲᠤᠬᠠᠶ ᠶᠢᠨ ᠭᠠᠵᠠᠷ ᠲᠤᠨᠢ ᠤᠯᠠᠷᠢᠭᠤᠯᠬᠤ ᠶᠢ | ᠠᠬᠢᠭᠤᠯᠤᠨ᠎ᠠ᠃ | ᠲᠤᠰᠤ ᠭᠡᠢ ᠶᠢ ᠣᠷᠴᠢᠯᠳᠤᠭᠤᠯᠤᠨ ᠨᠡᠭᠡᠭᠡᠨ ᠠᠰᠢᠭᠯᠠᠬᠤ ᠶᠢ ᠲᠡᠮᠵᠢᠨ᠎ᠠ᠃ ᠬᠠᠶᠢᠨ ᠰᠢᠨᠵᠢᠬᠦ ᠶᠢ ᠮᠠᠯᠲᠠᠬᠤ | ᠳᠤ ᠣᠯᠠᠷᠢᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠢᠯᠠᠭᠤᠨ ᠲᠣᠰᠣᠨ ᠤ ᠦᠢᠯᠡᠳᠪᠦᠷᠢᠯᠡᠯ | ᠤᠨ ᠴᠢᠳᠠᠪᠤᠷᠢ ᠶᠢ ᠯᠠᠪᠳᠠᠭᠤᠨ ᠢᠶᠠᠷ ᠥᠷᠭᠡᠳᠬᠡᠨ᠂ ᠤᠮᠠᠷᠠᠲᠤ ᠶᠢᠨ ᠴᠢᠯᠠᠭᠤᠨ ᠲᠣᠰᠣᠨ ᠤ ᠡᠷᠢᠶᠡᠨ ᠳᠠᠬᠢ | ᠬᠤᠪᠢᠶᠠᠷᠢ ᠺᠣᠮᠫᠠᠨᠢ ᠶᠢᠨ ᠴᠢᠯᠠᠭᠤᠨ ᠲᠣᠰᠣ ᠨᠡᠭᠡᠭᠡᠨ ᠬᠥᠭᠵᠢᠭᠦᠯᠬᠦ᠂ ᠬᠤᠩ ᠪᠥᠸᠧ ᠴᠢᠯᠠᠭᠤᠨ ᠲᠣᠰᠣ ᠨᠡᠭᠡᠭᠡᠨ | ᠬᠥᠭᠵᠢᠭᠦᠯᠬᠦ᠂ ᠵᠦᠩ ᠶᠣᠸᠠᠨ ᠴᠢᠯᠠᠭᠤᠨ ᠲᠣᠰᠣ ᠨᠡᠭᠡᠭᠡᠨ ᠬᠥᠭᠵᠢᠭᠦᠯᠬᠦ ᠲᠥᠷᠥᠯ ᠵᠦᠢᠯ ᠪᠠ ᠭᠤᠷᠣᠬᠠᠨ ᠲᠣᠰᠣ | ᠬᠡᠢ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠲᠣᠰᠣ | ᠪᠣᠯᠪᠠᠰᠤᠷᠠᠭᠤᠯᠬᠤ ᠲᠥᠷᠥᠯ ᠵᠦᠢᠯ ᠪᠣᠯᠤᠨ ᠴᠢᠯᠠᠭᠤᠨ ᠲᠣᠰᠣᠨ ᠤ ᠠᠭᠤᠷᠬᠠᠶ ᠶᠢᠨ ᠬᠤᠳᠳᠤᠭ ᠤᠨ ᠬᠤᠭᠤᠯᠠᠶ | ᠱᠤᠭᠤᠮ ᠢ ᠵᠠᠯᠭᠠᠬᠤ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠶᠢᠨ | ᠬᠠᠮᠲᠤ᠂ ᠭᠠᠳᠠᠭᠠᠳᠣ ᠠᠴᠠ ᠴᠢᠯᠠᠭᠤᠨ ᠲᠣᠰᠣ ᠣᠷᠣᠭᠤᠯᠬᠤ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠲᠣᠬᠠᠢ | ᠶᠢᠨ ᠭᠠᠵᠠᠷ ᠲᠤᠨᠢ ᠬᠢᠨᠠᠨ ᠬᠠᠮᠢᠶᠠᠷᠬᠤ ᠪᠠ ᠲᠡᠮᠦᠷ ᠵᠠᠮ ᠢᠶᠠᠷ ᠲᠡᠭᠡᠭᠡᠪᠦᠷᠢᠯᠡᠬᠦ ᠶᠢ ᠪᠡᠶᠡᠯᠡᠭᠦᠯᠦᠨ᠎ᠡ᠃ ᠪᠠᠶᠢᠭᠠᠯᠢ ᠶᠢᠨ | ᠰᠢᠲᠠᠮᠠᠬᠠᠶ ᠬᠡᠶ ᠦᠢᠯᠡᠳᠪᠦᠷᠢᠯᠡᠨ ᠬᠠᠳᠠᠭᠠᠯᠠᠵᠣ ᠪᠣᠷᠣᠯᠠᠭᠤᠯᠬᠤ ᠲᠣᠭᠳᠠᠯᠴᠠᠭ᠎ᠠ ᠶᠢ ᠲᠦᠷᠭᠡᠳᠭᠡᠨ ᠪᠠᠶᠢᠭᠤᠯᠵᠣ᠂ | ᠴᠡᠪᠡᠷ ᠡᠨᠧᠷᠭᠢ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠤᠰᠤᠲᠥ᠋ᠷᠥᠭᠴᠢ ᠬᠠᠳᠠᠭᠠᠯᠠᠬᠤ ᠪᠠᠷ ᠭᠤᠤᠯ ᠪᠣᠯᠭᠠᠭᠰᠠᠨ | ᠤᠰᠤᠲᠥ᠋ᠷᠥᠭᠴᠢᠲᠦ ᠡᠨᠧᠷᠭᠢ ᠶᠢᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠭᠠᠵᠠᠷ ᠳᠣᠤᠷᠠᠬᠢ ᠨᠡᠭᠦᠷᠡᠰᠦ ᠶᠢ | ᠬᠡᠶᠢᠵᠢᠭᠦᠯᠦᠨ ᠤᠰᠤᠲᠥ᠋ᠷᠥᠭᠴᠢ ᠦᠢᠯᠡᠳᠬᠦ ᠵᠢᠴᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠴᠠᠭ ᠲᠤᠨᠢ | ᠳᠣᠭᠢᠷᠠᠭᠤᠯᠤᠨ ᠠᠬᠢᠭᠤᠯᠵᠤ᠂ ᠠᠵᠤ ᠠᠬᠤᠶᠢᠯᠠᠯ ᠢ ᠵᠣᠷᠢᠭᠵᠢᠭᠤᠯᠵᠤ ᠤᠰᠤᠲᠥ᠋ᠷᠥᠭᠴᠢ ᠨᠡᠮᠡᠬᠦ ᠥᠷᠲᠡᠭᠡ ᠶᠢᠨ | ᠪᠥᠲᠥᠭᠡᠨ ᠪᠠᠶᠢᠭᠤᠯᠤᠯᠲᠠ᠂ ᠡᠵᠡᠩᠨᠡᠯᠲᠡ᠂ ᠤᠰᠤᠲᠥ᠋ᠷᠥᠭᠴᠢᠲᠦ ᠳ᠋ᠢᠶᠠᠨ ᡂᠢ ᠶᠢ ᠰᠤᠳᠤᠯᠤᠨ ᠨᠡᠭᠡᠭᠡᠬᠦ ᠵᠡᠷᠭᠡ | ᠣᠯᠠᠨ ᠭᠤᠭᠴᠤᠭ᠎ᠠ ᠳᠤ ᠣᠷᠣᠯᠴᠠᠭᠤᠯᠵᠤ᠂ ᠠᠮᠤᠷ ᠲᠦᠪᠰᠢᠨ᠂ ᠪᠣᠬᠢᠷᠲᠤᠯ ᠥᠬᠡᠶ᠂ ᠡᠷᠴᠢᠮᠵᠢᠭᠰᠡᠨ᠂ ᠥᠨᠳᠥᠷ | ᠪᠦᠲᠦᠮᠵᠢᠲᠡᠶ ᠣᠲᠣ ᠦᠶ᠎ᠡ ᠶᠢᠨ ᠡᠨᠧᠷᠭᠢ ᠶᠢᠨ ᠬᠠᠩᠭᠠᠯᠭ᠎ᠠ ᠶᠢᠨ ᠰᠦᠷᠦᠭᠵᠢᠯ ᠢ ᠪᠠᠶᠢᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠵᠦᠪᠰᠢᠶᠡᠷᠡᠯ ᠤᠨ ᠬᠡᠪᠴᠢᠶᠡᠨ ᠳᠤ᠂ ᠦᠢᠯᠡᠳᠪᠦᠷᠢ ᠠᠭᠤᠷᠬᠠᠶ ᠶᠢᠨ | ᠬᠠᠶᠠᠭᠳᠠᠮᠠᠯ ᠭᠠᠵᠠᠷ᠂ ᠡᠯᠡᠰᠦᠷᠬᠡᠭ ᠭᠠᠵᠠᠷ ᠲᠤ ᠨᠠᠷᠠᠨ ᠤ ᠡᠨᠧᠷᠬᠢ ᠶᠢᠨ ᠦᠢᠯᠡᠰ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠵᠣᠬᠢᠬᠤ ᠬᠡᠮᠵᠢᠶ᠎ᠡ ᠪᠠᠷ ᠬᠥᠭᠵᠢᠭᠦᠯᠵᠦ᠂ ᠮᠠᠯᠵᠢᠬᠤ ᠣᠷᠣᠨ ᠤ ᠨᠠᠷᠠᠨ ᠤ ᠡᠨᠧᠷᠬᠢ ᠶᠢᠨ | ᠦᠢᠯᠡᠰ ᠬᠢᠭᠡᠳ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠣᠶᠠᠯᠳᠣᠭᠤᠯᠬᠤ ᠶᠢ ᠠᠬᠢᠭᠤᠯᠤᠨ᠂ ︽ᠺᠣᠮᠫᠠᠨᠢ | + ᠮᠠᠯᠵᠢᠬᠤ ᠡᠷᠦᠬᠡ︾᠂ ︽ ᠬᠤᠷᠰᠢᠶᠠᠵᠢᠯ + ᠮᠠᠯᠵᠢᠬᠤ ᠡᠷᠦᠬᠡ︾ ᠵᠡᠷᠭᠡ ᠨᠠᠷᠠᠨ ᠤ ᠡᠨᠧᠷᠬᠢ ᠪᠠᠷ ᠴᠠᠬᠢᠯᠭᠠᠨ | ᠭᠠᠷᠭᠠᠬᠤ ᠥᠷᠲᠡᠭᠡ ᠶᠢᠨ ᠬᠡᠯᠪᠡᠷᠢ ᠶᠢ ᠳᠡᠯᠭᠡᠷᠡᠭᠦᠯᠵᠦ᠂ ᠴᠡᠪᠡᠷ ᠡᠨᠧᠷᠬᠢ ᠶᠢᠨ ᠠᠰᠢᠭ ᠢ ᠬᠠᠮᠲᠤᠪᠠᠷ ᠭᠥᠷᠳᠡᠨ᠎ᠡ᠃ | ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ | ᠪᠠᠯᠭᠠᠰᠤᠨ ᠤ ᠡᠨᠧᠷᠭᠢ ᠬᠡᠷᠡᠭᠯᠡᠬᠦ ᠪᠦᠲᠦᠴᠡ ᠶᠢ ᠰᠠᠶᠢᠵᠢᠷᠠᠭᠤᠯᠤᠨ᠎ᠠ᠃ | ᠬᠤᠶᠠᠷ᠂ ᠰᠣᠩᠭᠤᠨ ᠪᠣᠯᠪᠠᠰᠣᠷᠠᠭᠤᠯᠬᠤ ᠠᠵᠤ ᠦᠢᠯᠡᠰ ᠤᠨ ᠬᠡᠯᠬᠢᠶᠡᠰᠣᠵᠢᠭ᠍ᠰᠡᠨ ᠬᠥᠭᠵᠢᠯᠲᠡ ᠶᠢ | ᠠᠬᠢᠭᠤᠯᠤᠨ᠎ᠠ | ᠲᠡᠮᠦᠷᠯᠢᠭ ᠪᠣᠯᠪᠠᠰᠣᠷᠠᠭᠤᠯᠬᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠳᠡᠰ ᠳᠡᠪᠰᠢᠬᠦᠯᠬᠦ ᠶᠢ | ᠠᠬᠢᠭᠤᠯᠵᠤ᠂ ᠮᠡᠷᠭᠡᠵᠢᠯ ᠤᠨ ᠥᠭᠡᠷᠡᠴᠢᠯᠡᠯᠲᠡ ᠪᠠ ᠭᠠᠷ ᠤᠷᠠᠯᠠᠯ ᠤᠨ ᠰᠢᠨᠡᠴᠢᠯᠡᠯᠲᠡ ᠶᠢ ᠴᠢᠩᠭᠠᠳᠬᠠᠨ᠂ ︽ | ᠬᠠᠶᠢᠬᠤ — ᠮᠠᠯᠲᠠᠬᠤ — ᠰᠢᠯᠢᠬᠦ — ᠬᠠᠶᠢᠯᠤᠭᠤᠯᠬᠤ — ᠪᠣᠯᠪᠠᠰᠤᠷᠠᠭᠤᠯᠬᠤ︾ ᠬᠥᠭᠵᠢᠯᠲᠡ ᠶᠢᠨ ᠠᠵᠤ | ᠦᠢᠯᠡᠰ ᠤᠨ ᠬᠡᠯᠬᠢᠶᠡᠵᠢᠯ ᠢ ᠪᠠᠶᠢᠭᠤᠯᠤᠨ᠎ᠠ᠃ ᠣᠯᠠᠭᠠᠨᠳᠣᠯᠣᠭᠠᠢ ᠶᠢᠨ ᠵᠡᠬᠦᠨ ᠬᠡᠰᠡᠭ᠂ 1017 ᠥᠨᠳᠦᠷᠯᠢᠭ᠂ | ᠬᠦᠪᠳᠦᠨᠳᠣᠯᠣᠭᠠᠢ ᠵᠡᠷᠭᠡ ᠦᠩᠭᠡᠳᠦ ᠲᠡᠮᠦᠷᠯᠢᠭ ᠤᠨ ᠠᠭᠤᠷᠬᠠᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠥᠩᠭᠡᠲᠦ ᠲᠡᠮᠦᠷᠯᠢᠭ ᠰᠣᠩᠭᠤᠨ ᠪᠣᠯᠪᠠᠰᠣᠷᠠᠭᠤᠯᠵᠣ ᠳᠡᠰ ᠳᠡᠪᠰᠢᠭᠦᠯᠬᠦ | ᠥᠭᠡᠷᠡᠴᠢᠯᠡᠯᠲᠡ ᠶᠢ ᠭᠤᠣᠯᠳᠠᠯᠭ᠎ᠠ ᠲᠠᠢ ᠠᠬᠢᠭᠤᠯᠵᠤ᠂ ᠰᠢᠯᠢ ᠶᠢᠨ ᠭᠤᠣᠯ ᠤᠨ ᠱᠣᠸᠠᠩ ᠶᠣᠸᠠᠨ ᠴᠠᠶᠢᠷ | ᠬᠠᠶᠢᠯᠣᠭᠤᠯᠣᠨ ᠪᠣᠯᠪᠠᠰᠣᠷᠠᠭᠤᠯᠬᠤ᠂ ᠠᠭᠤᠷᠬᠠᠢ ᠶᠢᠨ ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ | ᠮᠡᠷᠭᠡᠵᠢᠯ ᠤᠨ ᠥᠭᠡᠷᠡᠴᠢᠯᠡᠯᠲᠡ ᠪᠠ ᠬᠡᠪᠴᠢᠶ᠎ᠡ ᠶᠢ ᠥᠷᠭᠡᠳᠬᠡᠬᠦ ᠲᠥᠷᠦᠯ ᠵᠦᠢᠯ ᠢ ᠬᠡᠷᠡᠭᠵᠢᠭᠦᠯᠦᠨ᠎ᠡ᠃ ᠵᠡᠭᠦᠨ | ᠬᠠᠲᠠᠪᠴᠢ ᠪᠣᠭᠤᠮᠲᠠ ᠶᠢᠨ ᠬᠢᠯᠢ ᠠᠯᠤᠰᠯᠠᠭᠰᠠᠨ ᠮᠣᠩᠭᠤᠯ ᠤᠯᠤᠰ ᠤᠨ ᠨᠡᠭᠦᠷᠡᠰᠦ ᠴᠠᠬᠢᠯᠭᠠᠨ ᠲᠡᠮᠦᠷᠯᠢᠭ ᠢ ᠨᠢᠭᠡ | ᠴᠣᠭᠴᠠᠵᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠲᠦᠰᠢᠭᠯᠡᠨ᠂ ᠠᠭᠤᠷᠬᠠᠢ ᠶᠢᠨ | ᠳᠡᠷᠭᠡᠳᠡᠬᠢ ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠤ ᠦᠨ᠎ᠡ ᠲᠣᠣᠷ᠎ᠠ ᠪᠠ ᠮᠣᠩᠭᠤᠯ ᠤᠯᠤᠰ ᠤᠨ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠰᠢᠭᠯᠠᠨ᠂ ᠲᠡᠮᠦᠷᠯᠢᠭ ᠪᠣᠯᠪᠠᠰᠤᠷᠠᠭᠤᠯᠬᠤ ᠲᠥᠷᠥᠯ ᠵᠦᠢᠯ ᠢ | ᠪᠦᠲᠦᠭᠡᠨ ᠪᠠᠶᠢᠭᠤᠯᠤᠨ᠎ᠠ᠃ | ᠭᠤᠷᠪᠠ᠂ ᠰᠢᠨ᠎ᠡ ᠮᠠᠲ᠋ᠧᠷᠢᠶᠠᠯ ᠦᠢᠯᠡᠳᠬᠦ ᠦᠢᠯᠡᠰ ᠤᠨ ᠬᠠᠮᠵᠢᠯᠴᠠᠨ ᠬᠥᠭᠵᠢᠬᠦ ᠶᠢ ᠳᠥᠯᠭᠢᠨ ᠠᠬᠢᠭᠤᠯᠤᠨ᠎ᠠ | | ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ | ᠰᠢᠯᠵᠢᠯᠲᠡ ᠶᠢ ᠢᠳᠡᠪᠬᠢᠲᠡᠶ ᠵᠠᠯᠭᠠᠯᠳᠣᠵᠣ᠂ ᠬᠠᠷ᠎ᠠ ᠲᠤᠭᠤᠯᠭ᠎ᠠ᠂ ᠮᠥᠩᠭᠦ᠂ ᠴᠠᠶᠢᠷ᠂ ᠸᠣᠯᠹᠷᠠᠮ᠂ ᠮᠣᠯᠢᠪᠳᠧᠨ | ᠵᠡᠷᠭᠡ ᠥᠩᠭᠡᠲᠦ ᠲᠡᠮᠦᠷᠯᠢᠭ ᠤᠨ ᠲᠣᠭᠤᠷᠢᠨ ᠳᠤ᠂ ᠨᠠᠷᠢᠯᠢᠭ ᠡᠳ᠋ᠰᠢᠬᠦᠯᠦᠨ ᠪᠣᠯᠪᠠᠰᠣᠷᠠᠭᠤᠯᠬᠤ ᠠᠵᠤ ᠠᠬᠤᠶᠢᠯᠠᠯ ᠢ | ᠢᠳᠡᠪᠬᠢᠲᠡᠶ ᠪᠠᠷ ᠳᠠᠳᠠᠨ ᠣᠷᠣᠭᠤᠯᠵᠣ᠂ ᠠᠵᠤ ᠦᠢᠯᠡᠰ ᠤᠨ ᠬᠡᠯᠬᠢᠶᠡᠰᠣ ᠪᠠ ᠦᠢᠯᠡᠳᠬᠦᠨ ᠤ ᠬᠡᠯᠬᠢᠶᠡᠰᠣ ᠶᠢ | ᠵᠡᠷᠭᠡ ᠳᠤᠨᠢ ᠳᠡᠭᠡᠭᠰᠢᠯᠡᠭᠦᠯᠬᠦ ᠶᠢ ᠠᠬᠢᠭᠤᠯᠵᠤ᠂ ᠥᠩᠭᠡᠲᠦ ᠲᠡᠮᠦᠷᠯᠢᠭ ᠤᠨ ᠮᠠᠲ᠋ᠧᠷᠢᠶᠠᠯ ᠢᠶᠠᠷ ᠭᠤᠣᠯ ᠪᠣᠯᠭᠠᠭᠰᠠᠨ᠂ | ᠦᠨᠳᠦᠷ ᠮᠡᠷᠭᠡᠵᠢᠯᠳᠦ ᠰᠢᠷᠬᠡᠭ ᠤᠨ ᠮᠠᠲ᠋ᠧᠷᠢᠶᠠᠯ᠂ ᠬᠠᠶᠢᠯᠤᠭᠤᠷ ᠵᠣᠩᠰᠢ ᠶᠢᠨ ᠹᠯᠣᠷ ᠤᠨ ᠰᠢᠨ᠎ᠡ ᠮᠠᠲ᠋ᠧᠷᠢᠶᠠᠯ ᠵᠢᠴᠢ | ᠨᠠᠷᠠᠨ ᠤ ᠡᠨᠧᠷᠬᠢ ᠶᠢᠨ ᠮᠠᠲ᠋ᠧᠷᠢᠶᠠᠯ ᠢ ᠣᠶᠠᠯᠳᠣᠭᠤᠯᠣᠨ ᠬᠥᠭᠵᠢᠭᠰᠡᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠴᠣᠭᠯᠠᠷᠠᠯ ᠢ ᠴᠣᠭᠴᠠᠯᠠᠨ ᠪᠠᠶᠢᠭᠤᠯᠤᠨ᠎ᠠ᠃ ᠲᠡᠷᠢᠭᠦᠨ ᠤ ᠵᠢᠷᠤᠭᠯᠠᠨ ᠲᠥᠯᠥᠪᠯᠡᠬᠦ ᠮᠡᠷᠭᠡᠵᠢᠯ᠂ ᠡᠳ᠋ᠰᠢᠬᠦᠯᠦᠨ | ᠪᠣᠯᠪᠠᠰᠣᠷᠠᠭᠤᠯᠬᠤ ᠮᠡᠷᠭᠡᠵᠢᠯ ᠪᠣᠯᠤᠨ ᠦᠢᠯᠡᠳᠬᠦ ᠵᠠᠭᠪᠤᠷ ᠢ ᠣᠷᠢᠨ ᠣᠷᠣᠭᠤᠯᠵᠣ᠂ ᠲᠡᠮᠦᠷᠯᠢᠭ ᠮᠠᠰᠢᠨ ᠤ ᠲᠤᠨᠤᠭ | ᠦᠢᠯᠡᠳᠬᠦ ᠪᠠᠷ ᠭᠤᠣᠯ ᠪᠣᠯᠭᠠᠭᠰᠠᠨ ᠤᠳᠤ ᠦᠶ᠎ᠡ ᠶᠢᠨ ᠮᠠᠯ ᠠᠵᠤ ᠠᠬᠤᠢ ᠶᠢᠨ ᠮᠠᠰᠢᠨ ᠤ ᠲᠥᠬᠦᠭᠡᠷᠦᠮᠵᠢ᠂ | ᠠᠭᠤᠷᠬᠠᠢ ᠶᠢᠨ ᠮᠠᠰᠢᠨ ᠢᠶᠠᠷ ᠭᠤᠣᠯ ᠪᠣᠯᠭᠠᠭᠰᠠᠨ ᠲᠤᠨᠤᠭ ᠲᠥᠬᠦᠭᠡᠷᠦᠮᠵᠢ ᠶᠢᠨ ᠠᠵᠤ ᠦᠢᠯᠡᠰ ᠪᠣᠯᠤᠨ ᠰᠢᠨ᠎ᠡ | ᠡᠨᠧᠷᠭᠢ ᠶᠢᠨ ᠲᠤᠨᠤᠭ ᠲᠥᠬᠦᠭᠡᠷᠦᠮᠵᠢ ᠤᠭᠰᠠᠷᠠᠬᠤ ᠠᠵᠤ ᠦᠢᠯᠡᠰ ᠢ ᠬᠥᠭᠵᠢᠭᠦᠯᠦᠨ᠎ᠡ᠃ ᠦᠯᠡᠳᠡᠭᠳᠡᠯ ᠬᠦᠳᠡᠷ᠂ | ᠬᠠᠶᠠᠭᠳᠠᠮᠠᠯ ᠴᠢᠯᠠᠭᠤ᠂ ᠬᠠᠶᠠᠭᠳᠠᠮᠠᠯ ᠰᠢᠭᠠᠷᠤ᠂ ᠨᠤᠨᠲᠠᠭ ᠨᠡᠬᠦᠷᠡᠰᠣ ᠵᠡᠷᠭᠡ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠪᠣᠯᠤᠨ ᠪᠠᠷᠢᠯᠭ᠎ᠠ ᠶᠢᠨ ᠬᠤᠭ ᠨᠣᠪᠰᠢ ᠶᠢ ᠭᠦᠢᠴᠡᠳ ᠠᠰᠢᠭᠯᠠᠵᠤ᠂ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢ ᠬᠥᠭᠵᠢᠭᠦᠯᠦᠨ᠎ᠡ᠃ ᠢᠯᠵᠢᠮᠡᠭ ᠬᠦᠴᠢᠯ ᠤᠨ | ᠪᠦᠲᠦᠭᠡᠭᠳᠡᠬᠦᠨ ᠤ ᠲᠥᠷᠥᠯ ᠵᠦᠢᠯ ᠢ ᠠᠬᠢᠭᠤᠯᠵᠤ᠂ ᠡᠵᠢ ᠨᠠᠭᠤᠷ ᠤᠨ ᠳᠠᠪᠤᠰᠤᠨ ᠤ ᠦᠢᠯᠡᠰ ᠤᠨ | ᠪᠦᠲᠦᠭᠡᠭᠳᠡᠬᠦᠨ ᠤ ᠪᠦᠲᠦᠴᠡ ᠪᠠᠨ ᠰᠢᠯᠢᠳᠡᠭᠵᠢᠭᠦᠯᠬᠦ ᠶᠢ ᠳᠡᠮᠵᠢᠵᠦ᠂ ᠪᠦᠲᠦᠭᠡᠭᠳᠡᠬᠦᠨ ᠤ ᠶᠠᠰᠤ ᠴᠢᠨᠠᠷ ᠢ | ᠳᠡᠭᠡᠭᠰᠢᠯᠡᠭᠦᠯᠦᠨ᠂ ᠪᠥᠬᠦ ᠤᠯᠤᠰ ᠤᠨ ᠳᠠᠪᠤᠰᠤᠨ ᠤ ᠦᠢᠯᠡᠰ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ | ᠳᠥᠷᠪᠡ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠦᠢᠯᠡᠰ ᠤᠨ | ᠣᠳᠣᠬᠢᠴᠢᠯᠠᠭᠰᠠᠨ ᠬᠥᠭᠵᠢᠯᠲᠡ ᠶᠢ ᠲᠦᠷᠭᠡᠳᠬᠡᠨ᠎ᠡ | ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠶ ᠪᠠᠷ ᠳᠠᠳᠠᠨ ᠣᠷᠣᠭᠤᠯᠬᠤ ᠪᠠ ᠪᠤᠶᠢᠵᠢᠭᠤᠯᠵᠤ᠂ | ᠭᠠᠳᠠᠭᠠᠳᠤ ᠠᠴᠠ ᠣᠷᠣᠭᠤᠯᠤᠭᠰᠠᠨ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠦᠨ | ᠪᠣᠯᠪᠠᠰᠣᠷᠠᠭᠤᠯᠬᠤ ᠠᠵᠤ ᠦᠢᠯᠡᠰ ᠤᠨ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠵᠦ᠂ ᠨᠢᠲᠤᠯᠬᠤ — ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠰᠢᠮ᠎ᠡ ᠲᠡᠵᠢᠭᠡᠯ ᠲᠠᠢ ᠢᠳᠡᠭᠡᠨ — | ᠠᠮᠢᠳᠤ ᠪᠣᠳᠠᠰ ᠤᠨ ᠡᠷᠡᠭᠦᠯ ᠮᠡᠨᠳᠦ ᠠᠵᠤ ᠦᠢᠯᠡᠰ ᠤᠨ ᠬᠡᠯᠬᠢᠶᠡᠰᠣ ᠶᠢ ᠪᠠᠶᠢᠭᠤᠯᠵᠤ᠂ ᠮᠠᠯ ᠤᠨ ᠠᠰᠢᠭ ᠰᠢᠮ᠎ᠡ ᠶᠢᠨ | ᠪᠦᠳᠦᠭᠡᠭᠳᠡᠬᠦᠨ ᠤ ᠰᠦᠷᠦᠭᠵᠢᠭᠰᠡᠨ᠂ ᠨᠠᠷᠢᠯᠢᠭᠵᠢᠭᠰᠠᠨ ᠬᠦᠭᠵᠢᠯᠲᠡ ᠶᠢ ᠲᠦᠯᠬᠢᠨ ᠠᠬᠢᠭᠤᠯᠣᠨ᠎ᠠ᠃ ᠬᠦᠯᠳᠡᠭᠡᠭᠰᠡᠨ | ᠮᠢᠬ᠎ᠠ᠂ ᠬᠡᠰᠡᠭᠯᠡᠭᠰᠡᠨ ᠮᠢᠬ᠎ᠠ᠂ ᠪᠤᠯᠭᠤᠭᠰᠠᠨ ᠢᠳᠡᠭᠡᠨ᠂ ᠳᠥᠭᠦᠮ ᠢᠳᠡᠭᠡᠨ ᠵᠡᠷᠭᠡ ᠨᠠᠷᠢᠯᠢᠭ ᠡᠳ᠋ᠰᠢᠬᠦᠯᠦᠨ | ᠪᠣᠯᠪᠠᠰᠣᠷᠠᠭᠤᠯᠣᠭᠰᠠᠨ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ᠂ ᠠᠵᠤ ᠦᠢᠯᠡᠰ ᠤᠨ ᠳᠡᠰ | ᠳᠡᠪᠰᠢᠬᠦ ᠶᠢ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ | ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠷᠡᠭᠦᠯ ᠠᠵᠤ ᠦᠢᠯᠡᠰ ᠢ | ᠬᠥᠭᠵᠢᠭᠦᠯᠵᠦ᠂ ᠶᠣᠸᠡᠢ ᠢ ᠠᠮᠢᠳᠤ ᠪᠣᠳᠠᠰ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠦᠬᠡᠷ ᠬᠤᠨᠢ ᠠᠳᠣᠭᠤᠨ ᠤ ᠳᠣᠳᠣᠷ ᠡᠷᠬᠡᠲᠡᠨ᠂ ᠥᠭᠡᠬᠦ ᠲᠣᠰᠣ᠂ | ᠬᠤᠶᠢᠲᠤᠬᠢ᠂ ᠠᠷᠠᠰᠤ ᠨᠣᠤᠰᠣ ᠶᠢ ᠶᠡᠷᠦᠩᠬᠡᠶᠢᠯᠡᠨ ᠠᠰᠢᠭᠯᠠᠵᠤ᠂ ᠠᠮᠢᠳᠤ ᠪᠣᠳᠠᠰ ᠤᠨ ᠡᠮ ᠦᠢᠯᠡᠳᠬᠦ᠂ | ᠡᠷᠡᠭᠦᠯᠵᠢᠯ ᠤᠨ ᠡᠳ᠋᠂ ᠠᠮᠢᠳᠤ ᠪᠣᠳᠠᠰ ᠤᠨ ᠲᠡᠵᠢᠭᠡᠯ ᠪᠣᠷᠳᠤᠭ᠎ᠠ ᠵᠡᠷᠭᠡ ᠠᠮᠢᠳᠤ ᠪᠣᠳᠠᠰ ᠤᠨ ᠪᠦᠲᠦᠭᠡᠭᠳᠡᠬᠦᠨ ᠢ | ᠰᠤᠳᠤᠯᠤᠨ ᠦᠢᠯᠡᠳᠴᠦ᠂ ᠦᠵᠦᠮᠦᠴᠢᠨ ᠬᠤᠨᠢᠨ ᠤ ᠬᠤᠶᠢᠲᠤᠬᠢ᠂ ᠬᠤᠨᠢᠨ ᠤ ᠰᠡᠭᠦᠯ ᠢ ᠨᠡᠭᠡᠭᠡᠨ ᠠᠰᠢᠭᠯᠠᠬᠤ | ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ 2025 ᠣᠨ ᠪᠣᠯᠬᠤ ᠳᠤ᠂ ᠪᠣᠬᠢᠷᠲᠤᠯ ᠥᠬᠡᠶ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠪᠦᠬᠦ ᠶᠠᠪᠣᠴᠠ ᠶᠢᠨ ᠮᠦᠷᠳᠡᠬᠦ ᠰᠢᠰᠲ᠋ᠧᠮ ᠢ ᠦᠨᠳᠦᠰᠦᠨ ᠳᠡᠭᠡᠨ | ᠪᠦᠷᠢᠯᠳᠦᠭᠦᠯᠵᠦ᠂ ᠦᠬᠡᠷ ᠬᠤᠨᠢ ᠢᠮᠠᠭ᠎ᠠ ᠶᠢ ᠪᠦᠬᠦᠨ ᠢ ᠲᠤᠬᠠᠶ ᠶᠢᠨ ᠭᠠᠵᠠᠷ ᠲᠤᠨᠢ ᠡᠳ᠋ᠰᠢᠭᠦᠯᠬᠦ ᠶᠢ ᠪᠡᠶᠡᠯᠡᠭᠦᠯᠦᠨ᠎ᠡ᠃ | ᠨᠡᠷᠡᠳᠦ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠭᠡᠳᠦ ᠲᠠᠰ ᠤᠨ ᠵᠠᠬ᠎ᠠ | ᠳᠡᠯᠭᠡᠭᠦᠷ ᠢ ᠨᠡᠭᠡᠭᠡᠨ ᠥᠷᠭᠡᠳᠬᠡᠵᠦ᠂ ᠴᠢᠨᠠᠷ ᠰᠠᠶᠢᠲᠠᠶ ᠪᠥᠭᠡᠳ ᠦᠨ᠎ᠡ ᠰᠠᠶᠢᠲᠠᠶ ᠪᠠᠶᠢᠬᠤ ᠶᠢ ᠪᠡᠶᠡᠯᠡᠭᠦᠯᠦᠨ᠎ᠡ᠃ | ᠦᠪᠡᠷᠳᠡᠭᠡᠨ ᠵᠠᠰᠠᠬᠤ ᠣᠷᠣᠨ ᠤ ᠰᠦᠨ ᠤ ᠦᠢᠯᠡᠰ ᠢ ᠭᠦᠭᠵᠢᠭᠦᠯᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠨ | ᠨᠠᠶᠢᠳᠠᠪᠣᠷᠢᠵᠢᠭᠤᠯᠵᠣ᠂ ᠨᠢᠬᠡ ᠪᠦᠯᠦᠭ ᠲᠦᠷᠢᠮᠵᠢᠭᠰᠡᠨ ᠴᠠᠭᠠᠨ ᠢᠳᠡᠬᠡᠨ ᠤ ᠵᠢᠵᠢᠭ ᠦᠢᠯᠡᠳᠪᠦᠷᠢ ᠪᠠᠶᠢᠭᠤᠯᠵᠣ᠂ | ᠴᠠᠭᠠᠨ ᠢᠳᠡᠭᠡ ᠪᠣᠯᠪᠠᠰᠣᠷᠠᠭᠤᠯᠬᠤ ᠲᠣᠰᠬᠠᠢ ᠮᠡᠷᠭᠡᠵᠢᠯᠳᠦ ᠠᠵᠣ ᠠᠬᠤᠶᠢᠯᠠᠯ ᠲᠠᠢ ᠣᠷᠳᠣ ᠬᠤᠭᠤᠴᠠᠭ᠎ᠠ ᠪᠠᠷ | ᠠᠰᠢᠭ ᠲᠣᠰᠠ ᠶᠢᠨ ᠬᠤᠯᠪᠣᠭ᠎ᠠ ᠪᠠᠶᠢᠭᠤᠯᠵᠣ᠂ ᠴᠠᠭᠠᠨ ᠢᠳᠡᠭᠡᠨ ᠤ ᠦᠢᠯᠡᠳᠬᠦᠨ ᠤ ᠪᠣᠬᠢᠷᠳᠣᠯ ᠦᠬᠡᠢ᠂ ᠲᠣᠰᠬᠠᠢ | ᠲᠡᠮᠳᠡᠭᠵᠢᠭᠰᠡᠨ᠂ ᠦᠨᠳᠦᠷ ᠲᠡᠰ ᠲᠡᠰᠢ ᠬᠦᠭᠵᠢᠯᠳᠡ ᠶᠢ ᠠᠬᠢᠭᠤᠯᠵᠣ᠂ ᠴᠠᠭᠠᠨ ᠢᠳᠡᠬᠡᠨ ᠤ ᠭᠠᠳᠠᠭᠰᠢ | ᠪᠣᠷᠣᠯᠠᠭᠤᠯᠣᠯᠳᠠ ᠬᠦᠴᠢᠷ ᠠᠰᠠᠭᠤᠳᠠᠯ ᠢ ᠰᠢᠢᠳᠪᠦᠷᠢᠯᠡᠨ᠎ᠡ᠃2025 ᠣᠨ ᠪᠣᠯᠬᠤ ᠳᠤ20 ᠡᠷᠦᠬᠡ ᠴᠠᠭᠠᠨ | ᠢᠳᠡᠬᠡᠨ ᠤ ᠵᠢᠵᠢᠭ ᠦᠢᠯᠡᠳᠪᠦᠷᠢ ᠶᠢ ᠲᠡᠰ ᠲᠡᠪᠰᠢᠭᠦᠯᠦᠨ᠎ᠡ᠃ ᠵᠢᠯ ᠳᠤ 2 ᠲᠦᠮᠡᠨ ᠲᠣᠨ ᠲᠦᠭᠦᠭᠡᠢ ᠰᠦ | ᠡᠳ᠋ᠰᠢᠭᠦᠯᠬᠦ ᠶᠢ ᠪᠡᠶᠡᠯᠡᠭᠦᠯᠵᠦ᠂ ᠣᠯᠠᠮᠵᠢᠯᠠᠯᠳᠣ ᠴᠠᠭᠠᠨ ᠢᠳᠡᠬᠡᠨ ᠤ ᠲᠣᠰᠬᠠᠢ ᠲᠡᠮᠳᠡᠭᠳᠦ ᠪᠣᠷᠣᠯᠠᠭᠤᠯᠣᠯᠳᠠ ᠶᠢ | ᠪᠡᠶᠡᠯᠡᠭᠦᠯᠦᠨ᠎ᠡ᠃ | ᠭᠤᠷᠪᠠᠳᠤᠭᠠᠷ ᠬᠡᠰᠡᠭ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ | ᠠᠵᠤ ᠠᠬᠤᠢ ᠶᠢᠨ ᠤᠶᠠᠨ ᠬᠠᠳᠠᠨ ᠴᠢᠨᠠᠷ ᠢ ᠳᠡᠭᠡᠭᠰᠢᠯᠡᠬᠦᠯᠬᠦ ᠪᠠᠷ ᠵᠣᠷᠢᠯᠭ᠎ᠠ ᠪᠣᠯᠭᠠᠨ᠂ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠰᠠᠨ ᠪᠠ ᠳᠡᠭᠡᠳᠦ ᠳᠡᠰ ᠤᠨ ᠦᠢᠯᠡᠴᠢᠯᠡᠭᠡ ᠲᠡᠰᠢ | ᠣᠷᠳᠣᠳᠬᠠᠬᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠨᠠᠷᠢᠯᠢᠭᠵᠢᠭᠰᠠᠨ᠂ ᠴᠢᠨᠠᠷᠵᠢᠭᠤᠯᠣᠨ | ᠳᠡᠰ ᠳᠡᠪᠰᠢᠬᠦᠯᠬᠦ ᠶᠢ ᠠᠬᠢᠭᠤᠯᠵᠤ᠂ ᠦᠢᠯᠡᠴᠢᠯᠡᠭᠡᠨ ᠤ ᠦᠢᠯᠡᠰ ᠬᠢᠭᠡᠳ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠣᠵᠢᠯᠳᠡ ᠪᠠ ᠮᠠᠯ ᠠᠵᠤ ᠠᠬᠤᠢ ᠶᠢᠨ | ᠣᠳᠣᠬᠢᠴᠢᠯᠠᠯᠲᠠ ᠲᠡᠰᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ 2025 ᠣᠨ ᠪᠣᠯᠬᠤ ᠳᠤ᠂ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ ᠥᠷᠲᠡᠭ ᠢ 28 ᠳ᠋ᠦᠩᠰᠢᠭᠤᠷ ᠲᠥᠭᠦᠷᠢᠭ ᠲᠤ ᠬᠦᠷᠭᠡᠵᠣ᠂ GDP ᠳᠤ ᠡᠵᠡᠯᠡᠬᠦ | ᠬᠠᠷᠢᠴᠠᠯ ᠢ 38% ᠣᠷᠴᠢᠮ ᠪᠣᠯᠲᠠᠯ᠎ᠠ ᠳᠡᠭᠡᠭᠰᠢᠯᠡᠭᠦᠯᠦᠨ᠎ᠡ᠃ | ᠨᠢᠭᠡ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠤᠨ᠎ᠠ | ᠵᠢᠭᠤᠯᠴᠢᠯᠠᠯ ᠤᠨ ᠬᠥᠭᠵᠢᠯᠲᠡ ᠶᠢᠨ ᠬᠦᠴᠦᠨ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠲᠠᠯ᠎ᠠ | ᠨᠤᠲᠤᠭ ᠤᠨ ᠠᠮᠢ ᠠᠬᠤᠶ ᠶᠢᠨ ᠥᠩᠭᠡ ᠦᠵᠡᠮᠵᠢ᠂ ᠨᠡᠭᠦᠳᠡᠯ ᠮᠠᠯᠵᠢᠯ ᠤᠨ ᠰᠣᠶᠣᠯ ᠪᠣᠯᠤᠨ ᠪᠣᠭᠤᠮᠲᠠ ᠶᠢᠨ ᠬᠠᠷᠢ | ᠤᠯᠤᠰ ᠤᠨ ᠣᠨᠴᠠᠯᠢᠭᠳᠣ ᠵᠠᠩ ᠦᠢᠯᠡ ᠪᠠᠷ ᠭᠤᠣᠯ ᠪᠣᠯᠭᠠᠭᠰᠠᠨ ᠵᠢᠭᠤᠯᠴᠢᠯᠠᠯ ᠤᠨ ᠲᠣᠭᠳᠠᠯᠴᠠᠭ᠎ᠠ ᠶᠢ ᠴᠣᠭᠴᠠᠯᠠᠨ | ᠪᠠᠶᠢᠭᠤᠯᠵᠤ᠂ ᠦᠵᠦᠮᠦᠴᠢᠨ ᠣᠨᠴᠠᠯᠢᠭᠲᠤ ᠵᠢᠭᠤᠯᠴᠢᠯᠠᠯ ᠤᠨ ᠨᠡᠷᠡᠳᠦ ᠲᠡᠮᠳᠡᠭ ᠢ ᠡᠬᠦᠳᠦᠨ᠎ᠡ᠃ 2025 ᠣᠨ | ᠪᠣᠯᠬᠤ ᠳᠤ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 3.6 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ | ᠵᠢᠯ ᠳᠤ ᠵᠤᠭᠠᠴᠠᠭᠰᠠᠳ ᠢ 35 ᠲᠦᠮᠡᠨ ᠬᠥᠮᠦᠨ ᠤᠳᠠᠭ᠎ᠠ ᠠᠴᠠ ᠳᠠᠪᠠᠭᠤᠯᠤᠨ᠎ᠠ᠃ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠣᠷᠣᠨ | ᠪᠦᠰᠡ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠪᠦᠬᠦᠯᠢ ᠴᠣᠭᠴᠠ ᠪᠠᠷ ᠪᠣᠭᠤᠳᠠᠯᠯᠠᠬᠤ ᠪᠠ | ᠤᠬᠠᠭᠤᠯᠤᠨ ᠲᠥᠰᠦᠪᠯᠡᠬᠦ ᠶᠢ ᠴᠢᠩᠭᠠᠳᠬᠠᠵᠤ᠂ ᠵᠡᠭᠦᠨ ᠬᠠᠲᠠᠪᠴᠢ ᠪᠣᠭᠤᠮᠲᠠ — ᠮᠠᠨᠳᠣᠬᠤᠪᠣᠯᠠᠭ ᠪᠠᠯᠭᠠᠰᠤ — | ᠪᠣᠭᠳ᠋ᠬᠠᠭᠤᠯᠠ ᠪᠠ ᠤᠯᠠᠭᠠᠶ ᠭᠤᠣᠯ ᠤᠨ ᠰᠠᠪᠠ ᠭᠠᠵᠠᠷ ᠵᠡᠷᠭᠡ ᠰᠣᠳᠣᠨ ᠵᠢᠭᠤᠯᠴᠢᠯᠠᠯ ᠤᠨ ᠪᠦᠰᠡ ᠶᠢ | ᠭᠤᠣᠯᠳᠠᠯᠭ᠎ᠠ ᠲᠠᠢ ᠪᠠᠶᠢᠭᠤᠯᠵᠤ᠂ ᠨᠡᠶᠢᠲᠡᠯᠢᠭ ᠲᠠᠯ᠎ᠠ ᠨᠤᠲᠤᠭ᠂ ᠪᠠᠯᠠᠷ ᠣᠶ᠂ ᠭᠤᠣᠯ ᠮᠥᠷᠡᠨ ᠨᠠᠭᠤᠷ ᠴᠥᠭᠦᠷᠥᠮ ᠢ | ᠨᠢᠭᠡ ᠴᠣᠭᠴᠠᠵᠢᠭᠤᠯᠤᠭᠰᠠᠨ ᠤᠤᠭᠠᠯ ᠠᠮᠢ ᠠᠬᠤᠶ ᠶᠢᠨ ᠵᠢᠭᠤᠯᠴᠢᠯᠠᠯ ᠤᠨ ᠪᠠᠶᠢᠷᠢᠰᠢᠯ ᠢ ᠪᠤᠶ ᠪᠣᠯᠭᠠᠨ᠎ᠠ᠃ | ᠰᠢᠯᠢᠩᠬᠤᠲᠠ — ᠡᠵᠢ ᠨᠠᠭᠤᠷ — ᠤᠯᠢᠶᠠᠰᠤᠲᠠᠢ ᠪᠠᠯᠭᠠᠰᠤ — ᠤᠯᠢᠶᠠᠰᠤᠲᠠᠢ ᠠᠭᠤᠯᠠ — ᠮᠠᠨᠳᠣᠬᠤᠪᠣᠯᠠᠭ | ᠪᠠᠯᠭᠠᠰᠤ — ᠪᠣᠭᠳ᠋ᠬᠠᠭᠤᠯᠠ ᠶᠢᠨ ᠵᠢᠭᠤᠯᠴᠢᠯᠠᠯ ᠤᠨ ᠵᠠᠮ ᠱᠤᠭᠤᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠵᠡᠭᠦᠨ | ᠬᠠᠲᠠᠪᠴᠢ ᠪᠣᠭᠤᠮᠲᠠ — ᠷᠠᠰᠢᠶᠠᠨ ᠬᠤᠲᠠ ᠶᠢᠨ ᠰᠦᠮᠪᠦᠷ ᠪᠣᠭᠤᠮᠲᠠ — ᠡᠪᠦᠳᠦᠭ ᠪᠣᠭᠤᠮᠲᠠ — ᠡᠷᠢᠶᠡᠨ | ᠪᠣᠭᠤᠮᠲᠠ ᠶᠢᠨ ᠬᠢᠯᠢ ᠶᠢᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠰᠢᠯᠢ ᠶᠢᠨ ᠭᠤᠤᠯ ᠠᠶᠢᠮᠠᠭ ᠤᠨ ︽ | ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠣᠭᠤᠮ︾ ᠤᠨ ᠪᠥᠬᠦ ᠤᠯᠤᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠰᠠᠯᠪᠤᠷᠢ ᠱᠤᠭᠤᠮ ᠤᠨ ᠵᠢᠭᠤᠯᠴᠢᠯᠠᠯ ᠤᠨ ᠲᠥᠷᠥᠯ ᠵᠦᠢᠯ ᠳᠤ ᠭᠦᠨᠵᠡᠭᠡᠶ | ᠠᠭᠤᠰᠤᠯᠴᠠᠭᠤᠯᠵᠤ᠂ ᠪᠡᠭᠡᠵᠢᠩ — ᠰᠢᠯᠢᠩᠬᠤᠲᠠ — ᠤᠯᠢᠶᠠᠰᠤᠲᠠᠢ — ᠮᠣᠩᠭᠤᠯ ᠤᠯᠤᠰ ᠤᠨ ᠣᠣᠭᠠᠯ ᠠᠮᠢ | ᠠᠬᠤᠶ ᠶᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠪᠠ ᠬᠤᠪᠢ ᠶᠢᠨ ᠳᠡᠷᠭᠡ ᠪᠠᠷ ᠵᠢᠭᠤᠯᠴᠢᠯᠠᠬᠤ ᠵᠠᠮ ᠱᠤᠭᠤᠮ ᠢ | ᠲᠦᠯᠦᠪᠵᠢᠬᠦᠯᠦᠨ᠎ᠡ᠃ | ᠵᠢᠭᠤᠯᠴᠢᠯᠠᠯ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠦᠨ᠎ᠡ᠃ ︽ᠵᠢᠭᠤᠯᠴᠢᠯᠠᠯ +︾᠂ ︽+ | ᠵᠢᠭᠤᠯᠴᠢᠯᠠᠯ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠲᠥᠷᠥᠯ ᠠᠯᠣᠰᠯᠠᠭᠰᠠᠨ | ᠵᠢᠭᠤᠯᠴᠢᠯᠠᠯ ᠤᠨ ᠠᠭᠤᠰᠤᠯᠴᠠᠬᠤ ᠶᠢ ᠠᠬᠢᠭᠤᠯᠤᠨ᠎ᠠ᠃ ᠮᠠᠯ ᠠᠵᠤ ᠠᠬᠤᠢ ᠪᠠ ᠵᠢᠭᠤᠯᠴᠢᠯᠠᠯ ᠤᠨ ᠠᠭᠤᠰᠤᠯᠳᠤᠨ | ᠬᠥᠭᠵᠢᠬᠦ ᠶᠢ ᠠᠬᠢᠭᠤᠯᠵᠤ᠂ ᠲᠣᠭᠤᠷᠢᠨ ᠦᠵᠡᠬᠦ ᠬᠡᠯᠪᠡᠷᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠯᠪᠡᠷᠢ᠂ | ᠪᠡᠶᠡᠴᠢᠯᠡᠨ ᠣᠶᠢᠯᠠᠭᠠᠬᠤ ᠬᠡᠯᠪᠡᠷᠢ ᠶᠢᠨ ᠮᠠᠯ ᠠᠵᠤ ᠠᠬᠤᠢ ᠶᠢᠨ ᠵᠢᠭᠤᠯᠴᠢᠯᠠᠯ ᠤᠨ ᠵᠦᠢᠯᠡᠰ ᠢ ᠨᠡᠭᠡᠭᠡᠨ ᠬᠥᠭᠵᠢᠭᠦᠯᠵᠦ | ᠂ ︽ᠮᠠᠯᠴᠢᠨ ᠠᠶᠢᠯ︾ ᠵᠢᠭᠤᠯᠴᠢᠯᠠᠯ᠂ ᠦᠪᠡᠷᠮᠢᠨᠴᠡ ᠣᠨᠴᠠᠯᠢᠭᠲᠤ ᠵᠢᠵᠢᠭ ᠪᠠᠯᠭᠠᠰᠤ ᠵᠡᠷᠭᠡ ᠲᠣᠭᠤᠷᠢᠨ ᠦᠵᠡᠬᠦ | ᠬᠡᠯᠪᠡᠷᠢ ᠶᠢᠨ ᠮᠠᠯ ᠠᠵᠤ ᠠᠬᠤᠢ ᠵᠡᠷᠭᠡ ᠠᠷᠠᠳ ᠢ ᠪᠠᠶᠠᠵᠢᠭᠤᠯᠬᠤ ᠵᠢᠭᠤᠯᠴᠢᠯᠠᠯ ᠤᠨ ᠬᠡᠯᠪᠡᠷᠢ ᠪᠠᠶᠢᠳᠠᠯ ᠢ | ᠬᠥᠭᠵᠢᠭᠦᠯᠵᠦ᠂ ᠮᠠᠯ ᠠᠵᠤ ᠠᠬᠤᠢ ᠶᠢᠨ ᠣᠨᠴᠠᠯᠢᠭᠲᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠬᠦᠳᠦᠨ᠎ᠡ | ᠃ ︽ᠵᠢᠭᠤᠯᠴᠢᠯᠠᠯ + ᠰᠣᠶᠣᠯ︾ ᠢ ᠠᠬᠢᠭᠤᠯᠵᠤ᠂ ᠦᠵᠦᠮᠦᠴᠢᠨ ᠨᠡᠭᠦᠳᠡᠯ ᠮᠠᠯᠵᠢᠯ ᠤᠨ ᠰᠣᠶᠣᠯ᠂ ᠵᠠᠩ | ᠦᠢᠯᠡ ᠶᠢᠨ ᠰᠣᠶᠣᠯ ᠪᠠ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠪᠠᠳᠠᠷᠠᠭᠤᠯᠣᠨ᠂ ᠡᠯ᠎ᠡ | ᠵᠦᠢᠯ ᠤᠨ ᠤᠯᠠᠮᠵᠢᠯᠠᠯᠲᠤ ᠰᠣᠶᠣᠯ ᠲᠠᠮᠢᠷ ᠤᠨ ᠬᠥᠳᠡᠯᠭᠡᠭᠡᠨ ᠪᠠ ᠮᠠᠯᠵᠢᠬᠤ ᠠᠮᠢᠳᠤᠷᠠᠯ ᠤᠨ ᠦᠢᠯᠡᠳᠦᠯᠭᠡ ᠶᠢᠨ | ᠲᠥᠷᠥᠯ ᠵᠦᠢᠯ ᠢ ᠪᠠᠶᠢᠭᠤᠯᠵᠤ᠂ ᠪᠡᠶᠡᠴᠢᠯᠡᠨ ᠣᠶᠢᠯᠠᠭᠠᠬᠤ ᠬᠡᠯᠪᠡᠷᠢ ᠶᠢᠨ ᠵᠢᠭᠤᠯᠴᠢᠯᠠᠯ ᠢ ᠬᠥᠭᠵᠢᠭᠦᠯᠦᠨ᠎ᠡ᠃ | ᠵᠢᠭᠤᠯᠴᠢᠯᠠᠯ ᠬᠢᠭᠡᠳ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠣᠶᠠᠯᠳᠣᠯ ᠢ ᠠᠬᠢᠭᠤᠯᠵᠤ᠂ ᠪᠥᠬᠦ | ᠤᠯᠤᠰ ᠲᠤ ᠨᠡᠷ᠎ᠡ ᠠᠯᠳᠠᠷᠰᠢᠭᠰᠠᠨ ︽ᠰᠦᠯᠵᠢᠶᠡᠨ ᠤ ᠣᠳᠣᠨ ᠤ ᠵᠢᠭᠤᠯᠴᠢᠯᠠᠬᠤ ᠭᠠᠵᠠᠷ︾ ᠢ ᠪᠣᠶ ᠪᠣᠯᠭᠠᠵᠤ᠂ ︽ | ᠰᠦᠯᠵᠢᠶᠡᠨ ᠤ ᠣᠳᠣᠨ ᠤ ᠠᠵᠤ ᠠᠬᠤᠶ︾ ᠪᠠ ︽ᠰᠥᠨᠢ ᠶᠢᠨ ᠠᠵᠤ ᠠᠬᠤᠶ︾ ᠶᠢ ᠳᠠᠶᠢᠴᠢᠯᠠᠨ᠎ᠠ᠃ | ᠤᠯᠠᠮᠵᠢᠯᠠᠯᠲᠤ ᠦᠢᠯᠡᠴᠢᠯᠡᠭᠡᠨ ᠤ ᠦᠢᠯᠡᠰ ᠬᠢᠭᠡᠳ ᠵᠢᠭᠤᠯᠴᠢᠯᠠᠯ ᠢ ᠬᠠᠷᠢᠯᠴᠠᠨ ᠠᠪᠴᠠᠯᠳᠤᠭᠤᠯᠬᠤ ᠶᠢ ᠲᠦᠯᠬᠢᠨ | ᠠᠬᠢᠭᠤᠯᠵᠤ᠂ ᠣᠨᠴᠠᠯᠢᠭᠲᠤ ᠤᠷᠠᠨ ᠰᠠᠶᠢᠬᠠᠨ ᠤ ᠲᠣᠭᠯᠠᠯᠲᠠ᠂ ᠰᠣᠶᠣᠯ ᠴᠡᠩᠭᠡᠯ᠂ ᠪᠦᠲᠦᠭᠡᠯᠴᠢ ᠵᠢᠷᠤᠭ | ᠲᠥᠯᠥᠪᠯᠡᠭᠡ᠂ ᠮᠥᠰᠥ ᠴᠠᠰᠤᠨ ᠤ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠦᠨ᠎ᠡ᠃ ᠬᠦᠢᠯᠡᠰᠦᠲᠡᠢ | ᠷᠠᠰᠢᠶᠠᠨ᠂ ᠡᠵᠢ ᠨᠠᠭᠤᠷ ᠤᠨ ᠳᠠᠪᠤᠰᠤ᠂ ᠴᠡᠭᠡ ᠶᠢᠨ ᠰᠤᠪᠢᠯᠠᠯᠲᠠ ᠵᠡᠷᠭᠡ ᠪᠡᠶ᠎ᠡ ᠰᠤᠪᠢᠯᠠᠬᠤ ᠡᠬᠢ ᠪᠠᠶᠠᠯᠢᠭ ᠢ | ᠨᠢᠭᠡᠳᠣᠭᠦᠯᠵᠣ᠂ ᠡᠷᠡᠭᠦᠯ ᠴᠢᠭᠢᠷᠠᠭ ᠰᠤᠪᠢᠯᠠᠯᠲᠠ ᠵᠤᠭᠠᠴᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠢᠨᠲ᠋ᠧᠷ | ᠰᠦᠯᠵᠢᠶ᠎ᠡ + ᠵᠢᠭᠤᠯᠴᠢᠯᠠᠯ︾ ᠤᠨ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠲᠠᠪᠴᠠᠩ | ᠢ ᠰᠠᠶᠢᠲᠤᠷ ᠪᠠᠶᠢᠭᠤᠯᠵᠤ᠂ ᠵᠢᠭᠤᠯᠴᠢᠯᠠᠯ ᠤᠨ ᠣᠶᠤᠨᠴᠢ ᠬᠠᠮᠢᠶᠠᠷᠤᠯᠲᠠ᠂ ᠣᠶᠤᠨᠴᠢ ᠦᠢᠯᠡᠴᠢᠯᠡᠭᠡ ᠪᠠ ᠣᠶᠤᠨᠴᠢ | ᠡᠵᠡᠩᠨᠡᠨ ᠪᠣᠷᠣᠯᠠᠭᠤᠯᠬᠤ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ | ᠰᠣᠳᠣᠨ ᠵᠢᠭᠤᠯᠴᠢᠯᠠᠯ ᠤᠨ ᠦᠵᠡᠮᠵᠢ ᠶᠢᠨ ᠭᠠᠵᠠᠷ ᠪᠠ ᠵᠢᠭᠤᠯᠴᠢᠯᠠᠯ ᠤᠨ ᠪᠦᠲᠦᠭᠡᠭᠳᠡᠬᠦᠨ ᠢ ᠪᠤᠢ ᠪᠣᠯᠭᠠᠨ᠎ᠠ᠃ | ᠤᠯᠢᠶᠠᠰᠤᠲᠠᠢ ᠠᠭᠤᠯᠠ ᠶᠢᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ᠂ ᠪᠣᠭᠳ᠋ᠬᠠᠭᠤᠯᠠ ᠶᠢᠨ ᠤᠯᠤᠰ ᠤᠨ | ᠳᠡᠰ ᠤᠨ ᠣᠢ ᠰᠢᠭᠤᠢ ᠶᠢᠨ ᠴᠡᠴᠡᠷᠯᠢᠭ᠂ ᠤᠯᠠᠭᠠᠢ ᠴᠢᠭᠢᠭᠯᠢᠭᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠢ ᠲᠦᠷᠭᠡᠳᠬᠡᠨ ᠪᠠᠶᠢᠭᠤᠯᠵᠤ᠂ ᠬᠢᠯᠢ ᠬᠢᠵᠠᠭᠠᠷ ᠤᠨ ᠣᠨᠴᠠᠯᠢᠭᠲᠤ ᠪᠠᠯᠭᠠᠰᠤ᠂ ᠣᠢ ᠰᠢᠭᠤᠢ ᠶᠢᠨ | ᠣᠨᠴᠠᠯᠢᠭᠲᠤ ᠪᠠᠯᠭᠠᠰᠤ᠂ ᠵᠡᠭᠦᠨ ᠬᠠᠲᠠᠪᠴᠢ ᠪᠣᠭᠤᠮᠲᠠ ᠶᠢᠨ ᠦᠵᠡᠮᠵᠢ ᠶᠢᠨ ᠣᠷᠣᠨ ᠪᠠ ᠡᠵᠢᠨᠠᠭᠤᠷ ᠦᠵᠡᠮᠵᠢ ᠶᠢᠨ | ᠣᠷᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2025 ᠣᠨ ᠰᠡᠭᠦᠯᠴᠢ ᠪᠣᠯᠬᠤ ᠳᠤ᠂ | 3 A ᠲᠡᠰ ᠤᠨ ᠦᠵᠡᠮᠵᠢ ᠶᠢᠨ ᠣᠷᠣᠨ ᠢ 2 ᠶᠢ ᠪᠠᠶᠢᠭᠤᠯᠵᠤ᠂ ︽ᠮᠠᠯᠴᠢᠨ ᠠᠶᠢᠯ︾ ᠵᠢᠭᠤᠯᠴᠢᠯᠠᠯ ᠤᠨ ᠴᠡᠭ ᠢ | 40 ᠡᠷᠦᠭᠡ ᠠᠴᠠ ᠳᠠᠪᠠᠭᠤᠯᠬᠤ ᠪᠠᠷ ᠴᠢᠷᠮᠠᠶᠢᠨ᠎ᠠ᠃ ᠵᠡᠭᠦᠨ ᠦᠵᠦᠮᠦᠴᠢᠨ ᠬᠤᠰᠢᠭᠤᠨ ᠤ ᠵᠠᠩ ᠠᠷᠠᠨᠰᠢᠨ | ᠰᠣᠶᠣᠯ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠰᠠᠭᠤᠷᠢᠯᠠᠨ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠠᠵᠤ ᠠᠬᠤᠶᠢᠯᠠᠯ ᠢ ᠲᠡᠳᠬᠦᠨ᠂ | ᠭᠠᠷ ᠤᠷᠠᠯᠠᠯ ᠤᠨ ᠪᠦᠲᠦᠭᠡᠭᠳᠡᠬᠦᠨ ᠪᠠ ᠵᠢᠭᠤᠯᠴᠢᠯᠠᠯ ᠤᠨ ᠳᠤᠷᠠᠰᠬᠠᠯ ᠤᠨ ᠪᠣᠳᠠᠰ ᠢ ᠨᠡᠭᠡᠭᠡᠨ ᠬᠥᠭᠵᠢᠭᠦᠯᠵᠦ᠂ | ᠨᠤᠲᠤᠭ ᠤᠨ ᠣᠨᠴᠠ ᠭᠠᠷᠤᠯᠲᠠ ᠪᠠ ᠰᠣᠶᠣᠯ ᠤᠷᠠᠯᠢᠭ ᠤᠨ ᠪᠦᠲᠦᠭᠡᠭᠳᠡᠬᠦᠨ ᠢ ᠵᠢᠭᠤᠯᠴᠢᠯᠠᠯ ᠤᠨ ᠲᠠᠸᠠᠷ ᠪᠣᠯᠭᠠᠨ | ᠬᠤᠪᠢᠷᠠᠭᠤᠯᠬᠤ ᠪᠠᠷ ᠴᠢᠷᠮᠠᠶᠢᠨ᠎ᠠ᠃ ᠤᠯᠠᠭᠠᠨᠮᠥ᠋ᠴᠢᠷ ᠤᠨ ᠣᠨᠴᠠᠯᠢᠭ ᠢ ᠪᠠᠳᠠᠷᠠᠭᠤᠯᠵᠤ᠂ ᠤᠷᠠᠯᠢᠭ ᠤᠨ ᠰᠣᠳᠣᠨ | ᠪᠦᠲᠦᠭᠡᠯ ᠢ ᠵᠣᠬᠢᠶᠠᠨ ᠪᠦᠲᠦᠭᠡᠵᠦ᠂ ᠦᠨᠳᠦᠰᠦᠲᠡᠨ ᠤ ᠣᠨᠴᠠᠯᠢᠭ ᠲᠠᠢ ᠰᠣᠶᠣᠯ ᠤᠨ ᠠᠵᠤ ᠦᠢᠯᠡᠰ ᠢ | ᠬᠥᠭᠵᠢᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠬᠦᠷᠴᠢᠯᠡᠭᠰᠡᠨ ᠡᠵᠡᠩᠨᠡᠯᠲᠡ ᠶᠢ | ᠠᠬᠢᠭᠤᠯᠵᠤ᠂ ᠲᠣᠰᠬᠠᠢ ᠵᠢᠭᠤᠯᠴᠢᠯᠠᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ | ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠵᠢᠷᠤᠭᠯᠠᠨ ᠲᠥᠯᠥᠪᠯᠡᠬᠦ᠂ ᠪᠣᠭᠤᠳᠠᠯᠯᠠᠬᠤ ᠪᠠ ᠳᠡᠯᠭᠡᠷᠡᠭᠦᠯᠵᠦ᠂ | ᠵᠢᠭᠤᠯᠴᠢᠯᠠᠯ ᠤᠨ ᠰᠣᠶᠣᠯ ᠤᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ ᠠᠵᠤ | ᠦᠢᠯᠡᠰ ᠤᠨ ᠬᠡᠯᠬᠢᠶᠡᠰᠣ ᠶᠢ ᠤᠷᠲᠤᠳᠬᠠᠵᠤ᠂ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠨ᠎ᠡ᠃ ᠵᠢᠭᠤᠯᠴᠢᠯᠠᠯ ᠤᠨ | ᠡᠵᠡᠩᠨᠡᠨ ᠪᠣᠷᠣᠯᠠᠭᠤᠯᠬᠤ ᠵᠠᠭᠪᠤᠷ ᠲᠤ ᠰᠢᠨ᠎ᠡ ᠶᠢ ᠡᠭᠦᠳᠴᠦ᠂ ︽ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠢ | ᠪᠡᠶᠡᠴᠢᠯᠡᠨ ᠣᠶᠢᠯᠠᠭᠠᠬᠤ︾ ᠨᠠᠷᠠᠲᠤ ᠲᠡᠮᠳᠡᠭᠲᠦ ᠶᠢ ᠠᠯᠳᠠᠷᠰᠢᠭᠤᠯᠤᠨ᠎ᠠ᠃ ᠵᠢᠭᠤᠯᠴᠢᠯᠠᠯ ᠤᠨ ᠦᠨᠡᠨᠴᠢ | ᠢᠲᠡᠭᠡᠮᠵᠢ ᠶᠢᠨ ᠲᠣᠭᠳᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠤᠨ᠂ ᠢᠲᠡᠭᠡᠮᠵᠢ ᠶᠢᠨ ᠦᠨᠡᠯᠡᠬᠦ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠨᠠᠩ ᠣᠯᠠᠨ ᠵᠢᠭᠤᠯᠴᠢᠳ ᠪᠠ ᠰᠠᠶᠢᠨ ᠦᠨᠡᠯᠡᠯᠲᠡ | ᠶᠢ ᠪᠣᠢ ᠪᠣᠯᠭᠠᠨ᠎ᠠ᠃ ᠪᠦᠬᠦ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠢ ᠲᠦᠯᠦᠪᠵᠢᠬᠦᠯᠵᠣ᠂ | ᠲᠣᠮᠣ ᠬᠡᠯᠪᠡᠷᠢ ᠶᠢᠨ ᠠᠵᠤ ᠠᠬᠤᠶᠢᠯᠠᠯ᠂ ᠨᠡᠷᠡᠲᠦ ᠲᠡᠮᠳᠡᠭᠲᠦ ᠵᠤᠭᠠᠴᠠᠯ ᠤᠨ ᠭᠠᠵᠠᠷ ᠪᠠ ᠨᠠᠶᠢᠳᠠᠨ ᠡᠵᠡᠩᠨᠡᠬᠦ | ᠠᠷᠠᠯᠵᠢᠶᠠᠴᠢᠨ ᠢ ᠣᠷᠢᠨ ᠣᠷᠣᠭᠤᠯᠵᠤ᠂ ᠵᠢᠭᠤᠯᠴᠢᠯᠠᠯ ᠤᠨ ᠭᠦᠭᠵᠢᠯᠲᠡ ᠳᠤ ᠣᠷᠣᠯᠴᠠᠭᠤᠯᠤᠨ᠂ ᠦᠢᠯᠡᠴᠢᠯᠡᠭᠡᠨ ᠤ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠬᠤᠶᠠᠷ᠂ ᠪᠣᠳᠠᠰ ᠤᠨ ᠭᠦᠢᠯᠭᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ᠎ᠡ | ︽ᠬᠤᠣᠰ ᠣᠷᠴᠢᠯᠳᠣ︾ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠵᠤ᠂ ᠵᠡᠭᠦᠨ | ᠬᠠᠲᠠᠪᠴᠢ ᠪᠣᠭᠤᠮᠲᠠ ᠶᠢᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠬᠤᠯᠪᠣᠯᠳᠠ ᠶᠢᠨ ᠱᠣᠭᠤᠮ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ ᠥᠨᠳᠥᠷ ᠪᠦᠲᠦᠮᠵᠢᠲᠦ | ᠣᠳᠣᠬᠢᠴᠢᠯᠠᠭᠰᠠᠨ ᠭᠦᠢᠯᠭᠡᠭᠡᠨ ᠤ ᠲᠣᠭᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ 2025 ᠣᠨ ᠪᠣᠯᠬᠤ ᠳᠤ᠂ | ᠪᠦᠬᠦ ᠨᠡᠶᠢᠭᠡᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 700 ᠲᠦᠮᠡᠨ ᠲᠣᠨ ᠣᠷᠴᠢᠮ ᠳᠤ ᠬᠦᠷᠭᠡᠵᠣ᠂ | ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 200 ᠲᠦᠮᠡᠨ ᠲᠣᠨ ᠣᠷᠴᠢᠮ ᠳᠤ ᠬᠦᠷᠭᠡᠵᠣ᠂ | ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 600 ᠲᠦᠮᠡᠨ ᠲᠣᠨ ᠣᠷᠴᠢᠮ ᠳᠤ ᠬᠦᠷᠭᠡᠨ᠎ᠡ᠃ | ︽ᠨᠢᠭᠡ ᠭᠠᠵᠠᠷ᠂ ᠬᠤᠶᠠᠷ ᠲᠥᠪ︾ ᠪᠠ ︽ᠨᠢᠭᠡ ᠵᠠᠩᠭᠢᠯᠠᠭ᠎ᠠ ᠶᠢᠨ ᠴᠡᠭ᠂ ᠨᠢᠭᠡ ᠲᠠᠪᠴᠠᠩ︾ ᠪᠣᠳᠠᠰ | ᠤᠨ ᠭᠦᠢᠯᠭᠡᠭᠡᠨ ᠤ ᠪᠠᠶᠢᠷᠢᠰᠢᠯ ᠢ ᠪᠠᠶᠢᠭᠤᠯᠤᠨ᠎ᠠ᠃ ᠵᠡᠭᠦᠨ ᠬᠠᠲᠠᠪᠴᠢ ᠪᠣᠭᠤᠮᠲᠠ ᠳᠤ ᠲᠦᠰᠢᠭᠯᠡᠨ᠂ ᠣᠯᠠᠨ | ᠤᠯᠤᠰ ᠠᠴᠠ ᠪᠣᠳᠠᠰ ᠤᠨ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠤᠨ ᠲᠠᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠦᠷᠢᠶᠡᠯᠡᠩ ᠤᠨ ᠳᠠᠪᠠᠭᠤᠯᠢᠭ ᠢ ᠪᠠᠳᠠᠷᠠᠭᠤᠯᠵᠤ᠂ ᠪᠣᠳᠠᠰ ᠤᠨ ᠭᠦᠢᠯᠬᠡᠬᠡ᠂ | ᠬᠤᠳᠠᠯᠳᠤᠭ᠎ᠠ᠂ ᠮᠡᠳᠡᠭᠡ ᠵᠠᠩᠭᠢ ᠶᠢ ᠨᠢᠭᠡ ᠴᠣᠠᠠᠴᠠᠵᠢᠭᠤᠯᠥᠠᠠᠰᠠᠨ ᠡᠯᠧᠺᠲᠷᠣᠨ ᠬᠤᠳᠠᠯᠳᠤᠭᠠᠨ ᠤ ᠬᠥᠮᠥᠷᠭᠡᠯᠡᠬᠦ ᠪᠠ | ᠪᠣᠳᠠᠰ ᠤᠨ ᠭᠦᠢᠯᠭᠡᠭᠡᠨ ᠤ ᠲᠥᠪ ᠢ ᠪᠠᠶᠢᠭᠤᠯᠤᠨ᠎ᠠ᠃ ᠵᠡᠭᠦᠨ ᠦᠵᠦᠮᠦᠴᠢᠨ ᠬᠤᠰᠢᠭᠤᠨ ᠤ ᠨᠢᠰᠬᠡᠯ ᠤᠨ | ᠪᠠᠭᠤᠳᠠᠯ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠠᠰᠢᠭᠲᠠᠢ ᠠᠵᠠ ᠲᠣᠬᠢᠶᠠᠯ ᠢ ᠡᠵᠡᠮᠳᠡᠨ᠂ ᠬᠠᠳᠠᠭᠠᠯᠠᠵᠤ | ᠲᠡᠭᠡᠭᠡᠪᠦᠷᠢᠯᠡᠬᠦ᠂ ᠪᠣᠭᠤᠳᠠᠯᠯᠠᠬᠤ᠂ ᠲᠤᠬᠢᠷᠠᠭᠤᠯᠤᠨ ᠬᠦᠷᠭᠡᠬᠦ᠂ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ | ᠴᠢᠳᠠᠮᠵᠢ ᠶᠢ ᠨᠢᠭᠡ ᠴᠣᠭᠴᠠᠵᠢᠭᠤᠯᠤᠭᠰᠠᠨ ᠣᠳᠣ ᠦᠶ᠎ᠡ ᠶᠢᠨ ᠠᠭᠠᠷ ᠤᠨ ᠠᠶᠠᠯᠠᠯ ᠤᠨ ᠪᠣᠳᠠᠰ ᠤᠨ ᠭᠦᠢᠯᠭᠡᠭᠡᠨ ᠤ | ᠲᠥᠪ ᠢ ᠪᠠᠶᠢᠭᠤᠯᠤᠨ᠎ᠠ᠃ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠮᠠᠨ ᠤ ᠬᠤᠰᠢᠭᠤ ᠪᠠᠨ ᠳᠣᠲᠣᠷ᠎ᠠ ᠭᠠᠵᠠᠷ ᠲᠠᠢ ᠬᠤᠯᠪᠣᠭᠰᠠᠨ᠂ ᠰᠢᠯᠢ ᠶᠢᠨ ᠭᠤᠣᠯ ᠤᠯᠠᠭᠠᠨᠬᠠᠳᠠ ᠲᠦᠩᠯᠢᠶᠣᠤ ᠶᠢᠨ | ᠠᠵᠤ ᠠᠬᠤᠢ ᠶᠢᠨ ᠲᠣᠭᠤᠷᠢᠭ ᠲᠤ ᠦᠢᠯᠡᠴᠢᠯᠡᠭᠰᠡᠨ᠂ ᠵᠡᠭᠦᠨ ᠬᠤᠶᠢᠲᠤ ᠣᠷᠣᠨ ᠪᠠ ᠤᠮᠠᠷᠠᠲᠤ ᠣᠷᠣᠨ ᠢ | ᠨᠥᠯᠥᠭᠡᠯᠡᠭᠰᠡᠨ ᠪᠣᠳᠠᠰ ᠤᠨ ᠭᠦᠢᠯᠭᠡᠭᠡᠨ ᠤ ᠱᠣᠭᠤᠮ ᠤᠨ ᠴᠢᠬᠤᠯᠠ ᠵᠠᠩᠭᠢᠯᠠᠭ᠎ᠠ ᠪᠣᠯᠭᠠᠨ ᠪᠦᠲᠦᠭᠡᠨ ᠪᠠᠶᠢᠭᠤᠯᠤᠨ᠎ᠠ᠃ | ᠭᠤᠣᠯᠯᠠᠬᠤ ᠠᠵᠤ ᠦᠢᠯᠡᠰ ᠢᠶᠠᠷ ᠭᠤᠣᠯ ᠪᠣᠯᠭᠠᠨ᠂ ᠪᠣᠳᠠᠰ ᠤᠨ ᠭᠦᠢᠯᠭᠡᠭᠡᠨ ᠤ ᠡᠬᠢ ᠪᠠᠶᠠᠯᠢᠭ ᠢ ᠨᠢᠭᠡᠳᠦᠬᠦᠯᠬᠦ | ᠡᠷᠴᠢᠮ ᠢ ᠴᠢᠩᠭᠠᠷᠠᠭᠤᠯᠵᠣ᠂ ᠡᠳ᠋ ᠪᠠᠷᠠᠭ᠎ᠠ ᠵᠣᠬᠢᠶᠠᠨ ᠪᠠᠶᠢᠭᠤᠯᠬᠤ᠂ ᠪᠣᠭᠤᠮᠲᠠ ᠪᠡᠷᠥᠩᠭᠡᠷᠡᠬᠦ ᠭᠠᠶᠢᠯᠢ ᠶᠢ | ᠪᠠᠲᠤᠯᠠᠬᠤ᠂ ᠬᠥᠮᠥᠷᠭᠡᠯᠡᠨ ᠬᠠᠳᠠᠭᠠᠯᠠᠵᠤ ᠲᠣᠬᠢᠷᠠᠭᠤᠯᠤᠨ ᠬᠦᠷᠭᠡᠬᠦ᠂ ᠣᠷᠣᠨ ᠪᠦᠰᠡ ᠬᠤᠪᠢᠶᠠᠷᠢᠯᠠᠨ ᠲᠠᠷᠬᠠᠭᠠᠬᠤ᠂ | ᠣᠯᠠᠨ ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠬᠦ᠂ ᠠᠷᠠᠯᠵᠢᠶᠠᠯᠠᠵᠤ ᠳ᠋ᠦᠩᠨᠡᠨ ᠪᠣᠳᠣᠬᠤ᠂ ᠬᠦᠢᠲᠡᠨ ᠬᠡᠯᠬᠢᠶᠡᠲᠦ | ᠪᠣᠳᠠᠰ ᠤᠨ ᠭᠦᠢᠯᠬᠡᠬᠡ ᠵᠡᠷᠭᠡ ᠦᠢᠯᠡᠴᠢᠯᠡᠭᠡᠨ ᠤ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ | ᠪᠣᠳᠠᠰ ᠤᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠢ ᠪᠤᠶ ᠪᠣᠯᠭᠠᠨ᠎ᠠ᠃ | ᠵᠠᠩᠭᠢᠯᠠᠭ᠎ᠠ ᠶᠢᠨ ᠠᠵᠤ ᠠᠬᠤᠶ ᠶᠢ ᠬᠦᠭᠵᠢᠬᠦᠯᠦᠨ᠎ᠡ᠃ ᠪᠣᠭᠤᠮᠲᠠ ᠶᠢᠨ ᠡᠬᠢ ᠪᠠᠶᠠᠯᠢᠭ ᠢ ᠡᠳ᠋ᠰᠢᠬᠦᠯᠦᠨ | ᠪᠣᠯᠪᠠᠰᠣᠷᠠᠭᠤᠯᠬᠤ ᠰᠠᠭᠤᠷᠢᠨ ᠭᠠᠵᠠᠷ ᠪᠠ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠬᠢᠶᠠᠯ ᠳᠤ | ᠬᠠᠨᠳᠤᠭᠤᠯᠤᠭᠰᠠᠨ ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡᠨ ᠤ ᠲᠥᠪ ᠢ ᠲᠦᠷᠭᠡᠳᠬᠡᠨ ᠪᠠᠶᠢᠭᠤᠯᠵᠤ᠂ ᠮᠣᠩᠭᠤᠯ | ᠤᠯᠤᠰ — ᠵᠡᠭᠦᠨ ᠬᠠᠲᠠᠪᠴᠢ ᠬᠢᠯᠢ ᠶᠢᠨ ᠪᠣᠭᠤᠮᠲᠠ — ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ — | ᠳᠠᠯᠠᠢ ᠳᠠᠭᠠᠤ ᠭᠠᠷᠠᠮ ᠤᠨ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠱᠣᠭᠤᠮ ᠢ ᠨᠡᠪᠲᠡᠷᠡᠭᠦᠯᠦᠨ᠂ ᠲᠣᠮᠣ | ᠬᠡᠯᠪᠡᠷᠢ ᠶᠢᠨ ᠪᠣᠳᠠᠰ ᠤᠨ ᠭᠦᠢᠯᠭᠡᠭᠡᠨ ᠤ ᠠᠵᠤ ᠠᠬᠤᠶᠢᠯᠠᠯ ᠢ ᠣᠷᠢᠨ ᠣᠷᠣᠭᠤᠯᠵᠣ᠂ ᠭᠤᠷᠪᠠᠳᠠᠬᠢ ᠡᠲᠡᠭᠡᠳ ᠤᠨ | ᠪᠣᠳᠠᠰ ᠤᠨ ᠭᠦᠢᠯᠭᠡᠭᠡᠨ ᠤ ᠠᠵᠤ ᠠᠬᠤᠶᠢᠯᠠᠯ ᠤᠨ ᠬᠤᠳᠠᠯᠳᠤᠨ ᠠᠪᠬᠤ᠂ ᠣᠷᠣᠨ ᠪᠦᠰᠡ ᠪᠠᠷ ᠬᠤᠪᠢᠶᠠᠷᠢᠯᠠᠨ | ᠲᠠᠷᠬᠠᠭᠠᠬᠤ ᠪᠠ ᠲᠤᠬᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ ᠵᠣᠷᠢᠭᠵᠢᠭᠤᠯᠤᠨ᠂ ᠪᠣᠳᠠᠰ ᠤᠨ ᠭᠦᠢᠯᠬᠡᠬᠡ᠂ | ᠡᠯᠧᠺᠲᠷᠣᠨ ᠬᠤᠳᠠᠯᠳᠤᠭ᠎ᠠ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠡᠷᠭᠡ ᠦᠢᠯᠡᠳᠪᠦᠷᠢᠯᠡᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠢ ᠢᠳᠡᠪᠬᠢᠲᠡᠶ ᠪᠠᠷ ᠪᠠᠶᠢᠷᠢᠰᠢᠭᠤᠯᠵᠤ᠂ ︽ᠪᠣᠳᠠᠰ ᠤᠨ ᠬᠦᠢᠯᠭᠡᠭᠡᠨ ᠤ | ᠱᠣᠭᠤᠮ ᠤᠨ ᠠᠵᠤ ᠠᠬᠤᠶ︾ ᠠᠴᠠ ︽ ᠵᠠᠩᠬᠢᠯᠠᠭ᠎ᠠ ᠶᠢᠨ ᠠᠵᠤ ᠠᠬᠤᠶ + ᠪᠣᠳᠠᠰ ᠤᠨ ᠬᠦᠢᠯᠭᠡᠭᠡᠨ ᠤ ᠱᠣᠭᠤᠮ | ᠤᠨ ᠠᠵᠤ ᠠᠬᠤᠶ︾ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ | ᠪᠣᠳᠠᠰ ᠤᠨ ᠭᠦᠢᠯᠭᠡᠭᠡᠨ ᠤ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠳᠠᠰ ᠤᠨ | ᠭᠦᠢᠯᠭᠡᠭᠡᠨ ᠤ ᠲᠣᠭᠤᠷᠢᠭ ᠪᠣᠯᠤᠨ ᠪᠣᠳᠠᠰ ᠤᠨ ᠭᠦᠢᠯᠭᠡᠭᠡᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠬᠠᠮᠢᠶ᠎ᠠ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠲᠦᠷᠭᠡᠳᠬᠡᠨ ᠬᠡᠷᠡᠭᠵᠢᠭᠦᠯᠵᠦ᠂ ᠪᠣᠳᠠᠰ ᠤᠨ ᠭᠦᠢᠯᠭᠡᠭᠡᠨ ᠤ | ᠪᠠᠷᠢᠮᠵᠢᠶᠠᠵᠢᠭᠰᠠᠨ ᠲᠥᠬᠦᠭᠡᠷᠦᠮᠵᠢ ᠶᠢ ᠢᠳᠡᠪᠬᠢᠲᠡᠶ ᠪᠠᠷ ᠳᠡᠯᠭᠡᠷᠡᠭᠦᠯᠦᠨ᠂ ᠪᠠᠷᠢᠮᠵᠢᠶᠠᠵᠢᠭᠰᠠᠨ ᠬᠥᠮᠥᠷᠭᠡᠯᠡᠨ | ᠬᠠᠳᠠᠭᠠᠯᠠᠬᠤ ᠪᠠ ᠳᠠᠮᠵᠢᠭᠤᠯᠤᠨ ᠲᠡᠭᠡᠭᠡᠪᠦᠷᠢᠯᠡᠬᠦ ᠲᠥᠬᠦᠭᠡᠷᠦᠮᠵᠢ᠂ ᠲᠡᠭᠡᠭᠡᠪᠦᠷᠢ ᠶᠢᠨ ᠪᠠᠭᠠᠵᠢ᠂ ᠵᠣᠭᠰᠣᠬᠤ ᠪᠠ | ᠪᠠᠷᠠᠭ᠎ᠠ ᠪᠠᠭᠤᠯᠭᠠᠬᠤ ᠥᠷᠲᠡᠭᠡ ᠴᠢᠭ ᠪᠠᠷᠢᠮᠵᠢᠶᠠᠵᠢᠭᠤᠯᠣᠨ ᠪᠠᠶᠢᠭᠤᠯᠬᠤ ᠪᠠ ᠦᠭᠡᠷᠡᠴᠢᠯᠡᠬᠦ ᠪᠠᠷ ᠳᠡᠮᠵᠢᠵᠦ᠂ ᠪᠣᠳᠠᠰ | ᠤᠨ ᠭᠦᠢᠯᠭᠡᠭᠡᠨ ᠤ ᠭᠤᠭᠴᠤᠭ᠎ᠠ ᠶᠢᠨ ᠪᠦᠬᠦ ᠶᠠᠪᠤᠴᠠ ᠶᠢ ᠪᠠᠷᠢᠮᠵᠢᠶᠠᠵᠢᠭᠤᠯᠣᠨ ᠵᠣᠯᠭᠠᠭᠤᠯᠣᠨ᠎ᠠ᠃ ᠲᠣᠭᠠᠴᠢᠯᠠᠭᠰᠠᠨ | ᠪᠣᠳᠠᠰ ᠤᠨ ᠭᠦᠢᠯᠭᠡᠭᠡᠨ ᠤ ᠰᠠᠭᠤᠷᠢ ᠲᠥᠬᠦᠭᠡᠷᠦᠮᠵᠢ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠰᠢᠨᠴᠢᠯᠠᠭᠰᠠᠨ᠂ ᠣᠶᠤᠨᠴᠢᠯᠠᠭᠰᠠᠨ ᠪᠣᠰᠤᠭ᠎ᠠ ᠴᠣᠭᠴᠠᠲᠤ | ᠬᠥᠮᠥᠷᠭᠡ ᠪᠠ ᠣᠶᠣᠨᠴᠢ ᠪᠠᠷ ᠢᠯᠭᠠᠨ ᠰᠠᠯᠭᠠᠬᠤ ᠮᠡᠷᠭᠡᠵᠢᠯ ᠵᠡᠷᠭᠡ ᠤᠳᠤ ᠦᠶ᠎ᠡ ᠶᠢᠨ ᠪᠣᠳᠠᠰ ᠤᠨ ᠭᠦᠢᠯᠭᠡᠭᠡᠨ ᠤ | ᠮᠡᠷᠭᠡᠵᠢᠯ ᠤᠨ ᠬᠡᠷᠡᠭᠯᠡᠯᠲᠡ ᠶᠢ ᠳᠠᠮᠵᠢᠵᠤ᠂ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠳᠤ ᠤᠶᠤᠨᠲᠤ | ᠲᠥᠬᠦᠭᠡᠷᠦᠮᠵᠢ ᠨᠡᠮᠡᠵᠦ ᠤᠭᠰᠠᠷᠠᠬᠤ ᠶᠢ ᠵᠣᠷᠢᠭᠵᠢᠭᠤᠯᠤᠨ᠂ ᠪᠣᠳᠠᠰ ᠤᠨ ᠭᠦᠢᠯᠭᠡᠭᠡᠨ ᠤ ᠦᠢᠯᠡᠰ ᠤᠨ ᠮᠡᠳᠡᠭᠡ | ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠰᠢᠭᠤ ᠰᠢᠶᠠᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠲᠦᠷᠭᠡᠨ ᠭᠤᠪᠢᠭᠤᠯᠭ᠎ᠠ ᠶᠢᠨ ᠪᠣᠳᠠᠰ ᠤᠨ ᠭᠦᠢᠯᠭᠡᠭᠡ ᠶᠢᠨ ᠲᠣᠭᠳᠠᠯᠴᠠᠭ᠎ᠠ ᠶᠢ ᠲᠠᠰ ᠳᠡᠪᠰᠢᠭᠦᠯᠬᠦ | ᠠᠵᠢᠯᠯᠠᠭ᠎ᠠ ᠶᠢ ᠠᠬᠢᠭᠤᠯᠵᠤ᠂ ᠰᠤᠮᠤ ᠭᠠᠴᠠᠭᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠶᠢᠨ | ᠥᠷᠲᠡᠭᠡ ᠶᠢ ᠲᠠᠰ ᠳᠡᠪᠰᠢᠭᠦᠯᠬᠦ ᠶᠢ ᠮᠠᠯᠵᠢᠬᠤ ᠣᠷᠣᠨ ᠤ ᠦᠢᠯᠡᠳᠬᠦᠨ ᠤ ᠭᠠᠳᠠᠭᠰᠢ ᠬᠦᠷᠭᠡᠬᠦ᠂ ᠬᠤᠷᠢᠶᠠᠬᠤ᠂ | ᠢᠯᠭᠠᠬᠤ ᠪᠠ ᠪᠣᠭᠤᠳᠠᠯᠯᠠᠬᠤ ᠴᠡᠭ ᠪᠣᠯᠭᠠᠵᠤ᠂ ᠮᠠᠯᠵᠢᠬᠤ ᠣᠷᠣᠨ ᠤ ᠣᠨᠴᠠᠯᠢᠠᠠᠳᠦ ᠦᠢᠯᠡᠳᠬᠦᠨ ᠢ ᠭᠠᠳᠠᠭᠰᠢ | ᠬᠦᠷᠭᠡᠬᠦ ︽ᠠᠩᠬᠠᠨ ᠤ ᠨᠢᠭᠡ ᠺᠢᠯᠣᠮᠧᠲᠷ︾ ᠪᠠ ᠠᠵᠤ ᠦᠢᠯᠡᠳᠪᠦᠷᠢ ᠶᠢᠨ ᠬᠡᠷᠡᠭᠯᠡᠭᠡᠨ ᠤ ᠵᠦᠢᠯ ᠢ ᠳᠣᠷᠣᠭᠰᠢ | ᠣᠷᠣᠭᠤᠯᠬᠤ ︽ᠡᠴᠦᠰ ᠤᠨ ᠨᠢᠭᠡ ᠺᠢᠯᠣᠮᠧᠲᠷ︾ ᠤᠨ ᠳᠣᠭᠢᠷᠠᠭᠤᠯᠤᠨ ᠬᠦᠷᠭᠡᠬᠦ ᠠᠰᠠᠭᠤᠳᠠᠯ ᠢ ᠰᠢᠢᠳᠪᠦᠷᠢᠯᠡᠨ᠎ᠡ᠃ | ᠭᠤᠷᠪᠠ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠠᠭᠤᠰᠤᠯᠳᠤᠨ ᠬᠥᠭᠵᠢᠬᠦ ᠶᠢ | ᠳᠥᠯᠭᠢᠨ ᠠᠬᠢᠭᠤᠯᠤᠨ᠎ᠠ | ᠵᠢᠵᠢᠭᠯᠡᠨ ᠪᠣᠷᠣᠯᠠᠭᠤᠯᠬᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ | ᠰᠦᠯᠵᠢᠶ᠎ᠡ ᠪᠠ ᠪᠣᠳᠠᠳᠣ ᠠᠬᠤᠢ ᠠᠭᠤᠰᠤᠯᠴᠠᠨ ᠬᠥᠭᠵᠢᠬᠦ ᠶᠢ ᠵᠣᠷᠢᠭᠵᠢᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ᠂ | ᠦᠢᠯᠡᠴᠢᠯᠡᠭᠡ ᠪᠠ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠦᠨ᠎ᠡ᠃ ᠬᠤᠲᠠ ᠪᠠᠯᠭᠠᠰᠤᠨ ᠤ | ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠲᠤ ᠳᠥᠭᠦᠮ | ᠦᠵᠡᠭᠦᠯᠬᠦ ᠬᠡᠲᠦ ᠳᠡᠯᠭᠡᠭᠦᠷ ᠢ ᠬᠡᠯᠬᠢᠶᠡᠵᠢᠭᠦᠯᠬᠦ᠂ ᠨᠡᠷᠡᠲᠦ ᠲᠡᠮᠳᠡᠭᠵᠢᠭᠦᠯᠬᠦ ᠪᠠ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ | ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠴᠢᠳᠠᠮᠵᠢ ᠪᠠᠨ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠪᠠᠷ ᠳᠡᠮᠵᠢᠵᠦ᠂ ᠦᠪᠡᠷᠮᠢᠨᠴᠡ ᠣᠨᠴᠠᠯᠢᠭ ᠢᠶᠠᠨ ᠪᠠᠳᠠᠷᠠᠭᠤᠯᠣᠨ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠭᠤᠤᠯ ᠴᠣᠭᠴᠠ ᠶᠢ ᠪᠤᠵᠠᠭᠠᠶᠢᠷᠠᠭᠤᠯᠵᠤ᠂ ᠪᠥᠬᠦ ᠬᠤᠰᠢᠭᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠳᠠᠶᠢᠴᠢᠯᠠᠨ᠎ᠠ᠃ | ᠰᠠᠭᠤᠭᠠᠯᠢ ᠠᠷᠠᠳ ᠤᠨ ᠰᠦᠯᠵᠢᠶ᠎ᠡ ᠪᠠ ᠪᠣᠳᠠᠳᠣ ᠠᠵᠣ ᠠᠬᠤᠢ᠂ ᠪᠣᠬᠢᠷᠲᠤᠯ ᠥᠬᠡᠶ ᠣᠶᠢᠯᠠᠭᠠᠯᠲᠠ ᠪᠠᠨ | ᠬᠤᠪᠢᠶᠠᠯᠴᠠᠬᠤ ᠵᠡᠷᠭᠡ ᠬᠡᠷᠡᠭᠯᠡᠭᠡ ᠶᠢᠨ ᠠᠷᠭ᠎ᠠ ᠮᠠᠶ᠋ᠢᠭ ᠤᠨ ᠬᠥᠭᠵᠢᠯᠲᠡ ᠶᠢ ᠬᠥᠲᠥᠯᠦᠨ ᠵᠢᠯᠣᠭᠤᠳᠴᠤ᠂ ᠠᠷᠠᠯᠵᠢᠶ᠎ᠠ | ᠬᠤᠳᠠᠯᠳᠤᠭ᠎ᠠ ᠪᠣᠳᠠᠰ ᠤᠨ ᠭᠦᠢᠯᠭᠡᠭᠡ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠣᠷᠴᠢᠯᠳᠤ ᠬᠥᠭᠵᠢᠯᠲᠡ ᠶᠢ ᠠᠬᠢᠭᠤᠯᠤᠨ᠎ᠠ᠃ ᠵᠡᠭᠦᠨ ᠬᠠᠲᠠᠪᠴᠢ ᠪᠣᠭᠤᠮᠲᠠ ᠶᠢᠨ | ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠣᠯᠠᠨ ᠣᠯᠣᠰᠴᠢᠯᠠᠭᠰᠠᠨ ᠬᠢᠯᠢ ᠶᠢᠨ ᠠᠷᠠᠯᠵᠢᠶ᠎ᠠ ᠶᠢ ᠬᠥᠭᠵᠢᠭᠦᠯᠦᠨ᠎ᠡ᠃ | ᠳᠥᠷᠪᠡ᠂ ᠮᠥᠩᠭᠦᠨ ᠭᠦᠢᠯᠭᠡᠭᠡᠨ ᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ | ᠳᠥᠯᠭᠢᠨ ᠠᠬᠢᠭᠤᠯᠤᠨ᠎ᠠ | ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠲᠣᠭᠤᠷᠢᠨ ᠢ ᠢᠳᠡᠪᠬᠢᠲᠡᠶ ᠰᠢᠯᠢᠳᠡᠭᠵᠢᠭᠦᠯᠵᠦ᠂ ᠪᠡᠯᠡ | ᠮᠥᠩᠭᠦ ᠶᠢ ᠮᠠᠯ ᠠᠵᠤ ᠠᠬᠤᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠢᠯ ᠲᠥᠷᠥᠯ ᠳᠤ ᠲᠥᠪᠯᠡᠷᠡᠭᠦᠯᠬᠦ ᠳᠤ | ᠣᠬᠢ ᠰᠠᠶᠢᠨ ᠨᠥᠬᠦᠴᠡᠯ ᠢ ᠪᠦᠷᠢᠯᠳᠦᠭᠦᠯᠦᠨ᠂ ᠮᠥᠩᠭᠦᠨ ᠭᠦᠢᠯᠭᠡᠭᠡᠨ ᠢᠶᠠᠷ ᠮᠠᠯ ᠠᠵᠤ ᠠᠬᠤᠶ ᠶᠢ ᠳᠡᠮᠵᠢᠬᠦ | ᠬᠡᠮᠵᠢᠶ᠎ᠡ ᠶᠢ ᠥᠷᠭᠡᠳᠬᠡᠨ᠂ ᠵᠣᠬᠢᠬᠤ ᠬᠡᠪᠴᠢᠶᠡᠨ ᠤ ᠮᠠᠯ ᠠᠵᠤ ᠠᠬᠤᠶ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ | ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠵᠥᠪᠰᠢᠶᠡᠷᠡᠨ᠎ᠡ᠃ ᠳᠠᠭᠠᠳᠬᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ | ᠳᠠᠭᠠᠳᠬᠠᠯ ᠤᠨ ᠺᠣᠮᠫᠠᠨᠢ ᠶᠢᠨ ᠮᠠᠯ ᠠᠵᠤ ᠠᠬᠤᠶ ᠶᠢᠨ ᠳᠠᠭᠠᠳᠬᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ | ᠵᠣᠷᠢᠭᠵᠢᠭᠤᠯᠤᠨ ᠳᠡᠮᠵᠢᠵᠦ᠂ ᠣᠯᠠᠨ ᠵᠦᠢᠯ ᠤᠨ ᠬᠡᠯᠪᠡᠷᠢ ᠶᠢᠨ ᠮᠠᠯ ᠠᠵᠤ ᠠᠬᠤᠶ ᠶᠢᠨ ᠳᠠᠭᠠᠳᠬᠠᠯ ᠢ | ᠬᠦᠭᠵᠢᠬᠦᠯᠦᠨ᠎ᠡ᠃ ᠢᠲᠡᠭᠡᠮᠵᠢ ᠶᠢᠨ ᠲᠣᠭᠳᠠᠯᠴᠠᠭᠠᠨ ᠤ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ | ᠴᠢᠨᠠᠷ ᠰᠠᠶᠢᠲᠠᠶ ᠲᠥᠷᠥᠯ ᠵᠦᠢᠯ ᠤᠨ ᠬᠥᠮᠥᠷᠭᠡ ᠶᠢ ᠪᠤᠶᠢᠵᠢᠭᠤᠯᠬᠤ ᠪᠠ ᠪᠠᠶᠢᠭᠤᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠴᠢᠨᠠᠷ ᠰᠠᠶᠢᠲᠠᠶ ᠳᠤᠮᠳᠠ᠂ ᠵᠢᠵᠢᠭ ᠠᠵᠤ ᠠᠬᠤᠶᠢᠯᠠᠯ ᠢ ᠴᠠᠭ ᠲᠤᠬᠠᠶ ᠳᠤᠨᠢ ᠪᠠᠲᠤᠯᠠᠨ | ᠲᠠᠨᠢᠯᠴᠠᠭᠤᠯᠵᠤ᠂ ᠪᠠᠩᠬᠢ᠂ ᠵᠢᠭᠡᠯᠡᠯᠭᠡ ᠠᠪᠣᠭᠴᠢ ᠪᠠ ᠪᠠᠳᠣᠯᠠᠭ᠎ᠠ ᠬᠢᠬᠦ ᠺᠣᠮᠫᠠᠨᠢ ᠶᠢᠨ ᠬᠤᠭᠤᠷᠣᠨᠳᠣᠬᠢ | ᠬᠠᠮᠳᠣᠷᠠᠯᠴᠠᠭᠠᠨ ᠤ ᠲᠠᠪᠴᠠᠩ ᠢ ᠪᠠᠶᠢᠭᠤᠯᠣᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠰᠡᠷᠭᠡᠶᠢᠯᠡᠨ | ᠡᠵᠡᠮᠳᠡᠯᠳᠡ ᠪᠠᠨ ᠴᠢᠩᠭᠠᠳᠬᠠᠵᠤ᠂ ᠰᠢᠯᠵᠢᠯᠲᠡ ᠶᠢᠨ ᠴᠢᠨᠠᠷᠲᠠᠶ ᠲᠦᠭᠰᠢᠭᠦᠷᠢ᠂ ᠡᠷᠡᠭᠦᠯ ᠪᠤᠰᠤ ᠬᠥᠷᠥᠩᠭᠡ ᠶᠢᠨ | ᠲᠦᠭᠰᠢᠭᠦᠷᠢ ᠪᠠ ᠬᠠᠤᠯᠢ ᠪᠤᠰᠤ ᠪᠠᠷ ᠪᠠᠯᠠ ᠴᠤᠭᠯᠠᠭᠤᠯᠬᠤ ᠲᠦᠭᠰᠢᠭᠦᠷᠢ ᠵᠡᠷᠭᠡ ᠶᠢ ᠴᠢᠩᠭ᠎ᠠ ᠰᠡᠷᠭᠡᠶᠢᠯᠡᠨ᠎ᠡ᠃ | ᠪᠣᠬᠢᠷᠲᠤᠯ ᠥᠬᠡᠶ ᠠᠵᠤ ᠠᠬᠤᠶ ᠳᠤ ᠦᠢᠯᠡᠴᠢᠯᠡᠬᠦ ᠲᠣᠭᠤᠷᠢᠨ ᠳᠤ᠂ ᠵᠦᠶ ᠶᠣᠰᠣᠨ ᠤ ᠮᠥᠩᠭᠦᠨ ᠭᠦᠢᠯᠭᠡᠭᠡᠨ ᠤ | ᠬᠦᠭᠵᠢᠯᠳᠡ ᠶᠢ ᠵᠣᠷᠢᠭᠵᠢᠭᠤᠯᠤᠨ ᠳᠡᠮᠵᠢᠨ᠎ᠡ᠃ | ᠲᠠᠪᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠨ ᠬᠥᠭᠵᠢᠬᠦ ᠶᠢ ᠳᠥᠯᠭᠢᠨ | ᠠᠬᠢᠭᠤᠯᠤᠨ᠎ᠠ | ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢᠨ ᠲᠣᠭᠤᠷᠢᠨ ᠳᠤ᠂ ᠲᠣᠮᠣ | ᠳ᠋ᠠᠶᠢᠲ᠋ᠠ ᠶᠢᠨ ᠬᠡᠷᠡᠭᠯᠡᠯᠲᠡ᠂ ᠰᠢᠨ᠎ᠡ ᠡᠨᠧᠷᠭᠢ ᠶᠢᠨ ᠡᠵᠡᠩᠨᠡᠯᠲᠡ ᠬᠠᠮᠠᠭᠠᠯᠠᠯᠲᠠ ᠵᠢᠴᠢ ᠪᠠᠶᠢᠴᠠᠭᠠᠨ ᠰᠢᠯᠭᠠᠬᠤ᠂ | ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ ᠵᠡᠷᠭᠡ ᠦᠢᠯᠡᠴᠢᠯᠡᠭᠡᠨ ᠤ ᠦᠢᠯᠡᠰ ᠢ ᠭᠤᠣᠯᠳᠠᠯᠭ᠎ᠠ ᠲᠠᠢ | ᠪᠤᠶᠢᠵᠢᠭᠤᠯᠤᠨ᠎ᠠ᠃ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠠᠵᠤ ᠦᠢᠯᠡᠰ ᠢ ᠬᠥᠭᠵᠢᠭᠦᠯᠵᠦ᠂ ᠣᠶᠤᠨᠴᠢ ᠡᠨᠧᠷᠭᠢ ᠶᠢᠨ | ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠬᠤ ᠪᠠ ᠨᠡᠭᠦᠷᠡᠰᠦ | ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠲᠡᠭᠡᠭᠡᠪᠦᠷᠢᠯᠡᠨ ᠬᠠᠮᠠᠭᠠᠯᠠᠬᠤ ᠵᠡᠷᠭᠡ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠠᠵᠤ ᠠᠬᠤᠶᠢᠯᠠᠯ ᠢ ᠣᠷᠢᠨ ᠣᠷᠣᠭᠤᠯᠬᠤ ᠪᠠ ᠲᠡᠳᠬᠦᠵᠦ᠂ | ᠲᠣᠰᠬᠠᠶᠢᠵᠢᠭᠰᠠᠨ ᠠᠭᠤᠷᠬᠠᠢ᠂ ᠴᠠᠬᠢᠯᠭᠠᠨ ᠭᠠᠷᠭᠠᠬᠤ ᠦᠢᠯᠡᠳᠪᠦᠷᠢ᠂ ᠰᠢᠨ᠎ᠡ ᠡᠨᠧᠷᠭᠢ ᠶᠢᠨ ᠰᠣᠷᠪᠣᠯᠵᠢ᠂ ᠪᠣᠳᠠᠰ | ᠤᠨ ᠭᠦᠢᠯᠬᠡᠬᠡ ᠵᠡᠷᠭᠡ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠤᠨ᠂ ᠠᠵᠤ ᠠᠬᠤᠶᠢᠯᠠᠯ ᠤᠨ ᠨᠡᠭᠦᠷᠡᠰᠦ | ᠂ ᠬᠦᠴᠢᠯ᠂ ᠱᠦᠯᠲᠦ᠂ ᠴᠣᠬᠤᠢ ᠶᠢᠨ ᠴᠢᠯᠠᠭᠤ ᠵᠡᠷᠭᠡ ᠲᠦᠭᠦᠬᠡᠢ ᠮᠠᠲ᠋ᠧᠷᠢᠶᠠᠯ ᠲᠠᠭᠠᠯᠳᠠ ᠮᠠᠲ᠋ᠧᠷᠢᠶᠠᠯ ᠵᠢᠴᠢ ᠲᠡᠷᠭᠡ | ᠬᠥᠰᠬᠡ ᠲᠡᠭᠡᠭᠡᠪᠦᠷᠢᠯᠡᠬᠦ᠂ ᠰᠡᠯᠪᠢᠭ ᠲᠤᠨᠤᠭ ᠰᠡᠯᠪᠢᠨ ᠵᠠᠰᠠᠬᠤ᠂ ᠪᠡᠯᠡᠳᠬᠡᠯ ᠲᠤᠨᠤᠭ ᠵᠡᠷᠭᠡ ᠲᠠᠯ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ᠡᠨᠧᠷᠬᠢ ᠦᠢᠯᠡᠳᠪᠦᠷᠢᠯᠡᠬᠦ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠣᠰᠬᠠᠢ | ᠰᠠᠭᠤᠷᠢᠨ ᠭᠠᠵᠠᠷ ᠢ ᠪᠠᠶᠢᠭᠤᠯᠤᠨ᠎ᠠ᠃ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡᠨ ᠤ ᠬᠡᠷᠡᠭᠴᠡᠭᠡ ᠶᠢᠨ | ᠲᠣᠭᠤᠷᠢᠨ ᠳᠤ᠂ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ᠂ ᠳᠤᠮᠳᠠ ᠵᠢᠵᠢᠭ ᠠᠵᠤ ᠠᠬᠤᠶᠢᠯᠠᠯ ᠤᠨ | ᠬᠦᠷᠢᠶᠡᠯᠡᠩ ᠵᠡᠷᠭᠡ ᠣᠷᠣᠨ ᠵᠠᠶ ᠶᠢᠨ ᠠᠴᠢᠶᠠᠯᠠᠪᠤᠷᠢ ᠶᠢ ᠲᠥᠯᠥᠪᠵᠢᠭᠦᠯᠦᠨ ᠪᠠᠶᠢᠭᠤᠯᠵᠤ᠂ ᠦᠢᠯᠡᠳᠪᠦᠷᠢᠯᠡᠯ | ᠠᠮᠢᠳᠤᠷᠠᠯ ᠳᠤ ᠦᠢᠯᠡᠴᠢᠯᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠨᠡᠷᠡᠲᠦ ᠲᠡᠮᠳᠡᠭᠲᠦ᠂ ᠭᠠᠶᠢᠯᠢ | ᠪᠠᠲᠤᠯᠠᠬᠤ᠂ ᠮᠡᠳᠡᠭᠡ ᠵᠠᠩᠭᠢ ᠪᠣᠯᠤᠨ ᠵᠠᠭᠤᠴᠢ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠪᠠ ᠭᠡᠷ ᠤᠨ | ᠶᠠᠪᠤᠳᠠᠯ ᠨᠠᠰᠤᠵᠢᠯ ᠤᠨ ᠦᠢᠯᠡᠴᠢᠯᠡᠭᠡ ᠶᠢ ᠢᠳᠡᠪᠬᠢᠲᠡᠶ ᠪᠠᠷ ᠬᠥᠭᠵᠢᠭᠦᠯᠦᠨ᠎ᠡ᠃ | ᠳᠥᠷᠪᠡᠳᠦᠭᠡᠷ ᠬᠡᠰᠡᠭ ᠲᠣᠭᠤᠷᠢᠭ ᠤᠨ ᠬᠡᠪᠴᠢᠶ᠎ᠡ ᠶᠢ ᠥᠷᠭᠡᠳᠬᠡᠨ ᠳᠡᠰ ᠳᠡᠪᠰᠢᠭᠦᠯᠬᠦ | ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠤᠨ ᠲᠥᠯᠥᠪᠵᠢᠭᠦᠯᠭᠡ ᠶᠢ ᠴᠢᠩᠭᠠᠳᠬᠠᠵᠤ᠂ | ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠢᠨᠵᠧᠨᠧᠷᠢᠩ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠰ ᠢᠶᠠᠷ ᠭᠤᠣᠯᠯᠠᠭᠤᠯᠤᠭᠰᠠᠨ᠂ ᠢᠵᠢ ᠪᠦᠷᠢᠳᠦᠭᠰᠡᠨ | ᠦᠢᠯᠡᠴᠢᠯᠡᠭᠡᠨ ᠤ ᠦᠢᠯᠡᠰ ᠢ ᠪᠦᠷᠢᠨ ᠲᠡᠭᠦᠯᠳᠡᠷ ᠠᠵᠤ ᠦᠢᠯᠡᠳᠪᠦᠷᠢ ᠶᠢᠨ ᠬᠥᠭᠵᠢᠯᠲᠡ ᠶᠢᠨ ᠭᠤᠣᠯ ᠠᠴᠢᠶᠠᠯᠠᠪᠤᠷᠢ | ᠪᠣᠯᠭᠠᠨ ᠪᠠᠶᠢᠭᠤᠯᠤᠨ᠎ᠠ᠃ 2025 ᠣᠨ ᠪᠣᠯᠬᠤ ᠳᠤ᠂ ᠲᠣᠭᠤᠷᠢᠭ ᠤᠨ ᠰᠠᠭᠤᠷᠢ ᠲᠦᠬᠦᠭᠡᠷᠣᠮᠵᠢ ᠶᠢ ᠪᠥᠬᠦ | ᠲᠠᠯ᠎ᠠ ᠪᠠᠷ ᠲᠠᠰ ᠳᠡᠪᠰᠢᠭᠦᠯᠦᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠦᠢᠯᠡᠳᠬᠦᠨ ᠤ ᠥᠷᠲᠡᠭ ᠢ 10 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠡᠭᠦᠨ ᠳᠤ | ᠦᠢᠯᠡᠴᠢᠯᠡᠭᠡᠨ ᠤ ᠦᠢᠯᠡᠰ ᠤᠨ ᠡᠵᠡᠯᠡᠬᠦ ᠬᠤᠪᠢ ᠶᠢ 15% ᠳᠤ ᠬᠦᠷᠭᠡᠨ᠎ᠡ᠃ | ᠨᠢᠭᠡ᠂ ᠠᠵᠤ ᠦᠢᠯᠡᠳᠪᠦᠷᠢ ᠶᠢᠨ ᠲᠣᠭᠤᠷᠢᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ | ᠠᠵᠤ ᠦᠢᠯᠡᠰ ᠤᠨ ᠰᠠᠭᠤᠷᠢ᠂ ᠡᠬᠢ ᠪᠠᠶᠠᠯᠢᠭ ᠤᠨ ᠳᠠᠪᠠᠭᠤᠯᠢᠭ ᠵᠡᠷᠭᠡ ᠪᠣᠳᠠᠲᠤ ᠨᠥᠬᠦᠴᠡᠯ ᠳᠤ ᠰᠠᠭᠤᠷᠢᠯᠠᠨ | ᠂ ᠲᠣᠭᠤᠷᠢᠭ ᠤᠨ ᠬᠥᠭᠵᠢᠯᠲᠡ ᠶᠢᠨ ᠴᠢᠭᠯᠡᠯ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠠᠵᠤ ᠦᠢᠯᠡᠰ ᠤᠨ | ᠭᠤᠣᠯᠳᠠᠯᠭ᠎ᠠ ᠶᠢ ᠲᠣᠳᠣᠷᠬᠠᠶᠢᠯᠠᠵᠤ᠂ ᠲᠣᠭᠤᠷᠢᠭ ᠢ ᠨᠢᠭᠡᠳᠦᠬᠦᠯᠬᠦ ᠶᠢ ᠲᠦᠷᠭᠡᠳᠬᠡᠨ᠂ ︽ᠨᠢᠭᠡ ᠬᠦᠷᠢᠶᠡᠯᠡᠩ | ᠭᠤᠷᠪᠠᠨ ᠲᠣᠭᠤᠷᠢᠭ︾ ᠤᠨ ᠠᠵᠤ ᠦᠢᠯᠡᠰ ᠤᠨ ᠪᠠᠶᠢᠷᠢᠰᠢᠯ ᠢ ᠪᠣᠶ ᠪᠣᠯᠭᠠᠨ᠎ᠠ᠃ | ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠵᠢᠱᠢᠶ᠎ᠡ ᠦᠵᠡᠭᠦᠯᠬᠦ ᠲᠣᠭᠤᠷᠢᠭ᠃ ᠮᠠᠯ ᠤᠨ ᠠᠰᠢᠭ ᠰᠢᠮ᠎ᠡ | ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠬᠦᠯᠦᠨ ᠪᠣᠯᠪᠠᠰᠣᠷᠠᠭᠤᠯᠬᠤ ᠠᠵᠤ ᠠᠬᠤᠶᠢᠯᠠᠯ ᠢ ᠣᠷᠢᠨ ᠣᠷᠣᠭᠤᠯᠬᠤ ᠪᠠ | ᠪᠤᠶᠢᠵᠢᠭᠤᠯᠵᠤ᠂ ᠨᠠᠷᠢᠯᠢᠭ ᠬᠡᠰᠡᠭᠯᠡᠭᠰᠡᠨ ᠪᠠ ᠬᠦᠯᠳᠡᠭᠡᠭᠰᠡᠨ ᠮᠢᠬᠠᠨ ᠤ ᠦᠢᠯᠡᠰ ᠢ ᠬᠦᠭᠵᠢᠬᠦᠯᠵᠣ᠂ ᠡᠷᠡᠭᠦᠯ | ᠮᠡᠨᠳᠤ ᠶᠢ ᠬᠠᠮᠠᠭᠠᠯᠠᠬᠤ ᠴᠢᠳᠠᠮᠵᠢ ᠪᠦᠬᠦᠢ ᠤᠨᠴᠠᠯᠢᠭᠳᠤ ᠮᠢᠬᠠᠨ ᠤ ᠪᠦᠲᠦᠭᠡᠭᠳᠡᠬᠦᠨ ᠢ ᠬᠥᠭᠵᠢᠭᠦᠯᠵᠦ᠂ ᠨᠢᠲᠤᠯᠬᠤ | — ᠰᠦ ᠮᠢᠬ᠎ᠠ ᠶᠢ ᠡᠳ᠋ᠰᠢᠬᠦᠯᠦᠨ ᠪᠣᠯᠪᠠᠰᠣᠷᠠᠭᠤᠯᠬᠤ — ᠰᠢᠮ᠎ᠡ ᠲᠡᠵᠢᠭᠡᠯ ᠲᠠᠢ ᠢᠳᠡᠭᠡᠨ — ᠠᠮᠢᠳᠤ ᠪᠣᠳᠠᠰ ᠤᠨ | ᠪᠦᠲᠦᠭᠡᠭᠳᠡᠬᠦᠨ ᠢᠶᠠᠷ ᠭᠤᠣᠯ ᠪᠣᠯᠭᠠᠭᠰᠠᠨ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠠᠵᠤ ᠦᠢᠯᠡᠰ ᠤᠨ | ᠬᠡᠯᠬᠢᠶᠡᠰᠣ ᠶᠢ ᠪᠤᠢ ᠪᠣᠯᠭᠠᠨ᠎ᠠ᠃ ᠵᠡᠭᠦᠨ ᠦᠵᠦᠮᠦᠴᠢᠨ ᠬᠤᠰᠢᠭᠤᠨ ᠤ ᠬᠦᠢᠲᠡᠨ ᠬᠡᠯᠬᠢᠶᠡᠲᠦ ᠪᠣᠳᠠᠰ ᠤᠨ | ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠮᠢᠬᠠᠨ ᠦᠬᠡᠷ ᠬᠤᠨᠢᠨ ᠤ | ᠮᠢᠬ᠎ᠠ ᠶᠢ ᠬᠦᠯᠳᠡᠬᠡᠬᠦ᠂ ᠬᠦᠯᠳᠡᠬᠦᠣ ᠪᠠᠷ ᠬᠠᠳᠠᠭᠠᠯᠠᠬᠤ᠂ ᠲᠡᠭᠡᠭᠡᠪᠦᠷᠢᠯᠡᠬᠦ ᠪᠠ ᠲᠣᠬᠢᠷᠠᠭᠤᠯᠤᠨ ᠬᠦᠷᠭᠡᠬᠦ᠂ ᠲᠤᠰᠬᠠᠢ | ᠡᠵᠡᠩᠨᠡᠯᠲᠡ ᠶᠢᠨ ᠳᠡᠯᠭᠡᠭᠦᠷ ᠲᠤ ᠬᠦᠯᠳᠡᠬᠦᠣ ᠪᠠᠷ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠦᠢᠲᠡᠨ | ᠬᠡᠯᠬᠢᠶᠡᠲᠦ ᠪᠣᠳᠠᠰ ᠤᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠳᠠᠯᠴᠠᠭ᠎ᠠ ᠶᠢ ᠪᠠᠶᠢᠭᠤᠯᠤᠨ᠎ᠠ᠃ ᠠᠮᠢᠳᠤ | ᠪᠣᠳᠠᠰ ᠤᠨ ᠡᠮ ᠦᠢᠯᠡᠳᠬᠦ ᠲᠣᠯᠣᠭᠠᠶᠢᠯᠠᠭᠴᠢ ᠠᠵᠤ ᠠᠬᠤᠶᠢᠯᠠᠯ ᠢ ᠣᠷᠢᠨ ᠣᠷᠣᠭᠤᠯᠵᠣ᠂ ᠢᠮᠠᠭᠠᠨ ᠴᠢᠰᠤᠨ | ᠴᠠᠶᠢᠪᠠᠩ ᠤᠨ ᠠᠮᠢᠳᠤ ᠪᠣᠳᠠᠰ ᠤᠨ ᠰᠤᠳᠤᠯᠭᠠᠨ ᠤ ᠲᠠᠰᠤᠭ᠂ ᠮᠠᠯ ᠤᠨ ᠬᠤᠶᠢᠲᠤᠬᠢ ᠶᠢᠨ ᠰᠤᠳᠤᠯᠭᠠᠨ ᠤ | ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠢᠳᠤ ᠪᠣᠳᠠᠰ ᠤᠨ ᠡᠭᠦᠯᠳᠡᠷ | ᠪᠤᠶᠢᠵᠢᠭᠤᠯᠬᠤ᠂ ᠭᠧᠨ ᠤ ᠴᠤᠪᠤᠷᠠᠯ ᠢ ᠬᠡᠮᠵᠢᠬᠦ ᠵᠢᠴᠢ ᠪᠥᠬᠦ ᠭᠧᠨ ᠤ ᠪᠦᠯᠦᠭ ᠢ ᠰᠣᠩᠭᠤᠬᠤ ᠮᠡᠷᠭᠡᠵᠢᠯ ᠢ ᠰᠤᠳᠤᠯᠤᠨ | ᠬᠡᠷᠡᠭᠯᠡᠬᠦ ᠶᠢ ᠳᠡᠯᠭᠡᠷᠡᠭᠦᠯᠦᠨ᠂ ᠠᠮᠢᠳᠤ ᠪᠣᠳᠠᠰ ᠤᠨ ᠪᠦᠲᠦᠭᠡᠭᠳᠡᠬᠦᠨ ᠢ ᠰᠤᠳᠤᠯᠤᠨ ᠦᠢᠯᠡᠳᠪᠦᠷᠢᠯᠡᠨ᠎ᠡ᠃ | ᠰᠢᠨ᠎ᠡ ᠪᠠᠷ ᠮᠠᠨᠳᠣᠭᠰᠠᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠣᠬᠢᠴᠠᠩᠭᠤᠢ | ᠬᠦᠭᠵᠢᠯᠲᠡ ᠶᠢᠨ ᠲᠣᠭᠤᠷᠢᠭ᠃ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠡᠯᠬᠢᠶᠡᠰᠣ ᠶᠢᠨ ᠪᠠᠶᠢᠷᠢᠰᠢᠭᠤᠯᠤᠯ ᠢ | ᠰᠢᠯᠢᠳᠡᠭᠵᠢᠭᠦᠯᠦᠨ᠂ ᠦᠢᠯᠡᠳᠬᠦᠨ ᠤ ᠬᠡᠯᠬᠢᠶᠡᠰᠣ᠂ ᠬᠠᠩᠭᠠᠯᠭ᠎ᠠ ᠶᠢᠨ ᠬᠡᠯᠬᠢᠶᠡᠰᠣ ᠶᠢ ᠪᠠᠶᠢᠭᠤᠯᠵᠣ᠂ ᠨᠠᠷᠢᠯᠢᠭ | ᠡᠳ᠋ᠰᠢᠬᠦᠯᠦᠨ ᠪᠣᠯᠪᠠᠰᠣᠷᠠᠭᠤᠯᠬᠤ ᠠᠵᠤ ᠠᠬᠤᠶᠢᠯᠠᠯ ᠢ ᠣᠷᠢᠨ ᠣᠷᠣᠭᠤᠯᠵᠣ᠂ ᠡᠬᠢ ᠪᠠᠶᠠᠯᠢᠭ ᠤᠨ ᠬᠡᠯᠪᠡᠷᠢᠳᠦ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠣᠭᠯᠠᠷᠠᠯ ᠢ ᠪᠠᠶᠢᠭᠤᠯᠤᠨ᠎ᠠ᠃ ︽ᠨᠡᠭᠦᠷᠡᠰᠦ + ᠰᠢᠨ᠎ᠡ ᠪᠠᠷ | ᠮᠠᠨᠳᠣᠭᠰᠠᠨ ᠠᠵᠤ ᠦᠢᠯᠡᠰ︾ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠤᠰᠤᠲᠥ᠋ᠷᠥᠭᠴᠢ ᠶᠢᠨ ᠮᠡᠷᠭᠡᠵᠢᠯ ᠤᠨ ᠬᠡᠷᠡᠭᠯᠡᠯᠲᠡ ᠶᠢ ᠳᠡᠯᠭᠡᠷᠡᠬᠦᠯᠵᠣ᠂ | ᠤᠰᠤᠲᠥ᠋ᠷᠥᠭᠴᠢ ᠶᠢ ᠦᠢᠯᠡᠳᠴᠦ ᠬᠠᠳᠠᠭᠠᠯᠠᠬᠤ᠂ ᠲᠡᠭᠡᠭᠡᠪᠦᠷᠢᠯᠡᠬᠦ ᠪᠠ ᠬᠠᠩᠭᠠᠬᠤ ᠪᠠᠷ ᠭᠤᠣᠯ ᠪᠣᠯᠭᠠᠭᠰᠠᠨ | ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠢ ᠬᠥᠭᠵᠢᠭᠦᠯᠦᠨ᠎ᠡ᠃ ᠬᠠᠶᠠᠭᠳᠠᠮᠠᠯ ᠬᠠᠭᠤᠴᠢᠨ ᠡᠳ᠋ | ᠪᠠᠷᠠᠭ᠎ᠠ ᠶᠢ ᠣᠷᠴᠢᠯᠳᠣᠭᠤᠯᠣᠨ ᠠᠰᠢᠭᠯᠠᠬᠤ ᠲᠣᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠯᠤᠨ ᠪᠠᠷᠢᠯᠭ᠎ᠠ ᠶᠢᠨ ᠬᠤᠭ ᠨᠣᠪᠰᠢ ᠵᠡᠷᠭᠡ ᠶᠢ ᠬᠤᠷᠢᠶᠠᠵᠤ | ᠠᠰᠢᠭᠯᠠᠬᠤ ᠶᠢ ᠠᠬᠢᠭᠤᠯᠵᠤ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠢ | ᠭᠦᠭᠵᠢᠬᠦᠯᠦᠨ᠎ᠡ᠃ ᠲᠡᠷᠢᠭᠦᠨ ᠤ ᠮᠡᠷᠭᠡᠵᠢᠯ ᠢ ᠳᠠᠳᠠᠨ ᠣᠷᠣᠭᠤᠯᠵᠣ ᠰᠢᠩᠭᠡᠭᠡᠨ ᠠᠪᠴᠤ ᠳᠠᠬᠢᠨ ᠰᠢᠨ᠎ᠡ ᠶᠢ | ᠡᠭᠦᠳᠬᠦ ᠶᠢ ᠲᠦᠷᠭᠡᠳᠬᠡᠵᠦ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ | ᠪᠣᠬᠢᠷᠲᠤᠯ ᠥᠬᠡᠶ᠂ ᠢᠵᠢ ᠪᠥᠷᠢᠳᠦᠭᠰᠡᠨ᠂ ᠤᠶᠤᠨᠴᠢᠯᠠᠭᠰᠠᠨ ᠬᠥᠭᠵᠢᠯᠲᠡ ᠪᠠᠷ ᠴᠢᠭᠯᠡᠯ ᠪᠣᠯᠭᠠᠵᠤ᠂ ᠲᠣᠨᠤᠭ | ᠲᠥᠬᠦᠭᠡᠷᠦᠮᠵᠢ ᠤᠭᠰᠠᠷᠠᠬᠤ ᠲᠣᠯᠣᠭᠠᠶᠢᠯᠠᠭᠴᠢ ᠠᠵᠤ ᠠᠬᠤᠶᠢᠯᠠᠯ ᠢ ᠳᠠᠳᠠᠨ ᠣᠷᠣᠭᠤᠯᠵᠣ᠂ ᠣᠲᠣ ᠦᠶ᠎ᠡ ᠶᠢᠨ | ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠦᠴᠦᠯᠡᠨ ᠪᠤᠶᠢᠵᠢᠭᠤᠯᠤᠨ᠎ᠠ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠦᠨᠳᠦᠷ ᠮᠡᠷᠭᠡᠵᠢᠯᠳᠦ ᠲᠣᠭᠤᠷᠢᠭ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢᠶᠠᠷ ᠰᠠᠭᠤᠷᠢ ᠪᠣᠯᠭᠠᠵᠤ᠂ ᠰᠠᠭᠤᠷᠢ | ᠲᠦᠭᠦᠭᠡᠷᠣᠮᠵᠢ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠰᠢᠨ᠎ᠡ ᠶᠢ ᠡᠭᠦᠳᠴᠦ᠂ ᠠᠵᠤ ᠦᠢᠯᠡᠰ ᠤᠨ ᠰᠢᠨ᠎ᠡ ᠶᠢ | ᠡᠭᠦᠳᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ᠂ ᠳᠤᠮᠳᠠ᠂ ᠵᠢᠵᠢᠭ ᠠᠵᠤ ᠠᠬᠤᠶᠢᠯᠠᠯ ᠤᠨ ᠦᠢᠯᠡᠰ | ᠪᠣᠰᠬᠠᠬᠤ ᠲᠥᠪ ᠪᠠ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠵᠣ᠂ ᠮᠡᠷᠭᠡᠵᠢᠯ ᠤᠨ ᠰᠣᠳᠣᠯᠭᠠᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠣᠯᠪᠠᠰᠣᠷᠠᠯ᠂ ᠠᠵᠤ ᠦᠢᠯᠡᠳᠪᠦᠷᠢ ᠶᠢᠨ ᠵᠢᠷᠤᠭᠯᠠᠨ ᠲᠥᠯᠥᠪᠯᠡᠬᠦ᠂ ᠠᠵᠤ | ᠦᠢᠯᠡᠰᠵᠢᠭᠦᠯᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠮᠥᠷᠭᠡᠯᠡᠨ ᠬᠠᠳᠠᠭᠠᠯᠠᠬᠤ ᠪᠣᠳᠠᠰ ᠤᠨ ᠭᠦᠢᠯᠭᠡᠭᠡᠨ ᠤ ᠲᠥᠪ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 2025 ᠣᠨ ᠤ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠪᠣᠯᠪᠠᠰᠣᠷᠠᠯ | ᠤᠨ ᠭᠠᠵᠠᠷ᠂ ᠰᠢᠨᠵᠢᠯᠡᠭᠡ ᠮᠡᠷᠬᠡᠵᠢᠯ ᠤᠨ ᠦᠢᠯᠡᠰ ᠪᠣᠰᠬᠠᠬᠤ ᠰᠠᠭᠤᠷᠢᠨ ᠭᠠᠵᠠᠷ ᠢ 5 ᠠᠴᠠ ᠳᠠᠪᠠᠭᠤᠯᠵᠣ᠂ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠢᠯᠡᠷᠡᠭᠦᠯᠬᠦ ᠲᠥᠷᠥᠯ ᠵᠦᠢᠯ ᠢ 25 | ᠲᠦᠷᠦᠯ ᠲᠤ ᠬᠦᠷᠭᠡᠨ᠎ᠡ᠃ | ᠬᠤᠶᠠᠷ᠂ ᠢᠵᠢ ᠪᠦᠷᠢᠳᠦᠭᠰᠡᠨ ᠰᠠᠭᠤᠷᠢ ᠲᠦᠭᠦᠭᠡᠷᠣᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠲᠣᠭᠤᠷᠢᠭ ᠤᠨ ᠡᠯ᠎ᠡ ᠲᠥᠷᠥᠯ ᠤᠨ ᠲᠦᠭᠦᠭᠡᠷᠣᠮᠵᠢ ᠪᠠ ᠦᠢᠯᠡᠴᠢᠯᠡᠭᠡ ᠶᠢ ᠲᠡᠭᠦᠯᠳᠡᠷᠵᠢᠭᠦᠯᠵᠦ᠂ ᠠᠵᠤ | ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠂ ᠰᠢᠨ᠎ᠡ ᠬᠡᠯᠪᠡᠷᠢ ᠶᠢᠨ ᠠᠵᠤ ᠦᠢᠯᠡᠰ ᠤᠨ ᠨᠡᠶᠢᠭᠡᠮ ᠲᠣᠭᠤᠷᠢᠭ ᠢ ᠪᠠᠶᠢᠭᠤᠯᠤᠨ᠎ᠠ᠃ ᠣᠯᠠᠨ | ᠡᠰᠢᠵᠢᠭᠰᠡᠨ᠂ ᠵᠠᠬ᠎ᠠ ᠳᠡᠯᠭᠡᠬᠦᠷᠴᠢᠯᠡᠭᠰᠡᠨ ᠪᠡᠯᠡ ᠣᠷᠣᠭᠤᠯᠬᠤ ᠳᠣᠭᠳᠠᠯᠴᠠᠭ᠎ᠠ ᠶᠢ ᠪᠦᠷᠢᠨᠰᠢᠭᠦᠯᠵᠦ᠂ ᠤᠰᠤ᠂ | ᠴᠠᠬᠢᠯᠭᠠᠨ᠂ ᠵᠠᠮ᠂ ᠴᠢᠮᠡᠭᠡ ᠬᠤᠯᠪᠣᠭ᠎ᠠ᠂ ᠬᠡᠢ ᠵᠢᠴᠢ ᠲᠥᠪᠯᠡᠷᠡᠭᠦᠯᠦᠨ ᠳᠣᠯᠠᠭᠠᠯᠠᠯᠭ᠎ᠠ ᠬᠠᠩᠭᠠᠬᠤ᠂ ᠪᠣᠬᠢᠷ ᠤᠰᠤ | ᠰᠢᠢᠳᠪᠦᠷᠢᠯᠡᠬᠦ᠂ ᠤᠰᠤ ᠴᠡᠪᠡᠷᠰᠢᠬᠦᠯᠬᠦ᠂ ᠬᠠᠲᠠᠭᠤ ᠪᠡᠶᠡᠲᠦ ᠬᠠᠶᠠᠭᠳᠠᠮᠠᠯ ᠤᠨ ᠲᠠᠯᠠᠪᠠᠶ᠂ ᠦᠶᠡᠷ ᠢ ᠰᠡᠷᠭᠡᠶᠢᠯᠡᠬᠦ | ᠪᠠᠷᠢᠯᠭ᠎ᠠ ᠵᠡᠷᠭᠡ ᠢᠵᠢ ᠪᠦᠷᠢᠳᠦᠭᠰᠡᠨ ᠲᠦᠭᠦᠭᠡᠷᠣᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠣᠭᠤᠷᠢᠭ ᠤᠨ ︽ | ᠣᠯᠠᠨ ᠵᠦᠢᠯ ᠢ ᠨᠡᠪᠳᠡᠷᠡᠭᠦᠯᠵᠦ᠂ ᠨᠢᠭᠡ ᠶᠢ ᠳᠡᠭᠰᠢᠯᠡᠬᠦ︾ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠴᠢᠳᠠᠮᠵᠢ ᠶᠢᠨ ᠴᠢᠨᠠᠷᠲᠠᠶ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠎ᠡ᠃ ᠲᠣᠭᠤᠷᠢᠭ ᠤᠨ | ᠪᠣᠬᠢᠷᠲᠤᠯ ᠥᠬᠡᠶ᠂ ᠣᠷᠴᠢᠯᠳᠣ ᠥᠭᠡᠷᠡᠴᠢᠯᠡᠯᠲᠡ ᠪᠠ ᠠᠵᠤ ᠦᠢᠯᠡᠰ ᠤᠨ ᠠᠪᠣᠴᠠᠯᠳᠣᠨ ᠬᠥᠭᠵᠢᠬᠦ ᠶᠢ | ᠲᠦᠷᠭᠡᠳᠬᠡᠵᠦ᠂ ︽ᠬᠡᠯᠬᠢᠶᠡᠵᠢᠭᠰᠡᠨ ᠮᠠᠶ᠋ᠢᠭ ᠢᠶᠠᠷ ᠨᠢᠭᠡᠳᠦᠬᠦᠯᠬᠦ + ᠲᠣᠭᠤᠷᠢᠭ ᠢᠶᠠᠷ ᠲᠣᠯᠭᠠᠭᠤᠷᠢ ᠪᠣᠯᠭᠠᠬᠤ᠂ | ᠰᠦᠷᠦᠭᠴᠢᠯᠡᠨ ᠳᠠᠶᠢᠴᠢᠯᠠᠬᠤ + ᠵᠣᠬᠢᠴᠠᠭᠤᠯᠣᠨ ᠬᠦᠭᠵᠢᠬᠦᠯᠬᠦ︾ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ | ᠭᠤᠷᠪᠠ᠂ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠣᠨ᠎ᠠ | BT᠂ BOT ᠪᠠ ︽ᠹᠧᠢ ᠳ᠋ᠢ ᠲᠣᠭᠤᠷᠢᠭ︾ ᠤᠨ ᠣᠨᠳᠣᠣ ᠭᠠᠵᠠᠷ ᠬᠠᠮᠳᠣᠪᠡᠷ ᠪᠠᠶᠢᠭᠤᠯᠬᠤ ᠵᠠᠭᠪᠤᠷ ᠢ | ᠬᠠᠶᠢᠨ ᠰᠦᠪᠡᠭᠴᠢᠯᠡᠨ᠎ᠡ᠃ ᠲᠣᠭᠤᠷᠢᠭ ᠤᠨ ᠠᠵᠤ ᠠᠬᠤᠶᠢᠯᠠᠯ ᠤᠨ ᠰᠢᠭᠰᠢᠨ ᠭᠠᠷᠭᠠᠬᠤ ᠲᠦᠷᠢᠮ ᠢ ᠪᠠᠶᠢᠭᠤᠯᠵᠤ᠂ | ᠠᠵᠣ ᠦᠢᠯᠡᠳᠪᠦᠷᠢ ᠶᠢᠨ ᠲᠣᠭᠤᠷᠢᠭ ᠢ ᠱᠠᠭᠠᠷᠳᠠᠨ ᠦᠷ᠎ᠡ ᠠᠰᠢᠭ ᠢᠶᠠᠷ ᠳᠣᠤᠷ᠎ᠠ ᠭᠠᠵᠠᠷ ᠰᠢᠷᠣᠶ ᠶᠢ | ᠰᠢᠢᠳᠪᠦᠷᠢᠯᠡᠵᠣ᠂ ᠲᠣᠭᠤᠷᠢᠭ ᠤᠨ ᠪᠠᠭᠲᠠᠭᠠᠮᠵᠢ ᠶᠢᠨ ᠨᠣᠷᠮ᠎ᠠ᠂ ᠪᠡᠯᠡ ᠣᠷᠣᠭᠤᠯᠤᠯᠲᠠ ᠶᠢᠨ ᠡᠷᠴᠢᠮ ᠪᠠ | ᠭᠠᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠣᠭᠤᠷᠢᠭ ᠤᠨ ᠠᠵᠤ ᠠᠬᠤᠶᠢᠯᠠᠯ ᠢ ᠰᠢᠯᠭᠠᠨ ᠠᠪᠬᠤ | ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠷᠣᠶ ᠶᠢᠨ ᠭᠠᠷᠣᠯᠲᠠ ᠶᠢᠨ ᠨᠣᠷᠮ᠎ᠠ᠂ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠣ᠂ ᠲᠥᠷᠥᠯ ᠵᠦᠢᠯ ᠤᠨ ᠪᠠᠯᠠ ᠣᠷᠣᠭᠤᠯᠬᠤ᠂ ᠪᠠᠯᠠ | ᠣᠷᠣᠭᠤᠯᠤᠯᠲᠠ ᠶᠢᠨ ᠬᠤᠪᠢ ᠨᠡᠮᠡᠷᠢ ᠪᠠ ᠠᠵᠢᠯ ᠣᠯᠭᠤᠯᠳᠠ ᠪᠠᠷ ᠭᠤᠣᠯᠳᠠᠯᠭ᠎ᠠ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢ ᠰᠢᠯᠭᠠᠨ ᠦᠨᠡᠯᠡᠬᠦ ᠲᠣᠭᠳᠠᠯᠴᠠᠭ᠎ᠠ ᠶᠢ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ᠂ | ᠲᠤᠰᠬᠠᠶᠢᠵᠢᠭᠰᠠᠨ ᠠᠵᠤ ᠦᠢᠯᠡᠳᠪᠦᠷᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ | ᠡᠵᠡᠩᠨᠡᠯᠲᠡ ᠶᠢᠨ ᠬᠤᠳᠠᠯᠳᠤᠭᠠᠴᠢᠨ ᠤᠷᠢᠬᠤ ᠪᠦᠯᠬᠦᠮ ᠪᠠ ᠤᠷᠮᠠᠰᠢᠭᠤᠯᠬᠤ ᠲᠣᠭᠲᠠᠴᠠ ᠶᠢ ᠳᠠᠳᠠᠨ ᠣᠷᠣᠭᠤᠯᠵᠣ᠂ | ᠲᠣᠭᠤᠷᠢᠭ ᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ |