ᠲᠠᠪᠤᠳᠤᠭᠠᠷ ᠪᠦᠯᠦᠭ ᠬᠤᠳᠠ ᠬᠥᠳᠡᠭᠡ ᠶᠢᠨ ᠵᠣᠬᠢᠴᠠᠩᠭᠤᠢ ᠭᠦᠭᠵᠢᠯᠳᠡ ᠶᠢᠨ ᠪᠠᠶᠢᠷᠢᠰᠢᠯ ᠢ ᠡᠭᠦᠳᠦᠨ | ᠪᠠᠶᠢᠭᠤᠯᠬᠤ | | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠪᠦᠬᠦ | ᠠᠶᠢᠮᠠᠭ ᠤᠨ ᠬᠤᠲᠠ ᠪᠠᠯᠭᠠᠰᠤᠨ ᠤ ᠪᠠᠶᠢᠷᠢᠰᠢᠯ ᠪᠠ ᠬᠤᠲᠠ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ | ᠪᠦᠰᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠤᠲᠠ ᠬᠥᠳᠡᠭᠡ ᠶᠢᠨ ᠠᠵᠤ ᠦᠢᠯᠡᠰ ᠤᠨ ᠬᠥᠭᠵᠢᠯᠲᠡ᠂ | ᠰᠠᠭᠤᠷᠢ ᠪᠦᠳᠦᠭᠡᠨ ᠪᠠᠶᠢᠭᠤᠯᠣᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠡᠬᠢ ᠪᠠᠶᠠᠯᠢᠭ ᠡᠨᠧᠷᠭᠢ᠂ ᠠᠮᠢ | ᠠᠬᠤᠢ ᠶᠢᠨ ᠣᠷᠴᠢᠨ ᠲᠣᠭᠤᠷᠢᠨ ᠵᠡᠷᠭᠡ ᠶᠢ ᠨᠢᠭᠡ ᠴᠣᠭᠴᠠᠵᠢᠭᠤᠯᠬᠤ ᠠᠬᠢᠴᠠ ᠶᠢ ᠲᠦᠷᠭᠡᠳᠬᠡᠨ᠎ᠡ᠃ ᠮᠠᠯᠵᠢᠬᠤ | ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠲᠠ | ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠤᠲᠠ ᠬᠥᠳᠡᠭᠡ ᠬᠠᠷᠢᠯᠴᠠᠨ ᠨᠥᠬᠦᠪᠥᠷᠢᠯᠡᠬᠦ᠂ ᠴᠢᠳᠠᠮᠵᠢ | ᠪᠠᠨ ᠬᠠᠷᠢᠯᠴᠠᠨ ᠨᠥᠬᠦᠪᠥᠷᠢᠯᠡᠬᠦ᠂ ᠬᠠᠮᠲᠤᠪᠠᠷ ᠴᠡᠴᠡᠭᠯᠡᠨ ᠬᠥᠭᠵᠢᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠦᠷᠢᠯᠳᠦᠭᠦᠯᠦᠨ᠎ᠡ᠃ | ᠨᠢᠭᠡᠳᠦᠭᠡᠷ ᠬᠡᠰᠡᠭ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠡ ᠶᠢᠨ ᠪᠥᠳᠥᠭᠡᠨ ᠪᠠᠶᠢᠭᠤᠯᠤᠯᠲᠠ | ᠬᠥᠮᠦᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠠᠭᠤᠯᠤᠭᠳᠠᠬᠤᠨ ᠤ ᠬᠥᠭᠵᠢᠯᠲᠡ ᠶᠢ ᠠᠬᠢᠭᠤᠯᠵᠤ᠂ | ᠬᠤᠲᠠ ᠪᠠᠯᠭᠠᠰᠣᠨ ᠤ ᠴᠢᠨᠠᠷ ᠲᠠᠰ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠮᠢ ᠠᠬᠤᠶ ᠶᠢ ᠰᠡᠷᠭᠦᠭᠡᠬᠦ ᠪᠠ | ᠴᠢᠳᠠᠮᠵᠢ ᠶᠢ ᠨᠥᠬᠦᠪᠥᠷᠢᠯᠡᠬᠦ ᠶᠢ ᠰᠠᠶᠢᠲᠤᠷ ᠠᠳᠬᠤᠵᠤ᠂ ᠤᠯᠤᠰ ᠤᠨ ᠲᠠᠰ ᠤᠨ ᠠᠷᠢᠭᠤᠨ ᠴᠡᠪᠡᠷ ᠬᠤᠲᠠ ᠪᠠᠯᠭᠠᠰᠤ | ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠬᠤᠲᠠ ᠪᠠᠯᠭᠠᠰᠤ ᠵᠡᠷᠬᠡ ︽ᠬᠤᠶᠠᠷ ᠬᠤᠲᠠ︾ ᠶᠢ | ᠬᠠᠮᠲᠤᠪᠠᠷ ᠡᠭᠦᠳᠦᠨ ᠪᠠᠶᠢᠭᠤᠯᠵᠤ ᠬᠠᠮᠲᠤᠪᠠᠷ ᠪᠠᠶᠢᠭᠤᠯᠬᠤ ᠶᠢ ᠳᠥᠯᠭᠢᠨ ᠠᠬᠢᠭᠤᠯᠵᠤ᠂ ᠣᠷᠣᠰᠢᠨ ᠠᠮᠢᠳᠤᠷᠠᠬᠤ | ᠠᠵᠢᠯᠯᠠᠬᠤ ᠵᠢᠭᠤᠯᠴᠢᠯᠠᠬᠤ ᠳᠤ ᠲᠣᠬᠢᠷᠠᠮᠵᠢᠲᠠᠶ ᠴᠢᠳᠠᠮᠵᠢ ᠶᠢ ᠳᠡᠭᠡᠭᠰᠢᠯᠡᠭᠦᠯᠦᠨ᠂ ᠡᠬᠡ ᠤᠯᠤᠰ ᠤᠨ ᠬᠢᠯᠢ | ᠬᠢᠵᠠᠭᠠᠷ ᠤᠨ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ ᠪᠠ ᠴᠡᠴᠡᠷᠯᠢᠭᠵᠢᠭᠰᠡᠨ ᠬᠤᠲᠠ | ᠪᠠᠯᠭᠠᠰᠤ ᠶᠢ ᠬᠦᠴᠦᠯᠡᠨ ᠪᠠᠶᠢᠭᠤᠯᠤᠨ᠎ᠠ᠃ | ᠨᠢᠭᠡ᠂ ᠬᠤᠲᠠ ᠪᠠᠯᠭᠠᠰᠣᠨ ᠤ ᠢᠵᠢ ᠪᠦᠷᠢᠳᠦᠭᠰᠡᠨ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠎ᠠ | ︽ᠦᠷᠭᠡᠳᠬᠡᠬᠦ ᠶᠢ ᠬᠢᠵᠠᠭᠠᠷᠯᠠᠬᠤ᠂ ᠠᠭᠤᠯᠤᠭᠳᠠᠬᠤᠨ ᠢ ᠪᠠᠶᠠᠯᠢᠭᠵᠢᠭᠤᠯᠬᠤ᠂ ᠣᠨᠴᠠᠯᠢᠭ ᠢ ᠲᠣᠪᠤᠶᠢᠯᠭᠠᠬᠤ᠂ | ᠣᠷᠣᠰᠢᠨ ᠰᠠᠭᠤᠬᠤ ᠳᠤ ᠲᠣᠬᠢᠷᠠᠮᠵᠢᠲᠠᠶ︾ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠤᠲᠠ ᠪᠠᠯᠭᠠᠰᠣᠨ ᠤ ᠣᠨᠴᠠᠯᠢᠭᠲᠦ ᠲᠦᠷᠢ ᠳᠦᠷᠬᠦ | ᠶᠢ ᠪᠣᠶ ᠪᠣᠯᠭᠠᠨ᠎ᠠ᠃ ᠬᠤᠲᠠ ᠪᠠᠯᠭᠠᠰᠤ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠬᠤᠲᠠ ᠪᠠᠯᠭᠠᠰᠤ ᠶᠢᠨ ᠵᠠᠮ᠂ ᠤᠰᠤ ᠬᠠᠩᠭᠠᠬᠤ᠂ ᠭᠠᠯ ᠤᠨᠲᠠᠷᠠᠭᠠᠬᠤ᠂ ᠳᠣᠯᠠᠭᠠᠯᠭ᠎ᠠ ᠬᠠᠩᠭᠠᠬᠤ᠂ | ᠨᠣᠭᠤᠭᠠᠷᠠᠭᠤᠯᠬᠤ᠂ ᠭᠠᠵᠠᠷ ᠳᠣᠣᠷᠠᠬᠢ ᠬᠤᠭᠤᠯᠠᠢ ᠵᠡᠷᠭᠡ ᠰᠠᠭᠤᠷᠢ ᠲᠦᠭᠦᠭᠡᠷᠣᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ | ᠨᠡᠪᠲᠡᠷᠡᠯᠴᠡᠬᠦ ᠶᠢ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠨᠥᠬᠦᠴᠡᠯ ᠢ | ᠲᠡᠭᠦᠯᠳᠡᠷᠵᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ ᠬᠤᠲᠠ ᠶᠢᠨ ᠶᠠᠪᠤᠳᠠᠯ᠂ ᠵᠠᠮ᠂ ᠰᠠᠭᠤᠷᠢ | ᠲᠥᠬᠦᠭᠡᠷᠦᠮᠵᠢ᠂ ᠨᠣᠭᠤᠭᠠᠷᠠᠭᠤᠯᠤᠯᠲᠠ ᠵᠡᠷᠭᠡ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ᠃ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠬᠡᠷᠡᠭᠵᠢᠭᠦᠯᠵᠦ᠂ | ᠨᠠᠩ ᠣᠯᠠᠨ ᠬᠦᠴᠢᠷᠳᠡᠯᠲᠡᠶ ᠣᠯᠠᠨ ᠲᠦᠮᠡᠨ ᠢ ᠰᠢᠨ᠎ᠡ ᠣᠷᠣᠨ ᠰᠠᠭᠤᠴᠠ ᠳᠤ ᠣᠷᠣᠭᠤᠯᠤᠨ᠎ᠠ᠃ ᠤᠷᠳᠤ | ᠬᠤᠭᠤᠴᠠᠭ᠎ᠠ ᠪᠠᠷ ᠭᠡᠷ ᠲᠦᠷᠢᠶᠡᠰᠦᠯᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢᠨ ᠬᠥᠳᠡᠯᠦᠩᠭᠦᠢ ᠲᠤᠬᠢᠷᠠᠭᠤᠯᠤᠯᠳᠠ ᠶᠢᠨ ᠲᠣᠭᠲᠠᠴᠠ ᠪᠠ ᠪᠠᠲᠤᠯᠠᠭ᠎ᠠ ᠶᠢᠨ ᠡᠲᠡᠭᠡᠳ ᠢ | ᠣᠬᠤᠷᠢᠨ ᠭᠠᠷᠭᠠᠬᠤ ᠲᠣᠭᠲᠠᠴᠠ ᠶᠢ ᠪᠦᠷᠢᠨᠰᠢᠬᠦᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠬᠠᠩᠭᠠᠯᠭ᠎ᠠ ᠶᠢ ᠪᠦᠲᠦᠮᠵᠢᠲᠡᠢ ᠨᠡᠮᠡᠭᠳᠡᠭᠦᠯᠦᠨ᠎ᠡ᠃ ᠬᠤᠲᠠ ᠪᠠᠯᠭᠠᠰᠣᠨ ᠤ ᠵᠠᠮ ᠢ ᠲᠡᠭᠦᠯᠳᠡᠷᠵᠢᠭᠦᠯᠵᠦ᠂ ᠬᠤᠲᠠ | ᠪᠠᠯᠭᠠᠰᠣᠨ ᠤ ᠪᠣᠬᠢᠷᠲᠤᠯ ᠥᠬᠡᠶ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠲᠦᠷᠭᠡᠳᠬᠡᠨ ᠬᠥᠭᠵᠢᠭᠦᠯᠦᠨ᠎ᠡ᠃ | ᠤᠰᠤᠨ ᠰᠤᠷᠪᠤᠯᠵᠢ᠂ ᠣᠰᠣ ᠬᠠᠩᠭᠠᠬᠤ ᠦᠢᠯᠡᠳᠪᠦᠷᠢ ᠪᠠ ᠤᠰᠤᠨ ᠬᠠᠩᠭᠠᠬᠤ ᠬᠤᠭᠤᠯᠠᠢ ᠵᠡᠷᠭᠡ ᠤᠰᠤ | ᠬᠠᠩᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠤᠰᠤ | ᠬᠠᠩᠭᠠᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠎ᠡ᠃ ᠲᠣᠯᠠᠭᠠᠯᠠᠯᠭ᠎ᠠ ᠬᠠᠩᠭᠠᠬᠤ ᠲᠦᠬᠦᠭᠡᠷᠣᠮᠵᠢ ᠪᠣᠯᠤᠨ | ᠪᠣᠬᠢᠷ ᠤᠰᠤ᠂ ᠬᠤᠭ ᠨᠣᠪᠰᠢ ᠶᠢ ᠰᠢᠢᠳᠪᠦᠷᠢᠯᠡᠬᠦ ᠲᠦᠭᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ | ᠂ ᠪᠣᠬᠢᠷ ᠤᠰᠤ ᠴᠤᠭᠯᠠᠭᠤᠯᠬᠤ ᠨᠣᠷᠮ᠎ᠠ ᠪᠣᠯᠤᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ | ᠪᠠᠯᠭᠠᠰᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ | ᠰᠢᠢᠳᠪᠦᠷᠢᠯᠡᠬᠦ ᠰᠢᠰᠲ᠋ᠧᠮ ᠢ ᠪᠣᠶ ᠪᠣᠯᠭᠠᠨ᠎ᠠ᠃ | ᠬᠤᠶᠠᠷ᠂ ᠬᠤᠲᠠ ᠪᠠᠯᠭᠠᠰᠣᠨ ᠤ ᠴᠡᠭᠴᠡᠯᠡᠨ ᠵᠠᠰᠠᠬᠤ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ | ︽ᠣᠶᠣᠨᠴᠢ ᠵᠡᠭᠦᠨ ᠦᠵᠦᠮᠦᠴᠢᠨ︾ ᠢ ᠪᠦᠲᠦᠭᠡᠨ ᠪᠠᠶᠢᠭᠤᠯᠬᠤ ᠳᠤ ᠰᠠᠭᠤᠷᠢᠯᠠᠨ᠂ ᠲᠣᠭᠠᠴᠢᠯᠠᠭᠰᠠᠨ | ᠮᠡᠷᠭᠡᠵᠢᠯ ᠢᠶᠠᠷ ᠬᠤᠲᠠ ᠪᠠᠯᠭᠠᠰᠤᠨ ᠤ ᠲᠦᠯᠦᠪᠵᠢᠭᠦᠯᠬᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ | ᠡᠵᠡᠩᠨᠡᠯᠲᠡ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠣᠨ ᠤ ᠵᠠᠰᠠᠯᠲᠠ ᠶᠢ | ᠤᠶᠤᠨᠴᠢᠯᠠᠬᠤ ᠪᠠ ᠨᠠᠷᠢᠯᠢᠬᠵᠢᠭᠤᠯᠬᠤ ᠶᠢ ᠠᠬᠢᠭᠤᠯᠵᠤ᠂ ᠲᠣᠣᠷᠴᠢᠯᠠᠭᠰᠠᠨ᠂ ᠨᠠᠷᠢᠯᠢᠭᠵᠢᠭᠰᠠᠨ ᠬᠤᠳᠠ ᠪᠠᠯᠭᠠᠰᠣᠨ | ᠤ ᠬᠠᠮᠢᠶᠠᠷᠣᠯᠲᠠ ᠪᠠ ᠦᠢᠯᠡᠴᠢᠯᠡᠭᠡ ᠶᠢ ᠳᠡᠯᠭᠡᠷᠡᠬᠦᠯᠵᠣ᠂ ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ ᠤᠨ | ᠬᠠᠮᠢᠶᠠᠷᠤᠯᠲᠠ ᠶᠢᠨ ᠲᠣᠭᠳᠠᠯᠴᠠᠭ᠎ᠠ ᠶᠢ ᠨᠠᠶᠢᠳᠠᠪᠤᠷᠢᠵᠢᠭᠤᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠠᠳᠠᠯ | ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠭᠰᠡᠨ ᠬᠠᠮᠢᠶᠠᠷᠤᠯᠲᠠ ᠶᠢᠨ ᠵᠠᠭᠪᠤᠷ ᠢ ᠠᠬᠢᠭᠤᠯᠤᠨ᠎ᠠ᠃ ᠰᠤᠮᠤ | ᠪᠠᠯᠭᠠᠰᠣᠨ ᠤ ᠮᠠᠯᠴᠢᠳ ᠲᠤ ᠦᠢᠯᠡᠴᠢᠯᠡᠬᠦ ᠲᠥᠪ ᠢ ᠪᠠᠶᠢᠭᠤᠯᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠬᠦᠯᠦᠨ᠎ᠡ᠃ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠬᠦᠯᠦᠨ᠎ᠡ᠃ ᠬᠤᠲᠠ ᠪᠠᠯᠭᠠᠰᠣᠨ ᠤ ᠭᠠᠮᠰᠢᠭ ᠠᠴᠠ ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ | ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠪᠠᠯᠭᠠᠰᠣᠨ ᠤ ᠦᠶᠡᠷ ᠤᠰᠤᠲᠤᠯ ᠢ | ᠰᠡᠷᠭᠡᠶᠢᠯᠡᠨ ᠵᠠᠰᠠᠬᠤ᠂ ᠭᠠᠯ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠵᠦ᠂ ᠬᠠᠷᠢᠮᠠᠬᠠᠢ ᠴᠢᠨᠠᠷᠳᠣ ᠬᠤᠲᠠ | ᠪᠠᠯᠭᠠᠰᠤ ᠶᠢ ᠪᠥᠲᠥᠭᠡᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠦᠨᠡᠨᠬᠦ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠲᠦᠭᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠵᠦ᠂ ᠬᠤᠲᠠ ᠶᠢᠨ | ᠠᠭᠠᠷ ᠤᠨ ᠰᠡᠷᠭᠡᠶᠢᠯᠡᠯᠲᠡ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠬᠦᠯᠦᠨ᠎ᠡ᠃ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ | ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠦᠢᠯᠡᠴᠢᠯᠡᠭᠡ᠂ ᠰᠠᠶᠢᠨ ᠲᠣᠷᠠᠴᠣᠣᠯ ᠤᠨ | ᠬᠠᠷᠢᠯᠴᠠᠨ ᠬᠠᠪᠰᠤᠷᠤᠯᠴᠠᠬᠤ ᠦᠢᠯᠡᠴᠢᠯᠡᠭᠡ ᠶᠢ ᠣᠷᠭᠠᠨᠢᠭ ᠢᠶᠠᠷ ᠣᠶᠠᠯᠳᠣᠭᠤᠯᠵᠣ᠂ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠲᠥᠪ᠂ ᠨᠠᠮ ᠪᠠ ᠣᠯᠠᠨ ᠲᠦᠮᠡᠨ ᠤ ᠠᠵᠢᠯᠯᠠᠭᠠᠨ ᠤ ᠲᠥᠪ᠂ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠂ ᠬᠡᠷ ᠲᠡᠭᠡᠨ ᠬᠤᠴᠣᠷᠣᠭᠰᠠᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ | ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠨᠡᠶᠢᠭᠡᠮ ᠲᠣᠭᠤᠷᠢᠭ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠳᠣᠭᠳᠠᠯᠴᠠᠭ᠎ᠠ ᠶᠢ ᠴᠣᠭᠴᠠᠯᠠᠨ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ︽ᠨᠢᠭᠡ ᠲᠣᠭᠤᠷᠢᠭ ᠨᠢᠭᠡ ᠣᠨᠴᠠᠯᠢᠭ︾ | ᠤᠨ ᠣᠨᠴᠠᠯᠢᠭᠲᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠦᠢᠯᠡᠴᠢᠯᠡᠭᠡᠨ ᠤ ᠠᠷᠭ᠎ᠠ ᠶᠢ | ᠥᠷᠭᠡᠳᠬᠡᠬᠦ ︽ᠨᠡᠶᠢᠭᠡᠮ ᠲᠣᠭᠤᠷᠢᠭ ᠤᠨ ᠨᠡᠷᠡᠲᠦ ᠲᠡᠮᠳᠡᠭᠲᠦ︾ ᠶᠢ ᠪᠤᠢ ᠪᠣᠯᠭᠠᠨ᠎ᠠ᠃ | ᠨᠡᠶᠢᠭᠡᠮ ᠲᠣᠭᠤᠷᠢᠭ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠭᠳᠠᠯᠴᠠᠭ᠎ᠠ ᠶᠢ ᠲᠡᠭᠦᠯᠳᠡᠷᠵᠢᠭᠦᠯᠵᠦ᠂ | ᠮᠡᠳᠡᠭᠡ ᠵᠠᠩᠭᠢ ᠪᠠᠷ ᠵᠠᠭᠤᠴᠢ ᠪᠣᠯᠭᠠᠭᠰᠠᠨ ᠭᠡᠷ ᠪᠦᠯᠢ ᠶᠢᠨ ᠬᠥᠳᠡᠯᠮᠦᠷᠢ ᠦᠢᠯᠡᠴᠢᠯᠡᠭᠡ᠂ ᠰᠣᠶᠣᠯ ᠴᠡᠩᠭᠡᠯ᠂ ᠡᠮ | ᠡᠮᠨᠡᠯᠭᠡ ᠶᠢᠨ ᠠᠪᠤᠷᠠᠨ ᠲᠤᠰᠠᠯᠠᠬᠤ᠂ ᠪᠠᠷᠠᠭ᠎ᠠ ᠬᠤᠳᠠᠯᠳᠤᠨ ᠠᠪᠬᠤ ᠵᠠᠮ ᠬᠠᠷᠢᠯᠴᠠᠭ᠎ᠠ᠂ ᠠᠵᠢᠯ ᠣᠯᠭᠤᠬᠤ | ᠪᠣᠯᠪᠠᠰᠣᠷᠠᠯ᠂ ᠨᠡᠶᠢᠭᠡᠮ ᠤᠨ ᠠᠮᠤᠷ ᠲᠦᠪᠰᠢᠨ ᠵᠡᠷᠭᠡ ᠶᠢᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠤᠢᠭᠡᠢ | ᠦᠷᠭᠡᠳᠬᠡᠨ᠎ᠡ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠲᠣᠭᠳᠠᠯᠴᠠᠭ᠎ᠠ ᠶᠢ ᠪᠠᠶᠢᠭᠤᠯᠤᠨ᠂ | ᠦᠢᠯᠡᠴᠢᠯᠡᠭᠡᠨ ᠤ ᠣᠳᠣᠷᠢᠳᠣᠮᠵᠢ᠂ ᠠᠵᠢᠯᠯᠠᠭᠠᠨ ᠤ ᠵᠢᠷᠤᠮᠵᠢᠯ᠂ ᠶᠠᠰᠤ ᠴᠢᠨᠠᠷ ᠤᠨ ᠠᠮᠠᠯᠠᠯᠲᠠ᠂ ᠦᠢᠯᠡᠴᠢᠯᠡᠭᠡᠨ ᠤ | ᠲᠡᠮᠳᠡᠭᠯᠡᠯ ᠤᠨ ᠪᠠᠶᠢᠴᠠᠭᠠᠯᠲᠠ ᠵᠡᠷᠭᠡ ᠲᠦᠷᠢᠮ ᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ | ᠨᠢᠭᠡᠳᠦᠬᠦᠯᠬᠦ ᠶᠢ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠺᠠᠳ᠋ᠷ ᠤᠨ ᠦᠢᠯᠡᠴᠢᠯᠡᠭᠡᠨ ᠤ ᠦᠵᠡᠯ | ᠤᠬᠠᠮᠰᠠᠷ ᠢ ᠨᠢ ᠨᠡᠮᠡᠭᠳᠡᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠨᠢ ᠳᠡᠭᠡᠭᠰᠢᠯᠡᠬᠦᠯᠦᠨ᠎ᠡ᠃ | ᠭᠤᠷᠪᠠ᠂ ᠮᠠᠯᠴᠢᠳ ᠤᠨ ᠬᠤᠲᠠ ᠣᠷᠣᠵᠤ ᠡᠷᠦᠬᠡ ᠠᠮᠠ ᠪᠠᠨ ᠰᠢᠯᠵᠢᠬᠦᠯᠬᠦ ᠶᠢ ᠦᠷᠭᠦᠯᠵᠢᠯᠡᠨ | ᠵᠣᠷᠢᠭᠵᠢᠭᠤᠯᠣᠨ᠎ᠠ | ᠮᠠᠯᠴᠢᠳ ᠤᠨ ᠲᠥᠪ ᠬᠤᠲᠠ ᠪᠠᠯᠭᠠᠰᠤ ᠪᠠ ᠰᠠᠭᠤᠷᠢ ᠨᠥᠬᠦᠴᠡᠯ ᠢᠶᠠᠷ ᠨᠡᠯᠢᠶᠡᠳ ᠰᠠᠶᠢᠨ ᠰᠤᠮᠤ ᠪᠠᠯᠭᠠᠰᠣᠨ | ᠤ ᠲᠦᠪ ᠲᠤ ᠰᠢᠯᠵᠢᠬᠦ ᠶᠢ ᠵᠣᠷᠢᠭᠵᠢᠭᠤᠯᠤᠨ᠎ᠠ᠃ ᠡᠷᠦᠬᠡ ᠠᠮᠠ ᠣᠷᠣᠬᠤ ᠬᠢᠵᠠᠭᠠᠷᠯᠠᠯ ᠢ ᠤᠯᠠᠮ ᠨᠢᠭᠡ ᠠᠯᠬᠤᠮ | ᠰᠣᠯᠠᠯᠠᠵᠣ᠂ ᠮᠠᠯᠴᠢᠳ ᠵᠢᠴᠢ ᠦᠷ᠎ᠡ ᠬᠡᠤᠬᠡᠳ ᠤᠨ ᠬᠤᠲᠠ ᠣᠷᠣᠵᠤ ᠰᠤᠷᠤᠯᠴᠠᠬᠤ᠂ ᠠᠵᠢᠯ ᠣᠯᠭᠤᠬᠤ᠂ | ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠨ᠎ᠡ᠃ ᠬᠤᠲᠠ ᠣᠷᠣᠵᠤ ᠡᠷᠦᠬᠡ | ᠠᠮᠠ ᠪᠠᠨ ᠣᠷᠣᠭᠤᠯᠤᠭᠰᠠᠨ ᠮᠠᠯᠴᠢᠳ ᠤᠨ ᠭᠠᠵᠠᠷ ᠰᠢᠷᠣᠶ ᠳᠠᠭᠠᠭᠠᠴᠢᠯᠠᠬᠤ ᠡᠷᠬᠡ᠂ ᠣᠷᠣᠨ ᠰᠠᠭᠤᠴᠠ ᠶᠢᠨ | ᠰᠠᠭᠤᠷᠢ ᠭᠠᠵᠠᠷ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠮᠠᠭᠠᠯᠠᠵᠤ᠂ | ᠮᠠᠯᠴᠢᠳ ᠤᠨ ᠬᠤᠲᠠ ᠣᠷᠣᠭᠰᠠᠨ ᠤ ᠳᠠᠷᠠᠭᠠᠬᠢ ᠬᠦᠴᠢᠷᠳᠡᠯ ᠢ ᠰᠢᠢᠳᠪᠦᠷᠢᠯᠡᠨ᠎ᠡ᠃ ᠬᠤᠲᠠ ᠪᠠᠯᠭᠠᠰᠤᠨ ᠳᠤ | ᠰᠤᠷᠤᠯᠴᠠᠵᠤ ᠪᠠᠶᠢᠭ᠎ᠠ ᠮᠠᠯᠵᠢᠬᠤ ᠣᠷᠣᠨ ᠤ ᠡᠷᠦᠬᠡ ᠠᠮᠠ ᠲᠠᠢ ᠰᠤᠷᠤᠭᠴᠢ ᠵᠢᠴᠢ ᠭᠡᠷ ᠤᠨ ᠠᠬᠠᠮᠠᠳ ᠤᠨ ᠡᠷᠦᠬᠡ | ᠠᠮᠠ ᠪᠠᠨ ᠬᠤᠲᠠ ᠪᠠᠯᠭᠠᠰᠤᠨ ᠳᠤ ᠰᠢᠯᠵᠢᠭᠦᠯᠬᠦ ᠶᠢ ᠵᠣᠷᠢᠭᠵᠢᠭᠤᠯᠤᠨ᠎ᠠ᠃ | ᠬᠤᠶᠠᠳᠤᠭᠠᠷ ᠬᠡᠰᠡᠭ ᠮᠠᠯᠵᠢᠬᠤ ᠣᠷᠣᠨ ᠢ ᠴᠢᠨᠠᠷ ᠰᠠᠶᠢᠲᠠᠶ ᠬᠥᠭᠵᠢᠭᠦᠯᠦᠨ ᠮᠠᠨᠳᠤᠭᠤᠯᠬᠤ | ︽ᠠᠵᠤ ᠦᠢᠯᠡᠰ ᠬᠥᠭᠵᠢᠭᠰᠡᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠨᠤᠲᠤᠭ ᠤᠨ ᠵᠠᠩ | ᠦᠢᠯᠡ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠢ | ᠱᠠᠭᠠᠷᠳᠠᠯᠭ᠎ᠠ ᠶᠣᠰᠣᠭᠠᠷ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠮᠠᠯᠵᠢᠬᠤ ᠣᠷᠣᠨ ᠤ | ᠣᠷᠣᠰᠢᠨ ᠠᠮᠢᠳᠤᠷᠠᠬᠤ ᠳᠤ ᠲᠣᠬᠢᠷᠠᠮᠵᠢᠲᠠᠢ᠂ ᠮᠠᠯᠴᠢᠳ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃ | ᠨᠢᠭᠡ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠬᠢᠭᠡᠳ ᠮᠠᠯᠵᠢᠬᠤ ᠣᠷᠣᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠨ᠎ᠠ | ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠮᠠᠯᠵᠢᠬᠤ ᠣᠷᠣᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠯᠦᠭᠡ ᠨᠢᠭᠡᠳᠦᠯᠲᠡᠶ ᠲᠥᠯᠥᠪᠵᠢᠭᠦᠯᠦᠨ | ᠰᠦᠪᠡᠭᠴᠢᠯᠡᠵᠦ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ | ᠳᠡᠮᠵᠢᠬᠦ ᠠᠴᠠ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠠᠰᠢ | ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠬᠦᠴᠦᠨ ᠢ ᠴᠢᠩᠭᠠᠳᠬᠠᠨ ᠪᠦᠷᠢᠳᠦᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠶᠠᠳᠠᠭᠤ ᠠᠴᠠ ᠠᠩᠭᠢᠵᠢᠷᠠᠭᠤᠯᠬᠤ ᠶᠢ ᠠᠳᠬᠤᠬᠤ᠂ ᠬᠥᠭᠵᠢᠯ ᠮᠠᠨᠳᠤᠯ ᠢ ᠠᠬᠢᠭᠤᠯᠬᠤ ᠵᠣᠬᠢᠶᠠᠨ ᠪᠠᠶᠢᠭᠤᠯᠤᠯᠲᠠ ᠶᠢᠨ | ᠬᠦᠴᠦᠨ ᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠶᠠᠳᠠᠭᠤ | ᠬᠦᠴᠢᠷᠳᠡᠯᠲᠡᠶ ᠭᠠᠴᠠᠭ᠎ᠠ᠂ ᠶᠠᠳᠠᠭᠤ ᠠᠴᠠ ᠠᠩᠭᠢᠵᠢᠷᠠᠭᠰᠠᠨ ᠬᠥᠮᠦᠰ ᠲᠤ ᠪᠠᠯᠠ ᠣᠷᠣᠭᠤᠯᠤᠯᠲᠠ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡᠨ ᠢᠶᠠᠷ | ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠴᠢᠬ | ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯᠳᠦ ᠴᠢᠨᠠᠷ ᠢ ᠪᠠᠲᠤᠯᠠᠵᠤ᠂ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠳᠠᠬᠢᠨ ᠶᠠᠳᠠᠭᠤᠷᠠᠬᠤ ᠲᠦᠭᠰᠢᠭᠦᠷᠢ | ᠣᠷᠣᠰᠢᠵᠤ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠶᠠᠳᠠᠭᠤᠷᠠᠬᠤ ᠲᠦᠭᠰᠢᠭᠦᠷᠢ ᠣᠷᠣᠰᠢᠵᠤ | ᠪᠠᠶᠢᠭ᠎ᠠ ᠬᠥᠮᠦᠨ ᠠᠮᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠰᠢᠨᠵᠢᠯᠲᠡ ᠶᠢ ᠥᠷᠨᠢᠭᠦᠯᠬᠦ ᠶᠢᠨ ᠬᠠᠮᠲᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠶᠠᠳᠠᠭᠤ ᠬᠦᠴᠢᠷᠳᠡᠯᠲᠡᠶ ᠭᠠᠵᠠᠷ ᠣᠷᠣᠨ ᠪᠠ ᠬᠠᠷᠢᠴᠠᠩᠭᠤᠶ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠴᠢᠩᠭᠠᠷᠠᠭᠤᠯᠤᠨ᠎ᠠ᠃ ᠮᠠᠯᠵᠢᠬᠤ ᠣᠷᠣᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠮᠠᠯᠵᠢᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠬᠤᠶᠠᠷ᠂ ᠮᠠᠯᠵᠢᠬᠤ ᠣᠷᠣᠨ ᠤ ᠠᠵᠤ ᠦᠢᠯᠡᠰ ᠤᠨ ᠴᠢᠨᠠᠷ ᠰᠠᠶᠢᠲᠠᠶ ᠠᠭᠤᠰᠣᠯᠴᠠᠭᠰᠠᠨ ᠭᠦᠭᠵᠢᠯᠳᠡ ᠶᠢ | ᠳᠥᠯᠭᠢᠨ ᠠᠬᠢᠭᠤᠯᠤᠨ᠎ᠠ | ᠮᠠᠯᠵᠢᠬᠤ ᠣᠷᠣᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠠᠷ ᠬᠦᠳᠡᠯᠭᠡᠭᠴᠢ ᠬᠦᠴᠦᠨ | ᠪᠣᠯᠭᠠᠵᠤ᠂ ᠮᠠᠯ ᠠᠵᠤ ᠠᠬᠤᠶ ᠬᠢᠭᠡᠳ ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ᠂ ᠡᠷᠡᠭᠦᠯᠵᠢᠯ ᠰᠤᠪᠢᠯᠠᠯᠲᠠ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠣᠯᠠᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠴᠣᠭᠴᠠᠯᠠᠬᠤ᠂ ᠣᠯᠠᠨ ᠭᠤᠤᠯ ᠴᠣᠭᠴᠠ ᠣᠷᠣᠯᠴᠠᠬᠤ᠂ ᠣᠯᠠᠨ | ᠲᠣᠭᠲᠠᠴᠠ ᠪᠠᠷ ᠬᠤᠯᠪᠣᠭᠠᠯᠠᠬᠤ᠂ ᠣᠯᠠᠨ ᠬᠦᠴᠦᠨ ᠵᠦᠢᠯ ᠢᠶᠠᠷ ᠬᠦᠴᠦᠯᠡᠬᠦ᠂ ᠣᠯᠠᠨ ᠵᠠᠭᠪᠤᠷ ᠢᠶᠠᠷ ᠠᠬᠢᠭᠤᠯᠬᠤ | ᠮᠠᠯᠵᠢᠬᠤ ᠣᠷᠣᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠣᠭᠲᠠᠯᠴᠠᠭ᠎ᠠ ᠶᠢ ᠪᠠᠶᠢᠭᠤᠯᠤᠨ᠎ᠠ᠃ | ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃ | ᠤᠯᠤᠰ ᠤᠨ ᠭᠤᠣᠯ ᠪᠣᠯᠬᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ | ᠴᠢᠬᠤᠯᠠ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠨ᠂ ᠪᠣᠬᠢᠷᠲᠤᠯ ᠦᠭᠡᠢ ᠮᠠᠯ ᠠᠵᠤ ᠠᠬᠤᠢ ᠶᠢ | ᠬᠥᠭᠵᠢᠭᠦᠯᠬᠦ᠂ ᠶᠠᠰᠤ ᠴᠢᠨᠠᠷ ᠢᠶᠠᠷ ᠮᠠᠯ ᠠᠵᠤ ᠠᠬᠤᠢ ᠶᠢ ᠬᠦᠴᠦᠷᠬᠡᠭᠵᠢᠭᠦᠯᠬᠦ᠂ ᠨᠡᠷᠡᠲᠦ ᠲᠡᠮᠳᠡᠭ ᠢᠶᠠᠷ ᠮᠠᠯ ᠠᠵᠤ | ᠠᠬᠤᠢ ᠶᠢ ᠪᠠᠶᠠᠵᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠪᠴᠢᠶ᠎ᠡ ᠶᠡᠭᠡ᠂ ᠠᠭᠤᠰᠤᠯᠴᠠᠯ ᠤᠨ ᠳᠡᠰ | ᠳᠠᠪᠬᠤᠷᠭ᠎ᠠ ᠭᠦᠨ᠂ ᠥᠷᠲᠡᠭ ᠤᠨ ᠨᠡᠮᠡᠭᠳᠡᠯ ᠥᠨᠳᠥᠷ᠂ ᠶᠠᠰᠤ ᠴᠢᠨᠠᠷ ᠦᠷ᠎ᠡ ᠠᠰᠢᠭ ᠰᠠᠶᠢᠨ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠪᠠᠶᠢᠳᠠᠯ ᠢ ᠲᠦᠷᠭᠡᠳᠬᠡᠨ ᠪᠦᠷᠢᠯᠳᠦᠭᠦᠯᠦᠨ᠎ᠡ᠃ ᠳᠠᠪᠠᠭᠤᠯᠢᠭ ᠣᠨᠴᠠᠯᠢᠭ ᠪᠦᠬᠦᠢ | ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠮᠠᠯᠴᠢᠳ ᠲᠤ ᠠᠵᠤ ᠦᠢᠯᠡᠰ ᠤᠨ | ᠬᠡᠯᠬᠢᠶ᠎ᠡ ᠶᠢᠨ ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ ᠬᠤᠪᠢᠶᠠᠨ ᠡᠳ᠋ᠯᠡᠬᠦ ᠪᠠᠷ ᠭᠤᠣᠯ ᠪᠣᠯᠭᠠᠨ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ᠂ ᠠᠰᠢᠭ ᠲᠤᠰᠠ ᠶᠢᠨ | ᠬᠡᠯᠬᠢᠶ᠎ᠡ ᠶᠢ ᠲᠡᠭᠦᠯᠳᠡᠷᠵᠢᠭᠦᠯᠬᠦ ᠪᠠᠷ ᠵᠠᠩᠭᠢᠯᠠᠭ᠎ᠠ ᠪᠣᠯᠭᠠᠵᠤ᠂ ᠲᠣᠯᠣᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠤᠨ᠂ | ᠣᠨᠴᠠᠯᠢᠭᠲᠤ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠬᠦ᠂ ᠡᠳ᠋ᠰᠢᠭᠦᠯᠬᠦ᠂ ᠭᠦᠢᠯᠭᠡᠭᠡᠬᠦ᠂ ᠪᠣᠷᠣᠯᠠᠭᠤᠯᠬᠤ ᠠᠵᠤ | ᠦᠢᠯᠡᠰ ᠤᠨ ᠬᠡᠯᠬᠢᠶ᠎ᠡ ᠪᠠᠷ ᠰᠠᠭᠤᠷᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ | ᠰᠡᠯᠡᠭᠦᠴᠡᠨ ᠲᠣᠭᠤᠷᠢᠬᠤ᠂ ᠢᠵᠢ ᠪᠦᠷᠢᠳᠦᠭᠰᠡᠨ ᠮᠠᠯᠵᠢᠬᠤ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠬᠦ ᠪᠠ | ᠦᠢᠯᠡᠳᠬᠦ ᠶᠢ ᠠᠭᠤᠰᠤᠯᠴᠠᠭᠤᠯᠤᠨ ᠬᠥᠭᠵᠢᠭᠦᠯᠦᠭᠰᠡᠨ ᠣᠨᠴᠠᠯᠢᠭᠲᠤ ᠮᠠᠯ ᠠᠵᠤ ᠠᠬᠤᠶ ᠶᠢᠨ ᠠᠵᠤ ᠦᠢᠯᠡᠰ ᠤᠨ | ᠪᠦᠯᠦᠭᠯᠡᠯ ᠢ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ | ᠪᠤᠶᠢᠵᠢᠭᠤᠯᠵᠤ᠂ ᠭᠡᠷ ᠪᠦᠯᠢ ᠶᠢᠨ ᠡᠵᠡᠩᠨᠡᠯᠲᠡ ᠪᠠᠷ ᠰᠠᠭᠤᠷᠢ ᠪᠣᠯᠭᠠᠭᠰᠠᠨ᠂ ᠠᠵᠤ ᠦᠢᠯᠡᠰᠵᠢᠭᠰᠡᠨ ᠬᠤᠯᠪᠣᠭᠠᠲᠤ | ᠴᠣᠭᠴᠠ ᠪᠠᠷ ᠲᠤᠯᠭᠠᠭᠤᠷᠢᠯᠠᠯ ᠪᠣᠯᠭᠠᠭᠰᠠᠨ ᠣᠳᠣ ᠦᠶ᠎ᠡ ᠶᠢᠨ ᠮᠠᠯ ᠠᠵᠤ ᠠᠬᠤᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ | ᠮᠠᠯᠵᠢᠬᠤ ᠣᠷᠣᠨ ᠤ ᠦᠢᠯᠡᠳᠪᠦᠷᠢᠯᠡᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ | ᠮᠡᠷᠭᠡᠵᠢᠯ ᠤᠨ ᠦᠢᠯᠡᠴᠢᠯᠡᠭᠡᠨ ᠤ ᠪᠣᠳᠠᠲᠤ ᠴᠣᠭᠴᠠ ᠪᠠᠷ ᠨᠡᠶᠢᠭᠡᠮ ᠤᠨ ᠬᠦᠴᠦᠨ ᠢ ᠳᠠᠭᠠᠭᠤᠯᠤᠨ ᠡᠷᠬᠢᠯᠡᠬᠦ ᠶᠢ | ᠢᠳᠡᠪᠬᠢᠲᠡᠢ ᠵᠣᠷᠢᠭᠵᠢᠭᠤᠯᠵᠤ᠂ ᠨᠠᠶᠢᠳᠠᠨ ᠬᠠᠮᠢᠶᠠᠷᠤᠭᠤᠯᠬᠤ ᠮᠠᠶ᠋ᠢᠭ᠂ ᠵᠠᠬᠢᠶᠠᠯᠠᠭ᠎ᠠ ᠶᠢᠨ ᠮᠠᠶ᠋ᠢᠭ᠂ ᠲᠠᠪᠴᠠᠩ ᠤᠨ | ᠮᠠᠶ᠋ᠢᠭ᠂ ᠦᠷᠳᠡᠭᠡᠴᠢᠯᠡᠭᠰᠡᠨ ᠴᠡᠭ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ ᠢ ᠬᠥᠭᠵᠢᠭᠦᠯᠦᠨ᠎ᠡ᠃ | ᠨᠡᠭᠦᠳᠡᠯ ᠦᠢᠯᠡᠴᠢᠯᠡᠭᠡᠨ ᠤ ᠲᠡᠷᠭᠡ᠂ ᠦᠢᠯᠡᠴᠢᠯᠡᠭᠡᠨ ᠤ ᠦᠷᠳᠡᠭᠡ ᠴᠢᠭ᠂ ᠣᠷᠣᠯᠠᠨ ᠭᠦᠢᠴᠡᠳᠬᠡᠭᠴᠢ ᠵᠡᠷᠭᠡ | ᠦᠢᠯᠡᠴᠢᠯᠡᠭᠡᠨ ᠤ ᠬᠡᠯᠪᠡᠷᠢ ᠶᠢ ᠲᠡᠭᠦᠯᠳᠡᠷᠵᠢᠭᠦᠯᠦᠨ᠎ᠡ᠃ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠪᠠ | ᠦᠢᠯᠡᠴᠢᠯᠡᠭᠡ ᠶᠢ ᠴᠢᠩᠭᠠᠳᠬᠠᠵᠤ᠂ ᠮᠠᠯᠵᠢᠬᠤ ᠡᠷᠦᠬᠡ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ | ᠥᠷᠭᠡᠨ ᠣᠯᠠᠨ ᠮᠠᠯᠴᠢᠳ ᠲᠤ ᠪᠦᠬᠦ ᠲᠠᠯ᠎ᠠ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ᠮᠠᠯᠴᠢᠳ ᠤᠨ | ᠬᠤᠷᠰᠢᠶ᠎ᠠ ᠶᠢᠨ ᠬᠤᠯᠪᠣᠭᠠᠯᠠᠯ ᠢ ᠴᠢᠩᠭᠠᠳᠬᠠᠵᠤ᠂ ᠮᠠᠯ ᠠᠵᠤ ᠠᠬᠤᠢ ᠶᠢᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠰᠠᠭᠤᠷᠢ ᠶᠢ | ᠪᠠᠬᠢᠵᠢᠭᠦᠯᠦᠨ᠎ᠡ᠃ | ᠭᠤᠷᠪᠠ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠰᠢᠨ᠎ᠡ ᠮᠠᠯᠵᠢᠬᠤ ᠣᠷᠣᠨ ᠢ ᠴᠢᠷᠮᠠᠶᠢᠨ | ᠪᠠᠶᠢᠭᠤᠯᠣᠨ᠎ᠠ | ᠦᠵᠡᠰᠬᠦᠯᠡᠩᠲᠦ ᠰᠠᠶᠢᠬᠠᠨ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠮᠠᠯᠵᠢᠬᠤ ᠣᠷᠣᠨ ᠢ | ᠪᠦᠲᠦᠭᠡᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠲᠤᠬᠢᠷᠠᠭᠤᠯᠵᠣ᠂ ᠲᠥᠷᠥᠯ ᠬᠤᠪᠢᠶᠠᠨ ᠵᠢᠯᠣᠭᠤᠳᠬᠤ ᠵᠠᠷᠴᠢᠮ ᠢ ᠪᠠᠷᠢᠮᠲᠠᠯᠠᠨ᠂ ᠮᠠᠯᠵᠢᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠵᠢᠷᠣᠮᠯᠠᠬᠤ ᠠᠴᠠ ᠳᠦᠷᠢᠮ ᠲᠠᠢ | ᠂ ᠠᠵᠢᠯᠯᠠᠬᠤ ᠠᠴᠠ ᠪᠠᠷᠢᠮᠵᠢᠶ᠎ᠠ ᠲᠠᠢ᠂ ᠺᠠᠳ᠋ᠷ ᠠᠵᠢᠯᠳᠠᠨ ᠤ ᠡᠩᠨᠡᠭᠡ ᠲᠠᠢ᠂ ᠱᠠᠭᠠᠷᠳᠠᠨ ᠪᠠᠶᠢᠴᠠᠭᠠᠯᠲᠠ ᠲᠠᠢ᠂ | ᠵᠠᠷᠤᠳᠠᠯ ᠤᠨ ᠮᠦᠩᠬᠦ ᠲᠠᠢ ᠵᠡᠷᠬᠡ ︽ᠲᠠᠪᠤ ᠶᠢ ᠪᠦᠷᠢᠳᠦᠭᠦᠯᠦᠭᠰᠡᠨ︾ ᠣᠷᠣᠰᠢᠨ ᠰᠠᠭᠤᠬᠤ ᠣᠷᠴᠢᠨ ᠲᠣᠭᠤᠷᠢᠨ ᠢ | ᠬᠢᠨᠠᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠮᠠᠯᠵᠢᠬᠤ ᠣᠷᠣᠨ ᠤ ᠪᠣᠬᠢᠷᠲᠤᠯ ᠦᠭᠡᠢ | ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠭᠡᠨ ᠪᠣᠢ ᠪᠣᠯᠭᠠᠨ᠎ᠠ᠃ | ᠮᠠᠯᠵᠢᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠴᠢᠩᠭᠠᠳᠬᠠᠨ᠎ᠠ᠃ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ | 1 + 6 ︾ ᠢᠨᠵᠧᠨᠧᠷᠢᠩ ᠤᠨ ︽ᠴᠡᠭ ᠱᠤᠭᠤᠮ ᠲᠠᠯ᠎ᠠ ︾ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ | ᠢ ᠰᠠᠶᠢᠲᠤᠷ ᠪᠠᠳᠠᠷᠠᠭᠤᠯᠤᠨ᠎ᠠ᠃ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠲᠦᠬᠦᠭᠡᠷᠦᠮᠵᠢ ᠶᠢᠨ ᠪᠠᠶᠢᠩᠭᠤ ᠶᠢᠨ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠠᠮᠢᠳᠤᠷᠠᠯ ᠤᠨ ᠬᠤᠭ ᠨᠣᠪᠰᠢ᠂ ᠠᠮᠢᠳᠤᠷᠠᠯ ᠤᠨ ᠪᠣᠬᠢᠷ ᠤᠰᠤ᠂ ᠵᠣᠷᠯᠣᠩ ᠤᠨ | ᠢᠯᠭᠠᠳᠠᠰᠤ ᠪᠠ ᠲᠣᠰᠬᠤᠨ ᠤ ᠲᠦᠷᠢ ᠲᠦᠷᠬᠦ ᠪᠠᠷ ᠭᠤᠣᠯᠳᠠᠯᠭ᠎ᠠ ᠪᠣᠯᠭᠠᠭᠰᠠᠨ ︽ᠭᠤᠷᠪᠠ ᠶᠢ ᠵᠠᠰᠠᠵᠤ ᠨᠢᠭᠡ ᠶᠢ | ᠳᠡᠭᠡᠭᠰᠢᠯᠡᠭᠦᠯᠬᠦ ︾ ᠮᠠᠯᠵᠢᠬᠤ ᠣᠷᠣᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ | ᠠᠮᠢᠳᠤᠷᠠᠯ ᠤᠨ ᠪᠣᠬᠢᠷ ᠤᠰᠤ ᠶᠢ ᠳᠤᠷ᠎ᠠ ᠪᠠᠷ ᠭᠠᠳᠠᠭᠰᠢᠯᠠᠭᠤᠯᠬᠤ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ | ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠬᠡᠷᠡᠭᠵᠢᠭᠦᠯᠵᠦ᠂ | ᠡᠬᠢ ᠪᠠᠶᠠᠯᠢᠭᠵᠢᠭᠤᠯᠤᠨ ᠠᠰᠢᠭᠯᠠᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠨᠢᠭᠡ ᠰᠤᠮᠤ | ᠪᠠᠯᠭᠠᠰᠤ ( ᠭᠠᠴᠠᠭ᠎ᠠ ᠲᠣᠰᠬᠤᠨ ) ᠳᠤ ᠨᠢᠭᠡ ᠵᠦᠢᠯ ᠤᠨ ᠠᠷᠭ᠎ᠠ ᠪᠤᠳᠤᠯᠭ᠎ᠠ ᠪᠠᠶᠢᠬᠤ︾ ᠪᠣᠬᠢᠷ ᠤᠰᠤ᠂ ᠬᠤᠭ | ᠨᠣᠪᠰᠢ ᠰᠢᠢᠳᠪᠦᠷᠢᠯᠡᠬᠦ ᠵᠡᠷᠭᠡ ᠰᠠᠭᠤᠷᠢ ᠲᠦᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ | ᠵᠡᠭᠦᠨ ᠦᠵᠦᠮᠦᠴᠢᠨ ᠬᠤᠰᠢᠭᠤᠨ ᠤ ᠡᠯ᠎ᠡ ᠰᠤᠮᠤ ᠪᠠᠯᠭᠠᠰᠤ ( ᠲᠠᠯᠠᠪᠠᠢ ) ᠶᠢᠨ ᠪᠣᠬᠢᠷ ᠤᠰᠤ ᠶᠢ | ᠲᠥᠪᠯᠡᠷᠡᠭᠦᠯᠦᠨ ᠰᠢᠢᠳᠪᠦᠷᠢᠯᠡᠬᠦ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ ᠬᠤᠭ ᠨᠣᠪᠰᠢ ᠶᠢ | ᠲᠥᠪᠯᠡᠷᠡᠭᠦᠯᠦᠨ ᠰᠢᠢᠳᠪᠦᠷᠢᠯᠡᠬᠦ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ 90% | ᠠᠴᠠ ᠳᠡᠭᠡᠭᠰᠢᠬᠢ ᠭᠠᠴᠠᠭᠠᠨ ᠤ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠢ ᠵᠠᠰᠠᠨ᠎ᠠ᠃ ᠪᠣᠳᠠᠲᠠᠶ ᠠᠴᠠ | ᠡᠭᠦᠰᠬᠦ ᠶᠢ ᠪᠠᠷᠢᠮᠲᠠᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ︽ᠵᠣᠷᠯᠣᠩ ᠤᠨ ᠦᠭᠡᠷᠡᠴᠢᠯᠡᠯᠲᠡ ︾ ᠶᠢ ᠠᠬᠢᠭᠤᠯᠵᠤ᠂ ᠮᠠᠯᠵᠢᠬᠤ ᠣᠷᠣᠨ ᠤ ᠵᠣᠷᠯᠣᠩ ᠤᠨ ᠲᠦᠭᠡᠮᠡᠯᠵᠢᠭᠰᠡᠨ | ᠨᠣᠷᠮ᠎ᠠ ᠶᠢ 80% ᠠᠴᠠ ᠳᠡᠭᠡᠭᠰᠢ ᠳᠤ ᠬᠦᠷᠭᠡᠨ᠎ᠡ᠃ | ᠰᠢᠨ᠎ᠡ ᠮᠠᠯᠵᠢᠬᠤ ᠣᠷᠣᠨ ᠤ ᠵᠢᠱᠢᠶ᠎ᠡ ᠦᠵᠡᠭᠦᠯᠬᠦ ᠭᠠᠴᠠᠭ᠎ᠠ ᠶᠢ ᠴᠣᠭᠴᠠᠯᠠᠨ᠎ᠠ᠃ ︽ᠵᠠᠭᠤᠨ ᠰᠢᠶᠠᠩ ︵ | ᠰᠣᠮᠤ︶︾ ︽ᠮᠢᠩᠭᠠᠨ ᠲᠣᠰᠬᠤᠨ ︵ ᠭᠠᠴᠠᠭ᠎ᠠ︶ ︾ ᠤ ᠲᠤᠷᠰᠢᠯᠲᠠ ᠶᠢᠨ ᠴᠢᠭ ᠤᠨ ᠲᠤᠷᠰᠢᠯᠭ᠎ᠠ ᠶᠢ | ᠳ᠋ᠦᠩᠨᠡᠨ ᠳᠡᠯᠭᠡᠷᠡᠭᠦᠯᠵᠦ᠂ ︽ᠳᠦᠷᠢᠮ ᠲᠣᠭᠲᠠᠭᠠᠯ ᠪᠠᠶᠢᠭᠤᠯᠬᠤ ᠪᠠ ᠬᠠᠮᠢᠶᠠᠷᠬᠤ︾ ᠶᠢ ᠵᠡᠷᠭᠡ ᠳᠤᠨᠢ | ᠴᠢᠬᠤᠯᠠᠴᠢᠯᠠᠬᠤ᠂ ︽ᠴᠢᠭ ᠱᠤᠭᠤᠮ ᠲᠠᠯ᠎ᠠ︾ ᠶᠢ ᠵᠡᠷᠭᠡ ᠳᠤᠨᠢ ᠴᠢᠬᠤᠯᠠᠴᠢᠯᠠᠬᠤ᠂ ᠲᠤᠷᠰᠢᠯᠲᠠ ᠶᠢᠨ ᠴᠢᠭ ᠢ | ᠤᠷᠢᠳᠠᠪᠠᠷ ᠬᠡᠷᠡᠭᠵᠢᠭᠦᠯᠬᠦ ᠶᠢ ᠪᠠᠷᠢᠮᠲᠠᠯᠠᠨ᠂ ᠠᠵᠤ ᠦᠢᠯᠡᠰ ᠢᠶᠠᠷ ᠲᠤᠯᠭᠠᠭᠤᠷᠢᠯᠠᠭᠰᠠᠨ᠂ ᠣᠨᠴᠠᠯᠢᠭ ᠲᠠᠢ ᠬᠡᠪ ᠨᠠᠮᠪᠠ | ᠲᠠᠢ᠂ ᠬᠥᠭᠵᠢᠯᠲᠡ ᠶᠢᠨ ᠨᠥᠭᠡᠴᠡ ᠬᠦᠴᠦᠨ ᠲᠠᠢ ᠵᠢᠱᠢᠶ᠎ᠡ ᠦᠵᠡᠭᠦᠯᠬᠦ ᠴᠢᠭ ᠢ ᠥᠨᠳᠥᠷ ᠪᠠᠷᠢᠮᠵᠢᠶ᠎ᠠ ᠪᠠᠷ ᠪᠦᠲᠦᠭᠡᠨ | ᠪᠠᠶᠢᠭᠤᠯᠵᠤ᠂ ᠰᠠᠭᠤᠭᠠᠯᠢ ᠠᠷᠠᠳ ᠨᠢ ᠬᠠᠷᠢᠴᠠᠩᠭᠤᠶ ᠲᠥᠪᠯᠡᠷᠡᠭᠰᠡᠨ ᠭᠠᠴᠠᠭ᠎ᠠ ᠲᠣᠰᠬᠤᠨ ᠳᠤ ︽ ᠲᠥᠪᠯᠡᠷᠡᠨ | ᠰᠠᠭᠤᠷᠢᠰᠢᠭ᠎ᠠ ᠬᠤᠳᠠ︾ ᠶᠢᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ | ᠶᠠᠪᠤᠭᠳᠠᠭᠤᠯᠵᠤ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ | ᠳᠥᠷᠪᠡ᠂ ᠮᠠᠯᠵᠢᠬᠤ ᠣᠷᠣᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ | ᠮᠠᠯᠴᠢᠳ ᠤᠨ ︽ᠭᠠᠴᠠᠭᠠᠨ ᠤ ᠲᠦᠷᠢᠮ ᠢ ᠰᠠᠬᠢᠬᠤ᠂ ᠮᠠᠭᠤ ᠳᠠᠳᠬᠠᠯ ᠢᠶᠠᠨ ᠥᠭᠡᠷᠡᠴᠢᠯᠡᠬᠦ᠂ ᠦᠨᠡᠨᠴᠢ | ᠢᠲᠡᠭᠡᠮᠵᠢ ᠶᠢ ᠴᠢᠬᠤᠯᠠᠴᠢᠯᠠᠬᠤ᠂ ᠬᠠᠷᠢᠯᠴᠠᠨ ᠬᠠᠪᠰᠤᠷᠤᠯᠴᠠᠬᠤ ᠶᠢ ᠡᠷᠬᠢᠮᠯᠡᠬᠦ ︾ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠪᠣᠯᠪᠠᠰᠤᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠮᠠᠯᠵᠢᠬᠤ ᠣᠷᠣᠨ ᠳᠤ | ᠰᠠᠭᠤᠷᠢᠰᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ | ᠶᠢᠨ ᠲᠥᠪ ᠤᠨ ᠪᠥᠲᠥᠭᠡᠨ ᠪᠠᠶᠢᠭᠤᠯᠤᠯᠲᠠ ᠪᠠ ᠮᠠᠯᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ︽ᠲᠠᠪᠣᠨ ᠵᠢᠯ ᠳᠤ | ᠲᠠᠪᠣᠨ ᠲᠡᠰ ᠳᠡᠭᠡᠭᠰᠢᠯᠡᠭᠦᠯᠬᠦ ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠲᠠᠯ᠎ᠠ ᠨᠤᠲᠤᠭ ᠤᠨ | ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠵᠡᠷᠭᠡ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ | ᠪᠠᠶᠢᠭᠤᠯᠵᠤ᠂ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ | ᠂ ︽ᠨᠠᠮ ᠤᠨ ᠭᠡᠰᠢᠭᠦᠨ ᠤ ᠭᠤᠣᠯᠯᠠᠭᠴᠢ ᠡᠷᠦᠬᠡ︾ ᠵᠡᠷᠭᠡ ᠰᠠᠭᠤᠷᠢᠨ ᠭᠠᠵᠠᠷ ᠢ ᠭᠦᠶᠴᠡᠳ ᠠᠰᠢᠭᠯᠠᠵᠤ᠂ ᠣᠨᠣᠯ | ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ᠰᠣᠶᠣᠯ ᠢᠶᠠᠷ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ︽ᠠᠷᠪᠠ ᠶᠢ ᠬᠦᠳᠡᠭᠡ | ᠲᠣᠰᠬᠤᠨ ᠳᠤ ᠣᠷᠣᠭᠤᠯᠬᠤ ︾ ᠪᠠ ᠣᠯᠠᠨ ᠲᠦᠮᠡᠨ ᠤ ᠰᠣᠶᠣᠯ ᠤᠨ ︽ᠠᠷᠪᠠᠨ ᠨᠢᠭᠡ ᠠᠵᠢᠯᠯᠠᠭ᠎ᠠ︾ ᠵᠡᠷᠭᠡ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠯᠪᠠᠰᠤᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ | ᠤᠯᠠᠮᠵᠢᠯᠠᠨ᠎ᠠ᠃ ᠲᠣᠰᠬᠤᠨ ᠤ ᠲᠦᠷᠢᠮ ᠠᠷᠠᠳ ᠤᠨ ᠭᠡᠷ᠎ᠡ ᠳᠤ ︽ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ᠂ | ᠲᠣᠰᠬᠠᠢ ᠤᠴᠢᠷ ᠢ ᠲᠣᠰᠬᠠᠢ ᠵᠥᠪᠯᠡᠬᠦ︾ ᠲᠣᠭᠲᠠᠴᠠ ᠶᠢ ᠪᠠᠶᠢᠭᠤᠯᠵᠤ᠂ ᠱᠠᠩᠨᠠᠯ ᠲᠣᠷᠭᠤᠯ ᠤᠨ ᠠᠷᠭ᠎ᠠ ᠬᠡᠮᠵᠢᠶ᠎ᠡ | ᠶᠢ ᠲᠡᠭᠦᠯᠳᠡᠷᠵᠢᠭᠦᠯᠦᠨ᠂ ᠬᠡᠷᠡᠭᠵᠢᠭᠦᠯᠬᠦ ᠬᠦᠴᠦᠨ ᠤ ᠬᠢᠵᠠᠭᠠᠷᠯᠠᠬᠤ ᠬᠦᠴᠦᠨ ᠢ ᠴᠢᠩᠭᠠᠷᠠᠭᠤᠯᠤᠨ᠎ᠠ᠃ ︽ᠳᠥᠷᠪᠡᠨ | ᠬᠤᠷᠠᠯ ︾ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠶᠡᠭᠡ ᠪᠠᠷ ᠬᠢᠬᠦ᠂ | ᠪᠦᠷᠢᠯᠭᠡᠨ ᠰᠦᠶᠳᠬᠡᠬᠦ᠂ ᠪᠡᠶ᠎ᠡ ᠪᠠᠨ ᠭᠠᠶᠢᠬᠠᠭᠤᠯᠵᠤ ᠠᠳᠠᠯᠢᠳᠬᠠᠬᠤ ᠵᠡᠷᠭᠡ ᠶᠢᠨ ᠲᠤᠰᠬᠠᠶ ᠵᠠᠰᠠᠯᠲᠠ ᠶᠢ | ᠥᠷᠨᠢᠭᠦᠯᠦᠨ᠎ᠡ᠃ ᠰᠢᠨ᠎ᠡ ᠴᠠᠭ ᠦᠶ᠎ᠡ ᠶᠢᠨ ᠮᠠᠯᠴᠢᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ︽ᠮᠢᠩᠭᠠᠨ | ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢᠶᠠᠷ ᠠᠵᠢᠯᠯᠠᠭ᠎ᠠ ᠥᠷᠨᠢᠭᠦᠯᠬᠦ ︾ ᠶᠢ ᠦᠷᠭᠦᠯᠵᠢᠯᠡᠨ | ᠥᠷᠨᠢᠭᠦᠯᠵᠦ᠂ ︽ᠲᠠᠭᠤᠷᠢᠶᠠᠯ ᠭᠠᠴᠠᠭ᠎ᠠ︾ ᠶᠢᠨ ᠪᠠᠶᠢᠭᠤᠯᠤᠯᠲᠠ ᠶᠢ ᠠᠬᠢᠭᠤᠯᠵᠤ᠂ 50% ᠶᠢᠨ ᠭᠠᠴᠠᠭ᠎ᠠ ᠶᠢ | ᠲᠠᠭᠤᠷᠢᠶᠠᠯ ᠭᠠᠴᠠᠭᠠᠨ ᠤ ᠪᠠᠷᠢᠮᠵᠢᠶᠠᠨ ᠳᠤ ᠬᠦᠷᠭᠡᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ | ᠶᠢᠨ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠣᠰᠬᠠᠢ ᠬᠠᠪᠰᠤᠷᠤᠨ | ᠲᠡᠳᠬᠦᠬᠦ ᠨᠢᠭᠡᠴᠡ ᠶᠢᠨ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠢ ᠵᠣᠬᠢᠶᠠᠨ ᠪᠠᠶᠢᠭᠤᠯᠵᠤ ᠰᠢᠨ᠎ᠡ ᠴᠠᠭ ᠦᠶ᠎ᠡ | ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠲᠣᠷᠠᠴᠣᠣᠯ ᠤᠨ ᠦᠶᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ︽ᠨᠢᠭᠡ ᠭᠠᠴᠠᠭ᠎ᠠ ᠨᠢᠭᠡ ᠵᠦᠢᠯ ᠤᠨ ᠬᠡᠪ ᠰᠣᠷᠳᠠᠯ ᠲᠠᠢ︾ ᠰᠠᠶᠢᠨ ᠳᠤᠷ᠎ᠠ ᠶᠢᠨ ᠦᠶᠯᠡᠴᠢᠯᠡᠭᠡᠨ ᠤ | ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠬᠠᠷᠠᠯᠲᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ | ᠲᠠᠪᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠢ ᠲᠡᠭᠦᠯᠳᠡᠷᠵᠢᠭᠦᠯᠦᠨ᠎ᠡ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠲᠦᠷᠭᠡᠳᠬᠡᠨ ᠪᠠᠶᠢᠭᠤᠯᠵᠤ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠡᠬᠢ ᠪᠠᠶᠠᠯᠢᠭ | ᠤᠨ ᠲᠣᠬᠢᠷᠠᠭᠤᠯᠤᠯᠲᠠ᠂ ᠣᠯᠠᠨ ᠨᠡᠶᠢᠲᠡ ᠶᠢᠨ ᠦᠶᠯᠡᠴᠢᠯᠡᠭᠡ ᠵᠡᠷᠭᠡ ᠲᠠᠯ᠎ᠠ ᠪᠠᠷ ᠬᠠᠮᠲᠤᠪᠠᠷ ᠬᠥᠭᠵᠢᠬᠦ ᠶᠢ | ᠠᠬᠢᠭᠤᠯᠤᠨ᠎ᠠ᠃ ᠬᠤᠳᠠ ᠬᠥᠳᠡᠭᠡ ᠶᠢᠨ ᠴᠢᠬᠤᠯᠠ ᠬᠦᠴᠦᠨ ᠵᠦᠢᠯ ᠢ ᠵᠦᠢ ᠵᠣᠬᠢᠰᠲᠠᠢ ᠲᠤᠬᠢᠷᠠᠭᠤᠯᠬᠤ ᠪᠠᠶᠢᠭᠤᠯᠤᠯ | ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠬᠦᠴᠦᠨ ᠵᠦᠢᠯ ᠤᠨ | ᠬᠤᠳᠠ ᠬᠥᠳᠡᠭᠡ ᠶᠢᠨ ᠬᠤᠭᠤᠷᠣᠨᠳᠣ ᠬᠤᠶᠠᠷ ᠲᠠᠯ᠎ᠠ ᠪᠠᠷ ᠢᠶᠠᠨ ᠰᠢᠯᠵᠢᠯᠲᠡ ᠬᠢᠬᠦ᠂ ᠡᠷᠬᠡ ᠲᠡᠭᠰᠢ ᠪᠠᠷ ᠰᠣᠯᠢᠯᠴᠠᠬᠤ | ᠶᠢ ᠲᠥᠯᠬᠢᠨ ᠠᠬᠢᠭᠤᠯᠵᠤ᠂ ᠡᠯ᠎ᠡ ᠲᠥᠷᠥᠯ ᠤᠨ ᠴᠢᠬᠤᠯᠠ ᠬᠦᠴᠦᠨ ᠵᠦᠢᠯ ᠤᠨ ᠮᠠᠯᠵᠢᠬᠤ ᠣᠷᠣᠨ ᠲᠡᠰᠢ ᠨᠡᠩ | ᠢᠯᠡᠭᠦᠦ ᠰᠢᠯᠵᠢᠯᠲᠡ ᠬᠢᠬᠦ ᠶᠢ ᠠᠬᠢᠭᠤᠯᠤᠨ᠂ ᠮᠠᠯᠵᠢᠬᠤ ᠣᠷᠣᠨ ᠤ ᠴᠢᠳᠠᠪᠤᠷᠢᠲᠠᠨ᠂ ᠭᠠᠵᠠᠷ ᠰᠢᠷᠣᠢ᠂ ᠪᠡᠯᠡ | ᠮᠥᠩᠭᠦ᠂ ᠠᠵᠤ ᠦᠢᠯᠡᠰ᠂ ᠮᠡᠳᠡᠭᠡ ᠵᠠᠩᠭᠢ ᠬᠤᠷᠠᠭᠰᠠᠨ ᠰᠠᠶᠢᠨ ᠣᠷᠴᠢᠯ ᠢ ᠪᠤᠢ ᠪᠣᠯᠭᠠᠵᠤ᠂ ᠮᠠᠯᠵᠢᠬᠤ ᠣᠷᠣᠨ ᠢ | ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠭᠳᠡᠭᠦᠯᠦᠨ᠎ᠡ᠃ ᠮᠠᠯᠵᠢᠬᠤ ᠣᠷᠣᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠪᠠ ︽ᠲᠦᠷᠭᠡᠨ ᠭᠤᠪᠢᠭᠤᠯᠭ᠎ᠠ ᠶᠢ ᠬᠥᠳᠡᠭᠡ | ᠪᠠᠭᠤᠯᠭᠠᠬᠤ︾ ᠶᠢ ᠲᠦᠷᠭᠡᠳᠬᠡᠵᠦ᠂ ᠮᠠᠯᠵᠢᠬᠤ ᠣᠷᠣᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ | ᠳᠠᠶᠢᠴᠢᠯᠠᠨ᠎ᠠ᠃ ᠬᠤᠳᠠ ᠬᠥᠳᠡᠭᠡ ᠶᠢᠨ ᠰᠠᠭᠤᠷᠢ ᠲᠦᠬᠦᠭᠡᠷᠦᠮᠵᠢ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ | ᠠᠬᠢᠭᠤᠯᠬᠤ᠂ ᠬᠤᠳᠠ ᠬᠥᠳᠡᠭᠡ ᠶᠢᠨ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠢ ᠨᠡᠶᠢᠳᠡᠮ ᠠᠰᠢᠭ | ᠬᠦᠷᠲᠡᠭᠡᠨ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠰᠠᠭᠤᠷᠢ | ᠲᠦᠬᠦᠭᠡᠷᠦᠮᠵᠢ ᠪᠣᠯᠤᠨ ᠤᠯᠠᠨ ᠨᠡᠶᠢᠳᠡ ᠶᠢᠨ ᠦᠢᠯᠡᠴᠢᠯᠡᠭᠡ ᠶᠢ ᠮᠠᠯᠵᠢᠬᠤ ᠣᠷᠣᠨ ᠳᠤ ᠬᠠᠩᠭᠠᠬᠤ ᠠᠵᠢᠯ ᠢ | ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠤ | ᠲᠡᠩᠴᠡᠭᠦᠷᠢᠰᠢᠯ ᠢ ᠪᠡᠶᠡᠯᠡᠭᠦᠯᠦᠨ᠎ᠡ᠃ |