ᠳᠣᠯᠣᠳᠤᠭᠠᠷ ᠪᠦᠯᠦᠭ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠦᠷᠭᠦᠯᠵᠢᠯᠡᠨ | ᠪᠠᠳᠠᠷᠠᠭᠤᠯᠤᠨ᠎ᠠ | ᠠᠰᠠᠭᠤᠳᠠᠯ᠂ ᠬᠠᠷᠠᠯᠲᠠ ᠪᠠᠷ ᠣᠳᠣᠷᠢᠳᠣᠮᠵᠢ ᠪᠣᠯᠭᠠᠬᠤ ᠶᠢ ᠪᠠᠷᠢᠮᠳᠠᠯᠠᠵᠣ᠂ ᠭᠤᠣᠯᠳᠠᠯᠭ᠎ᠠ ᠲᠠᠢ ᠬᠦᠷᠢᠶ᠎ᠡ᠂ | ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠴᠢᠬᠤᠯᠠ | ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ | ᠨᠢᠭᠡᠳᠦᠭᠡᠷ ᠬᠡᠰᠡᠭ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ | ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ᠂ ᠭᠠᠵᠠᠷ ᠰᠢᠷᠣᠢ ᠲᠠᠯ᠎ᠠ | ᠨᠣᠳᠤᠭ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠣᠷᠣᠨ ᠤ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ | ᠪᠠ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ᠨᠢᠭᠡ᠂ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ | ︽ᠬᠠᠷᠢᠶᠠᠯᠠᠯ ᠲᠣᠳᠣᠷᠬᠠᠢ᠂ ᠡᠷᠬᠡ ᠴᠢᠳᠠᠪᠬᠢ ᠪᠦᠷᠢᠨ᠂ ᠡᠷᠭᠢᠯᠲᠡ ᠰᠢᠯᠤᠭᠤᠨ᠂ ᠬᠠᠮᠠᠭᠠᠯᠠᠯᠲᠠ ᠴᠢᠩᠭ᠎ᠠ︾ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠢ ᠨᠠᠶᠢᠳᠠᠪᠤᠷᠢᠵᠢᠭᠤᠯᠵᠦ᠂ ᠬᠠᠮᠲᠤ ᠶᠢᠨ ᠡᠳ᠋ ᠬᠥᠷᠥᠩᠭᠡ ᠶᠢᠨ | ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠡᠵᠡᠩᠨᠡᠯᠲᠡ ᠶᠢᠨ ᠵᠣᠬᠢᠴᠠᠮᠵᠢ ᠶᠢ ᠲᠡᠭᠦᠯᠳᠡᠷᠵᠢᠭᠦᠯᠵᠦ᠂ ᠬᠠᠮᠲᠤ ᠶᠢᠨ | ᠠᠵᠤ ᠠᠬᠤᠢ ᠶᠢᠨ ᠣᠯᠠᠨ ᠲᠥᠷᠥᠯ ᠤᠨ ᠬᠥᠭᠵᠢᠯᠲᠡ ᠶᠢ ᠠᠬᠢᠭᠤᠯᠵᠤ᠂ ᠮᠠᠯᠵᠢᠬᠤ ᠣᠷᠣᠨ ᠤ ᠬᠠᠮᠲᠤ ᠶᠢᠨ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ︽ᠨᠠᠮ ᠤᠨ ᠡᠭᠦᠷ + | ᠬᠤᠷᠰᠢᠶᠠᠵᠢᠯ︾᠂ ︽ᠡᠳ᠋ ᠬᠥᠷᠥᠩᠭᠡ ᠶᠢᠨ ᠠᠰᠢᠭ ᠣᠷᠣᠯᠭ᠎ᠠ︾᠂ ︽ᠠᠰᠢᠭ ᠣᠷᠣᠯᠭ᠎ᠠ ᠶᠢ ᠡᠷᠭᠢᠯᠳᠦᠭᠦᠯᠬᠦ︾᠂ | ᠬᠠᠮᠲᠤ ᠶᠢᠨ ᠡᠳ᠋ ᠬᠥᠷᠥᠩᠭᠡ ᠶᠢ ᠳᠦᠷᠢᠶᠡᠰᠦᠯᠡᠭᠦᠯᠬᠦ᠂ ᠮᠠᠯᠵᠢᠬᠤ ᠣᠷᠣᠨ ᠤ ᠵᠢᠭᠤᠯᠴᠢᠯᠠᠯ ᠵᠡᠷᠭᠡ ᠣᠯᠠᠨ ᠠᠷᠭ᠎ᠠ | ᠵᠠᠮ᠂ ᠣᠯᠠᠨ ᠳᠡᠰ ᠳᠠᠪᠬᠤᠷᠭ᠎ᠠ᠂ ᠣᠯᠠᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠬᠠᠮᠲᠤ ᠶᠢᠨ ᠠᠵᠤ ᠠᠬᠤᠢ ᠶᠢᠨ | ᠣᠷᠣᠯᠭ᠎ᠠ ᠶᠢ ᠨᠡᠮᠡᠭᠳᠡᠭᠦᠯᠦᠨ᠎ᠡ᠃ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠨᠡᠶᠢᠳᠡᠮ | ᠪᠦᠷᠬᠦᠭᠦᠯᠬᠦ ᠶᠢ ᠠᠬᠢᠭᠤᠯᠵᠤ᠂ ᠭᠠᠴᠠᠭᠠᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠂ | ᠭᠠᠴᠠᠭᠠᠨ ᠤ ᠣᠯᠠᠨ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠦᠨᠡᠨᠬᠦ | ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠪᠦᠬᠦ ᠬᠤᠰᠢᠭᠤᠨ ᠤ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ100 ᠲᠦᠮᠡᠨ ᠲᠥᠭᠦᠷᠢᠭ᠂ 50~100 ᠲᠦᠮᠡᠨ | ᠲᠥᠭᠦᠷᠢᠭ᠂ 10~50 ᠲᠦᠮᠡᠨ ᠲᠥᠭᠦᠷᠢᠭ ᠪᠣᠯᠬᠤ ᠭᠠᠴᠠᠭᠠᠨ ᠤ ᠬᠠᠷᠢᠴᠠᠯ ᠢ ᠲᠣᠰᠪᠦᠷᠢ10% ᠂ 40%᠂ | 50% ᠳᠤ ᠬᠦᠷᠭᠡᠨ᠎ᠠ᠃ | ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ ᠬᠠᠮᠲᠤ ᠶᠢᠨ ᠠᠵᠤ ᠠᠬᠤᠢ ᠶᠢᠨ ᠰᠢᠨ᠎ᠡ ᠪᠡᠶᠡᠯᠡᠭᠳᠡᠬᠦ ᠬᠡᠯᠪᠡᠷᠢ ᠪᠠ ᠠᠵᠢᠯᠯᠠᠭᠠᠨ ᠤ ᠲᠣᠭᠲᠠᠴᠠ ᠶᠢ | ᠬᠠᠶᠢᠨ ᠰᠦᠪᠡᠭᠴᠢᠯᠡᠨ᠎ᠡ᠃ ᠮᠠᠯᠵᠢᠬᠤ ᠣᠷᠣᠨ ᠤ ᠲᠠᠯ᠎ᠠ ᠨᠣᠳᠤᠭ ᠤᠨ ᠬᠤᠪᠢ ᠣᠷᠣᠭᠤᠯᠤᠭᠰᠠᠨ ᠬᠤᠷᠰᠢᠶᠠᠵᠢᠯ ᠪᠠ | ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢᠨ ᠬᠥᠭᠵᠢᠯᠲᠡ ᠶᠢ ᠳᠠᠮᠵᠢᠨ᠎ᠠ᠃ ᠮᠠᠯᠵᠢᠬᠤ | ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠤᠪᠢ ᠣᠷᠣᠭᠤᠯᠤᠨ ᠬᠤᠷᠰᠢᠬᠤ ᠳᠦᠷᠢᠮ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠬᠠᠮᠲᠤ ᠶᠢᠨ ᠬᠤᠷᠠᠮᠳᠤᠭᠤᠯᠤᠭᠰᠠᠨ ᠪᠡᠯᠡ ᠮᠥᠩᠭᠦ᠂ ᠵᠠᠰᠠᠭ ᠤᠨ ᠣᠷᠳᠣᠨ ᠤ ᠬᠠᠪᠰᠤᠷᠤᠨ | ᠲᠡᠳᠬᠦᠬᠦ ᠪᠡᠯᠡ ᠮᠥᠩᠭᠦ ᠶᠢ ᠨᠢᠭᠡᠳᠬᠡᠨ ᠠᠰᠢᠭᠯᠠᠬᠤ ᠶᠢ ᠵᠣᠷᠢᠭᠵᠢᠭᠤᠯᠵᠤ᠂ ᠮᠠᠯ ᠠᠵᠤ ᠠᠬᠤᠢ ᠶᠢᠨ ᠠᠵᠤ | ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ ᠳᠤ ᠬᠤᠪᠢ ᠣᠷᠣᠭᠤᠯᠬᠤ ᠪᠤᠶᠤ ᠬᠤᠪᠢ ᠣᠷᠣᠭᠤᠯᠬᠤ ᠪᠠᠷ | ᠳᠠᠮᠵᠢᠨ᠂ ᠭᠠᠴᠠᠭ᠎ᠠ ᠪᠣᠯᠤᠨ ᠭᠠᠴᠠᠭᠠᠨ ᠤ ᠬᠠᠮᠲᠤᠷᠠᠯᠴᠠᠭ᠎ᠠ᠂ ᠭᠠᠴᠠᠭᠠᠨ ᠤ ᠠᠵᠤ ᠠᠬᠤᠶᠢᠯᠠᠯ ᠬᠤᠯᠪᠣᠭᠠᠯᠠᠨ | ᠬᠠᠮᠲᠤᠪᠠᠷ ᠪᠠᠶᠢᠭᠤᠯᠬᠤ ᠵᠡᠷᠭᠡ ᠣᠯᠠᠨ ᠬᠡᠯᠪᠡᠷᠢ ᠪᠠᠷ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ᠃ | ᠮᠠᠯᠴᠢᠳ ᠤᠨ ᠬᠤᠪᠢ ᠣᠷᠣᠭᠤᠯᠤᠨ ᠬᠤᠷᠰᠢᠯᠴᠠᠬᠤ ᠶᠢ ᠢᠳᠡᠪᠬᠢᠲᠡᠶ ᠬᠥᠭᠵᠢᠭᠦᠯᠵᠦ᠂ ᠠᠷᠠᠯᠵᠢᠶᠠᠯᠠᠬᠤ᠂ ᠬᠢᠨᠠᠨ | ᠬᠠᠮᠢᠶᠠᠷᠬᠤ᠂ ᠠᠰᠢᠭ ᠣᠯᠵᠠᠪᠤᠷᠢ ᠬᠤᠪᠢᠶᠠᠷᠢᠯᠠᠬᠤ ᠳᠦᠷᠢᠮ ᠢ ᠪᠦᠷᠢᠨᠰᠢᠭᠦᠯᠦᠨ᠎ᠡ᠃ ᠭᠠᠴᠠᠭᠠᠨ ᠤ ᠬᠤᠪᠢ | ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠢ ᠳᠡᠮᠵᠢᠬᠦ ᠪᠠᠨ ᠴᠢᠩᠭᠠᠳᠬᠠᠵᠤ᠂ ᠭᠠᠴᠠᠭᠠᠨ ᠤ ᠬᠠᠮᠲᠤ ᠶᠢᠨ | ᠠᠵᠤ ᠠᠬᠤᠢ ᠪᠠ ᠬᠤᠪᠢ ᠣᠷᠣᠭᠤᠯᠤᠭᠴᠢ ᠶᠢᠨ ᠠᠰᠢᠭ ᠬᠤᠪᠢᠶᠠᠷᠢᠯᠠᠬᠤ ᠣᠷᠣᠯᠭ᠎ᠠ ᠶᠢ ᠴᠢᠷᠮᠠᠶᠢᠨ | ᠪᠤᠵᠠᠭᠠᠶᠢᠷᠠᠭᠤᠯᠤᠨ᠎ᠠ᠃ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠪᠴᠠᠩ ᠤᠨ | ᠪᠠᠶᠢᠭᠤᠯᠤᠯᠲᠠ ᠶᠢ ᠠᠬᠢᠭᠤᠯᠤᠨ᠎ᠠ᠃ ᠬᠠᠮᠲᠤ ᠶᠢᠨ ᠣᠶ ᠰᠢᠭᠤᠶ ᠶᠢᠨ ᠡᠷᠬᠡ᠂ ᠤᠯᠤᠰ ᠤᠨ ᠥᠮᠴᠢᠯᠡᠯᠲᠦ ᠰᠢᠭᠤᠶᠢᠲᠤ | ᠣᠷᠣᠨ ᠤ ᠣᠶ ᠰᠢᠭᠤᠶ ᠶᠢᠨ ᠲᠠᠯᠠᠪᠠᠶ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ᠬᠤᠶᠠᠷ᠂ ᠭᠠᠵᠠᠷ ᠰᠢᠷᠣᠶ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠥᠨᠡ | ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ᠂ ᠭᠠᠵᠠᠷ ᠰᠢᠷᠣᠢ ᠲᠠᠲᠠᠪᠤᠷᠢᠯᠠᠬᠤ᠂ ᠣᠷᠣᠨ ᠰᠠᠭᠤᠴᠠ ᠶᠢᠨ ᠰᠠᠭᠤᠷᠢ | ᠭᠠᠵᠠᠷ ᠤᠨ ᠲᠥᠷᠢᠮ ᠤᠨ ᠥᠭᠡᠷᠡᠴᠢᠯᠡᠯᠲᠡ ᠶᠢ ᠬᠠᠤᠯᠢ ᠶᠣᠰᠣᠭᠠᠷ ᠲᠥᠯᠬᠢᠨ ᠠᠬᠢᠭᠤᠯᠵᠤ᠂ ᠬᠠᠳᠤᠯᠠᠩ ᠪᠡᠯᠴᠢᠭᠡᠷ ᠢ | ᠡᠬᠡᠯᠵᠢᠯᠡᠭᠦᠯᠬᠦ ᠬᠡᠯᠪᠡᠷᠢ ᠮᠠᠶ᠋ᠢᠭ ᠪᠣᠯᠤᠨ ᠦᠢᠯᠡᠴᠢᠯᠡᠭᠡᠨ ᠤ ᠰᠢᠨ᠎ᠡ ᠶᠢ ᠡᠭᠦᠳᠦᠨ᠎ᠡ᠃ | ᠮᠠᠯᠵᠢᠬᠤ ᠣᠷᠣᠨ ᠤ ᠰᠢᠨ᠎ᠡ ᠪᠠᠷ ᠨᠡᠮᠡᠭᠳᠡᠭᠦᠯᠬᠦ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠬᠤ | ᠲᠣᠭᠲᠠᠴᠠ ᠶᠢ ᠪᠥᠷᠢᠨᠰᠢᠬᠦᠯᠥᠨ᠎ᠡ᠃ ᠮᠠᠯᠵᠢᠬᠤ ᠣᠷᠣᠨ ᠤ ᠭᠠᠵᠠᠷ ᠰᠢᠷᠣᠶ ᠠᠰᠢᠭᠯᠠᠬᠤ ᠲᠥᠯᠥᠪᠵᠢᠭᠦᠯᠭᠡ ᠶᠢ | ᠲᠡᠭᠦᠯᠳᠡᠷᠵᠢᠭᠦᠯᠵᠦ᠂ ᠡᠭᠦᠷᠢᠳᠡ ᠶᠢᠨ ᠦᠨᠳᠦᠰᠦᠨ ᠬᠠᠳᠤᠯᠠᠩ ᠪᠡᠯᠴᠢᠭᠡᠷ ᠢ ᠡᠵᠡᠯᠡᠬᠦ ᠦᠭᠡᠶ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠠᠴᠠ ᠳᠠᠪᠠᠭᠤᠯᠬᠤ ᠦᠭᠡᠶ᠂ ᠠᠮᠢ ᠠᠬᠤᠶ ᠶᠢᠨ ᠣᠷᠴᠢᠨ | ᠲᠣᠭᠤᠷᠢᠨ ᠪᠣᠯᠤᠨ ᠦᠵᠡᠮᠵᠢ ᠶᠢ ᠡᠪᠳᠡᠬᠦ ᠦᠭᠡᠶ ᠪᠠᠶᠢᠬᠤ ᠤᠷᠢᠲᠠᠯ ᠳᠣᠣᠷ᠎ᠠ᠂ ᠮᠠᠯ ᠠᠵᠤ ᠠᠬᠤᠶ ᠪᠣᠯᠤᠨ ᠮᠠᠯᠵᠢᠬᠤ | ᠣᠷᠣᠨ ᠤ ᠡᠯ᠎ᠡ ᠵᠦᠢᠯ ᠤᠨ ᠭᠠᠵᠠᠷ ᠰᠢᠷᠣᠶ ᠠᠰᠢᠭᠯᠠᠬᠤ ᠭᠦᠢᠴᠡᠳᠭᠡᠯ ᠲᠤᠭ᠎ᠠ ᠶᠢ ᠨᠢᠭᠡᠳᠦᠯᠲᠡᠶ ᠲᠥᠯᠥᠪᠯᠡᠵᠦ᠂ | ᠬᠠᠳᠤᠯᠠᠩ ᠪᠡᠯᠴᠢᠭᠡᠷ ᠤᠨ ᠬᠠᠮᠠᠭᠠᠯᠠᠯᠲᠠ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ | ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠳᠤ ᠬᠡᠷᠡᠭᠯᠡᠬᠦ ᠭᠠᠵᠠᠷ ᠤᠨ ᠪᠠᠶᠢᠷᠢᠰᠢᠭᠤᠯᠤᠯ ᠢ | ᠰᠢᠯᠢᠳᠡᠭᠵᠢᠭᠦᠯᠦᠨ᠎ᠡ᠃ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠦᠯᠡᠳᠡᠭᠡᠭᠰᠡᠨ ᠭᠠᠵᠠᠷ ᠢ | ᠠᠮᠢᠳᠤᠯᠢᠭᠵᠢᠭᠤᠯᠵᠤ᠂ ᠮᠠᠯᠵᠢᠬᠤ ᠣᠷᠣᠨ ᠤ ᠰᠤᠯᠠ ᠲᠠᠯᠪᠢᠵᠤ ᠪᠠᠶᠢᠭ᠎ᠠ ᠬᠠᠮᠲᠤ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ᠂ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢᠨ ᠰᠠᠭᠤᠷᠢ ᠭᠠᠵᠠᠷ᠂ ᠭᠠᠴᠠᠭᠠᠨ ᠤ ᠰᠤᠯᠠ | ᠲᠠᠯᠪᠢᠵᠤ ᠪᠠᠶᠢᠭ᠎ᠠ ᠭᠠᠵᠠᠷ᠂ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ᠂ ᠵᠠᠮ ᠱᠤᠭᠤᠮ ᠢ | ᠥᠭᠡᠷᠡᠴᠢᠯᠡᠭᠰᠡᠨ ᠬᠠᠶᠠᠭᠳᠠᠮᠠᠯ ᠭᠠᠵᠠᠷ ᠵᠢᠴᠢ ︽ᠳᠥᠷᠪᠡᠨ ᠠᠲᠠᠷ ᠭᠠᠵᠠᠷ︾ ᠵᠡᠷᠭᠡ ᠭᠠᠵᠠᠷ ᠰᠢᠷᠣᠢ ᠶᠢ | ᠶᠡᠷᠦᠩᠬᠡᠶᠢᠯᠡᠨ ᠵᠠᠰᠠᠬᠤ ᠶᠢ ᠡᠷᠴᠢᠮ ᠲᠠᠢ ᠥᠷᠨᠢᠭᠦᠯᠵᠦ᠂ ᠮᠠᠯᠵᠢᠬᠤ ᠣᠷᠣᠨ ᠤ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠪᠠ ᠬᠡᠪᠴᠢᠶᠡᠵᠢᠭᠰᠡᠨ ᠠᠵᠤ ᠦᠢᠯᠡᠰ ᠤᠨ ᠪᠦᠰᠡ ᠶᠢᠨ ᠪᠦᠲᠦᠭᠡᠨ | ᠪᠠᠶᠢᠭᠤᠯᠤᠯᠲᠠ ᠳᠤ ᠭᠤᠣᠯᠳᠠᠯᠭ᠎ᠠ ᠲᠠᠢ ᠬᠡᠷᠡᠭᠯᠡᠨ᠎ᠡ᠃ | ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠵᠠᠬ᠎ᠠ ᠳᠡᠯᠭᠡᠭᠦᠷ ᠲᠤ ᠭᠠᠷᠭᠠᠬᠤ ᠥᠭᠡᠷᠡᠴᠢᠯᠡᠯᠲᠡ ᠶᠢ ᠬᠠᠶᠢᠨ ᠰᠦᠪᠡᠭᠴᠢᠯᠡᠨ᠎ᠡ᠃ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ᠂ | ᠠᠳᠠᠯᠢ ᠡᠷᠬᠡ ᠠᠳᠠᠯᠢ ᠦᠨ᠎ᠡ ᠲᠠᠢ᠂ ᠡᠷᠭᠢᠯᠲᠡ ᠤᠷᠤᠭᠰᠢᠲᠠᠶ᠂ ᠠᠰᠢᠭ ᠣᠯᠵᠠᠪᠤᠷᠢ ᠶᠢ ᠬᠠᠮᠲᠤ ᠳᠠᠭᠠᠨ ᠡᠳ᠋ᠯᠡᠬᠦ | ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠵᠠᠬ᠎ᠠ ᠳᠡᠯᠭᠡᠭᠦᠷ ᠲᠤr ᠭᠠᠷᠭᠠᠬᠤ ᠳᠦᠷᠢᠮ ᠢ ᠪᠠᠶᠢᠭᠤᠯᠣᠨ᠎ᠠ᠃ ᠮᠠᠯᠵᠢᠬᠤ ᠣᠷᠣᠨ ᠤ ᠬᠤᠶᠠᠳᠤᠭᠠᠷ | ᠭᠤᠷᠪᠠᠳᠤᠭᠠᠷ ᠠᠵᠤ ᠦᠢᠯᠡᠰ ᠢ ᠬᠥᠳᠥᠯᠥᠨ ᠵᠢᠯᠣᠭᠤᠳᠴᠤ ᠬᠤᠰᠢᠭᠤ᠂ ᠭᠤᠣᠯᠳᠠᠯᠭ᠎ᠠ ᠲᠠᠢ ᠰᠤᠮᠤ ᠪᠠᠯᠭᠠᠰᠤ ᠵᠢᠴᠢ | ᠠᠵᠤ ᠦᠢᠯᠡᠰ ᠤᠨ ᠲᠣᠭᠤᠷᠢᠭ ᠵᠡᠷᠭᠡ ᠲᠡᠰᠢ ᠲᠥᠪᠯᠡᠷᠡᠭᠦᠯᠵᠦ᠂ ᠮᠠᠯ ᠠᠵᠤ ᠠᠬᠤᠢ ᠶᠢᠨ ᠠᠵᠤ ᠦᠢᠯᠡᠰ ᠤᠨ | ᠲᠣᠭᠤᠷᠢᠭ ᠤᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ | ᠪᠠᠲᠤᠯᠠᠨ᠎ᠠ᠃ ᠭᠠᠵᠠᠷ ᠰᠢᠷᠣᠶ ᠲᠠᠲᠠᠪᠤᠷᠢᠯᠠᠬᠤ ᠳᠠᠷᠠᠭᠠᠯᠠᠯ ᠢ ᠵᠢᠷᠤᠮᠵᠢᠭᠤᠯᠵᠤ᠂ ᠭᠠᠵᠠᠷ ᠢᠶᠠᠨ ᠲᠠᠲᠠᠪᠤᠷᠢᠯᠠᠭᠤᠯᠤᠭᠰᠠᠨ | ᠮᠠᠯᠴᠢᠳ ᠤᠨ ᠠᠰᠢᠭ ᠲᠤᠰᠠ ᠶᠢ ᠣᠯᠠᠨ ᠡᠰᠢᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠣᠷᠣᠨ ᠤ ᠣᠷᠣᠨ | ᠰᠠᠭᠤᠴᠠ ᠶᠢᠨ ᠥᠮᠴᠢᠯᠡᠯ ᠤᠨ ᠡᠷᠬᠡ᠂ ᠬᠢᠷᠢ ᠬᠡᠮ ᠤᠨ ᠡᠷᠬᠡ᠂ ᠬᠡᠷᠡᠭᠯᠡᠬᠦ ᠡᠷᠬᠡ ᠶᠢᠨ ︽ᠭᠤᠷᠪᠠᠨ ᠡᠷᠬᠡ ᠶᠢ | ᠰᠠᠯᠭᠠᠬᠤ︾ ᠶᠢ ᠰᠦᠪᠡᠭᠴᠢᠯᠡᠵᠦ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠮᠲᠤ ᠶᠢᠨ ᠥᠮᠴᠢᠯᠡᠯ ᠤᠨ | ᠡᠷᠬᠡ ᠶᠢ ᠨᠠᠶᠢᠳᠠᠪᠤᠷᠢᠵᠢᠭᠤᠯᠤᠨ᠂ ᠮᠠᠯᠴᠢᠳ ᠤᠨ ᠭᠡᠷ ᠪᠠᠶᠢᠰᠢᠩ ᠡᠳ᠋ ᠬᠥᠷᠥᠩᠭᠡ ᠶᠢᠨ ᠡᠷᠬᠡ ᠶᠢ ᠪᠠᠲᠤᠯᠠᠵᠤ᠂ | ᠣᠷᠣᠨ ᠰᠠᠭᠤᠴᠠ ᠶᠢᠨ ᠰᠠᠭᠤᠷᠢ ᠭᠠᠵᠠᠷ ᠪᠠ ᠮᠠᠯᠴᠢᠳ ᠤᠨ ᠭᠡᠷ ᠪᠠᠶᠢᠰᠢᠩ ᠤᠨ ᠬᠡᠷᠡᠭᠯᠡᠬᠦ ᠡᠷᠬᠡ ᠶᠢ ᠵᠣᠬᠢᠰᠲᠠᠢ | ᠠᠮᠢᠳᠣᠯᠢᠭ ᠪᠣᠯᠭᠠᠨ᠎ᠠ᠃ | ᠪᠡᠯᠴᠢᠭᠡᠷ ᠨᠣᠳᠤᠭ ᠤᠨ ᠡᠵᠡᠩᠨᠡᠯᠳᠡ ᠶᠢᠨ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠨᠣᠲᠤᠭ ᠪᠡᠯᠴᠢᠭᠡᠷ | ᠳᠠᠭᠠᠭᠠᠴᠢᠯᠠᠭᠰᠠᠨ ᠮᠠᠯᠵᠢᠬᠤ ᠡᠷᠦᠬᠡ ᠶᠢᠨ ᠬᠠᠤᠯᠢ ᠶᠣᠰᠣᠭᠠᠷ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠵᠢᠴᠢ | ᠬᠤᠪᠢ ᠣᠷᠣᠭᠤᠯᠬᠤ ᠵᠡᠷᠭᠡ ᠬᠡᠯᠪᠡᠷᠢ ᠪᠠᠷ ᠡᠵᠡᠩᠨᠡᠯᠲᠡ ᠶᠢᠨ ᠡᠷᠬᠡ ᠪᠠᠨ ᠬᠡᠷᠡᠭᠯᠡᠬᠦ ᠶᠢ ᠵᠣᠷᠢᠭᠵᠢᠭᠤᠯᠵᠤ᠂ | ᠮᠠᠯᠴᠢᠳ ᠤᠨ ᠰᠠᠶᠢᠨ ᠳᠤᠷ᠎ᠠ ᠶᠢᠨ ᠤᠷᠢᠲᠠᠯ ᠳᠣᠤᠷ᠎ᠠ ᠬᠠᠷᠢᠯᠴᠠᠨ ᠰᠣᠯᠢᠬᠤ ᠪᠠ ᠭᠠᠵᠠᠷ ᠢᠶᠠᠨ ᠨᠡᠶᠢᠯᠡᠭᠦᠯᠬᠦ ᠠᠷᠭ᠎ᠠ | ᠮᠠᠶ᠋ᠢᠭ ᠢᠶᠠᠷ ᠲᠠᠯ᠎ᠠ ᠨᠣᠳᠤᠭ ᠤᠨ ᠬᠡᠰᠡᠭ ᠪᠤᠰᠠᠭ ᠪᠣᠯᠬᠤ ᠠᠰᠠᠭᠤᠳᠠᠯ ᠢ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ | ᠳ᠋ᠠᠶᠢᠲ᠋ᠠ ᠬᠥᠮᠥᠷᠭᠡ ᠵᠢᠴᠢ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠤᠰᠢᠭᠤ᠂ | ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠲᠠᠯ᠎ᠠ ᠨᠣᠳᠤᠭ ᠢ ᠰᠢᠯᠵᠢᠭᠦᠯᠬᠦ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠵᠦ᠂ ᠰᠢᠯᠵᠢᠭᠦᠯᠬᠦ ᠦᠢᠯᠡᠴᠢᠯᠡᠭᠡᠨ ᠤ ᠶᠠᠪᠤᠴᠠ ᠶᠢ ᠳᠦᠷᠢᠮᠵᠢᠭᠦᠯᠵᠦ᠂ ᠰᠢᠯᠵᠢᠭᠦᠯᠬᠦ | ᠠᠵᠢᠯᠯᠠᠭ᠎ᠠ ᠶᠢᠨ ᠬᠢᠨᠠᠨ ᠬᠠᠮᠢᠶᠠᠷᠣᠯᠳᠠ ᠪᠠᠨ ᠴᠢᠩᠭᠠᠳᠬᠠᠨ᠎ᠠ᠃ | ᠬᠤᠶᠠᠳᠤᠭᠠᠷ ᠬᠡᠰᠡᠭ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ | ᠨᠢᠭᠡ᠂ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠠᠩᠭᠢᠯᠠᠭ᠎ᠠ ᠶᠢᠨ ᠠᠷᠭ᠎ᠠ | ᠬᠡᠮᠵᠢᠶ᠎ᠡ ᠪᠣᠯᠭᠠᠨ᠎ᠠ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠳᠡᠭᠡᠷ᠎ᠡ ᠱᠠᠲᠤᠨ ᠤ ᠬᠦᠴᠦᠨ ᠥᠬᠡᠶ ᠪᠣᠯᠭᠠᠭᠰᠠᠨ ᠪᠠ ᠳᠣᠷᠣᠭᠰᠢ ᠪᠠᠭᠤᠯᠭᠠᠭᠰᠠᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠢᠳᠡᠪᠬᠢᠲᠡᠶ ᠨᠠᠶᠢᠳᠠᠪᠤᠷᠢᠵᠢᠭᠤᠯᠵᠤ᠂ ᠡᠯ᠎ᠡ ᠬᠦᠷᠢᠶ᠎ᠡ ᠴᠠᠷᠠᠭ᠎ᠠ ᠶᠢᠨ ᠬᠢᠨᠠᠨ | ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠨ ᠰᠢᠯᠢᠳᠡᠭᠵᠢᠭᠦᠯᠵᠦ᠂ ᠪᠠᠯᠠ ᠣᠷᠣᠭᠤᠯᠤᠯᠲᠠ ᠶᠢᠨ | ᠲᠥᠷᠥᠯ ᠵᠦᠢᠯ ᠳᠤ ᠣᠯᠠᠨ ᠦᠨᠡᠯᠡᠯᠲᠡ ᠶᠢ ᠨᠡᠶᠢᠯᠡᠭᠦᠯᠦᠨ ᠨᠢᠭᠡ ᠪᠣᠯᠭᠠᠬᠤ᠂ ᠨᠡᠶᠢᠯᠡᠭᠦᠯᠦᠨ ᠬᠠᠮᠲᠤᠷᠠᠨ ᠬᠢᠨᠠᠨ | ᠵᠥᠪᠰᠢᠶᠡᠷᠡᠬᠦ ᠶᠢ ᠰᠦᠪᠡᠭᠴᠢᠯᠡᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠪᠠᠷᠢᠮᠵᠢᠶ᠎ᠠ ᠶᠢ ᠤᠯᠠᠮ ᠨᠢᠭᠡ ᠠᠯᠬᠤᠮ ᠪᠠᠭᠤᠷᠠᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ | ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠬᠡᠷᠡᠭᠵᠢᠭᠦᠯᠦᠨ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠬᠥᠳᠡᠯᠦᠩᠭᠦᠶ ᠳᠣᠭᠢᠷᠠᠭᠤᠯᠬᠤ ᠲᠣᠭᠲᠠᠴᠠ᠂ ᠮᠡᠳᠡᠭᠡ ᠵᠠᠩᠭᠢ ᠶᠢ ᠢᠯᠡ | ᠪᠣᠯᠭᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠲᠣᠭᠲᠠᠴᠠ ᠶᠢ | ᠢᠳᠡᠪᠬᠢᠲᠡᠶ ᠠᠬᠢᠭᠤᠯᠤᠨ᠎ᠠ᠃ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠠᠵᠤ ᠠᠬᠤᠶᠢᠯᠠᠯ ᠤᠨ | ᠬᠥᠭᠵᠢᠯᠲᠡ ᠶᠢᠨ ᠳᠤᠮᠳᠠᠬᠢ ᠬᠦᠴᠢᠷᠳᠡᠯ ᠢ ᠰᠢᠢᠳᠪᠦᠷᠢᠯᠡᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠰᠠᠨᠠᠭ᠎ᠠ ᠠᠮᠤᠷ ᠡᠵᠡᠩᠨᠡᠵᠦ᠂ ᠰᠠᠨᠠᠭ᠎ᠠ ᠠᠮᠤᠷ ᠪᠡᠯᠡ ᠣᠷᠣᠭᠤᠯᠵᠤ᠂ ᠨᠢᠭᠡ ᠰᠡᠳᠬᠢᠯ ᠢᠶᠠᠷ ᠦᠢᠯᠡᠰ | ᠪᠤᠰᠬᠠᠬᠤ ᠶᠢ ᠪᠠᠳᠣᠯᠠᠨ᠎ᠠ᠃ ᠮᠠᠯ ᠠᠵᠤ ᠠᠬᠤᠢ ᠶᠢᠨ ᠬᠦᠷᠢᠶ᠎ᠡ ᠬᠡᠪᠴᠢᠶᠡᠨ ᠳᠠᠬᠢ ᠬᠢᠨᠠᠨ ᠵᠥᠪᠰᠢᠶᠡᠷᠡᠯ ᠢ | ᠦᠷᠭᠦᠯᠵᠢᠯᠡᠨ ᠪᠠᠭᠠᠰᠬᠠᠵᠤ᠂ ᠮᠠᠯ ᠠᠵᠤ ᠠᠬᠤᠢ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠵᠠᠭᠤᠴᠢ ᠦᠢᠯᠡᠴᠢᠯᠡᠭᠡ ᠶᠢ ᠴᠡᠭᠴᠡᠯᠡᠨ ᠳᠦᠷᠢᠮᠵᠢᠭᠦᠯᠵᠦ᠂ ᠡᠯ᠎ᠡ ᠲᠥᠷᠥᠯ ᠤᠨ ᠮᠠᠯ ᠠᠵᠤ | ᠠᠬᠤᠢ ᠳᠤ ᠬᠤᠯᠪᠣᠭᠳᠠᠭᠰᠠᠨ ᠭᠤᠣᠯ ᠴᠣᠭᠴᠠ ᠶᠢᠨ ᠬᠥᠭᠵᠢᠯᠲᠡ ᠶᠢᠨ ᠳᠠᠷᠤᠭᠠᠰᠤ ᠶᠢ ᠬᠥᠩᠭᠡᠯᠡᠨ᠎ᠡ᠃ | ᠠᠵᠢᠯ ᠶᠠᠪᠣᠳᠠᠯ ᠤᠨ ᠲᠣᠮᠳᠠ ᠪᠠ ᠠᠵᠢᠯ ᠶᠠᠪᠣᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠨ ᠵᠢᠷᠤᠮᠵᠢᠭᠤᠯᠤᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠭᠦᠨᠵᠡᠭᠡᠶ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠢᠯᠡᠳᠪᠦᠷᠢ ᠬᠤᠳᠠᠯᠳᠤᠭᠠᠨ ᠤ ᠵᠦᠢᠯᠡᠰ ᠤᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ | ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ | ᠦᠢᠯᠡᠳᠪᠦᠷᠢ ᠬᠤᠳᠠᠯᠳᠤᠭᠠᠨ ᠤ ᠳᠡᠩᠰᠡᠯᠡᠨ ᠲᠡᠮᠳᠡᠭᠯᠡᠬᠦ ᠠᠴᠠ ᠡᠮᠦᠨ᠎ᠡ᠂ ᠳᠠᠩᠰᠠᠯᠠᠭᠰᠠᠨ ᠤ ᠳᠠᠷᠠᠭᠠᠬᠢ ᠬᠢᠨᠠᠨ | ᠵᠥᠪᠰᠢᠶᠡᠷᠡᠬᠦ ᠵᠦᠢᠯᠡᠰ ᠤᠨ ᠭᠠᠷᠴᠠᠭ ᠲᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ ᠰᠢᠨ᠎ᠡ ᠮᠡᠷᠭᠡᠵᠢᠯ᠂ | ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠤᠨ ᠬᠥᠭᠵᠢᠯᠲᠡ ᠳᠤ ᠪᠠᠭᠳᠠᠭᠠᠮᠵᠢᠳᠣ | ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠦᠨ᠎ᠡ᠃ ︽ᠢᠨᠲ᠋ᠧᠷ | ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠢ ᠢᠳᠡᠪᠬᠢᠲᠡᠢ ᠠᠬᠢᠭᠤᠯᠵᠤ᠂ ᠡᠷᠬᠡ ᠲᠡᠭᠰᠢ ᠪᠠᠷ | ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ ᠴᠠᠷᠠᠭ᠎ᠠ ᠶᠢᠨ ᠡᠷᠬᠡ ᠲᠡᠭᠰᠢ | ᠦᠷᠢᠰᠦᠯᠳᠦᠬᠡᠨ ᠤ ᠡᠮᠬᠢ ᠳᠢᠭᠯᠢᠮ ᠢ ᠦᠨᠡᠨᠬᠦ ᠬᠠᠮᠠᠭᠠᠯᠠᠨ᠎ᠠ᠃ | ᠣᠯᠠᠨ ᠨᠡᠶᠢᠲᠡ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠠᠵᠤ | ᠠᠬᠤᠶᠢᠯᠠᠯ ᠤᠨ ᠡᠵᠡᠩᠨᠡᠯᠲᠡ ᠬᠢᠬᠦ ᠶᠢ ᠵᠥᠪᠰᠢᠶᠡᠷᠡᠨ᠂ ᠪᠡᠯᠡ ᠣᠷᠣᠭᠤᠯᠬᠤ ᠲᠥᠷᠥᠯ ᠵᠦᠢᠯ ᠢ ᠮᠡᠳᠡᠭᠦᠯᠵᠦ ᠬᠢᠨᠠᠨ | ᠵᠥᠪᠰᠢᠶᠡᠷᠡᠭᠦᠯᠬᠦ ᠪᠠ ᠠᠷᠠᠳ ᠲᠤ ᠳᠥᠭᠦᠮ ᠦᠵᠡᠭᠦᠯᠵᠦ ᠠᠰᠢᠭ ᠬᠦᠷᠲᠡᠭᠡᠬᠦ ᠦᠢᠯᠡᠴᠢᠯᠡᠭᠡᠨ ᠤ ᠭᠤᠷᠪᠠᠨ ᠶᠡᠭᠡ | ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠢᠨᠠᠨ ᠵᠥᠪᠰᠢᠶᠡᠷᠡᠬᠦ ᠵᠦᠢᠯᠡᠰ ᠢ ᠲᠥᠪᠯᠡᠷᠡᠭᠦᠯᠬᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠡᠷᠬᠡ ᠶᠢᠨ ᠠᠵᠢᠯᠯᠠᠭ᠎ᠠ ᠶᠢ ᠵᠢᠷᠤᠮᠵᠢᠭᠤᠯᠬᠤ᠂ | ᠦᠢᠯᠡᠴᠢᠯᠡᠭᠡᠨ ᠤ ᠵᠠᠭᠪᠤᠷ ᠢ ᠣᠶᠣᠨᠴᠢᠯᠠᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠪᠠᠷᠢᠮᠵᠢᠶᠠᠵᠢᠭᠤᠯᠬᠤ ᠠᠵᠢᠯ ᠤᠨ ᠴᠤᠪᠤᠷᠠᠯ ᠪᠠ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠲᠡᠭᠦᠯᠳᠡᠷᠵᠢᠭᠦᠯᠦᠨ᠎ᠡ᠃ | ︽ᠨᠢᠭᠡ ᠯᠠ ᠤᠳᠠᠭ᠎ᠠ ᠳᠤ ᠭᠦᠢᠴᠡᠳᠭᠡᠬᠦ︾᠂ ︽ᠰᠦᠯᠵᠢᠶᠡᠨ ᠳᠡᠭᠡᠷ᠎ᠡ ᠭᠦᠢᠴᠡᠳᠭᠡᠬᠦ︾᠂ ︽ᠭᠠᠷ ᠣᠲᠠᠰᠣᠨ | ᠳᠡᠭᠡᠷ᠎ᠡ ᠭᠦᠢᠴᠡᠳᠭᠡᠬᠦ︾᠂ ︽ᠣᠶᠢᠷ᠎ᠠ ᠬᠠᠪᠢ ᠳᠠᠭᠠᠨ ᠭᠦᠢᠴᠡᠳᠭᠡᠬᠦ︾᠂ ︽ᠣᠨᠳᠣᠤ ᠭᠠᠵᠠᠷ ᠲᠤ ᠭᠦᠢᠴᠡᠳᠭᠡᠬᠦ︾ | ᠵᠡᠷᠭᠡ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠤᠨ | ᠲᠠᠩᠰᠠᠯᠠᠭᠤᠯᠣᠯᠳᠠ᠂ ᠲᠥᠷᠥᠯ ᠵᠦᠢᠯ ᠢ ᠪᠣᠳᠠᠲᠠᠶᠢᠵᠢᠭᠤᠯᠬᠤ᠂ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠳᠤ ᠲᠥᠬᠦᠮ ᠦᠵᠡᠭᠦᠯᠬᠦ ᠦᠢᠯᠡᠴᠢᠯᠡᠭᠡ ᠶᠢ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ | ᠨᠢᠭᠡ ᠴᠣᠭᠴᠠᠵᠢᠭᠤᠯᠤᠭᠰᠠᠨ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠶᠡᠬᠡᠪᠡᠷ ᠬᠡᠷᠡᠭᠵᠢᠭᠦᠯᠦᠨ᠎ᠡ᠃ | ᠮᠠᠯᠵᠢᠬᠤ ᠣᠷᠣᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ | ︽ᠨᠢᠭᠡ ᠯᠠ ᠡᠬᠦᠳᠡ ᠪᠠᠷ ᠭᠦᠢᠴᠡᠳᠬᠡᠬᠦ︾ ︽ᠨᠢᠭᠡ ᠦᠷᠳᠡᠭᠡᠴᠢᠯᠡᠭᠰᠡᠨ ᠬᠡᠯᠪᠡᠷᠢ ᠶᠢᠨ ᠦᠢᠯᠡᠴᠢᠯᠡᠭᠡ︾ ᠶᠢᠨ | ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠷᠣᠯᠠᠨ | ᠲᠤᠰᠢᠶᠠᠵᠤ ᠣᠷᠣᠯᠠᠨ ᠭᠦᠢᠴᠡᠳᠬᠡᠬᠦ ᠵᠡᠷᠭᠡ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠰᠦᠪᠡᠭᠴᠢᠯᠡᠨ | ᠥᠷᠨᠢᠭᠦᠯᠦᠨ᠎ᠡ᠃ ᠰᠤᠮᠤ ᠪᠠᠯᠭᠠᠰᠤ ︵ᠲᠠᠯᠠᠪᠠᠶ︶ ᠶᠢᠨ ᠪᠠᠶᠢᠭ᠎ᠠ ᠭᠠᠵᠠᠷ ᠲᠤ ᠰᠦᠯᠵᠢᠶᠡᠨ ᠤ ᠦᠢᠯᠡᠴᠢᠯᠡᠭᠡᠨ ᠤ | ᠥᠷᠲᠡᠭᠡ ᠴᠢᠭ ᠢ ᠨᠡᠶᠢᠳᠡᠮ ᠪᠠᠶᠢᠭᠤᠯᠤᠨ᠎ᠠ᠃ | ᠬᠤᠶᠠᠷ᠂ ᠡᠳ᠋ ᠤᠨ ᠵᠠᠰᠠᠭ ᠪᠠ ᠭᠠᠶᠢᠯᠢ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠡᠳ᠋ ᠤᠨ ᠵᠠᠰᠠᠭ ᠤᠨ ᠶᠠᠪᠤᠳᠠᠯ ᠢ | ᠬᠠᠮᠢᠶᠠᠷᠬᠤ ᠡᠷᠬᠡ ᠪᠠ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢ ᠯᠠᠪᠳᠠᠭᠤᠨ ᠪᠠᠲᠤᠲᠠᠶ ᠠᠬᠢᠭᠤᠯᠵᠤ᠂ | ᠵᠠᠬ᠎ᠠ ᠳᠡᠯᠭᠡᠭᠦᠷ᠂ ᠬᠦᠴᠦᠨ ᠵᠦᠢᠯ ᠪᠠ ᠭᠤᠤᠯ ᠴᠣᠭᠴᠠ ᠶᠢ ᠤᠯᠠᠮ ᠨᠢᠭᠡ ᠠᠯᠬᠤᠮ ᠠᠮᠢᠯᠠᠭᠤᠯᠤᠨ᠎ᠠ᠃ | ᠡᠳ᠋ ᠤᠨ ᠵᠠᠰᠠᠭ ᠤᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ ᠤᠨ ᠡᠬᠢ ᠪᠠᠶᠠᠯᠢᠭ ᠢ | ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠠᠮᠵᠢᠯᠲᠠ ᠪᠦᠲᠦᠮᠵᠢ ᠪᠠᠷ ᠭᠤᠣᠯ ᠪᠣᠯᠭᠠᠭᠰᠠᠨ ᠡᠳ᠋ ᠤᠨ ᠬᠦᠴᠦᠨ ᠢ | ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠪᠠ | ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠦᠷᠢᠮ ᠢ ᠲᠡᠭᠦᠯᠳᠡᠷᠵᠢᠭᠦᠯᠬᠦ ᠪᠠᠷ ᠬᠠᠷᠠᠯᠲᠠ ᠪᠣᠯᠭᠠᠵᠤ᠂ ᠬᠦᠷᠢᠶ᠎ᠡ ᠴᠠᠷᠠᠭ᠎ᠠ ᠬᠤᠪᠢᠶᠠᠭᠰᠠᠨ ᠡᠳ᠋ ᠤᠨ ᠵᠠᠰᠠᠭ ᠤᠨ | ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠤᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠠᠷᠢᠮᠵᠢᠶᠠᠵᠢᠭᠤᠯᠤᠯᠲᠠ ᠶᠢ ᠲᠦᠯᠬᠢᠨ | ᠠᠬᠢᠭᠤᠯᠵᠤ᠂ ᠵᠠᠰᠠᠭ ᠤᠨ ᠣᠷᠳᠣᠨ ᠤ ᠪᠦᠬᠦ ᠰᠢᠰᠲ᠋ᠧᠮ ᠤᠨ ᠲᠥᠰᠦᠪ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ | ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠵᠠᠰᠠᠭ ᠤᠨ ᠣᠷᠳᠣᠨ ᠤ | ᠬᠤᠳᠠᠯᠳᠤᠨ ᠠᠪᠬᠤ︾ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡ | ᠬᠤᠳᠠᠯᠳᠤᠨ ᠠᠪᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ | ᠪᠠᠭᠤᠷᠠᠭᠤᠯᠤᠨ᠎ᠠ᠃ | ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠵᠦᠢᠯᠡᠰ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠪᠡᠯᠡ ᠮᠥᠩᠭᠦᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠣᠯᠠᠨ ᠨᠡᠶᠢᠲᠡ ᠶᠢᠨ ᠡᠳ᠋ ᠤᠨ ᠵᠠᠰᠠᠭ ᠢ ︽ᠮᠠᠯᠵᠢᠬᠤ | ᠣᠷᠣᠨ᠂ ᠮᠠᠯ ᠠᠵᠤ ᠠᠬᠤᠢ᠂ ᠮᠠᠯᠴᠢᠨ︾ ᠲᠡᠰᠢ ᠨᠠᠩ ᠢᠯᠡᠭᠦᠦ ᠬᠡᠯᠪᠠᠶᠢᠯᠭᠡᠵᠦ᠂ ᠡᠯ᠎ᠡ ᠱᠠᠲᠤᠨ ᠤ ᠵᠠᠰᠠᠭ ᠤᠨ | ᠣᠷᠳᠣᠨ ᠤ ︽ᠮᠠᠯ ᠠᠵᠤ ᠠᠬᠤᠢ᠂ ᠮᠠᠯᠵᠢᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠳᠠᠬᠢ ᠪᠡᠯᠡ | ᠣᠷᠣᠭᠤᠯᠤᠯᠲᠠ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠡᠳ᠋ ᠤᠨ ᠵᠠᠰᠠᠭ ᠠᠴᠠ ᠮᠠᠯ ᠠᠵᠤ ᠠᠬᠤᠢ ᠶᠢ ᠳᠡᠮᠵᠢᠬᠦ | ᠪᠡᠯᠡ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠢ ᠲᠡᠭᠦᠯᠳᠡᠷᠵᠢᠭᠦᠯᠦᠨ᠎ᠡ᠃ ᠮᠠᠯ ᠠᠵᠤ ᠠᠬᠤᠢ ᠶᠢᠨ ᠨᠥᠬᠦᠪᠥᠷᠢ | ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠤᠨ ᠠᠰᠢᠭ ᠰᠢᠮ᠎ᠡ ᠶᠢᠨ ᠭᠤᠣᠯ ᠭᠠᠷᠤᠯᠲᠠ ᠶᠢᠨ ᠣᠷᠣᠨ ᠪᠠ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠲᠣᠭᠠᠴᠠᠬᠤ ᠡᠷᠴᠢᠮ ᠢᠶᠠᠨ | ᠴᠢᠩᠭᠠᠷᠠᠭᠤᠯᠤᠨ᠎ᠠ᠃ | ᠭᠠᠶᠢᠯᠢ ᠶᠢᠨ ᠢᠷᠡᠯᠲᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠣᠳᠣᠬᠠᠨ ᠤ ᠪᠠᠶᠢᠳᠠᠯ ᠳᠤ | ᠰᠠᠭᠤᠷᠢᠯᠠᠬᠤ ᠪᠠ ᠠᠯᠤᠰ ᠬᠡᠲᠦ ᠶᠢ ᠲᠥᠯᠥᠪᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ | ᠲᠥᠷᠥᠯ ᠵᠦᠢᠯ ᠢᠶᠠᠷ ᠡᠳ᠋ ᠤᠨ ᠵᠠᠰᠠᠭ ᠤᠨ ᠢᠷᠡᠯᠲᠡ ᠶᠢ ᠪᠠᠳᠣᠯᠠᠨ᠂ ᠭᠠᠶᠢᠯᠢ ᠲᠤᠰᠢᠶᠠᠬᠤ ᠲᠣᠮᠣ ᠡᠷᠦᠬᠡ᠂ ᠭᠠᠶᠢᠯᠢ | ᠲᠠᠲᠠᠪᠤᠷᠢ ᠶᠢᠨ ᠨᠡᠮᠡᠭᠳᠡᠯ ᠤᠨ ᠲᠣᠮᠣ ᠡᠷᠦᠬᠡ ᠶᠢ ᠬᠥᠬᠢᠭᠦᠯᠦᠨ ᠱᠠᠩᠨᠠᠬᠤ ᠲᠣᠭᠲᠠᠴᠠ ᠶᠢ ᠪᠠᠶᠢᠭᠤᠯᠤᠨ᠎ᠠ᠃ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠶᠢ 2.3% ᠳᠤ ᠬᠦᠷᠭᠡᠬᠦ ᠪᠠᠷ ᠴᠢᠷᠮᠠᠶᠢᠨ᠎ᠠ᠃ | ᠮᠥᠩᠭᠦᠨ ᠭᠦᠢᠯᠭᠡᠭᠡᠨ ᠤ ᠪᠦᠲᠦᠭᠡᠭᠳᠡᠬᠦᠨ ᠪᠠ ᠢᠲᠡᠭᠡᠮᠵᠢᠲᠦ ᠵᠢᠭᠡᠯᠡᠯᠭᠡ ᠶᠢᠨ ᠵᠠᠭᠪᠣᠷ ᠤᠨ ᠰᠢᠨ᠎ᠡ ᠶᠢ | ᠡᠭᠦᠳᠦᠨ᠎ᠡ᠃ ᠠᠵᠤ ᠦᠢᠯᠡᠰ ᠪᠣᠰᠬᠠᠬᠤ᠂ ᠬᠥᠭᠵᠢᠬᠦ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ | ᠳᠤᠮᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠲᠦᠭᠰᠢᠭᠦᠷᠢ ᠶᠢ | ᠬᠠᠮᠲᠤ ᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ᠂ ᠲᠦᠭᠰᠢᠭᠦᠷᠢ ᠶᠢᠨ ᠨᠥᠬᠦᠪᠥᠷᠢ ᠥᠭᠬᠦ ᠶᠢ | ᠠᠬᠢᠭᠤᠯᠵᠤ᠂ ᠲᠦᠭᠰᠢᠭᠦᠷᠢ ᠶᠢᠨ ᠪᠡᠯᠡ ᠣᠷᠣᠭᠤᠯᠤᠯᠲᠠ᠂ ᠲᠦᠭᠰᠢᠭᠦᠷᠢ ᠶᠢᠨ ᠰᠠᠭᠤᠷᠢ ᠮᠥᠩᠭᠦ᠂ ᠪᠠᠳᠣᠯᠭᠠᠳᠣ | ᠴᠢᠨᠠᠷ ᠪᠦᠬᠦᠢ ᠵᠢᠭᠡᠯᠡᠯᠭᠡ ᠶᠢᠨ ᠲᠡᠮᠳᠡᠭᠲᠦ ᠵᠡᠷᠭᠡ ᠮᠥᠩᠭᠦᠨ ᠭᠦᠢᠯᠭᠡᠭᠡᠨ ᠤ ᠦᠢᠯᠡᠳᠬᠦᠨ ᠢ ᠵᠣᠬᠢᠰᠲᠠᠢ ᠨᠡᠭᠡᠭᠡᠨ | ᠬᠥᠭᠵᠢᠭᠦᠯᠦᠨ᠎ᠡ᠃ ᠮᠠᠯᠵᠢᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠮᠠᠯ ᠠᠵᠤ ᠠᠬᠤᠢ ᠶᠢᠨ ᠳᠠᠭᠠᠳᠬᠠᠯ ᠢ ᠬᠥᠭᠵᠢᠭᠦᠯᠦᠨ᠎ᠡ᠃ | ᠭᠤᠷᠪᠠ᠂ ᠬᠤᠳᠠᠯᠳᠤᠭ᠎ᠠ ᠡᠵᠡᠩᠨᠡᠬᠦ ᠣᠷᠴᠢᠨ ᠤ ᠦᠨᠡᠯᠡᠯᠲᠡ ᠶᠢ ᠴᠢᠩᠭᠠᠳᠬᠠᠨ᠎ᠠ | ᠬᠤᠳᠠᠯᠳᠤᠭ᠎ᠠ ᠡᠵᠡᠩᠨᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠬᠦ ᠲᠣᠭᠲᠠᠴᠠ ᠶᠢ ᠪᠠᠶᠢᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠬᠠᠮᠲᠤᠷᠠᠭᠰᠠᠨ ᠬᠤᠷᠠᠯ ᠤᠨ ᠲᠦᠷᠢᠮ ᠢ | ᠨᠠᠶᠢᠳᠠᠪᠤᠷᠢᠵᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠢ ᠰᠠᠶᠢᠵᠢᠷᠠᠭᠤᠯᠬᠤ ᠶᠢ ᠭᠤᠣᠯᠳᠠᠯᠭ᠎ᠠ ᠲᠠᠢ | ᠱᠠᠭᠠᠷᠳᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠤ ᠦᠨᠡᠯᠡᠯᠳᠡ ᠳᠠᠬᠢ | ᠡᠯ᠎ᠡ ᠵᠦᠢᠯ ᠤᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠨ᠎ᠡ᠃ ᠡᠯ᠎ᠡ ᠰᠠᠯᠠᠭ᠎ᠠ ᠮᠥᠴᠢᠷ ᠤᠨ | ᠬᠠᠣᠯᠢ ᠪᠠᠷ ᠵᠠᠰᠠᠬᠤ ᠪᠣᠷᠣ ᠲᠥᠯᠥᠪ ᠤᠨ ᠳᠣᠲᠣᠷ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠡᠭᠦᠳᠦᠯᠲᠡ ᠶᠢᠨ | ᠴᠢᠨᠠᠷᠲᠠᠶ᠂ ᠵᠦᠷᠢᠶᠡᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢ | ᠢᠳᠡᠪᠬᠢᠲᠡᠶ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠯᠠ | ᠣᠷᠣᠭᠤᠯᠵᠤ ᠪᠠᠯᠠ ᠳᠣᠭᠢᠷᠠᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠲᠠᠯ᠎ᠠ ᠪᠠᠷ ᠬᠢ | ᠠᠳᠠᠯᠢ ᠲᠡᠭᠰᠢ ᠣᠯᠭᠤᠮᠵᠢ ᠶᠢ ᠨᠠᠶᠢᠳᠠᠪᠤᠷᠢᠵᠢᠭᠤᠯᠵᠤ᠂ ᠲᠥᠪ ᠭᠤᠤᠯᠴᠢ ᠪᠠᠷ ᠥᠷᠢᠰᠦᠯᠳᠦᠬᠦ ᠣᠷᠴᠢᠨ ᠲᠣᠭᠤᠷᠢᠨ ᠢ | ᠪᠣᠶ ᠪᠣᠯᠭᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠶᠢ ᠰᠢᠯᠭᠠᠨ ᠬᠢᠨᠠᠵᠤ ᠦᠨᠡᠯᠡᠬᠦ ᠠᠵᠢᠯ ᠢ | ᠴᠢᠩᠭᠠᠳᠬᠠᠵᠤ᠂ ᠥᠪᠡᠷ ᠢ ᠪᠠᠨ ᠦᠨᠡᠯᠡᠬᠦ ᠪᠠ ᠭᠤᠷᠪᠠᠳᠠᠬᠢ ᠡᠲᠡᠭᠡᠳ ᠠᠴᠠ ᠦᠨᠡᠯᠡᠬᠦ ᠶᠢ ᠥᠷᠨᠢᠭᠦᠯᠵᠦ᠂ | ᠦᠨᠡᠯᠡᠭᠰᠡᠨ ᠦᠷ᠎ᠡ ᠳ᠋ᠦᠩ ᠢ ᠡᠯ᠎ᠡ ᠨᠢᠬᠡᠴᠡ᠂ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠴᠢᠬᠤᠯᠠ ᠭᠦᠢᠴᠡᠳᠬᠡᠯ ᠲᠤᠭ᠎ᠠ ᠪᠣᠯᠭᠠᠨ᠎ᠠ᠃ | ᠳᠥᠷᠪᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠴᠢᠩᠭᠠᠳᠬᠠᠨ᠎ᠠ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠵᠣ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠲᠣᠭᠤᠷᠢᠭ ᠤᠨ ᠲᠠᠪᠴᠠᠩ ᠤᠨ ᠡᠬᠢ ᠪᠠᠶᠠᠯᠢᠭ ᠢ ᠭᠦᠢᠴᠡᠳ ᠠᠰᠢᠭᠯᠠᠨ᠂ | ᠠᠵᠤ ᠠᠬᠤᠶᠢᠯᠠᠯ ᠪᠠ ᠪᠠᠯᠠ ᠮᠥᠩᠭᠦ ᠣᠷᠣᠭᠤᠯᠬᠤ ᠶᠢ ᠬᠠᠷᠢᠯᠴᠠᠨ ᠤᠶᠠᠯᠳᠤᠭᠤᠯᠬᠤ᠂ ᠪᠡᠶ᠎ᠡ ᠪᠠᠨ ᠳᠠᠭᠠᠭᠠᠵᠤ | ᠬᠤᠳᠠᠯᠳᠤᠭᠠᠴᠢᠨ ᠤᠷᠢᠬᠤ ᠪᠠ ᠨᠠᠶᠢᠳᠠᠵᠤ ᠬᠤᠳᠠᠯᠳᠤᠭᠠᠴᠢᠨ ᠤᠷᠢᠬᠤ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠨ᠎ᠠ᠃ ᠨᠠᠷᠢᠯᠢᠭ ᠣᠨᠣᠪᠴᠢᠲᠠᠶ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ | ᠤᠷᠢᠬᠤ᠂ ᠠᠵᠤ ᠦᠢᠯᠡᠰ ᠢᠶᠠᠷ ᠬᠤᠳᠠᠯᠳᠤᠭᠠᠴᠢᠨ ᠤᠷᠢᠬᠤ᠂ ᠪᠦᠯᠬᠦᠮ ᠨᠡᠶᠢᠲᠡ ᠪᠠᠷ ᠬᠤᠳᠠᠯᠳᠤᠭᠠᠴᠢᠨ ᠤᠷᠢᠬᠤ᠂ | ᠲᠥᠷᠥᠯ ᠵᠦᠢᠯ ᠢᠶᠠᠷ ᠬᠤᠳᠠᠯᠳᠤᠭᠠᠴᠢᠨ ᠤᠷᠢᠬᠤ ᠪᠠ ᠨᠠᠷᠠᠲᠤ ᠲᠥᠷᠥᠯ ᠲᠡᠮᠳᠡᠭᠲᠦ ᠶᠢ ᠲᠠᠨᠢᠯᠴᠠᠭᠤᠯᠬᠤ ᠠᠵᠢᠯᠯᠠᠭ᠎ᠠ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ | ᠨᠡᠶᠢᠴᠡᠭᠰᠡᠨ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ | ᠭᠤᠣᠯ ᠴᠣᠭᠴᠠ ᠪᠣᠯᠬᠤ ᠦᠢᠯᠡᠳᠦᠯ ᠢ ᠴᠢᠬᠤᠯᠠᠴᠢᠯᠠᠬᠤ ᠶᠢᠨ ᠬᠠᠮᠲᠤ ᠭᠦᠢᠴᠡᠳ ᠪᠠᠳᠠᠷᠠᠭᠤᠯᠵᠤ᠂ ᠲᠣᠭᠤᠷᠢᠭ ᠤᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠣᠷᠮᠠᠰᠢᠭᠤᠯᠣᠨ ᠱᠠᠩᠨᠠᠬᠤ ᠠᠷᠭ᠎ᠠ ᠶᠢ ᠨᠠᠶᠢᠳᠠᠪᠤᠷᠢᠵᠢᠭᠤᠯᠤᠨ | ᠲᠡᠭᠦᠯᠳᠡᠷᠵᠢᠭᠦᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠤ ᠬᠠᠨᠳᠣᠭᠤᠯᠣᠨ ᠬᠤᠳᠠᠯᠳᠤᠭᠠᠴᠢᠨ ᠣᠷᠢᠨ᠎ᠠ᠃ ᠮᠠᠨ ᠤ ᠬᠤᠰᠢᠭᠤᠨ ᠤ | ᠤᠨᠴᠠᠯᠢᠭᠳᠤ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ | ᠦᠢᠯᠡᠰ ᠢ ᠤᠷᠲᠤᠳᠬᠠᠨ ᠠᠷᠠᠯᠵᠢᠶᠠᠴᠢᠨ ᠤᠷᠢᠬᠤ ᠪᠠ ᠠᠵᠤ ᠦᠢᠯᠡᠰ ᠢ ᠳᠡᠭᠡᠭᠰᠢᠯᠡᠭᠦᠯᠦᠨ ᠠᠷᠠᠯᠵᠢᠶᠠᠴᠢᠨ | ᠤᠷᠢᠬᠤ ᠶᠢ ᠢᠳᠡᠪᠬᠢᠲᠡᠢ ᠥᠷᠨᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠡᠳ᠋ᠰᠢᠭᠦᠯᠦᠨ ᠪᠣᠯᠪᠠᠰᠤᠷᠠᠭᠤᠯᠬᠤ ᠶᠢ ᠬᠦᠴᠦᠯᠡᠨ ᠬᠥᠭᠵᠢᠭᠦᠯᠵᠦ᠂ ᠮᠠᠯ ᠠᠵᠤ ᠠᠬᠤᠢ ᠶᠢᠨ ᠪᠦᠬᠦ ᠬᠡᠯᠬᠢᠶᠡᠵᠢᠭᠰᠡᠨ | ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠮᠡᠷᠭᠡᠵᠢᠯ ᠤᠨ | ᠠᠵᠤ ᠠᠬᠤᠶᠢᠯᠠᠯ ᠠᠴᠠ ᠰᠣᠷᠣᠯᠴᠠᠵᠤ᠂ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ | ᠢᠳᠡᠪᠬᠢᠲᠡᠶ ᠪᠠᠷ ᠪᠤᠶᠢᠵᠢᠭᠤᠯᠤᠨ ᠣᠷᠢᠨ ᠣᠷᠣᠭᠤᠯᠣᠨ᠎ᠠ᠃ ᠲᠣᠭᠤᠷᠢᠭ ᠤᠨ ᠠᠵᠤ ᠦᠢᠯᠡᠰ ᠤᠨ | ᠪᠠᠶᠢᠷᠢᠰᠢᠭᠤᠯᠤᠯ ᠲᠠᠢ ᠤᠶᠠᠯᠳᠤᠭᠤᠯᠤᠨ᠂ ᠳᠠᠭᠠᠭᠤᠯᠤᠭᠴᠢ ᠠᠵᠤ ᠠᠬᠤᠶᠢᠯᠠᠯ ᠢ ᠣᠷᠢᠨ ᠣᠷᠣᠭᠤᠯᠵᠤ᠂ | ᠲᠣᠭᠤᠷᠢᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢ ᠲᠤᠯᠭᠠᠭᠤᠷᠢᠯᠠᠬᠤ ᠦᠢᠯᠡᠳᠦᠯ ᠲᠠᠢ ᠠᠵᠤ ᠦᠢᠯᠡᠰ ᠢ | ᠲᠦᠷᠭᠡᠳᠬᠡᠨ ᠪᠣᠶ ᠪᠣᠯᠭᠠᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠣᠨᠴᠠᠯᠢᠭᠲᠤ ᠬᠥᠭᠵᠢᠯᠲᠡ ᠶᠢ | ᠬᠦᠴᠦᠯᠡᠨ ᠠᠬᠢᠭᠤᠯᠵᠤ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠳᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠢ ᠰᠠᠶᠢᠲᠤᠷ ᠬᠢᠨ᠎ᠡ᠃ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ | ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠵᠦ᠂ ᠠᠵᠤ ᠦᠢᠯᠡᠰ ᠤᠨ ᠰᠢᠯᠵᠢᠯᠲᠡ ᠪᠠ ᠲᠤᠯᠭᠠᠭᠤᠷᠢ ᠠᠵᠤ | ᠦᠢᠯᠡᠰ ᠢ ᠪᠤᠵᠠᠭᠠᠶᠢᠷᠠᠭᠤᠯᠬᠤ ᠯᠤᠭ᠎ᠠ ᠵᠣᠯᠭᠠᠭᠤᠯᠵᠤ᠂ ᠠᠳᠠᠯᠢ ᠪᠤᠶᠤ ᠠᠳᠠᠯᠢᠪᠲᠤᠷ ᠠᠵᠤ ᠦᠢᠯᠡᠰ ᠤᠨ ᠲᠥᠷᠥᠯ | ᠵᠦᠢᠯ ᠤᠨ ᠲᠣᠭᠤᠷᠢᠭ ᠲᠡᠰᠢ ᠲᠥᠪᠯᠡᠷᠡᠬᠦ ᠶᠢ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠳᠠᠯᠳᠣᠭᠠᠴᠢᠨ | ᠤᠷᠢᠵᠤ ᠪᠠᠯᠠ ᠴᠤᠭᠯᠠᠭᠤᠯᠬᠤ ᠰᠤᠷᠠᠭ ᠵᠠᠩᠭᠢ ᠶᠢ ᠮᠡᠳᠡᠭᠦᠯᠦᠨ ᠬᠦᠷᠭᠡᠬᠦ ᠪᠠ ᠳᠡᠭᠡᠷ᠎ᠡ ᠳᠣᠣᠷᠠᠳᠤ ᠱᠠᠲᠤ | ᠬᠤᠯᠪᠣᠭᠠᠯᠠᠨ ᠬᠥᠳᠡᠯᠦᠯᠴᠡᠬᠦ ᠵᠣᠬᠢᠴᠠᠮᠵᠢ ᠶᠢ ᠪᠠᠶᠢᠭᠤᠯᠵᠤ᠂ ᠭᠤᠣᠯᠳᠠᠯᠭᠠᠲᠤ ᠲᠥᠷᠥᠯ ᠵᠦᠢᠯ ᠤᠨ ᠬᠤᠰᠢᠭᠤ | ᠲᠡᠰ ᠤᠨ ᠰᠢᠢᠳᠪᠦᠷᠢᠲᠦ ᠪᠣᠳᠣᠯᠭ᠎ᠠ ᠶᠢᠨ ᠵᠣᠬᠢᠴᠠᠮᠵᠢ ᠶᠢ ᠨᠠᠶᠢᠳᠠᠪᠤᠷᠢᠵᠢᠭᠤᠯᠤᠨ᠂ ᠲᠥᠷᠥᠯ ᠵᠦᠢᠯ ᠢ ᠤᠷᠢᠨ | ᠠᠪᠴᠢᠷᠠᠵᠤ᠂ ᠰᠠᠭᠤᠷᠢᠰᠢᠭᠤᠯᠬᠤ ᠶᠢ ᠪᠠᠲᠤᠯᠠᠨ᠎ᠠ᠃ ᠲᠤᠰᠬᠠᠶᠢᠵᠢᠭᠰᠠᠨ ᠬᠤᠳᠠᠯᠳᠤᠭᠠᠴᠢᠨ ᠤᠷᠢᠬᠤ ᠪᠦᠯᠬᠦᠮ | ᠨᠡᠶᠢᠲᠡ ᠶᠢ ᠵᠣᠬᠢᠶᠠᠨ ᠪᠠᠶᠢᠭᠤᠯᠵᠤ᠂ ᠬᠤᠳᠠᠯᠳᠤᠭᠠᠴᠢᠨ ᠤᠷᠢᠬᠤ ᠬᠥᠮᠦᠰ ᠤᠨ ᠲᠤᠰᠬᠠᠶ ᠪᠣᠯᠪᠠᠰᠤᠷᠠᠭᠤᠯᠤᠯ ᠢ | ᠴᠢᠩᠭᠠᠷᠠᠭᠤᠯᠤᠨ᠂ ᠣᠷᠣᠯᠭ᠎ᠠ ᠬᠢᠭᠡᠳ ᠠᠵᠢᠯ ᠤᠨ ᠠᠮᠵᠢᠯᠲᠠ ᠶᠢ ᠬᠤᠯᠪᠣᠭᠳᠠᠭᠤᠯᠤᠭᠰᠠᠨ ᠵᠣᠷᠢᠭᠵᠢᠭᠤᠯᠬᠤ | ᠳᠦᠷᠢᠮ ᠢ ᠰᠦᠪᠡᠭᠴᠢᠯᠡᠨ ᠬᠡᠷᠡᠭᠵᠢᠭᠦᠯᠦᠨ᠎ᠡ᠃ | ᠭᠤᠷᠪᠠᠳᠤᠭᠠᠷ ᠬᠡᠰᠡᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ | ᠰᠢᠨ᠎ᠡ ᠶᠢ ᠡᠭᠦᠳᠬᠦ ᠶᠢ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ | ᠂ ᠰᠢᠨᠵᠢᠯᠡᠬᠦ ᠤᠬᠠᠭᠠᠨᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠥᠭᠡᠷᠡᠴᠢᠯᠡᠨ | ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠂ ᠣᠷᠣᠭᠤᠯᠤᠨ ᠠᠪᠴᠢᠷᠠᠵᠤ ᠰᠢᠩᠭᠡᠭᠡᠨ | ᠠᠪᠴᠤ ᠲᠠᠬᠢᠨ ᠰᠢᠨ᠎ᠡ ᠶᠢ ᠡᠭᠦᠳᠬᠦ ᠪᠠᠷ ᠭᠤᠣᠯᠳᠠᠯᠭ᠎ᠠ ᠪᠣᠯᠭᠠᠵᠤ᠂ ᠪᠣᠬᠢᠷᠲᠤᠯ ᠦᠭᠡᠢ | ᠬᠥᠭᠵᠢᠯᠲᠡ ᠵᠢᠨᠬᠦ᠋ᠯᠢᠶᠡᠰᠦᠯᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠨᠢᠭᠡ᠂ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠦᠨ᠎ᠡ | ᠰᠢᠨᠵᠢᠯᠡᠭᠡ ᠮᠡᠷᠭᠡᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠱᠠᠭᠠᠷᠳᠠᠯᠭ᠎ᠠ ᠳᠤ ᠵᠣᠬᠢᠴᠠᠭᠰᠠᠨ ᠰᠤᠳᠤᠯᠤᠨ | ᠨᠡᠭᠡᠭᠡᠬᠦ᠂ ᠬᠡᠷᠡᠭᠯᠡᠬᠦ᠂ ᠦᠷ᠎ᠡ ᠪᠦᠲᠦᠭᠡᠯ ᠢ ᠤᠯᠠᠷᠢᠭᠤᠯᠬᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠬᠠᠮᠢᠶᠠᠷᠤᠯᠲᠠ | ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠰᠢᠨ᠎ᠡ ᠶᠢ ᠡᠭᠦᠳᠬᠦ ᠰᠢᠰᠲ᠋ᠧᠮ ᠢ ᠲᠦᠷᠭᠡᠳᠬᠡᠨ | ᠪᠠᠶᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠤᠳᠤᠷᠢᠳᠤᠮᠵᠢ ᠪᠣᠯᠭᠠᠵᠤ᠂ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠪᠠᠷ ᠭᠤᠣᠯᠪᠣᠯᠭᠠᠨ᠂ ᠨᠡᠶᠢᠭᠡᠮ ᠤᠨ ᠪᠡᠯᠡ ᠣᠷᠣᠭᠤᠯᠤᠯᠲᠠ ᠪᠠᠷ ᠨᠥᠬᠦᠪᠥᠷᠢ | ᠪᠣᠯᠭᠠᠭᠰᠠᠨ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠡᠷᠡᠭᠯᠡᠭᠡᠨ ᠤ ᠰᠠᠭᠤᠷᠢ ᠰᠤᠳᠤᠯᠤᠯ ᠤᠨ | ᠳᠡᠮᠵᠢᠯᠭᠡ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ | ᠪᠤᠶᠢᠵᠢᠭᠤᠯᠤᠨ ᠣᠷᠣᠭᠤᠯᠤᠨ ᠠᠪᠴᠢᠷᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠬᠠᠮᠵᠢᠯᠴᠠᠨ ᠰᠢᠨ᠎ᠡ ᠶᠢ | ᠡᠭᠦᠳᠬᠦ ᠶᠢ ᠬᠥᠲᠥᠯᠦᠨ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠮᠥᠩᠭᠦᠨ ᠭᠦᠢᠯᠭᠡᠭᠡᠨ ᠤ | ᠭᠦᠨᠵᠡᠭᠡᠶ ᠠᠭᠤᠰᠤᠯᠴᠠᠯ ᠢ ᠠᠬᠢᠭᠤᠯᠤᠨ᠂ ᠰᠢᠨᠵᠢᠯᠡᠬᠦ ᠤᠬᠠᠭᠠᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠬᠤ ᠪᠠᠶᠢᠭᠤᠯᠤᠯ ᠢ ᠪᠦᠷᠢᠨᠰᠢᠭᠦᠯᠦᠨ᠂ ᠠᠵᠢᠯ ᠲᠥᠷᠥᠯ ᠤᠨ ᠳᠣᠲᠣᠷᠠᠬᠢ ᠨᠡᠷᠡᠲᠦ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠬᠤᠷᠰᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠣᠳᠣ ᠦᠶ᠎ᠡ ᠶᠢᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠨ ᠬᠠᠮᠲᠤᠷᠠᠭᠰᠠᠨ | ᠬᠤᠷᠠᠯ ᠤᠨ ᠳᠦᠷᠢᠮ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ | ᠵᠣᠶᠢᠯ ᠢ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠰᠢᠯᠵᠢᠭᠦᠯᠦᠨ ᠬᠤᠪᠢᠷᠠᠭᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ | ᠂ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠ | ᠲᠥᠷᠥᠯ ᠵᠦᠢᠯ ᠤᠨᠵᠣᠬᠢᠴᠠᠯᠳᠠ ᠶᠢᠨ ᠠᠵᠢᠯ ᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠥᠮᠥᠷᠭᠡ ᠶᠢ ᠪᠠᠶᠢᠭᠤᠯᠵᠤ᠂ ᠴᠢᠨᠠᠷ ᠰᠠᠶᠢᠲᠠᠶ᠂ ᠥᠨᠳᠥᠷ ᠥᠷᠲᠡᠭᠲᠦ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠵᠤ᠂ ᠲᠣᠭᠲᠠᠭᠤᠨ ᠠᠵᠤ ᠦᠢᠯᠡᠰ ᠤᠨ | ᠮᠡᠷᠭᠡᠵᠢᠯ ᠤᠨ ᠲᠣᠭᠳᠠᠯᠴᠠᠭ᠎ᠠ ᠶᠢ ᠪᠦᠷᠢᠯᠳᠦᠭᠦᠯᠦᠨ᠎ᠡ᠃ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ | ᠪᠠᠶᠢᠭᠤᠯᠤᠯᠲᠠ ᠶᠢ ᠴᠢᠩᠭ᠎ᠠ ᠠᠳᠬᠤᠵᠤ᠂ ᠰᠢᠨᠵᠢᠯᠡᠭᠡ ᠮᠡᠷᠭᠡᠵᠢᠯ ᠤᠨᠲ᠋ᠠᠭᠤᠷᠢᠶᠠᠯ ᠰᠤᠮᠤ᠂ ᠭᠠᠴᠠᠭ᠎ᠠ ᠪᠠ ᠡᠷᠦᠬᠡ ᠶᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠤᠨ᠎ᠠ᠃ | ᠬᠤᠶᠠᠷ᠂ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶᠢᠴᠢᠯᠠᠭᠰᠠᠨ ᠮᠠᠯ ᠠᠵᠤ ᠠᠬᠤᠶ᠂ ᠪᠣᠬᠢᠷᠲᠤᠯ ᠥᠬᠡᠶ | ᠠᠵᠤ ᠦᠢᠯᠡᠳᠪᠦᠷᠢ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠠᠵᠤ ᠦᠢᠯᠡᠳᠪᠦᠷᠢ ᠶᠢᠨ ᠲᠣᠭᠤᠷᠢᠭ ᠤᠨ | ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ᠂ ᠠᠮᠢ ᠠᠬᠤᠶ ᠣᠷᠴᠢᠨ ᠲᠣᠭᠤᠷᠢᠨ ᠢ ᠵᠠᠰᠠᠨ ᠰᠡᠷᠭᠦᠭᠡᠬᠦ᠂ | ᠣᠶᠣᠨᠳᠣ ᠵᠡᠭᠦᠨ ᠦᠵᠦᠮᠦᠴᠢᠨ ᠤ ᠪᠥᠲᠥᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠴᠢᠭᠯᠡᠯ ᠢ | ᠣᠨᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠭᠤᠷᠪᠠᠨ ᠶᠡᠭᠡ ᠳᠠᠪᠠᠭᠤᠯᠢᠭ ᠠᠵᠤ ᠦᠢᠯᠡᠰ ᠪᠣᠯᠤᠨ ᠬᠤᠶᠠᠷ ᠶᠡᠭᠡ ᠣᠨᠴᠠᠯᠢᠭᠲᠤ | ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠮᠠᠯ ᠠᠵᠤ ᠠᠬᠤᠶ ᠶᠢᠨ | ᠮᠠᠰᠢᠨᠴᠢᠯᠠᠯᠲᠠ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠲᠦᠯᠬᠢᠨ ᠠᠬᠢᠭᠤᠯᠤᠨ᠎ᠠ᠃ ᠣᠲᠣ ᠦᠶ᠎ᠡ ᠶᠢᠨ | ᠡᠨᠧᠷᠭᠢ᠂ ᠮᠠᠯᠲᠠᠵᠤ ᠰᠣᠩᠭᠤᠬᠤ ᠬᠠᠶᠢᠯᠤᠭᠤᠯᠬᠤ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ | ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠵᠡᠷᠭᠡ ᠠᠵᠤ ᠦᠢᠯᠡᠰ ᠤᠨ ᠲᠣᠭᠤᠷᠢᠨ ᠳᠤ᠂ ᠠᠵᠤ | ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠤᠷᠠᠯᠠᠯ᠂ ᠲᠣᠨᠤᠭ ᠲᠥᠬᠦᠭᠡᠷᠦᠮᠵᠢ᠂ ᠦᠢᠯᠡᠳᠬᠦᠨ ᠪᠠ ᠬᠠᠮᠢᠶᠠᠷᠤᠯᠲᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠴᠢᠩᠭᠠᠳᠬᠠᠨ᠎ᠠ᠃ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠭᠡ ᠮᠡᠷᠭᠡᠵᠢᠯ ᠤᠨ ᠳᠤᠮᠳᠠ ᠵᠢᠵᠢᠭ ᠠᠵᠤ | ᠠᠬᠤᠶᠢᠯᠠᠯ ᠢ ᠢᠳᠡᠪᠬᠢᠲᠡᠢ ᠪᠠᠷ ᠪᠤᠶᠢᠵᠢᠭᠤᠯᠤᠨ ᠣᠷᠣᠭᠤᠯᠵᠤ᠂ ᠲᠣᠭᠤᠷᠢᠭ ᠢ ᠰᠢᠨ᠎ᠡ ᠮᠡᠷᠭᠡᠵᠢᠯ ᠤᠨ ᠣᠷᠣᠨ | ᠲᠡᠶᠢᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠦᠴᠦᠯᠡᠨ ᠠᠬᠢᠭᠤᠯᠤᠨ᠎ᠠ᠃ ᠦᠢᠯᠡᠴᠢᠯᠡᠭᠡᠨ ᠤ | ᠦᠢᠯᠡᠰ ᠤᠨ ᠰᠢᠨ᠎ᠡ ᠶᠢ ᠡᠭᠦᠳᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠭᠡᠳ ᠡᠯᠧᠺᠲᠷᠣᠨ ᠬᠤᠳᠠᠯᠳᠤᠭᠠᠨ ᠤ | ᠶᠠᠪᠤᠳᠠᠯ᠂ ᠡᠳ᠋ ᠪᠠᠷᠠᠭᠠᠨ ᠤ ᠭᠦᠢᠯᠭᠡᠭᠡ᠂ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠤᠨ ᠠᠭᠤᠰᠤᠯᠳᠤᠨ | ᠬᠥᠭᠵᠢᠬᠦ ᠶᠢ ᠬᠦᠴᠦᠯᠡᠨ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ | ᠲᠣᠭᠤᠷᠢᠭ᠂ ᠤᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠬᠦ ᠶᠢ | ᠲᠦᠯᠬᠢᠨ ᠠᠬᠢᠭᠤᠯᠤᠨ᠎ᠠ᠃ ᠨᠡᠶᠢᠭᠡᠮ ᠤᠨ ᠵᠠᠰᠠᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ | ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠬᠢᠭᠡᠳ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ᠂ ᠦᠨᠳᠦᠰᠦᠨ ᠱᠠᠲᠤᠨ ᠤ ᠵᠠᠰᠠᠯᠲᠠ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠬᠦᠷᠢᠶᠡᠨ ᠳᠠᠬᠢ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ | | ᠭᠤᠷᠪᠠ᠂ ᠠᠵᠤ ᠠᠬᠤᠶᠢᠯᠠᠯ ᠤᠨ ᠭᠤᠤᠯ ᠴᠣᠭᠴᠠ ᠶᠢ ᠳᠣᠪᠤᠶᠢᠯᠭᠠᠨ᠎ᠠ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠪᠠᠶᠢᠭᠤᠯᠤᠮᠵᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠢ ᠨᠡᠮᠡᠭᠳᠡᠭᠦᠯᠦᠨ᠎ᠡ᠃ ᠡᠯ᠎ᠡ | ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠢᠯ ᠤᠨ ᠠᠵᠤ ᠠᠬᠤᠶᠢᠯᠠᠯ ᠳᠠᠰᠢ ᠲᠥᠪᠯᠡᠷᠡᠬᠦ ᠶᠢ ᠠᠬᠢᠭᠤᠯᠵᠤ᠂ | ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠪᠤᠶᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠪᠥᠬᠦᠩ ᠤᠨ ᠠᠵᠤ ᠠᠬᠤᠶᠢᠯᠠᠯ ᠢ | ᠱᠠᠲᠤᠯᠢᠭ ᠢᠶᠠᠷ ᠪᠤᠶᠢᠵᠢᠭᠤᠯᠬᠤ ᠰᠢᠰᠲ᠋ᠧᠮ ᠢ ᠪᠤᠶ ᠪᠣᠯᠭᠠᠨ᠎ᠠ᠃ ᠭᠤᠤᠯᠳᠠᠭᠤ ᠰᠢᠨᠵᠢᠯᠡᠬᠦ ᠤᠬᠠᠭᠠᠨ ᠤ ᠦᠷ᠎ᠡ | ᠪᠦᠲᠦᠭᠡᠯ ᠢ ᠤᠯᠠᠷᠢᠭᠤᠯᠬᠤ᠂ ᠠᠮᠢᠲᠠᠨ ᠤᠷᠭᠤᠮᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠪᠥᠬᠦ | ᠬᠡᠯᠬᠢᠶᠡᠰᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠣᠭᠳᠠᠯᠴᠠᠭ᠎ᠠ ᠶᠢᠨ ᠪᠠᠶᠢᠭᠤᠯᠤᠯᠲᠠ ᠵᠡᠷᠭᠡ | ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠨᠢᠭᠡ ᠪᠦᠯᠦᠭ ᠴᠢᠳᠠᠪᠤᠷᠢ ᠪᠠᠷ ᠨᠡᠯᠢᠶᠡᠳ ᠴᠢᠩᠭ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠬᠥᠲᠥᠴᠢ ᠠᠵᠤ ᠠᠬᠤᠶᠢᠯᠠᠯ ᠢ | ᠪᠤᠶᠢᠵᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ | ᠲᠦᠷᠦᠭᠦᠯᠡᠨ ᠡᠭᠦᠷᠭᠡᠯᠡᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠪᠠ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ | ᠰᠢᠨ᠎ᠡ ᠶᠢ ᠡᠭᠦᠳᠬᠦ ᠲᠥᠪ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠠ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ | ᠪᠠᠶᠢᠭᠤᠯᠬᠤ ᠶᠢ ᠳᠡᠮᠵᠢᠨ᠎ᠡ᠃ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠮᠠᠨ ᠤ ᠬᠤᠰᠢᠭᠤᠨ ᠳᠤ ᠰᠤᠳᠤᠯᠤᠨ | ᠨᠡᠭᠡᠭᠡᠬᠦ ᠲᠥᠪ ᠪᠠᠶᠢᠭᠤᠯᠬᠤ ᠪᠤᠶᠤ ᠬᠠᠮᠵᠢᠯᠴᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ | ᠳᠠᠮᠵᠢᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠴᠢᠬᠤᠯᠠ ᠡᠭᠦᠰᠦᠯᠲᠡ ᠶᠢᠨ ᠭᠠᠵᠠᠷ ᠪᠣᠯᠬᠤ ᠶᠢ ᠳᠡᠮᠵᠢᠨ᠎ᠡ᠃ | ᠳᠥᠷᠪᠡ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠪᠥᠬᠦ ᠡᠯᠧᠮᠧᠨ᠋ᠲ᠂ ᠣᠯᠠᠨ | ᠬᠦᠷᠢᠶ᠎ᠡ᠂ ᠳᠡᠭᠡᠳᠦ ᠲᠠᠰ ᠳᠠᠪᠬᠤᠷᠭ᠎ᠠ ᠶᠢᠨ ᠭᠦᠨᠵᠡᠭᠡᠶ ᠠᠭᠤᠰᠤᠯᠴᠠᠭᠰᠠᠨ ᠰᠢᠨ᠎ᠡ ᠶᠢ ᠡᠭᠦᠳᠬᠦ ᠲᠠᠪᠴᠠᠩ ᠢ | ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠲᠦᠷᠭᠡᠪᠴᠢᠯᠡᠨ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ | ᠠᠳᠬᠤᠨ᠎ᠠ᠃ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ | ᠲᠡᠰ ᠳᠡᠪᠰᠢᠭᠦᠯᠬᠦ ᠵᠡᠷᠭᠡ ᠲᠥᠷᠥᠯ ᠵᠦᠢᠯ ᠢᠶᠠᠷ ᠳᠠᠮᠵᠢᠨ᠂ ᠣᠷᠣᠭᠤᠯᠤᠨ ᠠᠪᠴᠢᠷᠠᠵᠤ ᠰᠢᠩᠭᠡᠭᠡᠨ ᠠᠰᠢᠭᠯᠠᠵᠤ | ᠳᠠᠬᠢᠨ ᠰᠢᠨ᠎ᠡ ᠶᠢ ᠡᠭᠦᠳᠬᠦ ᠪᠠᠷ ᠳᠠᠮᠵᠢᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ | ᠴᠡᠪᠡᠷ ᠡᠨᠧᠷᠭᠢ ᠶᠢ ᠠᠰᠢᠭᠯᠠᠬᠤ ᠰᠠᠭᠤᠷᠢ ᠰᠤᠳᠤᠯᠤᠯ ᠪᠠ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠳᠡᠮᠵᠢᠯᠭᠡ ᠪᠠ | ᠠᠶᠢᠮᠠᠭ ᠤᠨ ᠱᠠᠲᠤᠨ ᠤ ᠢᠵᠢ ᠪᠦᠷᠢᠳᠦᠭᠰᠡᠨ ᠳᠡᠮᠵᠢᠯᠭᠡ ᠳᠣᠣᠷ᠎ᠠ᠂ ᠨᠡᠭᠦᠷᠡᠰᠦᠨ ᠤ ᠭᠠᠵᠠᠷ ᠳᠣᠣᠷᠠᠬᠢ ᠬᠡᠢ ᠪᠠᠷ | ᠤᠰᠤᠲᠥ᠋ᠷᠥᠭᠴᠢ ᠦᠢᠯᠡᠳᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | ᠦᠵᠦᠮᠦᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠬᠡᠪᠡᠷᠡᠭ ᠣᠷᠣᠨ ᠢ ᠵᠠᠰᠠᠨ ᠰᠡᠷᠭᠦᠭᠡᠬᠦ᠂ ᠤᠷᠭᠤᠮᠠᠯ | ᠬᠤᠴᠢᠯᠭ᠎ᠠ ᠶᠢᠨ ᠠᠮᠢ ᠠᠬᠤᠢ ᠶᠢ ᠵᠠᠰᠠᠨ ᠰᠡᠷᠭᠦᠭᠡᠬᠦ ᠮᠡᠷᠭᠡᠵᠢᠯ ᠤᠨ ᠰᠤᠳᠤᠯᠭᠠᠨ ᠵᠢᠴᠢ ᠬᠡᠷᠡᠭᠯᠡᠭᠡᠨ ᠤ ᠵᠢᠱᠢᠶ᠎ᠡ | ᠦᠵᠡᠭᠦᠯᠬᠦ ᠢᠨᠵᠧᠨᠧᠷᠢᠩ ᠢ ᠥᠷᠨᠢᠭᠦᠯᠵᠦ᠂ ᠪᠦᠬᠦ ᠬᠤᠰᠢᠭᠤᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠴᠢᠳᠠᠪᠤᠷᠢ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ ᠬᠤᠰᠢᠭᠤ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠲᠡᠰ ᠳᠡᠪᠰᠢᠬᠦ ᠶᠢ ᠲᠠᠰᠤᠷᠠᠯᠲᠠ ᠥᠬᠡᠶ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠢᠶᠠᠨ | ᠣᠳᠣᠬᠢᠴᠢᠯᠠᠭᠰᠠᠨ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ᠂ | ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠰ ᠪᠣᠰᠬᠠᠬᠤ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠨᠡᠪᠴᠢᠭᠦᠯᠦᠯᠲᠡ᠂ ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ | ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠨᠢᠭᠡᠴᠡ ᠢᠯᠠᠩᠭᠤᠶ᠎ᠠ ᠣᠷᠣᠨ ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ︵ᠭᠠᠵᠠᠷ︶ | ᠯᠦᠭᠡ ᠶᠢᠨ ᠬᠤᠷᠰᠢᠯᠴᠠᠭ᠎ᠠ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠬᠦᠴᠢᠷ | ᠠᠰᠠᠭᠤᠳᠠᠯ ᠤᠨ ᠲᠣᠭᠤᠷᠢᠨ ᠳᠤ ᠮᠡᠷᠭᠡᠵᠢᠯ ᠤᠨ ᠣᠨᠣᠰᠢᠯᠠᠯᠲᠠ ᠬᠢᠬᠦ᠂ ᠪᠣᠭᠤᠮᠲᠠ ᠰᠢᠪᠲᠤᠯᠬᠤ ᠪᠠ ᠬᠠᠮᠵᠢᠯᠴᠠᠬᠤ ᠶᠢ | ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ᠂ ᠮᠡᠷᠭᠡᠵᠢᠯ ᠢ ᠰᠢᠯᠵᠢᠭᠦᠯᠬᠦ᠂ ᠬᠠᠮᠢᠶᠠᠷᠤᠯᠲᠠ ᠶᠢ | ᠠᠰᠠᠭᠤᠨ ᠯᠠᠪᠯᠠᠬᠤ᠂ ᠪᠠᠯᠠ ᠣᠷᠣᠭᠤᠯᠤᠨ ᠪᠠᠯᠠ ᠲᠣᠬᠢᠷᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠵᠡᠷᠭᠡ ᠶᠢ ᠨᠢᠭᠡ ᠴᠣᠠᠠᠴᠠᠵᠢᠭᠤᠯᠥᠠᠠᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ | ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ | ᠰᠠᠶᠢᠲᠠᠶ ᠬᠥᠭᠵᠢᠯᠲᠡ ᠳᠠᠬᠢ ᠴᠢᠳᠠᠪᠤᠷᠢᠲᠠᠨ ᠤ ᠳᠣᠲᠠᠭᠳᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠨ ᠤ | ᠬᠤᠰᠢᠭᠤᠨ ᠤ ᠠᠵᠤ ᠦᠢᠯᠡᠰ ᠤᠨ ᠣᠨᠴᠠᠯᠢᠭ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠪᠠ ᠠᠵᠤ | ᠠᠬᠤᠶᠢᠯᠠᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ ᠶᠢᠨ ᠲᠣᠭᠤᠷᠢᠨ ᠳᠤ᠂ ︽ᠲᠠᠪᠤᠨ ᠡᠩᠨᠡᠭᠡ︾ ᠶᠢᠨ | ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠣᠳᠣ ᠪᠠᠶᠢᠭ᠎ᠠ ᠴᠢᠳᠠᠪᠤᠷᠢᠲᠠᠨ ᠢᠶᠠᠨ ᠦᠯᠡᠳᠡᠭᠡᠵᠦ ᠬᠥᠮᠦᠵᠢᠭᠦᠯᠬᠦ ᠶᠢ | ᠴᠢᠬᠤᠯᠠᠴᠢᠯᠠᠭᠰᠠᠨ ᠰᠠᠭᠤᠷᠢᠨ ᠳᠡᠭᠡᠷ᠎ᠡ᠂ ︽ᠴᠢᠳᠠᠪᠤᠷᠢᠲᠠᠨ ᠣᠷᠢᠨ ᠣᠷᠣᠭᠤᠯᠬᠤ︾ ᠪᠠᠶᠢᠯᠳᠤᠬᠤ ᠪᠣᠳᠣᠯᠭ᠎ᠠ ᠶᠢ | ᠪᠦᠬᠦ ᠲᠠᠯ᠎ᠠ ᠪᠠᠷ ᠲᠡᠭᠦᠯᠳᠡᠷᠵᠢᠭᠦᠯᠦᠨ ᠠᠬᠢᠭᠤᠯᠵᠤ᠂ ︽ᠤᠶᠠᠨ ᠴᠢᠨᠠᠷᠲᠠᠶ ᠤᠷᠢᠨ ᠤᠷᠤᠭᠤᠯᠬᠤ︾ ᠠᠷᠭ᠎ᠠ ᠶᠢ | ᠵᠣᠬᠢᠰᠲᠠᠶ ᠬᠡᠷᠡᠭᠯᠡᠨ᠂ ᠠᠵᠤ ᠦᠢᠯᠡᠰ ᠤᠨ ᠲᠠᠪᠴᠠᠩ᠂ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ | ᠭᠤᠣᠯᠳᠠᠯᠭ᠎ᠠ ᠲᠠᠢ ᠲᠥᠷᠥᠯ ᠵᠦᠢᠯ ᠳᠤ ᠲᠦᠰᠢᠭᠯᠡᠨ᠂ ᠲᠥᠷᠥᠯ ᠵᠦᠢᠯ᠂ ᠰᠡᠳᠦᠪ᠂ ᠮᠡᠷᠭᠡᠵᠢᠯ ᠤᠨ ᠬᠦᠴᠢᠷ | ᠠᠰᠠᠭᠤᠳᠠᠯ ᠤᠨ ᠳᠠᠭᠠᠭᠠᠴᠢᠯᠠᠯᠲᠠ ᠵᠠᠷᠯᠠᠬᠤ ᠪᠠᠷ ᠬᠤᠯᠪᠣᠭᠠᠰᠤ ᠪᠣᠯᠭᠠᠭᠰᠠᠨ ᠭᠡᠷ᠎ᠡ ᠶᠢᠨ ᠠᠷᠭ᠎ᠠ ᠮᠠᠶ᠋ᠢᠭ ︽ | ᠬᠤᠳᠠᠯᠳᠤᠭᠠᠴᠢᠨ ᠤᠷᠢᠵᠤ ᠣᠶᠤᠨ ᠤᠬᠠᠭᠠᠨ ᠣᠷᠣᠭᠤᠯᠬᠤ︾ ᠶᠢ ᠢᠳᠡᠪᠬᠢᠲᠡᠶ ᠥᠷᠨᠢᠭᠦᠯᠵᠦ᠂ ᠴᠢᠳᠠᠪᠤᠷᠢᠲᠠᠨ | ᠳᠤᠲᠠᠭᠳᠠᠵᠤ ᠪᠠᠶᠢᠭ᠎ᠠ ᠪᠠ ᠪᠦᠲᠦᠴᠡ ᠶᠢᠨ ᠴᠢᠨᠠᠷᠲᠠᠶ ᠵᠥᠷᠢᠴᠡᠯ ᠠᠴᠠ ᠪᠤᠶ ᠪᠣᠯᠤᠭᠰᠠᠨ ᠬᠦᠯᠢᠶᠡᠰᠦᠯᠡᠯ ᠢ | ᠰᠢᠪᠲᠣᠯᠣᠨᠠ᠃ ᠴᠢᠳᠠᠪᠤᠷᠢᠲᠠᠨ ᠤ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠴᠢᠳᠠᠪᠤᠷᠢᠲᠠᠨ ᠬᠥᠮᠦᠵᠢᠭᠦᠯᠬᠦ᠂ | ᠦᠨᠡᠯᠡᠬᠦ᠂ ᠰᠢᠯᠵᠢᠭᠦᠯᠬᠦ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠶᠢ ᠤᠷᠮᠠᠰᠢᠭᠤᠯᠬᠤ ᠵᠢᠴᠢ ᠤᠷᠢᠳᠠᠪᠠᠷ | ᠬᠥᠭᠵᠢᠭᠦᠯᠬᠦ ᠶᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠠᠶᠢᠮᠠᠭ᠂ ᠬᠤᠰᠢᠭᠤ | ᠬᠤᠶᠠᠷ ᠱᠠᠲᠤᠨ ᠤ ᠴᠢᠳᠠᠪᠤᠷᠢᠲᠠᠨ ᠢ ᠤᠷᠢᠨ ᠣᠷᠣᠭᠤᠯᠬᠤ ᠲᠥᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠡᠯ᠎ᠡ | ᠲᠥᠷᠥᠯ ᠤᠨ ᠴᠢᠳᠠᠪᠤᠷᠢᠲᠠᠨ ᠢ ᠣᠷᠢᠨ ᠰᠢᠨ᠎ᠡ ᠶᠢ ᠡᠭᠦᠳᠦᠨ ᠦᠢᠯᠡᠰ ᠪᠣᠰᠬᠠᠬᠤ ︽ᠰᠠᠭᠠᠳ ᠦᠭᠡᠢ ᠵᠠᠮ︾ ᠢ | ᠨᠡᠪᠲᠡᠷᠡᠭᠦᠯᠦᠨ᠎ᠡ᠃ ᠣᠷᠣᠨ ᠨᠤᠲᠤᠭ ᠤᠨ ᠴᠢᠳᠠᠪᠤᠷᠢᠲᠠᠨ ᠢ ᠠᠬᠢᠨ ᠳᠡᠪᠰᠢᠭᠦᠯᠵᠦ ᠬᠥᠮᠦᠵᠢᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠴᠢᠳᠠᠪᠤᠷᠢᠲᠠᠨ ᠤ ᠭᠤᠣᠯᠯᠠᠭᠴᠢ ᠡᠩᠨᠡᠭᠡ ᠶᠢᠨ ᠬᠡᠪᠴᠢᠶ᠎ᠡ ᠶᠢ ᠲᠠᠰᠤᠷᠠᠯᠲᠠ ᠦᠭᠡᠢ | ᠥᠷᠭᠡᠳᠬᠡᠵᠦ᠂ ᠴᠢᠳᠠᠪᠤᠷᠢᠲᠠᠨ ᠤ ᠰᠢᠯᠵᠢᠯᠲᠡ ᠶᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠢ ᠤᠷᠮᠠᠰᠢᠭᠤᠯᠬᠤ | ᠲᠣᠭᠲᠠᠴᠠ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠬᠤ ᠠᠵᠢᠯ ᠬᠢᠬᠦ ᠬᠠᠯᠠᠭᠤᠨ | ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠨ᠎ᠡ᠃ ᠪᠥᠬᠦ ᠬᠤᠰᠢᠭᠤᠨ ᠤ ᠵᠠᠯᠠᠭᠤᠴᠤᠳ ᠤᠨ | ᠬᠥᠭᠵᠢᠯᠲᠡ ᠶᠢᠨ ᠲᠤᠭ᠎ᠠ ᠪᠦᠷᠢᠳᠬᠡᠯ ᠬᠢᠨᠠᠨ ᠬᠡᠮᠵᠢᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠵᠠᠯᠠᠭᠤᠴᠤᠳ ᠤᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠢᠳᠡᠪᠬᠢᠲᠡᠶ ᠠᠬᠢᠭᠤᠯᠵᠤ᠂ | ᠣᠯᠠᠨ ᠠᠴᠠ ᠣᠷᠦ᠋ᠢᠯᠠᠭᠰᠠᠨ ᠨᠠᠩ ᠣᠯᠠᠨ ᠠᠯᠪᠠᠨ ᠲᠤᠰᠢᠶᠠᠯᠲᠠᠨ᠂ ᠣᠷᠣᠨ ᠨᠤᠲᠤᠭ ᠤᠨ ᠠᠵᠤ ᠠᠬᠤᠶᠢᠯᠠᠯᠲᠠᠨ᠂ | ᠲᠤᠰᠬᠠᠶ ᠮᠡᠷᠭᠡᠵᠢᠯ ᠤᠨ ᠠᠵᠢᠯᠲᠠᠨ ᠴᠢᠳᠠᠪᠣᠷᠢᠳᠠᠨ ᠪᠠ ᠰᠢᠨ᠎ᠡ ᠴᠠᠭ ᠦᠶ᠎ᠡ ᠶᠢᠨ ᠮᠠᠯᠴᠢᠨ ᠢ ᠬᠥᠮᠦᠵᠢᠭᠦᠯᠦᠨ᠎ᠡ᠃ |