ᠨᠠᠢᠮᠠᠳᠤᠭᠠᠷ ᠪᠦᠯᠦᠭ ᠥᠨᠳᠥᠷ ᠲᠦᠪᠰᠢᠨ ᠪᠥᠬᠦᠶ ᠨᠡᠭᠡᠭᠡᠯᠲᠡ ᠬᠢᠬᠦ ᠰᠢᠨ᠎ᠡ ᠭᠠᠵᠠᠷ ᠢ ᠪᠠᠶᠢᠭᠤᠯᠣᠨ᠎ᠠ | ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ | ᠪᠦᠲᠦᠭᠡᠨ ᠪᠠᠶᠢᠭᠤᠯᠤᠯᠲᠠ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠲᠢᠶᠠᠨᠵᠢᠨ | ᠾᠧᠪᠸᠢ ᠶᠢ ᠵᠣᠬᠢᠴᠠᠯᠳᠤᠭᠤᠯᠤᠨ ᠬᠥᠭᠵᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ | ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠲᠠᠪᠴᠠᠩ ᠢ ᠪᠠᠶᠢᠭᠤᠯᠵᠤ᠂ ︽ᠬᠤᠶᠠᠷ ᠵᠦᠢᠯ ᠤᠨ ᠡᠬᠢ ᠪᠠᠶᠠᠯᠢᠭ︾᠂ ︽ | ᠬᠤᠶᠠᠷ ᠵᠠᠬ᠎ᠠ ᠳᠡᠯᠭᠡᠭᠦᠷ︾ ᠢ ᠭᠦᠢᠴᠡᠳ ᠠᠰᠢᠭᠯᠠᠨ᠂ ᠠᠵᠤ ᠦᠢᠯᠡᠰ ᠤᠨ ᠲᠤᠯᠭᠠᠭᠤᠷᠢᠯᠠᠯ᠂ ᠲᠦᠬᠦᠭᠡᠷᠦᠮᠵᠢ ᠶᠢᠨ | ᠬᠤᠯᠪᠣᠭᠠᠯᠠᠨ ᠨᠡᠪᠲᠡᠷᠡᠯᠴᠡᠬᠦ᠂ ᠠᠮᠢᠵᠢᠷᠠᠯ ᠤᠨ ᠬᠦᠴᠦᠨ ᠢ ᠪᠤᠢ ᠪᠣᠯᠭᠠᠬᠤ ᠳᠡᠭᠡᠷ᠎ᠡ ᠬᠦᠴᠦ ᠲᠠᠯᠪᠢᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠨᠠᠩ ᠭᠦᠨᠵᠡᠭᠡᠢ ᠠᠭᠤᠰᠤᠯᠴᠠᠨ᠂ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠰᠢᠨ᠎ᠡ ᠳᠠᠪᠠᠭᠤᠯᠢᠭ ᠢ ᠪᠦᠷᠢᠯᠳᠦᠭᠦᠯᠦᠨ᠎ᠡ᠃ | ᠨᠢᠭᠡᠳᠦᠭᠡᠷ ᠬᠡᠰᠡᠭ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ | ᠨᠡᠭᠡᠭᠡᠯᠲᠡ ᠬᠢᠬᠦ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠨᠡᠭᠡᠭᠡᠨ ᠬᠥᠭᠵᠢᠭᠦᠯᠬᠦ ᠪᠠᠷ ᠬᠥᠭᠵᠢᠯᠲᠡ ᠶᠢ | ᠠᠬᠢᠭᠤᠯᠬᠤ ᠶᠢ ᠪᠠᠷᠢᠮᠲᠠᠯᠠᠵᠤ᠂ ᠵᠡᠭᠦᠨ ᠬᠠᠲᠠᠪᠴᠢ ᠶᠢᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠭᠠᠵᠠᠷ ᠢ ᠴᠣᠭᠴᠠᠯᠠᠨ ᠪᠠᠶᠢᠭᠤᠯᠤᠨ᠎ᠠ᠃ | | ᠨᠢᠭᠡ᠂ ᠨᠡᠭᠡᠭᠡᠯᠲᠡ ᠬᠢᠵᠦ ᠬᠠᠮᠲᠤᠷᠠᠯᠴᠠᠬᠤ ᠲᠠᠪᠴᠠᠩ ᠢ ᠪᠠᠶᠢᠭᠤᠯᠣᠨ᠎ᠠ | ︽ᠳᠥᠷᠪᠡᠨ ᠣᠷᠣᠨ︾ ᠤ ᠲᠠᠪᠴᠠᠩ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠣᠲᠣ ᠦᠶ᠎ᠡ ᠶᠢᠨ | ᠪᠣᠳᠠᠰ ᠤᠨ ᠭᠦᠢᠯᠬᠡᠬᠡ᠂ ᠣᠯᠠᠨ ᠤᠯᠤᠰ ᠤᠨ ᠠᠷᠠᠯᠵᠢᠶ᠎ᠠ᠂ ᠬᠢᠯᠢ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ | ᠬᠢᠯᠢ ᠶᠢᠨ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠪᠣᠭᠤᠮᠲᠠ ᠶᠢᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ | ᠬᠠᠳᠠᠪᠴᠢ ᠪᠣᠭᠤᠮᠲᠠ ᠶᠢᠨ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠢ ᠪᠦᠲᠦᠭᠡᠨ | ᠪᠠᠶᠢᠭᠤᠯᠤᠨ᠎ᠠ᠃ ᠵᠡᠭᠦᠨ ᠬᠠᠲᠠᠪᠴᠢ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠭᠲᠠᠭᠠᠮᠵᠢ ᠶᠢ ᠥᠷᠭᠡᠳᠬᠡᠬᠦ ᠶᠢ | ᠠᠬᠢᠭᠤᠯᠵᠤ᠂ ᠭᠠᠷᠠᠮ ᠨᠡᠪᠲᠡᠷᠡᠬᠦ ᠵᠠᠮ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠮᠦᠷ ᠵᠠᠮ ᠤᠨ | ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠭᠦᠷᠡᠰᠦ᠂ ᠲᠦᠭᠦᠬᠡᠶ | ᠴᠢᠯᠠᠭᠤᠨ ᠲᠣᠰᠣᠨ ᠤ ᠪᠣᠳᠠᠰ ᠤᠨ ᠭᠦᠢᠯᠬᠡᠬᠡ ᠶᠢ ᠶᠡᠬᠡᠪᠡᠷ ᠬᠥᠭᠵᠢᠭᠦᠯᠵᠦ᠂ ᠪᠣᠭᠤᠮᠲᠠ ᠶᠢᠨ ᠲᠦᠭᠦᠬᠡᠶ ᠴᠢᠯᠠᠭᠤᠨ | ᠲᠣᠰᠣ ᠨᠥᠭᠡᠴᠡᠯᠡᠬᠦ ᠬᠥᠮᠥᠷᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠴᠢᠨᠠᠷ | ᠰᠠᠶᠢᠲᠠᠶ ᠠᠮᠤ ᠪᠤᠳᠠᠭ᠎ᠠ᠂ ᠲᠡᠵᠢᠭᠡᠯ ᠡᠪᠡᠰᠦ᠂ ᠥᠩᠭᠡᠲᠦ ᠲᠡᠮᠦᠷᠯᠢᠭ ᠵᠡᠷᠭᠡ ᠶᠡᠷᠦᠩᠬᠡᠶᠢᠯᠡᠭᠰᠡᠨ ᠪᠣᠳᠠᠰ ᠤᠨ | ᠭᠦᠢᠯᠭᠡᠭᠡᠨ ᠢ ᠠᠯᠬᠤᠮ ᠠᠯᠬᠤᠮ ᠢᠶᠠᠷ ᠬᠥᠭᠵᠢᠭᠦᠯᠵᠦ᠂ ᠣᠯᠠᠨ ᠤᠯᠤᠰ ᠤᠨ ᠬᠤᠭᠤᠷᠣᠨᠳᠣ ᠰᠣᠯᠢᠯᠴᠠᠬᠤ᠂ | ᠬᠥᠮᠥᠷᠭᠡᠯᠡᠨ ᠲᠡᠭᠡᠭᠡᠪᠦᠷᠢᠯᠡᠬᠦ᠂ ᠬᠢᠯᠢ ᠶᠢᠨ ᠭᠠᠳᠠᠨ᠎ᠠ ᠡᠳ᠋ᠰᠢᠭᠦᠯᠬᠦ᠂ ᠬᠦᠢᠲᠡᠨ ᠬᠡᠯᠬᠢᠶᠡᠲᠦ ᠪᠣᠳᠠᠰ ᠤᠨ ᠭᠦᠢᠯᠬᠡᠬᠡ | ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠶ ᠪᠠᠷ ᠥᠷᠭᠡᠳᠬᠡᠨ᠂ ᠠᠭᠤᠷᠬᠠᠶ ᠶᠢᠨ ᠭᠠᠷᠤᠯᠲᠠ ᠶᠢᠨ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡᠨ ᠤ ᠲᠥᠪ ︵B ᠬᠡᠯᠪᠡᠷᠢ︶ ᠤᠨ ᠲᠥᠷᠥᠯ ᠵᠦᠢᠯ ᠢ ᠲᠦᠷᠭᠡᠳᠬᠡᠨ | ᠪᠠᠶᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠪᠠᠶᠢᠭᠤᠯᠬᠤ ᠪᠠᠷ ᠢᠳᠡᠪᠬᠢᠲᠡᠶ ᠭᠤᠶᠤᠴᠢᠯᠠᠨ | ᠮᠡᠳᠡᠭᠦᠯᠵᠦ᠂ ᠮᠣᠩᠭᠤᠯ ᠤᠯᠤᠰ᠂ ᠵᠡᠭᠦᠨ ᠬᠠᠲᠠᠪᠴᠢ ᠪᠣᠭᠤᠮᠲᠠ᠂ ᠤᠯᠢᠶᠠᠰᠤᠲᠠᠢ ᠠᠵᠤ ᠦᠢᠯᠡᠳᠪᠦᠷᠢ ᠶᠢᠨ | ᠲᠣᠭᠤᠷᠢᠭ᠂ ᠲᠡᠯᠡᠶ ᠳᠠᠭᠠᠤ ᠭᠠᠷᠠᠮ ᠤᠨ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠶᠡᠭᠡ ᠵᠠᠮ ᠢ | ᠨᠡᠪᠲᠡᠷᠡᠭᠦᠯᠦᠨ᠎ᠡ᠃ ᠰᠢᠯᠢ ᠶᠢᠨ ᠭᠤᠣᠯ᠂ ᠤᠯᠠᠭᠠᠨᠬᠠᠳᠠ᠂ ᠲᠦᠩᠯᠢᠶᠣᠤ ᠶᠢᠨ ᠠᠵᠤ ᠠᠬᠤᠢ ᠶᠢᠨ ᠲᠣᠭᠤᠷᠢᠭ᠂ | ᠯᠢᠶᠣᠤᠨᠢᠩ ᠤᠨ ᠪᠠᠷᠠᠭᠤᠨ ᠬᠡᠰᠡᠭ᠂ ᠯᠢᠶᠣᠤᠨᠢᠩ ᠤᠨ ᠳᠤᠮᠳᠠ ᠡᠮᠦᠨᠡᠲᠦ ᠬᠡᠰᠡᠭ ᠤᠨ ᠬᠤᠲᠠ ᠶᠢᠨ ᠪᠦᠯᠦᠭᠵᠢᠯ ᠳᠤ | ᠦᠢᠯᠡᠴᠢᠯᠡᠬᠦ᠂ ᠵᠡᠭᠦᠨ ᠬᠤᠶᠢᠲᠤ ᠣᠷᠣᠨ ᠪᠠ ᠤᠮᠠᠷᠠᠲᠤ ᠣᠷᠣᠨ ᠢ ᠨᠥᠯᠥᠭᠡᠯᠡᠬᠦ ᠣᠯᠠᠨ ᠤᠯᠤᠰ ᠤᠨ ᠪᠣᠳᠠᠰ ᠤᠨ | ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ | ᠬᠠᠳᠠᠪᠴᠢ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ ᠢ ᠪᠦᠲᠦᠭᠡᠨ ᠪᠠᠶᠢᠭᠤᠯᠤᠨ᠎ᠠ᠃ ︽ | ᠬᠠᠮᠢᠶᠠᠷᠴᠤ ᠪᠣᠯᠬᠤ᠂ ᠡᠵᠡᠮᠳᠡᠵᠦ ᠪᠣᠯᠬᠤ᠂ ᠠᠮᠢᠳᠤᠯᠢᠭ ᠪᠣᠯᠭᠠᠬᠤ︾ ᠬᠠᠷᠢᠯᠴᠠᠨ ᠠᠷᠠᠯᠵᠢᠶᠠᠯᠠᠬᠤ ᠵᠠᠬ᠎ᠠ | ᠳᠡᠯᠭᠡᠭᠦᠷ ᠤᠨ ᠠᠷᠠᠯᠵᠢᠶᠠᠨ ᠤ ᠬᠥᠭᠵᠢᠯᠲᠡ ᠶᠢᠨ ᠵᠠᠭᠪᠤᠷ ᠶᠣᠰᠣᠭᠠᠷ᠂ ᠵᠡᠭᠦᠨ ᠬᠠᠲᠠᠪᠴᠢ ᠪᠣᠭᠤᠮᠲᠠ ᠶᠢᠨ ᠬᠢᠯᠢ ᠶᠢᠨ | ᠠᠷᠠᠳ ᠤᠨ ᠬᠠᠷᠢᠯᠴᠠᠨ ᠷᠠᠯᠵᠢᠶᠠᠯᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠶᠡᠷᠦᠩᠬᠡᠶᠢᠯᠡᠭᠰᠡᠨ | ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ᠃ ᠬᠠᠴᠢᠨ ᠴᠢᠯᠠᠭᠤ᠂ ᠭᠠᠷ ᠤᠷᠠᠯᠠᠯ ᠤᠨ ᠪᠦᠲᠦᠭᠡᠭᠳᠡᠬᠦᠨ᠂ | ᠮᠠᠯ ᠤᠨ ᠠᠰᠢᠭ ᠰᠢᠮ᠎ᠡ ᠵᠡᠷᠭᠡ ᠣᠨᠴᠠᠯᠢᠭᠲᠤ ᠲᠠᠸᠠᠷ ᠤᠨ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠶᠢ | ᠲᠦᠷᠭᠡᠳᠬᠡᠨ ᠠᠬᠢᠭᠤᠯᠵᠤ᠂ ᠮᠣᠩᠭᠤᠯ ᠤᠯᠤᠰ ᠠᠴᠠ ᠭᠠᠶᠢᠯᠢ ᠠᠴᠠ ᠬᠡᠯᠲᠦᠷᠢᠭᠦᠯᠦᠭᠰᠡᠨ ᠦᠨᠡᠲᠦ ᠡᠳ᠋ ᠪᠠ | ᠠᠷᠢᠬᠢᠨ ᠤ ᠲᠥᠷᠥᠯ ᠤᠨ ᠠᠷᠠᠯᠵᠢᠶ᠎ᠠ ᠵᠡᠷᠭᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠶ ᠪᠠᠷ ᠣᠷᠣᠭᠤᠯᠤᠨ | ᠠᠪᠴᠢᠷᠠᠵᠤ᠂ ᠴᠠᠭ ᠲᠤᠨᠢ ᠲᠤᠬᠢᠷᠠᠭᠤᠯᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ | ᠳ᠋ᠦᠩᠨᠡᠨ ᠪᠤᠳᠤᠬᠤ ᠲᠥᠪ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ | ᠠᠷᠠᠯᠵᠢᠶᠠᠨ ᠤ ᠬᠢᠨᠠᠨ ᠬᠠᠮᠢᠶᠠᠷᠴᠤ ᠠᠷᠠᠯᠵᠢᠶᠠᠯᠠᠬᠤ ᠲᠥᠪ ᠢ ᠪᠠᠶᠢᠭᠤᠯᠵᠤ᠂ ᠬᠠᠷᠢᠯᠴᠠᠨ ᠠᠷᠠᠯᠵᠢᠶᠠᠯᠠᠬᠤ ᠵᠠᠬ᠎ᠠ | ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠤᠨ᠎ᠠ᠃ | ᠪᠣᠭᠤᠮᠲᠠ ᠶᠢᠨ ᠵᠢᠭᠤᠯᠴᠢᠯᠠᠯ ᠤᠨ ᠣᠷᠣᠨ ᠢ ᠪᠦᠲᠦᠭᠡᠨ ᠪᠠᠶᠢᠭᠤᠯᠤᠨ᠎ᠠ᠃ ᠵᠡᠭᠦᠨ ᠬᠠᠲᠠᠪᠴᠢ ᠤᠯᠤᠰ ᠤᠨ | ᠡᠭᠦᠳᠡ ᠶᠢᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠤᠭᠠᠴᠠᠯ ᠤᠨ | ᠲᠤᠰᠬᠠᠢ ᠵᠠᠮ ᠢ ᠨᠡᠭᠡᠭᠡᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠲᠡᠷᠭᠡ ᠵᠣᠭᠰᠣᠬᠤ ᠦᠢᠯᠡᠴᠢᠯᠡᠭᠡᠨ ᠤ ᠲᠥᠪ ᠢ | ᠪᠠᠶᠢᠭᠤᠯᠤᠨ᠎ᠠ᠃ ᠲᠡᠮᠦᠷ ᠵᠠᠮ ᠤᠨ ᠪᠣᠭᠤᠮᠲᠠ ᠶᠢᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ | ᠴᠠᠭ ᠲᠤᠨᠢ ᠲᠣᠬᠢᠷᠠᠭᠤᠯᠤᠨ ᠠᠬᠢᠭᠤᠯᠬᠤ ᠶᠢᠨ ᠬᠠᠮᠲᠤ᠂ ᠵᠠᠰᠠᠮᠠᠯ ᠵᠠᠮ ᠤᠨ ᠪᠣᠭᠤᠮᠲᠠ ᠶᠢᠨ ᠦᠵᠡᠮᠵᠢ ᠶᠢᠨ ᠣᠷᠣᠨ | ᠲᠠᠢ ᠣᠷᠭᠠᠨᠢᠭ ᠢᠶᠠᠷ ᠵᠣᠯᠭᠠᠭᠤᠯᠣᠨ᠎ᠠ᠃ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠵᠡᠷᠭᠡ | ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠪᠠᠳᠠᠷᠠᠭᠤᠯᠣᠨ᠂ ᠬᠢᠯᠢ ᠬᠢᠵᠠᠭᠠᠷ ᠢ ᠬᠠᠮᠠᠭᠠᠯᠠᠬᠤ | ᠮᠦᠽᠧᠢ᠂ ᠬᠡᠭᠡᠷ᠎ᠡ ᠶᠢᠨ ᠠᠮᠢᠲᠠᠨ ᠤ ᠦᠵᠡᠮᠦᠷᠢ ᠵᠡᠷᠭᠡ ᠣᠨᠴᠠᠯᠢᠭᠲᠤ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠵᠦ᠂ ᠲᠠᠯ᠎ᠠ ᠨᠤᠲᠤᠭ ᠤᠨ ᠦᠩᠭᠡ ᠦᠵᠡᠮᠵᠢ ᠪᠠ ᠬᠢᠯᠢ ᠬᠢᠵᠠᠭᠠᠷ ᠤᠨ ᠦᠩᠭᠡ ᠦᠵᠡᠮᠵᠢ ᠲᠠᠢ | ᠣᠨᠴᠠᠯᠢᠭᠲᠤ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ᠃ | ᠵᠡᠭᠦᠨ ᠬᠠᠲᠠᠪᠴᠢ — ᠪᠢᠴᠢᠭᠲᠦ ᠪᠣᠭᠤᠮᠳᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ | ᠪᠦᠲᠦᠭᠡᠨ ᠪᠠᠶᠢᠭᠤᠯᠤᠨ᠎ᠠ᠃ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ | ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠮᠣᠩᠭᠤᠯ ᠤᠯᠤᠰ ᠶᠢᠨ | ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠣᠷᠣᠨ ᠪᠠᠶᠢᠷᠢ ᠶᠢ ᠵᠥᠪᠳᠡᠯᠴᠡᠨ | ᠲᠣᠭᠲᠠᠭᠠᠨ᠎ᠠ᠃ ᠴᠢᠯᠠᠭᠤᠨ ᠲᠣᠰᠣ᠂ ᠨᠡᠭᠦᠷᠡᠰᠦ᠂ ᠥᠩᠭᠡᠲᠦ ᠲᠡᠮᠦᠷᠯᠢᠭ ᠵᠢᠴᠢ ᠡᠪᠡᠰᠦᠨ ᠲᠡᠵᠢᠭᠡᠯᠲᠦ ᠭᠡᠷ ᠤᠨ | ᠲᠡᠵᠢᠭᠡᠪᠦᠷᠢ ᠵᠡᠷᠭᠡ ᠮᠣᠩᠭᠤᠯ ᠤᠯᠤᠰ ᠤᠨ ᠳᠠᠪᠠᠭᠤᠯᠢᠭ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠲᠣᠭᠤᠷᠢᠨ ᠳᠤ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠠᠷᠢᠯᠢᠭ ᠭᠦᠨᠵᠡᠭᠡᠶ ᠡᠳ᠋ᠰᠢᠭᠦᠯᠬᠦ᠂ ᠲᠦᠭᠦᠬᠡᠶ ᠴᠢᠯᠠᠭᠤᠨ ᠲᠣᠰᠣ | ᠬᠦᠨᠳᠦ ᠲᠣᠰᠣ ᠡᠳ ᠰᠢᠭᠦᠯᠬᠦ ᠵᠡᠷᠭᠡ ᠡᠬᠢ ᠪᠠᠶᠠᠯᠢᠭ ᠤᠨ ᠬᠡᠯᠪᠡᠷᠢ ᠶᠢᠨ ᠡᠳ᠋ᠰᠢᠭᠦᠯᠬᠦ ᠦᠢᠯᠡᠰ᠂ ᠠᠭᠤᠷᠬᠠᠶ ᠶᠢᠨ | ᠮᠠᠰᠢᠨ ᠲᠣᠨᠣᠭᠯᠠᠯ ᠤᠭᠰᠠᠷᠠᠬᠤ ᠵᠢᠴᠢ ᠰᠡᠯᠪᠢᠭ ᠲᠣᠨᠤᠭ ᠦᠢᠯᠡᠳᠪᠦᠷᠢᠯᠡᠬᠦ ᠵᠡᠷᠭᠡ ᠲᠣᠨᠤᠭ ᠲᠥᠬᠦᠭᠡᠷᠦᠮᠵᠢ | ᠦᠢᠯᠡᠳᠬᠦ᠂ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ᠂ ᠬᠥᠯᠳᠡᠭᠡᠵᠦ ᠬᠡᠯᠬᠢᠶᠡᠵᠢᠭᠦᠯᠬᠦ | ᠬᠥᠮᠥᠷᠭᠡᠯᠡᠬᠦ ᠪᠠᠷ ᠣᠨᠴᠠᠯᠢᠭ ᠪᠣᠯᠭᠠᠭᠰᠠᠨ ᠠᠵᠤ ᠦᠢᠯᠡᠰ ᠤᠨ ᠲᠣᠭᠳᠠᠯᠴᠠᠭ᠎ᠠ ᠶᠢ ᠠᠯᠬᠤᠮ ᠠᠯᠬᠤᠮ ᠢᠶᠠᠷ | ᠪᠤᠶᠢᠵᠢᠭᠤᠯᠵᠤ᠂ ᠳᠤᠮᠳᠠᠳᠤ ᠮᠣᠩᠭᠤᠯ ᠤᠨ ᠠᠵᠤ ᠦᠢᠯᠡᠰ ᠤᠨ ᠬᠤᠷᠰᠢᠯᠴᠠᠬᠤ ᠴᠢᠬᠤᠯᠠ ᠰᠠᠭᠤᠷᠢᠨ ᠭᠠᠵᠠᠷ ᠢ ᠪᠦᠬᠦ | ᠬᠦᠴᠦᠨ ᠢᠶᠠᠷ ᠢᠶᠠᠨ ᠪᠠᠶᠢᠭᠤᠯᠤᠨ᠎ᠠ᠃ | ᠬᠤᠶᠠᠷ᠂ ᠠᠵᠤ ᠦᠢᠯᠡᠰ ᠤᠨ ᠲᠥᠪᠯᠡᠷᠡᠯ ᠤᠨ ᠲᠠᠪᠴᠠᠩ ᠢ ᠪᠣᠶ ᠪᠣᠯᠭᠠᠨ᠎ᠠ | ᠪᠣᠭᠤᠮᠲᠠ ᠶᠢᠨ ︽ᠳᠥᠷᠪᠡᠨ ᠲᠣᠭᠤᠷᠢᠭ︾ ᠤᠨ ᠲᠠᠪᠴᠠᠩ ᠳᠤ ᠲᠦᠰᠢᠭᠯᠡᠨ᠂ ᠵᠡᠭᠦᠨ ᠬᠠᠲᠠᠪᠴᠢ | ᠪᠠᠯᠭᠠᠰᠤ ᠶᠢᠨ ᠬᠤᠲᠠ ᠪᠠᠯᠭᠠᠰᠤ ᠶᠢᠨ ᠴᠢᠳᠠᠮᠵᠢ ᠬᠠᠷᠢᠴᠠᠩᠭᠤᠶ ᠲᠡᠭᠦᠯᠳᠡᠷᠵᠢᠵᠦ᠂ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠠᠩᠬ᠎ᠠ ᠠᠯᠬᠤᠮ ᠬᠡᠪᠴᠢᠶᠡᠵᠢᠭᠰᠡᠨ ᠠᠰᠢᠭᠲᠠᠶ ᠨᠥᠬᠦᠴᠡᠯ ᠢ ᠠᠰᠢᠭᠯᠠᠨ᠂ ᠪᠣᠭᠤᠮᠲᠠ ᠶᠢᠨ ᠬᠦᠴᠦᠨ | ᠵᠦᠢᠯ ᠢ ᠲᠥᠪᠯᠡᠷᠡᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠭᠠᠳᠠᠭᠰᠢ ᠨᠡᠬᠡᠬᠡᠯᠲᠡ ᠬᠢᠬᠦ ᠠᠵᠤ | ᠠᠬᠤᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠢᠯᠢ ᠶᠢᠨ ᠠᠷᠠᠯᠵᠢᠶ᠎ᠠ᠂ ᠣᠯᠠᠨ ᠤᠯᠤᠰ ᠤᠨ ᠪᠠᠷᠠᠭᠠᠨ ᠤ | ᠭᠦᠢᠯᠭᠡᠭᠡ᠂ ᠬᠢᠯᠢ ᠠᠯᠤᠰᠯᠠᠭᠰᠠᠨ ᠵᠢᠭᠤᠯᠴᠢᠯᠠᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠵᠤ | ᠡᠳ᠋ᠰᠢᠭᠦᠯᠬᠦ ᠵᠡᠷᠭᠡ ᠠᠵᠤ ᠦᠢᠯᠡᠰ ᠤᠨ ᠲᠣᠭᠤᠷᠢᠨ ᠳᠤ ᠰᠦᠪᠡᠭᠴᠢᠯᠡᠬᠦ ᠪᠠ ᠲᠦᠯᠬᠢᠨ ᠠᠬᠢᠭᠤᠯᠵᠤ᠂ ᠵᠡᠭᠦᠨ | ᠬᠠᠲᠠᠪᠴᠢ ᠪᠣᠭᠤᠮᠲᠠ ᠶᠢᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ | ᠣᠷᠣᠨ ᠪᠦᠰᠡ ᠶᠢᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ ᠢ ᠪᠤᠶ ᠪᠣᠯᠭᠠᠨ᠎ᠠ᠃ | ᠣᠯᠠᠨ ᠤᠯᠤᠰ ᠤᠨ ᠪᠠᠷᠠᠭᠠᠨ ᠤ ᠭᠦᠢᠯᠭᠡᠭᠡ ᠬᠢᠭᠡᠳ ᠦᠢᠯᠡᠴᠢᠯᠡᠭᠡᠨ ᠤ ᠠᠵᠤ ᠦᠢᠯᠡᠰ ᠤᠨ ᠲᠥᠪᠯᠡᠷᠡᠭᠰᠡᠨ | ᠣᠷᠣᠨ᠃ ᠧᠦ᠋ᠷᠣᠫᠠ ᠲᠢᠪ — ᠣᠷᠣᠰ — ᠮᠣᠩᠭᠤᠯ ᠤᠯᠤᠰ — ᠳᠤᠮᠳᠠᠳᠤ ᠤᠯᠤᠰ - ᠶᠠᠫᠣᠨ - ᠺᠣᠷᠢᠶᠠ — | ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠶᠢᠨ ᠣᠯᠠᠨ ᠤᠯᠤᠰ ᠠᠴᠠ ᠪᠣᠳᠠᠰ ᠤᠨ ᠭᠦᠢᠯᠭᠡᠭᠡᠨ ᠤ ᠶᠡᠭᠡ ᠵᠠᠮ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠭᠤᠮᠲᠠ ᠶᠢᠨ ᠳᠣᠲᠣᠷ ᠭᠠᠵᠠᠷ ᠢ ᠬᠤᠯᠪᠣᠭᠰᠠᠨ | ᠪᠣᠳᠠᠰ ᠤᠨ ᠭᠦᠢᠯᠭᠡᠭᠡᠨ ᠤ ᠶᠡᠭᠡ ᠵᠠᠮ ᠢ ᠬᠦᠴᠦᠯᠡᠨ ᠨᠡᠪᠲᠡᠷᠡᠭᠦᠯᠵᠤ᠂ ᠨᠡᠭᠦᠷᠡᠰᠦ ᠲᠦᠭᠦᠬᠡᠢ ᠴᠢᠯᠠᠭᠤᠨ ᠲᠤᠰᠤ ᠵᠡᠷᠭᠡ | ᠡᠬᠢ ᠪᠠᠶᠠᠯᠢᠭ ᠡᠨᠧᠷᠭᠢ ᠶᠢᠨ ᠰᠤᠷᠪᠤᠯᠵᠢ ᠶᠢ ᠭᠤᠣᠯᠳᠠᠯᠭ᠎ᠠ ᠲᠠᠢ ᠬᠥᠭᠵᠢᠭᠦᠯᠵᠤ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠪᠣᠳᠠᠰ ᠤᠨ ᠭᠦᠢᠯᠭᠡᠭᠡ᠂ ᠭᠠᠳᠠᠭᠠᠳᠤ ᠠᠴᠠ ᠠᠮᠤ ᠪᠤᠳᠠᠭ᠎ᠠ ᠣᠷᠣᠭᠤᠯᠬᠤ᠂ ᠲᠡᠵᠢᠭᠡᠯ | ᠡᠪᠡᠰᠦᠨ ᠤ ᠲᠤᠰᠬᠠᠶ ᠪᠣᠳᠠᠰ ᠤᠨ ᠭᠦᠢᠯᠭᠡᠭᠡ᠂ ᠭᠠᠶᠢᠯᠢ ᠦᠭᠡᠢ ᠪᠠᠷᠠᠭᠠᠨ ᠤ ᠭᠦᠢᠯᠭᠡᠭᠡ᠂ ᠡᠯᠧᠺᠲᠷᠣᠨ | ᠬᠤᠳᠠᠯᠳᠤᠭᠠᠨ ᠤ ᠲᠣᠬᠢᠷᠠᠭᠤᠯᠤᠨ ᠬᠦᠷᠭᠡᠬᠦ᠂ ᠬᠤᠲᠠ ᠬᠥᠳᠡᠭᠡ ᠶᠢᠨ ᠲᠣᠬᠢᠷᠠᠭᠤᠯᠤᠨ ᠬᠦᠷᠭᠡᠬᠦ ᠪᠠᠷᠠᠭ᠎ᠠ ᠶᠢᠨ | ᠭᠦᠢᠯᠭᠡᠭᠡ ᠵᠡᠷᠭᠡ ᠬᠦᠷᠢᠶ᠎ᠡ ᠬᠡᠪᠴᠢᠶ᠎ᠡ ᠶᠢ ᠭᠤᠣᠯᠳᠠᠯᠭ᠎ᠠ ᠲᠠᠢ ᠬᠦᠭᠵᠢᠭᠦᠯᠵᠦ᠂ ᠰᠢᠯᠵᠢᠭᠦᠯᠦᠨ ᠬᠤᠪᠢᠶᠠᠵᠤ ᠥᠭᠬᠦ ᠶᠢ | ᠬᠦᠴᠦᠯᠡᠨ ᠪᠣᠶ ᠪᠣᠯᠭᠠᠵᠤ᠂ ᠬᠥᠮᠥᠷᠭᠡᠯᠡᠨ ᠵᠥᠭᠡᠭᠡᠪᠦᠷᠢᠯᠡᠬᠦ᠂ ᠪᠣᠯᠪᠠᠰᠤᠷᠠᠭᠤᠯᠬᠤ ᠥᠷᠲᠡᠭ ᠤᠨ ᠨᠡᠮᠡᠭᠳᠡᠯ ᠢᠶᠠᠷ ᠭᠤᠤᠯ | ᠪᠣᠯᠭᠠᠭᠰᠠᠨ ᠣᠳᠣ ᠦᠶ᠎ᠡ ᠶᠢᠨ ᠪᠣᠳᠠᠰ ᠤᠨ ᠭᠦᠢᠯᠭᠡᠭᠡᠨ ᠤ ᠠᠵᠤ ᠦᠢᠯᠡᠰ ᠤᠨ ᠪᠦᠯᠦᠭᠯᠡᠯ ᠢ ᠴᠣᠭᠴᠠᠯᠠᠨ | ᠪᠠᠶᠢᠭᠤᠯᠵᠣ᠂ ᠪᠣᠭᠤᠮᠲᠠ ᠶᠢᠨ ᠬᠥᠭᠵᠢᠯᠲᠡ ᠶᠢᠨ ᠵᠠᠰᠠᠮᠠᠯ ᠵᠠᠮ ᠂ ᠲᠡᠮᠦᠷ ᠵᠠᠮ ᠤᠨ ᠪᠣᠳᠠᠰ ᠤᠨ ᠭᠦᠢᠯᠭᠡᠭᠡ ᠶᠢᠨ | ᠲᠣᠭᠤᠷᠢᠨ ᠳᠤ᠂ ᠲᠡᠮᠦᠷ ᠵᠠᠮ᠂ ᠵᠠᠰᠠᠮᠠᠯ ᠵᠠᠮ ᠤᠨ ᠲᠡᠭᠡᠭᠡᠪᠦᠷᠢ ᠪᠠᠷ ᠰᠠᠭᠤᠷᠢ ᠪᠣᠯᠭᠠᠭᠰᠠᠨ ᠨᠢᠭᠡ | ᠴᠣᠭᠴᠠᠵᠢᠭᠤᠯᠤᠭᠰᠠᠨ ᠪᠣᠳᠠᠰ ᠤᠨ ᠭᠦᠢᠯᠭᠡᠭᠡᠨ ᠤ ᠦᠢᠯᠡᠴᠢᠯᠡᠭᠡᠨ ᠤ ᠠᠵᠤ ᠦᠢᠯᠡᠰ ᠤᠨ ᠪᠦᠯᠦᠭᠯᠡᠯ ᠢ | ᠪᠦᠷᠢᠯᠳᠦᠭᠦᠯᠦᠨ᠎ᠡ᠃ ᠪᠣᠭᠤᠮᠲᠠ ᠶᠢᠨ ᠪᠣᠳᠠᠰ ᠤᠨ ᠭᠦᠢᠯᠭᠡᠭᠡᠨ᠂ ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡᠨ᠂ | ᠬᠢᠯᠢ ᠠᠯᠤᠰᠯᠠᠭᠰᠠᠨ ᠪᠣᠳᠠᠰ ᠤᠨ ᠭᠦᠢᠯᠭᠡᠭᠡᠨ ᠢ ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠵᠦ᠂ ᠣᠶᠢᠷ᠎ᠠ | ᠬᠠᠪᠢ ᠶᠢᠨ ᠪᠣᠭᠤᠮᠲᠠ ᠶᠢᠨ ᠭᠠᠵᠠᠷ ᠣᠷᠣᠨ ᠢ ᠳᠡᠮᠵᠢᠵᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭ᠎ᠠ ᠶᠢ ᠪᠣᠳᠠᠲᠠᠶᠢᠵᠢᠭᠤᠯᠤᠨ ᠡᠳᠰᠢᠭᠦᠯᠬᠦ ᠶᠢ ᠬᠥᠭᠵᠢᠭᠦᠯᠦᠨ᠂ ᠪᠣᠭᠤᠮᠲᠠ ᠶᠢᠨ ᠳᠠᠪᠠᠭᠤᠯᠢᠭ ᠢ ᠠᠵᠤ ᠠᠬᠤᠶ ᠶᠢᠨ | ᠳᠠᠪᠠᠭᠤᠯᠢᠭ ᠪᠣᠯᠭᠠᠨ ᠬᠤᠪᠢᠷᠠᠭᠤᠯᠵᠤ᠂ ᠵᠠᠮ ᠢᠶᠠᠷ ᠦᠩᠭᠡᠷᠡᠬᠦ ᠠᠵᠤ ᠠᠬᠤᠶ ᠶᠢ ᠨᠤᠲᠤᠭᠰᠢᠭᠰᠠᠨ ᠠᠵᠤ ᠠᠬᠤᠶ | ᠪᠣᠯᠭᠠᠨ ᠬᠤᠪᠢᠷᠠᠭᠤᠯᠤᠨ᠎ᠠ᠃ | ᠣᠯᠠᠨ ᠤᠯᠤᠰ ᠤᠨ ᠠᠷᠠᠯᠵᠢᠶᠠᠨ ᠤ ᠬᠢᠯᠢ ᠶᠢᠨ ᠠᠷᠠᠯᠵᠢᠶᠠᠨ ᠤ ᠠᠵᠤ ᠦᠢᠯᠡᠰ ᠤᠨ ᠲᠥᠪᠯᠡᠷᠡᠭᠰᠡᠨ ᠣᠷᠣᠨ᠃ | ᠠᠷᠠᠯᠵᠢᠶᠠᠨ ᠤ ᠲᠥᠷᠥ ᠶᠢᠨ ᠪᠣᠳᠣᠯᠭ᠎ᠠ ᠶᠢ ᠠᠬᠢᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ᠲᠤᠷᠰᠢᠯᠲᠠ ᠶᠢᠨ | ᠣᠷᠣᠨ ᠤ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠭᠡᠬᠦ︾ ᠪᠠᠶᠢᠭᠤᠯᠤᠯᠲᠠ ᠶᠢ | ᠠᠬᠢᠭᠤᠯᠤᠨ᠂ ︽ᠨᠢᠭᠡ ᠦᠷᠳᠡᠭᠡᠴᠢᠯᠡᠭᠰᠡᠨ ᠮᠠᠶ᠋ᠢᠭ ᠤᠨ ᠠᠵᠢᠯᠯᠠᠭᠠᠨ︾ ᠢ ᠬᠡᠷᠡᠭᠵᠢᠭᠦᠯᠵᠦ᠂ ᠭᠠᠳᠠᠭᠠᠳᠤ ᠠᠵᠤ | ᠠᠬᠤᠶ ᠠᠷᠠᠯᠵᠢᠶᠠᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠳᠣᠭᠢᠷᠠᠭᠤᠯᠬᠤ ᠶᠢ ᠲᠤᠷᠰᠢᠯᠲᠠ ᠶᠢᠨ ᠣᠷᠣᠨ ᠤ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠠᠰᠢ ᠬᠡᠯᠪᠠᠶᠢᠯᠭᠡᠵᠦ᠂ ᠡᠯ᠎ᠡ ᠲᠥᠷᠥᠯ ᠤᠨ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠬᠤ᠂ ᠨᠡᠶᠢᠯᠡᠭᠦᠯᠦᠨ ᠬᠤᠳᠠᠯᠳᠤᠨ ᠠᠪᠬᠤ᠂ | ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠬᠢᠯᠢ ᠶᠢᠨ ᠭᠠᠳᠠᠨ᠎ᠠ ᠪᠠᠯᠠ ᠣᠷᠣᠭᠤᠯᠤᠨ ᠬᠠᠮᠲᠤᠷᠠᠯᠴᠠᠬᠤ ᠶᠢ | ᠳᠡᠮᠵᠢᠨ᠎ᠡ᠃ ᠲᠤᠷᠰᠢᠯᠲᠠ ᠶᠢᠨ ᠣᠷᠣᠨ ᠤ ᠳᠣᠲᠣᠷᠠᠬᠢ ᠰᠢᠨ᠎ᠡ ᠪᠠᠷ ᠪᠤᠶ ᠪᠣᠯᠤᠭᠰᠠᠨ ᠦᠢᠯᠡᠴᠢᠯᠡᠭᠡᠨ ᠤ ᠬᠦᠷᠢᠶᠡᠨ ᠤ | ᠭᠠᠳᠠᠭᠠᠳᠤ ᠭᠠᠷᠭᠠᠯᠲᠠ ᠶᠢ ᠵᠣᠷᠢᠭᠵᠢᠭᠤᠯᠵᠤ᠂ ᠣᠨᠴᠠᠯᠢᠭᠲᠤ ᠦᠢᠯᠡᠴᠢᠯᠡᠭᠡᠨ ᠤ ᠠᠷᠠᠯᠵᠢᠶ᠎ᠠ ᠶᠢᠨ ᠭᠠᠳᠠᠭᠠᠳᠤ | ᠭᠠᠷᠭᠠᠯᠲᠠ ᠶᠢᠨ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠯᠲᠡ ᠶᠢ ᠨᠢ ᠲᠦᠷᠭᠡᠳᠬᠡᠨ᠎ᠡ᠃ ᠵᠡᠭᠦᠨ ᠬᠠᠲᠠᠪᠴᠢ | ᠪᠣᠭᠤᠮᠲᠠ ᠠᠴᠠ ᠤᠯᠢᠶᠠᠰᠤᠲᠠᠢ ᠬᠥᠷᠬᠦ ᠶᠢ ᠬᠢᠯᠢ ᠶᠢᠨ ᠠᠷᠠᠯᠵᠢᠶᠠᠨ ᠤ ᠨᠡᠭᠡᠭᠡᠯᠲᠡ ᠶᠢᠨ ᠣᠷᠣᠨ ᠪᠣᠯᠭᠠᠵᠤ᠂ ᠵᠡᠭᠦᠨ | ᠬᠠᠲᠠᠪᠴᠢ ᠪᠣᠭᠤᠮᠲᠠ ᠠᠴᠠ ᠬᠢᠯᠢ ᠳᠤ ᠣᠷᠣᠵᠤ ᠢᠷᠡᠭᠰᠡᠨ ᠮᠣᠩᠭᠤᠯ ᠤᠯᠤᠰ ᠤᠨ ᠬᠥᠮᠦᠰ ᠵᠢᠴᠢ ᠲᠡᠷᠭᠡ | ᠬᠥᠰᠬᠡ ᠶᠢ ᠤᠯᠢᠶᠠᠰᠤᠲᠠᠢ ᠪᠠᠯᠭᠠᠰᠤ ᠬᠦᠷᠲᠡᠯ᠎ᠡ ᠤᠷᠲᠤᠳᠬᠠᠨ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ | ᠥᠷᠨᠢᠭᠦᠯᠬᠦ ᠶᠢ ᠵᠥᠪᠰᠢᠶᠡᠷᠡᠨ᠎ᠡ᠃ ᠮᠣᠩᠭᠤᠯ ᠤᠯᠤᠰ ᠯᠤᠭ᠎ᠠ ᠶᠢᠨ ᠮᠠᠯ ᠠᠵᠤ ᠠᠬᠤᠶ ᠶᠢᠨ ᠬᠦᠷᠢᠶᠡᠨ ᠳᠠᠬᠢ | ᠬᠤᠷᠰᠢᠯᠴᠠᠭ᠎ᠠ ᠪᠠᠨ ᠴᠢᠩᠭᠠᠳᠬᠠᠵᠤ᠂ ᠠᠮᠢᠳᠤ ᠮᠠᠯ᠂ ᠮᠠᠯ ᠤᠨ ᠠᠰᠢᠭ ᠰᠢᠮ᠎ᠡ᠂ ᠠᠮᠤ ᠪᠤᠳᠠᠭ᠎ᠠ ᠪᠣᠯᠤᠨ ᠲᠡᠵᠢᠭᠡᠯ | ᠡᠪᠡᠰᠦ ᠪᠣᠷᠳᠤᠭ᠎ᠠ ᠶᠢ ᠭᠠᠳᠠᠭᠠᠳᠤ ᠠᠴᠠ ᠣᠷᠣᠭᠤᠯᠬᠤ ᠶᠢ ᠪᠡᠶᠡᠯᠡᠭᠦᠯᠬᠦ ᠪᠠᠷ ᠴᠢᠷᠮᠠᠶᠢᠬᠤ ᠶᠢᠨ ᠬᠠᠮᠲᠤ ᠵᠢᠭᠠᠨ | ᠲᠣᠭᠲᠠᠭᠠᠭᠰᠠᠨ ᠭᠠᠳᠠᠭᠠᠳᠤ ᠠᠴᠠ ᠣᠷᠣᠭᠤᠯᠬᠤ ᠪᠣᠭᠤᠮᠲᠠ ᠪᠣᠯᠭᠠᠬᠤ ᠪᠠᠷ ᠴᠢᠷᠮᠠᠶᠢᠨ᠎ᠡ᠃ ᠠᠮᠢᠳᠤ ᠠᠳᠤᠭᠤᠨ ᠤ | ᠭᠠᠳᠠᠭᠠᠳᠤ ᠠᠴᠠ ᠣᠷᠣᠭᠤᠯᠬᠤ ᠲᠣᠭᠲᠠᠭᠰᠠᠨ ᠪᠣᠭᠤᠮᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠭᠦᠨ | ᠦᠵᠦᠮᠦᠴᠢᠨ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠪᠣᠭᠤᠮᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠲᠥᠪᠯᠡᠷᠡᠭᠰᠡᠨ ᠣᠷᠣᠨ᠃ ᠬᠢᠯᠢ ᠬᠢᠵᠠᠭᠠᠷ ᠤᠨ | ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠢᠳᠡᠪᠬᠢᠲᠡᠶ ᠭᠤᠶᠤᠴᠢᠯᠠᠨ ᠮᠡᠳᠡᠭᠦᠯᠵᠦ᠂ | ᠮᠣᠩᠭᠤᠯ ᠤᠯᠤᠰ ᠯᠤᠭ᠎ᠠ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠯᠠᠨ ᠤᠯᠤᠰ ᠤᠨ | ᠵᠢᠭᠤᠯᠴᠢᠯᠠᠯ ᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠯ᠎ᠠ ᠨᠤᠲᠤᠭ ᠤᠨ | ᠪᠠᠶᠢᠭᠠᠯᠢ ᠶᠢᠨ ᠥᠩᠭᠡ ᠦᠵᠡᠮᠵᠢ ᠪᠠᠷ ᠵᠤᠭᠠᠴᠠᠨ ᠠᠮᠠᠷᠠᠬᠤ᠂ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠣᠶᠣᠯ ᠢ | ᠪᠡᠶᠡᠴᠢᠯᠡᠨ ᠣᠶᠢᠯᠠᠭᠠᠬᠤ᠂ ᠬᠢᠯᠢ ᠬᠢᠵᠠᠭᠠᠷ ᠢᠶᠠᠷ ᠲᠣᠭᠤᠷᠢᠨ ᠦᠵᠡᠬᠦ᠂ ᠬᠢᠯᠢ ᠶᠢᠨ ᠠᠷᠠᠯᠵᠢᠶᠠᠨ ᠤ ᠣᠨᠴᠠᠯᠢᠭᠲᠤ | ᠪᠠᠷᠠᠭ᠎ᠠ ᠬᠤᠳᠠᠯᠳᠤᠨ ᠠᠪᠬᠤ᠂ ᠬᠢᠯᠢ ᠠᠯᠤᠰᠯᠠᠨ ᠥᠪᠡᠰᠦᠪᠡᠨ ᠲᠡᠷᠭᠡ ᠵᠢᠯᠣᠭᠤᠳᠬᠤ ᠵᠡᠷᠭᠡ ᠵᠢᠭᠤᠯᠴᠢᠯᠠᠯ ᠤᠨ | ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠨᠢᠭᠡ ᠪᠦᠯᠦᠭ ᠲᠠᠯ᠎ᠠ ᠨᠤᠲᠤᠭ ᠤᠨ ᠣᠨᠴᠠᠯᠢᠭ ᠢᠶᠠᠷ ᠢᠯᠡ ᠲᠣᠳᠣ | ᠪᠠᠶᠠᠷ ᠳᠤᠷᠠᠰᠬᠠᠯ ᠤᠨ ᠡᠳᠦᠷ ᠤᠨ ᠠᠵᠢᠯᠯᠠᠭ᠎ᠠ ᠶᠢ ᠤᠬᠠᠭᠠᠯᠠᠨ ᠰᠡᠳᠦᠵᠦ᠂ ᠣᠨᠴᠠᠯᠢᠭᠲᠤ ᠵᠢᠭᠤᠯᠴᠢᠯᠠᠯ ᠤᠨ ᠲᠠᠸᠠᠷ ᠢ | ᠨᠡᠭᠡᠭᠡᠨ ᠬᠥᠭᠵᠢᠭᠦᠯᠵᠦ ᠪᠣᠷᠣᠯᠠᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠵᠢᠭᠤᠯᠴᠢᠯᠠᠯ ᠤᠨ ᠠᠵᠤ | ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠲᠤᠷᠰᠢᠯᠲᠠ ᠶᠢᠨ ᠣᠷᠣᠨ ᠢ ᠢᠳᠡᠭᠡᠨ ᠤᠮᠳᠠᠭᠠᠨ᠂ | ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ ᠶᠢ ᠨᠢᠭᠡ ᠴᠣᠭᠴᠠᠵᠢᠭᠤᠯᠤᠭᠰᠠᠨ ᠰᠣᠶᠣᠯ ᠤᠨ ᠣᠶᠢᠯᠠᠭᠠᠯᠲᠠ ᠶᠢᠨ | ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃ | ᠰᠣᠶᠣᠯ ᠤᠨ ᠦᠵᠡᠰᠬᠦᠯᠡᠩ ᠤᠨ ᠠᠵᠤ ᠦᠢᠯᠡᠰ ᠤᠨ ᠲᠥᠪᠯᠡᠷᠡᠭᠰᠡᠨ ᠣᠷᠣᠨ᠃ ︽3 + 3︾ ᠶᠢᠨ | ᠬᠠᠮᠲᠤᠷᠠᠯᠴᠠᠭᠠᠨ ᠤ ᠬᠤᠷᠠᠯ ᠢ ᠢᠳᠡᠪᠬᠢᠲᠡᠶ ᠠᠬᠢᠭᠤᠯᠵᠤ᠂ ᠳᠤᠮᠳᠠᠳᠤ ᠮᠣᠩᠭᠤᠯ ᠤᠨ ᠦᠵᠡᠰᠬᠦᠯᠡᠩ ᠵᠡᠭᠦᠨ | ᠬᠠᠲᠠᠪᠴᠢ ᠪᠣᠭᠤᠮᠲᠠ ᠶᠢᠨ ᠬᠠᠮᠲᠤᠷᠠᠯᠴᠠᠭ᠎ᠠ ᠬᠥᠭᠵᠢᠯᠲᠡ ᠶᠢᠨ ᠶᠠᠷᠢᠶᠠᠨ ᠤ ᠲᠠᠪᠴᠠᠩ᠂ ᠳᠤᠮᠳᠠᠳᠤ ᠤᠯᠤᠰ ᠮᠣᠩᠭᠤᠯ | ᠤᠯᠤᠰ ᠤᠨ ᠦᠵᠡᠰᠬᠦᠯᠡᠩ ᠤᠨ ᠴᠤᠭᠯᠠᠭᠠᠨ ᠵᠡᠭᠦᠨ ᠬᠠᠲᠠᠪᠴᠢ ᠦᠨᠳᠦᠰᠦᠲᠡᠨ ᠤ ᠲᠠᠸᠠᠷ ᠤᠨ ᠠᠷᠠᠯᠵᠢᠶᠠᠨ ᠤ | ᠴᠤᠭᠯᠠᠭᠠᠨ ᠢ ᠰᠠᠶᠢᠲᠤᠷ ᠡᠷᠭᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠲᠤᠷᠰᠢᠯᠲᠠ ᠶᠢᠨ | ᠣᠷᠣᠨ ᠤ ᠨᠥᠯᠥᠭᠡᠯᠡᠬᠦ ᠬᠦᠴᠦᠨ᠂ ᠨᠥᠯᠥᠭᠡᠯᠡᠬᠦ ᠬᠦᠴᠦᠨ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ | ᠴᠢᠩᠭᠠᠷᠠᠭᠤᠯᠵᠤ᠂ ᠪᠣᠭᠤᠮᠲᠠ ᠶᠢᠨ ᠬᠤᠷᠠᠯ ᠦᠵᠡᠰᠬᠦᠯᠡᠩ ᠤᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ | ᠪᠣᠯᠭᠠᠵᠤ᠂ ᠬᠤᠷᠠᠯ ᠦᠵᠡᠰᠬᠦᠯᠡᠩ ᠤᠨ ᠬᠡᠪᠴᠢᠶ᠎ᠡ ᠶᠢ ᠥᠷᠭᠡᠳᠬᠡᠨ᠂ ᠬᠤᠷᠠᠯ ᠦᠵᠡᠰᠬᠦᠯᠡᠩ ᠤᠨ ᠬᠥᠲᠥᠴᠢ ᠠᠵᠤ | ᠠᠬᠤᠶᠢᠯᠠᠯ ᠪᠠ ᠡᠭᠦᠰᠦᠮᠡᠯ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠤᠨ᠎ᠠ᠃ | ᠭᠤᠷᠪᠠ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ | ᠲᠡᠮᠦᠷ ᠵᠠᠮ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︽ | ᠪᠠᠷᠠᠭᠤᠨᠳᠠᠬᠢ ᠱᠤᠭᠤᠮ︾ ᠢ ︽ᠵᠡᠭᠦᠨᠳᠠᠬᠢ ᠱᠤᠭᠤᠮ︾ ᠲᠠᠢ ᠬᠤᠯᠪᠣᠬᠤ ᠢᠨᠵᠧᠨᠧᠷᠢᠩ᠂ ᠪᠠᠷᠠᠭᠤᠨᠳᠠᠬᠢ ᠲᠡᠮᠦᠷ | ᠵᠠᠮ ᠤᠨ ᠳᠥᠷᠪᠡᠳᠦᠭᠡᠷ ᠬᠤᠭᠤᠴᠠᠭᠠᠨ ᠤ ᠢᠨᠵᠧᠨᠧᠷᠢᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠰᠢᠨᠵᠢᠶᠠᠩ ᠳᠤ ᠨᠡᠪᠲᠡᠷᠡᠬᠦ ᠳᠠᠯᠠᠢ ᠳᠤ ᠨᠡᠪᠲᠡᠷᠡᠬᠦ ᠰᠢᠨ᠎ᠡ | ᠵᠠᠮ ᠢ ᠨᠡᠪᠲᠡᠷᠡᠭᠦᠯᠦᠨ᠎ᠡ᠃ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠵᠡᠭᠦᠨ ᠬᠠᠲᠠᠪᠴᠢ ᠪᠣᠭᠤᠮᠲᠠ- ᠪᠢᠴᠢᠭᠳᠦ ᠪᠣᠭᠤᠮᠲᠠ —ᠬᠤᠲ — ᠴᠦᠢᠪᠠᠯᠰᠠᠩ ᠤᠨ ᠬᠢᠯᠢ ᠠᠯᠤᠰᠯᠠᠭᠰᠠᠨ ᠲᠡᠮᠦᠷ | ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠡᠭᠦᠨ ᠬᠠᠲᠠᠪᠴᠢ ᠶᠢᠨ ᠲᠡᠮᠦᠷ ᠵᠠᠮ ᠤᠨ ᠪᠣᠭᠤᠮᠲᠠ ᠶᠢ | ᠨᠡᠪᠲᠡᠷᠡᠭᠦᠯᠬᠦ ᠪᠠᠷ ᠮᠡᠳᠡᠭᠦᠯᠬᠦ ᠠᠵᠢᠯ ᠢ ᠡᠬᠢᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ | ᠲᠡᠮᠦᠷ ᠵᠠᠮ ᠤᠨ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠲᠣᠭᠤᠷᠢᠭ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ ᠵᠡᠭᠦᠨ ᠬᠠᠲᠠᠪᠴᠢ ᠪᠣᠭᠤᠮᠲᠠ — ᠪᠢᠴᠢᠭᠳᠦ ᠪᠣᠭᠤᠮᠲᠠ —ᠪᠠᠷᠠᠭᠤᠬᠤᠷᠲᠤ ᠶᠢᠨ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠵᠠᠰᠠᠮᠠᠯ ᠵᠠᠮ ᠤᠨ | ᠪᠣᠭᠤᠮᠲᠠ ᠶᠢᠨ ᠰᠠᠭᠤᠷᠢ ᠲᠦᠬᠦᠭᠡᠷᠦᠮᠵᠢ ᠪᠠ ᠠᠴᠢᠶᠠᠨ ᠤ ᠲᠡᠷᠭᠡ ᠶᠢᠨ ᠦᠢᠯᠡᠴᠢᠯᠡᠭᠡᠨ ᠤ ᠲᠣᠭᠤᠷᠢᠭ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠪᠣᠭᠤᠮᠲᠠ ᠪᠠᠷ ᠥᠩᠭᠡᠷᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠭᠠᠵᠠᠷ ᠰᠢᠷᠣᠢ ᠶᠢᠨ ᠣᠷᠴᠢᠨ ᠠᠬᠤᠢ ᠶᠢᠨ ᠦᠨᠡᠯᠡᠯᠲᠡ ᠪᠠ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠳᠤᠮᠳᠠᠳᠤ ᠮᠣᠩᠭᠤᠯ ᠣᠷᠣᠰ ᠤᠨ | ᠲᠣᠭᠠᠴᠢᠯᠠᠭᠰᠠᠨ ᠠᠷᠠᠯᠵᠢᠶᠠᠨ ᠤ ᠣᠯᠠᠨ ᠤᠯᠤᠰ ᠤᠨ ᠬᠦᠢᠰᠦ ᠭᠠᠷᠠᠮ + ᠲᠣᠭᠠᠴᠢᠯᠠᠭᠰᠠᠨ ᠲᠣᠷᠭᠠᠨ ᠵᠠᠮ ᠤᠨ | ᠲᠥᠷᠥᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ᠂ ᠤᠶᠤᠨᠲᠤ ᠬᠢᠯᠢ ᠶᠢᠨ ᠪᠣᠭᠤᠮᠲᠠ᠂ ᠤᠶᠤᠨᠲᠤ ᠪᠠᠷᠠᠭᠠᠨ ᠤ | ᠭᠦᠢᠯᠭᠡᠭᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠵᠡᠭᠦᠨ ᠬᠠᠲᠠᠪᠴᠢ ᠬᠢᠯᠢ ᠶᠢᠨ ᠪᠣᠭᠤᠮᠲᠠ ᠪᠠᠷ ᠬᠦᠢᠰᠦ ᠪᠣᠯᠭᠠᠭᠰᠠᠨ ᠲᠣᠭᠠᠴᠢᠯᠠᠭᠰᠠᠨ ᠲᠣᠷᠭᠠᠨ ᠵᠠᠮ ᠢ | ᠪᠠᠶᠢᠭᠤᠯᠤᠨ᠎ᠠ᠃ | ᠳᠥᠷᠪᠡ᠂ ᠪᠣᠭᠤᠮᠲᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠤᠨ᠎ᠠ | ︽ᠤᠯᠤᠰ ᠤᠨ ᠤᠮᠠᠷᠠᠰᠢ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠡᠮᠦᠨ᠎ᠡ ᠹᠷᠣᠨᠲ︾ ᠢ ᠴᠣᠭᠴᠠᠯᠠᠨ | ᠪᠠᠶᠢᠭᠤᠯᠬᠤ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠣᠰᠣᠭᠠᠷ᠂ ᠪᠣᠭᠤᠮᠲᠠ ᠶᠢᠨ ᠬᠥᠭᠵᠢᠯᠲᠡ ᠶᠢᠨ ᠣᠷᠴᠢᠨ | ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠨᠥᠬᠦᠴᠡᠯ ᠢ | ᠰᠠᠶᠢᠵᠢᠷᠠᠭᠤᠯᠤᠨ᠎ᠠ᠃ ︽ᠭᠤᠷᠪᠠᠨ ᠬᠠᠷᠢᠯᠴᠠᠭ᠎ᠠ︾ ᠪᠣᠭᠤᠮᠲᠠ ᠪᠠᠷ ᠥᠩᠭᠡᠷᠡᠬᠦ ᠥᠭᠡᠷᠡᠴᠢᠯᠡᠯᠲᠡ ᠶᠢ ᠭᠦᠨᠵᠡᠭᠡᠶ | ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠲᠣᠭᠲᠠᠴᠠ ᠶᠢ ᠪᠠᠶᠢᠭᠤᠯᠵᠤ᠂ ᠬᠠᠤᠯᠢᠵᠢᠭᠰᠠᠨ᠂ | ᠳᠡᠯᠡᠬᠡᠶᠢᠵᠢᠭᠰᠡᠨ᠂ ᠳᠥᠭᠦᠮᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠡᠭᠦᠯᠳᠡᠷᠵᠢᠭᠦᠯᠦᠨ᠎ᠡ᠃ | ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠣᠯᠠᠨ | ᠤᠯᠤᠰ ᠤᠨ ᠵᠠᠬ᠎ᠠ ᠳᠡᠯᠭᠡᠭᠦᠷ ᠲᠤ ᠥᠷᠢᠰᠥᠯᠳᠦᠬᠦ ᠴᠢᠳᠠᠪᠤᠷᠢ ᠲᠠᠢ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠵᠤ | ᠢᠷᠡᠬᠦ ᠪᠠ ᠪᠤᠶᠢᠵᠢᠭᠤᠯᠦᠨᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠥᠲᠥᠯᠥᠨ | ᠵᠢᠯᠣᠭᠤᠳᠴᠤ ᠪᠠᠶᠢᠭᠠᠳ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠠᠷᠠᠬᠠᠶ ᠡᠵᠡᠩᠨᠡᠯᠲᠡ ᠠᠴᠠ ᠪᠠᠨ ᠬᠤᠷᠰᠢᠨ ᠬᠥᠭᠵᠢᠬᠦ ᠲᠡᠰᠢ | ᠬᠥᠭᠵᠢᠬᠦ ᠶᠢ ᠲᠦᠯᠬᠢᠨ ᠠᠬᠢᠭᠤᠯᠵᠤ᠂ ᠤᠯᠤᠰ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠲᠡᠳᠬᠦᠬᠦ | ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠵᠤ᠂ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠬᠡᠪᠴᠢᠶ᠎ᠡ ᠶᠢ | ᠲᠠᠰᠤᠷᠠᠯᠲᠠ ᠤᠢᠭᠡᠢ ᠥᠷᠭᠡᠳᠬᠡᠨ᠂ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠦᠷᠭᠡᠨ ᠨᠡᠮᠡᠭᠳᠡᠬᠦ ᠶᠢ ᠲᠦᠯᠬᠢᠨ | ᠠᠬᠢᠭᠤᠯᠤᠨ᠎ᠠ᠃ ᠳᠠᠪᠠᠭᠤᠯᠢᠭ ᠠᠵᠤ ᠠᠬᠤᠶᠢᠯᠠᠯ ᠤᠨ ᠮᠣᠩᠭᠤᠯ᠂ ᠣᠷᠣᠰ᠂ ᠳᠤᠮᠳᠠ ᠠᠽᠢᠶ᠎ᠠ ᠵᠡᠷᠭᠡ ᠤᠯᠤᠰ ᠪᠠ | ᠭᠠᠵᠠᠷ ᠣᠷᠣᠨ ᠳᠤ ᠣᠴᠢᠵᠤ ᠵᠠᠬ᠎ᠠ ᠳᠡᠯᠭᠡᠭᠦᠷ ᠨᠡᠭᠡᠭᠡᠬᠦ ᠶᠢ ᠳᠡᠮᠵᠢᠵᠦ᠂ ᠨᠥᠬᠦᠴᠡᠯ ᠲᠠᠢ ᠠᠵᠤ ᠠᠬᠤᠶᠢᠯᠠᠯ ᠤᠨ ︽ | ᠭᠠᠷᠴᠤ ᠶᠠᠪᠤᠬᠤ︾ ᠶᠢ ᠬᠥᠲᠥᠯᠥᠨ ᠵᠢᠯᠣᠭᠤᠳᠴᠤ ᠪᠠᠶᠢᠭᠠᠳ ᠬᠢᠯᠢ ᠶᠢᠨ ᠭᠠᠳᠠᠨ᠎ᠠ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ᠂ ᠦᠢᠯᠡᠳᠪᠦᠷᠢᠯᠡᠵᠦ ᠡᠳ᠋ᠰᠢᠭᠦᠯᠬᠦ ᠪᠠ ᠬᠤᠪᠴᠠᠰᠤ ᠬᠤᠨᠠᠷ ᠤᠨ ᠠᠷᠠᠯᠵᠢᠶᠠᠨ ᠤ ᠰᠠᠭᠤᠷᠢᠨ ᠭᠠᠵᠠᠷ ᠢ | ᠪᠠᠶᠢᠭᠤᠯᠤᠨ᠎ᠠ᠃ ᠮᠥᠩᠭᠦᠨ ᠭᠦᠢᠯᠭᠡᠭᠡ᠂ ᠳᠠᠭᠠᠳᠬᠠᠯ᠂ ᠭᠠᠶᠢᠯᠢ ᠶᠢᠨ ᠶᠠᠪᠤᠳᠠᠯ᠂ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠵᠡᠷᠭᠡ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠯᠢ ᠶᠢᠨ ᠠᠷᠠᠯᠵᠢᠶ᠎ᠠ ᠳᠤ | ᠥᠨᠳᠥᠷ ᠪᠦᠲᠦᠮᠵᠢᠲᠡᠢ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠠᠬᠢᠭᠤᠯᠵᠤ᠂ ᠬᠢᠯᠢ ᠶᠢᠨ ᠳᠣᠲᠣᠷ᠎ᠠ ᠭᠠᠳᠠᠨᠠᠬᠢ ᠶᠢ ᠬᠤᠯᠪᠣᠭᠰᠠᠨ ᠤᠯᠤᠰ ᠤᠨ ᠪᠣᠳᠠᠰ ᠤᠨ ᠭᠦᠢᠯᠭᠡᠭᠡᠨ ᠤ ᠴᠢᠬᠤᠯᠠ | ᠵᠠᠩᠭᠢᠯᠠᠭ᠎ᠠ ᠶᠢᠨ ᠴᠡᠭ ᠢ ᠪᠠᠶᠢᠭᠤᠯᠤᠨ᠎ᠠ᠃ ᠵᠡᠭᠦᠨ ᠬᠠᠲᠠᠪᠴᠢ ᠬᠢᠯᠢ ᠶᠢᠨ ᠪᠣᠭᠤᠮᠲᠠ ᠯᠤᠭ᠎ᠠ ᠶᠢᠨ ᠣᠷᠣᠨ ᠪᠦᠰᠡ ᠶᠢᠨ | ᠳᠣᠲᠣᠷᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ᠂ ᠮᠣᠩᠭᠤᠯ | ᠬᠤᠶᠠᠷ ᠤᠯᠤᠰ ᠤᠨ ᠬᠤᠶᠠᠷ ᠲᠠᠯ᠎ᠠ ᠶᠢᠨ ᠭᠠᠵᠠᠷ ᠣᠷᠣᠨ ᠤ ᠬᠠᠮᠲᠤᠷᠠᠯᠴᠠᠭᠠᠨ ᠤ ᠲᠣᠭᠲᠠᠴᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠎ᠡ᠃ ᠤᠯᠤᠰ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ | ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠲᠤᠷᠰᠢᠯᠲᠠ ᠶᠢᠨ ᠴᠡᠭ ᠤᠨ | ᠬᠤᠲᠠ ᠶᠢᠨ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠰᠦᠪᠡᠭᠴᠢᠯᠡᠨ᠎ᠡ᠃ | ᠬᠤᠶᠠᠳᠤᠭᠠᠷ ᠬᠡᠰᠡᠭ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ | ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠪᠡᠭᠡᠵᠢᠩ ᠲᠢᠶᠠᠨᠵᠢᠨ ᠾᠧᠪᠧᠶ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠡᠭᠦᠨ ᠬᠤᠶᠢᠲᠣ ᠶᠢᠨ ᠭᠤᠷᠪᠠᠨ ᠮᠤᠵᠢ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠵᠡᠷᠭᠡ ᠭᠠᠵᠠᠷ ᠣᠷᠣᠨ ᠤ ᠨᠥᠯᠥᠭᠡᠯᠡᠨ ᠳᠠᠶᠢᠴᠢᠯᠠᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ | ᠠᠵᠤ ᠦᠢᠯᠡᠰ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠤ ᠰᠢᠯᠵᠢᠯᠲᠡ ᠶᠢ ᠥᠨᠳᠥᠷ ᠡᠬᠢᠯᠡᠯᠲᠡ ᠠᠴᠠ ᠵᠠᠯᠭᠠᠨ | ᠠᠪᠴᠤ᠂ ᠲᠡᠷᠢᠭᠦᠨ ᠤ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠨ᠎ᠡ᠃ | ᠨᠢᠭᠡ᠂ ᠰᠢᠯᠢ ᠶᠢᠨ ᠭᠤᠤᠯ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠣᠯᠴᠠᠨ᠎ᠠ | ᠤᠯᠤᠰ ᠤᠨ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ | ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠲᠥᠷᠦ ᠶᠢᠨ ᠪᠣᠳᠣᠯᠭ᠎ᠠ ᠶᠢ ᠲᠦᠯᠬᠢᠨ ᠠᠬᠢᠭᠤᠯᠵᠤ ᠪᠠᠶᠢᠭ᠎ᠠ | ᠠᠵᠠ ᠲᠣᠬᠢᠶᠠᠯ ᠢ ᠡᠵᠡᠮᠳᠡᠨ᠂ ᠵᠡᠭᠦᠨ ᠦᠵᠦᠮᠦᠴᠢᠨ ᠬᠤᠰᠢᠭᠤᠨ ᠤ ᠬᠠᠷᠢᠴᠠᠩᠭᠤᠢ ᠳᠠᠪᠠᠭᠤᠯᠢᠭ ᠲᠤ ᠰᠠᠭᠤᠷᠢᠯᠠᠨ᠂ | ᠰᠢᠯᠢ ᠶᠢᠨ ᠭᠤᠣᠯ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠪᠣᠳᠠᠰ ᠤᠨ ᠭᠦᠢᠯᠭᠡᠭᠡ᠂ ᠵᠤᠭᠠᠴᠠᠯ᠂ ᠴᠡᠪᠡᠷ ᠡᠨᠧᠷᠭᠢ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ᠂ ᠡᠬᠡ | ᠬᠠᠭᠤᠷᠠᠢ ᠶᠢᠨ ᠭᠠᠷᠠᠮ᠂ ᠬᠢᠯᠢ ᠠᠯᠤᠰᠯᠠᠭᠰᠠᠨ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ | ᠥᠷᠨᠢᠭᠦᠯᠦᠨ᠎ᠡ᠃ ᠪᠣᠭᠤᠮᠲᠠ ᠪᠠᠷ ᠲᠦᠰᠢᠭ ᠪᠣᠯᠭᠠᠵᠤ᠂ ᠪᠣᠭᠤᠮᠲᠠ ᠬᠢᠭᠡᠳ ᠳᠣᠲᠣᠷ᠎ᠠ ᠭᠠᠵᠠᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠨ᠎ᠠ᠃ ᠤᠯᠤᠰ ᠤᠨ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ | ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠬᠤ ᠠᠵᠠ | ᠲᠣᠬᠢᠶᠠᠯ ᠢ ᠠᠳᠬᠤᠵᠣ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ᠂ ᠴᠤᠤᠶᠠᠩ᠂ ᠵᠢᠨᠵᠧᠦ ᠵᠡᠷᠭᠡ ᠡᠬᠡ | ᠬᠠᠭᠤᠷᠠᠢ ᠪᠠ ᠳᠠᠯᠠᠢ ᠲᠠᠩᠭᠢᠰ ᠲᠤ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠯᠢᠶᠣᠤᠨᠢᠩ | ᠥᠪᠥᠷ ᠮᠣᠩᠭᠤᠯ ᠤᠨ ᠳᠠᠯᠠᠢ ᠲᠠᠩᠭᠢᠰ ᠡᠬᠡ ᠬᠠᠭᠤᠷᠠᠢ ᠶᠢᠨ ᠨᠡᠭᠡᠭᠡᠯᠲᠡᠲᠦ ᠬᠠᠮᠲᠤᠷᠠᠯᠴᠠᠭᠠᠨ ᠤ ᠲᠤᠷᠰᠢᠯᠲᠠ ᠶᠢᠨ | ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ ᠵᠡᠭᠦᠨ ᠬᠤᠶᠢᠲᠤ ᠣᠷᠣᠨ ᠯᠤᠭ᠎ᠠ ᠶᠢᠨ ᠣᠷᠣᠨ ᠪᠦᠰᠡ ᠶᠢᠨ | ᠠᠵᠤ ᠠᠬᠤᠶ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠢᠯᠠᠩᠭᠤᠶ᠎ᠠ ᠤᠯᠤᠰ ᠤᠨ ᠳᠣᠲᠣᠭᠠᠳᠤ ᠶᠢᠨ ᠵᠠᠮ ᠳᠠᠭᠠᠤ | ᠭᠠᠵᠠᠷ ᠣᠷᠣᠨ ᠨᠤᠭᠤᠳ ᠪᠣᠯ ᠡᠯ᠎ᠡ ᠭᠠᠵᠠᠷ ᠤᠨ ᠪᠣᠳᠠᠰ ᠤᠨ ᠭᠦᠢᠯᠭᠡᠭᠡᠨ ᠤ ᠲᠣᠭᠤᠷᠢᠭ᠂ ᠠᠵᠤ ᠦᠢᠯᠡᠳᠪᠦᠷᠢ ᠶᠢᠨ | ᠲᠣᠭᠤᠷᠢᠭ᠂ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ᠂ | ᠶᠡᠷᠦᠩᠬᠡᠶᠢᠯᠡᠨ ᠪᠠᠲᠤᠯᠠᠬᠤ ᠲᠣᠭᠤᠷᠢᠭ᠂ ᠭᠠᠶᠢᠯᠢ ᠮᠡᠳᠡᠭᠦᠯᠬᠦ ᠪᠣᠳᠠᠰ ᠤᠨ ᠭᠦᠢᠯᠭᠡᠭᠡᠨ ᠤ ᠲᠥᠪ ᠵᠡᠷᠭᠡ | ᠴᠢᠳᠠᠮᠵᠢ ᠪᠠᠷ ᠢᠶᠠᠨ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠬᠤ ᠲᠣᠭᠲᠠᠴᠠ ᠶᠢ ᠪᠡᠶᠡᠯᠡᠭᠦᠯᠦᠨ᠂ | ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠬᠠᠮᠲᠤᠪᠠᠷ ᠡᠳ᠋ᠯᠡᠵᠦ᠂ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠭᠰᠡᠨ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠶ | ᠪᠣᠯᠭᠠᠨ᠎ᠠ᠃ ᠴᠤᠤᠶᠠᠩ᠂ ᠹᠦᠰᠢᠨ᠂ ᠵᠢᠨᠵᠧᠦ ᠯᠦᠭᠡ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠡᠬᠡ ᠬᠠᠭᠤᠷᠠᠢ ᠶᠢᠨ ᠭᠠᠷᠠᠮ ᠤᠨ ᠠᠵᠤ ᠠᠬᠤᠢ ᠶᠢ ᠬᠥᠭᠵᠢᠭᠦᠯᠦᠨ᠎ᠡ᠃ ᠳᠠᠪᠠᠭᠤᠯᠢᠭ ᠠᠵᠤ | ᠠᠬᠤᠶᠢᠯᠠᠯ ᠤᠨ ᠭᠠᠳᠠᠭᠰᠢ ᠭᠠᠷᠴᠤ᠂ ᠪᠦᠯᠬᠦᠮ ᠵᠣᠬᠢᠶᠠᠨ ᠪᠠᠶᠢᠭᠤᠯᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ | ᠣᠷᠣᠯᠴᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠤᠨ᠎ᠠ᠃ ᠲᠦᠩᠯᠢᠶᠣᠤ ᠬᠤᠲᠠ᠂ ᠤᠯᠠᠭᠠᠨᠬᠠᠳᠠ ᠬᠤᠲᠠ᠂ | ᠰᠢᠯᠢ ᠶᠢᠨ ᠭᠤᠣᠯ ᠠᠶᠢᠮᠠᠭ ︵ᠰᠢᠯᠢᠩᠬᠤᠲᠠ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ | ᠬᠤᠰᠢᠭᠤ︶ ᠤᠨ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠨ᠎ᠠ᠃ ᠰᠢᠯᠢ ᠶᠢᠨ | ᠭᠤᠣᠯ ᠠᠶᠢᠮᠠᠭ ᠬᠢᠭᠡᠳ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠪᠣᠭᠤᠮᠲᠠ ᠬᠢᠭᠡᠳ ᠳᠣᠲᠣᠷ ᠭᠠᠵᠠᠷ ᠢ ᠨᠢᠭᠡ | ᠴᠣᠭᠴᠠᠵᠢᠭᠤᠯᠤᠭᠰᠠᠨ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢᠨ ᠣᠷᠣᠨ ᠢ ᠪᠥᠲᠥᠭᠡᠨ | ᠪᠠᠶᠢᠭᠤᠯᠤᠨ᠎ᠠ᠃ | ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠪᠦᠬᠦ | ᠲᠠᠯ᠎ᠠ ᠪᠠᠷ ᠠᠭᠤᠰᠣᠯᠴᠠᠵᠣ᠂ ᠨᠡᠶᠢᠰᠯᠡᠯ ᠤᠨ ᠪᠤᠰᠤ ᠴᠢᠳᠠᠮᠵᠢ ᠶᠢᠨ ᠰᠢᠯᠵᠢᠯᠲᠡ ᠶᠢ ᠢᠳᠡᠪᠬᠢᠲᠡᠢ ᠪᠠᠷ ᠬᠦᠯᠢᠶᠡᠨ | ᠠᠪᠤᠨ᠎ᠠ᠃ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠤᠨ ᠡᠷᠭᠢᠨ ᠲᠣᠭᠤᠷᠢᠨ ᠤ ᠠᠵᠤ ᠠᠬᠤᠢ ᠶᠢᠨ | ᠴᠠᠭᠠᠷᠢᠭ ᠤᠨ ᠬᠠᠮᠵᠢᠯᠴᠠᠨ ᠬᠥᠭᠵᠢᠬᠦ ᠲᠠᠢ ᠵᠣᠯᠭᠠᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠮᠡᠷᠭᠡᠵᠢᠯ᠂ ᠪᠡᠯᠡ | ᠮᠦᠩᠬᠦ᠂ ᠴᠢᠳᠠᠪᠤᠷᠢᠲᠠᠨ ᠵᠡᠷᠭᠡ ᠳᠡᠭᠡᠳᠦ ᠲᠡᠰ ᠤᠨ ᠬᠦᠴᠦᠨ ᠵᠦᠢᠯ ᠤᠨ ᠡᠬᠢ ᠪᠠᠶᠠᠯᠢᠭ ᠢ ᠰᠢᠩᠭᠡᠭᠡᠨ ᠠᠪᠴᠤ᠂ | ᠠᠵᠤ ᠦᠢᠯᠡᠰ ᠤᠨ ᠬᠠᠷᠢᠶ᠎ᠠ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠷᠢᠶ᠎ᠠ ᠭᠠᠵᠠᠷ ᠢ | ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ ᠪᠠ ᠬᠤᠪᠢᠶᠠᠷᠢ ᠬᠡᠯᠲᠡᠰ᠂ ᠰᠤᠳᠤᠯᠤᠨ | ᠨᠡᠭᠡᠭᠡᠬᠦ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠪᠤᠶᠤ ᠠᠵᠤ ᠦᠢᠯᠡᠰ ᠤᠨ ᠬᠤᠯᠪᠣᠭ᠎ᠠ ᠶᠢ ᠲᠡᠳᠡᠨ | ᠣᠷᠣᠭᠤᠯᠵᠤ ᠰᠠᠭᠤᠷᠢᠰᠢᠭᠤᠯᠤᠨ᠎ᠠ᠃ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ | ᠪᠠᠳᠠᠷᠠᠭᠤᠯᠬᠤ᠂ ᠡᠯ᠎ᠡ ᠲᠦᠷᠦᠯ ᠤᠨ ᠡᠯᠧᠮᠧᠨ᠋ᠲ ᠢ ᠡᠮᠬᠢ ᠵᠢᠷᠤᠮ ᠲᠠᠢ ᠪᠠᠷ ᠴᠢᠯᠥᠭᠡᠲᠡᠢ ᠰᠢᠯᠵᠢᠭᠦᠯᠬᠦ ᠪᠠ | ᠰᠢᠯᠢᠳᠡᠭᠵᠢᠭᠦᠯᠦᠨ ᠲᠤᠬᠢᠷᠠᠭᠤᠯᠬᠤ᠂ ᠭᠠᠵᠠᠷ ᠣᠷᠣᠨ ᠤ ᠬᠤᠭᠤᠷᠣᠨᠳᠣ ᠪᠠᠨ ᠰᠠᠶᠢᠨ ᠨᠥᠬᠦᠴᠡᠯᠳᠦᠭᠰᠡᠨ ᠣᠷᠣᠨ | ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠤᠢ ᠪᠣᠯᠭᠠᠨ᠎ᠠ᠃ ᠬᠠᠮᠲᠤᠷᠠᠯᠴᠠᠭᠠᠨ ᠤ ᠬᠡᠪ ᠵᠠᠭᠪᠤᠷ ᠤᠨ | ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠯᠳᠤᠬᠤ ᠪᠤᠳᠤᠯᠭ᠎ᠠ ᠶᠢᠨ ᠪᠡᠯᠡ ᠣᠷᠣᠭᠤᠯᠤᠭᠴᠢᠳ ᠢ ᠲᠠᠲᠠᠵᠤ ᠣᠷᠣᠨ | ᠲᠣᠭᠤᠷᠢᠭ ᠢᠶᠠᠨ ᠬᠠᠮᠲᠤᠷᠠᠨ ᠪᠠᠶᠢᠭᠤᠯᠵᠤ᠂ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠪᠠ ᠰᠣᠶᠣᠯ | ᠵᠢᠭᠤᠯᠴᠢᠯᠠᠯ ᠵᠡᠷᠭᠡ ᠠᠵᠤ ᠦᠢᠯᠡᠰ ᠢ ᠬᠠᠮᠲᠤᠷᠠᠨ ᠬᠥᠭᠵᠢᠭᠦᠯᠵᠦ᠂ ᠡᠬᠢ ᠪᠠᠶᠠᠯᠢᠭ ᠤᠨ ᠡᠯᠧᠮᠧᠨ᠋ᠲ ᠢ ᠡᠮᠬᠢᠯᠡᠨ | ᠨᠡᠶᠢᠯᠡᠭᠦᠯᠬᠦ᠂ ᠠᠵᠤ ᠦᠢᠯᠡᠰ ᠤᠨ ᠪᠠᠶᠢᠷᠢᠰᠢᠯ ᠢ ᠲᠤᠬᠢᠷᠠᠭᠤᠯᠬᠤ᠂ ᠰᠠᠭᠤᠷᠢ ᠲᠥᠬᠦᠭᠡᠷᠦᠮᠵᠢ ᠶᠢ ᠵᠣᠯᠭᠠᠭᠤᠯᠬᠤ᠂ | ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠬᠤ ᠵᠡᠷᠭᠡ ᠲᠠᠯ᠎ᠠ ᠶᠢᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ | ᠴᠢᠩᠭᠠᠳᠬᠠᠨ᠎ᠠ᠃ ᠡᠬᠢ ᠪᠠᠶᠠᠯᠢᠭ ᠢᠶᠠᠷ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤᠪᠠᠷ | ᠣᠯᠵᠠ ᠬᠦᠷᠲᠡᠬᠦ ᠬᠥᠭᠵᠢᠯᠲᠡ ᠶᠢᠨ ᠵᠠᠷᠴᠢᠮ ᠢ ᠪᠠᠷᠢᠮᠲᠠᠯᠠᠨ᠂ ᠳᠡᠭᠡᠳᠤ ᠬᠢᠷᠢ ᠲᠦᠪᠰᠢᠨ ᠪᠦᠬᠦᠢ ᠠᠵᠤ ᠦᠢᠯᠡᠰ ᠤᠨ | ᠳᠠᠭᠠᠭᠠᠨ ᠠᠪᠬᠤ ᠲᠠᠪᠴᠠᠩ ᠢ ᠪᠠᠶᠢᠭᠤᠯᠵᠤ᠂ ᠳᠡᠭᠡᠳᠣ ᠰᠢᠨ᠎ᠡ ᠮᠡᠷᠭᠡᠵᠢᠯ ᠤᠨ ᠠᠵᠤ ᠦᠢᠯᠡᠰ ᠢ ᠣᠷᠣᠭᠤᠯᠤᠨ | ᠠᠪᠴᠢᠷᠠᠨ᠎ᠠ᠃ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠬᠢᠭᠡᠳ ᠠᠵᠤ ᠦᠢᠯᠡᠰ ᠤᠨ ᠳᠡᠰ ᠳᠡᠪᠰᠢᠬᠦ᠂ | ᠠᠵᠤ ᠦᠢᠯᠡᠰ ᠤᠨ ᠤᠷᠲᠤᠳᠬᠠᠯ ᠢ ᠵᠡᠷᠭᠡ ᠳᠤᠨᠢ ᠲᠦᠯᠬᠢᠨ ᠠᠬᠢᠭᠤᠯᠬᠤ ᠶᠢ ᠪᠡᠶᠡᠯᠡᠭᠦᠯᠤᠨ᠎ᠠ᠃ | ᠬᠤᠶᠠᠷ᠂ ᠬᠥᠷᠰᠢ ᠵᠡᠷᠭᠡᠯᠡᠳᠡᠭᠡ ᠭᠠᠵᠠᠷ ᠣᠷᠣᠨ ᠲᠠᠢ ᠬᠠᠮᠵᠢᠯᠴᠠᠨ ᠬᠠᠮᠲᠤᠪᠠᠷ ᠠᠰᠢᠭ ᠬᠦᠷᠲᠡᠬᠦ ᠶᠢ | ᠴᠢᠩᠭᠠᠳᠬᠠᠨ᠎ᠠ | ᠤᠯᠤᠰ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ | ᠪᠠᠶᠢᠷᠢᠰᠢᠯ ᠠᠴᠠ ᠪᠦᠷᠢᠯᠳᠦᠭᠰᠡᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ | ᠬᠥᠷᠰᠢ ᠵᠡᠷᠭᠡᠯᠡᠳᠡᠭᠡ ᠭᠠᠵᠠᠷ ᠣᠷᠣᠨ ᠤ ᠬᠤᠭᠤᠷᠣᠨᠳᠣᠬᠢ ᠲᠥᠯᠥᠪᠵᠢᠭᠦᠯᠭᠡ᠂ ᠠᠵᠤ ᠦᠢᠯᠡᠰ᠂ ᠵᠠᠬ᠎ᠠ ᠳᠡᠯᠭᠡᠭᠦᠷ᠂ | ᠵᠠᠮ ᠬᠠᠷᠢᠯᠴᠠᠭ᠎ᠠ ᠵᠡᠷᠭᠡ ᠬᠦᠷᠢᠶᠡᠨ ᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ᠃ ᠡᠷᠭᠢᠨ ᠲᠣᠭᠤᠷᠢᠨ ᠤ | ᠭᠠᠵᠠᠷ ᠣᠷᠣᠨ ᠤ ᠰᠠᠭᠤᠷᠢ ᠲᠦᠬᠦᠭᠡᠷᠦᠮᠵᠢ ᠶᠢ ᠬᠠᠮᠵᠢᠯᠴᠠᠨ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠲᠡᠮᠦᠷ | ᠵᠠᠮ᠂ ᠵᠠᠰᠠᠮᠠᠯ ᠵᠠᠮ᠂ ᠴᠢᠮᠡᠭᠡ ᠨᠡᠪᠲᠡᠷᠡᠭᠦᠯᠭᠡ ᠵᠡᠷᠭᠡ ᠴᠢᠬᠤᠯᠠ ᠶᠡᠭᠡ ᠪᠠᠷᠢᠯᠭ᠎ᠠ ᠶᠢᠨ ᠲᠦᠬᠦᠭᠡᠷᠦᠮᠵᠢ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠣᠷᠣᠨ ᠪᠦᠰᠡ ᠶᠢᠨ ᠴᠢᠨᠠᠷ ᠰᠠᠶᠢᠲᠠᠶ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠷᠣᠨ ᠪᠦᠰᠡ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ᠂ | ᠣᠷᠣᠨ ᠪᠦᠰᠡ ᠠᠯᠤᠰᠯᠠᠭᠰᠠᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠳᠠᠪᠠᠭᠤᠯᠢᠭ ᠠᠵᠤ ᠦᠢᠯᠡᠰ ᠤᠨ ᠲᠥᠪᠯᠡᠷᠡᠯ ᠢ ᠪᠣᠶ ᠪᠣᠯᠭᠠᠨ᠎ᠠ᠃ | ᠬᠢᠩᠭᠠᠨ ᠠᠶᠢᠮᠠᠭ᠂ ᠲᠦᠩᠯᠢᠶᠣᠤ᠂ ᠤᠯᠠᠭᠠᠨᠬᠠᠳᠠ ᠵᠢᠴᠢ ᠰᠢᠯᠢᠩᠬᠤᠲᠠ᠂ ᠪᠠᠷᠠᠭᠤᠨ ᠦᠵᠦᠮᠦᠴᠢᠨ | ᠬᠤᠰᠢᠭᠤ᠂ ᠠᠪᠠᠭ᠎ᠠ ᠬᠤᠰᠢᠭᠤ ᠵᠡᠷᠭᠡ ᠠᠶᠢᠮᠠᠭ ᠬᠤᠲᠠ᠂ ᠬᠤᠰᠢᠭᠤ ᠰᠢᠶᠠᠨ ᠯᠤᠭ᠎ᠠ ᠶᠢᠨ ᠵᠣᠯᠭᠠᠭᠤᠯᠤᠨ | ᠬᠠᠮᠵᠢᠯᠴᠠᠬᠤ ᠶᠢ ᠭᠦᠨᠵᠡᠭᠡᠶᠢᠷᠡᠭᠦᠯᠵᠦ᠂ ᠪᠣᠭᠤᠮᠲᠠ ᠶᠢᠨ ᠠᠵᠤ ᠠᠬᠤᠶ ᠶᠢᠨ ᠴᠠᠭᠠᠷᠢᠭ ᠤᠨ ᠬᠥᠭᠵᠢᠯᠲᠡ ᠶᠢᠨ | ᠵᠠᠭᠪᠤᠷ ᠲᠤ ᠰᠢᠨ᠎ᠡ ᠶᠢ ᠡᠭᠦᠳᠴᠦ᠂ ᠣᠷᠣᠨ ᠪᠦᠰᠡ ᠶᠢᠨ ᠴᠢᠨᠠᠷᠲᠠᠶ ᠶᠡᠭᠡ ᠬᠡᠮᠵᠢᠶᠡᠨ ᠤ ᠲᠠᠸᠠᠷ ᠪᠠ ᠭᠦᠢᠯᠭᠡᠭᠡᠨ ᠤ | ᠡᠳ᠋ᠰᠢᠭᠦᠯᠬᠦ ᠰᠠᠭᠤᠷᠢᠨ ᠭᠠᠵᠠᠷ ᠢ ᠪᠤᠶ ᠪᠣᠯᠭᠠᠨ᠎ᠠ᠃ ᠰᠢᠯᠢ ᠶᠢᠨ ᠬᠤᠲᠠ᠂ ᠤᠯᠠᠭᠠᠨᠬᠠᠳᠠ ᠬᠤᠲᠠ ᠵᠢᠴᠢ ᠲᠦᠩᠯᠢᠶᠣᠤ | ᠬᠤᠲᠠ ᠵᠡᠷᠭᠡ ᠡᠷᠭᠢᠨ ᠲᠣᠭᠤᠷᠢᠨ ᠤ ᠠᠵᠤ ᠦᠢᠯᠡᠰ ᠤᠨ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ | ︽ᠠᠵᠤ ᠠᠬᠤᠶᠢᠯᠠᠯ ᠪᠦᠯᠬᠦᠮ ᠪᠠᠶᠢᠭᠤᠯᠬᠤ︾ ᠪᠠ ︽ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ︾ | ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠬᠠᠮᠲᠤᠷᠠᠯᠴᠠᠨ ᠬᠠᠮᠲᠤᠪᠠᠷ ᠪᠠᠶᠢᠭᠤᠯᠬᠤ᠂ ᠨᠠᠶᠢᠳᠠᠨ ᠬᠠᠮᠢᠶᠠᠷᠤᠭᠤᠯᠵᠤ ᠪᠦᠲᠦᠭᠡᠨ | ᠪᠠᠶᠢᠭᠤᠯᠬᠤ ᠵᠡᠷᠭᠡ ᠰᠢᠨ᠎ᠡ ᠬᠡᠯᠪᠡᠷᠢ ᠶᠢᠨ ᠬᠠᠮᠲᠤᠷᠠᠯᠴᠠᠬᠤ ᠵᠠᠭᠪᠤᠷ ᠢ ᠰᠦᠪᠡᠭᠴᠢᠯᠡᠵᠦ᠂ ︽ᠬᠠᠷᠢᠶ᠎ᠠ ᠭᠠᠵᠠᠷ ᠤᠨ | ᠠᠵᠤ ᠠᠬᠤᠶ︾ ᠶᠢ ᠡᠮᠬᠢ ᠵᠢᠷᠤᠮ ᠲᠠᠢ ᠪᠠᠷ ᠬᠥᠭᠵᠢᠭᠦᠯᠦᠨ᠂ ︽ᠬᠦᠷᠢᠶᠡᠯᠡᠩ ᠳᠣᠲᠣᠷᠠᠬᠢ ᠬᠦᠷᠢᠶᠡᠯᠡᠩ︾ ᠪᠠ ︽ | ᠬᠠᠮᠲᠤᠪᠠᠷ ᠪᠠᠶᠢᠭᠤᠯᠬᠤ ᠬᠦᠷᠢᠶᠡᠯᠡᠩ︾ ᠢ ᠪᠤᠢ ᠪᠣᠯᠭᠠᠵᠤ᠂ ︽ᠡᠬᠢ ᠪᠠᠶᠠᠯᠢᠭ + ᠪᠡᠯᠡ ᠮᠦᠩᠬᠦ + ᠮᠡᠷᠭᠡᠵᠢᠯ︾ | ᠤᠨ ᠣᠷᠣᠨ ᠪᠦᠰᠡ ᠶᠢᠨ ᠬᠠᠮᠲᠤᠷᠠᠯᠴᠠᠬᠤ ᠵᠠᠭᠪᠤᠷ ᠢ ᠰᠦᠪᠡᠭᠴᠢᠯᠡᠨ᠂ ᠬᠦᠴᠦᠨ ᠵᠦᠢᠯ ᠤᠨ ᠡᠬᠢ ᠪᠠᠶᠠᠯᠢᠭ ᠤᠨ | ᠣᠷᠣᠨ ᠪᠦᠰᠡ ᠠᠯᠤᠰᠯᠠᠨ ᠰᠢᠯᠵᠢᠬᠦ ᠶᠢ ᠠᠬᠢᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠠᠵᠤ ᠦᠢᠯᠡᠰ ᠤᠨ | ᠬᠡᠯᠬᠢᠶᠡᠰᠦ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ | ᠵᠢᠨᠵᠧᠦ ᠭᠠᠷᠠᠮ᠂ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡᠨ ᠤ ᠲᠥᠪ ᠵᠡᠷᠭᠡ ᠬᠠᠮᠢᠶ᠎ᠠ | ᠪᠦᠬᠦᠢ ᠭᠤᠣᠯ ᠴᠣᠭᠴᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠨᠡᠭᠡᠭᠡᠯᠲᠡ | ᠬᠢᠵᠦ ᠬᠠᠮᠲᠤᠷᠠᠯᠴᠠᠬᠤ ᠲᠠᠪᠴᠠᠩ ᠤᠨ ᠰᠢᠨ᠎ᠡ ᠶᠢ ᠡᠭᠦᠳᠦᠨ᠎ᠡ᠃ ᠯᠢᠶᠣᠤᠨᠢᠩ ᠵᠡᠷᠭᠡ ᠬᠥᠷᠰᠢ ᠵᠡᠷᠭᠡᠯᠡᠳᠡᠭᠡ ᠮᠤᠵᠢ | ᠬᠤᠲᠠ ᠯᠤᠭ᠎ᠠ ᠶᠢᠨ ᠰᠠᠭᠤᠷᠢ ᠲᠦᠬᠦᠭᠡᠷᠦᠮᠵᠢ ᠶᠢᠨ ᠬᠤᠯᠪᠣᠭᠠᠯᠠᠨ ᠬᠥᠳᠡᠯᠦᠯᠴᠡᠬᠦ᠂ ᠠᠵᠤ ᠦᠢᠯᠡᠰ ᠤᠨ | ᠵᠠᠯᠭᠠᠯᠳᠤᠭᠤᠯᠬᠤ᠂ ᠵᠠᠬ᠎ᠠ ᠳᠡᠯᠭᠡᠭᠦᠷ ᠤᠨ ᠨᠡᠭᠡᠭᠡᠯᠲᠡ ᠬᠢᠵᠦ ᠠᠭᠤᠰᠤᠯᠴᠠᠬᠤ ᠶᠢ ᠴᠢᠩᠭᠠᠳᠬᠠᠵᠤ᠂ ᠵᠢᠭᠤᠯᠴᠢᠯᠠᠯ ᠤᠨ | ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠣᠯᠢᠯᠴᠠᠭ᠎ᠠ ᠵᠡᠷᠭᠡ | ᠬᠦᠷᠢᠶ᠎ᠡ ᠴᠠᠷᠠᠭ᠎ᠠ ᠳᠤ ᠭᠦᠨᠵᠡᠭᠡᠶ ᠬᠠᠮᠲᠤᠷᠠᠯᠴᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ | ᠠᠰᠢᠭ ᠬᠦᠷᠲᠡᠵᠦ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ᠃ |