ᠶᠢᠰᠦᠳᠦᠭᠡᠷ ᠪᠦᠯᠦᠭ ᠵᠣᠯ ᠵᠢᠷᠭᠠᠯᠲᠤ ᠪᠣᠯᠪᠠᠰᠤᠨ ᠵᠡᠭᠦᠨ ᠦᠵᠦᠮᠦᠴᠢᠨ ᠬᠤᠰᠢᠭᠤ ᠶᠢ ᠬᠦᠴᠦ ᠪᠠᠨ | ᠬᠠᠮᠲᠤᠳᠬᠠᠨ ᠬᠠᠮᠲᠤᠪᠠᠷ ᠪᠠᠶᠢᠭᠤᠯᠣᠨ᠎ᠠ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠰᠠᠭᠤᠷᠢ ᠶᠢ ᠰᠠᠶᠢᠲᠤᠷ ᠪᠠᠲᠤᠯᠠᠵᠤ᠂ ᠠᠷᠠᠳ ᠤᠨ ᠠᠮᠢᠳᠤᠷᠠᠯ ᠤᠨ ᠰᠠᠭᠤᠷᠢ ᠶᠢ ᠪᠠᠲᠤ ᠴᠣᠭᠴᠠᠯᠠᠵᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠰᠠᠶᠢᠲᠤᠷ ᠰᠦᠯᠵᠢᠵᠦ᠂ ᠠᠷᠠᠳ ᠤᠨ ᠠᠮᠢᠳᠤᠷᠠᠯ ᠤᠨ | ᠬᠠᠶᠢᠷ᠎ᠠ ᠰᠡᠳᠬᠢᠯᠭᠡ ᠶᠢ ᠢᠮᠠᠭᠲᠠ ᠪᠠᠲᠤᠯᠠᠵᠤ᠂ ᠠᠵᠢᠯ ᠣᠯᠭᠤᠯᠲᠠ᠂ ᠣᠷᠣᠯᠭ᠎ᠠ ᠶᠢᠨ ᠨᠡᠮᠡᠭᠳᠡᠯ ᠢ ᠳᠣᠪᠤᠶᠢᠯᠭᠠᠵᠤ᠂ | ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠰᠠᠶᠢᠵᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠪᠤᠴᠠ ᠳᠤ ᠡᠯ᠎ᠡ ᠵᠦᠢᠯ ᠤᠨ | ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠡᠷᠭᠢᠯᠡᠬᠦ ᠪᠠᠷ ᠴᠢᠷᠮᠠᠶᠢᠵᠤ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | ᠨᠢᠭᠡᠳᠦᠭᠡᠷ ᠬᠡᠰᠡᠭ ᠴᠢᠨᠠᠷ ᠰᠠᠶᠢᠲᠠᠢ ᠠᠵᠢᠯ ᠣᠯᠭᠤᠯᠲᠠ | ︽ᠦᠢᠯᠡᠰ ᠪᠦᠲᠦᠭᠡᠬᠦ ᠪᠠᠷ ᠠᠵᠢᠯ ᠣᠯᠭᠤᠬᠤ ᠶᠢ ᠳᠠᠶᠢᠴᠢᠯᠠᠬᠤ︾ ᠪᠠᠷ ᠵᠢᠯᠣᠭᠤᠳᠤᠯᠭ᠎ᠠ ᠪᠣᠯᠭᠠᠵᠤ᠂ ᠠᠵᠢᠯ | ᠣᠯᠭᠤᠯᠲᠠ ᠶᠢ ᠠᠬᠢᠭᠤᠯᠬᠤ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠠᠩ ᠲᠣᠪᠤᠶᠢᠮ᠎ᠠ ᠪᠠᠶᠢᠷᠢᠨ ᠳᠤ | ᠲᠠᠯᠪᠢᠵᠤ᠂ ᠮᠠᠨ ᠤ ᠬᠤᠰᠢᠭᠤ ᠪᠠᠨ ︽ᠠᠵᠢᠯ ᠣᠯᠭᠤᠯᠲᠠ ᠶᠢᠨ ᠦᠢᠯᠡᠰ ᠪᠣᠰᠬᠠᠬᠤ ᠵᠢᠱᠢᠶ᠎ᠡ ᠦᠵᠡᠭᠦᠯᠬᠦ ᠬᠤᠰᠢᠭᠤ︾ | ᠪᠣᠯᠭᠠᠨ ᠪᠠᠶᠢᠭᠤᠯᠤᠨ᠎ᠠ᠃ | ᠨᠢᠭᠡ᠂ ᠨᠡᠩ ᠢᠳᠡᠪᠬᠢᠲᠡᠶ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠤᠨ᠎ᠠ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ | ᠠᠵᠢᠯ ᠣᠯᠭᠤᠬᠤ ᠠᠵᠢᠯ ᠤᠨ ᠤᠳᠤᠷᠢᠳᠬᠤ ᠲᠣᠭᠤᠶᠢᠯᠠᠩ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠠᠵᠢᠯ | ᠣᠯᠭᠤᠯᠲᠠ ᠶᠢ ᠬᠢᠨᠠᠨ ᠰᠢᠯᠭᠠᠬᠤ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠤᠨ᠎ᠠ᠃ ᠠᠵᠢᠯ ᠣᠯᠭᠤᠬᠤ | ᠲᠥᠷᠥ ᠶᠢᠨ ᠪᠣᠳᠣᠯᠭ᠎ᠠ ᠬᠢᠭᠡᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ | ᠴᠢᠩᠭᠠᠳᠬᠠᠵᠤ᠂ ᠠᠵᠢᠯ ᠣᠯᠭᠤᠵᠤ ᠠᠳᠠᠯ ᠦᠢᠯᠡᠰ ᠪᠣᠰᠬᠠᠬᠤ ᠢᠳᠡᠪᠬᠢᠲᠡᠶ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠶᠢᠵᠢᠭᠤᠯᠵᠤ᠂ | ᠠᠮᠢᠳᠤᠯᠢᠭ ᠠᠵᠢᠯ ᠣᠯᠭᠤᠯᠲᠠ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠲᠦᠷᠦ ᠶᠢᠨ | ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠨ᠂ ᠤᠯᠠᠨ ᠵᠦᠢᠯ ᠤᠨ ᠬᠡᠯᠪᠡᠷᠢ ᠶᠢᠨ ᠠᠵᠢᠯ ᠣᠯᠭᠤᠯᠲᠠ ᠶᠢ ᠠᠬᠢᠭᠤᠯᠵᠤ | ᠂ ᠠᠵᠤ ᠠᠬᠤᠶᠢᠯᠠᠯ ᠤᠨ ᠭᠤᠣᠯᠳᠠᠯᠭ᠎ᠠ ᠲᠠᠢ ᠪᠦᠬᠦᠯᠢ ᠴᠣᠭᠴᠠ ᠶᠢ ᠰᠢᠩᠭᠡᠭᠡᠨ ᠠᠪᠴᠤ ᠠᠵᠢᠯ ᠣᠯᠭᠤᠬᠤ ᠶᠢ | ᠳᠡᠮᠵᠢᠨ᠎ᠡ᠃ ᠠᠵᠢᠯ ᠣᠯᠭᠤᠬᠤ ᠮᠡᠳᠡᠭᠡ ᠵᠠᠩᠭᠢ ᠶᠢ ᠬᠢᠨᠠᠨ ᠬᠡᠮᠵᠢᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ | ᠂ ᠠᠵᠢᠯ ᠠᠯᠳᠠᠯᠲᠠ ᠶᠢᠨ ᠪᠠᠶᠢᠳᠠᠯ ᠢ ᠬᠥᠳᠡᠯᠦᠩᠭᠦᠶ ᠪᠠᠷ ᠬᠢᠨᠠᠨ ᠬᠡᠮᠵᠢᠬᠦ᠂ ᠲᠥᠰᠦᠭᠡᠯᠡᠵᠦ ᠰᠡᠷᠡᠮᠵᠢᠯᠡᠭᠦᠯᠬᠦ ᠪᠠ | ᠰᠡᠷᠭᠡᠶᠢᠯᠡᠵᠦ ᠲᠣᠬᠢᠷᠠᠭᠤᠯᠤᠨ ᠡᠵᠡᠮᠳᠡᠬᠦ ︽ᠭᠤᠷᠪᠠ ᠶᠢ ᠨᠢᠭᠡ ᠴᠣᠭᠴᠠᠵᠢᠭᠤᠯᠬᠤ︾ ᠠᠵᠢᠯ ᠤᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ | ᠬᠤᠰᠢᠭᠤᠨ ᠤ ᠬᠤᠲᠠ ᠪᠠᠯᠭᠠᠰᠤᠨ ᠤ 5000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.5% ᠠᠴᠠ ᠳᠣᠷᠣᠭᠰᠢ ᠬᠢᠵᠠᠭᠠᠷᠯᠠᠵᠤ᠂ 2500 | ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠨ᠎ᠡ ᠪᠠᠷ ᠨᠡᠮᠡᠭᠳᠡᠭᠦᠯᠦᠨ᠎ᠡ᠃ | ᠬᠤᠶᠠᠷ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ | ᠲᠦᠮᠡᠨ ᠣᠯᠠᠨ ᠢᠶᠠᠷ ᠢᠶᠠᠨ ᠦᠢᠯᠡᠰ ᠪᠣᠰᠬᠠᠵᠣ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ | ᠥᠷᠨᠢᠭᠦᠯᠦᠨ᠂ ︽ᠦᠢᠯᠡᠰ ᠪᠣᠰᠬᠠᠬᠤ ᠬᠡᠯᠪᠡᠷᠢ ᠶᠢᠨ ᠬᠤᠰᠢᠭᠤ ᠰᠢᠶᠠᠨ︾ ᠤ ᠪᠦᠲᠦᠭᠡᠨ ᠪᠠᠶᠢᠭᠤᠯᠤᠯᠲᠠ ᠶᠢ | ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠦᠢᠯᠡᠰ ᠪᠣᠰᠬᠠᠬᠤ ᠳᠤ ᠪᠡᠯᠡ ᠲᠤᠬᠢᠷᠠᠭᠤᠯᠬᠤ ᠳᠤ ᠬᠦᠴᠢᠷᠲᠡᠢ᠂ | ᠪᠣᠱᠤᠭ᠎ᠠ ᠥᠨᠳᠥᠷ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠥᠬᠦᠴᠡᠯ ᠪᠦᠷᠢᠯᠳᠦᠭᠰᠡᠨ ᠦᠶ᠎ᠡ ᠳᠤ | ᠠᠵᠢᠯ ᠣᠯᠭᠤᠬᠤ ᠦᠢᠯᠡᠰ ᠪᠣᠰᠬᠠᠬᠤ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠤᠨ᠎ᠠ᠃ ᠦᠢᠯᠡᠰ ᠪᠣᠰᠬᠠᠬᠤ | ᠰᠠᠭᠤᠷᠢᠨ ᠭᠠᠵᠠᠷ᠂ ᠦᠢᠯᠡᠰ ᠪᠣᠰᠬᠠᠬᠤ ᠲᠣᠭᠤᠷᠢᠭ ᠪᠠ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠵᠡᠷᠭᠡ | ᠰᠢᠨ᠎ᠡ ᠬᠡᠯᠪᠡᠷᠢ ᠶᠢᠨ ᠦᠢᠯᠡᠰ ᠪᠣᠰᠬᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠰ ᠪᠣᠰᠬᠠᠬᠤ | ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠦᠢᠯᠡᠰ ᠪᠣᠰᠬᠠᠬᠤ ᠵᠢᠯᠣᠭᠤᠳᠣᠭᠴᠢ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠂ ᠦᠢᠯᠡᠰ ᠪᠣᠰᠬᠠᠬᠤ ᠵᠢᠯᠣᠭᠤᠳᠣᠭᠴᠢ ᠪᠠᠭᠰᠢ ᠶᠢᠨ ᠦᠢᠯᠡᠴᠢᠯᠡᠭᠡᠨ ᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠦᠢᠯᠡᠰ ᠴᠣᠭᠴᠠᠯᠠᠬᠤ ᠤᠷᠤᠯᠳᠤᠭᠠᠨ᠂ ᠦᠢᠯᠡᠰ ᠪᠣᠰᠬᠠᠵᠣ ᠰᠢᠨ᠎ᠡ ᠶᠢ | ᠡᠭᠦᠳᠬᠦ ᠲᠥᠷᠥᠯ ᠵᠦᠢᠯ ᠢ ᠲᠠᠨᠢᠯᠴᠠᠭᠤᠯᠬᠤ ᠪᠠ ᠦᠷ᠎ᠡ ᠪᠦᠲᠦᠭᠡᠯ ᠢ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠳᠤ | ᠢᠳᠡᠪᠬᠢᠲᠡᠶ ᠣᠷᠣᠯᠴᠠᠨ᠎ᠠ᠃ 2025 ᠣᠨ ᠪᠣᠯᠲᠠᠯ᠎ᠠ᠂ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢ | 5000 ᠲᠦᠮᠡᠨ ᠲᠥᠭᠦᠷᠢᠭ ᠠᠴᠠ ᠳᠡᠭᠡᠭᠰᠢ ᠲᠠᠯᠪᠢᠬᠤ ᠪᠠᠷ ᠴᠢᠷᠮᠠᠶᠢᠨ᠎ᠠ᠃ | ᠭᠤᠷᠪᠠ᠂ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ | ᠠᠳᠬᠤᠨ᠎ᠠ | ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠪᠠ ᠦᠢᠯᠡᠰ ᠪᠣᠰᠬᠠᠬᠤ ᠶᠢ | ᠬᠥᠲᠥᠯᠥᠨ ᠳᠠᠭᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠳᠠᠬᠢᠨ ᠠᠵᠢᠯ ᠣᠯᠭᠤᠬᠤ ᠶᠢ ᠬᠠᠪᠰᠤᠷᠤᠨ ᠲᠡᠳᠬᠦᠬᠦ | ᠠᠵᠢᠯᠯᠠᠭ᠎ᠠ ᠶᠢ ᠬᠡᠷᠡᠭᠵᠢᠭᠦᠯᠦᠨ᠂ ᠠᠵᠤ ᠠᠬᠤᠶᠢᠯᠠᠯ ᠤᠳ ᠤᠨ ᠮᠠᠯᠵᠢᠬᠤ ᠣᠷᠣᠨ ᠤ ᠰᠢᠯᠵᠢᠭᠦᠯᠦᠨ ᠠᠵᠢᠯ ᠣᠯᠭᠤᠬᠤ | ᠬᠥᠳᠡᠯᠮᠦᠷᠢ ᠬᠦᠴᠦᠨ᠂ ᠴᠡᠷᠢᠭ ᠤᠨ ᠠᠯᠪᠠᠨ ᠠᠴᠠ ᠪᠠᠭᠤᠭᠰᠠᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ | ᠠᠯᠳᠠᠭᠰᠠᠳ ᠵᠡᠷᠭᠡ ᠭᠤᠣᠯᠳᠠᠯᠭ᠎ᠠ ᠲᠠᠢ ᠨᠡᠶᠢᠲᠡ ᠴᠣᠭᠴᠠ ᠪᠣᠯᠤᠨ ᠠᠵᠢᠯ ᠣᠯᠬᠤ ᠳᠤ ᠬᠦᠴᠢᠷᠲᠡᠶ ᠬᠥᠮᠦᠰ ᠢ | ᠰᠢᠩᠭᠡᠭᠡᠨ ᠠᠪᠴᠤ ᠠᠵᠢᠯ ᠣᠯᠭᠤᠬᠤ ᠶᠢ ᠢᠳᠡᠪᠬᠢᠲᠡᠶ ᠪᠠᠷ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢ ᠴᠢᠩᠭᠠᠷᠠᠭᠤᠯᠵᠤ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠶᠢ | ᠵᠢᠷᠤᠮᠵᠢᠭᠤᠯᠤᠨ᠎ᠠ᠃ ᠠᠵᠢᠯ ᠣᠯᠬᠤ ᠳᠤ ᠬᠦᠴᠢᠷᠲᠡᠶ ᠬᠥᠮᠦᠰ ᠲᠤ ᠬᠥᠳᠡᠯᠦᠩᠭᠦᠶ ᠬᠠᠮᠢᠶᠠᠷᠤᠯᠲᠠ ᠪᠣᠯᠤᠨ ᠲᠥᠷᠥᠯ | ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠬᠦᠴᠢᠷᠳᠡᠯᠲᠡᠶ ᠭᠡᠷ ᠪᠦᠯᠢ ᠳᠤ ᠠᠳᠠᠭ ᠲᠠᠭᠠᠨ ᠨᠢᠭᠡ | ᠬᠥᠮᠦᠨ ᠳᠤᠨᠢ ᠠᠵᠢᠯ ᠣᠯᠭᠤᠬᠤ ᠶᠢ ᠦᠨᠡᠨᠬᠦ ᠪᠠᠲᠣᠯᠠᠨ᠎ᠠ᠃ ᠡᠮᠡᠭᠲᠡᠶᠢᠴᠦᠳ ᠤᠨ ᠠᠵᠢᠯ ᠣᠯᠭᠤᠯᠲᠠ ᠶᠢᠨ ᠠᠷᠭ᠎ᠠ | ᠵᠠᠮ ᠢ ᠥᠷᠭᠡᠳᠬᠡᠵᠦ᠂ ᠠᠵᠢᠯ ᠣᠯᠭᠤᠯᠲᠠ ᠶᠢᠨ ᠬᠦᠢᠰᠦ ᠢᠯᠭᠠᠯ ᠤᠨ ᠭᠠᠳᠠᠭᠤᠷᠴᠢᠯᠠᠯ ᠢ ᠠᠷᠢᠯᠭᠠᠵᠤ᠂ | ᠡᠮᠡᠭᠲᠡᠶᠢᠴᠦᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ | ᠳᠥᠷᠪᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠭᠲᠠᠴᠠ ᠶᠢ | ᠲᠡᠭᠦᠯᠳᠡᠷᠵᠢᠭᠦᠯᠤᠨ᠎ᠠ | ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠢ ᠪᠥᠭᠡᠳ ᠵᠢᠷᠤᠮᠵᠢᠭᠰᠠᠨ ᠵᠠᠬ᠎ᠠ | ᠳᠡᠯᠭᠡᠭᠦᠷ ᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠯᠮᠦᠷᠢ | ᠬᠦᠴᠦᠨ ᠤ ᠵᠠᠬ᠎ᠠ ᠳᠡᠯᠭᠡᠭᠦᠷ ᠤᠨ ᠠᠮᠢᠳᠤᠯᠢᠭ ᠴᠢᠨᠠᠷ ᠢ ᠴᠢᠩᠭᠠᠳᠬᠠᠵᠤ᠂ ᠬᠥᠳᠡᠯᠮᠦᠷᠢ ᠬᠦᠴᠦᠨ ᠤ ᠴᠢᠯᠥᠭᠡᠲᠡᠢ | ᠰᠢᠯᠵᠢᠬᠦ ᠶᠢ ᠠᠬᠢᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ | ᠰᠢᠰᠲ᠋ᠧᠮ ᠪᠠ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠡᠷᠬᠡ ᠲᠡᠭᠰᠢ ᠪᠠᠷ ᠠᠵᠢᠯ | ᠣᠯᠭᠤᠬᠤ ᠶᠢ ᠨᠥᠯᠥᠭᠡᠯᠡᠬᠦ ᠲᠦᠷᠢᠮ ᠤᠨ ᠬᠠᠷᠰᠢ ᠰᠠᠭᠠᠳ ᠪᠠ ᠠᠵᠢᠯ ᠣᠯᠭᠤᠯᠲᠠ ᠶᠢᠨ ᠭᠠᠳᠠᠭᠤᠷᠴᠢᠯᠠᠯ ᠢ | ᠠᠷᠢᠯᠭᠠᠨ᠎ᠠ᠃ ᠠᠵᠢᠯ ᠲᠥᠷᠥᠯ ᠤᠨ ᠨᠡᠶᠢᠭᠡᠮᠯᠢᠭ ᠤᠨ ᠪᠠᠶᠢᠭᠤᠯᠤᠯᠲᠠ ᠶᠢ ᠳᠡᠮᠵᠢᠵᠦ᠂ ᠵᠠᠰᠠᠭ ᠤᠨ ᠣᠷᠳᠣᠨ᠂ | ᠨᠡᠶᠢᠭᠡᠮᠯᠢᠭ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠤᠭᠤᠷᠣᠨᠳᠣᠬᠢ ᠰᠠᠶᠢᠨ ᠦᠢᠯᠡᠳᠦᠯᠴᠡᠯ ᠢ | ᠠᠬᠢᠭᠤᠯᠤᠨ᠎ᠠ᠃ | ᠲᠠᠪᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠵᠠᠭᠪᠤᠷ ᠤᠨ ᠰᠢᠨ᠎ᠡ ᠶᠢ ᠡᠭᠦᠳᠦᠨ᠎ᠡ | ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠦᠷᠢᠮ ᠢ | ᠬᠡᠷᠡᠭᠵᠢᠭᠦᠯᠵᠦ᠂ ᠶᠡᠭᠡ ᠪᠣᠯᠪᠠᠰᠤᠷᠠᠭᠤᠯᠤᠯ ᠤᠨ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ ᠠᠵᠢᠯ ᠮᠡᠷᠭᠡᠵᠢᠯ ᠤᠨ | ᠬᠢᠷᠢ ᠬᠡᠮ ᠤᠨ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠬᠢᠷᠢ ᠬᠡᠮ ᠤᠨ | ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠠᠵᠤ ᠠᠬᠤᠶᠢᠯᠠᠯ ᠤᠨ ᠵᠠᠬᠢᠶᠠᠯᠠᠭ᠎ᠠ᠂ ᠬᠥᠳᠡᠯᠮᠦᠷᠢᠴᠢᠳ ᠤᠨ | ᠰᠣᠩᠭᠤᠯᠲᠠ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠭᠰᠠᠭᠠᠯᠲᠠ᠂ ᠵᠠᠰᠠᠭ ᠤᠨ ᠣᠷᠳᠣᠨ ᠤ ᠲᠣᠭᠠᠴᠠᠭ᠎ᠠ︾ | ᠶᠢᠨ ᠪᠣᠯᠪᠠᠰᠤᠷᠠᠭᠤᠯᠤᠯ ᠤᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ | ᠪᠣᠯᠪᠠᠰᠤᠷᠠᠭᠤᠯᠤᠯ ᠤᠨ ᠵᠠᠭᠪᠤᠷ ᠢ ᠰᠦᠪᠡᠭᠴᠢᠯᠡᠨ ᠦᠷᠨᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ | ᠨᠠᠰᠤᠨ ᠤ ᠳᠣᠲᠣᠷᠠᠬᠢ ᠪᠣᠯᠪᠠᠰᠤᠷᠠᠭᠤᠯᠤᠯ ᠬᠦᠷᠲᠡᠬᠦ ᠬᠡᠷᠡᠭᠴᠡᠭᠡ ᠱᠠᠭᠠᠷᠳᠠᠯᠭ᠎ᠠ ᠪᠣᠯᠤᠨ ᠠᠵᠢᠯ ᠣᠯᠬᠤ | ᠴᠢᠳᠠᠪᠤᠷᠢ ᠲᠠᠢ ᠭᠤᠣᠯᠳᠠᠯᠭ᠎ᠠ ᠲᠠᠢ ᠬᠥᠮᠦᠰ ᠲᠤ ᠰᠦᠢᠳᠭᠡᠯ ᠬᠤᠷᠢᠶᠠᠬᠤ ᠦᠭᠡᠶ ᠠᠵᠢᠯ ᠤᠨ ᠪᠣᠯᠪᠠᠰᠤᠷᠠᠭᠤᠯᠤᠯ ᠢ | ᠬᠡᠷᠡᠭᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ ᠳᠤ᠂ | ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠨᠡᠶᠢᠲᠡ 1500 | ᠬᠥᠮᠦᠨ ᠣᠷᠣᠯᠴᠠᠵᠤ᠂ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ | ᠪᠣᠯᠪᠠᠰᠤᠷᠠᠯ ᠳᠤ ᠨᠡᠶᠢᠲᠡ 1000 ᠬᠥᠮᠦᠨ ᠣᠷᠣᠯᠴᠠᠵᠤ᠂ ᠦᠢᠯᠡᠰ ᠪᠣᠰᠬᠠᠬᠤ ᠪᠣᠯᠪᠠᠰᠤᠷᠠᠯ ᠳᠤ ᠨᠡᠶᠢᠲᠡ 500 | ᠬᠥᠮᠦᠨ ᠣᠷᠣᠯᠴᠠᠪᠠ᠃ | ᠬᠤᠶᠠᠳᠤᠭᠠᠷ ᠬᠡᠰᠡᠭ ᠣᠳᠣᠬᠢᠴᠢᠯᠠᠭᠰᠠᠨ ᠰᠤᠷᠭᠠᠨ ᠬᠥᠮᠦᠵᠢᠯ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠣᠣᠱᠯᠠᠭᠤᠯᠵᠣ᠂ ᠰᠤᠷᠭᠠᠨ | ᠬᠥᠮᠦᠵᠢᠯ ᠤᠨ ᠲᠡᠷᠢᠭᠦᠨ ᠪᠠᠶᠢᠷᠢᠨ ᠳᠤ ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠢ ᠠᠳᠬᠤᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠡᠩᠴᠡᠭᠦᠷᠢ ᠶᠢ ᠠᠳᠬᠤᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠶᠢ ᠠᠳᠬᠤᠬᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠭᠤᠰᠤᠯᠴᠠᠯ ᠢ ᠠᠳᠬᠤᠬᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠭᠰᠢᠯᠡᠯᠲᠡ ᠶᠢ ᠠᠳᠬᠤᠬᠤ ᠶᠢ ᠪᠠᠷᠢᠮᠲᠠᠯᠠᠵᠤ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ | ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠤᠨ | ᠳᠠᠪᠠᠭᠤᠯᠢᠭ ᠢ ᠪᠠᠳᠠᠷᠠᠭᠤᠯᠵᠤ᠂ ᠨᠠᠰᠤᠨ ᠲᠤᠷᠰᠢᠳᠠ ᠰᠤᠷᠤᠯᠴᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠵᠣᠬᠢᠴᠠᠩᠭᠤᠶ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠰᠤᠷᠤᠯᠴᠠᠬᠤ ᠬᠡᠯᠪᠡᠷᠢ ᠶᠢᠨ ᠨᠡᠶᠢᠭᠡᠮ ᠢ ᠪᠥᠲᠥᠭᠡᠨ ᠪᠠᠶᠢᠭᠤᠯᠤᠨ᠎ᠠ᠃ | ᠨᠢᠭᠡ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠠᠬᠢᠭᠤᠯᠤᠨ᠎ᠠ | ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ | ᠦᠵᠡᠯᠲᠡ ᠪᠠᠷ ᠶᠡᠷᠦᠩᠬᠡᠶᠢᠯᠡᠨ ᠵᠢᠯᠣᠭᠤᠳᠤᠭᠰᠠᠨ ᠳᠣᠮᠳᠠᠳᠣ ᠪᠠᠭ᠎ᠠ ᠬᠡᠤᠬᠡᠳ ᠤᠨ ᠨᠢᠭᠡ ᠴᠣᠭᠴᠠᠵᠢᠭᠰᠠᠨ ᠶᠣᠰᠣ | ᠰᠤᠷᠲᠠᠬᠤᠨ ᠤ ᠬᠥᠮᠦᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠤᠶᠠᠷ ᠰᠠᠨᠠᠯ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠦᠵᠡᠯ ᠰᠠᠨᠠᠭ᠎ᠠ ᠤᠯᠤᠰ | ᠲᠥᠷᠥ ᠶᠢᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ | ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠢ ᠰᠠᠶᠢᠲᠤᠷ | ᠠᠳᠬᠤᠵᠤ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ | ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠦᠨ᠎ᠡ᠃ | ᠬᠤᠶᠠᠷ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ | ᠨᠡᠮᠡᠭᠳᠡᠭᠦᠯᠤᠨ᠎ᠠ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ | ᠬᠠᠷᠠᠭᠠᠯᠵᠠᠯ ᠤᠨ ᠴᠢᠨᠠᠷᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠤᠨ ᠰᠤᠷᠤᠭᠴᠢ ᠨᠢᠭᠡᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠣᠯᠤᠨ | ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ | ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠯᠢᠶᠠᠰᠤᠲᠠᠢ ᠬᠡᠦᠬᠡᠳ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ 2025 ᠣᠨ ᠤ ᠡᠴᠦᠰ ᠪᠣᠯᠬᠤ ᠳᠤ᠂ ᠪᠥᠬᠦ | ᠬᠤᠰᠢᠭᠤᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 85% | ᠠᠴᠠ ᠳᠡᠭᠡᠭᠰᠢ ᠳᠤ ᠬᠦᠷᠦᠭᠦᠯᠦᠨ᠎ᠡ᠃ | ᠭᠤᠷᠪᠠ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠤᠨ᠎ᠠ | ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ | ᠰᠤᠷᠭᠠᠭᠤᠯᠢ ᠡᠷᠭᠢᠯᠡᠬᠦ ᠵᠢᠭᠠᠨ ᠰᠤᠷᠭᠠᠯᠲᠠ ᠶᠢᠨ ᠨᠥᠬᠦᠴᠡᠯ ᠢ ᠰᠠᠶᠢᠵᠢᠷᠠᠭᠤᠯᠤᠨ᠂ ᠰᠤᠷᠭᠠᠨ ᠬᠥᠮᠦᠵᠢᠯ ᠤᠨ ᠮᠡᠳᠡᠭᠡ | ᠵᠠᠩᠭᠢᠵᠢᠯᠲᠠ ᠶᠢᠨ 2.0 ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ᠃ ︽ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠳᠣᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠠᠬᠢᠯᠡᠯᠲᠡ ᠰᠢᠪᠳᠣᠯᠬᠤ | ᠲᠥᠯᠥᠪᠯᠡᠭᠡ ︾ ᠶᠢ ᠦᠷᠭᠦᠯᠵᠢᠯᠡᠨ ᠬᠡᠷᠡᠭᠵᠢᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠴᠢᠨᠠᠷ ᠰᠠᠶᠢᠲᠠᠶ ᠣᠨᠴᠠᠯᠢᠭᠲᠤ ᠬᠥᠭᠵᠢᠯᠲᠡ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠬᠤᠲᠠ | ᠣᠷᠣᠵᠤ ᠬᠦᠯᠦᠰᠦᠨ ᠠᠵᠢᠯ ᠬᠢᠭᠰᠡᠳ ᠤᠨ ᠦᠷ᠎ᠡ ᠬᠡᠦᠬᠡᠳ᠂ ᠮᠠᠯᠵᠢᠬᠤ ᠣᠷᠣᠨ ᠤ ᠭᠡᠷ ᠲᠡᠭᠡᠨ ᠬᠤᠴᠣᠷᠤᠭᠰᠠᠨ | ᠬᠡᠦᠬᠡᠳ ᠪᠠ ᠵᠡᠮᠳᠡᠭ ᠬᠡᠦᠬᠡᠳ᠂ ᠵᠠᠯᠠᠭᠤᠴᠤᠳ ᠪᠠᠭᠠᠴᠤᠳ ᠤᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ | ᠬᠥᠮᠦᠵᠢᠯ ᠬᠦᠷᠲᠡᠬᠦ ᠶᠢ ᠬᠠᠤᠯᠢ ᠶᠣᠰᠣᠭᠠᠷ ᠪᠠᠲᠤᠯᠠᠨ᠎ᠠ᠃ 2025 ᠣᠨ ᠤ ᠰᠡᠭᠦᠯᠴᠢ ᠪᠣᠯᠬᠤ ᠳᠤ᠂ ᠶᠢᠰᠦᠨ ᠵᠢᠯ | ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ ᠶᠢ 100% ᠪᠣᠯᠭᠠᠨ᠎ᠠ᠃ | ᠳᠥᠷᠪᠡ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ | ᠤᠯᠤᠰ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠦᠨ᠂ ᠦᠨᠳᠦᠰᠦᠲᠡᠨ ᠨᠦᠭᠦᠳ ᠤᠨ | ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠦᠨᠳᠦᠰᠦᠨ ᠳᠡᠭᠡᠨ ᠡᠵᠡᠮᠰᠢᠬᠦ | ᠪᠠ ᠬᠡᠷᠡᠭᠯᠡᠬᠦ ᠶᠢ ᠦᠨᠡᠨᠬᠦ ᠪᠠᠲᠤᠯᠠᠨ᠎ᠠ᠃ ᠦᠨᠳᠦᠰᠦᠲᠡᠨ ᠨᠦᠭᠦᠳ ᠤᠨ ᠰᠤᠷᠤᠭᠴᠢᠳ ᠤᠨ ᠨᠢᠭᠡ ᠰᠤᠷᠭᠠᠭᠤᠯᠢ ᠳᠤ | ᠬᠠᠮᠲᠤ ᠶᠢᠨ ᠠᠩᠭᠢ ᠡᠷᠬᠢᠯᠡᠬᠦ ᠶᠢ ᠵᠣᠷᠢᠭᠵᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠬᠡᠯᠡ ᠪᠠᠷ | ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ ᠵᠢᠯᠣᠭᠤᠳᠣᠭᠴᠢ ᠶᠢᠨ ᠲᠦᠷᠢᠮ᠂ ᠰᠢᠯᠵᠢᠯᠲᠡ | ᠶᠢᠨ ᠬᠤᠭᠤᠴᠠᠭᠠᠨ ᠤ ᠬᠤᠤᠰ ᠬᠡᠯᠡᠨ ᠤ ᠪᠠᠭᠰᠢ ᠶᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠎ᠠ᠃ | ᠦᠨᠳᠦᠰᠦᠲᠡᠨ ᠤ ᠰᠤᠷᠭᠠᠨ ᠬᠥᠮᠦᠵᠢᠯ ᠤᠨ ᠦᠢᠯᠡᠰ ᠤᠨ ᠣᠳᠣᠬᠢᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ | ᠲᠠᠪᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠢᠨ᠎ᠡ ᠪᠠᠷ ᠡᠭᠦᠳᠦᠨ ᠬᠥᠭᠵᠢᠭᠦᠯᠦᠨ᠎ᠡ | ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠯᠢ ᠶᠢᠨ ᠭᠤᠤᠯ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠪᠦᠲᠦᠮᠵᠢᠲᠡᠶ ᠵᠣᠯᠭᠠᠭᠤᠯᠬᠤ ᠶᠢ ᠵᠣᠷᠢᠭᠵᠢᠭᠤᠯᠵᠤ᠂ ︽3 + 2 ︾ | ᠤᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠪᠡᠶᠡᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠲᠡᠭᠦᠰᠦᠭᠰᠡᠳ ᠤᠨ ᠰᠤᠷᠭᠠᠭᠤᠯᠢ ᠳᠡᠪᠰᠢᠬᠦ᠂ ᠠᠵᠢᠯ ᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠪᠠ | ᠠᠵᠤ ᠠᠬᠤᠶᠢᠯᠠᠯ ᠤᠨ ᠬᠠᠮᠲᠤᠷᠠᠯᠴᠠᠬᠤ ᠵᠠᠭᠪᠤᠷ ᠲᠤ ᠰᠢᠨ᠎ᠡ ᠶᠢ ᠡᠭᠦᠳᠴᠦ᠂ 2025 ᠣᠨ ᠤ ᠰᠡᠭᠦᠯᠴᠢ ᠪᠣᠯᠬᠤ | ᠳᠤ᠂ ᠰᠤᠷᠭᠠᠭᠤᠯᠢ ᠪᠠ ᠠᠵᠤ ᠠᠬᠤᠶᠢᠯᠠᠯ ᠤᠨ ᠭᠦᠨᠵᠡᠭᠡᠶ ᠬᠠᠮᠲᠤᠷᠠᠯᠴᠠᠬᠤ ᠠᠵᠤ ᠠᠬᠤᠶᠢᠯᠠᠯ ᠤᠨ ᠰᠠᠭᠤᠷᠢᠨ ᠭᠠᠵᠠᠷ | ᠢ 1 ᠪᠠᠶᠢᠭᠤᠯᠬᠤ ᠪᠠᠷ ᠴᠢᠷᠮᠠᠶᠢᠨ᠎ᠠ᠃ ᠬᠤᠤᠰ ᠬᠢᠷᠢ ᠬᠡᠮ ᠲᠠᠢ ᠪᠠᠭᠰᠢ ᠶᠢ ᠬᠥᠮᠦᠵᠢᠭᠦᠯᠬᠦ ᠰᠢᠨ᠎ᠡ ᠲᠣᠭᠲᠠᠴᠠ ᠶᠢ | ᠪᠠᠶᠢᠭᠤᠯᠵᠤ᠂ ︽ ᠬᠤᠤᠰ ᠬᠢᠷᠢ ᠬᠡᠮ ᠲᠠᠢ ︾ ᠪᠠᠭᠰᠢ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ | ᠵᠢᠷᠭᠤᠭ᠎ᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ | 《 ᠬᠤᠰᠢᠭᠤ ᠠᠴᠠ ᠰᠤᠷᠭᠠᠭᠤᠯᠢ ᠶᠢ ᠬᠠᠮᠢᠶᠠᠷᠴᠤ ᠤᠷᠢᠬᠤ 》ᠥᠭᠡᠷᠡᠴᠢᠯᠡᠯᠲᠡ ᠶᠢ ᠪᠥᠬᠦ ᠲᠠᠯ᠎ᠠ ᠪᠠᠷ | ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠭᠰᠢ ᠶᠢᠨ《 ᠠᠳᠠᠯᠢ ᠠᠵᠢᠯ ᠳᠤ | ᠠᠳᠠᠯᠢ ᠬᠥᠯᠥᠰᠥ ᠣᠯᠭᠤᠬᠤ ᠥᠬᠡᠶ 》ᠪᠠᠶᠢᠬᠤ ᠠᠰᠠᠭᠤᠳᠠᠯ ᠢ ᠬᠦᠴᠦᠯᠡᠨ ᠰᠠᠶᠢᠲᠤᠷ ᠰᠢᠶᠳᠪᠦᠷᠢᠯᠡᠨ᠎ᠡ᠃ ᠪᠠᠭᠰᠢ | ᠶᠢᠨ ᠣᠷᠣᠨ ᠲᠤᠭ᠎ᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠬᠢᠨᠠᠨ ᠲᠣᠭᠲᠠᠭᠠᠵᠤ᠂ ᠣᠳᠣ ᠶᠢᠨ ᠪᠠᠶᠢᠭ᠎ᠠ | ᠣᠷᠣᠨ ᠲᠤᠭ᠎ᠠ ᠶᠢᠨ ᠶᠡᠷᠦᠩᠬᠡᠶ ᠬᠡᠮᠵᠢᠶᠡᠨ ᠳᠣᠲᠣᠷ᠎ᠠ᠂ ᠣᠷᠣᠨ ᠲᠤᠭ᠎ᠠ ᠶᠢᠨ ᠦᠯᠡᠳᠡᠭᠡᠯ ᠢ ᠴᠢᠯᠥᠭᠡᠲᠡᠶ ᠪᠠᠶᠢᠯᠭᠠᠨ᠎ᠠ | ᠃ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠪᠠ ᠦᠨᠳᠦᠰᠦᠲᠡᠨ | ᠤ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠪᠠᠭᠰᠢ ᠳᠠᠰᠢ ᠬᠡᠯᠪᠡᠶᠢᠯᠭᠡᠬᠦ ᠶᠢ ᠠᠬᠢᠭᠤᠯᠤᠨ᠎ᠠ᠃ ᠪᠠᠭᠰᠢ ᠶᠢᠨ ᠮᠣᠷᠠᠯ᠂ | ᠪᠠᠭᠰᠢ ᠶᠢᠨ ᠰᠤᠷᠲᠠᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠪᠠᠭᠰᠢ ᠶᠢ ᠪᠣᠯᠪᠠᠰᠤᠷᠠᠭᠤᠯᠤᠨ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠪᠠᠭᠰᠢ ᠶᠢᠨ ᠰᠤᠷᠤᠯᠴᠠᠭᠰᠠᠨ | ᠨᠠᠮᠲᠠᠷ ᠪᠣᠯᠤᠨ ᠲᠤᠰᠬᠠᠶ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠨ᠎ᠡ᠃ 2025 ᠣᠨ ᠤ ᠡᠴᠦᠰ ᠪᠣᠯᠬᠤ | ᠳᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠤᠯᠭ᠎ᠠ ᠶᠢᠨ ᠨᠠᠮᠲᠠᠷ ᠤᠨ | ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ ᠬᠦᠷᠭᠡᠨ᠎ᠡ᠃ | ᠭᠤᠷᠪᠠᠳᠤᠭᠠᠷ ᠬᠡᠰᠡᠭ ᠣᠯᠠᠨ ᠨᠡᠶᠢᠲᠡ ᠶᠢᠨ ᠡᠷᠡᠭᠦᠯ ᠮᠡᠨᠳᠦ | ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ | ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ | ᠤᠨ ᠦᠶᠯᠡᠰ ᠤᠨ ᠬᠥᠭᠵᠢᠯᠲᠡ ᠶᠢᠨ ᠲᠡᠩᠴᠡᠭᠦᠷᠢ ᠥᠬᠡᠶ ᠭᠦᠶᠴᠡᠳ ᠥᠬᠡᠶ ᠪᠠᠶᠢᠬᠤ ᠵᠥᠷᠢᠴᠡᠯ ᠢ ᠨᠠᠮᠳᠠᠭᠤᠯᠵᠤ᠂ | ᠠᠷᠠᠳ ᠣᠯᠠᠨ ᠳᠤ ᠡᠷᠬᠡ ᠲᠡᠭᠰᠢ᠂ ᠰᠢᠰᠲ᠋ᠧᠮ ᠲᠠᠢ ᠦᠷᠭᠦᠯᠵᠢᠯᠡᠭᠰᠡᠨ ᠡᠷᠡᠭᠦᠯ ᠮᠡᠨᠳᠦ ᠶᠢᠨ ᠦᠶᠯᠡᠴᠢᠯᠡᠭᠡ ᠶᠢ | ᠡᠳ᠋ᠯᠡᠭᠦᠯᠵᠦ᠂ ᠡᠷᠡᠭᠦᠯ ᠡᠩᠬᠡ ᠵᠡᠭᠦᠨ ᠦᠵᠦᠮᠦᠴᠢᠨ ᠢ ᠪᠥᠲᠥᠭᠡᠨ ᠪᠠᠶᠢᠭᠤᠯᠤᠨ᠎ᠠ᠃ | ᠨᠢᠭᠡ᠂ ᠡᠮᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠤᠨ᠎ᠠ | ᠡᠮᠴᠢᠯᠡᠭᠡ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠵᠦ ᠬᠠᠮᠲᠤ ᠪᠠᠷ ᠡᠳ᠋ᠯᠡᠬᠦ ᠶᠢ | ᠲᠦᠷᠭᠡᠪᠴᠢᠯᠡᠨ ᠪᠡᠶᠡᠯᠡᠭᠦᠯᠵᠦ᠂《 ᠢᠨᠲ᠋ᠧᠷ ᠰᠦᠯᠵᠢᠶ᠎ᠡ + 》ᠡᠮ ᠤᠨ ᠵᠦᠶᠯ ᠤᠨ ᠬᠠᠩᠭᠠᠯᠭ᠎ᠠ ᠶᠢ ᠪᠠᠲᠤᠯᠠᠬᠤ | ᠦᠶᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠤᠨ᠂《 ᠢᠨᠲ᠋ᠧᠷ ᠰᠦᠯᠵᠢᠶ᠎ᠡ + 》ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠤᠨ᠂ ᠠᠯᠤᠰ ᠡᠵᠡᠮᠰᠢᠯᠲᠦ ᠡᠮᠴᠢᠯᠡᠭᠡᠨ ᠤ ᠦᠶᠯᠡᠴᠢᠯᠡᠭᠡ ᠥᠷᠨᠢᠭᠦᠯᠦᠨ᠎ᠡ᠃ ᠢᠨᠲ᠋ᠧᠷ | ᠰᠦᠯᠵᠢᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢ ᠠᠬᠢᠭᠤᠯᠵᠤ᠂《 ᠢᠨᠲ᠋ᠧᠷ ᠰᠦᠯᠵᠢᠶ᠎ᠡ + 》ᠬᠡᠷ | ᠪᠦᠯᠢ ᠶᠢᠨ ᠡᠮᠴᠢ ᠶᠢᠨ ᠭᠡᠷ᠎ᠡ ᠲᠣᠭᠳᠠᠬᠤ ᠦᠶᠯᠡᠴᠢᠯᠡᠭᠡ ᠶᠢ ᠠᠯᠬᠤᠮ ᠠᠯᠬᠤᠮ ᠢᠶᠠᠷ ᠥᠷᠨᠢᠭᠦᠯᠦᠨ᠂ ᠰᠦᠯᠵᠢᠶᠡᠨ | ᠳᠡᠭᠡᠷ᠎ᠡ ᠡᠷᠡᠭᠦᠯ ᠮᠡᠨᠳᠦ ᠶᠢᠨ ᠡᠮᠴᠢᠯᠡᠭᠡᠨ ᠤ ᠦᠶᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ | ᠴᠢᠳᠠᠮᠵᠢ ᠶᠢ ᠠᠯᠬᠤᠮ ᠠᠯᠬᠤᠮ ᠢᠶᠠᠷ ᠥᠷᠭᠡᠳᠬᠡᠨ᠂ 《 ᠢᠨᠲ᠋ᠧᠷ ᠰᠦᠯᠵᠢᠶ᠎ᠡ + 》 ᠡᠮᠴᠢᠯᠡᠭᠡᠨ ᠤ ᠳᠠᠭᠠᠳᠬᠠᠯ | ᠤᠨ ᠳ᠋ᠦᠩᠨᠡᠨ ᠪᠤᠳᠤᠬᠤ᠂《 ᠨᠢᠭᠡ ᠥᠷᠲᠡᠭᠡ ᠮᠠᠶ᠋ᠢᠭ 》 ᠤᠨ ᠳ᠋ᠦᠩᠨᠡᠨ ᠪᠤᠳᠤᠬᠤ ᠦᠶᠯᠡᠴᠢᠯᠡᠭᠡ ᠶᠢ ᠠᠬᠢᠭᠤᠯᠤᠨ᠎ᠠ | ᠃ ᠰᠡᠳᠬᠢᠴᠡ ᠶᠢᠨ ᠲᠤᠰᠠᠯᠠᠮᠵᠢ ᠶᠢᠨ ᠨᠡᠶᠢᠲᠡ ᠶᠢᠨ ᠠᠰᠠᠷᠠᠮᠵᠢ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ | ᠬᠤᠲᠠ ᠪᠠᠯᠭᠠᠰᠤ᠂ ᠮᠠᠯᠵᠢᠬᠤ ᠣᠷᠣᠨ ᠤ ᠡᠩ ᠤᠨ ᠬᠥᠮᠦᠰ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ | ᠮᠡᠳᠡᠬᠦ ᠨᠣᠷᠮ᠎ᠠ ᠶᠢ ᠲᠣᠰ ᠲᠣᠰ 70%᠂ 50% ᠳᠤ ᠬᠦᠷᠦᠭᠦᠯᠬᠦ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢ ᠥᠷᠭᠡᠳᠬᠡᠨ᠂ ᠡᠮᠴᠢᠯᠡᠭᠡᠨ ᠤ | ᠪᠠᠶᠢᠭᠤᠯᠤᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠰᠢᠭᠤᠨ ᠤ ᠬᠡᠪᠴᠢᠶᠡᠨ | ᠳᠤ ᠡᠪᠡᠳᠴᠢᠨ ᠦᠵᠡᠭᠦᠯᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠡᠮᠴᠢᠯᠡᠭᠡᠨ ᠤ | ᠪᠠᠶᠢᠭᠤᠯᠤᠮᠵᠢ ᠡᠷᠬᠢᠯᠡᠬᠦ ᠶᠢ ᠵᠣᠷᠢᠭᠵᠢᠭᠤᠯᠤᠨ᠎ᠠ᠃ ᠡᠮᠨᠡᠯᠭᠡ ᠳᠤ ᠣᠷᠣᠬᠤ ᠠᠴᠠ ᠡᠮᠦᠨᠡᠬᠢ ᠡᠮᠴᠢᠯᠡᠭᠡᠨ ᠤ ᠪᠠᠴᠢᠮ | ᠠᠪᠤᠷᠠᠯᠳᠠ ᠶᠢᠨ ᠦᠶᠯᠡᠴᠢᠯᠡᠭᠡ ᠶᠢ ᠰᠠᠶᠢᠵᠢᠷᠠᠭᠤᠯᠵᠤ᠂ ᠲᠤᠬᠠᠶ ᠶᠢᠨ ᠲᠠᠯᠠᠪᠠᠶ ᠶᠢᠨ ᠪᠠᠴᠢᠮ ᠠᠨᠠᠭᠠᠬᠤ ᠤᠬᠠᠭᠠᠨ ᠤ | ᠠᠪᠤᠷᠠᠨ ᠲᠤᠰᠠᠯᠠᠵᠤ ᠰᠢᠶᠳᠪᠦᠷᠢᠯᠡᠬᠦ ᠴᠢᠳᠠᠪᠤᠷᠢ ᠪᠠ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠵᠦ | ᠰᠡᠷᠭᠡᠶᠢᠯᠡᠨ ᠡᠵᠡᠮᠳᠡᠵᠦ ᠠᠪᠤᠷᠠᠨ ᠲᠤᠰᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠵᠢᠯ ᠤᠨ | ᠨᠥᠯᠥᠭᠡᠨ ᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ ᠠᠷᠬᠠᠭ ᠡᠪᠡᠳᠴᠢᠨ ᠢ ᠰᠡᠷᠭᠡᠶᠢᠯᠡᠨ ᠵᠠᠰᠠᠬᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠢ | ᠬᠥᠮᠦᠵᠢᠭᠦᠯᠬᠦ ᠪᠠ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠮᠠᠯᠵᠢᠬᠤ ᠣᠷᠣᠨ ( ᠨᠡᠶᠢᠭᠡᠮ ᠲᠣᠭᠤᠷᠢᠭ | ) ᠤ ᠡᠮᠴᠢᠯᠡᠭᠡᠨ ᠤ ᠪᠠᠶᠢᠭᠤᠯᠤᠮᠵᠢ ᠶᠢᠨ ᠪᠦᠷᠢᠨ ᠰᠠᠯᠠᠭᠠᠨ ᠤ ᠡᠮᠴᠢ ᠪᠣᠯᠤᠨ ᠮᠣᠩᠭᠤᠯ ᠬᠢᠲᠠᠳ ᠡᠮ ᠡᠮᠨᠡᠯᠭᠡ ᠶᠢᠨ | ᠴᠢᠳᠠᠪᠤᠷᠢᠲᠠᠨ ᠢ ᠬᠥᠮᠦᠵᠢᠭᠦᠯᠬᠦ ᠶᠢ ᠭᠤᠣᠯᠳᠠᠯᠭ᠎ᠠ ᠲᠠᠢ ᠠᠩᠬᠠᠷᠴᠤ᠂ ᠮᠠᠯᠵᠢᠬᠤ ᠣᠷᠣᠨ ᠤ ᠡᠮᠴᠢ ᠶᠢᠨ ᠣᠯᠭᠤᠮᠵᠢ | ᠶᠢ ᠳᠡᠭᠡᠭᠰᠢᠯᠡᠭᠦᠯᠦᠨ᠂ ᠮᠠᠯᠵᠢᠬᠤ ᠣᠷᠣᠨ ᠤ ᠡᠮᠴᠢ ᠶᠢᠨ ᠨᠠᠰᠤᠵᠢᠯ ᠤᠨ ᠠᠰᠠᠷᠠᠮᠵᠢ ᠠᠴᠠ ᠭᠠᠷᠬᠤ ᠠᠰᠠᠭᠤᠳᠠᠯ ᠢ | ᠰᠢᠶᠳᠪᠦᠷᠢᠯᠡᠨ᠎ᠡ᠃ | ᠡᠮᠴᠢᠯᠡᠭᠡᠨ ᠤ ᠬᠠᠷᠢᠭᠤᠴᠠᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠭᠤᠷᠪᠠᠳᠠᠬᠢ | ᠡᠲᠡᠭᠡᠳ ᠤᠨ ᠪᠠᠶᠢᠭᠤᠯᠤᠮᠵᠢ ᠶᠢᠨ ᠦᠶᠯᠡᠴᠢᠯᠡᠭᠡᠨ ᠤ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠴᠢᠩᠭ᠎ᠠ ᠰᠠᠬᠢᠵᠤ | ᠂ ᠪᠠᠶᠢᠭᠤᠯᠤᠮᠵᠢ ᠬᠢᠭᠡᠳ ᠦᠶᠯᠡᠴᠢᠯᠡᠭᠡᠨ ᠤ ᠠᠵᠢᠯᠲᠠᠨ ᠤ ᠬᠠᠩᠭᠠᠭᠰᠠᠨ ᠦᠶᠯᠡᠴᠢᠯᠡᠭᠡᠨ ᠳᠤ ᠬᠠᠷᠢᠭᠤᠴᠠᠯᠭ᠎ᠠ | ᠡᠭᠦᠷᠭᠡᠯᠡᠬᠦ ᠶᠢ ᠲᠣᠳᠣᠷᠬᠠᠶᠢᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ | ᠥᠷᠨᠢᠭᠦᠯᠵᠦ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠪᠠ ᠡᠷᠡᠭᠦᠯ ᠡᠩᠬᠡ ᠬᠤᠲᠠ ᠪᠠᠯᠭᠠᠰᠤ | ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ | ᠠᠷᠠᠯᠵᠢᠶᠠᠯᠠᠬᠤ ᠵᠠᠬ᠎ᠠ ᠳᠡᠯᠭᠡᠭᠦᠷ ᠪᠠ ᠠᠷᠠᠯᠵᠢᠶ᠎ᠠ ᠶᠢ ᠡᠷᠡᠰ ᠴᠠᠭᠠᠵᠠᠯᠠᠬᠤ ᠪᠠ ᠴᠢᠩᠭ᠎ᠠ ᠴᠣᠬᠢᠯᠲᠠ ᠥᠭᠴᠦ᠂ ᠬᠡᠭᠡᠷ᠎ᠡ | ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤ ᠳᠠᠳᠬᠠᠯ ᠢ ᠡᠷᠡᠰ ᠠᠷᠢᠯᠭᠠᠨ᠎ᠠ᠃ | ᠬᠤᠶᠠᠷ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠤᠨ᠎ᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠲᠦᠭᠰᠢᠭᠦᠷᠢ ᠶᠢ ᠰᠤᠳᠤᠯᠤᠨ ᠮᠠᠭᠠᠳᠯᠠᠬᠤ᠂ | ᠦᠨᠡᠯᠡᠨ ᠵᠢᠱᠢᠬᠦ᠂ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠰᠡᠷᠭᠡᠶᠢᠯᠡᠨ ᠡᠵᠡᠮᠳᠡᠬᠦ ᠶᠢᠨ ᠬᠠᠮᠵᠢᠯᠴᠠᠬᠤ ᠲᠣᠭᠲᠠᠴᠠ | ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠰᠢᠨᠵᠢᠵᠦ | ᠤᠷᠢᠳᠴᠢᠯᠠᠨ ᠰᠡᠷᠡᠮᠵᠢᠯᠡᠭᠦᠯᠵᠦ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠨ ᠰᠢᠨᠵᠢᠵᠦ | ᠤᠷᠢᠳᠴᠢᠯᠠᠨ ᠰᠡᠷᠡᠮᠵᠢᠯᠡᠭᠦᠯᠬᠦ ᠳᠤᠮᠳᠠᠬᠢ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ | ᠴᠢᠩᠭᠠᠳᠬᠠᠨ᠎ᠠ᠃ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ | ᠭᠤᠷᠪᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠬᠦᠴᠦᠯᠡᠨ | ᠭᠦᠨᠵᠡᠭᠡᠶᠢᠷᠡᠭᠦᠯᠦᠨ᠎ᠡ | ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ | ᠢ ᠪᠠᠷᠢᠮᠲᠠᠯᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ | ᠶᠢ ᠨᠠᠶᠢᠳᠠᠪᠤᠷᠢᠵᠢᠭᠤᠯᠤᠨ᠂ ᠡᠮᠴᠢᠯᠡᠭᠡ ᠰᠡᠷᠭᠡᠶᠢᠯᠡᠯᠲᠡ ᠶᠢ ᠬᠠᠮᠵᠢᠯᠴᠠᠭᠤᠯᠬᠤ ᠲᠣᠭᠲᠠᠴᠠ ᠶᠢᠨ ᠰᠢᠨ᠎ᠡ ᠶᠢ | ᠡᠭᠦᠳᠦᠨ᠎ᠡ᠃ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠡᠭᠦᠯᠳᠡᠷᠵᠢᠭᠦᠯᠵᠦ᠂ ᠬᠤᠰᠢᠭᠤ ᠲᠠᠰ ᠤᠨ | ᠡᠮᠴᠢᠯᠡᠭᠡᠨ ᠤ ᠪᠠᠶᠢᠭᠤᠯᠤᠮᠵᠢ ᠪᠣᠯᠤᠨ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ | ᠤᠯᠤᠰ ᠠᠴᠠ ᠡᠮ ᠤᠨ ᠵᠦᠶᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠪᠠ ᠬᠡᠷᠡᠭᠯᠡᠬᠦ ᠶᠢ | ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠮᠤ ᠪᠠᠯᠭᠠᠰᠤ᠂ | ᠭᠠᠴᠠᠭ᠎ᠠ ᠲᠣᠰᠬᠤᠨ ᠤ ᠡᠮᠴᠢᠯᠡᠭᠡᠨ ᠤ ᠵᠥᠪᠰᠢᠶᠡᠷᠡᠨ ᠣᠷᠣᠭᠤᠯᠬᠤ ᠨᠥᠬᠦᠴᠡᠯ ᠪᠣᠯᠤᠨ ᠦᠷᠭᠦᠯᠵᠢᠯᠡᠨ ᠬᠥᠭᠵᠢᠭᠦᠯᠬᠦ | ᠪᠠᠶᠢᠩᠭᠤ ᠶᠢᠨ ᠪᠦᠳᠦᠮᠵᠢᠲᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠤᠨ᠎ᠠ᠃《 ᠭᠤᠷᠪᠠᠨ ᠡᠮᠨᠡᠯᠭᠡ ᠶᠢᠨ | ᠬᠢᠨᠠᠯᠲᠠ ᠬᠠᠮᠢᠶᠠᠷᠤᠯᠲᠠ 》 ᠶᠢᠨ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠳᠥᠷᠪᠡ᠂ ᠮᠣᠩᠭᠤᠯ᠂ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠦᠶᠯᠡᠰ ᠢ ᠶᠡᠬᠡᠪᠡᠷ ᠬᠥᠭᠵᠢᠭᠦᠯᠤᠨ᠎ᠠ | ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ | ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠣᠯᠤᠨ ᠬᠤᠪᠢ ᠶᠢᠨ ᠡᠭᠦᠳᠡᠨ ᠡᠮᠨᠡᠯᠭᠡ ᠵᠡᠷᠭᠡ ᠪᠠᠷ ᠭᠤᠤᠯ | ᠴᠣᠭᠴᠠ ᠪᠣᠯᠭᠠᠭᠰᠠᠨ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠦᠶᠯᠡᠴᠢᠯᠡᠭᠡᠨ ᠤ ᠲᠣᠤᠷ ᠰᠦᠯᠵᠢᠶ᠎ᠡ | ᠶᠢ ᠪᠠᠶᠢᠭᠤᠯᠤᠨ ᠪᠦᠷᠢᠨᠰᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠠᠭᠤᠷᠢ | ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠮᠣᠩᠭᠤᠯ ᠬᠢᠲᠠᠳ ᠡᠮᠨᠡᠯᠭᠡ ᠶᠢᠨ ᠡᠪᠡᠳᠴᠢᠳᠡᠨ ᠤ ᠣᠷᠣ ᠶᠢ ᠨᠡᠮᠡᠭᠳᠡᠭᠦᠯᠵᠦ | ᠂ ᠮᠣᠩᠭᠤᠯ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠡᠷᠴᠢᠮ ᠢ | ᠨᠡᠮᠡᠭᠳᠡᠭᠦᠯᠦᠨ᠎ᠡ᠃ | | | ᠳᠥᠷᠪᠡᠳᠦᠭᠡᠷ ᠬᠡᠰᠡᠭ ᠨᠡᠶᠢᠭᠡᠮ ᠤᠨ ᠪᠠᠲᠤᠯᠠᠭ᠎ᠠ | ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠵᠠᠷᠴᠢᠮ ᠢ ᠪᠠᠷᠢᠮᠲᠠᠯᠠᠵᠤ᠂ ᠬᠤᠷᠢᠭ᠎ᠠ ᠱᠤᠭᠤᠮ ᠢ | ᠪᠠᠲᠤᠯᠠᠬᠤ᠂ ᠨᠢᠭᠲᠠ ᠲᠣᠣᠷ ᠰᠦᠯᠵᠢᠬᠦ᠂ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠪᠦᠬᠦ ᠠᠷᠠᠳ ᠢ | ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ | ᠪᠠᠲᠤᠯᠠᠭ᠎ᠠ ᠲᠣᠬᠢᠷᠠᠮᠵᠢᠲᠠᠢ᠂ ᠦᠷᠭᠦᠯᠵᠢᠯᠡᠭᠰᠡᠨ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ᠃ | ᠨᠢᠭᠡ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠎ᠡ | ᠦᠨᠳᠦᠰᠦᠨ ᠡᠮᠴᠢᠯᠡᠭᠡᠨ ᠤ ᠳᠠᠭᠠᠳᠬᠠᠯ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ | ᠥᠷᠭᠡᠳᠬᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠠᠤᠯᠢ ᠪᠠᠷ ᠲᠣᠭᠲᠠᠭᠠᠭᠰᠠᠨ ᠬᠥᠮᠦᠰ ᠢ ᠪᠦᠬᠦᠨ ᠢ | ᠬᠠᠮᠤᠷᠬᠤ ᠶᠢ ᠪᠡᠶᠡᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ | ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠭᠤᠷᠪᠠᠳᠠᠬᠢ ᠡᠲᠡᠭᠡᠳ ᠤᠨ | ᠬᠦᠴᠦᠨ ᠢ ᠣᠷᠣᠭᠤᠯᠤᠨ ᠠᠪᠴᠢᠷᠠᠵᠤ᠂ ᠵᠠᠰᠠᠭ ᠤᠨ ᠣᠷᠳᠣᠨ ᠤ ᠦᠶᠯᠡᠴᠢᠯᠡᠭᠡ ᠬᠤᠳᠠᠯᠳᠤᠨ ᠠᠪᠬᠤ ᠶᠢ | ᠠᠬᠢᠭᠤᠯᠤᠨ᠂ ᠦᠶᠯᠡᠴᠢᠯᠡᠭᠡᠨ ᠤ ᠠᠮᠵᠢᠯᠲᠠ ᠪᠦᠲᠦᠮᠵᠢ ᠪᠠᠷ ᠰᠦᠶᠳᠬᠡᠯ ᠲᠤᠰᠢᠶᠠᠬᠤ ᠠᠵᠢᠯ ᠤᠨ ᠲᠣᠭᠲᠠᠴᠠ ᠶᠢ | ᠪᠠᠶᠢᠭᠤᠯᠵᠤ᠂ ᠨᠡᠶᠢᠭᠡᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ | ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠤᠬᠢᠷᠠᠭᠤᠯᠵᠤ᠂ | ᠬᠦᠨᠳᠦ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ | ᠲᠡᠭᠦᠯᠳᠡᠷᠵᠢᠭᠦᠯᠦᠨ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠶᠢ | ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ᠃ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠶᠳᠬᠡᠯ ᠢ ᠲᠠᠲᠠᠪᠤᠷᠢᠯᠠᠨ ᠲᠤᠰᠢᠶᠠᠬᠤ ᠡᠷᠴᠢᠮ ᠢᠶᠠᠨ | ᠴᠢᠩᠭᠠᠷᠠᠭᠤᠯᠵᠤ᠂ ᠠᠵᠢᠯ ᠮᠡᠷᠭᠡᠵᠢᠯ ᠤᠨ ᠣᠨ ᠤ ᠮᠥᠩᠭᠦ ᠳᠤ ᠪᠠᠯᠠ ᠣᠷᠣᠭᠤᠯᠤᠨ ᠡᠵᠡᠩᠨᠡᠬᠦ ᠶᠢ ᠲᠦᠷᠭᠡᠳᠬᠡᠨ | ᠠᠬᠢᠭᠤᠯᠵᠤ᠂ ᠠᠵᠢᠯ ᠮᠡᠷᠭᠡᠵᠢᠯ ᠤᠨ ᠣᠨ ᠤ ᠮᠥᠩᠭᠦ ᠶᠢᠨ ᠠᠵᠢᠯᠯᠠᠭᠠᠨ ᠢ ᠵᠢᠷᠤᠮᠵᠢᠯ ᠲᠠᠢ ᠪᠥᠭᠡᠳ ᠪᠦᠲᠦᠮᠵᠢᠲᠡᠶ | ᠪᠠᠶᠢᠯᠭᠠᠬᠤ ᠶᠢ ᠦᠨᠡᠨᠬᠦ ᠪᠠᠲᠤᠯᠠᠵᠤ᠂ ᠪᠤᠰᠤᠳ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠳᠠᠭᠠᠳᠬᠠᠯ ᠤᠨ | ᠲᠦᠷᠢᠮ ᠤᠨ ᠬᠡᠷᠡᠭᠵᠢᠭᠦᠯᠦᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ | ᠤᠨ ᠲᠦᠷᠢᠮ ᠢ ᠪᠦᠷᠢᠨᠰᠢᠬᠦᠯᠵᠤ᠂ ᠠᠵᠢᠯ ᠠᠯᠳᠠᠭᠰᠠᠳ ᠢ ᠪᠠᠶᠢᠩᠭᠤ ᠰᠠᠭᠤᠭ᠎ᠠ ᠭᠠᠵᠠᠷ ᠤᠨ ᠪᠠᠲᠤᠯᠠᠭ᠎ᠠ ᠳᠤ | ᠣᠷᠣᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ | ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠳᠦᠷᠢᠮ ᠢ ᠪᠦᠷᠢᠨᠰᠢᠭᠦᠯᠵᠦ᠂ ᠠᠵᠢᠯ ᠠᠴᠠ ᠪᠣᠯᠵᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ | ᠡᠪᠡᠳᠴᠢᠨ ᠣᠯᠤᠭᠰᠠᠨ ᠠᠵᠢᠯᠲᠠᠨ ᠠᠵᠢᠯᠴᠢᠨ ᠳᠤ ᠡᠮ ᠡᠮᠨᠡᠯᠭᠡ ᠶᠢᠨ ᠠᠪᠤᠷᠠᠨ ᠵᠠᠰᠠᠬᠤ᠂ ᠠᠵᠤ ᠠᠬᠤᠶ ᠶᠢᠨ | ᠨᠥᠬᠦᠪᠥᠷᠢ ᠥᠭᠬᠦ ᠪᠠ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠦᠢᠯᠡᠴᠢᠯᠡᠭᠡᠨ ᠬᠠᠩᠭᠠᠵᠤ᠂ ᠪᠢᠴᠢᠯ ᠵᠢᠵᠢᠭ | ᠠᠵᠤ ᠠᠬᠤᠶᠢᠯᠠᠯ ᠵᠢᠴᠢ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ 2025 | ᠣᠨ ᠤ ᠰᠡᠭᠦᠯᠴᠢ ᠪᠣᠯᠲᠠᠯ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠬᠤ ᠨᠣᠷᠮ᠎ᠠ ᠶᠢᠨ 95% ᠳᠤ ᠬᠦᠷᠦᠭᠦᠯᠵᠦ᠂ ᠬᠤᠲᠠ ᠪᠠᠯᠭᠠᠰᠤ ᠶᠢᠨ ᠠᠵᠢᠯᠲᠠᠨ | ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠲᠤᠰᠢᠶᠠᠬᠤ ᠨᠣᠷᠮ᠎ᠠ ᠶᠢ 10% ᠶᠢᠨ ᠳᠣᠲᠣᠷ᠎ᠠ | ᠬᠢᠵᠠᠭᠠᠷᠯᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ | ᠦᠢᠯᠡᠴᠢᠯᠡᠭᠡᠨ ᠤ ᠨᠣᠷᠮ᠎ᠠ ᠶᠢ 100% ᠳᠤ ᠬᠦᠷᠦᠭᠦᠯᠦᠨ᠎ᠡ᠃ | ᠬᠤᠶᠠᠷ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ | ᠲᠥᠪ ᠤᠨ《 ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ | ᠰᠠᠨᠠᠯ 》 ᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ | ᠬᠠᠮᠤᠷᠬᠤ ᠬᠡᠪᠴᠢᠶ᠎ᠡ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠮᠦᠨ ᠢ ᠪᠠᠲᠤᠯᠠᠬᠤ ᠬᠢᠭᠡᠳ | ᠡᠷᠦᠬᠡ ᠶᠢ ᠪᠠᠲᠤᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠡᠰ ᠲᠥᠷᠥᠯ ᠬᠤᠪᠢᠶᠠᠨ ᠱᠠᠲᠤᠯᠢᠭ | ᠢᠶᠠᠷ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠬᠦ ᠨᠢᠭᠤᠷᠯᠠᠯ᠂ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠪᠦᠷᠢᠨᠰᠢᠭᠦᠯᠵᠦ᠂ | ᠣᠨᠴᠠ ᠬᠦᠴᠢᠷᠳᠡᠯᠲᠡᠶ ᠨᠠᠰᠤᠲᠠᠶᠢᠴᠤᠳ ᠤᠨ ᠦᠨᠳᠦᠰᠦᠨ ᠵᠦᠶᠯ ᠢ ᠪᠠᠲᠤᠯᠠᠬᠤ ᠶᠢ ᠴᠢᠩᠭᠠᠳᠬᠠᠨ᠎ᠠ᠃ ᠡᠳ ᠤ | ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ ᠣᠯᠠᠨ ᠨᠡᠶᠢᠲᠡ ᠶᠢᠨ ᠡᠳ ᠤ | ᠡᠳ᠋ ᠤᠨ ᠵᠠᠰᠠᠭ ᠤᠨ ᠪᠡᠯᠡ ᠣᠷᠣᠭᠤᠯᠤᠯᠲᠠ ᠬᠢᠭᠡᠳ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠲᠠᠬᠤ | ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠠᠪᠬᠤ ᠶᠢ ᠪᠠᠷᠢᠮᠲᠠᠯᠠᠵᠤ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠤᠨ᠂ ᠨᠢᠭᠦᠯᠡᠰᠦᠩᠭᠦᠶ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠣᠯᠠᠨ ᠠᠷᠭ᠎ᠠ ᠵᠠᠮ ᠢᠶᠠᠷ | ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠨ᠎ᠠ᠃ ᠪᠡᠯᠡ ᠮᠥᠩᠭᠦ ᠰᠠᠯᠭᠠᠨ ᠥᠭᠴᠦ ᠬᠡᠷᠡᠭᠯᠡᠭᠦᠯᠬᠦ ᠳᠡᠰ | ᠳᠠᠷᠠᠭᠠᠯᠠᠯ ᠢ ᠴᠢᠩᠭᠠᠳᠬᠠᠵᠣ᠂ ᠠᠪᠤᠷᠠᠨ ᠲᠤᠰᠠᠯᠠᠬᠤ ᠪᠡᠯᠡ ᠮᠥᠩᠭᠦ ᠶᠢᠨ ᠲᠤᠰᠬᠠᠶ ᠵᠦᠢᠯ ᠤᠨ ᠬᠠᠮᠢᠶᠠᠷᠤᠯᠲᠠ ᠶᠢ | ᠴᠢᠩᠭᠠᠳᠬᠠᠨ᠎ᠠ᠃ ᠬᠠᠷᠠᠭᠠᠯᠵᠠᠨ ᠲᠥᠪᠬᠢᠨᠡᠭᠦᠯᠬᠦ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠬᠠᠷᠠᠭᠠᠯᠵᠠᠨ ᠠᠰᠠᠷᠠᠬᠤ ᠡᠲᠡᠭᠡᠳ ᠢ ᠲᠣᠭᠲᠠᠭᠠᠯ ᠶᠣᠰᠣᠭᠠᠷ ᠬᠠᠷᠠᠭᠠᠯᠵᠠᠨ ᠠᠰᠠᠷᠠᠬᠤ ᠡᠮᠨᠡᠯᠭᠡ ᠶᠢᠨ ᠬᠤᠷᠢᠶ᠎ᠠ ᠪᠠ | ᠢᠷᠠᠭᠤ ᠠᠯᠳᠠᠷ ᠤᠨ ᠬᠦᠷᠢᠶᠡᠯᠡᠩ ᠳᠤ ᠲᠥᠪᠯᠡᠷᠡᠭᠦᠯᠦᠨ ᠠᠰᠠᠷᠠᠨ ᠲᠡᠵᠢᠭᠡᠨ᠎ᠡ᠃ | ᠲᠠᠪᠤᠳᠤᠭᠠᠷ ᠬᠡᠰᠡᠭ ᠬᠥᠮᠦᠨ ᠠᠮᠠ ᠶᠢᠨ ᠬᠥᠭᠵᠢᠯᠲᠡ | ᠲᠦᠷᠦ ᠶᠢᠨ ᠪᠤᠳᠤᠯᠭ᠎ᠠ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠥᠮᠦᠨ ᠠᠮᠠ ᠶᠢᠨ | ᠬᠤᠪᠢᠷᠠᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ | ᠪᠥᠭᠡᠳ ᠪᠦᠲᠦᠮᠵᠢᠲᠡᠢ ᠠᠷᠭᠠᠴᠠᠵᠤ᠂ ᠬᠥᠮᠦᠨ ᠠᠮᠠ ᠶᠢᠨ ᠲᠡᠩᠴᠡᠭᠦᠷᠢᠲᠡᠢ ᠡᠷᠡᠭᠦᠯ ᠪᠣᠯᠪᠠᠰᠤᠨ ᠬᠥᠭᠵᠢᠯᠲᠡ ᠶᠢ | ᠠᠬᠢᠭᠤᠯᠤᠨ᠎ᠠ᠃ | ᠨᠢᠭᠡ᠂ ᠬᠥᠮᠦᠨ ᠠᠮᠠ ᠶᠢᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ | ᠬᠥᠮᠦᠨ ᠠᠮᠠ ᠶᠢᠨ ᠤᠷᠲᠤ ᠬᠤᠭᠤᠴᠠᠭᠠᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠠᠴᠠ ᠪᠣᠳᠣᠯᠬᠢᠯᠠᠨ | ᠂ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠪᠠᠭᠲᠠᠭᠠᠮᠵᠢᠲᠤ ᠴᠢᠨᠠᠷ ᠢ ᠨᠡᠮᠡᠭᠳᠡᠭᠦᠯᠵᠦ᠂ ᠬᠤᠲᠠ ᠬᠥᠳᠡᠭᠡ ᠶᠢᠨ | ᠦᠷᠡᠵᠢᠯ ᠤᠨ ᠨᠥᠬᠦᠪᠥᠷᠢ ᠶᠢᠨ ᠳᠦᠷᠢᠮ ᠢ ᠪᠠᠶᠢᠭᠤᠯᠤᠨ᠂ ᠡᠮᠡᠭᠲᠡᠶᠢᠴᠦᠳ ᠤᠨ ᠦᠷᠡᠵᠢᠯ ᠤᠨ ᠪᠠᠲᠤᠯᠠᠭ᠎ᠠ ᠶᠢᠨ | ᠴᠢᠳᠠᠪᠤᠷᠢ ᠶᠢ ᠨᠡᠮᠡᠭᠳᠡᠭᠦᠯᠵᠦ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠦᠷᠡᠵᠢᠯ ᠤᠨ ᠵᠣᠬᠢᠰᠲᠠᠶ ᠬᠢᠷᠢ ᠬᠡᠮᠵᠢᠶ᠎ᠡ ᠶᠢ ᠪᠠᠲᠤᠯᠠᠨ᠎ᠠ᠃ ᠥᠬᠢᠨ ᠲᠠᠢ ᠭᠡᠷ ᠪᠦᠯᠢ ᠶᠢ | ᠱᠠᠩᠨᠠᠨ ᠲᠡᠳᠬᠦᠬᠦ ᠳᠤ ᠠᠰᠢᠭᠲᠠᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠥᠷᠥᠭᠰᠡᠨ ᠬᠥᠮᠦᠨ ᠠᠮᠠ | ᠶᠢᠨ ᠬᠦᠶᠰᠦ ᠶᠢᠨ ᠢᠯᠭᠠᠯ ᠤᠨ ᠬᠠᠷᠢᠴᠠᠯ ᠲᠡᠩᠴᠡᠭᠦᠷᠢ ᠪᠠᠨ ᠠᠯᠳᠠᠭᠰᠠᠨ ᠠᠰᠠᠭᠤᠳᠠᠯ ᠢ ᠶᠡᠷᠦᠩᠬᠡᠶᠢᠯᠡᠨ ᠵᠠᠰᠠᠨ᠎ᠠ᠃ | ᠡᠬᠡ ᠨᠢᠯᠬᠠᠰ ᠤᠨ ᠡᠷᠡᠭᠦᠯ ᠮᠡᠨᠳᠦ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ | ᠪᠦᠷᠢᠨᠰᠢᠭᠦᠯᠵᠦ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠭᠦᠨᠵᠡᠭᠡᠢ | ᠥᠷᠨᠢᠭᠦᠯᠦᠨ᠂ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠭᠰᠡᠨ ᠡᠷᠬᠡ ᠠᠰᠢᠭ ᠢ ᠬᠠᠮᠠᠭᠠᠯᠠᠬᠤ ᠠᠵᠢᠯ ᠤᠨ | ᠪᠦᠲᠦᠮᠵᠢᠲᠡᠢ ᠲᠠᠪᠴᠠᠩ ᠢ ᠪᠠᠶᠢᠭᠤᠯᠤᠨ᠎ᠠ᠃ ᠭᠡᠷ ᠪᠦᠯᠢ ᠶᠢᠨ ᠬᠥᠭᠵᠢᠯᠲᠡ ᠶᠢ ᠳᠡᠮᠵᠢᠬᠦ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠭᠡᠷ ᠪᠦᠯᠢ ᠶᠢᠨ ᠴᠢᠳᠠᠪᠤᠷᠢ | ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠬᠤᠶᠠᠷ᠂ ᠣᠯᠠᠨ ᠡᠰᠢᠲᠦ ᠨᠠᠰᠤᠵᠢᠯ ᠤᠨ ᠦᠶᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ | ᠤᠯᠠᠨ ᠡᠰᠢᠲᠦ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠵᠤ᠂ ᠤᠯᠠᠨ ᠲᠡᠰ ᠳᠠᠪᠬᠤᠷᠭ᠎ᠠ | ᠶᠢᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ ᠮᠠᠯᠵᠢᠬᠤ ᠣᠷᠣᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠡᠳᠬᠢᠴᠡ ᠶᠢ ᠰᠢᠨᠡᠴᠢᠯᠡᠵᠦ᠂《 ᠡᠮᠴᠢᠯᠡᠭᠡ ᠨᠠᠰᠤᠵᠢᠯ ᠢ | ᠤᠶᠠᠯᠳᠤᠭᠤᠯᠬᠤ + ᠣᠶᠤᠨᠴᠢ ᠨᠠᠰᠤᠵᠢᠯ 》 ᠤᠨ ᠰᠢᠨ᠎ᠡ ᠵᠠᠭᠪᠤᠷ ᠢ ᠡᠭᠦᠳᠴᠦ᠂ ᠲᠦᠭᠡᠮᠡᠯ ᠬᠠᠷᠠᠭᠠᠯᠵᠠᠬᠤ ᠬᠡᠯᠪᠡᠷᠢ | ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠠᠰᠠᠷᠠᠮᠵᠢ ᠶᠢᠨ | ᠦᠢᠯᠡᠰ ᠢ ᠬᠥᠭᠵᠢᠭᠦᠯᠵᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠶᠢ ᠭᠤᠣᠯᠳᠠᠯᠭ᠎ᠠ ᠲᠠᠢ | ᠬᠥᠭᠵᠢᠭᠦᠯᠦᠨ᠎ᠡ᠃ ᠨᠠᠰᠤᠵᠢᠯ ᠤᠨ ᠦᠶᠯᠡᠴᠢᠯᠡᠭᠡᠨ ᠤ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠤᠶᠤᠨᠲᠤ | ᠨᠠᠰᠤᠲᠠᠶᠢᠴᠤᠳ ᠤᠨ ᠦᠶᠯᠡᠴᠢᠯᠡᠭᠡᠨ ᠤ ᠲᠣᠤᠷ ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | 2025 ᠣᠨ ᠪᠣᠯᠲᠠᠯ᠎ᠠ᠂ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠪᠠᠶᠢᠭᠤᠯᠤᠮᠵᠢ | ᠶᠢᠨ ᠬᠠᠮᠤᠷᠬᠤ ᠨᠣᠷᠮ᠎ᠠ ᠶᠢ 90% ᠳᠤ ᠬᠦᠷᠦᠭᠦᠯᠦᠨ᠎ᠡ᠃ ᠨᠠᠰᠤᠲᠠᠶᠢᠴᠤᠳ ᠢᠶᠠᠷ ᠭᠤᠣᠯᠳᠠᠯᠭ᠎ᠠ ᠪᠣᠯᠭᠠᠭᠰᠠᠨ ᠭᠡᠷ | ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠢ ᠪᠦᠬᠦ ᠲᠠᠯ᠎ᠠ ᠪᠠᠷ ᠥᠷᠨᠢᠭᠦᠯᠵᠦ᠂ ᠨᠠᠰᠤᠲᠠᠶᠢᠴᠤᠳ ᠤᠨ | ᠡᠷᠡᠭᠦᠯ ᠡᠩᠬᠡ ᠶᠢᠨ ᠬᠠᠮᠢᠶᠠᠷᠤᠯᠲᠠ ᠪᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠠᠵᠢᠯ ᠢ ᠲᠣᠪᠣᠶᠢᠮ᠎ᠠ | ᠰᠠᠶᠢᠲᠤᠷ ᠬᠢᠨ᠎ᠡ᠃ ᠠᠵᠤ ᠠᠬᠤᠶ ᠨᠢ ᠬᠦᠴᠢᠷᠳᠡᠯᠲᠡᠶ ᠴᠢᠳᠠᠯ ᠲᠡᠩᠬᠡᠭᠡ ᠥᠬᠡᠶ ᠪᠣᠯᠤᠭᠰᠠᠨ ᠨᠠᠰᠤᠲᠠᠶᠢᠴᠤᠳ᠂ | ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠣᠨᠴᠠᠭᠠᠢ ᠭᠡᠷ ᠪᠦᠯᠢ ᠶᠢᠨ ᠨᠠᠰᠤᠲᠠᠶᠢᠴᠤᠳ ᠲᠤ ᠲᠥᠯᠥᠪᠦᠷᠢ ᠥᠬᠡᠶ | ᠪᠤᠶᠤ ᠳᠣᠤᠷ᠎ᠠ ᠲᠥᠯᠥᠪᠦᠷᠢᠲᠦ ᠨᠠᠶᠢᠳᠠᠨ ᠠᠰᠠᠷᠠᠭᠤᠯᠬᠤ ᠦᠶᠯᠡᠴᠢᠯᠡᠭᠡᠨ ᠬᠠᠩᠭᠠᠵᠤ᠂ ᠨᠥᠬᠦᠴᠡᠯ ᠲᠠᠢ ᠣᠨᠴᠠ | ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠶᠯᠡᠴᠢᠯᠡᠭᠡᠨ ᠤ ᠲᠦᠬᠦᠭᠡᠷᠦᠮᠵᠢ ( ᠨᠠᠰᠤᠲᠠᠨ ᠢ ᠠᠰᠠᠷᠠᠬᠤ | ᠬᠦᠷᠢᠶᠡᠯᠡᠩ ) ᠶᠢᠨ ᠡᠳᠦᠷ ᠤᠨ ᠨᠠᠶᠢᠳᠠᠨ ᠠᠰᠠᠷᠠᠭᠤᠯᠬᠤ᠂ ᠭᠡᠷ ᠲᠤᠨᠢ ᠬᠦᠷᠴᠦ ᠦᠶᠯᠡᠴᠢᠯᠡᠬᠦ ᠵᠡᠷᠭᠡ ᠴᠢᠳᠠᠮᠵᠢ ᠶᠢ | ᠨᠡᠮᠡᠭᠳᠡᠭᠦᠯᠬᠦ ᠶᠢ ᠠᠬᠢᠭᠤᠯᠤᠨ᠂ ᠴᠢᠳᠠᠯ ᠲᠡᠩᠬᠡᠭᠡ ᠥᠬᠡᠶ ᠪᠣᠯᠤᠭᠰᠠᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ | ᠨᠢᠭᠡᠴᠡ ᠶᠢ ᠨᠡᠭᠡᠭᠡᠵᠦ᠂ ᠨᠠᠰᠤᠵᠢᠯ ᠤᠨ ᠠᠰᠠᠷᠠᠭᠴᠢ ᠪᠠ ᠨᠠᠰᠤᠲᠠᠶᠢᠴᠤᠳ ᠤᠨ ᠨᠡᠶᠢᠭᠡᠮ ᠤᠨ ᠠᠵᠢᠯᠲᠠᠨ ᠤ | ᠪᠣᠯᠪᠠᠰᠤᠷᠠᠭᠤᠯᠤᠯ ᠢ ᠴᠢᠩᠭᠠᠳᠬᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ | ᠶᠢᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠢ | ᠶᠢ ᠬᠥᠭᠵᠢᠭᠦᠯᠦᠨ᠎ᠡ᠃ | ᠨᠡᠶᠢᠭᠡᠮ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ ᠤ ᠲᠦᠬᠦᠭᠡᠷᠦᠮᠵᠢ ᠶᠢ ᠬᠤᠲᠠ ᠬᠥᠳᠡᠭᠡ ᠶᠢᠨ | ᠨᠡᠶᠢᠭᠡᠮ ᠲᠣᠭᠤᠷᠢᠭ ᠤᠨ ᠢᠵᠢ ᠪᠦᠷᠢᠳᠦᠭᠦᠯᠦᠨ ᠬᠡᠷᠡᠭᠯᠡᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ | ᠬᠦᠷᠢᠶ᠎ᠡ ᠬᠡᠪᠴᠢᠶ᠎ᠡ ᠳᠤ ᠣᠷᠣᠭᠤᠯᠵᠤ᠂ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠤᠨ ᠲᠠᠯᠠᠪᠠᠢ ᠶᠢ ᠪᠠᠷᠢᠮᠵᠢᠶ᠎ᠠ ᠳᠤ | ᠬᠦᠷᠦᠭᠦᠯᠬᠦ ᠶᠢ ᠦᠨᠡᠨᠬᠦ ᠪᠠᠲᠤᠯᠠᠨ᠂ ᠵᠢᠵᠢᠭ ᠬᠡᠯᠪᠡᠷᠢᠵᠢᠭᠰᠡᠨ᠂ ᠣᠯᠠᠨ ᠴᠢᠳᠠᠮᠵᠢᠲᠤ ᠡᠮᠴᠢᠯᠡᠭᠡ ᠨᠠᠰᠤᠵᠢᠯ ᠢ ᠨᠢᠭᠡ | ᠴᠣᠭᠴᠠᠵᠢᠭᠤᠯᠤᠭᠰᠠᠨ ᠦᠶᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠵᠤ᠂ ︽15 ᠮᠢᠨᠦ᠋ᠲ ᠤᠨ ᠨᠠᠰᠤᠵᠢᠯ ᠤᠨ | ᠦᠶᠯᠡᠴᠢᠯᠡᠭᠡᠨ ᠤ ᠲᠣᠭᠤᠷᠢᠭ︾ ᠢ ᠪᠠᠶᠢᠭᠤᠯᠤᠨ᠎ᠠ᠃ 2025 ᠣᠨ ᠪᠣᠯᠬᠤ ᠳᠤ᠂ ᠰᠢᠨ᠎ᠡ ᠪᠠᠷ ᠪᠠᠶᠢᠭᠤᠯᠬᠤ ᠣᠷᠣᠨ | ᠰᠠᠭᠤᠴᠠ ᠶᠢᠨ ᠵᠢᠵᠢᠭ ᠲᠣᠭᠤᠷᠢᠭ ᠲᠤ ᠨᠠᠰᠤᠵᠢᠯ ᠤᠨ ᠦᠶᠯᠡᠴᠢᠯᠡᠭᠡᠨ ᠤ ᠲᠦᠬᠦᠭᠡᠷᠦᠮᠵᠢ ᠶᠢ 100% ᠳᠤ | ᠬᠦᠷᠦᠭᠦᠯᠦᠨ᠎ᠡ᠃ | ᠨᠠᠰᠤᠵᠢᠯ ᠤᠨ ᠦᠶᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ | ᠪᠦᠷᠢᠨᠰᠢᠬᠦᠯᠵᠦ᠂ ᠦᠶᠯᠡᠴᠢᠯᠡᠭᠡᠨ ᠤ ᠶᠠᠰᠤ ᠴᠢᠨᠠᠷ ᠢ ᠬᠢᠨᠠᠨ ᠰᠢᠨᠵᠢᠬᠦ ᠶᠢ ᠴᠢᠩᠭᠠᠳᠬᠠᠨ᠂ ᠵᠠᠭᠠᠯᠳᠤᠵᠤ ᠢᠯᠡᠴᠢᠯᠡᠨ | ᠮᠡᠳᠡᠭᠦᠯᠬᠦ ᠶᠢ ᠭᠥᠯᠢᠶᠡᠨ ᠠᠪᠴᠤ ᠰᠢᠶᠳᠪᠦᠷᠢᠯᠡᠬᠦ ᠲᠠᠪᠴᠠᠩ ᠢ ᠪᠠᠶᠢᠭᠤᠯᠵᠤ᠂ ᠨᠠᠰᠤᠲᠠᠶᠢᠴᠤᠳ ᠤᠨ ᠡᠷᠬᠡ ᠠᠰᠢᠭ | ᠲᠤ ᠬᠠᠯᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠶᠳᠪᠦᠷᠢᠯᠡᠵᠦ᠂ ᠨᠠᠰᠤᠵᠢᠯ ᠤᠨ ᠦᠶᠯᠡᠴᠢᠯᠡᠭᠡᠨ ᠤ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠪᠠᠶᠢᠭᠤᠯᠤᠨ᠎ᠠ᠃ | ᠭᠤᠷᠪᠠ᠂ ᠡᠮᠡᠭᠲᠡᠶᠢᠴᠦᠳ ᠪᠠ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ | ᠡᠮᠡᠭᠲᠡᠶᠢᠴᠦᠳ ᠪᠠ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠮᠡᠭᠲᠡᠶᠢᠴᠦᠳ᠂ | ᠬᠡᠦᠬᠡᠳ ᠤᠨ ᠬᠤᠶᠠᠷ ᠬᠥᠭᠵᠢᠯᠲᠡ ᠶᠢᠨ ᠲᠥᠯᠥᠪᠵᠢᠭᠦᠯᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠤᠨ᠎ᠠ᠃ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ | ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠡᠮᠡᠭᠲᠡᠶᠢᠴᠦᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠣᠷᠣᠯᠴᠠᠬᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠬᠦ ᠡᠷᠬᠡ ᠲᠡᠭᠰᠢ ᠡᠷᠬᠡ ᠶᠢ ᠦᠨᠡᠨᠬᠦ | ᠪᠠᠲᠤᠯᠠᠬᠤ ᠶᠢ ᠠᠬᠢᠭᠤᠯᠵᠤ᠂ ᠡᠮᠡᠭᠲᠡᠶᠢᠴᠦᠳ ᠤᠨ ᠤᠯᠤᠰ ᠣᠷᠣᠨ ᠪᠠ ᠠᠵᠤ ᠠᠬᠤᠢ ᠰᠣᠶᠣᠯ ᠨᠡᠶᠢᠭᠡᠮ ᠤᠨ ᠬᠡᠷᠡᠭ | ᠶᠠᠪᠤᠳᠠᠯ ᠤᠨ ᠬᠠᠮᠢᠶᠠᠷᠤᠯᠲᠠ ᠳᠤ ᠣᠷᠣᠯᠴᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂《 ᠡᠮᠡᠭᠲᠡᠶᠢᠴᠦᠳ ᠤᠨ ᠭᠡᠷ | ᠪᠦᠯᠢ 》 ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠡᠦᠬᠡᠳ ᠢ | ᠡᠩ ᠲᠡᠷᠢᠭᠦᠨ ᠳᠤ ᠪᠠᠶᠢᠯᠭᠠᠬᠤ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠦᠬᠡᠳ ᠢ | ᠡᠩ ᠲᠡᠷᠢᠭᠦᠨ ᠳᠤ ᠬᠥᠭᠵᠢᠭᠦᠯᠬᠦ ᠪᠠ ᠪᠦᠬᠦ ᠲᠠᠯ᠎ᠠ ᠪᠠᠷ ᠬᠥᠭᠵᠢᠭᠦᠯᠬᠦ ᠶᠢ ᠠᠬᠢᠭᠤᠯᠬᠤ ᠳᠦᠷᠢᠮ ᠤᠨ ᠲᠣᠭᠲᠠᠯᠴᠠᠭ᠎ᠠ | ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠬᠡᠦᠬᠡᠳ ᠤᠨ ᠦᠨᠳᠦᠰᠦᠨ | ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠲᠠᠯᠪᠢᠬᠤ ᠶᠢ ᠪᠠᠲᠤᠯᠠᠨ᠎ᠠ᠃ ᠨᠠᠰᠤᠨ ᠳᠤ ᠥᠯᠥ ᠬᠦᠷᠦᠭᠰᠡᠳ ᠤᠨ | ᠬᠠᠤᠯᠢ ᠶᠣᠰᠣᠭᠠᠷ ᠡᠷᠬᠡ ᠲᠡᠭᠰᠢ ᠪᠠᠷ ᠡᠯ᠎ᠡ ᠵᠦᠶᠯ ᠤᠨ ᠡᠷᠬᠡ ᠡᠳ᠋ᠯᠡᠬᠦ ᠶᠢ ᠪᠠᠲᠤᠯᠠᠵᠤ᠂ ᠬᠡᠦᠬᠡᠳ ᠤᠨ ᠠᠩᠬᠠᠨ ᠤ | ᠬᠥᠭᠵᠢᠯᠲᠡ ᠶᠢᠨ ᠦᠶᠯᠡᠴᠢᠯᠡᠭᠡᠨ ᠤ ᠣᠨᠣᠯᠵᠢᠬᠤᠨ ᠢ ᠰᠠᠨᠠᠭᠠᠴᠢᠯᠠᠨ᠂ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠦᠶᠯᠡᠴᠢᠯᠡᠭᠡᠨ ᠢ ᠬᠥᠭᠵᠢᠭᠦᠯᠵᠦ᠂ ᠵᠢᠱᠢᠶ᠎ᠡ ᠦᠵᠡᠭᠦᠯᠬᠦ ᠴᠢᠨᠠᠷᠲᠠᠶ ᠬᠡᠦᠬᠡᠳ ᠰᠠᠭᠠᠲᠠᠭᠤᠯᠬᠤ | ᠦᠶᠯᠡᠴᠢᠯᠡᠭᠡᠨ ᠤ ᠪᠠᠶᠢᠭᠤᠯᠤᠮᠵᠢ ᠪᠠ ᠬᠡᠦᠬᠡᠳ ᠤᠨ ᠠᠩᠬᠠᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠪᠠᠶᠢᠭᠤᠯᠤᠨ᠂ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠵᠢᠷᠤᠮᠵᠢᠭᠤᠨ | ᠬᠥᠭᠵᠢᠬᠦ ᠶᠢ ᠠᠬᠢᠭᠤᠯᠤᠨ᠎ᠠ᠃ ᠮᠠᠯᠵᠢᠬᠤ ᠣᠷᠣᠨ ᠤ ᠬᠡᠦᠬᠡᠳ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠪᠠ | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠪᠠᠲᠤᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠦᠨᠳᠦᠰᠦᠨ ᠱᠠᠲᠤᠨ ᠤ ᠬᠡᠦᠬᠡᠳ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠂ ᠬᠡᠦᠬᠡᠳ ᠤᠨ ᠡᠷᠬᠡ ᠠᠰᠢᠭ ᠢ | ᠬᠠᠮᠠᠭᠠᠯᠠᠬᠤ ᠪᠠ ᠠᠮᠤᠷ ᠲᠦᠪᠰᠢᠨ ᠢ ᠬᠠᠮᠠᠭᠠᠯᠠᠬᠤ ᠶᠢ ᠳᠣᠪᠣᠶᠢᠯᠭᠠᠵᠤ᠂ ᠨᠠᠰᠤᠨ ᠳᠤ ᠥᠯᠥ ᠬᠦᠷᠦᠭᠰᠡᠳ ᠢ | ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠲᠣᠤᠷ ᠰᠦᠯᠵᠢᠶ᠎ᠡ ᠶᠢ ᠪᠠᠶᠢᠭᠤᠯᠤᠨ᠎ᠠ᠃ | ᠪᠦᠬᠦ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠲᠣᠭᠲᠠᠴᠠ ᠶᠢᠨ | ᠦᠢᠯᠡᠳᠦᠯ ᠢ ᠪᠠᠳᠠᠷᠠᠭᠤᠯᠵᠤ᠂ ᠵᠠᠯᠠᠭᠤᠴᠤᠳ ᠤᠨ ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢᠨ ᠰᠢᠰᠲ᠋ᠧᠮ᠂ | ᠠᠵᠢᠯ ᠤᠨ ᠰᠢᠰᠲ᠋ᠧᠮ᠂ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠯᠠᠭᠤᠴᠤᠳ ᠤᠨ | ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢ ᠪᠠᠲᠤᠯᠠᠵᠤ᠂ ᠬᠢᠨᠠᠨ ᠬᠡᠮᠵᠢᠵᠦ ᠦᠨᠡᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠪᠣᠯᠤᠨ ᠴᠢᠬᠤᠯᠠ ᠶᠡᠭᠡ ᠲᠦᠷᠦᠯ ᠵᠦᠢᠯ | ᠢᠶᠠᠷ ᠵᠠᠯᠠᠭᠤᠴᠤᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠤᠨ ᠦᠵᠡᠯ ᠰᠠᠨᠠᠭ᠎ᠠ | ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠪᠦᠬᠦ ᠲᠠᠯ᠎ᠠ ᠶᠢᠨ ᠬᠥᠭᠵᠢᠯᠲᠡ ᠶᠢᠨ ᠲᠦᠪᠰᠢᠨ ᠢ ᠲᠠᠰᠤᠷᠠᠯᠳᠠ | ᠦᠭᠡᠢ ᠳᠡᠭᠡᠭᠰᠢᠯᠡᠭᠦᠯᠦᠨ᠎ᠡ᠃ | ᠳᠦᠷᠪᠡ᠂ ᠵᠡᠮᠳᠡᠭᠴᠦᠳ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠎ᠠ | ᠵᠡᠮᠳᠡᠭᠴᠦᠳ ᠤᠨ ᠳᠦᠷᠢᠮᠵᠢᠭᠰᠡᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ | ᠤᠯᠠᠨ ᠨᠡᠶᠢᠲᠡ ᠶᠢᠨ ᠲᠠᠯᠠᠪᠤᠷ ᠤᠨ ᠰᠠᠭᠠᠳ ᠦᠭᠡᠢ ᠣᠷᠴᠢᠨ ᠨᠥᠬᠦᠴᠡᠯ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ ᠲᠦᠷᠢᠮ ᠪᠠ ᠵᠡᠮᠳᠡᠭ ᠬᠡᠦᠬᠡᠳ ᠢ | ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ | ᠰᠠᠶᠢᠲᠤᠷ ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠢ ᠨᠠᠶᠢᠳᠠᠨ ᠠᠰᠠᠷᠠᠭᠤᠯᠬᠤ ᠪᠠ ᠡᠷᠡᠭᠦᠯᠵᠢᠭᠦᠯᠬᠦ ᠦᠢᠯᠡᠴᠢᠯᠡᠭᠡᠨ ᠤ | ᠲᠣᠭᠲᠠᠯᠴᠠᠭ᠎ᠠ ᠶᠢ ᠪᠥᠷᠢᠨᠰᠢᠬᠦᠯᠵᠤ᠂ ᠰᠤᠮᠤ ᠪᠠᠯᠭᠠᠰᠤ᠂ ᠨᠡᠶᠢᠭᠡᠮ ᠲᠣᠭᠤᠷᠢᠭ ᠤᠨ ᠵᠡᠮᠳᠡᠭᠴᠦᠳ ᠤᠨ | ᠡᠷᠡᠭᠦᠯᠵᠢᠭᠦᠯᠬᠦ ᠪᠠᠶᠢᠭᠤᠯᠤᠮᠵᠢ ᠶᠢ ᠵᠢᠷᠤᠮᠵᠢᠭᠤᠯᠤᠨ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠵᠢᠭᠠᠨ | ᠵᠢᠯᠤᠭᠤᠳᠤᠭᠴᠢ ᠶᠢᠨ ᠦᠨᠡᠨ ᠨᠡᠷ᠎ᠡ ᠶᠢᠨ ᠲᠥᠷᠢᠮ ᠤᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠵᠡᠮᠳᠡᠭᠴᠦᠳ ᠤᠨ | ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ 2025 ᠣᠨ ᠤ ᠰᠡᠭᠦᠯᠴᠢ ᠪᠣᠯᠬᠤ ᠳᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠡᠮᠳᠡᠭ ᠬᠡᠦᠬᠡᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ | 100% ᠳᠤ ᠬᠦᠷᠦᠭᠦᠯᠦᠨ᠎ᠡ᠃ ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ | ᠲᠦᠯᠬᠢᠨ ᠠᠬᠢᠭᠤᠯᠵᠤ᠂ ᠵᠡᠮᠳᠡᠭᠴᠦᠳ ᠤᠨ ᠨᠢᠭᠦᠯᠡᠰᠦᠩᠭᠦᠶ ᠶᠢᠨ ᠦᠢᠯᠡᠰ ᠪᠣᠯᠤᠨ ᠦᠢᠯᠡᠴᠢᠯᠡᠭᠡᠨ ᠤ ᠠᠵᠤ ᠦᠢᠯᠡᠰ | ᠢ ᠬᠥᠭᠵᠢᠭᠦᠯᠦᠨ᠎ᠡ᠃ | ᠵᠢᠷᠭᠤᠳᠤᠭᠠᠷ ᠬᠡᠰᠡᠭ ᠣᠶᠣᠨ ᠤ ᠪᠣᠯᠪᠠᠰᠤᠨ | ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠬᠦᠴᠦᠯᠡᠨ ᠬᠤᠪᠢᠷᠠᠭᠤᠯᠵᠤ᠂ ᠰᠣᠶᠣᠯ ᠲᠠᠮᠢᠷ ᠤᠨ ᠦᠶᠯᠡᠰ ᠢ | ᠴᠡᠴᠡᠭᠯᠡᠭᠦᠯᠦᠨ ᠬᠥᠭᠵᠢᠭᠦᠯᠵᠦ᠂ ᠠᠷᠠᠳ ᠣᠯᠠᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠵᠤ᠂ ᠪᠣᠯᠪᠠᠰᠤᠨ | ᠵᠡᠭᠦᠨ ᠦᠵᠦᠮᠦᠴᠢᠨ ᠢ ᠴᠣᠭᠴᠠᠯᠠᠨ᠎ᠠ᠃ | ᠨᠢᠭᠡ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠣᠶᠢᠵᠢᠭᠤᠯᠤᠨ | ᠦᠢᠯᠡᠳᠦᠯᠭᠡᠵᠢᠭᠦᠯᠤᠨ᠎ᠠ | ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ | ᠤᠬᠠᠭᠤᠯᠭ᠎ᠠ ᠶᠢ ᠭᠦᠨᠵᠡᠭᠡᠶᠢᠷᠡᠭᠦᠯᠵᠦ᠂《ᠤᠯᠠᠭᠠᠨᠮᠥ᠋ᠴᠢᠷ ᠤᠨ ᠵᠣᠷᠢᠭ ᠰᠠᠨᠠᠭ᠎ᠠ》᠂《ᠮᠣᠩᠭᠤᠯ ᠮᠤᠷᠢᠨ ᠤ ᠵᠣᠷᠢᠭ | ᠰᠠᠨᠠᠭ᠎ᠠ》 ᠶᠢ ᠪᠠᠳᠠᠷᠠᠭᠤᠯᠤᠨ᠎ᠠ᠃ ᠨᠡᠶᠢᠭᠡᠮ ᠨᠡᠶᠢᠲᠡ ᠶᠢᠨ ᠶᠣᠰᠣ ᠮᠣᠷᠠᠯ᠂ ᠲᠤᠬᠠᠶᠢᠯᠠᠭᠰᠠᠨ ᠠᠵᠢᠯ ᠤᠨ ᠶᠣᠰᠣ | ᠮᠣᠷᠠᠯ᠂ ᠭᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ᠂ ᠬᠤᠪᠢ ᠬᠥᠮᠦᠨ ᠤ ᠵᠠᠩ ᠮᠣᠷᠠᠯ ᠤᠨ ᠬᠥᠮᠦᠵᠢᠯ ᠢ | ᠴᠢᠩᠭᠠᠳᠬᠠᠨ᠎ᠠ᠃ ᠨᠠᠰᠤᠨ ᠲᠤᠷᠰᠢᠳᠠ ᠰᠤᠷᠤᠯᠴᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠡᠷᠢᠭᠦᠨ ᠤ | ᠨᠡᠶᠢᠲᠡᠯᠢᠭ ᠵᠢᠱᠢᠶ᠎ᠡ ᠶᠢ ᠶᠡᠭᠡ ᠪᠠᠷ ᠤᠬᠠᠭᠤᠯᠵᠤ᠂ ᠶᠣᠰᠣ ᠮᠣᠷᠠᠯ ᠤᠨ ᠵᠢᠱᠢᠶᠡᠴᠢ ᠶᠢ ᠰᠢᠯᠭᠠᠷᠠᠭᠤᠯᠤᠨ ᠬᠥᠬᠢᠭᠦᠯᠦᠨ᠎ᠡ | ᠃ ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠯᠧᠢ ᠹᠧᠩ ᠠᠴᠠ ᠰᠤᠷᠤᠯᠴᠠᠬᠤ ᠪᠠ ᠰᠠᠶᠢᠨ | ᠳᠤᠷ᠎ᠠ ᠶᠢᠨ ᠦᠢᠯᠡᠴᠢᠯᠡᠭᠡ ᠶᠢ ᠤᠶᠠᠯᠳᠤᠭᠤᠯᠤᠨ᠎ᠠ᠃ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠢᠨᠵᠧᠨᠧᠷᠢᠩ ᠢ | ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠭᠤᠣᠯ ᠵᠠᠭᠤᠴᠢᠯᠠᠭᠤᠷ ᠢ ᠬᠦᠴᠦᠷᠬᠡᠭᠵᠢᠭᠦᠯᠵᠦ᠂ ᠬᠠᠮ ᠵᠠᠭᠤᠴᠢᠯᠠᠭᠤᠷ ᠤᠨ | ᠲᠥᠪ ᠢ ᠰᠠᠶᠢᠲᠤᠷ ᠠᠰᠢᠭᠯᠠᠨ᠎ᠠ᠃ | ᠬᠤᠶᠠᠷ᠂ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠪᠦᠲᠦᠭᠡᠭᠳᠡᠬᠦᠨ ᠤ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ | ᠤᠯᠢᠶᠠᠰᠤᠲᠠᠢ ᠪᠠᠯᠭᠠᠰᠤᠨ ᠤ ᠨᠣᠮ ᠤᠨ ᠰᠠᠩ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠨᠣᠮ ᠤᠨ ᠰᠠᠩ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠠᠭᠠᠨᠮᠥ᠋ᠴᠢᠷ ᠤᠨ | ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ | ᠪᠦᠲᠦᠭᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ | ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠢᠨᠵᠧᠨᠧᠷᠢᠩ ᠢᠶᠠᠷ ᠢᠳᠡᠪᠬᠢᠲᠡᠶ ᠭᠤᠶᠤᠴᠢᠯᠠᠨ | ᠮᠡᠳᠡᠭᠦᠯᠦᠨ᠎ᠡ᠃ ᠵᠠᠭᠤᠨ ᠬᠤᠷᠢᠶ᠎ᠠ ᠮᠢᠩᠭᠠᠨ ᠲᠠᠯᠠᠪᠤᠷ ᠦᠨᠳᠦᠰᠦᠨ ᠱᠠᠲᠤᠨ ᠳᠤ ᠪᠠᠭᠤᠵᠤ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠬᠦᠴᠦᠯᠡᠨ ᠬᠡᠷᠡᠭᠵᠢᠭᠦᠯᠦᠨ᠎ᠡ᠃ ᠪᠠᠶᠠᠷ ᠳᠤᠷᠠᠰᠬᠠᠯ ᠤᠨ ᠡᠳᠦᠷ ᠠᠷᠠᠳ ᠲᠤ ᠠᠰᠢᠭ | ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠪᠠ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ | ᠶᠢᠨ ᠲᠠᠮᠢᠷ ᠤᠨ ᠤᠷᠤᠯᠳᠤᠭᠠᠨ ᠢ ᠡᠷᠬᠢᠯᠡᠨ᠎ᠡ᠃ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ ᠤ ᠡᠷᠴᠢᠮ | ᠢᠶᠠᠨ ᠨᠡᠮᠡᠭᠳᠡᠭᠦᠯᠵᠦ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠬᠠᠮᠵᠢᠯᠴᠠᠭᠠᠨ ᠤ ᠲᠣᠭᠲᠠᠴᠠ ᠶᠢ | ᠪᠠᠶᠢᠭᠤᠯᠵᠤ᠂ ᠦᠨᠳᠦᠰᠦᠲᠡᠨ ᠤ ᠰᠣᠶᠣᠯ ᠤᠨ《 ᠭᠠᠷᠴᠤ ᠶᠠᠪᠤᠬᠤ 》 ᠶᠢ ᠲᠦᠯᠬᠢᠨ ᠠᠬᠢᠭᠤᠯᠤᠨ᠎ᠠ᠃ ᠰᠣᠶᠣᠯ | ᠤᠨ ᠦᠢᠯᠡᠰ ᠬᠢᠭᠡᠳ ᠰᠣᠶᠣᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠤᠮᠤ | ᠰᠢᠶᠠᠩ ᠪᠠᠯᠭᠠᠰᠤ ᠶᠢᠨ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ᠤ ᠰᠣᠶᠣᠯ ᠤᠨ ᠲᠥᠪ ᠢ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢ ᠰᠠᠨᠠᠭᠠᠴᠢᠯᠠᠵᠤ᠂ ᠰᠤᠮᠤ ᠪᠠᠯᠭᠠᠰᠤ᠂ ᠭᠠᠴᠠᠭ᠎ᠠ ᠲᠣᠰᠬᠤᠨ ( ᠨᠡᠶᠢᠭᠡᠮ ᠲᠣᠭᠤᠷᠢᠭ ) ᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠦᠬᠦᠨ ᠢ | ᠪᠥᠷᠬᠦᠭᠦᠯᠬᠦ ᠶᠢ ᠪᠡᠶᠡᠯᠡᠭᠦᠯᠦᠨ᠎ᠡ᠃ | ᠭᠤᠷᠪᠠ᠂ ᠰᠣᠶᠣᠯ ᠤᠨ ᠥᠪ ᠬᠥᠷᠥᠩᠭᠡ ᠶᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠨ᠎ᠠ | ᠴᠢᠬᠤᠯᠠ ᠰᠣᠶᠣᠯ ᠪᠠ ᠪᠠᠶᠢᠭᠠᠯᠢ ᠶᠢᠨ ᠥᠪ᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ | ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠬᠤ ᠪᠠ ᠤᠯᠠᠮᠵᠢᠯᠠᠨ | ᠵᠠᠯᠭᠠᠮᠵᠢᠯᠠᠬᠤ ᠶᠢ ᠴᠢᠩᠭᠠᠳᠬᠠᠵᠤ᠂ ᠤᠷᠲᠤ ᠶᠢᠨ ᠳᠠᠭᠤᠤ᠂ ᠬᠥᠭᠡᠮᠡᠢ᠂ ᠢᠷᠥᠭᠡᠯ ᠮᠠᠭᠲᠠᠭᠠᠯ ᠵᠡᠷᠭᠡ ᠦᠨᠳᠦᠰᠦᠲᠡᠨ | ᠤ ᠰᠣᠶᠣᠯ ᠤᠨ ᠰᠤᠳᠤᠯᠭᠠᠨ᠂ ᠬᠠᠮᠠᠭᠠᠯᠠᠯᠲᠠ᠂ ᠤᠯᠠᠮᠵᠢᠯᠠᠯ᠂ ᠰᠣᠯᠢᠯᠴᠠᠭ᠎ᠠ ᠶᠢ ᠶᠡᠬᠡᠪᠡᠷ ᠳᠠᠮᠵᠢᠨ ᠴᠢᠩᠭᠠᠳᠬᠠᠵᠤ᠂ | 《 ᠦᠵᠦᠮᠦᠴᠢᠨ 》ᠨᠡᠷᠡᠲᠦ ᠲᠡᠮᠳᠡᠭ ᠢ ᠡᠭᠦᠳᠦᠨ᠎ᠡ᠃ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ | ᠦᠵᠡᠯ ᠤᠬᠠᠮᠰᠠᠷ ᠢ ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠢ ᠰᠠᠶᠢᠲᠤᠷ | ᠠᠳᠬᠤᠵᠤ᠂ ᠵᠢᠩᠰᠡᠲᠡᠢ ᠠᠭᠤᠶ ᠶᠢᠨ ᠪᠠᠭᠤᠷᠢ᠂ ᠠᠯᠲᠠᠨ ᠣᠯᠣᠰ ᠤᠨ ᠡᠷᠲᠡᠨ ᠤ ᠣᠷᠳᠣ ᠴᠠᠭᠠᠨ ᠬᠡᠷᠡᠮ ᠤᠨ | ᠪᠠᠭᠤᠷᠢ᠂ ᠰᠢᠨ᠎ᠡ ᠰᠦᠮ᠎ᠡ ᠪᠣᠯᠤᠨ ᠪᠠᠳᠠᠷᠠᠬᠤ ᠣᠪᠣᠭ᠎ᠠ ᠶᠢᠨ ᠣᠩᠭᠤᠨ ᠤ ᠰᠦᠷᠦᠭᠵᠢᠯ ᠵᠡᠷᠭᠡ ᠲᠡᠦᠬᠡ ᠶᠢᠨ | ᠳᠤᠷᠠᠰᠬᠠᠯᠲᠤ ᠵᠦᠶᠯᠡᠰ ᠤᠨ ᠨᠢᠭᠡᠴᠡ ᠶᠢ ᠬᠠᠮᠠᠭᠠᠯᠠᠬᠤ ᠶᠢ ᠴᠢᠩᠭᠠᠳᠬᠠᠨ᠎ᠠ᠃ ᠰᠡᠷᠭᠦᠭᠡᠨ ᠬᠠᠮᠠᠭᠠᠯᠠᠭᠰᠠᠨ ᠰᠠᠭᠤᠷᠢᠨ | ᠳᠡᠭᠡᠷ᠎ᠡ᠂ ᠰᠣᠶᠣᠯ ᠤᠨ ᠥᠪ ᠬᠥᠷᠥᠩᠭᠡ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠷ ᠨᠡᠭᠡᠭᠡᠨ ᠠᠰᠢᠭᠯᠠᠨ᠎ᠠ᠃ | ᠳᠥᠷᠪᠡ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ | ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ | ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠵᠠᠰᠠᠭ ᠪᠠ ᠠᠵᠢᠯ ᠦᠢᠯᠡᠰ ᠢ ᠰᠠᠯᠭᠠᠬᠤ | ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠬᠡᠷᠡᠭᠵᠢᠭᠦᠯᠵᠦ᠂ ᠣᠷᠣᠰᠢᠭᠤᠯᠭ᠎ᠠ ᠶᠢᠨ ᠬᠠᠤᠯᠢ ᠬᠡᠷᠡᠭᠵᠢᠭᠦᠯᠬᠦ ᠡᠩᠨᠡᠭᠡ | ᠶᠢ ᠪᠠᠶᠢᠭᠤᠯᠤᠨ᠎ᠠ᠃ 2025 ᠣᠨ ᠪᠣᠯᠬᠤ ᠳᠤ᠂ ᠣᠷᠣᠰᠢᠭᠤᠯᠭ᠎ᠠ ᠶᠢᠨ ᠦᠶᠯᠡᠴᠢᠯᠡᠭᠡᠨ ᠤ ᠵᠢᠷᠤᠮᠵᠢᠯ ᠢ ᠴᠢᠷᠮᠠᠶᠢᠨ | ᠪᠡᠶᠡᠯᠡᠭᠦᠯᠵᠦ᠂ ᠥᠭᠦᠭᠰᠡᠦᠨ ᠢ ᠭᠠᠯ ᠢᠶᠠᠷ ᠳᠡᠭᠳᠡᠭᠡᠬᠦ ᠨᠣᠷᠮ᠎ᠠ ᠶᠢ 100% ᠳᠤ ᠬᠦᠷᠦᠭᠦᠯᠦᠨ᠎ᠡ᠃ | ᠣᠷᠣᠰᠢᠭᠤᠯᠭ᠎ᠠ ᠶᠢᠨ ᠬᠡᠷᠡᠭᠰᠡᠯ ᠪᠣᠷᠣᠯᠠᠭᠤᠯᠬᠤ ᠵᠠᠬ᠎ᠠ ᠳᠡᠯᠭᠡᠭᠦᠷ ᠢ ᠠᠯᠬᠤᠮ ᠠᠯᠬᠤᠮ ᠢᠶᠠᠷ ᠵᠢᠷᠤᠮᠵᠢᠭᠤᠯᠤᠨ᠎ᠠ᠃ |