ᠠᠷᠪᠠᠳᠤᠭᠠᠷ ᠪᠦᠯᠦᠭ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠴᠣᠭᠴᠠᠯᠠᠨ᠎ᠠ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠪᠦᠬᠦ ᠲᠠᠯ᠎ᠠ ᠶᠢᠨ ᠠᠮᠤᠷ | ᠲᠦᠪᠰᠢᠨ ᠤ ᠦᠵᠡᠯᠲᠡ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠠᠭᠠᠯᠠᠨ᠂ ᠨᠡᠶᠢᠭᠡᠮ ᠤᠨ | ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠤᠷ ᠠᠮᠤᠭᠤᠯᠠᠩ | ᠵᠡᠭᠦᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ | ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠲᠣᠭᠲᠠᠭᠤᠨ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠨ | ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ | ᠨᠢᠭᠡᠳᠦᠭᠡᠷ ᠬᠡᠰᠡᠭ ᠦᠨᠳᠦᠰᠦᠲᠡᠨ ᠤ ᠪᠦᠯᠬᠦᠮᠳᠡᠯ ᠳᠠᠪᠰᠢᠯᠲᠠ | ︽ᠳᠤᠮᠳᠠᠳᠤ ᠶᠢᠨ ᠦᠨᠳᠦᠰᠦᠲᠡᠨ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ | ᠲᠡᠷᠭᠡᠯᠰᠢᠭᠦᠯᠬᠦ ︾ ᠪᠠᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠬᠠᠮᠲᠤ ᠪᠠᠷ | ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠪᠠᠷ ᠦᠨᠳᠦᠰᠦᠨ ᠠᠷᠭ᠎ᠠ ᠵᠠᠮ ᠪᠣᠯᠭᠠᠵᠤ᠂ ᠨᠡᠶᠢᠭᠡᠮ | ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠦᠨᠳᠦᠰᠦᠲᠡᠨ ᠤ | ᠪᠦᠯᠬᠦᠮᠳᠡᠯ ᠤᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠤᠳᠠᠭᠠᠨ | ᠳᠠᠭᠠᠭᠠᠮᠠᠭᠠᠶ ᠥᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠴᠢᠷᠮᠠᠶᠢᠨ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠬᠢᠯᠢ ᠬᠢᠵᠠᠭᠠᠷ | ᠤᠨ ᠴᠡᠴᠡᠭᠯᠡᠯ ᠲᠣᠭᠲᠠᠭᠤᠨ ᠢ ᠬᠠᠮᠠᠭᠠᠯᠠᠨ᠎ᠠ᠃ | ᠨᠢᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠬᠥᠮᠦᠵᠢᠯ | ᠢ ᠲᠣᠪᠣᠶᠢᠮ᠎ᠠ ᠰᠠᠶᠢᠲᠤᠷ ᠠᠳᠬᠤᠵᠤ᠂ ᠺᠠᠳ᠋ᠷ ᠤᠨ ᠬᠥᠮᠦᠵᠢᠯ᠂ ᠤᠯᠤᠰ ᠠᠷᠠᠳ ᠤᠨ ᠬᠥᠮᠦᠵᠢᠯ᠂ ᠨᠡᠶᠢᠭᠡᠮ ᠤᠨ | ᠬᠥᠮᠦᠵᠢᠯ ᠤᠨ ᠪᠥᠬᠦ ᠶᠠᠪᠤᠴᠠ ᠳᠤ ᠣᠷᠣᠭᠤᠯᠤᠨ᠎ᠠ᠃ ᠤᠬᠠᠭᠤᠯᠭ᠎ᠠ ᠬᠥᠮᠦᠵᠢᠯ ᠤᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠰᠤᠷᠭᠠᠭᠤᠯᠢ᠂ ᠪᠠᠶᠢᠭᠤᠯᠭ᠎ᠠ᠂ | ᠠᠵᠤ ᠠᠬᠤᠶᠢᠯᠠᠯ᠂ ᠨᠡᠶᠢᠭᠡᠮ ᠲᠣᠭᠤᠷᠢᠭ᠂ ᠮᠠᠯᠵᠢᠬᠤ ᠣᠷᠣᠨ᠂ ᠴᠡᠷᠢᠭ ᠠᠩᠭᠢ᠂ ᠱᠠᠰᠢᠨ ᠰᠤᠷᠲᠠᠬᠤᠨ ᠤ | ᠠᠵᠢᠯᠯᠠᠭᠠᠨ ᠤ ᠲᠠᠯᠠᠪᠤᠷ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠤᠬᠠᠭᠤᠯᠭ᠎ᠠ ᠬᠥᠮᠦᠵᠢᠯ ᠤᠨ ᠠᠷᠭ᠎ᠠ | ᠮᠠᠶ᠋ᠢᠭ ᠪᠠ ᠠᠷᠭ᠎ᠠ ᠶᠢᠨ ᠰᠢᠨ᠎ᠡ ᠶᠢ ᠡᠭᠦᠳᠴᠦ᠂ 《 ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ | 》 ᠤᠨ ᠠᠵᠢᠯᠯᠠᠭ᠎ᠠ ᠶᠢ ᠠᠬᠢᠭᠤᠯᠤᠨ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ︾ | ᠶᠢᠨ ᠠᠭᠤᠯᠭ᠎ᠠ ᠶᠢ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠰᠣᠶᠣᠯ᠂ ᠳᠤᠮᠳᠠᠳᠤ | ᠤᠯᠤᠰ ᠤᠨ ᠬᠤᠪᠢᠰᠬᠠᠯ ᠤᠨ ᠲᠡᠦᠬᠡ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠ ᠳᠤᠮᠳᠠᠳᠤ | ᠶᠢᠨ ᠵᠡᠭᠦᠳᠦ ᠶᠢᠨ ᠬᠥᠮᠦᠵᠢᠯ ᠢ ᠭᠦᠨᠵᠡᠭᠡᠶ ᠥᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | ᠬᠤᠶᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠦᠯᠬᠢᠨ | ᠠᠬᠢᠭᠤᠯᠤᠨ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠶᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠭᠤᠣᠯ ᠠᠭᠤᠯᠭ᠎ᠠ ᠪᠣᠯᠭᠠᠵᠤ᠂ ᠰᠤᠮᠤ | ᠪᠠᠯᠭᠠᠰᠤ᠂ ᠭᠠᠴᠠᠭ᠎ᠠ ( ᠨᠡᠶᠢᠭᠡᠮ ᠲᠣᠭᠤᠷᠢᠭ )᠂ ᠰᠤᠷᠭᠠᠭᠤᠯᠢ᠂ ᠠᠵᠤ ᠠᠬᠤᠶᠢᠯᠠᠯ᠂ ᠴᠡᠷᠢᠭ ᠠᠩᠭᠢ ᠵᠡᠷᠭᠡ | ᠦᠨᠳᠦᠰᠦᠨ ᠱᠠᠲᠤᠨ ᠤ ᠨᠢᠭᠡᠴᠡ᠂ ᠣᠨᠴᠠᠭᠠᠶᠢᠯᠠᠨ ᠭᠤᠣᠯᠳᠠᠯᠭ᠎ᠠ ᠲᠠᠢ ᠠᠵᠢᠯ ᠲᠥᠷᠥᠯ᠂ ᠦᠢᠯᠡᠴᠢᠯᠡᠭᠡᠨ ᠤ | ᠨᠢᠭᠡᠴᠡ ᠪᠣᠯᠤᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠡᠷᠴᠢᠮ ᠢᠶᠠᠨ | ᠴᠢᠩᠭᠠᠷᠠᠭᠤᠯᠤᠨ᠎ᠠ᠃ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠣᠶᠢᠵᠢᠭᠤᠯᠵᠤ᠂ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠪᠦᠬᠦ ᠤᠯᠤᠰ᠂ ᠪᠦᠬᠦ ᠣᠷᠣᠨ ᠪᠣᠯᠤᠨ ᠪᠦᠬᠦ | ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠶᠢ ᠵᠣᠷᠢᠭᠵᠢᠭᠤᠯᠤᠨ᠎ᠠ᠃ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠭᠡᠷ ᠣᠷᠣᠨ︾ ᠢ | ᠪᠦᠲᠦᠭᠡᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ | ᠬᠠᠷᠢᠯᠴᠠᠨ ᠬᠦᠨᠳᠦᠳᠬᠡᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠤᠨ᠎ᠠ᠃ ᠪᠦᠬᠦ ᠬᠤᠰᠢᠭᠤᠨ ᠤ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ᠂ ᠵᠢᠱᠢᠶᠡᠴᠢ ᠬᠤᠪᠢ ᠬᠥᠮᠦᠨ ᠤ ᠲᠡᠷᠢᠭᠦᠨ ᠤ ᠦᠢᠯᠡ | ᠠᠵᠢᠯᠯᠠᠭ᠎ᠠ ᠪᠠ ᠡᠷᠬᠢᠮ ᠳᠡᠭᠡᠳᠣ ᠵᠣᠷᠢᠭ ᠰᠠᠨᠠᠭ᠎ᠠ ᠶᠢ ᠶᠡᠬᠡᠪᠡᠷ ᠤᠬᠠᠭᠤᠯᠵᠤ᠂ ᠳᠠᠭᠤᠷᠢᠶᠠᠯ ᠤᠨ ᠵᠢᠱᠢᠶ᠎ᠡ ᠦᠵᠡᠭᠦᠯᠬᠦ | ᠪᠠ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | ᠭᠤᠷᠪᠠ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠪᠠᠨ | ᠳᠡᠭᠡᠭᠰᠢᠯᠡᠭᠦᠯᠤᠨ᠎ᠠ | ᠬᠠᠤᠯᠢ ᠴᠠᠭᠠᠵᠠ ᠪᠠᠷ ᠦᠨᠳᠦᠰᠦᠲᠡᠨ ᠤ ᠬᠠᠷᠢᠴᠠᠭ᠎ᠠ ᠶᠢ ᠵᠢᠷᠤᠮᠵᠢᠭᠤᠯᠬᠤ ᠶᠢ ᠪᠠᠷᠢᠮᠲᠠᠯᠠᠵᠤ᠂ ᠦᠨᠳᠦᠰᠦᠲᠡᠨ | ᠨᠦᠭᠦᠳ ᠤᠨ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠤᠨ᠎ᠠ᠃ ᠦᠨᠳᠦᠰᠦᠲᠡᠨ ᠲᠠᠢ | ᠬᠤᠯᠪᠣᠭᠳᠠᠭᠰᠠᠨ ᠣᠯᠠᠨ ᠲᠦᠮᠡᠨᠴᠢ ᠴᠢᠨᠠᠷᠲᠠᠢ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ᠂ | ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ | ᠬᠠᠮᠢᠶᠠᠷᠤᠨ ᠡᠵᠡᠮᠳᠡᠬᠦ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ | ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠦᠵᠡᠯ | ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢ ᠪᠠᠲᠤ ᠰᠠᠬᠢᠨ᠎ᠠ᠃ ᠦᠨᠳᠦᠰᠦᠲᠡᠨ ᠤ ᠬᠦᠴᠦᠨ ᠵᠦᠢᠯ ᠳᠤ | ᠬᠤᠯᠪᠣᠭᠳᠠᠭᠰᠠᠨ ᠵᠥᠷᠢᠴᠡᠯ ᠵᠠᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠵᠦ᠂ ᠬᠠᠤᠯᠢ ᠴᠠᠭᠠᠵᠠ | ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠤ ᠬᠦᠴᠦᠨ ᠵᠦᠢᠯ ᠳᠤ | ᠬᠤᠯᠪᠣᠭᠳᠠᠭᠰᠠᠨ ᠠᠷᠠᠳ ᠤᠨ ᠳᠣᠲᠣᠭᠠᠳᠤ ᠶᠢᠨ ᠵᠥᠷᠢᠴᠡᠯ ᠢ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠠᠵᠤ | ᠠᠬᠤᠢ᠂ ᠵᠠᠰᠠᠭ ᠵᠠᠬᠢᠷᠭ᠎ᠠ ᠵᠡᠷᠭᠡ ᠠᠷᠭ᠎ᠠ ᠪᠠᠷᠢᠯ ᠪᠠ ᠰᠤᠷᠭᠠᠨ ᠬᠥᠮᠦᠵᠢᠭᠦᠯᠬᠦ᠂ ᠵᠥᠪᠳᠡᠯᠴᠡᠬᠦ᠂ ᠲᠤᠬᠢᠷᠠᠭᠤᠯᠬᠤ | ᠵᠡᠷᠭᠡ ᠠᠷᠭ᠎ᠠ ᠪᠠᠷ ᠲᠣᠬᠢᠲᠠᠢ ᠰᠢᠢᠳᠪᠦᠷᠢᠯᠡᠨ᠎ᠡ᠃ ᠦᠨᠳᠦᠰᠦᠲᠡᠨ ᠤ ᠬᠠᠷᠢᠴᠠᠭ᠎ᠠ ᠶᠢ ᠵᠣᠷᠢᠭᠤᠳᠠ ᠵᠠᠪᠰᠠᠷᠳᠠᠭᠤᠯᠬᠤ᠂ | ᠦᠨᠳᠦᠰᠦᠲᠡᠨ ᠤ ᠭᠠᠳᠠᠭᠤᠷᠴᠢᠯᠠᠯ ᠪᠠ ᠬᠤᠷᠣᠰᠤᠯ ᠢ ᠥᠳᠥᠭᠡᠬᠦ᠂ ᠦᠨᠳᠦᠰᠦᠲᠡᠨ ᠤ ᠪᠦᠯᠬᠦᠮᠳᠡᠯ ᠢ ᠡᠪᠳᠡᠬᠦ᠂ | ᠮᠠᠭᠤ ᠬᠡᠷᠡᠭ ᠦᠢᠯᠡᠳᠬᠦ ᠵᠡᠷᠭᠡ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠭᠦᠨ᠎ᠡ᠃ | ᠬᠤᠶᠠᠳᠤᠭᠠᠷ ᠬᠡᠰᠡᠭ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ | ᠮᠠᠯᠵᠢᠬᠤ ᠣᠷᠣᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠷ | ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠬᠤᠰᠢᠭᠤ ᠨᠤᠲᠤᠭ ᠤᠨ ᠨᠡᠶᠢᠭᠡᠮ ᠤᠨ ᠵᠠᠰᠠᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠪᠥᠬᠦ ᠤᠯᠤᠰ ᠤᠨ ᠮᠠᠯᠵᠢᠬᠤ ᠣᠷᠣᠨ ᠤ ᠵᠠᠰᠠᠯᠲᠠ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠪᠠ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ | ᠣᠷᠣᠨ ᠤ ᠨᠡᠶᠢᠭᠡᠮ ᠤᠨ ᠵᠠᠰᠠᠯᠲᠠ ᠶᠢᠨ ︽ᠰᠢᠨ᠎ᠡ ᠥᠯᠢᠭᠡᠷ ᠬᠡᠪ ︾ ᠢ ᠪᠣᠶ ᠪᠣᠯᠭᠠᠬᠤ ᠶᠢ ᠠᠬᠢᠭᠤᠯᠤᠨ᠎ᠠ᠃ ᠠᠷᠠᠳ | ᠣᠯᠠᠨ ᠤ ᠬᠠᠨᠤᠮᠵᠢ ᠶᠢᠨ ᠬᠡᠮᠵᠢᠶ᠎ᠡ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠨᠢᠭᠡ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠤᠨ᠎ᠠ | ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠠᠷᠠᠳᠴᠢᠯᠠᠯ ᠢᠶᠠᠷ ᠵᠥᠪᠯᠡᠬᠦ᠂ | ᠨᠡᠶᠢᠭᠡᠮ ᠢᠶᠠᠷ ᠢᠶᠠᠨ ᠬᠠᠮᠵᠢᠯᠴᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠪᠠᠷ ᠵᠠᠰᠠᠵᠣ ᠪᠠᠲᠣᠯᠠᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠬᠦᠴᠦᠯᠡᠨ | ᠲᠡᠭᠦᠯᠳᠡᠷᠵᠢᠭᠦᠯᠦᠨ᠎ᠡ᠃ ︽ᠵᠣᠬᠢᠶᠠᠨ ᠪᠠᠶᠢᠭᠤᠯᠤᠯᠲᠠ ᠶᠢ ᠠᠭᠤᠰᠤᠯᠴᠠᠭᠤᠯᠬᠤ᠂ ᠨᠠᠮ ᠤᠨ ᠭᠡᠰᠢᠭᠦᠨ ᠢ | ᠠᠭᠤᠰᠤᠯᠴᠠᠭᠤᠯᠬᠤ᠂ ᠠᠵᠢᠯᠯᠠᠭ᠎ᠠ ᠶᠢ ᠠᠭᠤᠰᠤᠯᠴᠠᠭᠤᠯᠬᠤ᠂ ᠦᠶᠯᠡᠴᠢᠯᠡᠭᠡ ᠶᠢ ᠠᠭᠤᠰᠤᠯᠴᠠᠭᠤᠯᠬᠤ᠂ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ︾ ᠪᠠᠷ ᠭᠤᠤᠯ ᠠᠭᠤᠯᠭ᠎ᠠ ᠪᠣᠯᠭᠠᠭᠰᠠᠨ ︽ | ᠲᠦᠷᠪᠡ ᠶᠢ ᠠᠭᠤᠯᠣᠯᠴᠠᠭᠤᠯᠵᠣ᠂ ᠨᠢᠭᠡ ᠴᠢᠩᠭᠠᠳᠬᠠᠬᠤ ︾ ᠨᠠᠮ ᠤᠨ ᠪᠠᠶᠢᠭᠤᠯᠤᠯᠲᠠ ᠶᠢᠨ ᠵᠠᠭᠪᠤᠷ ᠢ | ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ | ᠵᠠᠰᠠᠯᠲᠠ ᠳᠠᠬᠢ ᠤᠳᠤᠷᠢᠳᠬᠤ ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠬᠤᠰᠢᠭᠤ᠂ ᠰᠤᠮᠤ ᠪᠠᠯᠭᠠᠰᠤ᠂ | ᠭᠠᠴᠠᠭ᠎ᠠ ( ᠨᠡᠶᠢᠭᠡᠮ ᠲᠣᠭᠤᠷᠢᠭ ) ᠭᠤᠷᠪᠠᠨ ᠱᠠᠲᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ( | ᠥᠷᠲᠡᠭᠡ ) ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠴᠠᠭ᠎ᠠ ( ᠨᠡᠶᠢᠭᠡᠮ ᠲᠣᠭᠤᠷᠢᠭ ) ᠶᠢᠨ | ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠲᠣᠤᠷᠵᠢᠭᠰᠠᠨ ᠬᠠᠮᠢᠶᠠᠷᠤᠯᠲᠠ ᠶᠢ ᠪᠦᠬᠦᠨ ᠢ | ᠪᠥᠷᠬᠦᠭᠦᠯᠬᠦ ᠶᠢ ᠪᠡᠶᠡᠯᠡᠭᠦᠯᠦᠨ᠎ᠡ᠃ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠵᠤ᠂ | ︽ᠢᠨᠲ᠋ᠧᠷ ᠰᠦᠯᠵᠢᠶ᠎ᠡ + ︾ ᠵᠠᠰᠠᠯᠲᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ︽ᠭᠠᠴᠠᠭ᠎ᠠ ᠲᠣᠰᠬᠤᠨ | ᠬᠠᠮᠲᠤᠪᠠᠷ ᠬᠦᠷᠲᠡᠬᠦ ︾ ᠮᠠᠯᠵᠢᠬᠤ ᠣᠷᠣᠨ ᠤ ᠵᠠᠰᠠᠯᠲᠠ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ | ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ︽ᠨᠠᠮ ᠪᠠ ᠣᠯᠠᠨ | ᠲᠦᠮᠡᠨ ᠤ ᠰᠡᠳᠬᠢᠯ ᠵᠢᠷᠦᠬᠡ ᠪᠠᠨ ᠬᠤᠯᠪᠣᠬᠤ ᠬᠥᠭᠦᠷᠭᠡ ᠣᠶᠤᠨᠴᠢ ᠡᠭᠦᠯᠡᠨ ᠲᠠᠪᠴᠠᠩ ︾ ᠤᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠰᠢᠰᠲ᠋ᠧᠮ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠪᠦᠷᠬᠦᠴᠡ ᠶᠢ ᠳᠡᠭᠡᠭᠰᠢᠯᠡᠭᠦᠯᠵᠦ᠂ ᠮᠠᠯᠵᠢᠬᠤ | ᠣᠷᠣᠨ ᠤ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠬᠤ᠂ ᠡᠬᠢ ᠪᠠᠶᠠᠯᠢᠭ ᠢ ᠬᠠᠷᠢᠯᠴᠠᠨ ᠬᠤᠯᠪᠣᠭᠠᠯᠠᠵᠤ | ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠮᠠᠯᠵᠢᠬᠤ ᠣᠷᠣᠨ ᠤ ᠵᠠᠰᠠᠯᠲᠠ ᠶᠢᠨ ᠣᠶᠤᠨᠴᠢᠯᠠᠭᠰᠠᠨ᠂ | ᠨᠠᠷᠢᠯᠢᠭᠵᠢᠭᠰᠠᠨ᠂ ᠲᠤᠰᠬᠠᠶᠢᠵᠢᠭᠰᠠᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠤᠶᠠᠷ᠂ ᠵᠠᠰᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ | ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ᠂ ᠥᠪᠡᠷᠲᠡᠭᠡᠨ ᠵᠠᠰᠠᠬᠤ ︽ᠭᠤᠷᠪᠠ ᠶᠢ ᠵᠠᠰᠠᠬᠤ︾ ᠶᠢ | ᠠᠭᠤᠰᠤᠯᠴᠡᠭᠤᠯᠤᠨ ᠵᠠᠰᠠᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ | ᠵᠠᠰᠠᠭ ᠤᠨ ᠣᠷᠳᠣᠨ ᠤ ᠵᠠᠰᠠᠯᠲᠠ ᠪᠠ ᠨᠡᠶᠢᠭᠡᠮ ᠤᠨ ᠡᠶᠡᠳᠡᠭᠦᠯᠭᠡ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ | ᠰᠠᠶᠢᠨ ᠦᠢᠯᠡᠳᠦᠯᠴᠡᠯ ᠢ ᠪᠡᠶᠡᠯᠡᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ | ᠪᠠᠨ ᠭᠦᠢᠴᠡᠳᠬᠡᠬᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ | ᠪᠠᠶᠢᠭᠤᠯᠤᠨ᠎ᠠ᠃ | ᠬᠠᠤᠯᠢ ᠪᠠᠷ ᠵᠠᠰᠠᠬᠤ ᠪᠠᠲᠤᠯᠠᠭ᠎ᠠ ᠶᠢ ᠪᠠᠷᠢᠮᠲᠠᠯᠠᠨ᠎ᠠ᠃ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠬᠠᠤᠯᠢ ᠬᠡᠷᠡᠭᠵᠢᠭᠦᠯᠬᠦ | ᠬᠦᠴᠦᠯᠡᠴᠡ ᠶᠢ ᠨᠡᠮᠡᠭᠳᠡᠭᠦᠯᠦᠨ᠎ᠡ᠃ ᠰᠤᠮᠤ ᠪᠠᠯᠭᠠᠰᠤᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠂ | ᠲᠣᠮᠢᠯᠠᠭᠰᠠᠨ ᠰᠠᠯᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂《 ᠶᠡᠷᠦᠩᠬᠡᠶᠢᠯᠡᠨ ᠵᠠᠰᠠᠬᠤ ᠥᠷᠲᠡᠭᠡ 》 ᠪᠠ | 《 ᠳᠥᠷᠪᠡᠨ ᠰᠠᠯᠪᠤᠷᠢ ᠬᠤᠯᠪᠣᠭᠠᠯᠠᠨ ᠡᠶᠡᠳᠡᠭᠦᠯᠬᠦ 》ᠵᠥᠷᠢᠴᠡᠯ ᠢ ᠡᠶᠡᠳᠡᠭᠦᠯᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠮᠠᠯᠵᠢᠬᠤ ᠣᠷᠣᠨ ᠤ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ | ᠂《ᠬᠠᠤᠯᠢ ᠪᠠᠷ ᠵᠠᠰᠠᠬᠤ ᠳᠠᠭᠠᠭᠤᠯᠤᠭᠴᠢ 》ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠭᠠᠴᠠᠭ᠎ᠠ ( | ᠨᠡᠶᠢᠭᠡᠮ ᠲᠣᠭᠤᠷᠢᠭ ) ᠶᠢᠨ ᠴᠠᠭᠳᠠᠭᠠᠨ ᠤ ᠶᠠᠪᠤᠳᠠᠯ ᠤᠨ ᠲᠠᠰᠤᠭ ᠪᠠ ᠬᠠᠤᠯᠢ ᠴᠠᠭᠠᠵᠠ ᠶᠢᠨ ᠶᠠᠪᠤᠳᠠᠯ ᠤᠨ | ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂《 ᠨᠢᠭᠡ ᠭᠠᠴᠠᠭ᠎ᠠ ( ᠨᠡᠶᠢᠭᠡᠮ ᠲᠣᠭᠤᠷᠢᠭ ) ᠶᠢᠨ ᠨᠢᠭᠡ | ᠴᠠᠭᠳᠠᠭ᠎ᠠ ( ᠲᠤᠰᠠᠯᠠᠭᠴᠢ ᠴᠠᠭᠳᠠᠭ᠎ᠠ ) ᠨᠢᠭᠡ ᠬᠠᠤᠯᠢ ᠴᠠᠭᠠᠵᠠ ᠶᠢᠨ ᠵᠥᠪᠯᠡᠭᠴᠢ 》 ᠶᠢ ᠪᠦᠬᠦᠨ ᠢ ᠪᠦᠷᠬᠦᠭᠦᠯᠬᠦ | ᠶᠢ ᠪᠡᠶᠡᠯᠡᠭᠦᠯᠦᠨ᠎ᠡ᠃ ᠲᠡᠷᠭᠡᠨ ᠳᠡᠭᠡᠷᠡᠬᠢ ᠰᠢᠭᠦᠬᠦ ᠲᠢᠩᠬᠢᠮ ᠵᠡᠷᠭᠡ ᠲᠣᠭᠤᠷᠢᠨ ᠰᠢᠭᠦᠨ ᠲᠠᠰᠤᠯᠬᠤ ᠠᠷᠭ᠎ᠠ ᠮᠠᠶ᠋ᠢᠭ ᠢ | ᠳᠡᠯᠭᠡᠷᠡᠭᠦᠯᠵᠦ᠂ ᠮᠠᠯᠵᠢᠬᠤ ᠣᠷᠣᠨ ᠢ ᠵᠠᠰᠠᠬᠤ ᠠᠵᠢᠯ ᠳᠠᠬᠢ ᠠᠷᠠᠳ ᠤᠨ ᠰᠢᠭᠦᠬᠦ ᠲᠢᠩᠬᠢᠮ ᠤᠨ ᠢᠳᠡᠪᠬᠢ | ᠦᠢᠯᠡᠳᠦᠯ ᠢ ᠭᠦᠢᠴᠡᠳ ᠪᠠᠳᠠᠷᠠᠭᠤᠯᠦᠨ᠎ᠡ᠃《 ᠮᠠᠯᠵᠢᠬᠤ ᠣᠷᠣᠨ ᠳᠤ ᠬᠠᠤᠯᠢ ᠬᠦᠷᠭᠡᠬᠦ 》᠂《ᠮᠠᠯᠴᠢᠳ ᠤᠨ | ᠬᠠᠤᠯᠢ ᠴᠠᠭᠠᠵᠠ ᠶᠢᠨ ᠦᠶᠯᠡᠴᠢᠯᠡᠭᠡᠨ ᠤ ᠰᠠᠭᠠᠳ ᠥᠬᠡᠶ ᠨᠡᠪᠲᠡᠷᠡᠬᠦ ᠵᠠᠮ 》᠂《ᠮᠣᠩᠭᠤᠯ ᠬᠢᠲᠠᠳ ᠬᠤᠤᠰ ᠬᠡᠯᠡᠨ | ᠤ ᠨᠡᠶᠢᠲᠡ ᠶᠢᠨ ᠠᠰᠠᠷᠠᠮᠵᠢ ᠶᠢᠨ ᠦᠶᠯᠡᠴᠢᠯᠡᠭᠡ 》ᠵᠡᠷᠭᠡ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ | 《ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ( ᠨᠡᠶᠢᠭᠡᠮ ᠲᠣᠭᠤᠷᠢᠭ ) 》 ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ | ᠥᠪᠡᠷᠲᠡᠭᠡᠨ ᠵᠠᠰᠠᠬᠤ ᠰᠠᠭᠤᠷᠢ ᠶᠢ ᠪᠠᠷᠢᠮᠲᠠᠯᠠᠬᠤ᠃ ᠭᠠᠴᠠᠭᠠᠨ ᠤ ᠮᠠᠯᠴᠢᠳ ᠤᠨ ᠥᠪᠡᠷᠲᠡᠭᠡᠨ ᠵᠠᠰᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠎ᠠ᠃ ︽ᠢᠯᠡ ᠪᠠᠶᠢᠯᠭᠠᠬᠤ ︾ ᠬᠢᠨᠠᠯᠲᠠ | ᠬᠠᠮᠢᠶᠠᠷᠤᠯᠲᠠ ᠶᠢᠨ ᠲᠠᠪᠴᠠᠩ ᠢ ᠳᠡᠯᠭᠡᠷᠡᠭᠦᠯᠵᠦ᠂ ᠨᠠᠮ ᠤᠨ ᠶᠠᠪᠤᠳᠠᠯ᠂ ᠲᠣᠰᠬᠤᠨ ᠤ ᠶᠠᠪᠤᠳᠠᠯ᠂ ᠡᠳ᠋ ᠤᠨ ᠶᠠᠪᠤᠳᠠᠯ | ᠤᠨ ︽ᠭᠤᠷᠪᠠᠨ ᠶᠠᠪᠤᠳᠠᠯ ᠢ ᠢᠯᠡ ᠪᠣᠯᠭᠠᠬᠤ︾ ᠳᠦᠷᠢᠮ ᠢ ᠲᠡᠭᠦᠯᠳᠡᠷᠵᠢᠭᠦᠯᠦᠨ᠂ ︽ᠳᠥᠷᠪᠡ ᠶᠢ ᠵᠥᠪᠯᠡᠵᠦ | ᠬᠤᠶᠠᠷ ᠢ ᠢᠯᠡ ᠪᠠᠶᠢᠯᠭᠠᠬᠤ︾ ᠠᠷᠠᠳᠴᠢᠯᠠᠯ ᠢᠶᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ | ᠬᠢᠨᠠᠯᠲᠠ ᠲᠠᠯᠪᠢᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠦᠨ᠎ᠡ᠃ ᠨᠡᠶᠢᠭᠡᠮ ᠲᠣᠭᠤᠷᠢᠭ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ︽ᠭᠤᠷᠪᠠᠨ ᠨᠡᠶᠢᠭᠡᠮ ᠬᠠᠮᠲᠤᠷᠠᠨ ᠬᠥᠳᠡᠯᠦᠯᠴᠡᠬᠦ ︾ ᠶᠢ | ᠠᠬᠢᠭᠤᠯᠵᠤ᠂ ᠭᠠᠴᠠᠭ᠎ᠠ ᠠᠴᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠯᠵᠤ ᠮᠡᠳᠡᠪᠡᠯ᠂ ᠦᠢᠯᠡᠴᠢᠯᠡᠭᠡᠨ | ᠤ ᠲᠥᠷᠥᠯ ᠵᠦᠢᠯ ᠢ ᠨᠢᠭᠡᠳᠦᠯᠲᠡᠢ ᠲᠥᠯᠥᠪᠯᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠨᠡᠶᠢᠭᠡᠮ ᠤᠨ | ᠲᠤᠰᠬᠠᠢ ᠠᠵᠢᠯ ᠤᠨ ᠪᠦᠯᠬᠦᠮ ᠢ ᠬᠦᠯᠢᠶᠡᠨ ᠠᠪᠴᠤ᠂ ᠬᠥᠳᠡᠯᠦᠨ ᠵᠢᠯᠣᠭᠤᠳᠴᠤ ᠪᠠᠶᠢᠭᠠᠳ ᠣᠷᠣᠯᠴᠠᠭᠤᠯᠬᠤ ᠠᠵᠢᠯ | ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ | ᠬᠥᠭᠵᠢᠯᠲᠡ ᠶᠢ ᠵᠣᠷᠢᠭᠵᠢᠭᠤᠯᠤᠨ ᠳᠠᠮᠵᠢᠵᠤ᠂ ᠪᠦᠬᠦ ᠬᠤᠰᠢᠭᠤᠨ ᠤ ᠭᠠᠴᠠᠭ᠎ᠠ ᠪᠦᠷᠢ ᠳᠤ ᠳᠤᠮᠳᠠᠴᠢ ᠪᠠᠷ 3 ᠠᠴᠠ | ᠳᠡᠭᠡᠭᠰᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠨᠠᠰᠤᠲᠠᠶᠢᠴᠤᠳ ᠤᠨ | ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠤᠨ ᠳᠠᠮᠵᠢᠵᠤ᠂ ᠭᠠᠴᠠᠭᠠᠨ ᠤ ᠪᠦᠷᠬᠦᠴᠡ ᠶᠢᠨ ᠨᠣᠷᠮ᠎ᠠ ᠶᠢ 90% | ᠠᠴᠠ ᠳᠡᠭᠡᠭᠰᠢ ᠬᠦᠷᠭᠡᠨ᠎ᠡ᠃ ︽ᠨᠡᠶᠢᠭᠡᠮ ᠤᠨ ᠠᠵᠢᠯᠲᠠᠨ + ᠰᠠᠶᠢᠨ ᠳᠤᠷᠠᠴᠤᠳ︾ ᠤᠨ ᠦᠶᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠵᠤ᠂ ᠰᠠᠶᠢᠨ ᠳᠤᠷ᠎ᠠ ᠶᠢᠨ ᠦᠶᠯᠡᠴᠢᠯᠡᠭᠡᠨ ᠤ ᠳᠦᠷᠢᠮᠵᠢᠯᠲᠡ ᠶᠢ ᠠᠬᠢᠭᠤᠯᠤᠨ᠎ᠠ᠃ ᠪᠥᠬᠦ | ᠬᠤᠰᠢᠭᠤᠨ ᠤ ᠰᠤᠮᠤ ᠪᠠᠯᠭᠠᠰᠤᠨ ᠤ ᠨᠡᠶᠢᠭᠡᠮ ᠤᠨ ᠠᠵᠢᠯ ᠤᠨ ᠥᠷᠲᠡᠭᠡ ᠶᠢ ᠪᠦᠬᠦᠨ ᠢ ᠪᠦᠷᠬᠦᠭᠦᠯᠬᠦ ᠶᠢ | ᠠᠬᠢᠭᠤᠯᠵᠤ᠂ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠬᠥᠮᠦᠨ ᠠᠮᠠ ᠳᠤ | ᠡᠵᠡᠯᠡᠬᠦ ᠬᠠᠷᠢᠴᠠᠯ ᠢ 1 ‰ ᠠᠴᠠ ᠪᠠᠭ᠎ᠠ ᠪᠠᠶᠢᠯᠭᠠᠬᠤ ᠥᠬᠡᠶ᠂ ᠳᠠᠩᠰᠠᠯᠠᠭᠤᠯᠤᠭᠰᠠᠨ ᠰᠠᠶᠢᠨ ᠳᠤᠷᠠᠴᠤᠳ ᠤᠨ | ᠬᠥᠮᠦᠨ ᠤ ᠲᠤᠭ᠎ᠠ ᠶᠢᠨ ᠶᠡᠷᠦᠩᠬᠡᠶ ᠬᠥᠮᠦᠨ ᠠᠮᠠ ᠳᠤ ᠡᠵᠡᠯᠡᠬᠦ ᠬᠠᠷᠢᠴᠠᠯ ᠢ 8% ᠠᠴᠠ ᠪᠠᠭ᠎ᠠ ᠪᠠᠶᠢᠯᠭᠠᠬᠤ ᠥᠬᠡᠶ | ᠃ | ᠶᠣᠰᠣ ᠮᠣᠷᠠᠯ ᠢᠶᠠᠷ ᠵᠠᠰᠠᠬᠤ ᠶᠢ ᠪᠠᠷᠢᠮᠲᠠᠯᠠᠨ᠎ᠠ᠃ ᠶᠣᠰᠣ ᠰᠤᠷᠲᠠᠬᠤᠨ ᠢᠶᠠᠷ ᠬᠥᠮᠦᠨ ᠢ ᠤᠬᠠᠭᠠᠷᠠᠭᠤᠯᠬᠤ ᠶᠢ | ᠪᠠᠷᠢᠮᠲᠠᠯᠠᠨ᠂ ᠥᠷᠭᠡᠨ ᠣᠯᠠᠨ ᠮᠠᠯᠴᠢᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠥᠭᠡᠳᠡᠷᠬᠡᠭ | ᠴᠠᠶᠢᠯᠭᠠᠨ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠵᠢᠷᠤᠮ ᠢ ᠬᠦᠨᠳᠦᠳᠬᠡᠨ ᠢᠲᠡᠭᠡᠯ | ᠢ ᠡᠷᠬᠢᠮᠯᠡᠬᠦ᠂ ᠠᠵᠢᠯᠴᠢ ᠠᠷᠪᠢᠴᠢ ᠪᠠᠷ ᠠᠵᠤ ᠲᠦᠷᠦᠭᠦ ᠶᠢ ᠬᠥᠲᠥᠯᠥᠨ ᠵᠢᠯᠣᠭᠤᠳᠴᠤ᠂ ᠨᠡᠶᠢᠭᠡᠮ ᠤᠨ ᠵᠥᠷᠢᠴᠡᠯ | ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠨ᠎ᠠ᠃ ︽ᠰᠠᠶᠢᠨ ᠭᠡᠷ ᠤᠨ ᠰᠤᠷᠲᠠᠯ ᠰᠠᠶᠢᠨ ᠭᠡᠷ ᠤᠨ | ᠰᠤᠷᠭᠠᠯ ︾ ᠢ ᠶᠡᠬᠡᠪᠡᠷ ᠪᠠᠳᠠᠷᠠᠭᠤᠯᠵᠤ᠂ ︽ᠣᠳᠣᠨ ᠲᠡᠰ ᠤᠨ ᠪᠣᠯᠪᠠᠰᠤᠨ ᠡᠷᠦᠬᠡ ︾᠂ ︽ᠬᠠᠮᠤᠭ ᠤᠨ ᠭᠤᠶᠤ | ᠭᠡᠷ ᠪᠦᠯᠢ ︾ ᠶᠢᠨ ᠰᠢᠯᠭᠠᠷᠠᠭᠤᠯᠤᠯᠲᠠ ᠶᠢ ᠰᠠᠶᠢᠲᠤᠷ ᠠᠳᠬᠤᠵᠤ᠂ ︽ ᠵᠢᠷᠭᠤᠭᠠᠨ ᠶᠡᠭᠡ ᠡᠭᠦᠳᠦᠯᠲᠡ︾ ᠶᠢ | ᠠᠬᠢᠭᠤᠯᠵᠤ᠂ ᠮᠠᠯᠵᠢᠬᠤ ᠣᠷᠣᠨ ᠤ ᠮᠣᠷᠠᠯ ᠢᠶᠠᠷ ᠵᠠᠰᠠᠬᠤ ᠪᠠ ᠥᠪᠡᠷᠲᠡᠭᠡᠨ ᠵᠠᠰᠠᠬᠤ ᠶᠢ ᠬᠠᠷᠢᠯᠴᠠᠨ ᠠᠬᠢᠭᠤᠯᠬᠤ ᠶᠢ | ᠪᠡᠶᠡᠯᠡᠭᠦᠯᠦᠨ᠎ᠡ᠃ ᠰᠤᠮᠤ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ᠂ ᠰᠠᠯᠠᠭ᠎ᠠ ᠮᠥᠴᠢᠷ ( ᠨᠢᠭᠡᠴᠡ )᠂ | ᠰᠤᠷᠭᠠᠭᠤᠯᠢ᠂ ᠣᠯᠠᠨ ᠨᠡᠶᠢᠲᠡ ᠶᠢᠨ ᠲᠠᠯᠠᠪᠤᠷ᠂ ᠬᠡᠷ ᠪᠦᠯᠢ ᠵᠢᠴᠢ ᠬᠤᠪᠢ ᠬᠥᠮᠦᠨ ᠤ ᠳᠤᠮᠳᠠ ᠰᠢᠨ᠎ᠡ ᠴᠠᠭ ᠦᠶ᠎ᠡ | ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠥᠪᠥᠷ ᠮᠣᠩᠭᠤᠯ ᠳᠠᠬᠢ ︽ᠠᠷᠪᠠᠨ ᠶᠡᠭᠡ | ᠠᠵᠢᠯᠯᠠᠭ᠎ᠠ︾ ᠶᠢ ᠨᠡᠶᠢᠳᠡᠮ ᠥᠷᠨᠢᠭᠦᠯᠦᠨ᠎ᠡ᠃ ᠶᠣᠰᠣ ᠰᠤᠷᠲᠠᠬᠤᠨ ᠤ ᠵᠢᠱᠢᠶᠡᠴᠢ᠂ ᠴᠠᠭ ᠦᠶ᠎ᠡ ᠶᠢᠨ ᠵᠢᠱᠢᠶᠡᠴᠢ | ᠶᠢᠨ ᠲᠡᠷᠢᠭᠦᠨ ᠤ ᠦᠶᠯᠡ ᠠᠵᠢᠯᠯᠠᠭ᠎ᠠ ᠶᠢ ᠭᠦᠨᠵᠡᠭᠡᠶ ᠤᠬᠠᠭᠤᠯᠵᠤ᠂ ᠪᠠᠭᠠᠲᠤᠷ ᠳᠠᠭᠤᠷᠢᠶᠠᠯ ᠤᠨ ᠡᠷᠬᠢᠮ ᠳᠡᠭᠡᠳᠦ | ᠳᠦᠷᠢ ᠲᠥᠷᠬᠦ᠂ ᠬᠥᠮᠦᠰ ᠤᠨ ᠰᠡᠳᠬᠢᠯ ᠢ ᠬᠥᠳᠡᠯᠭᠡᠮ᠎ᠡ ᠦᠶᠯᠡ ᠠᠵᠢᠯᠯᠠᠭ᠎ᠠ᠂ ᠣᠶᠤᠨ ᠰᠠᠨᠠᠭᠠᠨ ᠤ ᠬᠦᠴᠦᠨ ᠢᠶᠠᠷ | ᠬᠥᠮᠦᠨ ᠢ ᠬᠥᠮᠦᠵᠢᠭᠦᠯᠵᠦ᠂ ᠬᠥᠮᠦᠨ ᠢ ᠨᠥᠯᠥᠭᠡᠯᠡᠵᠦ᠂ ᠬᠥᠮᠦᠨ ᠢ ᠬᠥᠮᠦᠵᠢᠭᠦᠯᠦᠨ᠎ᠡ᠃ | ᠭᠤᠷᠪᠠ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ | ᠬᠦᠨᠳᠦ ᠶᠡᠭᠡ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠰᠡᠷᠭᠡᠶᠢᠯᠡᠬᠦ᠂ ᠠᠷᠢᠯᠭᠠᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠠᠮᠤᠷ ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ ᠪᠠᠶᠢᠭᠤᠯᠤᠯᠲᠠ ᠶᠢ ᠨᠠᠩ ᠥᠨᠳᠥᠷ | ᠲᠦᠪᠰᠢᠨ ᠳᠤ ᠬᠦᠷᠭᠡᠵᠦ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠠᠮᠤᠷ ᠲᠣᠭᠲᠠᠭᠤᠨ | ᠡᠮᠬᠢ ᠳᠢᠭᠯᠢᠮ ᠲᠠᠢ ᠪᠠᠶᠢᠬᠤ ᠶᠢ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠷᠢᠭ᠎ᠠ ᠱᠤᠭᠤᠮ | ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠯᠠᠨ ᠨᠡᠶᠢᠲᠡ | ᠶᠢᠨ ᠠᠮᠤᠷ ᠲᠦᠪᠰᠢᠨ ᠤ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠤᠨ᠎ᠠ᠃ ᠠᠶᠤᠯᠭᠦᠢ ᠦᠢᠯᠡᠳᠪᠦᠷᠢᠯᠡᠯ ᠤᠨ | ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠠᠮᠤᠷ ᠲᠦᠪᠰᠢᠨ ᠤ | ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠬᠦᠨᠳᠦ ᠣᠨᠴᠠ ᠶᠡᠭᠡ ᠠᠮᠤᠷ ᠲᠦᠪᠰᠢᠨ ᠤ ᠠᠳᠠᠯ ᠡᠭᠦᠰᠬᠦ ᠶᠢ ᠡᠷᠡᠰ ᠬᠤᠷᠢᠭᠯᠠᠨ᠎ᠠ᠃ ᠬᠢᠵᠢᠭ ᠤᠨ ᠪᠠᠶᠢᠳᠠᠯ ᠢ | ᠴᠠᠭ ᠲᠤᠬᠠᠢ ᠳᠤᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠣᠨᠣᠪᠴᠢᠲᠠᠢ ᠬᠠᠮᠢᠶᠠᠷᠤᠨ ᠡᠵᠡᠮᠳᠡᠬᠦ᠂ | ᠪᠦᠲᠦᠮᠵᠢᠲᠡᠢ ᠠᠪᠤᠷᠠᠨ ᠡᠮᠨᠡᠬᠦ ᠪᠠᠶᠢᠩᠭᠤᠵᠢᠬᠰᠠᠠ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠤᠨ᠎ᠡ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠬᠤᠯᠤᠭᠠᠨ᠎ᠠ ᠶᠢᠨ ᠬᠢᠵᠢᠭ ᠤᠨ ᠪᠠᠶᠢᠳᠠᠯ | ᠵᠡᠷᠭᠡ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ | ᠪᠠᠨ ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠳᠤ ᠨᠠᠩ | ᠠᠮᠤᠷ ᠲᠦᠪᠰᠢᠨ ᠪᠣᠯᠭᠠᠨ᠎ᠠ᠃ | ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠵᠠᠰᠠᠭ ᠤᠨ ᠣᠷᠳᠣᠨ | ᠢᠶᠠᠷ ᠭᠤᠣᠯᠯᠠᠭᠤᠯᠤᠭᠰᠠᠨ᠂ ᠣᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠭᠰᠡᠨ᠂ ᠵᠣᠬᠢᠴᠠᠯᠳᠤᠨ ᠬᠠᠮᠵᠢᠯᠴᠠᠭᠰᠠᠨ᠂ | ᠡᠮᠬᠢ ᠵᠢᠷᠤᠮ ᠲᠠᠢ ᠪᠠᠷ ᠣᠷᠣᠯᠴᠠᠭᠰᠠᠨ ᠭᠠᠮᠰᠢᠭ ᠢ ᠰᠡᠷᠭᠡᠶᠢᠯᠡᠨ ᠭᠠᠮᠰᠢᠭ ᠤᠨ ᠬᠤᠭᠢᠷᠠᠯ ᠢ ᠪᠠᠭᠠᠰᠬᠠᠬᠤ ᠰᠢᠨ᠎ᠡ | ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠮᠰᠢᠭ ᠢ ᠰᠡᠷᠭᠡᠶᠢᠯᠡᠬᠦ ᠭᠠᠮᠰᠢᠭ ᠤᠨ ᠬᠤᠭᠢᠷᠠᠯ ᠢ ᠪᠠᠭᠠᠰᠬᠠᠬᠤ | ᠭᠠᠮᠰᠢᠭ ᠠᠴᠠ ᠠᠪᠤᠷᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠢ ᠬᠢᠨᠠᠨ ᠬᠡᠮᠵᠢᠬᠦ᠂ ᠠᠪᠤᠷᠠᠨ | ᠲᠤᠰᠠᠯᠠᠬᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠣᠳᠣᠬᠢᠴᠢᠯᠠᠭᠰᠠᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠤᠨ | ᠬᠤᠭᠢᠷᠠᠯ ᠢ ᠪᠠᠭᠠᠰᠬᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ︾ ᠤᠨ ᠦᠢᠯᠡᠳᠦᠯ ᠢ ᠦᠨᠡᠨᠬᠦ | ᠪᠠᠳᠠᠷᠠᠭᠤᠯᠤᠨ᠎ᠠ᠃ ᠭᠠᠮᠰᠢᠭ ᠠᠴᠠ ᠠᠪᠤᠷᠠᠵᠤ ᠭᠠᠮᠰᠢᠭ ᠢ ᠰᠡᠷᠭᠡᠶᠢᠯᠡᠬᠦ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ | ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠯ ᠤᠨ ᠭᠠᠮᠰᠢᠭ᠂ ᠭᠠᠩ ᠬᠠᠭᠰᠠᠷᠠᠭᠠᠨ᠂ ᠴᠠᠰᠤᠨ ᠭᠠᠮᠰᠢᠭ᠂ ᠦᠶᠡᠷ | ᠤᠨ ᠭᠠᠮᠰᠢᠭ᠂ ᠡᠯᠡᠰᠦ ᠲᠣᠭᠤᠰᠣ᠂ ᠭᠠᠵᠠᠷ ᠬᠥᠳᠡᠯᠦᠯᠲᠡ᠂ ᠭᠠᠵᠠᠷ ᠵᠦᠢ ᠶᠢᠨ ᠭᠠᠢ ᠭᠠᠮᠰᠢᠭ᠂ ᠬᠤᠯᠤᠭᠠᠨ᠎ᠠ | ᠬᠤᠷᠣᠬᠠᠢ ᠶᠢᠨ ᠡᠪᠡᠳᠴᠢᠨ᠂ ᠬᠡᠭᠡᠷ᠎ᠡ ᠶᠢᠨ ᠠᠮᠢᠲᠠᠨ ᠤ ᠬᠢᠵᠢᠭ ᠡᠪᠡᠳᠴᠢᠨ ᠵᠡᠷᠭᠡ ᠭᠠᠢ ᠭᠠᠮᠰᠢᠭ ᠢ ᠰᠡᠷᠭᠡᠶᠢᠯᠡᠨ | ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠵᠦᠢᠯᠡᠰ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | | | | | | ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠶᠳᠪᠦᠷᠢᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ︽ | ᠶᠡᠷᠦᠩᠬᠡᠶᠢᠯᠡᠨ ᠵᠠᠰᠠᠬᠤ ᠥᠷᠳᠡᠭᠡ︾ ᠵᠢᠴᠢ ︽ᠳᠥᠷᠪᠡᠨ ᠭᠠᠵᠠᠷ ᠨᠢᠭᠡ ᠲᠢᠩᠬᠢᠮ ᠨᠢᠭᠡ ᠲᠠᠰᠤᠭ︾ ᠬᠤᠯᠪᠣᠭᠠᠯᠠᠨ | ᠡᠶᠡᠳᠡᠭᠦᠯᠬᠦ ᠵᠠᠭᠪᠤᠷ ᠢ ᠭᠦᠨᠵᠡᠭᠡᠶ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠬᠤᠯᠪᠣᠭᠠᠯᠠᠨ ᠠᠬᠢᠭᠤᠯᠬᠤ | ᠂ ᠵᠥᠷᠢᠴᠡᠯ ᠵᠢᠭᠤᠷᠠᠯᠳᠤᠭᠠᠨ ᠢ ᠬᠤᠯᠪᠣᠭᠠᠯᠠᠨ ᠡᠶᠡᠳᠡᠭᠦᠯᠬᠦ᠂ ᠨᠡᠶᠢᠭᠡᠮ ᠤᠨ ᠠᠮᠤᠷ ᠲᠦᠪᠰᠢᠨ ᠢ ᠬᠤᠯᠪᠣᠭᠠᠯᠠᠨ | ᠰᠡᠷᠭᠡᠶᠢᠯᠡᠬᠦ᠂ ᠭᠤᠤᠯᠳᠠᠯᠭ᠎ᠠ ᠲᠠᠢ ᠠᠵᠢᠯ ᠢ ᠬᠤᠯᠪᠣᠭᠠᠯᠠᠨ ᠬᠥᠳᠡᠯᠦᠯᠴᠡᠬᠦ᠂ ᠲᠣᠪᠣᠶᠢᠮ᠎ᠠ ᠠᠰᠠᠭᠤᠳᠠᠯ ᠢ | ᠬᠤᠯᠪᠣᠭᠠᠯᠠᠨ ᠵᠠᠰᠠᠬᠤ᠂ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠶᠢ ᠬᠤᠯᠪᠣᠭᠠᠯᠠᠨ ᠡᠭᠦᠳᠬᠦ᠂ ᠦᠶᠯᠡᠴᠢᠯᠡᠭᠡ | ᠬᠠᠮᠢᠶᠠᠷᠤᠯᠲᠠ ᠶᠢ ᠬᠤᠯᠪᠣᠭᠠᠯᠠᠨ ᠠᠳᠬᠤᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠠᠵᠢᠯ ᠲᠦᠷᠦᠯ ᠤᠨ ᠴᠢᠨᠠᠷᠲᠠᠢ᠂ | ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠬᠦ ᠺᠣᠮᠢᠰ ᠪᠠ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ | ᠡᠶᠡᠳᠡᠭᠦᠯᠭᠡ ᠶᠢ ᠵᠣᠯᠭᠠᠯᠳᠤᠭᠤᠯᠤᠨ ᠬᠤᠯᠪᠣᠯᠳᠤᠭᠤᠯᠬᠤ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠵᠠᠬᠢᠳᠠᠯ | ᠰᠤᠷᠪᠤᠯᠵᠢᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠤᠨ ᠲᠣᠭᠲᠠᠮᠠᠯ ᠬᠤᠭᠤᠴᠠᠭ᠎ᠠ | ᠲᠠᠢ ᠪᠠᠷ ᠦᠨᠳᠦᠰᠦᠨ ᠱᠠᠲᠤᠨ ᠳᠤ ᠪᠠᠭᠤᠵᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠳᠦᠷᠢᠮ ᠢ | ᠦᠷᠭᠦᠯᠵᠢᠯᠡᠨ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ᠎ᠡ᠃ | 12348 ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠯᠠᠮᠰᠢᠯ ᠤᠲᠠᠰᠤ ᠪᠠ ᠰᠢᠯᠢ ᠶᠢᠨ ᠭᠤᠤᠯ ᠤᠨ ᠬᠠᠤᠯᠢ | ᠴᠠᠭᠠᠵᠠ ᠶᠢᠨ ᠦᠶᠯᠡᠴᠢᠯᠡᠭᠡᠨ ᠤ ᠰᠦᠯᠵᠢᠶ᠎ᠡ ᠶᠢᠨ ᠲᠠᠪᠴᠠᠩ ᠳᠤ ᠲᠦᠰᠢᠭᠯᠡᠨ᠂ ︽ᠢᠨᠲ᠋ᠧᠷ ᠰᠦᠯᠵᠢᠶ᠎ᠡ + ᠲᠣᠤᠷ | ᠰᠦᠯᠵᠢᠶ᠎ᠡ ᠶᠢᠨ ᠬᠠᠮᠢᠶᠠᠷᠤᠯᠲᠠ︾ ᠶᠢᠨ ᠦᠶᠯᠡᠴᠢᠯᠡᠭᠡᠨ ᠤ ᠵᠠᠭᠪᠤᠷ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ | ᠶᠢᠨ ᠦᠨᠳᠦᠰᠦᠨ ᠱᠠᠲᠤᠨ ᠤ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠪᠠ ᠵᠠᠯᠠᠵᠤ | ᠵᠢᠯᠣᠭᠤᠳᠤᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢᠴᠢ᠂ ᠰᠡᠳᠬᠢᠴᠡ ᠶᠢᠨ ᠵᠥᠪᠯᠡᠯᠭᠡ ᠥᠭᠭᠦᠭᠴᠢ | ᠶᠢᠨ ᠵᠥᠷᠢᠴᠡᠯ ᠢ ᠠᠷᠢᠯᠭᠠᠬᠤ ᠳᠤ ᠣᠷᠣᠯᠴᠠᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ | ᠪᠣᠰᠤᠭ᠎ᠠ ᠴᠣᠭᠴᠠᠲᠤ᠂ ᠬᠠᠤᠯᠢᠵᠢᠭᠰᠠᠨ᠂ ᠲᠤᠰᠬᠠᠶᠢᠵᠢᠭᠰᠠᠨ᠂ ᠤᠶᠤᠨᠴᠢᠯᠠᠬᠰᠠᠨ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠰᠢᠨᠡᠴᠢᠯᠡᠵᠦ ᠲᠡᠭᠦᠯᠳᠡᠷᠵᠢᠭᠦᠯᠦᠨ᠎ᠡ᠃ ᠴᠢᠬᠤᠯᠠ ᠶᠡᠭᠡ ᠲᠣᠭᠲᠠᠭᠤᠨ ᠪᠤᠰᠤ | ᠠᠰᠠᠭᠤᠳᠠᠯ ᠤᠨ ᠨᠠᠷᠢᠨ ᠲᠠᠩᠰᠠ ᠶᠢᠨ ᠲᠦᠷᠢᠮ ᠢ ᠬᠡᠷᠡᠭᠵᠢᠭᠦᠯᠵᠦ᠂ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ | ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠤᠨ ᠪᠠᠶᠢᠳᠠᠯ ᠳᠤ ᠬᠤᠯᠪᠣᠭᠳᠠᠬᠤ | ᠨᠢᠭᠤᠴᠠ ᠮᠡᠳᠡᠭᠡ᠂ ᠮᠡᠳᠡᠭᠡ ᠵᠠᠩᠭᠢ ᠶᠢ ᠴᠤᠭᠯᠠᠭᠤᠯᠤᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠲᠣᠭᠲᠠᠭᠤᠨ | ᠪᠠᠶᠢᠳᠠᠯ ᠳᠤ ᠬᠤᠯᠪᠣᠭᠳᠠᠬᠤ ᠳᠠᠯᠳᠠ ᠬᠡᠮ ᠢ ᠪᠠᠶᠢᠴᠠᠭᠠᠵᠤ ᠴᠡᠭᠴᠡᠯᠡᠨ ᠵᠠᠰᠠᠬᠤ᠂ ᠴᠢᠬᠤᠯᠠ ᠶᠡᠭᠡ ᠬᠡᠷᠡᠭ ᠶᠠᠪᠤᠳᠠᠯ | ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠭᠤᠤᠯᠳᠠᠯᠭ᠎ᠠ ᠲᠠᠢ | ᠬᠥᠮᠦᠰ ᠢ ᠬᠠᠮᠢᠶᠠᠷᠤᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ | ᠵᠢᠴᠢ ᠪᠣᠳᠠᠲᠤ ᠪᠠᠶᠢᠯᠳᠤᠭᠠᠨ ᠤ ᠰᠣᠷᠢᠯᠲᠠ ᠵᠡᠷᠭᠡ ᠲᠣᠭᠲᠠᠭᠤᠨ ᠪᠠᠶᠢᠳᠠᠯ ᠢ ᠬᠠᠮᠠᠭᠠᠯᠠᠬᠤ ᠭᠤᠤᠯᠳᠠᠯᠭ᠎ᠠ ᠲᠠᠢ ᠠᠵᠢᠯ | ᠢ ᠭᠦᠨᠵᠡᠭᠡᠶ ᠥᠷᠨᠢᠭᠦᠯᠦᠨ᠎ᠡ᠃ ︽ᠭᠡᠭᠡᠨ ᠲᠤᠩᠭᠠᠯᠠᠭ ᠢᠨᠵᠧᠨᠧᠷᠢᠩ ︾ ᠤᠨ ᠪᠦᠲᠦᠭᠡᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠲᠦᠯᠬᠢᠨ ᠠᠬᠢᠭᠤᠯᠵᠤ᠂ ᠬᠤᠲᠠ ᠬᠢᠭᠡᠳ ᠮᠠᠯᠵᠢᠬᠤ ᠣᠷᠣᠨ ᠤ ᠣᠯᠠᠨ ᠨᠡᠶᠢᠲᠡ ᠶᠢᠨ ᠠᠮᠤᠷ | ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠦᠲᠦᠭᠡᠨ ᠪᠠᠶᠢᠭᠤᠯᠤᠯᠲᠠ ᠬᠢᠭᠡᠳ ᠰᠦᠯᠵᠢᠶ᠎ᠡ ᠬᠤᠯᠪᠣᠬᠤ | ᠶᠢ ᠴᠢᠩᠭᠠᠳᠬᠠᠨ᠂ ᠪᠦᠬᠦ ᠣᠷᠣᠨ ᠪᠦᠰᠡ ᠪᠠᠷ ᠬᠠᠮᠤᠷᠬᠤ᠂ ᠪᠦᠬᠦ ᠰᠦᠯᠵᠢᠶ᠎ᠡ ᠪᠠᠷ ᠬᠠᠮᠲᠤ ᠳᠠᠭᠠᠨ ᠡᠳ᠋ᠯᠡᠬᠦ᠂ ᠪᠦᠬᠦ | ᠴᠠᠭ ᠲᠤ ᠬᠡᠷᠡᠭᠯᠡᠵᠦ ᠪᠣᠯᠬᠤ᠂ ᠪᠦᠬᠦ ᠶᠠᠪᠤᠴᠠ ᠳᠤ ᠡᠵᠡᠮᠳᠡᠵᠦ ᠪᠣᠯᠬᠤ ᠶᠢ ᠪᠡᠶᠡᠯᠡᠭᠦᠯᠦᠨ᠎ᠡ᠃ ᠰᠦᠯᠵᠢᠶᠡᠨ ᠤ | ᠨᠡᠶᠢᠭᠡᠮ ᠤᠨ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠦᠯᠵᠢᠶᠡᠨ ᠤ | ᠣᠷᠣᠨ ᠵᠠᠢ ᠶᠢ ᠴᠡᠪᠡᠷᠰᠢᠭᠦᠯᠦᠨ᠎ᠡ᠃ ᠮᠠᠯᠵᠢᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠥᠩᠭᠦᠨ ᠭᠦᠢᠯᠭᠡᠭᠡᠨ ᠤ | ᠮᠡᠬᠡᠯᠡᠯ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠠᠴᠠ ᠵᠥᠷᠢᠴᠡᠨ | ᠶᠠᠯ᠎ᠠ ᠬᠢᠬᠦ ᠶᠢ ᠰᠡᠷᠭᠡᠶᠢᠯᠡᠬᠦ ᠠᠵᠢᠯ ᠢ ᠭᠦᠨᠵᠡᠭᠡᠶᠢᠷᠡᠭᠦᠯᠦᠨ᠎ᠡ᠃ ᠠᠮᠤᠷ ᠠᠮᠤᠭᠤᠯᠠᠩ ᠰᠤᠮᠤ ᠪᠠᠯᠭᠠᠰᠤ ( ᠲᠠᠯᠠᠪᠠᠢ )᠂ | ᠠᠮᠤᠷ ᠠᠮᠤᠭᠤᠯᠠᠩ ᠭᠠᠴᠠᠭ᠎ᠠ ( ᠨᠡᠶᠢᠭᠡᠮ ᠲᠣᠭᠤᠷᠢᠭ )᠂ ᠠᠮᠤᠷ ᠠᠮᠤᠭᠤᠯᠠᠩ ᠵᠠᠮ ᠬᠠᠷᠢᠯᠴᠠᠭ᠎ᠠ᠂ ᠠᠮᠤᠷ | ᠠᠮᠤᠭᠤᠯᠠᠩ ᠡᠮᠨᠡᠯᠭᠡ ᠶᠢᠨ ᠬᠤᠷᠢᠶ᠎ᠠ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ᠂ ᠠᠮᠤᠷ ᠠᠮᠤᠭᠤᠯᠠᠩ | ᠦᠢᠯᠡᠳᠪᠦᠷᠢ ᠠᠭᠤᠷᠬᠠᠢ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ | ᠨᠢᠭᠡᠳᠦᠯᠲᠡᠶ ᠵᠢᠯᠣᠭᠤᠳᠬᠤ᠂ ᠲᠤᠰᠬᠠᠶ ᠪᠠ ᠪᠠᠶᠢᠩᠭᠤ ᠶᠢᠨ ᠬᠢ ᠶᠢ ᠬᠤᠣᠰᠯᠠᠭᠤᠯᠤᠭᠰᠠᠨ᠂ ᠲᠤᠰᠬᠠᠯ ᠢᠶᠠᠷ ᠬᠤᠷᠴᠠ | ᠰᠡᠷᠭᠡᠭ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠳᠠᠬᠢ | ᠠᠪᠤᠷᠠᠨᠲ᠋ᠤᠰᠠᠯᠠᠯᠲᠠ ᠶᠢᠨ ᠵᠢᠯᠣᠭᠤᠳᠤᠨ ᠬᠠᠮᠢᠶᠠᠷᠬᠤ ᠪᠠᠶᠢᠭᠤᠯᠤᠯ ᠢ ᠪᠠᠶᠢᠭᠤᠯᠵᠤ᠂ ᠪᠠᠴᠢᠮ ᠪᠠᠶᠢᠳᠠᠯ ᠢ | ᠠᠷᠭᠠᠴᠠᠭᠠᠬᠤ ᠶᠢᠨ ᠵᠢᠯᠣᠭᠤᠳᠤᠨ ᠨᠡᠪᠲᠡᠷᠡᠯᠴᠡᠵᠦ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠤᠨ᠎ᠠ᠃ ᠪᠠᠴᠢᠮ | ᠪᠠᠶᠢᠳᠠᠯ ᠢ ᠠᠷᠭᠠᠴᠠᠭᠠᠬᠤ ᠲᠠᠪᠴᠠᠩ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠤᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠤᠨ᠎ᠠ᠃ ᠪᠠᠴᠢᠮ ᠪᠠᠶᠢᠳᠠᠯ ᠢ | ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ ᠪᠠᠴᠢᠮ ᠪᠠᠶᠢᠳᠠᠯ | ᠢ ᠠᠷᠭᠠᠴᠠᠭᠠᠬᠤ ᠠᠪᠤᠷᠠᠨ ᠲᠤᠰᠠᠯᠠᠬᠤ ᠲᠤᠰᠬᠠᠶ ᠡᠩᠨᠡᠭᠡ ᠪᠣᠯᠤᠨ ᠰᠠᠶᠢᠨ ᠳᠤᠷᠠᠴᠤᠳ ᠤᠨ ᠡᠩᠨᠡᠭᠡᠨ ᠤ ᠪᠠᠴᠢᠮ | ᠪᠠᠶᠢᠳᠠᠯ ᠢ ᠠᠷᠭᠠᠴᠠᠭᠠᠬᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠨ᠎ᠠ᠃ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠲᠠᠯ᠎ᠠ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠶᠢ | ᠭᠦᠨᠵᠡᠭᠡᠶᠢᠷᠡᠭᠦᠯᠦᠨ᠂ ᠣᠶ ᠰᠢᠭᠤᠶ ᠨᠤᠲᠤᠭ ᠪᠡᠯᠴᠢᠭᠡᠷ ᠵᠢᠴᠢ ᠣᠯᠠᠨ ᠨᠡᠶᠢᠲᠡ ᠶᠢᠨ ᠭᠠᠯ ᠤᠨᠲᠠᠷᠠᠭᠠᠬᠤ ᠰᠠᠭᠤᠷᠢ | ᠲᠦᠬᠦᠭᠡᠷᠦᠮᠵᠢ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠴᠢᠬᠤᠯᠠ | ᠠᠵᠤ ᠠᠬᠤᠢ ᠶᠢᠨ ᠬᠠᠷᠠᠯᠲᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠶᠤᠯ | ᠠᠴᠠ ᠵᠠᠶᠢᠯᠠᠬᠤ ᠲᠠᠯᠠᠪᠤᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ | ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠨᠤᠭ ᠲᠥᠬᠦᠭᠡᠷᠦᠮᠵᠢ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠵᠤ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠲᠤᠰᠬᠠᠶᠢᠵᠢᠭᠰᠠᠨ᠂ ᠤᠶᠤᠨᠴᠢᠯᠠᠭᠰᠠᠨ | ᠂ ᠨᠠᠷᠢᠯᠢᠬᠵᠢᠭᠤᠯᠤᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠤᠨ᠎ᠠ᠃ | ᠬᠢᠯᠢ ᠶᠢᠨ ᠵᠠᠭᠠᠭ ᠤᠨ ᠬᠠᠮᠢᠶᠠᠷᠤᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ | ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠬᠢᠨᠠᠮᠠᠭᠠᠢ ᠲᠣᠣᠱᠯᠠᠭᠤᠯᠵᠣ᠂ ᠬᠢᠯᠢ ᠶᠢᠨ ᠭᠠᠳᠠᠨᠠᠬᠢ ᠳᠠᠶᠢᠰᠤᠩᠨᠠᠭᠴᠢ | ᠬᠦᠴᠦᠨ ᠤ ᠨᠡᠪᠴᠢᠯᠲᠡ ᠨᠤᠷᠠᠭᠠᠯᠲᠠ ᠶᠢ ᠰᠡᠷᠭᠡᠶᠢᠯᠡᠨ ᠬᠤᠷᠢᠭᠯᠠᠬᠤ ᠠᠵᠢᠯᠯᠠᠭ᠎ᠠ ᠶᠢ ᠬᠡᠷᠡᠭᠵᠢᠭᠦᠯᠬᠦ ︽ᠬᠡᠷᠡᠮ | ᠴᠢᠳᠬᠤᠬᠤ ᠢᠨᠵᠧᠨᠧᠷᠢᠩ︾ ᠢ ᠰᠠᠶᠢᠲᠤᠷ ᠠᠳᠬᠤᠵᠤ᠂ ᠬᠢᠯᠢ ᠶᠢᠨ ᠳᠣᠲᠣᠷᠠᠬᠢ ᠤᠯᠤᠰ ᠲᠦᠷᠦ ᠶᠢᠨ ᠠᠮᠤᠷ | ᠲᠦᠪᠰᠢᠨ ᠤ ᠬᠦᠴᠦᠨ ᠤ ᠡᠭᠦᠰᠦᠨ ᠳᠡᠯᠭᠡᠷᠡᠬᠦ ᠶᠢ ᠨᠥᠯᠥᠭᠡᠯᠡᠬᠦ ᠬᠥᠷᠥᠰᠥ ᠰᠢᠷᠣᠢ ᠶᠢ ᠴᠡᠪᠡᠷᠰᠢᠭᠦᠯᠬᠦ ᠢᠨᠵᠧᠨᠧᠷᠢᠩ | ᠂ ᠤᠯᠤᠰ ᠲᠦᠷᠦ ᠶᠢᠨ ᠭᠤᠣᠯᠳᠠᠯᠭ᠎ᠠ ᠲᠠᠢ ᠬᠥᠮᠦᠨ ᠢ ᠬᠥᠮᠦᠵᠢᠭᠦᠯᠦᠨ ᠬᠤᠪᠢᠷᠠᠭᠤᠯᠵᠤ ᠬᠠᠮᠢᠶᠠᠷᠤᠨ ᠡᠵᠡᠮᠳᠡᠬᠦ ︽ | ᠬᠠᠯᠠᠮᠵᠢ ᠶᠢᠨ ᠢᠨᠵᠧᠨᠧᠷᠢᠩ ︾ ᠢ ᠰᠤᠷᠭᠠᠨ ᠬᠥᠮᠦᠵᠢᠭᠦᠯᠦᠨ᠎ᠡ᠃ ᠱᠠᠰᠢᠨ ᠰᠤᠷᠲᠠᠬᠤᠨ ᠤ ᠲᠤᠬᠠᠶ ᠨᠠᠮ ᠤᠨ | ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠪᠴᠢᠯᠲᠡ ᠶᠢ ᠡᠰᠡᠷᠭᠦᠴᠡᠬᠦ᠂ ᠲᠠᠩᠨᠠᠭᠤᠯ ᠢ | ᠡᠰᠡᠷᠭᠦᠴᠡᠬᠦ᠂ ᠬᠠᠭᠠᠴᠠᠭᠤᠯᠬᠤ ᠶᠢ ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ | ᠲᠡᠮᠡᠴᠡᠯ ᠢ ᠶᠡᠬᠡᠪᠡᠷ ᠥᠷᠨᠢᠭᠦᠯᠤᠨ᠎ᠠ᠃ ᠬᠢᠯᠢ ᠬᠢᠵᠠᠭᠠᠷ ᠢᠶᠠᠨ ᠰᠠᠬᠢᠵᠤ ᠬᠢᠯᠢ ᠬᠢᠵᠠᠭᠠᠷ ᠢᠶᠠᠨ ᠪᠠᠬᠢᠵᠢᠭᠦᠯᠬᠦ᠂ ᠬᠢᠯᠢ | ᠬᠢᠵᠠᠭᠠᠷ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠪᠠᠷ | ᠲᠣᠬᠢᠶᠠᠯ ᠪᠣᠯᠭᠠᠨ᠂ ᠬᠢᠯᠢ ᠬᠢᠵᠠᠭᠠᠷ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠪᠥᠲᠥᠭᠡᠨ ᠪᠠᠶᠢᠭᠤᠯᠤᠯᠲᠠ | ᠶᠢᠨ ᠲᠥᠷᠥᠯ ᠵᠦᠶᠯ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠲᠤᠰᠬᠠᠶ ᠲᠥᠷᠥᠯ ᠢᠶᠠᠷ ᠲᠡᠳᠬᠦᠬᠦ ᠪᠠᠯᠠ ᠮᠥᠩᠭᠦ | ᠪᠠ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠵᠤ᠂ ᠬᠢᠯᠢ ᠶᠢᠨ ᠰᠤᠮᠤ ᠪᠠᠯᠭᠠᠰᠤ ( ᠲᠠᠯᠠᠪᠠᠶ ) | ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠬᠢᠯᠢ ᠶᠢᠨ ᠠᠷᠠᠳ ᠤᠨ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ | ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠡᠷᠢᠭ ᠤᠨ | ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠬᠤᠯᠪᠣᠭᠳᠠᠯ ᠪᠦᠬᠦᠢ | ᠰᠠᠭᠤᠷᠢ ᠲᠥᠬᠦᠭᠡᠷᠦᠮᠵᠢ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠳᠥᠷᠪᠡ᠂ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢ ᠴᠣᠭᠴᠠᠯᠠᠨ ᠪᠠᠶᠢᠭᠤᠯᠤᠨ᠎ᠠ | ᠨᠡᠶᠢᠭᠡᠮ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ | ᠠᠵᠢᠯ ᠲᠥᠷᠥᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ | ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠪᠣᠯᠤᠨ ᠠᠵᠢᠯ ᠲᠥᠷᠥᠯ ᠤᠨ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠬᠡᠷᠡᠭᠯᠡᠯᠲᠡ ᠵᠢᠴᠢ ᠬᠠᠮᠲᠤᠷᠠᠨ ᠱᠠᠩᠨᠠᠵᠤ ᠲᠣᠷᠭᠠᠬᠤ ᠳᠦᠷᠢᠮ ᠢ | ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠠᠬᠢᠭᠤᠯᠵᠤ᠂ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠰᠣᠩᠭᠤᠵᠤ ᠢᠲᠡᠭᠡᠮᠵᠢ ᠶᠢᠨ ᠠᠮᠠᠯᠠᠯᠲᠠ ᠶᠢᠨ ᠬᠡᠷᠡᠭᠯᠡᠯᠲᠡ ᠶᠢ | ᠥᠷᠨᠢᠭᠦᠯᠦᠨ᠎ᠡ᠃ ᠢᠲᠡᠭᠡᠮᠵᠢ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠲᠠᠢ ᠪᠠᠶᠢᠪᠠᠯ ᠬᠠᠮᠲᠤᠷᠠᠨ | ᠵᠣᠷᠢᠭᠵᠢᠭᠤᠯᠬᠤ ᠪᠠ ᠢᠲᠡᠭᠡᠮᠵᠢ ᠠᠯᠳᠠᠪᠠᠯ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠣᠳᠣ ᠦᠶ᠎ᠡ ᠶᠢᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠠᠤᠯᠢ ᠶᠣᠰᠣᠨ ᠤ ᠢᠲᠡᠭᠡᠮᠵᠢ ᠶᠢᠨ ᠮᠡᠳᠡᠭᠡ ᠵᠠᠩᠭᠢ | ᠴᠤᠭᠯᠠᠭᠤᠯᠬᠤ ᠪᠠᠶᠢᠭᠤᠯᠤᠮᠵᠢ ᠶᠢ ᠪᠣᠶᠢᠵᠢᠭᠤᠯᠬᠤ ᠪᠠ ᠣᠷᠣᠭᠤᠯᠵᠤ ᠢᠷᠡᠨ᠂ ᠢᠲᠡᠭᠡᠮᠵᠢ ᠶᠢᠨ ᠮᠡᠳᠡᠭᠡ ᠵᠠᠩᠭᠢ | ᠴᠤᠭᠯᠠᠭᠤᠯᠬᠤ ᠦᠢᠯᠡᠴᠢᠯᠡᠭᠡᠨ ᠤ ᠰᠢᠨ᠎ᠡ ᠶᠢ ᠡᠭᠦᠳᠦᠨ᠎ᠡ᠃《 ᠢᠲᠡᠭᠡᠮᠵᠢ ᠲᠠᠢ ᠪᠠᠶᠢᠬᠤ ᠨᠢ ᠢᠷᠠᠭᠤ ᠠᠯᠳᠠᠷ ᠲᠠᠢ᠂ | ᠢᠲᠡᠭᠡᠯ ᠠᠯᠳᠠᠬᠤ ᠨᠢ ᠢᠴᠢᠭᠦᠷᠢ ᠭᠤᠲᠤᠮᠰᠢᠭ ᠲᠠᠢ 》ᠭᠡᠳᠡᠭ ᠢᠶᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ | ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠲᠡᠭᠡᠮᠵᠢ ᠲᠠᠢ ᠪᠠᠶᠢᠬᠤ ᠨᠡᠶᠢᠲᠡᠯᠢᠭ ᠵᠢᠱᠢᠶ᠎ᠡ ᠶᠢ ᠤᠬᠠᠭᠤᠯᠬᠤ | ᠪᠠ ᠢᠲᠡᠭᠡᠮᠵᠢ ᠠᠯᠳᠠᠭᠰᠠᠨ ᠨᠡᠶᠢᠲᠡᠯᠢᠭ ᠵᠢᠱᠢᠶ᠎ᠡ ᠶᠢ ᠣᠯᠠᠨ ᠳᠤ ᠢᠯᠡ ᠦᠵᠡᠭᠦᠯᠬᠦ ᠡᠷᠴᠢᠮ ᠢᠶᠠᠨ ᠨᠡᠮᠡᠭᠳᠡᠭᠦᠯᠵᠦ᠂ | ᠦᠨᠡᠨᠴᠢ ᠢᠲᠡᠭᠡᠮᠵᠢᠲᠡᠶ ᠪᠠᠶᠢᠬᠤ ᠶᠢ ᠪᠦᠬᠦ ᠨᠡᠶᠢᠭᠡᠮ ᠤᠨ ᠤᠬᠠᠮᠰᠠᠷᠲᠤ ᠬᠥᠭᠡᠭᠡᠴᠡᠯᠳᠦᠯ ᠪᠣᠯᠭᠠᠵᠤ᠂ ᠦᠨᠡᠨᠴᠢ | ᠢᠲᠡᠭᠡᠮᠵᠢᠲᠡᠶ ᠪᠠᠶᠢᠬᠤ ᠨᠡᠶᠢᠭᠡᠮ ᠤᠨ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠨ᠎ᠠ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠬᠤ᠂ ᠬᠡᠷᠡᠭᠯᠡᠬᠦ ᠪᠠ ᠬᠠᠮᠢᠶᠠᠷᠬᠤ ᠶᠢ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ᠂ ᠬᠤᠳᠠᠯᠳᠤᠭ᠎ᠠ ᠡᠵᠡᠩᠨᠡᠬᠦ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ | ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠮᠠᠯᠵᠢᠬᠤ ᠣᠷᠣᠨ ᠤ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ | ᠢᠲᠡᠭᠡᠮᠵᠢ ᠶᠢᠨ ᠡᠷᠦᠬᠡ᠂ ᠢᠲᠡᠭᠡᠮᠵᠢ ᠶᠢᠨ ᠭᠠᠴᠠᠭ᠎ᠠ᠂ ᠢᠲᠡᠭᠡᠮᠵᠢ ᠶᠢᠨ ᠰᠤᠮᠤ ᠪᠠᠯᠭᠠᠰᠤ ᠶᠢ ᠦᠨᠡᠯᠡᠨ | ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠢᠲᠡᠭᠡᠮᠵᠢ ᠶᠢᠨ ᠳᠠᠩᠰᠠ ᠡᠪᠬᠡᠮᠡᠯ ᠢ | ᠪᠦᠷᠢᠨᠰᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠢᠲᠡᠭᠡᠮᠵᠢ ᠶᠢᠨ ᠲᠡᠮᠳᠡᠭᠯᠡᠯ ᠤᠨ ᠪᠠᠶᠢᠭᠤᠯᠤᠯᠲᠠ ᠶᠢ | ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠡᠨᠴᠢ | ᠢᠲᠡᠭᠡᠮᠵᠢᠲᠡᠶ ᠮᠠᠯᠴᠢᠳ᠂ ᠦᠨᠡᠨᠴᠢ ᠢᠲᠡᠭᠡᠮᠵᠢᠲᠡᠶ ᠭᠠᠴᠠᠭᠠᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ | ᠠᠬᠢᠭᠤᠯᠵᠤ᠂ ᠮᠠᠯᠵᠢᠬᠤ ᠣᠷᠣᠨ ᠤ ᠣᠨᠴᠠᠯᠢᠭ ᠲᠤ ᠨᠡᠶᠢᠴᠡᠭᠰᠡᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ《 | ᠦᠨᠡᠨᠴᠢ ᠢᠲᠡᠭᠡᠮᠵᠢᠲᠡᠶ ᠡᠷᠦᠬᠡ 》᠂《 ᠦᠨᠡᠨᠴᠢ ᠢᠲᠡᠭᠡᠮᠵᠢᠲᠡᠶ ᠭᠠᠴᠠᠭ᠎ᠠ 》 ᠶᠢᠨ ᠪᠠᠷᠢᠮᠵᠢᠶ᠎ᠠ ᠵᠢᠷᠤᠮᠵᠢᠯ ᠪᠠ | ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠰᠤᠳᠤᠯᠤᠨ ᠲᠣᠭᠲᠠᠭᠠᠵᠤ᠂ ᠬᠥᠳᠡᠯᠦᠩᠭᠦᠶ ᠬᠠᠮᠢᠶᠠᠷᠤᠯᠲᠠ ᠶᠢᠨ | ᠲᠣᠭᠲᠠᠴᠠ ᠪᠠ ᠵᠣᠷᠢᠭᠵᠢᠭᠤᠯᠬᠤ ᠠᠷᠭ᠎ᠠ ᠶᠢ ᠪᠠᠶᠢᠭᠤᠯᠤᠨ᠎ᠠ᠃ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ | ᠶᠢ ᠴᠤᠭᠯᠠᠭᠤᠯᠬᠤ᠂ ᠵᠠᠳᠠᠯᠬᠤ᠂ ᠬᠡᠷᠡᠭᠯᠡᠬᠦ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠪᠡᠶᠡᠯᠡᠭᠦᠯᠦᠨ᠎ᠡ᠃ | ᠭᠤᠷᠪᠠᠳᠤᠭᠠᠷ ᠬᠡᠰᠡᠭ ᠬᠠᠤᠯᠢ ᠶᠣᠰᠣᠭᠠᠷ ᠬᠤᠰᠢᠭᠤ ᠪᠠᠨ ᠵᠠᠰᠠᠬᠤ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ | ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠨ᠎ᠠ᠃ ᠨᠠᠮ ᠤᠨ ᠬᠠᠤᠯᠢ ᠪᠠᠷ ᠬᠤᠰᠢᠭᠤ ᠪᠠᠨ ᠵᠠᠰᠠᠬᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠵᠤ᠂ ᠨᠡᠶᠢᠭᠡᠮ ᠵᠢᠷᠤᠮ ᠤᠨ ᠠᠷᠠᠳᠴᠢᠯᠠᠯ ᠢ ᠲᠡᠭᠦᠯᠳᠡᠷᠵᠢᠭᠦᠯᠦᠨ᠂ ᠪᠦᠬᠦ ᠣᠷᠣᠨ ᠤ ᠬᠤᠶᠠᠳᠤᠭᠠᠷ | ᠪᠦᠯᠦᠭ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠢ | ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠵᠤ᠂ ᠬᠠᠤᠯᠢ ᠪᠠᠷ ᠵᠠᠰᠠᠬᠤ ᠵᠡᠭᠦᠨ ᠦᠵᠦᠮᠦᠴᠢᠨ ᠬᠤᠰᠢᠭᠤᠨ ᠤ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠳ ᠲᠦᠮᠡᠨ ᠤ ᠡᠷᠬᠡ ᠠᠰᠢᠭ᠂ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠪᠠ ᠤᠯᠤᠰ ᠤᠨ ᠠᠮᠤᠷ ᠲᠣᠭᠲᠠᠭᠤᠨ ᠢ ᠬᠠᠤᠯᠢ ᠶᠣᠰᠣᠭᠠᠷ | ᠬᠠᠮᠠᠭᠠᠯᠠᠨ᠎ᠠ᠃ | ᠨᠢᠭᠡ᠂ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠲᠠ ᠶᠢ ᠳᠥᠯᠭᠢᠨ ᠠᠬᠢᠭᠤᠯᠤᠨ᠎ᠠ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ | ᠵᠡᠭᠦᠨ ᠦᠵᠦᠮᠦᠴᠢᠨ ᠤ ᠪᠠᠶᠢᠭᠤᠯᠤᠯᠲᠠ ᠶᠢ ᠦᠨᠡᠯᠡᠬᠦ ᠭᠦᠶᠴᠡᠳᠬᠡᠬᠦ ᠲᠤᠭ᠎ᠠ ᠶᠢᠨ ᠲᠣᠭᠲᠠᠯᠴᠠᠭ᠎ᠠ ᠶᠢ | ᠪᠦᠷᠢᠨᠰᠢᠭᠦᠯᠦᠨ᠎ᠡ᠃ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠠᠷᠠᠳ ᠤᠨ | ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠵᠢᠬᠤ ᠣᠷᠣᠨ ᠳᠠᠬᠢ ᠨᠠᠮ ᠤᠨ ᠲᠥᠷᠥ ᠪᠠᠷᠢᠬᠤ | ᠰᠠᠭᠤᠷᠢ ᠶᠢ ᠪᠠᠬᠢᠵᠢᠭᠦᠯᠦᠨ᠎ᠡ᠃ ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠯᠡᠬᠦ ᠠᠷᠭ᠎ᠠ ᠵᠠᠮ ᠢ | ᠰᠢᠯᠤᠭᠤᠳᠬᠠᠵᠤ᠂ ᠭᠠᠴᠠᠭᠠᠨ ᠤ ᠵᠥᠪᠯᠡᠬᠦ ᠲᠠᠪᠴᠠᠩ ᠤᠨ ᠰᠢᠨ᠎ᠡ ᠶᠢ ᠡᠭᠦᠳᠴᠦ᠂ ᠮᠠᠯᠴᠢᠳ ᠤᠨ ᠭᠠᠴᠠᠭᠠᠨ ᠤ | ᠮᠠᠯᠴᠢᠳ ᠤᠨ ᠤᠴᠢᠷ ᠶᠠᠪᠤᠳᠠᠯ ᠬᠡᠯᠡᠯᠴᠡᠬᠦ᠂ ᠠᠷᠠᠳ ᠤᠨ ᠪᠠᠶᠢᠳᠠᠯ ᠢ ᠦᠨᠡᠨᠴᠢ ᠪᠠᠷ ᠶᠠᠷᠢᠯᠴᠠᠬᠤ᠂ ᠣᠯᠠᠨ ᠲᠦᠮᠡᠨ | ᠤ ᠤᠴᠢᠷ ᠶᠠᠪᠤᠳᠠᠯ ᠢ ᠵᠥᠪᠯᠡᠬᠦ᠂ ᠡᠮᠡᠭᠲᠡᠶᠢᠴᠦᠳ ᠤᠨ ᠤᠴᠢᠷ ᠶᠠᠪᠤᠳᠠᠯ ᠢ ᠵᠥᠪᠯᠡᠬᠦ ᠵᠡᠷᠭᠡ ᠡᠯ᠎ᠡ ᠲᠥᠷᠥᠯ ᠤᠨ | ᠵᠥᠪᠯᠡᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠢᠷᠭᠡᠨ ᠤ ᠬᠡᠷᠡᠭ ᠢ ᠠᠷᠠᠳ ᠠᠴᠠ ᠵᠥᠪᠯᠡᠬᠦ᠂ ᠢᠷᠭᠡᠨ ᠤ | ᠬᠡᠷᠡᠭ ᠢ ᠠᠷᠠᠳ ᠠᠴᠠ ᠡᠷᠬᠢᠯᠡᠬᠦ᠂ ᠢᠷᠭᠡᠨ ᠤ ᠶᠠᠪᠤᠳᠠᠯ ᠢ ᠠᠷᠠᠳ ᠠᠴᠠ ᠬᠠᠮᠢᠶᠠᠷᠬᠤ ᠣᠯᠠᠨ ᠳᠡᠰ ᠳᠠᠪᠬᠤᠷᠭ᠎ᠠ ᠶᠢᠨ | ᠦᠨᠳᠦᠰᠦᠨ ᠱᠠᠲᠤᠨ ᠤ ᠵᠥᠪᠯᠡᠬᠦ ᠪᠠᠶᠢᠷᠢᠰᠢᠯ ᠢ ᠪᠤᠢ ᠪᠣᠯᠭᠠᠨ᠎ᠠ᠃ | ᠬᠤᠶᠠᠷ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠲᠠᠭᠤᠷᠢᠶᠠᠯ ᠵᠢᠱᠢᠶ᠎ᠡ ᠶᠢ ᠡᠭᠦᠳᠦᠨ ᠪᠠᠶᠢᠭᠤᠯᠣᠨ᠎ᠠ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠷᠢᠨ | ᠳᠠᠩᠰᠠ ᠶᠢᠨ ᠳᠦᠷᠢᠮ ᠢ ᠬᠡᠷᠡᠭᠵᠢᠭᠦᠯᠬᠦ ᠶᠢᠨ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠤᠨ᠎ᠠ᠃ | ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ | ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃《 ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ 》 ᠶᠢ ᠢᠳᠡᠪᠬᠢᠲᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ《 | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ 》 ᠶᠢ ᠪᠡᠶᠡᠯᠡᠭᠦᠯᠦᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠦᠷᠢᠶ᠎ᠡ ᠴᠠᠷᠠᠭ᠎ᠠ | ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ | ᠰᠦᠪᠡᠭᠴᠢᠯᠡᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ | ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ | ᠲᠦᠷᠢᠮ ᠤᠨ ᠬᠢᠨᠠᠨ ᠬᠠᠷᠭᠤᠭᠤᠯᠤᠯᠲᠠ ᠬᠢᠬᠦ ᠭᠤᠷᠪᠠᠨ ᠵᠦᠶᠯ ᠤᠨ ᠲᠦᠷᠢᠮ ᠢ ᠬᠡᠷᠡᠭᠵᠢᠭᠦᠯᠦᠨ᠎ᠡ᠃ ᠬᠠᠤᠯᠢᠵᠢᠯ ᠤᠨ | ᠵᠠᠰᠠᠭ ᠤᠨ ᠣᠷᠳᠣᠨ ᠤ ᠮᠡᠳᠡᠭᠡ ᠵᠠᠩᠭᠢᠴᠢᠯᠠᠯᠲᠠ ᠶᠢᠨ ᠬᠢᠨᠠᠨ ᠰᠢᠯᠭᠠᠯᠲᠠ ᠶᠢ ᠨᠠᠶᠢᠳᠠᠪᠤᠷᠢᠵᠢᠭᠤᠯᠵᠤ᠂ ᠬᠠᠤᠯᠢᠵᠢᠯ | ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠤᠨ | ᠬᠡᠷᠡᠭᠯᠡᠭᠡᠨ ᠤ ᠠᠵᠢᠯ ᠢ ᠬᠤᠰᠢᠭᠤ ᠬᠠᠷᠢᠶ᠎ᠠ ᠨᠢᠭᠡᠴᠡ ᠶᠢᠨ ᠤᠳᠤᠷᠢᠳᠬᠤ ᠪᠠᠭ ᠤᠨ ᠪᠥᠬᠦ ᠲᠠᠯ᠎ᠠ ᠪᠠᠷ ᠬᠠᠤᠯᠢ ᠪᠠᠷ | ᠬᠤᠰᠢᠭᠤ ᠪᠠᠨ ᠵᠠᠰᠠᠬᠤ ᠬᠢᠨᠠᠨ ᠰᠢᠯᠭᠠᠯᠲᠠ ᠶᠢᠨ ᠭᠦᠶᠴᠡᠳᠬᠡᠯ ᠲᠤᠭ᠎ᠠ ᠳᠤ ᠣᠷᠣᠭᠤᠯᠤᠨ᠎ᠠ᠃ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠵᠠᠰᠠᠯᠲᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠨ ᠱᠠᠲᠤᠨ ᠤ《 ᠪᠢᠴᠢᠯ ᠢᠯᠵᠢᠷᠡᠯ 》 ᠢ ᠠᠷᠢᠯᠭᠠᠬᠤ ᠠᠵᠢᠯᠯᠠᠭ᠎ᠠ | ᠶᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠳᠤ ᠪᠣᠯᠤᠨ ᠤᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠢᠷᠡᠯ | ᠤᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠨ᠎ᠠ᠃ | ᠭᠤᠷᠪᠠ᠂ ᠬᠠᠤᠯᠢ ᠪᠠᠷ ᠵᠠᠰᠠᠬᠤ ᠪᠠᠲᠤᠯᠠᠭ᠎ᠠ ᠶᠢ ᠬᠦᠴᠦᠯᠡᠨ ᠬᠠᠩᠭᠠᠨ᠎ᠠ | ᠬᠠᠤᠯᠢ ᠴᠠᠭᠠᠵᠠ ᠶᠢᠨ ᠡᠷᠬᠡ ᠶᠢᠨ ᠠᠵᠢᠯᠯᠠᠭᠠᠨ ᠤ ᠲᠣᠭᠲᠠᠴᠠ ᠲᠠᠢ ᠵᠣᠬᠢᠴᠠᠯᠳᠤᠭᠰᠠᠨ ᠬᠢᠨᠠᠯᠲᠠ ᠲᠠᠯᠪᠢᠵᠤ | ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠲᠠᠢ | ᠬᠠᠮᠵᠢᠯᠴᠠᠨ ᠰᠠᠯᠠᠭ᠎ᠠ ᠮᠥᠴᠢᠷ ᠠᠯᠤᠰᠯᠠᠭᠰᠠᠨ ᠲᠣᠮᠣ ᠳ᠋ᠠᠶᠢᠲ᠋ᠠ ᠶᠢᠨ ᠬᠡᠷᠡᠭ ᠰᠢᠶᠳᠪᠦᠷᠢᠯᠡᠬᠦ ᠲᠠᠪᠴᠠᠩ ᠤᠨ | ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠬᠡᠷᠡᠭ ᠰᠢᠶᠳᠪᠦᠷᠢᠯᠡᠬᠦ ᠰᠢᠰᠲ᠋ᠧᠮ ᠤᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠨ᠎ᠡ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠵᠢᠷᠤᠮ᠂ ᠬᠠᠷᠢᠶᠠᠯᠠᠯ ᠤᠨ ᠠᠵᠢᠯ ᠤᠨ | ᠬᠤᠪᠢᠶᠠᠷᠢᠯᠠᠯ ᠪᠠ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠢᠷᠭᠡᠨ ᠤ ᠬᠡᠷᠡᠭ ᠤᠨ | ᠭᠦᠢᠴᠡᠳᠬᠡᠬᠦ ᠶᠢ ᠬᠤᠯᠪᠣᠯᠳᠤᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠦᠢᠴᠡᠳᠬᠡᠬᠦ | ᠳᠤ ᠬᠦᠴᠢᠷᠲᠡᠢ ᠪᠠᠶᠢᠬᠤ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠪᠠ᠃ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠬᠠᠤᠯᠢᠴᠢ ᠶᠢᠨ ᠲᠦᠷᠢᠮ ᠪᠠ ᠬᠠᠤᠯᠢ ᠴᠠᠭᠠᠵᠠ ᠶᠢᠨ | ᠲᠤᠰᠠᠯᠠᠮᠵᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ | ᠃ ᠢᠳᠡᠭᠡᠨ ᠤ ᠵᠦᠢᠯ ᠡᠮ ᠤᠨ ᠵᠦᠢᠯ᠂ ᠠᠮᠢ ᠠᠬᠤᠢ ᠶᠢᠨ ᠣᠷᠴᠢᠨ ᠨᠥᠬᠦᠴᠡᠯ᠂ ᠠᠶᠤᠯᠭᠦᠢ ᠦᠢᠯᠡᠳᠪᠦᠷᠢᠯᠡᠯ᠂ | ᠬᠥᠳᠡᠯᠮᠦᠷᠢ ᠶᠢᠨ ᠪᠠᠲᠤᠯᠠᠭ᠎ᠠ ᠵᠡᠷᠭᠡ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠠᠵᠢᠯ ᠢ ᠦᠷᠭᠦᠯᠵᠢᠯᠡᠨ | ᠴᠢᠩᠭᠠᠳᠬᠠᠵᠤ᠂ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠠᠵᠢᠯᠯᠠᠭ᠎ᠠ ᠶᠢ ᠰᠢᠳᠬᠡᠬᠦ ᠡᠷᠴᠢᠮ ᠢᠶᠠᠨ | ᠴᠢᠩᠭᠠᠷᠠᠭᠤᠯᠵᠤ᠂ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠶᠢᠨ ᠲᠦᠷᠢᠮ ᠢ ᠬᠡᠷᠡᠭᠵᠢᠭᠦᠯᠵᠦ᠂ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠳᠡᠭᠡᠨ ᠴᠢᠩᠭ᠎ᠠ ᠪᠤᠰᠤ᠂ ᠬᠠᠤᠯᠢ ᠪᠠᠷᠢᠬᠤ | ᠳᠠᠭᠠᠨ ᠭᠤᠣᠯᠴᠢ ᠪᠤᠰᠤ ᠪᠠᠶᠢᠬᠤ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠤᠨ᠎ᠠ | ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠤᠨ ᠬᠡᠪᠴᠢᠶ᠎ᠡ ᠶᠢ ᠥᠷᠭᠡᠳᠬᠡᠬᠦ ᠶᠢ ᠢᠳᠡᠪᠬᠢᠲᠡᠢ ᠪᠥᠭᠡᠳ | ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ᠳᠥᠷᠪᠡ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ ᠰᠠᠭᠤᠷᠢ ᠶᠢ ᠪᠠᠬᠢᠵᠢᠭᠦᠯᠦᠨ᠎ᠡ | ᠠᠷᠠᠳ ᠨᠡᠶᠢᠲᠡ ᠶᠢᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ | ᠬᠠᠤᠯᠢᠵᠢᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠪᠠᠷ | ᠤᠯᠤᠰ ᠢᠶᠠᠨ ᠵᠠᠰᠠᠬᠤ ᠦᠵᠡᠯ ᠰᠠᠨᠠᠭᠠᠨ ᠤ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠨ᠎ᠠ᠃ ᠨᠠᠢᠮᠠᠳᠤᠭᠠᠷ ᠲᠠᠪᠤᠨ | ᠵᠢᠯ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠨᠡᠶᠢᠲᠡ | ᠳᠤ ᠬᠠᠤᠯᠢ ᠲᠦᠭᠡᠮᠡᠯᠵᠢᠭᠦᠯᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ 《 ᠦᠨᠳᠦᠰᠦᠨ ᠬᠠᠤᠯᠢ ᠶᠢ | ᠬᠦᠨᠳᠦᠳᠬᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ | ᠬᠠᠤᠯᠢ ᠶᠢ ᠬᠠᠮᠠᠭᠠᠯᠠᠬᠤ 》ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠦᠨᠳᠦᠰᠦᠨ ᠱᠠᠲᠤᠨ ᠤ ᠺᠠᠳ᠋ᠷ ᠤᠨ ᠬᠠᠤᠯᠢ ᠪᠠᠷ ᠵᠠᠰᠠᠬᠤ ᠦᠵᠡᠯᠲᠡ᠂ ᠠᠷᠠᠳ ᠤᠨ ᠲᠥᠯᠥᠭᠡ | ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ | ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠷᠭᠡᠨ ᠤᠯᠠᠨ ᠲᠦᠮᠡᠨ | ᠤ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ | ᠠᠵᠢᠯ ᠬᠢᠬᠦ ᠳᠡᠭᠡᠨ ᠬᠠᠤᠯᠢ ᠶᠣᠰᠣᠭᠠᠷ ᠠᠵᠢᠯᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ | ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ | ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃《 ᠬᠡᠨ ᠬᠠᠤᠯᠢ ᠬᠡᠷᠡᠭᠵᠢᠭᠦᠯᠪᠡᠯ | ᠬᠡᠨ ᠬᠠᠤᠯᠢ ᠲᠦᠭᠡᠮᠡᠯᠵᠢᠭᠦᠯᠬᠦ 》ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ᠃ | ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠪᠣᠳᠠᠲᠤ ᠴᠣᠭᠴᠠ᠂ ᠬᠠᠯᠠᠮᠰᠢᠯ ᠤᠲᠠᠰᠤ᠂ ᠰᠦᠯᠵᠢᠶ᠎ᠡ | ᠭᠤᠷᠪᠠᠨ ᠶᠡᠭᠡ ᠲᠠᠪᠴᠠᠩ ᠤᠨ ᠠᠭᠤᠰᠤᠯᠴᠠᠨ ᠬᠥᠭᠵᠢᠬᠦ ᠲᠣᠭᠲᠠᠴᠠ ᠶᠢ ᠪᠦᠷᠢᠨᠰᠢᠬᠦᠯᠵᠦ᠂ ᠦᠶᠯᠡᠴᠢᠯᠡᠭᠡᠨ ᠤ | ᠲᠠᠪᠴᠠᠩ ᠤᠨ ᠴᠢᠳᠠᠮᠵᠢ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠪᠠ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ | ᠶᠢᠨ ᠦᠢᠯᠡᠴᠢᠯᠡᠭᠡ ᠶᠢ ᠴᠢᠩᠭᠠᠳᠬᠠᠨ᠎ᠠ᠃ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ | ᠴᠠᠭᠠᠵᠠ ᠶᠢᠨ ᠡᠶᠡᠳᠡᠭᠦᠯᠭᠡ ᠶᠢ ᠬᠤᠯᠪᠣᠯᠳᠤᠭᠤᠯᠤᠭᠰᠠᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠤᠰᠬᠠᠢ | ᠲᠤᠰᠢᠶᠠᠯᠳᠦ ᠠᠷᠠᠳ ᠤᠨ ᠡᠶᠡᠳᠡᠭᠦᠯᠦᠭᠴᠢ ᠶᠢ ᠰᠣᠩᠭᠤᠨ ᠤᠷᠢᠬᠤ᠂ ᠲᠤᠬᠢᠷᠠᠭᠤᠯᠬᠤ ᠪᠠ ᠪᠣᠯᠪᠠᠰᠤᠷᠠᠭᠤᠯᠬᠤ ᠠᠵᠢᠯ | ᠢ ᠴᠢᠩᠭᠠᠳᠬᠠᠨ᠎ᠠ᠃ ᠠᠶᠢᠮᠠᠭ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠳᠥᠷᠪᠡᠨ ᠱᠠᠲᠤᠨ ᠤ ᠨᠢᠭᠡ ᠥᠷᠲᠡᠭᠡ | ᠮᠠᠶ᠋ᠢᠭ ᠤᠨ᠂ ᠣᠯᠠᠨ ᠴᠣᠩᠬᠤᠪᠴᠢᠳᠤ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠤᠨ ᠲᠠᠪᠴᠠᠩ ᠢ | ᠲᠡᠭᠦᠯᠳᠡᠷᠵᠢᠭᠦᠯᠵᠦ᠂ ᠮᠠᠯᠴᠢᠨ ᠲᠦᠮᠡᠨ ᠳᠤ ᠰᠦᠶᠳᠬᠡᠯ ᠬᠤᠷᠢᠶᠠᠬᠤ ᠥᠬᠡᠶ ᠪᠠᠷ ᠬᠠᠤᠯᠢ ᠴᠠᠭᠠᠵᠠ ᠬᠠᠤᠯᠢ | ᠲᠣᠭᠲᠠᠭᠠᠯ ᠢ ᠪᠠᠶᠢᠴᠠᠭᠠᠨ ᠯᠠᠪᠯᠠᠬᠤ᠂ ᠬᠠᠤᠯᠢ ᠴᠠᠭᠠᠵᠠ ᠶᠢᠨ ᠠᠰᠠᠭᠤᠳᠠᠯ ᠢ ᠲᠠᠶᠢᠯᠪᠤᠷᠢᠯᠠᠬᠤ᠂ ᠵᠥᠷᠢᠴᠡᠯ | ᠵᠢᠭᠤᠷᠠᠯᠳᠤᠭᠠᠨ ᠢ ᠠᠷᠢᠯᠭᠠᠬᠤ ᠵᠡᠷᠭᠡ ᠦᠶᠯᠡᠴᠢᠯᠡᠭᠡ ᠬᠠᠩᠭᠠᠨ᠎ᠠ᠃ ᠰᠢᠨ᠎ᠡ ᠴᠠᠭ ᠦᠶ᠎ᠡ ᠶᠢᠨ ᠬᠠᠤᠯᠢᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠬᠤ᠂ ᠬᠠᠤᠯᠢ | ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠬᠠᠤᠯᠢᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ᠃《ᠲᠣᠭᠠᠴᠢᠯᠠᠭᠰᠠᠨ ᠬᠠᠤᠯᠢ ᠪᠠᠷ ᠵᠠᠰᠠᠬᠤ 》ᠪᠠᠶᠢᠭᠤᠯᠤᠯᠲᠠ | ᠶᠢ ᠢᠳᠡᠪᠬᠢᠲᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠮᠡᠳᠡᠭᠡ ᠵᠠᠩᠭᠢ ᠶᠢᠨ ᠡᠬᠢ ᠪᠠᠶᠠᠯᠢᠭ ᠢ ᠪᠦᠲᠦᠮᠵᠢᠲᠡᠢ | ᠡᠮᠬᠢᠯᠡᠨ ᠨᠡᠶᠢᠯᠡᠭᠦᠯᠵᠦ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ | ᠲᠦᠭᠡᠮᠡᠯᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠣᠬᠢ ᠪᠠ ᠣᠷᠣᠨ ᠪᠦᠰᠡ ᠶᠢᠨ ᠬᠤᠭᠤᠷᠣᠨᠳᠣᠬᠢ ᠮᠡᠳᠡᠭᠡ | ᠵᠠᠩᠭᠢ ᠶᠢᠨ ᠲᠠᠪᠴᠠᠩ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠤᠯᠪᠣᠯᠳᠤᠨ ᠨᠡᠪᠲᠡᠷᠡᠯᠴᠡᠬᠦ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ ᠬᠠᠤᠯᠢᠵᠢᠯ ᠤᠨ ᠤᠬᠠᠭᠤᠯᠭ᠎ᠠ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ | ᠴᠢᠩᠭᠠᠳᠬᠠᠵᠤ᠂ ᠬᠠᠤᠯᠢᠵᠢᠯ ᠤᠨ ᠰᠣᠶᠣᠯ ᠤᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠤᠰᠢᠭᠤ᠂ ᠰᠤᠮᠤ | ᠪᠠᠯᠭᠠᠰᠤ᠂ ᠭᠠᠴᠠᠭ᠎ᠠ ᠶᠢ ᠬᠠᠮᠤᠷᠤᠭᠰᠠᠨ ᠬᠠᠤᠯᠢᠵᠢᠯ ᠤᠨ ᠰᠣᠶᠣᠯ ᠤᠨ ᠰᠢᠰᠲ᠋ᠧᠮ ᠢ ᠪᠠᠶᠢᠭᠤᠯᠤᠨ᠎ᠠ᠃ | ᠠᠷᠪᠠᠨ ᠨᠢᠭᠡᠳᠦᠭᠡᠷ ᠪᠦᠯᠦᠭ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠪᠠᠲᠤᠯᠠᠭ᠎ᠠ ᠬᠠᠮᠢᠶᠠᠷᠤᠯᠲᠠ ᠶᠢ | ᠴᠢᠩᠭᠠᠳᠬᠠᠬᠤ | ᠲᠣᠰ ᠲᠥᠯᠥᠪᠵᠢᠭᠦᠯᠭᠡ ᠶᠢᠨ ᠬᠥᠲᠥᠯᠪᠦᠷᠢ ᠪᠣᠯ ᠪᠥᠬᠦ ᠬᠤᠰᠢᠭᠤᠨ ᠤ ᠢᠷᠡᠭᠡᠳᠦᠶ ᠶᠢᠨ ᠲᠠᠪᠤᠨ ᠵᠢᠯ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ | ᠪᠣᠯᠤᠨ᠎ᠠ᠃ ᠵᠡᠭᠦᠨ ᠦᠵᠦᠮᠦᠴᠢᠨ ᠬᠤᠰᠢᠭᠤᠨ ᠤ ᠠᠤᠭ᠎ᠠ ᠶᠡᠭᠡ ᠬᠥᠭᠵᠢᠯᠲᠡ ᠶᠢᠨ ᠵᠢᠷᠤᠭ ᠲᠥᠯᠥᠪᠯᠡᠭᠡ ᠶᠢ | ᠪᠡᠶᠡᠯᠡᠭᠦᠯᠬᠦ ᠳᠤ᠂ ᠲᠥᠯᠥᠪᠵᠢᠭᠦᠯᠭᠡ ᠶᠢ ᠬᠡᠷᠡᠭᠵᠢᠭᠦᠯᠬᠦ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠬᠦ ᠪᠠ ᠰᠢᠨ᠎ᠡ | ᠶᠢ ᠡᠭᠦᠳᠴᠦ᠂ ᠡᠬᠢ ᠪᠠᠶᠠᠯᠢᠭ ᠢ ᠲᠤᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ | ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠤᠨ | ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠥᠯᠥᠪᠵᠢᠭᠦᠯᠭᠡ ᠪᠠᠷ ᠲᠠᠮᠵᠢᠨ ᠤᠯᠠᠨ ᠨᠡᠶᠢᠲᠡ ᠶᠢᠨ ᠡᠬᠢ ᠪᠠᠶᠠᠯᠢᠭ ᠢ | ᠵᠣᠬᠢᠰᠲᠠᠢ ᠲᠤᠬᠢᠷᠠᠭᠤᠯᠵᠤ᠂ ᠨᠡᠶᠢᠭᠡᠮ ᠤᠨ ᠡᠬᠢ ᠪᠠᠶᠠᠯᠢᠭ ᠢ ᠪᠦᠲᠦᠮᠵᠢᠲᠡᠢ ᠬᠦᠳᠤᠯᠤᠨ ᠵᠢᠯᠣᠭᠤᠳᠬᠤ ᠪᠠ | ᠲᠤᠬᠢᠷᠠᠭᠤᠯᠤᠨ ᠡᠵᠡᠮᠳᠡᠵᠦ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠠᠷᠠᠯᠲᠠ ᠶᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ | ᠲᠠᠢ ᠪᠡᠶᠡᠯᠡᠭᠦᠯᠤᠨ᠎ᠠ᠃ | ᠨᠢᠭᠡᠳᠦᠭᠡᠷ ᠬᠡᠰᠡᠭ ᠣᠯᠠᠨ ᠲᠥᠯᠥᠪᠵᠢᠭᠦᠯᠭᠡ ᠶᠢ ᠨᠢᠭᠡᠳᠬᠡᠬᠦ ᠶᠢ ᠠᠬᠢᠭᠤᠯᠤᠨ᠎ᠠ | ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠨ᠎ᠠ᠃《ᠨᠢᠭᠡᠳᠦᠯᠲᠡᠢ | ᠲᠥᠯᠥᠪᠵᠢᠭᠦᠯᠭᠡ ᠶᠢᠨ ᠰᠢᠰᠲ᠋ᠧᠮ ᠤᠨ ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠯᠳᠤᠬᠤ | ᠪᠤᠳᠤᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠲᠤᠬᠠᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ 》 ᠢ ᠴᠢᠩᠭ᠎ᠠ | ᠨᠠᠶᠢᠳᠠᠪᠤᠷᠢᠵᠢᠭᠤᠯᠵᠤ᠂ ᠲᠥᠯᠥᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠲᠦᠯᠦᠨ | ᠳᠠᠭᠠᠭᠤᠯᠬᠤ ᠪᠣᠯ ᠨᠠᠮ ᠪᠠ ᠲᠦᠷᠦ ᠶᠢᠨ ᠲᠦᠷᠦ ᠪᠠᠷᠢᠬᠤ ᠴᠢᠬᠤᠯᠠ ᠠᠷᠭ᠎ᠠ ᠮᠠᠶ᠋ᠢᠭ ᠮᠥᠨ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠬᠥᠭᠵᠢᠯᠲᠡ ᠶᠢᠨ ᠵᠠᠭᠪᠤᠷ ᠤᠨ ᠴᠢᠬᠤᠯᠠ ᠢᠯᠡᠷᠡᠯ ᠮᠥᠨ ᠭᠡᠳᠡᠭ ᠢ ᠪᠠᠲᠤ | ᠡᠵᠡᠮᠳᠡᠨ᠎ᠠ᠃《ᠵᠡᠭᠦᠨ ᠦᠵᠦᠮᠦᠴᠢᠨ ᠬᠤᠰᠢᠭᠤᠨ ᠤ〈ᠠᠷᠪᠠᠨ ᠳᠥᠷᠪᠡᠳᠦᠭᠡᠷ ᠲᠠᠪᠤᠨ ᠵᠢᠯ 〉 ᠤᠨ ᠬᠥᠭᠵᠢᠯᠲᠡ | ᠶᠢᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ 》ᠪᠣᠯ ᠮᠠᠨ ᠤ ᠬᠤᠰᠢᠭᠤᠨ ᠤ ᠨᠡᠶᠢᠭᠡᠮ | ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠱᠠᠲᠤᠴᠢ ᠴᠢᠨᠠᠷᠲᠠᠢ | ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠠᠮᠲᠤ ᠶᠢᠨ ᠠᠵᠢᠯᠯᠠᠭᠠᠨ ᠤ ᠬᠥᠲᠥᠯᠪᠦᠷᠢ᠂ ᠵᠠᠰᠠᠭ ᠤᠨ ᠣᠷᠳᠣᠨ ᠤ ᠠᠵᠤ ᠠᠬᠤᠢ ᠶᠢᠨ ᠲᠣᠬᠢᠷᠠᠭᠤᠯᠤᠯᠲᠠ᠂ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠴᠢᠳᠠᠪᠬᠢ ᠪᠠᠨ ᠭᠦᠢᠴᠡᠳᠬᠡᠬᠦ ᠴᠢᠬᠤᠯᠠ | ᠦᠨᠳᠦᠰᠦᠯᠡᠯ ᠮᠥᠨ᠃ ᠲᠤᠰ ᠲᠥᠯᠥᠪᠵᠢᠭᠦᠯᠭᠡ ᠶᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ《 ᠤᠯᠤᠰ ᠠᠷᠠᠳ ᠤᠨ | ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ | ᠪᠣᠯᠤᠨ 2035 ᠣᠨ ᠤ ᠠᠯᠤᠰ ᠤᠨ ᠬᠠᠷᠠᠯᠲᠠ ᠶᠢ ᠨᠠᠶᠢᠷᠠᠭᠤᠯᠤᠨ ᠵᠣᠬᠢᠶᠠᠬᠤ ᠲᠤᠬᠠᠢ ᠰᠠᠨᠠᠭᠤᠯᠭ᠎ᠠ 》 ᠶᠢ | ᠦᠨᠳᠦᠰᠦᠯᠡᠵᠦ᠂ ᠬᠤᠰᠢᠭᠤ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ | ᠲᠥᠯᠥᠪᠵᠢᠭᠦᠯᠭᠡ ᠶᠢᠨ ᠰᠢᠰᠲ᠋ᠧᠮ ᠤᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠪᠦᠬᠦ ᠬᠤᠰᠢᠭᠤᠨ ᠤ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ᠂ ᠲᠤᠰᠬᠠᠢ ᠲᠥᠯᠥᠪᠵᠢᠭᠦᠯᠭᠡ᠂ ᠣᠷᠣᠨ | ᠪᠦᠰᠡ ᠶᠢᠨ ᠲᠥᠯᠥᠪᠵᠢᠭᠦᠯᠭᠡ ᠵᠢᠴᠢ ᠰᠤᠮᠤ ᠪᠠᠯᠭᠠᠰᠤ ( ᠲᠠᠯᠠᠪᠠᠢ ) ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠡᠷᠦᠩᠬᠡᠢ ᠵᠢᠷᠤᠮᠯᠠᠯ ᠪᠣᠯᠤᠨ᠎ᠠ᠃ | ᠨᠢᠭᠡᠳᠦᠯᠲᠡᠶ ᠲᠥᠯᠥᠪᠵᠢᠭᠦᠯᠬᠦ ᠰᠢᠰᠲ᠋ᠧᠮ ᠢ ᠪᠠᠶᠢᠭᠤᠯᠤᠨ᠎ᠠ᠃ ᠲᠤᠰ ᠲᠥᠯᠥᠪᠵᠢᠭᠦᠯᠭᠡ ᠪᠣᠯ ᠬᠤᠶᠢᠰᠢᠳᠠ | ᠶᠢᠨ ᠲᠠᠪᠤᠨ ᠵᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠷᠸ᠎ᠠ | ᠲᠣᠬᠢᠷᠠᠭᠤᠯᠭ᠎ᠠ ᠡᠵᠡᠮᠰᠢᠯ᠂ ᠠᠵᠤ ᠠᠬᠤᠶ ᠶᠢᠨ ᠲᠣᠬᠢᠷᠠᠭᠤᠯᠤᠯᠲᠠ᠂ ᠨᠡᠶᠢᠭᠡᠮ ᠤᠨ ᠬᠠᠮᠢᠶᠠᠷᠤᠯᠲᠠ ᠪᠣᠯᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠦᠨᠳᠦᠰᠦᠯᠡᠯ | ᠪᠣᠯᠤᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠰᠤᠮᠤ᠂ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠡᠷᠬᠡᠪᠰᠢ | ᠲᠣᠰ ᠲᠥᠯᠥᠪᠵᠢᠭᠦᠯᠭᠡ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠣᠷᠣᠨ ᠵᠠᠶ ᠶᠢᠨ ᠲᠥᠯᠥᠪᠵᠢᠭᠦᠯᠭᠡ ᠪᠠᠷ ᠰᠠᠭᠤᠷᠢ | ᠪᠣᠯᠭᠠᠨ᠂ ᠲᠤᠰᠬᠠᠶ ᠲᠥᠯᠥᠪᠵᠢᠭᠦᠯᠭᠡ ᠪᠠᠷ ᠲᠤᠯᠭᠠᠭᠤᠷᠢ ᠪᠣᠯᠭᠠᠵᠤ᠂ ᠪᠠᠶᠢᠷᠢ ᠲᠣᠭᠲᠠᠭᠠᠯᠲᠠ ᠨᠢ ᠲᠣᠳᠣᠷᠬᠠᠶ᠂ | ᠴᠢᠳᠠᠮᠵᠢ ᠨᠢ ᠬᠠᠷᠢᠯᠴᠠᠨ ᠨᠥᠬᠦᠪᠥᠷᠢᠯᠡᠭᠰᠡᠨ᠂ ᠨᠢᠭᠡᠳᠦᠯᠲᠡᠶ ᠵᠣᠯᠭᠠᠯᠳᠤᠭᠰᠠᠨ ᠲᠥᠯᠥᠪᠵᠢᠭᠦᠯᠭᠡ ᠶᠢᠨ ᠲᠣᠭᠲᠠᠯᠴᠠᠭ᠎ᠠ | ᠶᠢ ᠪᠠᠶᠢᠭᠤᠯᠵᠤ᠂ ᠣᠨᠴᠠ ᠲᠣᠭᠲᠠᠭᠰᠠᠨ ᠬᠦᠷᠢᠶ᠎ᠡ ᠴᠠᠷᠠᠭ᠎ᠠ ᠶᠢᠨ ᠬᠥᠭᠵᠢᠯᠲᠡ ᠶᠢ ᠵᠢᠯᠣᠭᠤᠳᠬᠤ᠂ ᠴᠢᠬᠤᠯᠠ ᠶᠡᠭᠡ | ᠲᠥᠷᠥᠯ ᠵᠦᠶᠯ ᠢ ᠬᠢᠨᠠᠨ ᠵᠥᠪᠰᠢᠶᠡᠷᠡᠬᠦ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠲᠣᠭᠲᠠᠭᠠᠬᠤ ᠵᠡᠷᠭᠡ ᠦᠨᠳᠦᠰᠦᠯᠡᠯ ᠪᠣᠯᠭᠠᠵᠤ᠂ ᠡᠴᠦᠰ ᠲᠡᠭᠡᠨ ᠬᠠᠷᠠᠯᠲᠠ ᠲᠣᠳᠣᠷᠬᠠᠶ᠂ ᠴᠢᠳᠠᠮᠵᠢ ᠪᠦᠷᠢᠨ | ᠲᠡᠭᠦᠯᠳᠡᠷ᠂ ᠪᠠᠶᠢᠷᠢ ᠲᠣᠭᠲᠠᠭᠠᠯᠲᠠ ᠨᠢ ᠣᠨᠣᠪᠴᠢᠲᠠᠶ ᠲᠥᠯᠥᠪᠵᠢᠭᠦᠯᠭᠡ ᠶᠢᠨ ᠲᠣᠭᠲᠠᠯᠴᠠᠭ᠎ᠠ ᠶᠢ ᠪᠦᠷᠢᠯᠳᠦᠭᠦᠯᠵᠦ᠂ | ᠠᠷᠪᠠᠨ ᠳᠥᠷᠪᠡᠳᠦᠭᠡᠷ ᠲᠠᠪᠤᠨ ᠵᠢᠯ ᠤᠨ ᠡᠯ᠎ᠡ ᠵᠦᠶᠯ ᠤᠨ ᠲᠥᠯᠥᠪᠵᠢᠭᠦᠯᠭᠡ ᠶᠢᠨ ᠡᠮᠬᠢ ᠵᠢᠷᠤᠮ ᠲᠠᠢ ᠠᠭᠢᠬᠤ ᠶᠢ | ᠪᠠᠲᠤᠯᠠᠨ᠎ᠠ᠃ | ᠬᠤᠶᠠᠳᠤᠭᠠᠷ ᠬᠡᠰᠡᠭ ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠠᠵᠤ ᠠᠬᠤᠶ᠂ ᠬᠠᠤᠯᠢ ᠴᠠᠭᠠᠵᠠ᠂ | ᠵᠠᠰᠠᠭ ᠵᠠᠬᠢᠷᠭᠠᠨ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠡᠭᠦᠷᠭᠡ ᠶᠢ ᠵᠠᠳᠠᠯᠬᠤ᠂ ᠪᠡᠯᠡ ᠮᠥᠩᠭᠦ ᠶᠢ | ᠪᠠᠲᠤᠯᠠᠬᠤ ᠵᠡᠷᠭᠡ ᠢᠵᠢ ᠪᠦᠷᠢᠳᠦᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠴᠢᠬᠤᠯᠠ ᠶᠡᠭᠡ | ᠲᠥᠷᠥᠯ ᠵᠦᠢᠯ ᠢᠶᠠᠷ ᠭᠠᠷᠳᠠᠨ ᠬᠢᠵᠦ᠂ ᠲᠥᠯᠥᠪᠵᠢᠭᠦᠯᠭᠡ ᠶᠢ ᠪᠦᠲᠦᠮᠵᠢᠲᠡᠶ ᠬᠡᠷᠡᠭᠵᠢᠭᠦᠯᠬᠦ ᠶᠢ ᠲᠦᠯᠬᠢᠨ | ᠠᠬᠢᠭᠤᠯᠬᠤ ᠳᠤ ᠪᠠᠲᠤᠯᠠᠭ᠎ᠠ ᠬᠠᠩᠭᠠᠨ᠎ᠠ᠃ | ᠲᠥᠯᠥᠪᠵᠢᠭᠦᠯᠭᠡ ᠶᠢᠨ ᠢᠵᠢ ᠪᠦᠷᠢᠳᠦᠭᠦᠯᠬᠦ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠬᠠᠤᠯᠢ ᠪᠠᠷ ᠵᠠᠰᠠᠬᠤ | ᠰᠡᠳᠬᠢᠴᠡ ᠪᠠᠷ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠬᠥᠳᠤᠯᠤᠨ ᠳᠠᠭᠠᠭᠤᠯᠵᠤ᠂ ᠲᠥᠯᠥᠪᠵᠢᠭᠦᠯᠭᠡ ᠶᠢᠨ | ᠬᠠᠷᠠᠯᠲᠠ ᠡᠭᠦᠷᠭᠡ ᠶᠢᠨ ᠬᠢᠵᠠᠭᠠᠷᠯᠠᠬᠤ ᠬᠦᠴᠦᠨ ᠪᠠ ᠡᠷᠬᠡ ᠰᠦᠷᠲᠦ ᠴᠢᠨᠠᠷ ᠢ ᠳᠡᠭᠡᠭᠰᠢᠯᠡᠭᠦᠯᠦᠨ᠎ᠡ᠃ | ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠶᠢᠨ ᠡᠭᠦᠷᠭᠡ ᠶᠢ ᠵᠦᠶᠯ ᠳᠠᠷᠠᠭᠠᠯᠠᠨ ᠵᠠᠳᠠᠯᠵᠤ᠂ ᠲᠣᠪᠬᠢᠮᠠᠯ ᠤᠨ | ᠢᠨᠵᠧᠨᠧᠷᠢᠩ᠂ ᠠᠵᠢᠯᠯᠠᠭᠠᠨ ᠤ ᠲᠥᠯᠥᠪᠯᠡᠭᠡ ᠪᠣᠯᠤᠨ ᠣᠨ ᠤ ᠠᠵᠢᠯ ᠤᠨ ᠲᠥᠯᠥᠪᠯᠡᠭᠡ ᠶᠢ ᠪᠣᠶ ᠪᠣᠯᠭᠠᠨ᠂ | ᠳᠠᠭᠠᠭᠤᠯᠬᠤ ᠨᠢᠭᠡᠴᠡ᠂ ᠠᠵᠢᠯ ᠤᠨ ᠬᠠᠷᠢᠭᠤᠴᠠᠯᠭ᠎ᠠ ᠪᠣᠯᠤᠨ ᠪᠡᠶᠡᠯᠡᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠨ᠎ᠠ | ᠃ ᠲᠤᠰᠬᠠᠶ ᠵᠦᠢᠯ ᠤᠨ ᠠᠵᠢᠯ ᠤᠨ ᠪᠡᠯᠡ ᠮᠥᠩᠭᠦ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠪᠠᠨ ᠴᠢᠩᠭᠠᠳᠬᠠᠵᠤ | ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠳᠤ ᠳᠣᠭᠢᠷᠬᠠᠰᠠᠨ ᠬᠥᠳᠡᠯᠦᠩᠭᠦᠶ ᠪᠡᠯᠡ ᠮᠥᠩᠭᠦ | ᠶᠢᠨ ᠪᠠᠲᠤᠯᠠᠭ᠎ᠠ ᠶᠢᠨ ᠲᠣᠭᠲᠠᠴᠠ ᠶᠢ ᠰᠤᠳᠤᠯᠤᠨ ᠪᠠᠶᠢᠭᠤᠯᠵᠤ᠂ ᠪᠣᠳᠠᠲᠠᠶ ᠲᠠᠢ ᠪᠠᠨ ᠤᠶᠠᠯᠳᠣᠭᠤᠯᠬᠤ ᠪᠠ | ᠬᠤᠯᠪᠣᠭᠳᠠᠯ ᠪᠦᠬᠦᠢ ᠪᠠᠷᠢᠮᠵᠢᠶ᠎ᠠ ᠵᠢᠷᠤᠮᠵᠢᠯ ᠢ ᠴᠠᠭ ᠲᠤᠨᠢ ᠲᠣᠬᠢᠷᠠᠭᠤᠯᠤᠨ ᠵᠠᠷᠤᠳᠠᠯ ᠤᠨ ᠪᠠᠷᠢᠮᠵᠢᠶ᠎ᠠ ᠳᠤ | ᠲᠣᠬᠢᠷᠠᠭᠤᠯᠤᠯᠲᠠ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠦᠷ᠎ᠡ ᠠᠰᠢᠭ ᠢ | ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠡᠭᠦᠷᠭᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ | ᠮᠥᠩᠭᠦ ᠶᠢᠨ ᠬᠠᠩᠭᠠᠯᠭ᠎ᠠ ᠶᠢ ᠦᠨᠡᠨᠬᠦ ᠪᠠᠲᠤᠯᠠᠨ᠎ᠠ᠃ | ᠴᠢᠬᠤᠯᠠ ᠶᠡᠭᠡ ᠲᠥᠷᠥᠯ ᠵᠦᠢᠯ ᠢ ᠢᠳᠡᠪᠬᠢᠲᠡᠢ ᠲᠦᠯᠬᠢᠨ ᠠᠬᠢᠭᠤᠯᠤᠨ᠎ᠠ᠃ ᠲᠥᠯᠥᠪᠵᠢᠭᠦᠯᠭᠡ ᠪᠠᠷ ᠲᠥᠷᠥᠯ | ᠵᠦᠢᠯ ᠢ ᠳᠠᠶᠢᠴᠢᠯᠠᠬᠤ ᠵᠠᠷᠴᠢᠮ ᠢ ᠪᠠᠷᠢᠮᠲᠠᠯᠠᠨ᠂ ᠤᠷᠢᠳᠠᠪᠠᠷ ᠲᠥᠯᠥᠪᠵᠢᠭᠦᠯᠭᠡ ᠨᠠᠶᠢᠷᠠᠭᠤᠯᠤᠨ ᠵᠣᠬᠢᠶᠠᠵᠤ᠂ ᠳᠠᠷᠠᠭ᠎ᠠ | ᠨᠢ ᠲᠥᠷᠥᠯ ᠵᠦᠢᠯ ᠢ ᠲᠣᠭᠲᠠᠭᠠᠨ᠂ ᠳᠠᠷᠠᠭ᠎ᠠ ᠨᠢ ᠪᠡᠯᠡ ᠮᠥᠩᠭᠦ ᠲᠣᠬᠢᠷᠠᠭᠤᠯᠵᠣ᠂ ᠴᠢᠬᠤᠯᠠ ᠶᠡᠭᠡ ᠲᠥᠷᠥᠯ ᠵᠦᠢᠯ | ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠠᠪᠴᠠᠩ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠪᠠᠷᠠᠭᠠᠯᠬᠢᠯᠠᠯ ᠤᠨ ᠴᠢᠨᠠᠷᠲᠠᠶ᠂ | ᠳᠠᠶᠢᠴᠢᠯᠠᠬᠤ ᠴᠢᠨᠠᠷ ᠢᠶᠠᠷ ᠶᠡᠭᠡ ᠲᠥᠷᠥᠯ ᠵᠦᠶᠯ ᠢ ᠪᠠᠶᠢᠷᠢᠰᠢᠭᠤᠯᠵᠤ᠂ ᠣᠳᠣᠬᠠᠨ ᠤ ᠪᠠ ᠠᠯᠤᠰ ᠬᠡᠲᠦ ᠶᠢ ᠬᠠᠮᠲᠤ | ᠳᠤᠨᠢ ᠬᠠᠷᠠᠭᠠᠯᠵᠠᠨ᠂ ᠬᠥᠲᠥᠯᠥᠨ ᠳᠠᠭᠠᠭᠤᠯᠬᠤ ᠴᠢᠨᠠᠷᠲᠠᠶ᠂ ᠪᠠᠷᠠᠭᠠᠯᠬᠢᠯᠠᠯ ᠤᠨ ᠴᠢᠨᠠᠷᠲᠠᠶ ᠰᠠᠶᠢᠨ ᠲᠥᠷᠥᠯ ᠵᠦᠶᠯ᠂ | ᠲᠣᠮᠣ ᠢᠨᠵᠧᠨᠧᠷᠢᠩ ᠪᠠ ᠰᠢᠨ᠎ᠡ ᠲᠠᠪᠴᠠᠩ ᠢ ᠠᠷᠭ᠎ᠠ ᠰᠦᠪᠡᠭᠴᠢᠯᠡᠨ ᠳᠤᠷᠠᠳᠤᠨ᠎ᠠ᠃ ᠴᠢᠬᠤᠯᠠ ᠶᠡᠭᠡ ᠰᠢᠨ᠎ᠡ ᠶᠢ | ᠡᠭᠦᠳᠬᠦ ᠬᠡᠯᠪᠡᠷᠢ ᠶᠢᠨ ᠲᠥᠷᠥᠯ ᠵᠦᠶᠯ ᠤᠨ ᠬᠥᠮᠥᠷᠭᠡ ᠶᠢᠨ ᠨᠥᠭᠡᠴᠡ ᠶᠢᠨ ᠪᠠᠭᠲᠠᠭᠠᠮᠵᠢ ᠶᠢ ᠥᠷᠭᠡᠳᠬᠡᠬᠦ ᠶᠢ | ᠲᠦᠯᠬᠢᠨ ᠠᠬᠢᠭᠤᠯᠵᠤ᠂ ᠴᠢᠬᠤᠯᠠ ᠶᠡᠭᠡ ᠲᠥᠷᠥᠯ ᠵᠦᠶᠯ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠥᠷᠥᠯ ᠵᠦᠶᠯ ᠢ ᠬᠡᠷᠡᠭᠵᠢᠭᠦᠯᠬᠦ ᠬᠠᠮᠢᠶᠠᠷᠤᠯᠲᠠ ᠶᠢ ᠴᠢᠩᠭᠠᠳᠬᠠᠨ᠎ᠠ᠃ | ᠡᠬᠢ ᠪᠠᠶᠠᠯᠢᠭ ᠤᠨ ᠡᠯᠧᠮᠧᠨ᠋ᠲ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠡᠬᠢ ᠪᠠᠶᠠᠯᠢᠭ ᠪᠣᠯᠤᠨ ᠴᠢᠬᠤᠯᠠ | ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠢᠰᠲ᠋ᠧᠮ ᠬᠡᠰᠡᠭ ᠤᠨ ᠰᠠᠯᠤᠩᠭᠢᠷᠠᠯ ᠢ ᠡᠪᠳᠡᠵᠦ᠂ | ᠴᠢᠬᠤᠯᠠ ᠡᠯᠧᠮᠧᠨ᠋ᠲ ᠨᠢ ᠲᠦᠷᠦᠯ ᠵᠦᠢᠯ ᠢ ᠲᠠᠭᠠᠬᠤ᠂ ᠲᠦᠷᠦᠯ ᠵᠦᠢᠯ ᠨᠢ ᠲᠥᠯᠥᠪᠵᠢᠭᠦᠯᠭᠡ ᠶᠢ ᠲᠠᠭᠠᠬᠤ ᠶᠢ | ᠠᠬᠢᠭᠤᠯᠵᠤ᠂ ᠴᠢᠬᠤᠯᠠ ᠡᠯᠧᠮᠧᠨ᠋ᠲ ᠲᠤ ᠵᠦᠷᠢᠶᠡᠴᠢᠯᠡᠨ᠂ ᠨᠠᠷᠢᠯᠢᠭ ᠣᠨᠣᠪᠴᠢᠲᠡᠢ ᠬᠠᠩᠭᠠᠨ᠎ᠠ᠃ ᠬᠥᠮᠦᠨ ᠠᠮᠠ᠂ | ᠡᠳ᠋ ᠤᠨ ᠵᠠᠰᠠᠭ᠂ ᠪᠠᠯᠠ ᠣᠷᠣᠭᠤᠯᠤᠯᠲᠠ᠂ ᠭᠠᠵᠠᠷ ᠰᠢᠷᠣᠶ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠮᠢᠶ᠎ᠠ | ᠪᠥᠬᠦᠶ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ | ᠶᠢ ᠶᠡᠬᠡᠪᠡᠷ ᠳᠡᠭᠡᠭᠰᠢᠯᠡᠭᠦᠯᠦᠨ᠎ᠡ᠃ | ᠭᠤᠷᠪᠠᠳᠤᠭᠠᠷ ᠬᠡᠰᠡᠭ ᠲᠥᠯᠥᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ | ᠲᠥᠯᠥᠪᠵᠢᠭᠦᠯᠭᠡ ᠶᠢᠨ ᠡᠯ᠎ᠡ ᠵᠦᠢᠯ ᠤᠨ ᠡᠭᠦᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ | ᠬᠥᠳᠡᠯᠦᠩᠭᠦᠶ ᠬᠢᠨᠠᠯᠲᠠ ᠲᠠᠯᠪᠢᠵᠤ ᠬᠢᠨᠠᠨ ᠰᠢᠯᠭᠠᠬᠤ ᠪᠠ ᠲᠣᠬᠢᠷᠠᠭᠤᠯᠤᠯᠲᠠ ᠬᠢᠬᠦ ᠲᠣᠭᠲᠠᠴᠠ ᠶᠢ ᠪᠣᠶ ᠪᠣᠯᠭᠠᠵᠤ᠂ | ᠣᠯᠠᠨ ᠠᠷᠭ᠎ᠠ ᠪᠠᠷᠢᠯ ᠢᠶᠠᠷ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ | ᠶᠢ ᠲᠦᠯᠬᠢᠨ ᠠᠬᠢᠭᠤᠯᠵᠤ᠂ ᠲᠥᠯᠥᠪᠵᠢᠭᠦᠯᠭᠡ ᠶᠢᠨ ᠬᠠᠷᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ | ᠨᠠᠮ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ | ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠪᠣᠯᠤᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠤᠷᠢᠵᠢᠭᠤᠯᠵᠤ᠂《 ᠠᠷᠪᠠᠨ | ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠪᠠᠲᠤ | ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠬᠥᠭᠵᠢᠯᠲᠡ ᠶᠢ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ | ᠶᠢ ᠬᠠᠮᠠᠭᠠᠯᠠᠵᠤ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠭᠤᠣᠯᠯᠠᠭᠴᠢ ᠬᠦᠴᠦᠨ ᠢ ᠴᠢᠷᠮᠠᠶᠢᠨ ᠳᠠᠪᠲᠠᠨ | ᠪᠣᠯᠪᠠᠰᠤᠷᠠᠭᠤᠯᠵᠤ᠂ ᠬᠥᠭᠵᠢᠯᠲᠡ ᠶᠢᠨ ᠲᠥᠯᠥᠪᠵᠢᠭᠦᠯᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠭᠠᠷᠭᠠᠬᠤ ᠶᠢ ᠠᠬᠢᠭᠤᠯᠤᠨ᠎ᠠ᠃ ᠨᠠᠮ ᠠᠴᠠ ᠴᠢᠳᠠᠪᠤᠷᠢᠲᠠᠨ ᠢ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠬᠥᠮᠦᠵᠢᠭᠦᠯᠦᠨ ᠣᠷᠣᠭᠤᠯᠵᠤ ᠰᠠᠶᠢᠲᠤᠷ ᠬᠡᠷᠡᠭᠯᠡᠵᠦ᠂ | ᠲᠥᠯᠥᠪᠵᠢᠭᠦᠯᠭᠡ ᠶᠢ ᠬᠡᠷᠡᠭᠵᠢᠭᠦᠯᠬᠦ ᠳᠤ ᠨᠡᠩ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | ᠲᠥᠯᠥᠪᠵᠢᠭᠦᠯᠭᠡ ᠶᠢ ᠬᠡᠷᠡᠭᠵᠢᠭᠦᠯᠵᠦ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠢ | ᠲᠡᠭᠦᠯᠳᠡᠷᠵᠢᠭᠦᠯᠦᠨ᠎ᠡ᠃ ᠲᠣᠰ ᠲᠥᠯᠥᠪᠵᠢᠭᠦᠯᠭᠡ ᠶᠢ ᠬᠤᠰᠢᠭᠤ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ | ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠲᠤᠰᠬᠠᠶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠳᠤᠭᠤᠶᠢᠯᠠᠩ ᠪᠠᠶᠢᠭᠤᠯᠵᠤ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠣᠨ | ᠤ ᠡᠭᠦᠷᠭᠡ ᠶᠢ ᠬᠤᠪᠢᠶᠠᠷᠢᠯᠠᠬᠤ᠂ ᠲᠥᠷᠥᠯ ᠵᠦᠶᠯ ᠢ ᠳᠠᠭᠠᠵᠤ ᠱᠠᠭᠠᠷᠳᠠᠨ ᠵᠢᠯᠣᠭᠤᠳᠬᠤ᠂ ᠶᠠᠰᠤ ᠴᠢᠨᠠᠷ ᠲᠤ | ᠬᠢᠨᠠᠯᠲᠠ ᠲᠠᠯᠪᠢᠵᠤ ᠡᠵᠡᠮᠳᠡᠬᠦ᠂ ᠣᠨ ᠤ ᠲᠥᠯᠥᠪᠵᠢᠭᠦᠯᠭᠡ ᠶᠢᠨ ᠬᠠᠷᠠᠯᠲᠠ ᠶᠢ ᠰᠢᠯᠭᠠᠨ ᠬᠢᠨᠠᠬᠤ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠲᠥᠯᠥᠪᠵᠢᠭᠦᠯᠭᠡ ᠬᠢᠭᠡᠳ ᠲᠤᠰᠬᠠᠶ ᠲᠥᠯᠥᠪᠵᠢᠭᠦᠯᠭᠡ ᠶᠢ ᠵᠣᠯᠭᠠᠭᠤᠯᠬᠤ᠂ ᠪᠥᠲᠥᠭᠡᠨ | ᠪᠠᠶᠢᠭᠤᠯᠬᠤ ᠵᠡᠷᠭᠡ ᠠᠵᠢᠯ ᠢ ᠬᠠᠷᠢᠭᠤᠴᠠᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠰᠢᠨᠵᠢᠵᠦ | ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠬᠥᠳᠡᠯᠦᠩᠭᠦᠶ ᠬᠢᠨᠠᠨ ᠬᠡᠮᠵᠢᠵᠦ ᠵᠠᠳᠠᠯᠤᠯᠲᠠ ᠬᠢᠬᠦ ᠶᠢ ᠴᠢᠩᠭᠠᠳᠬᠠᠨ᠂ | ᠣᠨ ᠤ ᠬᠢᠨᠠᠨ ᠬᠡᠮᠵᠢᠵᠦ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤᠰ ᠬᠦᠷᠢᠶᠡᠨ ᠤ ᠪᠠᠨ ᠭᠤᠣᠯᠳᠠᠯᠭ᠎ᠠ ᠲᠠᠢ ᠠᠰᠠᠭᠤᠳᠠᠯ ᠳᠤ ᠴᠢᠭᠯᠡᠭᠦᠯᠦᠨ᠂ ᠲᠤᠰᠬᠠᠶ ᠵᠦᠢᠯ ᠢᠶᠠᠷ | ᠦᠨᠡᠯᠡᠨ ᠵᠢᠱᠢᠬᠦ ᠶᠢ ᠴᠠᠭ ᠲᠤᠨᠢ ᠲᠣᠬᠢᠷᠠᠭᠤᠯᠤᠨ ᠥᠷᠨᠢᠭᠦᠯᠤᠨ᠎ᠠ᠃ ᠳᠤᠮᠳᠠ ᠬᠤᠭᠤᠴᠠᠭᠠᠨ ᠤ ᠦᠨᠡᠯᠡᠨ ᠵᠢᠱᠢᠬᠦ | ᠪᠠ ᠳ᠋ᠦᠩᠨᠡᠵᠦ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠶᠤᠨ ᠤ ᠬᠥᠮᠥᠷᠭᠡ ᠵᠡᠷᠭᠡ ᠲᠤᠰᠬᠠᠢ | ᠮᠡᠷᠭᠡᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠪᠦᠬᠦ | ᠲᠠᠯ᠎ᠠ ᠪᠠᠷ ᠥᠷᠨᠢᠭᠦᠯᠤᠨ᠎ᠠ᠃ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠰᠢᠯᠭᠠᠵᠤ ᠦᠨᠡᠯᠡᠬᠦ ᠶᠢ | ᠴᠢᠩᠭᠠᠳᠬᠠᠨ᠎ᠠ᠃ ᠣᠨ ᠤ ᠦᠨᠡᠯᠡᠨ ᠵᠢᠱᠢᠬᠦ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ᠂ ᠳ᠋ᠦᠩᠨᠡᠨ ᠦᠨᠡᠯᠡᠨ | ᠵᠢᠱᠢᠬᠦ ᠵᠢᠴᠢ ᠲᠤᠰᠬᠠᠶ ᠵᠦᠶᠯ ᠤᠨ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ | ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠡᠯ᠎ᠡ ᠱᠠᠲᠤᠨ ᠤ ᠤᠳᠤᠷᠢᠳᠬᠤ ᠺᠠᠳ᠋ᠷ ᠢ ᠰᠢᠯᠭᠠᠨ ᠬᠢᠨᠠᠵᠤ | ᠦᠨᠡᠯᠡᠬᠦ ᠲᠣᠭᠲᠠᠯᠴᠠᠭ᠎ᠠ ᠳᠤ ᠣᠷᠣᠭᠤᠯᠤᠨ᠂ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠢ ᠰᠢᠯᠭᠠᠨ ᠬᠢᠨᠠᠭᠰᠠᠨ | ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠺᠠᠳ᠋ᠷ ᠢ ᠱᠠᠩᠨᠠᠵᠤ | ᠲᠣᠷᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠤᠯᠤᠰ ᠠᠴᠠ ᠳᠣᠲᠣᠭᠠᠳᠤ ᠭᠠᠳᠠᠭᠠᠳᠤ ᠶᠢᠨ ᠣᠷᠴᠢᠨ | ᠲᠣᠭᠤᠷᠢᠨ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠤᠶᠤ ᠪᠤᠰᠤᠳ ᠰᠢᠯᠲᠠᠭᠠᠨ ᠠᠴᠠ ᠪᠣᠯᠵᠤ ᠠᠵᠤ ᠠᠬᠤᠢ | ᠶᠢᠨ ᠡᠷᠭᠢᠯᠲᠡ ᠪᠠ ᠲᠥᠯᠥᠪᠵᠢᠭᠦᠯᠭᠡ ᠶᠢᠨ ᠬᠠᠷᠠᠯᠲᠠ ᠳᠤ ᠨᠡᠯᠢᠶᠡᠳ ᠶᠡᠭᠡ ᠵᠥᠷᠢᠶ᠎ᠡ ᠭᠠᠷᠤᠭᠰᠠᠨ ᠦᠶ᠎ᠡ ᠳᠤ᠂ | ᠬᠤᠰᠢᠭᠤ ᠵᠠᠰᠠᠭ ᠤᠨ ᠣᠷᠳᠣᠨ ᠠᠴᠠ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠲᠥᠰᠦᠯ ᠳᠤᠷᠠᠳᠴᠤ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠵᠥᠪᠰᠢᠶᠡᠷᠡᠭᠦᠯᠦᠭᠡᠳ | ᠬᠡᠷᠡᠭᠵᠢᠭᠦᠯᠦᠨ᠎ᠡ᠃ | ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠬᠢᠨᠠᠯᠲᠠ ᠲᠠᠯᠪᠢᠬᠤ ᠳᠤ ᠣᠷᠣᠯᠴᠠᠭᠤᠯᠬᠤ᠃ ᠨᠡᠶᠢᠭᠡᠮ ᠳᠤ | ᠬᠠᠨᠳᠤᠭᠤᠯᠤᠨ᠂ ᠣᠯᠠᠨ ᠵᠦᠶᠯ ᠤᠨ ᠬᠡᠯᠪᠡᠷᠢ᠂ ᠣᠯᠠᠨ ᠠᠷᠭ᠎ᠠ ᠵᠠᠮ ᠢᠶᠠᠷ 《 ᠠᠷᠪᠠᠨ ᠳᠥᠷᠪᠡᠳᠦᠭᠡᠷ ᠲᠠᠪᠤᠨ ᠵᠢᠯ | 》 ᠤᠨ ᠲᠥᠯᠥᠪᠵᠢᠭᠦᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠲᠥᠯᠥᠪᠵᠢᠭᠦᠯᠭᠡ ᠶᠢᠨ | ᠲᠤᠬᠠᠶ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠵᠦ᠂ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠡᠭᠦᠷᠭᠡ | ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ᠂ ᠣᠯᠠᠨ ᠨᠡᠶᠢᠲᠡ ᠶᠢᠨ ᠮᠡᠳᠡᠭᠡ ᠵᠠᠩᠭᠢ | ᠨᠡᠪᠲᠡᠷᠡᠯᠴᠡᠬᠦ ᠪᠠ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠬᠡᠷᠡᠭᠵᠢᠭᠦᠯᠬᠦ | ᠬᠠᠷᠢᠭᠤᠴᠠᠯᠭ᠎ᠠ ᠶᠢᠨ ᠭᠤᠤᠯ ᠴᠣᠭᠴᠠ ᠨᠤᠭᠤᠳ ᠲᠥᠯᠥᠪᠵᠢᠭᠦᠯᠭᠡ ᠶᠢᠨ ᠲᠣᠪᠴᠢ ᠶᠢ ᠬᠡᠷᠡᠭᠵᠢᠭᠦᠯᠦᠭᠰᠡᠨ ᠠᠬᠢᠴᠠ | ᠶᠢᠨ ᠪᠠᠶᠢᠳᠠᠯ ᠢᠶᠠᠨ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ ᠣᠯᠠᠨ ᠨᠡᠶᠢᠲᠡ ᠶᠢᠨ ᠪᠠᠶᠢᠳᠠᠯ ᠮᠡᠳᠡᠬᠦ ᠡᠷᠬᠡ | ᠶᠢ ᠪᠠᠲᠤᠯᠠᠨ᠎ᠠ᠃ ᠤᠯᠠᠨ ᠨᠡᠶᠢᠲᠡ ᠶᠢᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠡᠪᠯᠡᠯ ᠪᠠ ᠨᠠᠮ ᠪᠦᠯᠦᠭ ᠤᠨ | ᠪᠤᠰᠤ ᠬᠥᠮᠦᠰ ᠤᠨ ᠲᠥᠯᠥᠪᠵᠢᠭᠦᠯᠭᠡ ᠶᠢᠨ ᠲᠣᠪᠴᠢ ᠶᠢ ᠬᠡᠷᠡᠭᠵᠢᠭᠦᠯᠬᠦ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ | ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ | ᠠᠷᠠᠯᠵᠢᠶ᠎ᠠ ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠮᠵᠢ᠂ ᠣᠶᠤᠨ ᠤ ᠬᠥᠮᠥᠷᠭᠡ ᠵᠡᠷᠭᠡ ᠨᠡᠶᠢᠭᠡᠮ ᠤᠨ | ᠬᠦᠴᠦᠨ ᠤ ᠲᠤᠰᠬᠠᠶᠢᠵᠢᠭᠰᠠᠨ ᠬᠢᠨᠠᠯᠲᠠ ᠲᠠᠯᠪᠢᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠨᠢᠨ | ᠮᠡᠳᠡᠭᠡᠨ ᠤ ᠵᠠᠭᠤᠴᠢᠯᠠᠭᠤᠷ ᠪᠣᠯᠤᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ | ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠡᠶᠢᠭᠡᠮ ᠤᠨ ᠰᠢᠨᠵᠢᠯᠡᠬᠦ ᠤᠬᠠᠭᠠᠨ ᠤ | ᠬᠤᠯᠪᠣᠭ᠎ᠠ ᠵᠡᠷᠭᠡ ᠣᠯᠠᠨ ᠲᠦᠮᠡᠨ ᠤ ᠨᠡᠶᠢᠭᠡᠮ ᠤᠨ ᠪᠦᠯᠬᠦᠮ ᠤᠨ ᠬᠥᠭᠦᠷᠭᠡ ᠪᠠ ᠬᠢᠨᠠᠯᠲᠠ ᠲᠠᠯᠪᠢᠯᠲᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠳᠠᠶᠢᠴᠢᠯᠠᠵᠤ᠂ | ᠲᠥᠯᠥᠪᠵᠢᠭᠦᠯᠭᠡ ᠶᠢ ᠬᠡᠷᠡᠭᠵᠢᠭᠦᠯᠬᠦ ᠬᠠᠮᠲᠦ ᠶᠢᠨ ᠬᠦᠴᠦᠨ ᠢ ᠪᠣᠶ ᠪᠣᠯᠭᠠᠵᠤ᠂ ᠲᠥᠯᠥᠪᠵᠢᠭᠦᠯᠭᠡ ᠶᠢᠨ ᠲᠣᠪᠴᠢ ᠳᠤ | ᠲᠣᠭᠲᠠᠭᠠᠭᠰᠠᠨ ᠬᠠᠷᠠᠯᠲᠠ ᠪᠣᠯᠤᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠨ᠎ᠠ᠃ | | |