ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠷᠪᠠᠨ  ᠲᠦᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠲᠠᠪᠣᠨ ᠵᠢᠯ ᠤᠨ ᠲᠦᠯᠦᠪᠵᠢᠭᠦᠯᠭᠡ ᠪᠠ 2035  ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠨᠢᠭᠡ︶
ᠨᠡᠶᠢᠲᠡᠯᠡᠭᠰᠡᠨ ᠴᠠᠭ᠄
2021/9/8
      ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠠᠭᠤᠯᠵᠠᠷ ᠤᠨ ᠬᠤᠭᠤᠴᠠᠭ᠎ᠠ ᠪᠣᠯᠤᠨ᠎ᠠ᠂ ᠵᠡᠭᠦᠨ ᠦᠵᠦᠮᠦᠴᠢᠨ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠣᠳᠣᠬᠢᠴᠢᠯᠠᠭᠰᠠᠨ ᠰᠢᠨ᠎ᠡ ᠮᠠᠯᠵᠢᠬᠤ ᠣᠷᠣᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠡᠬᠢᠯᠡᠭᠦᠯᠬᠦ ᠨᠢᠭᠡᠳᠣᠭᠡᠷ ᠲᠠᠪᠤᠨ ᠵᠢᠯ ᠪᠣᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠵᠠᠬᠢᠷᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠦᠨᠵᠡᠭᠡᠢ ᠵᠠᠳᠠᠯᠣᠯᠲᠠ ᠬᠢᠵᠣ᠂ ︽ᠠᠷᠪᠠᠨ ᠳᠥᠷᠪᠡᠳᠦᠭᠡᠷ ᠲᠠᠪᠤᠨ ᠵᠢᠯ︾ ᠲᠤ ᠲᠣᠬᠢᠶᠠᠯᠳᠣᠬᠤ ᠠᠵᠠ ᠲᠣᠬᠢᠶᠠᠯ ᠪᠣᠯᠤᠨ ᠥᠷᠢᠰᠥᠯᠳᠦᠭᠡᠨ ᠢ ᠣᠨᠣᠪᠴᠢᠲᠠᠶ ᠰᠤᠳᠤᠯᠤᠨ ᠮᠠᠭᠠᠳᠯᠠᠵᠤ᠂ ᠰᠢᠨ᠎ᠡ ᠬᠡᠪ ᠪᠠᠶᠢᠳᠠᠯ ᠳᠣᠤᠷ᠎ᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢ ᠦᠨᠡᠨᠬᠦ ᠡᠵᠡᠮᠳᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠰᠡᠳᠬᠢᠴᠡ᠂ ᠰᠢᠨ᠎ᠡ ᠬᠠᠷᠠᠯᠲᠠ᠂ ᠰᠢᠨ᠎ᠡ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠨᠢ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠬᠤ᠂ ᠪᠥᠬᠦ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ᠨᠢᠭᠡᠳᠦᠭᠡᠷ ᠪᠦᠯᠦᠭ       ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠲᠣᠬᠢᠶᠠᠯ ᠢ ᠡᠵᠡᠮᠰᠢᠬᠦ      ᠨᠢᠭᠡᠳᠦᠭᠡᠷ ᠬᠡᠰᠡᠭ     ᠭᠤᠤᠯ ᠠᠮᠵᠢᠯᠲᠠ      ᠥᠩᠭᠡᠷᠡᠭᠰᠡᠨ ᠲᠠᠪᠤᠨ ᠵᠢᠯ᠂ ᠲᠦᠪᠡᠭ ᠪᠤᠳᠤᠯᠢᠶᠠᠨᠲᠠᠶ ᠬᠥᠭᠵᠢᠯᠲᠡ ᠶᠢᠨ ᠣᠷᠴᠢᠨ ᠨᠥᠬᠦᠴᠡᠯ ᠪᠠ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠣᠭᠠᠷ᠂ ᠳᠦᠷᠪᠡᠳᠣᠭᠡᠷ᠂ ᠲᠠᠪᠣᠳᠣᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠵᠣ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠰᠢᠯᠢ ᠶᠢᠨ ᠭᠤᠣᠯ ᠠᠶᠢᠮᠠᠭ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠣᠷᠢᠵᠢᠭᠤᠯᠵᠣ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠦᠢᠯᠡᠳᠦᠯᠭᠡᠵᠢᠬᠦᠯᠦᠨ᠂ ᠨᠡᠮᠡᠭᠳᠡᠯ ᠢ ᠪᠠᠳᠣᠯᠠᠵᠣ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠣᠯᠲᠠᠢ ᠲᠦᠯᠦᠪᠵᠢᠬᠦᠯᠦᠨ ᠠᠬᠢᠭᠤᠯᠵᠣ᠂ ᠵᠣᠷᠢᠭᠲᠠᠶ ᠴᠢᠷᠮᠠᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠣ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠳᠤ ᠲᠣᠭᠲᠠᠭᠠᠭᠰᠠᠨ ᠭᠤᠣᠯ ᠡᠭᠦᠷᠭᠡ ᠶᠢ ᠦᠨᠳᠦᠰᠦᠨ ᠳᠡᠭᠡᠨ ᠪᠡᠶᠡᠯᠡᠬᠦᠯᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠬᠠᠷᠠᠯᠲᠠ ᠶᠢ ᠬᠤᠭᠤᠴᠠᠭ᠎ᠠ ᠶᠣᠰᠣᠭᠠᠷ ᠪᠠᠶᠡᠯᠡᠬᠦᠯᠪᠡ᠃      ᠨᠢᠭᠡ᠂ ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤᠯᠠᠮ ᠨᠢᠭᠡ ᠠᠯᠬᠤᠮ ᠴᠢᠩᠭᠠᠷᠠᠪᠠ      ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠪᠠᠶᠢᠳᠠᠯ ᠢ ᠪᠠᠳᠣᠯᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠳᠤ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 57.44 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠢ ᠠᠴᠠ 29.8% ᠪᠠᠷ ᠨᠡᠮᠡᠭᠳᠡᠵᠦ᠂ ᠳᠤᠮᠳᠠᠴᠢ ᠪᠠᠷ ᠵᠢᠯ ᠪᠦᠷᠢ 3.5% ᠪᠠᠷ ᠨᠡᠮᠡᠭᠳᠡᠪᠡ᠃ 2020 ᠣᠨ ᠳᠤ ᠳᠤᠮᠳᠠᠴᠢ ᠪᠠᠷ ᠬᠦᠮᠦᠨ ᠪᠦᠷᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 8.09 ᠲᠦᠮᠡᠨ ᠲᠥᠭᠦᠷᠢᠭ ᠲᠤ ᠬᠦᠷᠴᠦ᠂ ᠪᠥᠬᠦ ᠣᠷᠣᠨ ᠤ ᠳᠤᠮᠳᠠᠴᠢ ᠲᠦᠪᠰᠢᠨ ᠢ ᠳᠠᠪᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠳᠤᠮᠳᠠᠴᠢ ᠪᠠᠷ ᠵᠢᠯ ᠪᠦᠷᠢ 1.5% ᠪᠠᠷ ᠨᠡᠮᠡᠭᠳᠡᠪᠡ᠃ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ ᠨᠡᠶᠢᠲᠡ 202 ᠢ ᠲᠤᠭᠲᠠᠭᠠᠵᠣ᠂ ᠬᠡᠷᠡᠭᠵᠢᠭᠦᠯᠵᠦ᠂ 143 ᠶᠢ ᠲᠠᠭᠤᠰᠬᠠᠵᠦ᠂ 90 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠲᠠᠭᠤᠰᠬᠠᠪᠠ᠃ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ ᠨᠡᠶᠢᠲᠡ 30.98 ᠳ᠋ᠦᠩᠰᠢᠭᠤᠷ ᠲᠥᠭᠦᠷᠢᠭ ᠲᠤ ᠬᠦᠷᠪᠡ᠃ ︽ᠭᠤᠷᠪᠠ ᠶᠢ ᠪᠠᠭᠤᠷᠠᠭᠤᠯᠵᠣ ᠨᠢᠭᠡ ᠶᠢ ᠪᠠᠭᠠᠰᠬᠠᠬᠤ︾ ᠶᠢ ᠴᠢᠷᠮᠠᠶᠢᠨ ᠪᠡᠶᠡᠯᠡᠬᠦᠯᠵᠣ᠂ ᠭᠤᠷᠪᠠᠨ ᠠᠵᠤ ᠦᠢᠯᠡᠰ ᠤᠨ ᠡᠵᠡᠯᠡᠬᠦ ᠬᠠᠷᠢᠴᠠᠯ 2015 ᠣᠨ ᠳᠤ 30.4᠄ 39.2᠄ 30.4 ᠪᠠᠶᠢᠭᠰᠠᠨ ᠠᠴᠠ ᠪᠠᠨ 2020 ᠣᠨ ᠪᠣᠯᠬᠤ ᠳᠤ 32.6᠄ 33.7᠄ 33.7 ᠪᠣᠯᠪᠠ᠃ ᠮᠠᠯ ᠠᠵᠤ ᠠᠬᠤᠶ ᠪᠠᠷ ᠰᠠᠭᠤᠷᠢ ᠪᠣᠯᠭᠠᠭᠰᠠᠨ᠂ ᠥᠩᠭᠡᠲᠦ ᠲᠡᠮᠦᠷᠯᠢᠭ ᠰᠣᠩᠭᠤᠨ ᠪᠣᠯᠪᠠᠰᠤᠷᠠᠭᠤᠯᠬᠤ ᠪᠠᠷ ᠲᠤᠯᠭᠠᠭᠤᠷᠢ ᠪᠣᠯᠭᠠᠭᠰᠠᠨ᠂ ᠨᠡᠭᠦᠷᠡᠰᠦ ᠶᠢ ᠶᠡᠷᠦᠩᠬᠡᠶᠢᠯᠡᠨ ᠠᠰᠢᠭᠯᠠᠬᠤ᠂ ᠲᠣᠰᠣᠨ ᠬᠡᠢ ᠶᠢ ᠨᠡᠭᠡᠭᠡᠨ ᠬᠦᠭᠵᠢᠬᠦᠯᠬᠦ᠂ ᠰᠣᠶᠣᠯ ᠵᠢᠭᠤᠯᠴᠢᠯᠠᠯ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠯᠠᠭᠠᠨ ᠢᠳᠡᠭᠡᠨ ᠡᠳ᠋ᠰᠢᠬᠦᠯᠦᠨ ᠪᠣᠯᠪᠠᠰᠣᠷᠠᠭᠤᠯᠬᠤ ᠵᠡᠷᠭᠡ ᠠᠵᠤ ᠦᠢᠯᠡᠰ ᠵᠣᠬᠢᠴᠠᠩᠭᠤᠶ ᠪᠠᠷ ᠬᠦᠭᠵᠢᠭᠰᠡᠨ ᠠᠵᠤ ᠦᠢᠯᠡᠰ ᠤᠨ ᠲᠣᠭᠳᠠᠯᠴᠠᠭ᠎ᠠ ᠶᠢ ᠠᠩᠬ᠎ᠠ ᠠᠯᠬᠤᠮ ᠪᠠᠶᠢᠭᠤᠯᠪᠠ᠃      ᠮᠠᠯ ᠠᠵᠤ ᠠᠬᠤᠢ ᠶᠢᠨ ᠬᠥᠭᠵᠢᠯᠲᠡ ᠶᠢᠨ ᠠᠯᠬᠤᠴᠠ ᠲᠦᠷᠭᠡᠳᠪᠡ᠃ ︽ᠬᠤᠨᠢ ᠶᠢ ᠴᠦᠭᠡᠳᠭᠡᠵᠦ᠂ ᠦᠬᠡᠷ ᠢ ᠨᠡᠮᠡᠭᠳᠡᠭᠦᠯᠬᠦ︾ ᠨᠢ ᠥᠷᠭᠡᠨ ᠣᠯᠠᠨ ᠮᠠᠯᠴᠢᠳ ᠤᠨ ᠣᠷᠣᠯᠭ᠎ᠠ ᠪᠠᠨ ᠨᠡᠮᠡᠭᠳᠡᠬᠦᠯᠬᠦ ᠰᠠᠨᠠᠭᠠᠴᠢᠯᠠᠭᠠᠳᠣ ᠠᠵᠢᠯᠯᠠᠭ᠎ᠠ  ᠪᠣᠯᠵᠣ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠪᠤᠯᠬᠤ ᠳᠤ ᠲᠠᠪᠤᠨ ᠵᠢᠯ ᠳᠤ ᠮᠠᠯᠵᠢᠯ ᠤᠨ ᠣᠨ ᠤ ᠬᠤᠨᠢᠨ ᠤ ᠲᠤᠭ᠎ᠠ ᠶᠢ 60.4 ᠲᠦᠮᠡ ᠪᠠᠭᠠᠰᠬᠠᠵᠦ 108.6 ᠲᠦᠮᠡ ᠪᠣᠯᠭᠠᠨ ᠪᠠᠭᠤᠷᠠᠭᠤᠯᠵᠣ ᠂ ᠮᠢᠬᠠᠨ ᠤ ᠦᠬᠡᠷ ᠤᠨ ᠲᠤᠭ᠎ᠠ ᠶᠢ 4.08 ᠲᠦᠮᠡ ᠪᠣᠯᠭᠠᠨ ᠨᠡᠮᠡᠭᠳᠡᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠪᠤᠯᠬᠤ ᠳᠤ 9.52 ᠲᠦᠮᠡ ᠪᠤᠯᠭᠠᠪᠠ᠃ ᠡᠭᠦᠯᠳᠡᠷ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠦᠵᠦᠮᠦᠴᠢᠨ ᠬᠤᠨᠢᠨ ᠤ ᠭᠤᠣᠯᠳᠠᠯᠭᠠᠲᠤ ᠰᠦᠷᠦᠭ 270 ᠰᠦᠷᠦᠭ ᠬᠦᠷᠴᠦ᠂ ᠪᠠᠷᠢᠮᠵᠢᠶᠠᠵᠢᠭᠰᠠᠨ ᠰᠦᠷᠦᠭ 2600 ᠰᠦᠷᠦᠭ ᠬᠦᠷᠴᠦ  ᠦᠷ᠎ᠡ ᠶᠢᠨ ᠮᠠᠯ ᠢ ᠲᠥᠪᠯᠡᠷᠡᠭᠦᠯᠦᠨ ᠬᠠᠮᠢᠶᠠᠷᠬᠤ ᠰᠦᠷᠦᠭ 127 ᠳᠤ ᠬᠦᠷᠪᠡ᠃ ᠳᠡᠭᠡᠳᠦ ᠲᠡᠰ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠨᠢ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠵᠤ᠂ ᠠᠶᠢᠮᠠᠭ ᠤᠨ ᠲᠡᠰ ᠤᠨ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠭᠤᠣᠯᠳᠠᠯᠭᠠᠲᠤ ᠰᠦᠷᠦᠭ 24 ᠳᠤ ᠬᠦᠷᠴᠦ᠂ ᠮᠣᠩᠭᠤᠯ ᠦᠬᠡᠷ ᠤᠨ ᠭᠤᠣᠯᠳᠠᠯᠭᠠᠲᠤ ᠰᠦᠷᠦᠭ 5 ᠳᠤ ᠬᠦᠷᠴᠦ᠂ ᠰᠢᠯᠢᠳᠡᠭ ᠡᠭᠦᠯᠳᠡᠷ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 10 ᠶᠢ ᠪᠠᠶᠢᠭᠤᠯᠤᠨ᠂  ᠦᠷ᠎ᠡ ᠶᠢᠨ ᠮᠠᠯ  ᠤᠨ ᠲᠠᠯᠠᠪᠠᠢ 2 ᠶᠢ ᠪᠠᠶᠢᠭᠤᠯᠵᠤ᠂ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠢ 1᠂ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠭᠤᠣᠯᠳᠠᠯᠭᠠᠲᠤ ᠰᠦᠷᠦᠭ 30᠂ ᠮᠣᠩᠭᠤᠯ ᠠᠳᠤᠭᠤᠨ ᠤ ᠤᠳᠤᠮ ᠢ ᠬᠠᠮᠠᠭᠠᠯᠠᠬᠤ ᠲᠤᠷᠰᠢᠯᠲᠠ ᠶᠢᠨ ᠴᠡᠭ ᠢ 8 ᠶᠢ ᠪᠠᠶᠢᠭᠤᠯᠪᠠ᠃ ᠠᠵᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠤᠶᠤᠨᠲᠤ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠬᠦ ᠦᠢᠯᠡᠳᠦᠯ ᠢᠯᠡᠳᠳᠡ ᠪᠣᠯᠪᠠ᠃ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭ ᠤᠨ ᠨᠥᠯᠥᠭᠡᠯᠡᠯ ᠢ ᠲᠠᠰᠤᠷᠠᠯᠲᠠ ᠥᠬᠡᠶ ᠨᠡᠮᠡᠭᠳᠡᠭᠦᠯᠦᠨ᠂ ᠦᠵᠦᠮᠦᠴᠢᠨ ᠬᠤᠨᠢᠨ ᠤ ᠨᠡᠷ᠎ᠡ ᠠᠯᠳᠠᠷᠰᠢᠯ ᠢ ᠤᠯᠠᠮ ᠳᠡᠭᠡᠭᠰᠢᠯᠡᠭᠦᠯᠵᠦ᠂ ︽ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠣᠯᠬᠦᠢ ᠶᠢᠨ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠲᠣᠭᠲᠠᠭᠠᠬᠤ ᠪᠠ ᠪᠠᠶᠢᠭᠤᠯᠤᠮᠵᠢ ᠶᠢᠨ ᠬᠢᠨᠠᠨ ᠰᠢᠯᠭᠠᠬᠤ ᠬᠤᠣᠰ ᠭᠡᠷᠡᠴᠢᠯᠡᠯ ︾ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠷᠠᠭᠤᠯᠤᠯᠲᠠ ᠳᠤ ᠬᠢᠷᠢ  ᠳᠡᠩᠴᠡᠵᠣ᠂ ᠤᠯᠤᠰ ᠤᠨ ᠭᠤᠣᠯᠳᠠᠯᠭ᠎ᠠ ᠲᠠᠢ ᠰᠢᠯᠢᠳᠡᠭ ᠡᠭᠦᠯᠳᠡᠷ ᠤᠨ ᠮᠠᠯ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠠ ᠤᠯᠤᠰ ᠤᠨ ᠴᠢᠬᠤᠯᠠ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠵᠣ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠪᠠ᠃      ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 20 ᠡᠷᠦᠬᠡ ᠳᠤ ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠡᠶᠢᠲᠡ 67.83 ᠳ᠋ᠦᠩᠰᠢᠭᠤᠷ ᠲᠥᠭᠦᠷᠢᠭ ᠲᠤ  ᠬᠦᠷᠴᠦ᠂ ᠠᠵᠤ ᠦᠢᠯᠡᠳᠪᠦᠷᠢ ᠶᠢᠨ ᠡᠳ᠋ ᠤᠨ ᠵᠠᠰᠠᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 88.7 % ᠳᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠢ ᠠᠴᠠ 1.7% ᠪᠠᠷ ᠨᠡᠮᠡᠭᠳᠡᠪᠡ᠃ ᠨᠡᠭᠦᠷᠡᠰᠦᠨ ᠤ  ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ᠂ ᠮᠡᠷᠭᠡᠵᠢᠯ ᠤᠨ ᠰᠢᠨᠡᠴᠢᠯᠡᠯᠳᠡ ᠵᠡᠷᠭᠡ ᠶᠢ ᠤᠷᠤᠭᠰᠢᠲᠠᠢ ᠠᠬᠢᠭᠤᠯᠵᠤ᠂ ᠰᠢᠯᠢᠳᠡᠭ ᠦᠢᠯᠡᠳᠪᠦᠷᠢᠯᠡᠯ ᠤᠨ ᠴᠢᠳᠠᠪᠣᠷᠢ ᠲᠠᠢ ᠴᠠᠭᠠᠨᠳᠣᠯᠣᠭᠠᠢ ᠨᠡᠭᠦᠷᠡᠰᠦᠨ ᠠᠭᠤᠷᠬᠠᠢ ᠶᠢᠨ ᠣᠷᠴᠢᠨ ᠲᠣᠭᠤᠷᠢᠨ ᠤ ᠦᠨᠡᠯᠡᠯᠲᠡ ᠨᠢ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠥᠩᠭᠡᠷᠡᠭᠦᠯᠵᠦ᠂ ᠶᠡᠷᠦᠩᠬᠡᠢ ᠲᠥᠯᠥᠪᠵᠢᠭᠦᠯᠭᠡ ᠶᠢ ᠲᠦᠷᠢᠮ ᠶᠣᠰᠣᠭᠠᠷ ᠮᠡᠳᠡᠭᠦᠯᠪᠡ᠃ ᠪᠦᠬᠦ ᠬᠤᠰᠢᠭᠤᠨ ᠤ ᠥᠩᠭᠡᠲᠦ ᠲᠡᠮᠦᠷᠯᠢᠭ ᠤᠨ ᠰᠣᠩᠭᠤᠨ ᠪᠣᠯᠪᠠᠰᠤᠷᠠᠭᠤᠯᠬᠤ ᠴᠢᠳᠠᠪᠤᠷᠢ ᠡᠳᠦᠷ ᠲᠤ 1.2 ᠲᠦᠮᠡᠨ ᠲᠣᠨ ᠳᠤ ᠬᠦᠷᠴᠦ᠂ ᠬᠤᠸᠠᠨᠣᠳ ᠦᠩᠭᠡᠲᠦ ᠲᠡᠮᠦᠷᠯᠢᠭ ᠤᠨ ᠠᠭᠤᠷᠬᠠᠢ ᠶᠢ ᠰᠣᠩᠭᠤᠨ ᠪᠣᠯᠪᠠᠰᠤᠷᠠᠭᠤᠯᠬᠤ ᠲᠥᠷᠥᠯ ᠵᠦᠢᠯ ᠠᠰᠢᠭᠯᠠᠯᠲᠠ ᠳᠤ ᠣᠷᠣᠵᠤ᠂ ᠬᠦᠪᠳᠣᠨᠲᠣᠯᠣᠭᠠᠢ ᠦᠩᠭᠡᠲᠦ ᠲᠡᠮᠦᠷᠯᠢᠭ ᠤᠨ ᠠᠭᠤᠷᠬᠠᠢ ᠶᠢᠨ ᠰᠣᠩᠭᠤᠨ ᠪᠣᠯᠪᠠᠰᠣᠷᠠᠭᠤᠯᠬᠤ ᠲᠥᠷᠥᠯ ᠵᠦᠢᠯ ᠪᠠᠶᠢᠭᠤᠯᠤᠭᠳᠠᠵᠤ᠂ ᠣᠯᠠᠭᠠᠨᠳᠣᠯᠣᠭᠠᠢ ᠶᠢᠨ ᠵᠡᠭᠦᠨ ᠬᠡᠰᠡᠭ᠂ 1017 ᠥᠨᠳᠦᠷᠯᠢᠭ ᠭᠠᠵᠠᠷ ᠵᠡᠷᠭᠡ ᠨᠢᠭᠡ ᠪᠦᠯᠦᠭ ᠦᠩᠭᠡᠲᠦ ᠲᠡᠮᠦᠷᠯᠢᠭ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠪᠡ᠃ ᠴᠢᠯᠠᠭᠤᠨ ᠲᠣᠰᠣᠨ ᠤ ᠲᠥᠷᠥᠯ ᠵᠦᠢᠯ ᠤᠨ ᠦᠢᠯᠡᠳᠪᠦᠷᠢᠯᠡᠯ  ᠤᠨ ᠴᠢᠳᠠᠪᠤᠷᠢ ᠵᠢᠯ ᠳᠤ 50 ᠲᠦᠮᠡᠨ ᠲᠣᠨ ᠳᠤ ᠬᠦᠷᠪᠡ᠃ ᠲᠣᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢ ᠨᠢᠭᠡᠳᠬᠡᠵᠦ᠂ 15 ᠡᠷᠦᠬᠡ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠠᠵᠤ ᠦᠢᠯᠡᠳᠪᠤᠷᠢ ᠶᠢᠨ ᠲᠤᠭᠤᠷᠢᠭ ᠲᠤ ᠤᠷᠤᠵᠦ᠂ ᠠᠮᠢᠳᠣ ᠮᠠᠯ ᠢ ᠡᠳ᠋ᠰᠢᠭᠦᠯᠦᠨ ᠪᠣᠯᠪᠠᠰᠣᠷᠠᠭᠤᠯᠬᠤ ᠴᠢᠳᠠᠮᠵᠢ ᠦᠷᠭᠦᠯᠵᠢᠯᠡᠨ ᠲᠡᠭᠡᠭᠰᠢᠯᠡᠪᠡ᠃ ᠲᠤᠬᠠᠢ ᠶᠢᠨ ᠭᠠᠵᠠᠷ ᠲᠤᠨᠢ ᠰᠢᠢᠳᠪᠦᠷᠢᠯᠡᠭᠰᠡᠨ ᠨᠣᠷᠮ᠎ᠠ 77.8% ᠳᠤ ᠬᠦᠷᠪᠡ᠃ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠨᠢ ᠰᠢᠯᠢ ᠶᠢᠨ ᠭᠤᠣᠯ ᠤᠯᠠᠭᠠᠨᠬᠠᠳᠠ ᠲᠦᠩᠯᠢᠶᠣᠤ ᠶᠢᠨ ᠠᠵᠤ ᠠᠬᠤᠢ ᠶᠢᠨ ᠣᠷᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠵᠢᠷᠭᠤᠭᠠᠨ ᠲᠣᠭᠤᠷᠢᠭ ᠤᠨ ᠨᠢᠭᠡ ᠪᠣᠯᠪᠠ᠂ ᠡᠭᠦᠨ ᠤ ᠬᠠᠮᠲᠤ ᠤᠯᠤᠰ ᠤᠨ ᠨᠡᠭᠡᠭᠡᠯᠲᠡ ᠶᠢᠨ ᠲᠣᠭᠤᠷᠢᠭ ᠤᠨ ᠬᠢᠨᠠᠨ ᠬᠠᠷᠭᠤᠭᠤᠯᠤᠭᠰᠠᠨ ᠨᠡᠷᠡᠰ ᠲᠤ ᠵᠢᠭᠰᠠᠭᠠᠭᠳᠠᠵᠤ᠂ ᠵᠢᠩ ᠨᠸᠡᠭ ᠤᠨ 2 × 2.5 ᠲᠦᠮᠡᠨ ᠺᠢᠯᠣᠸᠠᠲ ᠤᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ 8 ᠲᠦᠮᠡᠨ ᠲᠣᠨ ᠬᠠᠷ᠎ᠠ ᠲᠤᠭᠤᠯᠭ᠎ᠠ ᠬᠠᠶᠢᠯᠤᠭᠤᠯᠬᠤ ᠪᠠ 10 ᠲᠦᠮᠡᠨ ᠲᠣᠨ ᠴᠠᠶᠢᠷ ᠬᠠᠶᠢᠯᠤᠭᠤᠯᠬᠤ ᠲᠥᠷᠥᠯ ᠵᠦᠢᠯ ᠨᠢ ᠮᠡᠷᠭᠡᠵᠢᠯ ᠤᠨ ᠥᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠵᠦ᠂  ᠬᠤᠸᠠ ᠶᠢᠨ ᠺᠣᠮᠫᠠᠨᠢ ᠶᠢᠨ ᠲᠥᠷᠥᠯ ᠵᠦᠢᠯ ᠨᠢ ᠡᠳ᠋ ᠬᠥᠷᠥᠩᠭᠡ ᠶᠢ ᠣᠷᠣᠨ ᠨᠤᠲᠤᠭ ᠲᠤ ᠬᠤᠪᠢᠶᠠᠷᠢᠯᠠᠨ ᠰᠢᠯᠵᠢᠭᠦᠯᠬᠦ ᠶᠢ ᠪᠡᠶᠡᠯᠡᠭᠦᠯᠵᠦ᠂ ᠲᠣᠭᠤᠷᠢᠭ ᠤᠨ ᠠᠵᠤ ᠦᠢᠯᠡᠰ ᠤᠨ ᠡᠷᠴᠢᠮᠵᠢᠭᠦᠯᠦᠨ ᠬᠥᠭᠵᠢᠭᠦᠯᠬᠦ ᠲᠠᠪᠴᠠᠩ ᠢ ᠠᠩᠬ᠎ᠠ ᠠᠯᠬᠤᠮ ᠪᠦᠷᠢᠯᠳᠦᠭᠦᠯᠪᠡ᠃      ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠢᠯᠡᠳᠲᠡ ᠲᠦᠷᠭᠡᠳᠪᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠲᠠᠷᠢᠶᠠᠯᠠᠩ ᠬᠢᠭᠡᠳ ᠮᠠᠯᠵᠢᠬᠤ ᠣᠷᠣᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ  ᠪᠠᠷ ᠦᠨᠡᠯᠡᠭᠳᠡᠪᠡ᠃ ᠤᠯᠢᠶᠠᠰᠤᠲᠠᠢ ᠠᠭᠤᠯᠠ ᠶᠢᠨ ᠦᠵᠡᠮᠵᠢ ᠶᠢᠨ ᠣᠷᠣᠨ ᠢ ᠥᠭᠡᠷᠡᠴᠢᠯᠡᠬᠦ ᠪᠠ ᠦᠵᠦᠮᠦᠴᠢᠨ ᠨᠡᠭᠦᠳᠡᠯ ᠮᠠᠯᠵᠢᠯ ᠤᠨ ᠰᠣᠶᠣᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠷᠤᠭᠰᠢᠲᠠᠢ ᠠᠬᠢᠭᠤᠯᠵᠤ᠂ 16 ᠡᠷᠦᠬᠡ ︽ᠮᠠᠯᠴᠢᠨ ᠠᠶᠢᠯ︾ ᠤᠨ ᠵᠢᠭᠤᠯᠴᠢᠯᠠᠯ ᠢ  ᠲᠡᠰ ᠳᠡᠪᠰᠢᠭᠦᠯᠦᠨ ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠳᠡᠰ ᠤᠨ ᠮᠠᠯᠵᠢᠬᠤ ᠣᠷᠣᠨ ᠤ ᠵᠢᠭᠤᠯᠴᠢᠯᠠᠯ ᠤᠨ ᠡᠷᠦᠬᠡ ᠪᠠᠷ ᠦᠨᠡᠯᠡᠭᠳᠡᠪᠡ᠃ ᠲᠠᠪᠤᠨ ᠵᠢᠯ ᠤᠨ ᠲᠤᠷᠰᠢ ᠵᠢᠭᠤᠯᠴᠢᠯᠠᠭᠰᠠᠳ ᠢ ᠨᠡᠶᠢᠲᠡ 216.7 ᠲᠦᠮᠡᠨ ᠬᠦᠮᠦᠨ ᠤᠳᠠᠭ᠎ᠠ ᠶᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 36.52 ᠳ᠋ᠦᠩᠰᠢᠭᠤᠷ ᠲᠥᠭᠦᠷᠢᠭ ᠲᠤ ᠬᠦᠷᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠠᠵᠤ ᠦᠢᠯᠡᠰ ᠤᠨ ᠲᠣᠭᠤᠷᠢᠭ ᠨᠢ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠰᠣᠩᠭᠤᠭᠳᠠᠨ᠂ ᠲᠤᠤ ᠪᠦᠦ᠂ ᠵᠢᠩ ᠳ᠋ᠦᠩ᠂ ᠯᠧ ᠼᠦᠨ ᠲᠤᠤ ᠵᠡᠷᠭᠡ ᠨᠡᠷᠡᠲᠦ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠲᠡᠳᠡᠨ ᠣᠷᠣᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠨᠣᠷᠮ᠎ᠠ ᠨᠢ1.77 ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ ᠠᠶᠢᠮᠠᠭ ᠤᠨ ᠠᠩᠬᠠᠳᠠᠭᠴᠢ ᠰᠢᠨᠵᠢᠯᠡᠭᠡ ᠮᠡᠷᠭᠡᠵᠢᠯ ᠤᠨ ᠦᠢᠯᠡᠰ ᠪᠣᠰᠬᠠᠬᠤ ᠲᠣᠭᠤᠷᠢᠭ ᠤᠨ ᠲᠥᠷᠥᠯ ᠤᠨ ᠦᠢᠯᠡᠴᠢᠯᠡᠭᠡᠨ ᠤ ᠦᠢᠯᠡᠰ ᠲᠥᠪᠯᠡᠷᠡᠭᠰᠡᠨ ᠲᠣᠭᠤᠷᠢᠭ ᠪᠣᠯᠵᠤ᠂ ᠡᠵᠢᠨᠠᠭᠤᠷ ᠤᠨ ᠳᠠᠪᠤᠰᠤ ᠨᠢ ᠪᠦᠬᠦ ᠣᠷᠣᠨ ᠤ ᠵᠠᠭᠤᠨ ᠬᠦᠴᠦᠷᠬᠡᠭ ᠨᠡᠷᠡᠲᠦ ᠲᠡᠮᠳᠡᠭᠲᠦ ᠳᠤ ᠵᠢᠭᠰᠠᠭᠠᠭᠳᠠᠵᠣ᠂ ᠮᠥᠩᠭᠦᠨ ᠭᠦᠢᠯᠭᠡᠭᠡ᠂ ᠰᠣᠶᠣᠯ᠂ ᠪᠡᠶ᠎ᠡ ᠲᠠᠮᠢᠷ ᠵᠡᠷᠭᠡ ᠠᠵᠤ ᠦᠢᠯᠡᠰ ᠢ ᠡᠷᠡᠭᠦᠯ ᠢᠶᠠᠷ ᠲᠦᠯᠬᠢᠨ ᠠᠬᠢᠭᠤᠯᠪᠠ᠃      ᠬᠤᠶᠠᠷ᠂ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠰᠢᠢᠳᠪᠦᠷᠢᠳᠦ ᠴᠢᠨᠠᠷᠲᠠᠶ ᠢᠯᠠᠯᠲᠠ ᠤᠯᠪᠠ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ︽ᠵᠢᠷᠭᠤᠭᠠᠨ ᠨᠠᠷᠢᠯᠢᠭ ᠣᠨᠣᠪᠴᠢᠲᠠᠢ᠂ ᠲᠠᠪᠤᠨ ᠨᠢᠭᠡ ᠪᠦᠯᠦᠭ︾ ᠤᠨ ᠦᠨᠳᠦᠰᠦᠨ ᠰᠡᠳᠬᠢᠴᠡ ᠶᠣᠰᠣᠭᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ 1.2 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠦᠩᠭᠦ ᠣᠷᠣᠭᠤᠯᠵᠣ᠂ ᠪᠦᠬᠦ ᠬᠤᠰᠢᠭᠤᠨ ᠤ ᠳᠠᠩᠰᠠ ᠡᠪᠬᠡᠮᠡᠯ ᠳᠤ ᠣᠷᠣᠭᠤᠯᠣᠭᠰᠠᠨ 165 ᠡᠷᠦᠬᠡ ᠶᠢᠨ 568 ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠳᠡ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 100% ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠯᠭ᠎ᠠ ᠶᠢᠨ ᠳᠡᠳᠬᠦᠮᠵᠢ ᠶᠢᠨ ᠲᠥᠷᠦ ᠶᠢᠨ ᠪᠣᠳᠣᠯᠭ᠎ᠠ ᠶᠢ ᠪᠦᠬᠦᠨ ᠢ ᠪᠦᠷᠬᠦᠭᠦᠯᠵᠦ᠂ ᠰᠤᠷᠤᠯᠭ᠎ᠠ ᠪᠠᠨ ᠳᠣᠷᠭᠤᠨ ᠵᠣᠭᠰᠣᠰᠠᠨ ᠶᠠᠳᠠᠭᠤ ᠬᠦᠴᠢᠷᠳᠡᠯᠲᠡᠢ ᠰᠣᠷᠣᠭᠴᠢ ᠪᠠᠶᠢᠬᠤ ᠦᠭᠡᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠴᠢᠩᠭᠠᠳᠬᠠᠬᠤ ᠪᠠ ᠶᠠᠳᠠᠭᠤ ᠶᠢ ᠲᠡᠳᠬᠦᠬᠦ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠨ᠂ ᠲᠠᠩᠰᠠ ᠡᠪᠬᠡᠮᠡᠯ ᠳᠤ ᠣᠷᠣᠭᠤᠯᠣᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠳᠤᠮᠳᠠᠴᠢ ᠬᠥᠮᠦᠨ ᠪᠦᠷᠢ ᠶᠢᠨ ᠣᠷᠣᠯᠭ᠎ᠠ ᠶᠢ 1500 ᠲᠥᠭᠦᠷᠢᠭ ᠣᠷᠴᠢᠮ ᠨᠡᠮᠡᠭᠳᠡᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ  ᠪᠦᠬᠦᠨ  ᠢ ᠪᠦᠷᠬᠦᠬᠦᠯᠪᠡ᠃ ᠦᠨᠳᠦᠰᠦᠨ ᠡᠮ ᠡᠮᠨᠡᠯᠭᠡ᠂ ᠣᠣᠭᠤᠬᠤ ᠣᠰᠣᠨ ᠤ ᠠᠶᠣᠯᠬᠦᠢ ᠶᠢ ᠪᠠᠳᠣᠯᠠᠬᠤ᠂ ᠣᠷᠣᠨ ᠰᠠᠭᠤᠴᠠ ᠶᠢᠨ ᠠᠮᠤᠷ ᠲᠦᠪᠰᠢᠨ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠠᠮᠢᠳᠤᠷᠠᠯ ᠳᠤ ᠬᠡᠷᠡᠭᠯᠡᠬᠦ ᠴᠠᠬᠢᠯᠭᠠᠨ ᠵᠡᠷᠭᠡ ᠲᠠᠯ᠎ᠠ ᠪᠠᠷ ᠴᠥᠮ ᠪᠠᠷᠢᠮᠵᠢᠶ᠎ᠠ ᠳᠤ ᠬᠦᠷᠴᠦ᠂  ᠶᠠᠳᠠᠭᠤᠷᠠᠯᠳᠠ ᠶᠢᠨ ᠨᠣᠷᠮ᠎ᠠ ᠶᠢ ᠪᠥᠬᠦ ᠲᠠᠯ᠎ᠠ ᠪᠠᠷ ᠦᠬᠡᠶᠢᠰᠬᠡᠪᠡ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠬᠠᠷᠠᠯᠲᠠ ᠡᠭᠦᠷᠭᠡ ᠶᠢ ᠪᠡᠶᠡᠯᠡᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠬᠦᠯᠪᠡ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠦᠨᠡᠨᠬᠦ ᠰᠠᠶᠢᠲᠤᠷ ᠬᠢᠵᠦ ᠂ ᠡᠨᠧᠷᠭᠢ ᠶᠢ ᠶᠡᠷᠦᠩᠬᠡᠶᠢᠯᠡᠨ ᠠᠰᠢᠭᠯᠠᠬᠤ᠂ ᠡᠪᠦᠯ ᠤᠨ ᠤᠯᠠᠷᠢᠯ ᠳᠤ ᠳᠤᠯᠠᠭᠠᠯᠠᠭ᠎ᠠ ᠬᠠᠩᠭᠠᠬᠤ᠂ ︽ᠭᠤᠷᠪᠠᠨ ᠥᠨᠳᠥᠷ︾ ᠠᠵᠢᠯ ᠲᠥᠷᠥᠯ ᠢ ᠴᠡᠪᠡᠷᠰᠢᠭᠦᠯᠦᠨ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠨᠡᠭᠦᠷᠡᠰᠦ᠂ ᠲᠣᠯᠠᠭᠠᠯᠠᠯᠭ᠎ᠠ ᠬᠠᠩᠭᠠᠬᠤ᠂ ᠪᠣᠬᠢᠷᠲᠤᠯ ᠭᠠᠳᠠᠭᠰᠢᠯᠠᠭᠤᠯᠬᠤ᠂ ᠲᠡᠮᠦᠷᠯᠢᠭ ᠰᠣᠩᠭᠤᠨ ᠪᠣᠯᠪᠠᠰᠣᠷᠠᠭᠤᠯᠬᠤ ᠵᠡᠷᠭᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠲᠠᠪᠤᠨ ᠵᠢᠯ ᠤᠨ ᠲᠤᠷᠰᠢ᠂ ᠨᠡᠶᠢᠲᠡ 2.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠣᠷᠴᠢᠨ ᠲᠣᠭᠤᠷᠢᠨ ᠤ ᠵᠠᠰᠠᠯᠲᠠ ᠶᠢᠨ ᠲᠠᠯᠠᠪᠠᠶ 3.62 ᠲᠦᠮᠡᠨ ᠮᠥ ᠳᠤ ᠬᠦᠷᠴᠦ᠂ ᠭᠤᠤᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠭᠦᠢᠴᠡᠳᠬᠡᠯ ᠲᠤᠭ᠎ᠠ ᠶᠢ ᠴᠥᠮ ᠳᠡᠭᠡᠷ᠎ᠡ ᠱᠠᠲᠤᠨ ᠤ ᠪᠠᠷᠢᠮᠵᠢᠶ᠎ᠠ  ᠳᠤ ᠬᠢᠵᠠᠭᠠᠷᠯᠠᠵᠤ᠂ ᠬᠤᠰᠢᠭᠤ ᠬᠠᠷᠢᠶᠠᠨ ᠤ ᠴᠢᠨᠠᠷᠯᠢᠭ ᠰᠠᠶᠢᠨ ᠠᠭᠤᠷ ᠠᠮᠢᠰᠬᠤᠯ ᠲᠠᠢ ᠡᠳᠦᠷ ᠤᠨ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 97% ᠶᠢ ᠳᠠᠪᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠭᠠᠵᠠᠷ ᠰᠢᠷᠣᠶ ᠶᠢᠨ ᠵᠤᠷᠰᠢᠯᠲᠤ ᠱᠠᠭᠠᠷᠳᠠᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠪᠦᠬᠦᠯᠢ ᠡᠳᠦᠷ ᠤᠨ ᠠᠭᠠᠷ ᠮᠠᠨᠳᠠᠯ ᠤᠨ ᠠᠦ᠋ᠲ᠋ᠣ᠋ ᠬᠢᠨᠠᠨ ᠬᠡᠮᠵᠢᠯᠲᠡ ᠶᠢᠨ ᠥᠷᠲᠡᠭᠡ ᠶᠢ ᠪᠠᠶᠢᠭᠤᠯᠵᠤ᠂ ᠰᠣᠩᠭᠤᠨ ᠪᠣᠯᠪᠠᠰᠣᠷᠠᠭᠤᠯᠬᠤ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠣᠷᠴᠢᠯᠳᠣᠭᠤᠯᠣᠨ ᠠᠰᠢᠭᠯᠠᠬᠤ ᠨᠣᠷᠮ᠎ᠠ ᠶᠢ 95% ᠠᠴᠠ ᠲᠡᠭᠡᠭᠰᠢ ᠳᠤ ᠬᠦᠷᠬᠡᠵᠦ᠂ ᠲᠠᠯ᠎ᠠ ᠨᠣᠳᠤᠭ ᠢ ᠡᠵᠡᠯᠡᠨ ᠬᠡᠷᠡᠭᠯᠡᠬᠦ  ᠭᠠᠷᠳᠠᠮ ᠦᠭᠡᠢ ᠲᠥᠷᠥᠯ ᠵᠦᠢᠯ   ᠢ ᠪᠦᠬᠦᠳᠡ ᠶᠢ ᠦᠭᠡᠶᠢᠰᠭᠡᠪᠡ᠃      ᠬᠦᠨᠳᠦ ᠶᠡᠭᠡ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠪᠡ᠃ ︽1 + 8︾ ᠬᠦᠨᠳᠦ ᠶᠡᠭᠡ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠥᠷᠢ ᠥᠭᠴᠡᠭᠡ ᠶᠢᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠠᠷᠢᠯᠭᠠᠬᠤ ᠲᠣᠭᠲᠠᠴᠠ ᠶᠢ ᠪᠦᠷᠢᠨᠰᠢᠭᠦᠯᠵᠦ᠂ ︽ᠶᠡᠷᠦᠩᠬᠡᠶ ᠬᠡᠮᠵᠢᠶ᠎ᠡ ᠶᠢ ᠡᠵᠡᠮᠳᠡᠬᠦ᠂ ᠨᠡᠮᠡᠭᠳᠡᠯ ᠢ ᠴᠢᠩᠭ᠎ᠠ ᠬᠢᠵᠠᠭᠠᠷᠯᠠᠬᠤ᠂ ᠦᠯᠡᠳᠡᠪᠦᠷᠢ ᠶᠢ ᠠᠷᠢᠯᠭᠠᠬᠤ︾ ᠠᠵᠢᠯ ᠤᠨ ᠰᠡᠳᠬᠢᠮᠵᠢ ᠶᠣᠰᠣᠭᠠᠷ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 32.79 ᠳ᠋ᠦᠩᠰᠢᠭᠤᠷ ᠲᠥᠭᠦᠷᠢᠭ ᠠᠷᠢᠯᠭᠠᠪᠠ᠂ ᠡᠭᠦᠨ ᠳᠤ ᠠᠷᠠᠳ ᠠᠴᠠ ᠡᠷᠬᠢᠯᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ ᠲᠠᠩᠰᠠᠨ ᠤ ᠵᠣᠭᠤᠰ ᠢ 16.79 ᠳ᠋ᠦᠩᠰᠢᠭᠤᠷ ᠲᠥᠭᠦᠷᠢᠭ ᠠᠷᠢᠯᠭᠠᠵᠣ᠂ ᠮᠠᠷᠭᠤᠯᠳᠣᠭᠠᠨ ᠥᠬᠡᠶ  ᠲᠠᠩᠰᠠ ᠶᠢ ᠪᠦᠬᠦᠨ ᠢ ᠠᠷᠢᠯᠭᠠᠪᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ᠃ ᠬᠤᠯᠤᠭᠠᠨ᠎ᠠ ᠶᠢᠨ ᠬᠢᠵᠢᠭ᠂ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠬᠦ ᠠᠵᠢᠯ ᠰᠢᠢᠳᠪᠦᠷᠢᠲᠦ ᠴᠢᠨᠠᠷᠲᠠᠶ ᠢᠯᠠᠯᠲᠠ ᠤᠯᠪᠠ᠃      ᠭᠤᠷᠪᠠ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠮᠡᠳᠡᠭᠳᠡᠮ᠎ᠡ ᠳᠡᠭᠡᠭᠰᠢᠯᠡᠪᠡ      ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠦᠷᠭᠦᠯᠵᠢᠯᠡᠨ ᠳᠡᠭᠡᠭᠰᠢᠯᠡᠪᠡ᠃ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠨᠡᠶᠢᠭᠡᠮ ᠤᠨ ᠬᠡᠷᠡᠭᠯᠡᠭᠡᠨ ᠤ ᠵᠦᠢᠯ  ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠶ ᠬᠡᠮᠵᠢᠶ᠎ᠡ ᠵᠢᠯ ᠳᠤᠮᠳᠠᠴᠢ ᠪᠠᠷ 4% ᠪᠠᠷ ᠨᠡᠮᠡᠭᠳᠡᠪᠡ᠃  ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2015 ᠣᠨ ᠤ 30811 ᠲᠥᠭᠦᠷᠢᠭ ᠪᠠᠶᠢᠭᠰᠠᠨ ᠠᠴᠠ ᠪᠠᠨ 42308 ᠲᠥᠭᠦᠷᠢᠭ ᠪᠣᠯᠵᠣ ᠨᠡᠮᠡᠭᠳᠡᠨ᠂ ᠵᠢᠯ ᠶᠢᠨ4.84% ᠪᠠᠷ ᠳᠡᠭᠡᠭᠰᠢᠯᠡᠪᠡ᠃ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2015 ᠣᠨ ᠤ 23843 ᠲᠥᠭᠦᠷᠢᠭ ᠪᠠᠶᠢᠭᠰᠠᠨ ᠠᠴᠠ ᠪᠠᠨ2020 ᠣᠨ ᠳᠤ 34899 ᠲᠥᠭᠦᠷᠢᠭ ᠪᠣᠯᠣᠨ ᠨᠡᠮᠡᠭᠳᠡᠵᠣ᠂ ᠵᠢᠯ ᠶᠢᠨ6.35% ᠪᠠᠷ ᠳᠡᠭᠡᠭᠰᠢᠯᠡᠵᠣ᠂ ᠪᠥᠬᠦ ᠣᠷᠣᠨ ᠤ ᠮᠠᠯᠵᠢᠬᠤ ᠬᠤᠰᠢᠭᠤᠨ ᠤ ᠲᠡᠷᠢᠬᠦᠨ ᠪᠠᠶᠢᠷᠢᠨ ᠳᠤ ᠲᠣᠳᠣᠷᠠᠪᠠ᠃      ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠠᠭᠠᠵᠢᠮ ᠢᠶᠠᠷ ᠳᠡᠭᠡᠭᠰᠢᠯᠡᠪᠡ᠃ ᠪᠥᠬᠦ ᠬᠤᠰᠢᠭᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.6% ᠶᠢᠨ ᠳᠣᠲᠣᠷ᠎ᠠ ᠬᠢᠵᠠᠭᠠᠷᠯᠠᠪᠠ᠃ ᠬᠤᠲᠠ ᠪᠠᠯᠭᠠᠰᠤᠨ ᠤ ᠠᠵᠢᠯᠲᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠴᠠᠶᠢᠷᠠᠭᠤᠯᠬᠤ ᠬᠠᠷᠢᠴᠠᠯ ᠢ 93% ᠳᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠪᠦᠷᠭᠦᠭᠦᠯᠦᠯᠳᠡ ᠶᠢᠨ ᠨᠣᠷᠮ᠎ᠠ ᠶᠢ 85% ᠳᠤ ᠬᠦᠷᠭᠡᠵᠦ᠂ ᠬᠤᠲᠠ ᠬᠥᠳᠡᠭᠡ ᠶᠢᠨ ᠬᠠᠮᠤᠭ ᠲᠣᠣᠷ᠎ᠠ ᠠᠮᠢᠳᠣᠷᠠᠯ  ᠤᠨ ᠪᠠᠲᠤᠯᠠᠭ᠎ᠠ ᠶᠢ ᠭᠥᠷᠳᠡᠬᠦ ᠶᠣᠰᠣᠲᠠᠶ ᠬᠦᠮᠦᠰ ᠢ ᠪᠦᠬᠦᠨ ᠢ ᠬᠦᠷᠳᠡᠭᠡᠪᠡ᠃ ᠭᠠᠮᠰᠢᠭ ᠠᠴᠠ ᠠᠪᠤᠷᠠᠨ ᠲᠤᠰᠠᠯᠠᠬᠤ ᠠᠵᠢᠯ ᠪᠠ ᠶᠠᠳᠠᠭᠤ ᠬᠦᠴᠢᠷᠳᠡᠯᠲᠡᠢ ᠬᠦᠮᠦᠰ᠂ ᠵᠡᠮᠳᠡᠭᠴᠦᠳ ᠢ ᠳᠡᠳᠬᠦᠬᠦ ᠠᠵᠢᠯ ᠢ ᠲᠠᠰᠤᠷᠠᠯᠲᠠ ᠦᠭᠡᠢ ᠴᠢᠩᠭᠠᠳᠬᠠᠵᠣ᠂ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠲᠣᠭᠳᠠᠯᠴᠠᠭ᠎ᠠ ᠤᠯᠠᠮ ᠨᠢᠭᠡ ᠠᠯᠬᠤᠮ ᠲᠡᠭᠦᠯᠳᠡᠷᠵᠢᠪᠡ᠃      ᠨᠡᠶᠢᠭᠡᠮ ᠤᠨ ᠠᠵᠢᠯ ᠦᠢᠯᠡᠰ   ᠢ ᠪᠦᠬᠦ ᠲᠠᠯ᠎ᠠ ᠪᠠᠷ ᠲᠡᠭᠡᠭᠰᠢᠯᠡᠭᠦᠯᠪᠡ᠃ ᠰᠤᠷᠭᠠᠨ ᠬᠥᠮᠦᠵᠢᠯ ᠤᠨ  ᠪᠡᠯᠡ ᠣᠷᠣᠭᠤᠯᠤᠯᠲᠠ ᠶᠢ ᠵᠢᠯ ᠳᠠᠷᠠᠭᠠᠯᠠᠨ ᠨᠡᠮᠡᠭᠳᠡᠬᠦᠯᠵᠣ᠂ ᠰᠤᠷᠭᠠᠭᠤᠯᠢ ᠡᠷᠬᠢᠯᠡᠬᠦ ᠨᠥᠬᠦᠴᠡᠯ  ᠢᠯᠡᠳᠲᠡ ᠰᠠᠶᠢᠵᠢᠷᠠᠨ᠂ ᠪᠠᠭᠰᠢ ᠶᠢᠨ ᠡᠩᠨᠡᠭᠡᠨ ᠤ ᠬᠡᠪ ᠴᠢᠨᠠᠷ ᠲᠣᠭᠲᠠᠭᠤᠨ ᠢᠶᠠᠷ  ᠳᠡᠭᠡᠭᠰᠢᠯᠡᠪᠡ᠃ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠴᠡᠴᠡᠷᠯᠢᠭ ᠲᠤ ᠣᠷᠣᠬᠤ᠂ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠳᠤ ᠣᠷᠣᠬᠤ ᠨᠣᠷᠮ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠳᠤ ᠣᠷᠣᠬᠤ ᠨᠣᠷᠮ᠎ᠠ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ ᠴᠥᠮ 100% ᠳᠤ ᠬᠦᠷᠴᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠳᠤ ᠣᠷᠣᠬᠤ ᠨᠣᠷᠮ᠎ᠠ 97.34% ᠳᠤ ᠬᠦᠷᠪᠡ᠃ ︽ᠡᠷᠡᠭᠦᠯ ᠴᠠᠬᠢᠷᠠᠭ ᠵᠡᠭᠦᠨ ᠦᠵᠦᠮᠦᠴᠢᠨ︾ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠱᠠᠭᠠᠷᠳᠠᠯᠭ᠎ᠠ ᠶᠢ ᠬᠠᠩᠭᠠᠬᠤ ᠦᠢᠯᠡᠴᠢᠯᠡᠭᠡᠨ ᠤ ᠲᠣᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠵᠤ᠂ ᠡᠬᠡ ᠨᠢᠯᠬᠠᠰ ᠤᠨ ᠡᠷᠡᠭᠡᠯᠵᠡᠯ ᠤᠨ ᠬᠤᠷᠢᠶ᠎ᠠ ᠶᠢ ᠠᠰᠢᠭᠯᠠᠯᠲᠠ ᠳᠤ ᠣᠷᠣᠭᠤᠯᠤᠨ᠂ ᠮᠣᠩᠭᠤᠯ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠠᠰᠠᠷ ᠪᠠ ᠡᠮ ᠨᠠᠶᠢᠷᠠᠭᠤᠯᠬᠤ ᠲᠠᠰᠤᠭ ᠢ ᠪᠠᠶᠢᠭᠤᠯᠪᠠ᠃ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾᠂ ︽ᠡᠮᠴᠢᠯᠡᠭᠡ ᠪᠠ ᠠᠰᠠᠷᠠᠮᠵᠢ ᠶᠢ ᠬᠠᠷᠢᠯᠴᠠᠨ ᠤᠶᠠᠯᠳᠤᠭᠤᠯᠬᠤ ᠬᠡᠯᠪᠡᠷᠢ︾ ᠶᠢᠨ ᠨᠠᠰᠣᠳᠠᠨ ᠤ ᠠᠰᠠᠷᠠᠮᠵᠢ ᠶᠢᠨ ᠦᠢᠯᠡᠴᠢᠯᠡᠭᠡᠨ ᠤ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠠᠶᠠᠨ ᠮᠠᠯᠵᠢᠬᠤ ᠣᠷᠣᠨ ᠤ ᠨᠠᠰᠣᠳᠠᠨ ᠤ ᠠᠰᠠᠷᠠᠮᠵᠢ ᠶᠢᠨ ᠬᠦᠷᠢᠶᠡᠯᠡᠩ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ︽ᠡᠷᠡᠭᠦᠯ ᠮᠡᠨᠳᠦ ᠶᠢ ᠠᠬᠢᠭᠤᠯᠬᠤ ᠬᠤᠰᠢᠭᠤ︾ ᠪᠠ ︽ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮᠵᠢᠭᠰᠡᠨ ᠬᠤᠰᠢᠭᠤ︾ ᠶᠢᠨ ᠢᠷᠠᠭᠤ ᠠᠯᠳᠠᠷ ᠢ ᠬᠦᠷᠲᠡᠪᠡ᠃ ᠴᠡᠷᠢᠭ ᠠᠴᠠ ᠬᠠᠯᠠᠭᠰᠠᠳ᠂ ᠴᠡᠷᠢᠭ ᠠᠴᠠ ᠠᠵᠢᠯ ᠰᠢᠯᠵᠢᠭᠰᠡᠳ᠂ ᠡᠮᠡᠭᠲᠡᠶᠢᠴᠦᠳ ᠬᠡᠦᠬᠡᠳ᠂ ᠷᠠᠳᠢᠣ᠋ ᠲᠧᠯᠸᠢᠰ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠤᠯᠠᠭᠠᠨ ᠵᠠᠭᠠᠯᠠᠮᠠᠶᠢᠳᠠᠨ ᠵᠡᠷᠭᠡ ᠡᠯ᠎ᠡ ᠲᠥᠷᠥᠯ ᠤᠨ ᠠᠵᠢᠯ ᠦᠢᠯᠡᠰ ᠪᠦᠬᠦ ᠲᠠᠯ᠎ᠠ ᠪᠠᠷ ᠲᠡᠭᠡᠭᠰᠢᠯᠡᠪᠡ᠃      ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠢᠯᠡᠷᠬᠡᠢ᠃ ︽ᠠᠮᠤᠷ ᠲᠠᠶᠢᠪᠤᠩ ᠵᠡᠭᠦᠨ ᠦᠵᠦᠮᠦᠴᠢᠨ︾᠂ ︽ᠬᠠᠤᠯᠢ ᠪᠠᠷ ᠵᠠᠰᠠᠬᠤ ᠵᠡᠭᠦᠨ ᠦᠵᠦᠮᠦᠴᠢᠨ︾ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠶᠡᠷᠦᠩᠬᠡᠶᠢᠯᠡᠨ ᠵᠠᠰᠠᠬᠤ ᠦᠷᠳᠡᠭᠡ︾ ᠪᠠ ︽ᠳᠥᠷᠪᠡᠨ ᠰᠠᠯᠪᠤᠷᠢ ᠬᠤᠯᠪᠣᠭᠠᠯᠠᠨ ᠡᠶᠡᠳᠡᠭᠦᠯᠬᠦ︾ ᠲᠣᠭᠲᠠᠴᠠ ᠶᠢ ᠪᠠᠶᠢᠭᠤᠯᠪᠠ᠃ ︽ᠬᠤᠶᠠᠷ ᠵᠦᠢᠯ ᠤᠨ ᠮᠥᠩᠭᠦ᠂ ᠭᠤᠷᠪᠠᠨ ᠲᠠᠯ᠎ᠠ ᠶᠢᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠮᠠᠯᠴᠢᠨ ᠲᠠᠷᠢᠶᠠᠴᠢᠨ  ᠬᠦᠯᠦᠰᠣᠨ ᠠᠵᠢᠯᠳᠠᠨ ᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠬᠦᠴᠦᠯᠡᠨ  ᠰᠢᠢᠳᠪᠦᠷᠢᠯᠡᠪᠡ᠃ ᠮᠠᠯᠵᠢᠬᠤ ᠣᠷᠣᠨ ᠤ ᠭᠠᠮᠰᠢᠭ ᠠᠴᠠ ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠢ ᠴᠢᠩᠭ᠎ᠠ ᠠᠳᠬᠤᠵᠤ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠪᠠ ᠡᠮ ᠤᠨ ᠵᠦᠢᠯᠡᠰ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠬᠦᠯᠪᠡ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠪᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠬᠤᠰᠢᠭᠤᠨ ᠤ ᠨᠡᠶᠢᠭᠡᠮ ᠤᠨ ᠡᠶ᠎ᠡ ᠵᠣᠬᠢᠴᠠᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃      ᠳᠥᠷᠪᠡ᠂ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠲᠠᠰᠤᠷᠠᠯᠲᠠ ᠥᠬᠡᠶ ᠴᠢᠩᠭᠠᠷᠠᠪᠠ      ᠰᠠᠭᠤᠷᠢ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ᠃ ᠲᠡᠮᠦᠷ ᠵᠠᠮ ᠤᠨ ᠶᠡᠷᠦᠩᠬᠡᠶ ᠤᠷᠲᠤ 478 ᠺᠢᠯᠣᠮᠧᠲᠷ ᠲᠤ ᠬᠦᠷᠴᠦ᠂ ᠡᠵᠡᠩᠨᠡᠯᠲᠡ ᠬᠢᠵᠣ ᠪᠠᠶᠢᠭ᠎ᠠ ᠲᠡᠮᠦᠷ ᠵᠠᠮ 405 ᠺᠢᠯᠣᠮᠧᠲᠷ ᠲᠤ ᠬᠦᠷᠴᠦ᠂ ᠤᠮᠠᠷᠠᠰᠢ ᠮᠣᠩᠭᠤᠯ ᠣᠯᠣᠰ᠂ ᠣᠷᠣᠰ ᠲᠤ ᠨᠡᠪᠲᠡᠷᠡᠨ᠂ ᠡᠮᠦᠨᠡᠰᠢ ᠵᠢᠨᠵᠧᠦ ᠭᠠᠷᠠᠮ ᠪᠣᠯᠤᠨ ᠼᠤᠤ ᠹᠧᠶ ᠳ᠋ᠢᠶᠠᠨ ᠳᠤ ᠬᠦᠷᠬᠦ ᠧᠦ᠋ᠷᠣᠫᠠ ᠠᠽᠢᠶ᠎ᠠ ᠳᠤ ᠨᠡᠪᠳᠡᠷᠡᠬᠦ ᠰᠢᠨ᠎ᠡ ᠵᠠᠮ ᠦᠨᠳᠦᠰᠦᠨ ᠳᠡᠭᠡᠨ ᠪᠦᠷᠢᠯᠳᠦᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠨᠡᠯᠢᠶᠡᠳ ᠶᠡᠭᠡ ᠠᠬᠢᠴᠠ ᠲᠠᠢ ᠪᠣᠯᠵᠤ᠂ ᠣᠯᠣᠰ ᠪᠠ ᠮᠤᠵᠢ ᠶᠢᠨ ᠳᠡᠰ ᠤᠨ ᠵᠠᠰᠠᠮᠠᠯ ᠵᠠᠮ  ᠢ 187.5 ᠺᠢᠯᠣᠮᠧᠲᠷ ᠰᠢᠨ᠎ᠡ ᠪᠠᠷ ᠪᠠᠶᠢᠭᠤᠯᠵᠣ᠂ ᠮᠠᠯᠵᠢᠬᠤ ᠣᠷᠣᠨ ᠤ ᠵᠠᠰᠠᠮᠠᠯ ᠵᠠᠮ ᠢ 582 ᠺᠢᠯᠣᠮᠧᠲᠷ ᠪᠠᠶᠢᠭᠤᠯᠣᠨ᠂ ᠵᠠᠰᠠᠮᠠᠯ ᠵᠠᠮ ᠤᠨ ᠶᠡᠷᠦᠩᠬᠡᠶ ᠤᠷᠲᠤ 2708 ᠺᠢᠯᠣᠮᠧᠲᠷ ᠲᠤ ᠬᠦᠷᠴᠦ᠂ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠵᠣᠬᠢᠬᠤ ᠬᠡᠮᠵᠢᠶ᠎ᠡ ᠪᠠᠷ ᠬᠥᠭᠵᠢᠵᠦ᠂ ᠵᠠᠰᠠᠮᠠᠯ ᠵᠠᠮ ᠤᠨ ᠠᠶᠠᠨᠴᠢᠳ ᠪᠠ ᠪᠠᠷᠠᠭ᠎ᠠ  ᠶᠢᠨ ᠲᠡᠭᠡᠭᠡᠪᠦᠷᠢ ᠶᠢᠨ ᠬᠡᠮᠵᠢᠶ᠎ᠡ ᠢᠯᠡᠳᠳᠡ ᠨᠡᠮᠡᠭᠳᠡᠪᠡ᠃ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠠᠶᠢᠷᠢ ᠰᠣᠩᠭᠤᠯᠳᠠ᠂ ᠨᠢᠰᠬᠦ ᠵᠢᠷᠣᠮᠯᠠᠯ ᠨᠢ ᠵᠦᠪᠰᠢᠶᠡᠷᠡᠭᠳᠡᠵᠣ᠂ ᠴᠡᠷᠢᠭ ᠠᠩᠭᠢ ᠪᠠ ᠣᠷᠣᠨ ᠨᠤᠲᠤᠭ ᠤᠨ ᠵᠥᠪᠳᠡᠯᠴᠡᠬᠡᠷ ᠨᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠢᠨᠠᠨ ᠪᠠᠶᠢᠴᠠᠭᠠᠯᠲᠠ ᠶᠢ ᠦᠩᠭᠡᠷᠡᠪᠡ᠃ ᠮᠠᠯ ᠠᠵᠤ ᠠᠬᠤᠢ ᠶᠢᠨ ᠤᠷᠲᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢᠨ ᠰᠠᠭᠤᠷᠢ ᠤᠯᠠᠮ ᠨᠢᠭᠡ ᠠᠯᠬᠤᠮ ᠪᠠᠬᠢᠵᠢᠵᠦ᠂  ᠪᠦᠬᠦ ᠬᠤᠰᠢᠭᠤᠨ ᠤ ᠮᠠᠰᠢᠨ ᠬᠤᠳᠳᠤᠭ  3616 ᠰᠠᠭᠤᠷᠢ  ᠬᠦᠷᠪᠡ᠃ ᠮᠠᠯᠵᠢᠬᠤ ᠣᠷᠣᠨ ᠤ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠡᠭᠡ ᠪᠠᠷ ᠰᠠᠶᠢᠵᠢᠷᠠᠵᠤ᠂ ᠰᠤᠮᠤ ᠪᠠᠯᠭᠠᠰᠤᠨ ᠤ ᠰᠢᠯᠵᠢᠮᠡᠯ ᠴᠢᠮᠡᠭᠡ ᠬᠤᠯᠪᠣᠭᠠᠨ ᠤ ᠪᠦᠷᠬᠦᠴᠡ 100% ᠳᠤ ᠬᠦᠷᠴᠦ᠂ ᠤᠲᠠᠰᠤ ᠦᠭᠡᠢ ᠰᠦᠯᠵᠢᠶ᠎ᠡ᠂ ᠤᠲᠠᠰᠤᠲᠤ ᠲᠧᠯᠸᠢᠰ᠂ ᠪᠢᠴᠢᠯ ᠳᠣᠯᠭᠢᠶᠠᠨ᠂ ᠳᠠᠭᠠᠭᠤᠯᠢ ᠣᠳᠣ ᠤᠶᠠᠯᠳᠤᠭᠰᠠᠨ ᠴᠢᠮᠡᠭᠡ ᠬᠤᠯᠪᠣᠭᠠᠨ ᠤ ᠰᠢᠰᠲ᠋ᠧᠮ ᠦᠨᠳᠦᠰᠦᠨ ᠳᠡᠭᠡᠨ ᠪᠦᠷᠢᠯᠳᠦᠵᠡᠢ᠃ ᠬᠤᠲᠠ ᠪᠠᠯᠭᠠᠰᠤ᠂ ᠮᠠᠯᠵᠢᠬᠤ ᠣᠷᠣᠨ ᠪᠣᠯᠤᠨ ᠬᠢᠯᠢ ᠬᠢᠵᠠᠭᠠᠷ ᠣᠷᠣᠨ ᠤ ᠴᠠᠬᠢᠯᠭᠠᠨ ᠲᠣᠣᠷ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠦᠢᠯᠡᠳᠪᠦᠷᠢᠯᠡᠯ᠂ ᠠᠮᠢᠳᠤᠷᠠᠯ ᠤᠨ ᠴᠠᠬᠢᠯᠭᠠᠨ ᠬᠦᠴᠦᠨ ᠤ ᠪᠠᠲᠤᠯᠠᠭ᠎ᠠ ᠶᠢ ᠰᠠᠶᠢᠵᠢᠷᠠᠭᠤᠯᠪᠠ᠃      ᠪᠡᠯᠡ ᠣᠷᠣᠭᠤᠯᠤᠯᠲᠠ ᠶᠢᠨ ᠣᠷᠴᠢᠨ ᠦᠷᠭᠦᠯᠵᠢᠯᠡᠨ ᠰᠢᠯᠢᠳᠡᠭᠵᠢᠪᠡ᠃ ᠥᠪᠡᠷᠲᠡᠭᠡᠨ ᠵᠠᠰᠠᠬᠤ ᠣᠷᠣᠨ ᠤ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ︾ ᠢ ᠨᠠᠷᠢᠨ ᠬᠢᠨᠠᠮᠠᠭᠠᠢ ᠲᠣᠣᠱᠯᠠᠭᠤᠯᠵᠣ᠂ ︽ᠵᠡᠭᠦᠨ ᠦᠵᠦᠮᠦᠴᠢᠨ ᠬᠤᠰᠢᠭᠤᠨ ᠤ  ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠡᠳᠬᠦᠨ ᠱᠠᠩᠨᠠᠬᠤ ᠠᠷᠭ᠎ᠠ︾ ᠶᠢ ᠲᠣᠭᠲᠠᠭᠠᠵᠤ᠂ ᠳᠤᠮᠳᠠ᠂ ᠪᠠᠭ᠎ᠠ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠪᠡᠯᠡ ᠮᠥᠩᠭᠦ ᠬᠤᠷᠠᠮᠳᠤᠭᠤᠯᠬᠤ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ︽ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠬᠠᠮᠢᠶᠠᠷᠣᠯᠳᠠ ᠶᠢ ᠣᠶᠠᠯᠳᠣᠭᠤᠯᠣᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠭᠦᠯᠡᠨ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠪᠠ᠃ ᠨᠢᠭᠤᠴᠠ ᠳᠤ ᠬᠤᠯᠪᠣᠭᠳᠠᠬᠤ ᠲᠥᠷᠥᠯ ᠵᠦᠢᠯ ᠢ ᠭᠠᠷᠭᠠᠪᠠᠯ᠂ ᠪᠦᠬᠦᠨ ᠢ ᠰᠦᠯᠵᠢᠶᠡᠨ ᠳᠡᠭᠡᠷ᠎ᠡ ᠮᠡᠳᠡᠭᠦᠯᠦᠨ ᠵᠥᠪᠰᠢᠶᠡᠷᠡᠭᠦᠯᠬᠦ ᠶᠢ ᠪᠡᠶᠡᠯᠡᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 87 ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠵᠣ᠂ ᠠᠵᠤ ᠠᠬᠤᠶᠢᠯᠠᠯ ᠡᠷᠬᠢᠯᠡᠬᠦ ᠬᠤᠭᠤᠴᠠᠭ᠎ᠠ ᠶᠢ 3 ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠪᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠨᠡᠶᠢᠭᠡᠮ ᠤᠨ ᠢᠲᠡᠭᠡᠮᠵᠢ ᠶᠢᠨ  ᠲᠣᠭᠳᠠᠯᠴᠠᠭ᠎ᠠ ᠶᠢ ᠪᠠᠶᠢᠭᠤᠯᠤᠨ᠂ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ ᠲᠠᠰᠤᠷᠠᠯᠲᠠ ᠦᠭᠡᠢ ᠪᠤᠵᠠᠭᠠᠶᠢᠷᠠᠪᠠ᠃      ᠭᠠᠳᠠᠭᠰᠢ ᠨᠡᠭᠡᠭᠡᠯᠲᠡ ᠤᠯᠠᠮ ᠨᠢᠭᠡ ᠠᠯᠬᠤᠮ ᠭᠦᠨᠵᠡᠭᠡᠶᠢᠷᠡᠪᠡ᠃ ︽3 + 3︾ ᠶᠠᠷᠢᠶᠠᠨ ᠤ ᠲᠠᠪᠴᠠᠩ ᠳᠤ ᠠᠮᠵᠢᠯᠲᠠ ᠲᠠᠢ ᠣᠷᠣᠯᠴᠠᠵᠤ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠳᠤ ᠪᠥᠬᠦ ᠲᠠᠯ᠎ᠠ ᠪᠠᠷ ᠠᠭᠤᠰᠤᠯᠴᠠᠵᠤ᠂ ᠰᠢᠯᠢ ᠶᠢᠨ ᠭᠤᠤᠯ ᠤᠯᠠᠭᠠᠨᠬᠠᠳᠠ ᠲᠦᠩᠯᠢᠶᠣᠤ ᠶᠢᠨ ᠠᠵᠤ ᠠᠬᠤᠶ ᠶᠢᠨ ᠣᠷᠣᠨ ᠤ ᠲᠥᠯᠥᠪᠵᠢᠭᠦᠯᠭᠡ ᠶᠢ ᠶᠡᠭᠡ ᠪᠠᠷ ᠨᠠᠶᠢᠳᠠᠪᠤᠷᠢᠵᠢᠭᠤᠯᠵᠤ᠂ ᠮᠣᠩᠭᠤᠯ ᠤᠯᠤᠰ ᠤᠨ ᠵᠡᠭᠦᠨ ᠬᠡᠰᠡᠭ ᠤᠨ ᠭᠤᠷᠪᠠᠨ ᠮᠤᠵᠢ ᠪᠣᠯᠤᠨ ᠪᠡᠭᠡᠵᠢᠩ ᠲᠢᠶᠠᠨᠵᠢᠨ ᠾᠧᠪᠸᠢ᠂ ᠰᠢᠯᠢ ᠶᠢᠨ ᠭᠤᠤᠯ ᠤᠯᠠᠭᠠᠨᠬᠠᠳᠠ ᠲᠦᠩᠯᠢᠶᠣᠤ ᠵᠡᠷᠭᠡ ᠭᠠᠵᠠᠷ ᠣᠷᠣᠨ ᠤ ᠬᠠᠮᠲᠤᠷᠠᠯᠴᠠᠭ᠎ᠠ ᠨᠠᠩ ᠨᠢᠭᠲᠠ ᠪᠣᠯᠪᠠ᠃ ︽ᠬᠢᠯᠢ ᠶᠢᠨ ᠴᠣᠩᠬᠤ︾ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠵᠡᠭᠦᠨ ᠬᠠᠲᠠᠪᠴᠢ ᠪᠣᠭᠤᠮᠲᠠ ᠶᠢᠨ ᠠᠩᠬᠠᠳᠤᠭᠠᠷ ᠬᠤᠭᠤᠴᠠᠭᠠᠨ ᠤ ᠬᠢᠯᠢ ᠶᠢᠨ ᠠᠷᠠᠳ ᠤᠨ ᠵᠠᠬ᠎ᠠ ᠶᠢᠨ ᠲᠠᠸᠠᠷ ᠤᠨ ᠰᠣᠯᠢᠯᠴᠠᠭᠠᠨ ᠤ ᠴᠤᠭᠯᠠᠭᠠᠨ ᠪᠠ ᠳᠤᠮᠳᠠᠳᠤ ᠮᠣᠩᠭᠤᠯ ᠤᠨ ᠦᠵᠡᠰᠬᠦᠯᠡᠩ ᠢ ᠠᠮᠵᠢᠯᠲᠠ ᠲᠠᠢ ᠡᠷᠬᠢᠯᠡᠪᠡ᠃ ︽ᠭᠤᠷᠪᠠᠨ ᠬᠠᠷᠢᠯᠴᠠᠬᠤ︾ ᠪᠣᠭᠤᠮᠲᠠ ᠪᠠᠷ  ᠦᠩᠭᠡᠷᠡᠬᠦ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ ᠪᠣᠭᠤᠮᠲᠠ ᠶᠢᠨ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠲᠥᠷᠥᠯ ᠵᠦᠢᠯ ᠢ ᠴᠡᠭᠴᠡᠯᠡᠵᠣ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤ ᠪᠠᠷ ᠦᠢᠯᠡᠴᠢᠯᠡᠬᠦ︾ ᠨᠣᠷᠮ᠎ᠠ ᠶᠢ 100% ᠳᠤ  ᠬᠦᠷᠬᠡᠪᠡ᠃ ᠵᠡᠭᠦᠨ ᠬᠠᠲᠠᠪᠴᠢ ᠪᠣᠭᠤᠮᠲᠠ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠨᠡᠬᠡᠬᠡᠨ ᠭᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠪᠠ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠲᠡᠮᠦᠷ ᠵᠠᠮ ᠤᠨ ᠪᠣᠭᠤᠮᠲᠠ ᠶᠢ ᠪᠦᠳᠦᠬᠡᠨ ᠪᠠᠶᠢᠭᠤᠯᠣᠯᠳᠠ ᠶᠢ ᠲᠡᠭᠡᠭᠰᠢ ᠮᠡᠳᠡᠭᠦᠯᠬᠦ ᠪᠠ᠂ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠬᠦᠯᠪᠡ᠃ ᠬᠤᠰᠢᠭᠤ ᠠᠷᠠᠯᠵᠢᠶ᠎ᠠ ᠶᠢ ᠠᠬᠢᠭᠤᠯᠬᠤ ᠵᠥᠪᠯᠡᠯ ᠨᠢ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ ᠬᠡᠷᠡᠭ ᠡᠷᠬᠢᠯᠡᠭᠴᠢ ᠨᠢᠭᠡᠴᠢ ᠪᠠᠷ ᠰᠣᠩᠭᠤᠭᠳᠠᠵᠤ᠂ ATA ᠭᠠᠭᠴᠠ ᠦᠨᠡᠮᠯᠡᠯ  ᠢᠶᠠᠷ ᠬᠦᠢᠴᠡᠳᠬᠡᠬᠦ ᠲᠤᠬᠠᠶᠢᠯᠠᠭᠰᠠᠨ ᠠᠵᠢᠯ ᠤᠨ ᠡᠷᠬᠡ ᠣᠯᠭᠤᠯᠲᠠ ᠶᠢ ᠣᠯᠵᠤ᠂ ᠪᠥᠬᠦ ᠤᠯᠤᠰ ᠤᠨ ᠴᠣᠷ ᠤᠨ ᠭᠠᠭᠴᠠ ᠬᠤᠰᠢᠭᠤ ᠰᠢᠶᠠᠨ ᠤ ᠱᠠᠲᠤᠨ ᠤ ATA ᠭᠠᠭᠴᠠ ᠦᠨᠡᠮᠯᠡᠯ ᠢᠶᠠᠷ ᠬᠦᠢᠴᠡᠳᠬᠡᠬᠦ ᠸᠢᠰᠠ ᠶᠢᠨ ᠪᠠᠶᠢᠭᠤᠯᠤᠮᠵᠢ ᠪᠣᠯᠤᠭᠰᠠᠨ ᠪᠠᠶᠢᠨ᠎ᠠ᠃ ᠪᠣᠭᠤᠮᠳᠠ ᠪᠠᠷ ᠣᠷᠣᠵᠤ ᠭᠠᠷᠬᠤ ᠬᠦᠮᠦᠨ᠂ ᠲᠡᠷᠭᠡ ᠬᠥᠰᠬᠡ ᠵᠢᠯ ᠳᠠᠷᠠᠭᠠᠯᠠᠨ ᠨᠡᠮᠡᠭᠳᠡᠵᠦ᠂ ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠣᠯᠠᠰᠢᠷᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠨᠡᠶᠢᠳᠡ 595.64 ᠲᠦᠮᠡᠨ ᠲᠣᠨ ᠳᠤ ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠦᠷᠳᠡᠭ 36.85 ᠳ᠋ᠦᠩᠰᠢᠭᠤᠷ ᠳ᠋ᠣᠯᠯᠠᠷ ᠢ ᠳᠠᠪᠠᠪᠠ᠃      ᠲᠠᠪᠤ᠂ ᠠᠮᠢ ᠠᠬᠤᠶ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠨᠠᠩ ᠳᠡᠭᠡᠭᠰᠢᠯᠡᠪᠡ      ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠯ ᠨᠥᠬᠦᠪᠥᠷᠢ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠵᠡᠷᠭᠡ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ︽ᠮᠠᠯ ᠠᠵᠤ ᠠᠬᠤᠢ ᠮᠠᠯᠵᠢᠬᠤ ᠣᠷᠣᠨ᠂ ᠮᠠᠯᠴᠢᠳ ︾  ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠯᠡᠰᠦᠷᠬᠡᠭ ᠭᠠᠵᠠᠷ ᠲᠤ ᠬᠤᠨᠢ ᠮᠠᠯᠵᠢᠬᠤ  ᠶᠢ ᠴᠠᠭᠠᠵᠠᠯᠠᠬᠤ᠂ ᠡᠯᠡᠰᠦᠨ ᠰᠣᠷᠪᠣᠯᠵᠢ ᠶᠢ ᠵᠠᠰᠠᠬᠤ᠂ ᠤᠯᠠᠭᠠᠢ ᠭᠤᠣᠯ ᠤᠨ ᠣᠰᠣᠨ ᠰᠤᠷᠪᠤᠯᠵᠢ ᠶᠢ ᠬᠠᠮᠠᠭᠠᠯᠠᠬᠤ ᠣᠢ ᠪᠠ ᠣᠷᠴᠢᠨ ᠲᠣᠭᠤᠷᠢᠨ ᠢ ᠵᠠᠰᠠᠬᠤ ᠵᠡᠷᠭᠡ ᠢᠨᠵᠧᠨᠧᠷᠢᠩ ᠢ ᠴᠢᠨᠠᠷ ᠰᠠᠶᠢᠲᠠᠢ ᠬᠡᠷᠡᠭᠵᠢᠭᠦᠯᠵᠦ᠂ ᠡᠯᠡᠰᠦᠷᠬᠡᠭ ᠭᠠᠵᠠᠷ ᠤᠨ ᠤᠷᠭᠤᠮᠠᠯ ᠬᠤᠴᠢᠯᠭ᠎ᠠ ᠶᠢᠨ ᠪᠦᠷᠬᠦᠴᠡ 50% ᠠᠴᠠ ᠳᠠᠪᠠᠵᠣ᠂ ᠲᠠᠯ᠎ᠠ ᠨᠤᠲᠤᠭ ᠤᠨ ᠤᠷᠭᠤᠮᠠᠯ ᠬᠤᠴᠢᠯᠭ᠎ᠠ ᠶᠢᠨ ᠪᠦᠷᠬᠦᠴᠡ 27% ᠪᠠᠷ ᠳᠡᠭᠡᠭᠰᠢᠯᠡᠵᠦ᠂ ᠡᠪᠡᠰᠦ ᠪᠡᠯᠴᠢᠭᠡᠷ ᠤᠨ ᠳᠤᠮᠳᠠᠴᠢ ᠥᠨᠳᠥᠷᠴᠡ 36.9 ᠰᠡᠨᠲ᠋ᠢᠮᠧᠲᠷ ᠲᠤ ᠬᠦᠷᠴᠦ᠂ ᠣᠢ ᠰᠢᠭᠤᠢ ᠶᠢᠨ ᠪᠦᠷᠬᠦᠴᠡ 3.01% ᠳᠤ ᠬᠥᠷᠪᠡ᠃ 75.% ᠤᠨ ᠤᠯᠤᠰ ᠤᠨ ᠨᠤᠲᠤᠭ ᠳᠡᠪᠢᠰᠬᠡᠷ ᠢ ᠠᠮᠢ ᠠᠬᠤᠶ ᠶᠢᠨ ᠣᠯᠠᠭᠠᠨ ᠱᠤᠭᠤᠮ ᠤᠨ ᠬᠡᠪᠴᠢᠶᠡᠨ ᠳᠤ ᠣᠷᠣᠭᠤᠯᠵᠤ᠂ ᠵᠡᠭᠦᠨ ᠦᠵᠦᠮᠦᠴᠢᠨ ᠬᠤᠰᠢᠭᠤᠨ ᠤ ᠤᠯᠤᠰ ᠤᠨ ᠭᠤᠣᠯᠳᠠᠯᠭᠠᠳᠣ ᠠᠮᠢ ᠠᠬᠤᠶ ᠶᠢᠨ ᠴᠢᠳᠠᠮᠵᠢᠳᠤ ᠣᠷᠣᠨ ᠳᠠᠬᠢ ᠠᠵᠤ ᠦᠢᠯᠡᠰ ᠤᠨ ᠵᠦᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠬᠡᠷᠡᠭᠵᠢᠭᠦᠯᠵᠦ᠂ ᠵᠡᠭᠦᠨ ᠦᠵᠦᠮᠦᠴᠢᠨ ᠤ ᠲᠠᠯ᠎ᠠ ᠨᠤᠲᠤᠭ᠂ ᠤᠯᠠᠭᠠᠶ ᠶᠢᠨ ᠲᠠᠯ᠎ᠠ ᠨᠤᠲᠤᠭ ᠢ  ᠤᠯᠤᠰ ᠤᠨ ᠠᠩᠬᠠᠨ ᠤ ᠡᠬᠡᠯᠵᠢ ᠶᠢᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠣᠷᠣᠭᠤᠯᠪᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂  ᠠᠷᠣᠬᠠᠳᠠ ᠠᠭᠤᠷᠬᠠᠶ ᠶᠢᠨ ᠦᠢᠯᠡᠰ ᠢ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ᠂ ᠪᠦᠬᠦ ᠠᠶᠢᠮᠠᠭ ᠲᠤ ᠬᠠᠮᠤᠭ ᠲᠡᠷᠢᠭᠦᠨ ᠤ 5G ᠦᠩᠭᠡᠳᠣ ᠲᠡᠮᠦᠷᠯᠢᠭ ᠤᠨ ᠠᠭᠤᠷᠬᠠᠶ ᠶᠢᠨ ᠦᠢᠯᠡᠰ ᠪᠤᠯᠵᠦ᠂ ᠬᠤᠸᠠᠨᠣᠳ ᠦᠩᠭᠡᠳᠣ ᠲᠡᠮᠦᠷᠯᠢᠭ ᠤᠨ ᠠᠭᠤᠷᠬᠠᠶ᠂ ᠡᠵᠢ ᠨᠠᠭᠤᠷ ᠳᠠᠪᠤᠰᠤᠨ ᠲᠠᠯᠠᠪᠠᠶ᠂ ᠰᠢᠯᠢᠨ ᠷᠦᠩ ᠭᠤᠸᠠᠨ ᠠᠭᠤᠷᠬᠠᠶ ᠶᠢᠨ ᠦᠢᠯᠡᠰ᠂ ᠸᠣᠯᠹᠷᠠᠮ ᠤᠨ ᠠᠭᠤᠷᠬᠠᠶ᠂ ᠥᠩᠲᠦ ᠨᠡᠭᠦᠷᠡᠰᠦᠨ ᠠᠭᠤᠷᠬᠠᠶ ᠵᠡᠷᠭᠡ ᠵᠢᠷᠭᠤᠭᠠᠨ ᠠᠭᠤᠷᠬᠠᠶ ᠪᠠ ᠳᠤᠮᠳᠠᠳᠤ ᠤᠯᠤᠰ ᠤᠨ ᠴᠢᠯᠠᠭᠤᠨ ᠲᠣᠰᠣ᠂ ᠬᠤᠩ ᠪᠥᠸᠧ᠂ ᠵᠥᠩ ᠺᠠᠩ ᠵᠡᠷᠭᠡ ᠭᠤᠷᠪᠠᠨ ᠴᠢᠯᠠᠭᠤᠨ ᠲᠣᠰᠣ ᠰᠢᠲᠠᠮᠠᠬᠠᠶ ᠬᠡᠶ ᠨᠡᠭᠡᠭᠡᠨ ᠮᠠᠯᠲᠠᠬᠤ ᠣᠷᠣᠨ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠬᠢᠨᠠᠨ ᠲᠤᠭᠲᠠᠭᠠᠭᠳᠠᠵᠣ᠂ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠵᠡᠷᠭᠡ  ᠬᠢᠵᠠᠭᠠᠷᠳᠠᠮᠠᠯ ᠭᠦᠢᠴᠡᠳᠬᠡᠯ ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠬᠦᠷᠭᠡᠪᠡ᠃ ᠭᠤᠣᠯ ︵ᠨᠠᠭᠤᠷ︶ ᠤᠨ ᠳᠠᠷᠤᠭ᠎ᠠ ᠶᠢᠨ ᠲᠦᠷᠢᠮ ᠤᠨ ᠠᠵᠢᠯ ᠢ ᠭᠦᠨᠵᠡᠭᠡᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠪᠠᠶᠢᠩᠭᠤᠵᠢᠭᠤᠯᠤᠨ ᠲᠣᠭᠤᠷᠢᠨ ᠪᠠᠶᠢᠴᠠᠭᠠᠬᠤ ᠪᠠ ︽ᠲᠦᠷᠪᠡᠨ ᠪᠠᠶᠢᠳᠠᠯ ᠢ ᠠᠷᠢᠯᠭᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ 7 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃ ᠪᠥᠬᠦ ᠬᠤᠰᠢᠭᠤᠨ ᠤ ᠭᠠᠵᠠᠷ ᠳᠣᠤᠷᠠᠬᠢ ᠤᠰᠤᠨ ᠤ ᠬᠢᠨᠠᠨ ᠡᠵᠡᠮᠰᠢᠯ ᠤᠨ ᠲᠠᠪᠴᠠᠩ ᠢ ᠲᠡᠭᠦᠯᠳᠡᠷᠵᠢᠭᠦᠯᠵᠦ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠪᠠ᠃      ᠵᠢᠷᠭᠤᠭ᠎ᠠ᠂ ᠬᠤᠲᠠ ᠬᠥᠳᠡᠭᠡ ᠵᠣᠬᠢᠴᠠᠩᠭᠤᠢ ᠭᠦᠭᠵᠢᠭᠰᠡᠨ ᠰᠢᠨ᠎ᠡ ᠪᠠᠶᠢᠳᠠᠯ ᠢᠯᠡᠷᠡᠪᠡ      ᠬᠤᠲᠠ ᠪᠠᠯᠭᠠᠰᠤᠨ ᠤ ᠴᠢᠨᠠᠷ ᠴᠢᠨᠰᠠᠭ᠎ᠠ ᠡᠳᠦᠷ ᠢᠷᠡᠬᠦᠶ᠎ᠡ ᠳᠡᠭᠡᠭᠰᠢᠯᠡᠪᠡ᠃ ᠬᠤᠲᠠ ᠪᠠᠯᠭᠠᠰᠣ ᠶᠢ ᠲᠦᠯᠦᠪᠵᠢᠭᠦᠯᠦᠨ ᠪᠠᠶᠢᠭᠤᠯᠬᠤ ᠬᠠᠮᠢᠶᠠᠷᠤᠯᠲᠠ ᠶᠢ ᠲᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ︽ᠭᠠᠳᠠᠭᠰᠢ ᠦᠷᠭᠡᠳᠬᠡᠬᠦ ᠶᠢ ᠬᠢᠵᠠᠭᠠᠷᠯᠠᠬᠤ᠂ ᠳᠣᠲᠣᠭᠠᠳᠤ ᠠᠭᠤᠯᠬᠤᠨ ᠢ ᠪᠠᠶᠠᠯᠢᠭᠵᠢᠭᠤᠯᠬᠤ᠂ ᠣᠨᠴᠠᠯᠢᠭ ᠢ ᠳᠣᠪᠤᠶᠢᠯᠭᠠᠬᠤ᠂ ᠣᠷᠣᠰᠢᠨ ᠰᠠᠭᠤᠷᠢᠰᠢᠬᠤ ᠳᠤ ᠲᠣᠬᠢᠯᠢᠭ ᠪᠠᠶᠢᠬᠤ︾ ᠣᠶᠢᠯᠠᠭᠠᠭᠳᠠᠬᠤᠨ ᠶᠣᠰᠣᠭᠠᠷ᠂ ᠲᠠᠪᠤᠨ ᠵᠢᠯ ᠳᠤ ᠨᠡᠶᠢᠲᠡ 21.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠪᠠᠯᠭᠠᠰᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ   ᠢ ᠥᠭᠡᠷᠡᠴᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠵᠢᠷᠭᠤᠭᠠᠨ ᠠᠭᠤᠳᠠᠮ ᠲᠠᠯᠠᠪᠠᠢ ᠨᠢᠭᠡ ᠨᠠᠭᠤᠷ ᠨᠢᠭᠡ ᠲᠥᠪ︾ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠪᠦᠷᠢᠯᠳᠦᠭᠦᠯᠵᠦ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ᠂ ᠡᠪᠡᠰᠦᠯᠢᠭ ᠭᠠᠵᠠᠷ ᠤᠨ ᠨᠣᠷᠮ᠎ᠠ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ ᠲᠣᠰᠪᠣᠷᠢ 31.07%᠂ 32% ᠪᠠ 31.53 ᠲᠡᠭᠰᠢ ᠳᠥᠷᠪᠡᠯᠵᠢᠨ ᠮᠧᠲᠷ ᠲᠤ ᠬᠦᠷᠴᠦ᠂ ᠣᠷᠢᠳ ᠬᠤᠵᠢᠳ ︽ᠣᠯᠣᠰ ᠤᠨ ᠡᠷᠡᠬᠦᠯ ᠬᠠᠮᠠᠭᠠᠯᠠᠯ ᠤᠨ ᠬᠤᠳᠠ ᠪᠠᠯᠭᠠᠰᠣ》᠂《 ᠦᠪᠡᠷᠳᠡᠭᠡᠨ ᠵᠠᠰᠠᠬᠤ ᠣᠷᠣᠨ ᠤ ᠪᠣᠯᠪᠠᠰᠣᠨ ᠬᠤᠳᠠ ᠪᠠᠯᠭᠠᠰᠣ︾ ᠪᠠᠷ ᠦᠨᠡᠯᠡᠭᠳᠡᠪᠡ᠃ ᠬᠠᠳᠠᠪᠴᠢ ᠪᠠᠯᠭᠠᠰᠤ ᠪᠠᠷ ᠭᠤᠤᠯ ᠴᠣᠭᠴᠠ ᠪᠣᠯᠭᠠᠭᠰᠠᠨ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ︾ ᠠᠵᠢᠯᠯᠠᠭ᠎ᠠ ᠶᠢᠨ ᠲᠥᠪ ᠬᠤᠲᠠ ᠪᠠᠯᠭᠠᠰᠤ ᠶᠢᠨ ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠵᠦ᠂ ᠲᠤᠷᠰᠢᠯᠲᠠ ᠶᠢᠨ ᠴᠡᠭ ᠢ ᠪᠥᠲᠥᠭᠡᠨ ᠪᠠᠶᠢᠭᠤᠯᠬᠤ ᠲᠥᠰᠦᠯ ᠢ ᠨᠢᠭᠡᠨᠲᠡ ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠳᠤ ᠮᠡᠳᠡᠭᠦᠯᠪᠡ᠃      ᠮᠠᠯᠵᠢᠬᠤ ᠣᠷᠣᠨ ᠢ  ᠴᠡᠴᠡᠭᠯᠡᠨ ᠬᠦᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠲᠣᠭᠲᠠᠭᠠᠵᠤ᠂ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ   ᠤᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢᠨ ᠠᠵᠢᠯ ᠢ ᠤᠷᠤᠭᠰᠢᠲᠠᠢ ᠠᠬᠢᠭᠤᠯᠵᠤ᠂ ᠬᠠᠮᠲᠤ ᠶᠢᠨ ᠠᠵᠤ ᠠᠬᠤᠢ ᠦᠭᠡᠢ ᠭᠠᠴᠠᠭ᠎ᠠ ᠶᠢ ᠪᠦᠬᠦᠨ ᠢ ᠴᠡᠪᠡᠷᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 100 ᠲᠦᠮᠡᠨ ᠲᠥᠭᠦᠷᠢᠭ᠂ 50 ᠲᠦᠮᠡᠨ ᠲᠥᠭᠦᠷᠢᠭ ᠪᠠ 10 ᠲᠦᠮᠡᠨ ᠲᠥᠭᠦᠷᠢᠭ ᠠᠴᠠ ᠳᠠᠪᠠᠭᠰᠠᠨ‌‍ᠲ᠋ᠣᠰᠪᠣᠷᠢ 1.6%᠂ 11.6% ᠪᠠ 67.8% ᠳᠤ ᠬᠦᠷᠪᠡ᠃ ᠮᠠᠯᠵᠢᠬᠤ ᠣᠷᠣᠨ ᠤ ᠰᠠᠭᠤᠷᠢᠰᠢᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠨ ᠬᠡᠷᠡᠭᠵᠢᠭᠦᠯᠵᠦ᠂ ᠮᠠᠯᠵᠢᠬᠤ ᠣᠷᠣᠨ ᠤ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ︽1 + 6︾ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠮᠠᠯᠵᠢᠬᠤ ᠣᠷᠣᠨ ᠤ ᠵᠠᠰᠠᠯᠲᠠ ᠶᠢᠨ ᠲᠣᠭᠳᠠᠯᠴᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠤᠲᠤᠭ ᠤᠨ ᠰᠤᠷᠲᠠᠯ ᠪᠣᠯᠪᠠᠰᠤᠨ ᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠦᠨ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ 76.4% ᠳᠤ ᠬᠦᠷᠴᠦ᠂ ᠮᠠᠯᠴᠢᠳ ᠤᠨ ᠠᠮᠢᠳᠤᠷᠠᠯ ᠤᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠪᠡ᠃ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠠᠩᠬᠠᠳᠣᠭᠠᠷ ᠪᠦᠯᠦᠭ ᠤᠨ ᠪᠥᠬᠦ ᠤᠯᠤᠰ ᠤᠨ ᠮᠠᠯᠵᠢᠬᠤ ᠣᠷᠣᠨ ᠤ ᠵᠠᠰᠠᠯᠲᠠ ᠶᠢᠨ ᠲᠣᠭᠳᠠᠯᠴᠠᠭᠠᠨ ᠤ ᠪᠠᠶᠢᠭᠤᠯᠤᠯᠲᠠ ᠶᠢᠨ ᠲᠤᠷᠰᠢᠯᠲᠠ ᠶᠢᠨ ᠴᠡᠭ  ᠤᠨ ᠵᠢᠱᠢᠶ᠎ᠡ ᠦᠵᠡᠭᠦᠯᠬᠦ ᠨᠢᠭᠡᠴᠢ ᠪᠠᠷ ᠲᠣᠭᠲᠠᠭᠠᠪᠠ᠃ᠬᠤᠶᠠᠳᠤᠭᠠᠷ ᠬᠡᠰᠡᠭ   ᠬᠥᠭᠵᠢᠯᠲᠡ ᠶᠢᠨ ᠣᠷᠴᠢᠨ ᠲᠣᠭᠤᠷᠢᠨ      ᠣᠳᠣᠬᠠᠨ ᠳᠤ ᠲᠡᠯᠡᠬᠡᠢ ᠳ᠋ᠠᠬᠢᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠡᠬᠦᠰᠴᠦ᠂ ᠬᠢᠵᠢᠭ ᠳᠡᠯᠭᠡᠷᠡᠵᠦ᠂ ᠠᠵᠤ ᠦᠢᠯᠡᠰ ᠤᠨ ᠬᠡᠯᠬᠢᠶᠡᠰᠣ ᠪᠠ ᠬᠠᠩᠭᠠᠯᠭ᠎ᠠ ᠶᠢᠨ ᠲᠡᠯ᠎ᠡ ᠪᠠᠷ ᠬᠦᠴᠢᠷᠳᠡᠵᠣ᠂ ᠳᠡᠯᠡᠬᠡᠶ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠣᠯᠠᠨ ᠲᠣᠭᠲᠠᠪᠤᠷᠢ ᠥᠬᠡᠶ ᠬᠦᠴᠦᠨ ᠵᠦᠢᠯ ᠢ ᠠᠪᠴᠢᠷᠠᠪᠠ᠃ ᠬᠡᠳᠦ᠋ᠢᠪᠡᠷ ᠮᠠᠨ ᠤ ᠤᠯᠤᠰ ᠤᠨ ᠠᠵᠤ ᠠᠬᠤᠶ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠰᠢᠯᠵᠢᠵᠦ᠂ ᠶᠡᠷᠦᠩᠬᠡᠶ ᠪᠠᠶᠢᠳᠠᠯ ᠰᠠᠶᠢᠵᠢᠷᠠᠵᠣ ᠪᠠᠶᠢᠭ᠎ᠠ ᠪᠣᠯᠪᠠᠴᠤ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠲᠠᠰᠤᠷᠠᠯᠲᠠ ᠥᠬᠡᠶ ᠨᠡᠮᠡᠭᠳᠡᠵᠦ᠂ ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠣᠷᠣᠭᠤᠯᠬᠤ ᠪᠠ ᠡᠵᠡᠩᠨᠡᠯᠲᠡ ᠶᠢᠨ ᠢᠲᠡᠭᠡᠯ ᠢ ᠨᠥᠯᠥᠭᠡᠯᠡᠵᠦ ᠪᠠᠶᠢᠨ᠎ᠠ᠃ ᠡᠶᠢᠮᠦ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠡᠷᠬᠡᠪᠰᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠣᠨᠴᠠᠯᠢᠭ᠂ ᠰᠢᠨ᠎ᠡ ᠬᠠᠨᠳᠤᠰᠢ ᠪᠣᠯᠤᠨ ᠰᠢᠨ᠎ᠡ ᠡᠭᠦᠷᠭᠡ ᠶᠢ ᠭᠦᠢᠴᠡᠳ ᠪᠣᠳᠣᠯᠬᠢᠯᠠᠵᠤ᠂ ᠬᠤᠰᠢᠭᠤᠨ ᠤ ᠪᠠᠶᠢᠳᠠᠯ ᠳᠤ ᠰᠠᠭᠤᠷᠢᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠩ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃      ᠨᠢᠭᠡ᠂ ᠬᠦᠭᠵᠢᠯᠲᠡ ᠶᠢᠨ ᠳᠠᠪᠠᠭᠤᠯᠢᠭ      ᠡᠬᠢ ᠪᠠᠶᠠᠯᠢᠭ ᠤᠨ ᠳᠠᠪᠠᠭᠤᠯᠢᠭ᠃ ᠮᠠᠨ ᠤ ᠬᠤᠰᠢᠭᠤ ᠰᠢᠯᠢ ᠶᠢᠨ ᠭᠤᠣᠯ ᠤᠨ ᠲᠠᠯ᠎ᠠ ᠨᠤᠲᠤᠭ ᠤᠨ ᠭᠤᠣᠯ  ᠳᠤ ᠪᠠᠶᠢᠷᠢᠯᠠᠵᠤ᠂ ᠡᠬᠢ ᠪᠠᠶᠠᠯᠢᠭ ᠡᠯᠪᠡᠭ᠂ ᠴᠢᠨᠠᠷ ᠰᠠᠶᠢᠲᠠᠢ ᠪᠠᠶᠢᠭᠠᠯᠢᠯᠢᠭ ᠲᠠᠯ᠎ᠠ ᠨᠣᠳᠤᠭ ᠤᠨ ᠲᠠᠯᠠᠪᠠᠢ 7100 ᠲᠦᠮᠡᠨ ᠮᠦ ᠳᠤ ᠬᠦᠷᠴᠦ᠂ ᠲᠠᠯ᠎ᠠ ᠨᠤᠲᠤᠭ ᠤᠨ ᠠᠰᠢᠭᠯᠠᠵᠤ ᠪᠣᠯᠬᠤ ᠲᠠᠯᠠᠪᠠᠢ ᠪᠦᠬᠦ ᠣᠷᠣᠨ ᠤ 6% ᠶᠢ ᠡᠵᠡᠯᠡᠵᠦ ᠂ 890 ᠭᠠᠷᠤᠢ ᠵᠦᠢᠯ ᠤᠨ  ᠪᠠᠶᠢᠭᠠᠯᠢᠯᠢᠭ ᠬᠡᠭᠡᠷ᠎ᠡ ᠶᠢᠨ ᠤᠷᠭᠤᠮᠠᠯ ᠲᠠᠢ᠂ ᠵᠢᠯ ᠳᠤ 3 ᠳ᠋ᠦᠩᠰᠢᠭᠤᠷ ᠺᠢᠯᠣᠭ᠍ᠷᠠᠮ ᠴᠢᠨᠠᠷ ᠰᠠᠶᠢᠲᠠᠢ ᠪᠠᠶᠢᠭᠠᠯᠢᠯᠢᠭ ᠪᠡᠯᠴᠢᠭᠡᠷ ᠣᠷᠭᠤᠳᠠᠭ᠃ ᠨᠡᠭᠦᠷᠡᠰᠦᠨ ᠤ ᠡᠬᠢ ᠪᠠᠶᠠᠯᠢᠭ ᠤᠨ ᠬᠠᠳᠠᠭᠠᠯᠠᠭᠳᠠᠴᠠ 600 ᠳ᠋ᠦᠩᠰᠢᠭᠤᠷ ᠲᠣᠨ ᠳᠤ ᠬᠦᠷᠴᠦ᠂ ᠴᠢᠯᠠᠭᠤᠨ ᠲᠣᠰᠣᠨ ᠤ ᠬᠠᠳᠠᠭᠠᠯᠠᠭᠳᠠᠴᠠ 3 ᠳ᠋ᠦᠩᠰᠢᠭᠤᠷ ᠲᠣᠨ ᠳᠤ ᠬᠦᠷᠴᠦ᠂ ᠨᠢᠭᠡᠨᠳᠡ ᠬᠠᠶᠢᠵᠣ ᠢᠯᠡᠷᠡᠬᠦᠯᠦᠭᠰᠡᠨ ᠡᠯ᠎ᠡ ᠲᠥᠷᠥᠯ ᠤᠨ ᠲᠡᠮᠦᠷᠯᠢᠭ ᠤᠨ ᠠᠭᠤᠷᠬᠠᠶ 40 ᠭᠠᠷᠤᠶ ᠵᠦᠢᠯ ᠪᠠᠶᠢᠵᠣ᠂ ᠵᠡᠭᠦᠨ ᠬᠤᠶᠢᠲᠤ ᠣᠷᠣᠨ ᠤ ᠡᠨᠧᠷᠭᠢ ᠶᠢᠨ ᠰᠤᠷᠪᠤᠯᠵᠢ ᠲᠠᠢ ᠵᠠᠯᠭᠠᠯᠳᠣᠵᠣ ᠪᠠᠶᠢᠨ᠎ᠠ᠃ ᠮᠠᠨ ᠤ ᠬᠤᠰᠢᠭᠤ  ᠨᠢ ᠬᠦᠨ ᠵᠣᠵᠠᠭᠠᠨ ᠤᠯᠠᠮᠵᠢᠯᠠᠯᠲᠤ ᠨᠡᠭᠦᠳᠡᠯ ᠰᠣᠶᠣᠯ ᠤᠨ ᠤᠯᠠᠮᠵᠢᠯᠠᠯ ᠲᠠᠢ᠂ ᠪᠣᠭᠳ᠋ᠬᠠᠭᠤᠯᠠ ᠪᠠ ᠵᠡᠭᠦᠨ ᠦᠵᠦᠮᠦᠴᠢᠨ᠂ ᠤᠯᠠᠭᠠᠶ ᠬᠤᠶᠠᠷ ᠶᠡᠭᠡ ᠲᠠᠯ᠎ᠠ ᠨᠤᠲᠤᠭ ᠢ ᠨᠢᠭᠡᠨᠲᠡ ᠤᠯᠤᠰ ᠤᠨ ᠣᠶ ᠰᠢᠭᠤᠶ ᠪᠠ ᠲᠠᠯ᠎ᠠ ᠨᠤᠲᠤᠭ ᠤᠨ ᠪᠠᠶᠢᠭᠠᠯᠢᠯᠢᠭ ᠴᠡᠴᠡᠷᠯᠢᠭ ᠲᠤ ᠣᠷᠣᠭᠤᠯᠵᠤ᠂ ᠤᠯᠠᠭᠠᠶ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠭᠢᠭᠯᠢᠭ‌ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠲᠣᠪᠤᠶᠢᠮ᠎ᠠ ᠦᠷ᠎ᠡ ᠪᠦᠲᠦᠮᠵᠢ ᠣᠯᠵᠤ᠂ ᠣᠯᠠᠨ ᠤᠯᠤᠰ ᠤᠨ ᠴᠢᠨᠠᠷᠲᠠᠶ  ᠪᠠᠶᠢᠩᠭᠤ ᠨᠡᠭᠡᠭᠡᠯᠲᠡ ᠶᠢᠨ ᠵᠡᠭᠦᠨ ᠬᠠᠲᠠᠪᠴᠢ ᠬᠢᠯᠢ ᠶᠢᠨ ᠪᠣᠭᠤᠮᠲᠠ ᠨᠢ ᠥᠪᠡᠷᠮᠢᠴᠡ ᠣᠨᠴᠠᠯᠢᠭ ᠲᠠᠢ ᠵᠠᠩ ᠦᠢᠯᠡ ᠶᠢᠨ ᠵᠢᠭᠤᠯᠴᠢᠯᠠᠯ ᠪᠠ ᠬᠢᠯᠢ ᠠᠯᠤᠰᠯᠠᠭᠰᠠᠨ ᠵᠢᠭᠤᠯᠴᠢᠯᠠᠯ ᠤᠨ ᠳᠠᠪᠠᠭᠤᠯᠢᠭ ᠢ ᠪᠦᠷᠢᠯᠳᠦᠭᠦᠯᠪᠡ᠃      ᠵᠠᠬ᠎ᠠ ᠳᠡᠯᠭᠡᠭᠦᠷ ᠬᠢᠭᠡᠳ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠃ ᠪᠣᠬᠢᠷᠲᠤᠯ ᠦᠭᠡᠶ᠂ ᠡᠷᠡᠭᠦᠯ ᠮᠡᠨᠳᠦ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠲᠠᠰᠤᠷᠠᠯᠲᠠ ᠤᠢᠭᠡᠢ ᠥᠷᠭᠡᠳᠴᠦ᠂ ᠣᠨᠴᠠᠯᠢᠭᠲᠤ ᠵᠢᠭᠤᠯᠴᠢᠯᠠᠯ᠂ ᠪᠣᠬᠢᠷᠲᠤᠯ ᠦᠭᠡᠶ ᠢᠳᠡᠭᠡᠨ ᠤ ᠵᠦᠢᠯ᠂ ᠡᠷᠡᠭᠦᠯ ᠮᠡᠨᠳᠦ ᠨᠠᠰᠣᠳᠠᠨ ᠤ ᠠᠰᠠᠷᠠᠮᠵᠢ ᠵᠡᠷᠭᠡ ᠶᠢᠨ ᠬᠡᠷᠡᠭᠴᠡᠭᠡ ᠣᠯᠠᠰᠢᠷᠠᠵᠣ᠂ ᠰᠣᠶᠣᠯ᠂ ᠵᠢᠭᠤᠯᠴᠢᠯᠠᠯ᠂ ᠣᠨᠴᠠᠯᠢᠭᠲᠤ ᠲᠠᠷᠢᠵᠤ ᠲᠡᠵᠢᠭᠡᠬᠦ ᠠᠵᠤ ᠦᠢᠯᠡᠰ ᠢ ᠬᠥᠭᠵᠢᠭᠦᠯᠬᠦ ᠳᠤ ᠯᠤᠲᠤ ᠶᠡᠭᠡ ᠵᠠᠬ᠎ᠠ ᠳᠡᠯᠭᠡᠭᠦᠷ ᠤᠨ ᠣᠷᠣᠨ ᠵᠠᠶ ᠶᠢ ᠬᠠᠩᠭᠠᠭᠰᠠᠨ ᠪᠠᠶᠢᠨ᠎ᠠ᠃ ᠵᠡᠭᠦᠨ ᠦᠵᠦᠮᠦᠴᠢᠨ ᠬᠤᠰᠢᠭᠤ ᠨᠢ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ᠂ ᠵᠡᠭᠦᠨ ᠬᠤᠶᠢᠲᠤ ᠣᠷᠣᠨ ᠢ ᠨᠡᠬᠡᠬᠡᠨ ᠭᠦᠭᠵᠢᠭᠦᠯᠬᠦ ᠪᠠ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠳᠡᠵᠣ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠨᠠᠩ ᠢᠯᠡᠷᠬᠡᠶ ᠪᠣᠯᠪᠠ᠃      ᠪᠣᠭᠤᠮᠲᠠ ᠶᠢᠨ ᠳᠠᠪᠠᠭᠤᠯᠢᠭ᠃ ᠵᠡᠭᠦᠨ ᠬᠠᠲᠠᠪᠴᠢ ᠪᠣᠭᠤᠮᠲᠠ ᠪᠣᠯ ᠣᠯᠠᠨ ᠤᠯᠤᠰ ᠤᠨ ᠴᠢᠨᠠᠷᠲᠠᠶ ᠪᠠᠶᠢᠩᠭᠤ ᠨᠡᠭᠡᠭᠡᠯᠲᠡ ᠶᠢᠨ ᠬᠠᠭᠤᠷᠠᠶ ᠵᠠᠮ ᠤᠨ ᠪᠣᠭᠤᠮᠲᠠ ᠪᠣᠯᠤᠨ᠎ᠠ᠃ 2008 ᠣᠨ ᠳᠤ ᠥᠪᠡᠷᠲᠡᠭᠡᠨ ᠵᠠᠰᠠᠬᠤ ᠣᠷᠣᠨ ᠠᠴᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠠᠷ ᠲᠣᠭᠲᠠᠭᠠᠵᠤ᠂ 2009 ᠣᠨ ᠳᠤ ︽ᠯᠢᠶᠣᠤᠨᠢᠩ ᠤᠨ ᠳᠠᠯᠠᠶ ᠳᠠᠭᠠᠤ ᠠᠵᠤ ᠠᠬᠤᠶ ᠶᠢᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠭᠤᠷᠪᠠᠨ ᠵᠤᠷᠪᠤᠰ ᠡᠬᠡ ᠬᠠᠭᠤᠷᠠᠢ ᠪᠠ ᠳᠠᠯᠠᠶ ᠳᠤ ᠨᠡᠪᠳᠡᠷᠡᠬᠦ ᠵᠠᠮ ᠤᠨ ᠨᠢᠭᠡ ᠪᠣᠯᠵᠣ᠂ 2020 ᠣᠨ ᠳᠤ ᠳᠤᠮᠳᠠᠳᠤ ᠮᠣᠩᠭᠤᠯ ᠬᠤᠶᠠᠷ ᠤᠯᠤᠰ ᠵᠥᠪᠯᠡᠯᠴᠡᠭᠡᠷ ᠲᠣᠭᠲᠠᠵᠤ᠂ ᠪᠣᠭᠤᠮᠲᠠ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠲᠦᠯᠬᠢᠨ ᠠᠬᠢᠭᠤᠯᠪᠠ᠃ ᠪᠣᠭᠤᠮᠲᠠ ᠨᠢ ᠳᠣᠲᠣᠭᠠᠳᠤ ᠳᠠᠭᠠᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠢ ᠨᠥᠯᠥᠭᠡᠯᠡᠵᠦ᠂ ᠵᠡᠬᠦᠨᠰᠢ ᠪᠠᠷᠠᠭᠤᠨᠰᠢ ᠰᠣᠨᠳᠠᠯᠠᠵᠣ᠂ ᠡᠮᠦᠨᠡᠰᠢ ᠤᠮᠠᠷᠠᠰᠢ ᠶᠢᠨ ᠬᠤᠯᠪᠣᠭᠰᠠᠨ ᠣᠷᠣᠨ ᠪᠠᠶᠢᠷᠢ ᠶᠢᠨ ᠳᠠᠪᠠᠭᠤᠯᠢᠭ ᠲᠠᠢ ᠪᠠᠶᠢᠳᠠᠭ᠃ ᠭᠠᠳᠠᠭᠠᠳᠤ ᠳᠤ ᠮᠣᠩᠭᠤᠯ ᠤᠯᠤᠰ ᠤᠨ ᠠᠭᠤᠷᠬᠠᠢ ᠶᠢᠨ ᠭᠠᠷᠣᠯᠲᠠ ᠪᠠ ᠠᠮᠢᠲᠠᠨ ᠤᠷᠭᠤᠮᠠᠯ ᠤᠨ ᠡᠬᠢ ᠪᠠᠶᠠᠯᠢᠭ ᠡᠯᠪᠡᠭ ᠰᠦᠬᠡᠪᠠᠭᠠᠲᠤᠷ᠂ ᠳᠣᠷᠣᠨᠠᠳᠣ᠂ ᠬᠡᠨᠲᠡᠢ ᠠᠶᠢᠮᠠᠭ ᠢ ᠨᠦᠯᠦᠭᠡᠯᠡᠵᠣ᠂ ᠮᠣᠩᠭᠤᠯ ᠤᠯᠤᠰ᠂ ᠣᠷᠣᠰ ᠤᠯᠤᠰ ᠤᠨ ᠳᠠᠯᠠᠢ ᠳᠤ ᠭᠠᠷᠬᠤ ᠳᠥᠭᠦᠮ ᠵᠠᠮ ᠤᠨ ᠨᠢᠭᠡ ᠪᠠᠶᠢᠵᠣ᠂ ᠪᠡᠭᠡᠵᠢᠩ᠂  ᠲᠢᠶᠠᠨᠵᠢᠨ᠂ ᠳᠠᠩᠱᠠᠨ ᠵᠡᠷᠭᠡ ᠭᠠᠵᠠᠷ ᠣᠷᠣᠨ ᠤ ᠣᠷᠣᠰ᠂ ᠮᠣᠩᠭᠤᠯ ᠤᠯᠤᠰ ᠲᠤ ᠨᠡᠪᠲᠡᠷᠡᠬᠦ ᠬᠠᠮᠤᠭ ᠳᠥᠭᠦᠮ ᠲᠦᠳᠡ ᠵᠠᠮ ᠮᠦᠨ᠃      ᠬᠤᠶᠠᠷ᠂ ᠬᠥᠭᠵᠢᠯᠲᠡ ᠶᠢᠨ ᠬᠦᠯᠢᠶᠡᠰᠦᠯᠡᠯ      ᠥᠩᠭᠡᠷᠡᠭᠰᠡᠨ ᠲᠠᠪᠤᠨ ᠵᠢᠯ ᠳᠤ᠂ ᠢᠷᠡᠭᠡᠳᠦᠢ ᠶᠢᠨ ᠭᠦᠭᠵᠢᠯᠳᠡ ᠳᠤ ᠰᠠᠭᠤᠷᠢ ᠲᠠᠯᠪᠢᠭᠰᠠᠨ ᠪᠣᠯᠪᠠᠴᠤ ᠪᠠᠰᠠ ᠮᠠᠰᠢ ᠤᠯᠠᠨ ᠬᠢᠵᠠᠭᠠᠷᠯᠠᠬᠤ ᠬᠦᠴᠦᠨ ᠵᠦᠢᠯ ᠪᠠ ᠬᠥᠭᠵᠢᠯᠲᠡ ᠶᠢᠨ ᠬᠦᠴᠢᠷ ᠠᠰᠠᠭᠤᠳᠠᠯ ᠣᠷᠣᠰᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠦᠷᠭᠦᠯᠵᠢᠯᠡᠨ ᠴᠢᠷᠮᠠᠶᠢᠬᠤ ᠴᠢᠬᠤᠯᠠᠲᠠᠢ ᠪᠠᠶᠢᠨ᠎ᠠ᠃      ᠣᠰᠣᠨ ᠤ ᠬᠠᠩᠭᠠᠯᠳᠠ ᠲᠣᠳᠠᠮᠠᠭ ᠪᠠ ᠵᠠᠮ ᠨᠡᠪᠳᠡᠷᠡᠯᠬᠡ ᠲᠦᠭᠦᠮ ᠦᠬᠡᠢ ᠠᠰᠠᠭᠤᠳᠠᠯ᠃ ᠤᠰᠤᠨ ᠤ ᠡᠬᠢ ᠪᠠᠶᠠᠯᠢᠭ ᠶᠡᠷᠦᠩᠬᠡᠶ ᠳᠡᠭᠡᠨ ᠳᠤᠲᠠᠭᠳᠠᠵᠤ᠂ ᠠᠵᠤ ᠦᠢᠯᠡᠳᠪᠦᠷᠢ᠂ ᠮᠠᠯ ᠠᠵᠤ ᠠᠬᠤᠶ ᠶᠢᠨ ᠤᠰᠤᠨ ᠤ ᠡᠬᠢ ᠪᠠᠶᠠᠯᠢᠭ ᠲᠤ ᠲᠦᠰᠢᠭᠯᠡᠬᠦ ᠬᠡᠮᠵᠢᠶ᠎ᠡ ᠨᠡᠯᠢᠶᠡᠳ ᠥᠨᠳᠥᠷ ᠪᠠᠶᠢᠵᠤ᠂ ᠠᠮᠢᠳᠤᠷᠠᠯ᠂ ᠠᠮᠢ ᠠᠬᠤᠶ᠂ ᠮᠠᠯ ᠠᠵᠤ ᠠᠬᠤᠶ ᠶᠢᠨ ᠬᠡᠷᠡᠭᠯᠡᠬᠦ ᠤᠰᠤ ᠶᠢ ᠪᠠᠲᠤᠯᠠᠬᠤ ᠠᠴᠠ ᠭᠠᠳᠠᠨ᠎ᠠ᠂ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢ ᠬᠠᠩᠭᠠᠬᠤ ᠨᠢ ᠲᠦᠢᠯ ᠤᠨ ᠬᠢᠵᠠᠭᠠᠷ ᠲᠠᠢ ᠪᠠᠶᠢᠵᠤ᠂ ᠠᠵᠤ ᠦᠢᠯᠡᠰ ᠤᠨ ᠦᠷᠭᠡᠳᠬᠦ ᠶᠢ ᠬᠢᠵᠠᠭᠠᠷᠯᠠᠵᠤ ᠪᠠᠶᠢᠨ᠎ᠠ᠃ ᠲᠡᠮᠦᠷ ᠵᠠᠮ᠂ ᠵᠠᠰᠠᠮᠠᠯ ᠵᠠᠮ ᠤᠨ ᠳᠡᠰ ᠵᠡᠷᠭᠡ ᠳᠣᠣᠷ᠎ᠠ᠂ ᠵᠠᠮ ᠨᠡᠪᠳᠡᠷᠡᠬᠦᠯᠭᠡ ᠲᠦᠭᠦᠮ ᠦᠭᠡᠢ ᠪᠠᠶᠢᠵᠣ᠂ ᠲᠠᠰ ᠵᠡᠷᠬᠡ ᠶᠢᠨ ᠪᠠᠷᠢᠯᠭ᠎ᠠ ᠲᠠᠭᠤᠰᠬᠠᠭᠰᠠᠨ ᠵᠠᠰᠠᠮᠠᠯ ᠵᠠᠮ ᠪᠠᠶᠢᠬᠤ  ᠦᠭᠡᠢ ᠪᠠᠶᠢᠵᠣ᠂ ᠲᠦᠬᠦᠭᠡᠷᠣᠮᠵᠢ ᠨᠢ ᠬᠠᠭᠤᠴᠢᠷᠠᠵᠣ᠂ ᠣᠷᠣᠨ ᠪᠦᠰᠡ ᠶᠢᠨ ᠨᠥᠬᠦᠴᠡᠯ ᠢ ᠪᠠᠳᠠᠷᠠᠭᠤᠯᠬᠤ ᠪᠠ ᠡᠬᠢ ᠪᠠᠶᠠᠯᠢᠭ ᠤᠨ ᠬᠦᠴᠦᠨ ᠵᠦᠢᠯ ᠤᠨ ᠰᠣᠯᠢᠯᠴᠠᠭ᠎ᠠ ᠳᠤ ᠠᠰᠢᠭ ᠦᠭᠡᠶ ᠪᠠᠶᠢᠨ᠎ᠠ᠃ ᠴᠠᠬᠢᠯᠭᠠᠨ᠂ ᠮᠡᠳᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ  ᠳᠣᠳᠠᠭᠳᠠᠯ ᠲᠤᠪᠤᠶᠢᠮ᠎ᠠ ᠪᠠᠶᠢᠵᠤ᠂ ᠳᠣᠲᠣᠭᠠᠳᠤ ᠭᠠᠳᠠᠭᠠᠳᠤ ᠶᠢᠨ ᠬᠠᠷᠢᠯᠴᠠᠭ᠎ᠠ ᠨᠡᠯᠢᠶᠡᠳ ᠬᠦᠴᠢᠷᠲᠡᠢ ᠪᠠᠶᠢᠨ᠎ᠠ᠃      ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠳᠣᠣᠷ᠎ᠠ᠃ ᠠᠵᠤ ᠦᠢᠯᠡᠰ ᠤᠨ ᠬᠡᠪᠴᠢᠶ᠎ᠡ ᠶᠡᠷᠦᠩᠬᠡᠢ ᠳᠡᠭᠡᠨ ᠪᠠᠭ᠎ᠠ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠶᠠᠰᠤ ᠴᠢᠨᠠᠷ ᠲᠣᠣᠷ᠎ᠠ ᠠᠰᠠᠭᠤᠳᠠᠯ ᠣᠷᠣᠰᠢᠵᠣ ᠪᠣᠢ᠃ ᠮᠠᠯ ᠠᠵᠤ ᠠᠬᠤᠶ ᠶᠢᠨ ᠠᠵᠤ ᠦᠢᠯᠡᠰᠴᠢᠯᠡᠯᠲᠡ ᠶᠢᠨ ᠬᠡᠮᠵᠢᠶ᠎ᠡ ᠳᠣᠣᠷ᠎ᠠ᠂ ᠠᠵᠤ ᠦᠢᠯᠡᠰ ᠤᠨ ᠬᠡᠯᠬᠢᠶᠡᠰᠣ ᠣᠬᠤᠷ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠬᠤᠷᠢᠭᠯᠠᠬᠤ ᠴᠢᠳᠠᠪᠤᠷᠢ ᠴᠢᠩᠭ᠎ᠠ ᠪᠤᠰᠤ ᠪᠠᠶᠢᠭᠰᠠᠭᠠᠷ᠃ ᠠᠵᠤ ᠦᠢᠯᠡᠳᠪᠦᠷᠢ ᠶᠢᠨ ︽ᠭᠤᠷᠪᠠᠨ ᠥᠨᠳᠥᠷ ᠨᠢᠭᠡ ᠳᠣᠣᠷ᠎ᠠ︾ ᠠᠵᠤ ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭ᠎ᠠ ᠦᠬᠡᠢ ᠪᠠᠶᠢᠵᠤ᠂ ᠶᠡᠷᠦᠩᠬᠡᠢ ᠳᠡᠭᠡᠨ ᠠᠵᠤ ᠦᠢᠯᠡᠰ ᠤᠨ ᠬᠡᠯᠬᠢᠶᠡᠰᠣ ᠶᠢᠨ ᠳᠡᠭᠡᠷ᠎ᠡ ᠳᠠᠪᠬᠤᠷᠭ᠎ᠠ᠂ ᠦᠷᠳᠡᠭ ᠤᠨ  ᠬᠡᠯᠬᠢᠶᠡᠰᠣ ᠶᠢᠨ ᠳᠣᠣᠷ᠎ᠠ ᠳᠠᠪᠬᠤᠷᠭ᠎ᠠ ᠳᠤ ᠣᠷᠣᠰᠢᠵᠣ᠂ ᠳᠠᠶᠢᠴᠢᠯᠠᠬᠤ ᠬᠦᠴᠦᠨ ᠢᠶᠠᠷ ᠴᠢᠩᠭ᠎ᠠ᠂ ᠪᠡᠯᠡ ᠣᠷᠣᠭᠤᠯᠤᠯᠲᠠ ᠪᠠᠷ ᠶᠡᠭᠡ ᠠᠵᠤ ᠦᠢᠯᠡᠳᠪᠦᠷᠢ ᠶᠢᠨ ᠲᠦᠷᠦᠯ ᠵᠦᠢᠯ  ᠤᠨ  ᠲᠣᠳᠠᠮᠠᠭ᠃ ᠡᠬᠢ ᠪᠠᠶᠠᠯᠢᠭ ᠤᠨ ᠪᠤᠰᠤ ᠠᠵᠤ ᠦᠢᠯᠡᠰ ᠤᠨ ᠬᠡᠪᠴᠢᠶ᠎ᠡ ᠪᠠᠭ᠎ᠠ᠂ ᠳᠡᠰ ᠳᠠᠪᠬᠤᠷᠭ᠎ᠠ ᠳᠣᠣᠷ᠎ᠠ᠂ ᠥᠷᠢᠰᠥᠯᠳᠦᠬᠦ ᠬᠦᠴᠦᠨ ᠴᠢᠩᠭ᠎ᠠ ᠪᠤᠰᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠣᠭᠰᠠᠨ ᠠᠵᠤ ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠭᠦᠢᠴᠡᠳ ᠪᠤᠰᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ   ᠨᠢ ᠲᠣᠶᠢᠯ ᠤᠨ ᠴᠢᠬᠤᠯᠠ᠃      ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ᠃ ᠡᠳ᠋ ᠤᠨ ᠵᠠᠰᠠᠭ ᠤᠨ ᠣᠷᠣᠯᠭ᠎ᠠ ᠪᠠᠨ ᠨᠡᠮᠡᠭᠳᠡᠭᠦᠯᠬᠦ ᠴᠢᠳᠠᠪᠤᠷᠢ ᠬᠦᠷᠦᠯᠴᠡᠬᠦ ᠦᠭᠡᠢ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠠ ᠠᠷᠠᠳ ᠤᠨ ᠠᠮᠢᠳᠤᠷᠠᠯ ᠤᠨ  ᠭᠤᠣᠯᠳᠠᠯᠭᠠᠳᠣ ᠠᠵᠢᠯ ᠦᠢᠯᠡᠰ ᠵᠡᠷᠭᠡ ᠡᠷᠬᠡᠪᠰᠢ ᠬᠡᠷᠡᠭᠯᠡᠬᠦ ᠵᠠᠷᠤᠯᠭ᠎ᠠ ᠶᠢᠨ ᠳᠠᠷᠤᠯᠲᠠ ᠶᠡᠭᠡ ᠪᠠᠶᠢᠵᠤ᠂ ᠦᠨᠳᠦᠰᠦᠨ ᠵᠦᠢᠯ ᠢ ᠪᠠᠲᠤᠯᠠᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠥᠮ ᠨᠡᠯᠢᠶᠡᠳ ᠶᠡᠭᠡ ᠳᠣᠳᠠᠭᠳᠠᠯ ᠣᠷᠣᠰᠢᠵᠤ᠂ ᠣᠷᠣᠯᠭ᠎ᠠ ᠶᠢᠨ ᠬᠡᠪᠴᠢᠶ᠎ᠡ ᠪᠠ ᠨᠡᠮᠡᠭᠳᠡᠯ ᠤᠨ ᠬᠤᠷᠳᠤᠴᠠ ᠴᠥᠮ ᠵᠠᠷᠤᠯᠭ᠎ᠠ ᠳᠤ ᠬᠦᠷᠬᠦ ᠦᠭᠡᠢ ᠪᠠᠶᠢᠵᠣ᠂ ᠣᠷᠣᠯᠭ᠎ᠠ ᠶᠢᠨ ᠳᠠᠷᠤᠯᠲᠠ ᠪᠠ ᠡᠷᠬᠡᠪᠰᠢ ᠬᠡᠷᠡᠭᠯᠡᠬᠦ ᠵᠠᠷᠣᠯᠭ᠎ᠠ ᠶᠢᠨ ᠵᠥᠷᠢᠴᠡᠯ ᠶᠡᠬᠡᠰᠴᠦ ᠪᠠᠶᠢᠨ᠎ᠠ᠃      ᠲᠣᠭᠤᠷᠢᠭ ᠤᠨ ᠬᠥᠭᠵᠢᠯᠲᠡ ᠬᠤᠴᠣᠷᠤᠩᠭᠤᠶ᠃ ᠠᠵᠤ ᠦᠢᠯᠡᠳᠪᠦᠷᠢ ᠶᠢᠨ ᠲᠣᠭᠤᠷᠢᠭ ᠤᠨ  ᠪᠠᠶᠢᠷᠢᠰᠢᠯ ᠨᠢ ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠡ ᠦᠬᠡᠢ᠂ ᠰᠠᠭᠤᠷᠢ ᠪᠦᠳᠦᠭᠡᠨ ᠪᠠᠶᠢᠭᠤᠯᠣᠯᠲᠠ ︽ᠳᠣᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠠᠵᠢᠯ ᠢ ᠪᠦᠷᠢᠮᠦᠰᠦᠨ ᠪᠡᠶᠡᠯᠡᠭᠦᠯᠵᠦ  ᠲᠡᠶᠢᠯᠦᠬᠡ ᠦᠬᠡᠢ ᠪᠠᠶᠢᠵᠣ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠳᠣᠤᠷ᠎ᠠ ᠂ ᠠᠵᠤ ᠦᠢᠯᠡᠰ ᠢ ᠲᠠᠲᠠᠬᠤ ᠪᠠ ᠠᠴᠢᠶᠠᠯᠠᠬᠤ ᠴᠢᠳᠠᠪᠤᠷᠢ ᠪᠠᠷ ᠪᠠᠭᠤᠷᠠᠶ᠂ ᠲᠥᠪᠯᠡᠷᠡᠭᠦᠯᠦᠨ ᠡᠷᠴᠢᠮᠵᠢᠭᠦᠯᠬᠦ ᠦᠢᠯᠡᠳᠦᠯ ᠢᠶᠠᠷ ᠬᠦᠷᠦᠯᠴᠡᠬᠦ ᠥᠬᠡᠶ᠂ ᠴᠢᠬᠤᠯᠠ ᠶᠡᠭᠡ ᠲᠥᠷᠥᠯ ᠵᠦᠢᠯ ᠢ ᠦᠷᠭᠦᠯᠵᠢᠯᠡᠬᠦᠯᠬᠦ ᠲᠠᠯ᠎ᠠ ᠪᠠᠷ ᠠᠨᠠᠢ ᠪᠠᠶᠢᠵᠣ᠂ ᠣᠷᠴᠢᠯᠲᠦ ᠠᠵᠤ ᠠᠬᠤᠶ ᠶᠢᠨ ᠲᠣᠭᠳᠠᠯᠴᠠᠭ᠎ᠠ  ᠪᠦᠷᠢᠯᠳᠦᠬᠡ ᠦᠬᠡᠢ ᠪᠠᠶᠢᠵᠤ᠂ ᠠᠵᠣ ᠦᠢᠯᠡᠰ ᠤᠨ ᠬᠡᠯᠬᠢᠶᠡᠰᠣ ᠪᠠᠶᠢᠭᠤᠯᠬᠤ ᠪᠠ ᠤᠷᠲᠤᠳᠬᠠᠬᠤ᠂ ᠠᠵᠣ ᠦᠢᠯᠡᠰ ᠤᠨ ᠬᠡᠯᠬᠢᠶᠡᠰᠣ ᠶᠢ ᠬᠦᠴᠦᠷᠬᠡᠭᠵᠢᠭᠦᠯᠬᠦ ᠪᠠ ᠠᠵᠤ ᠦᠢᠯᠡᠰ ᠤᠨ ᠰᠦᠷᠦᠭᠵᠢᠯ ᠢ ᠪᠠᠶᠢᠭᠤᠯᠬᠤ ᠲᠠᠯ᠎ᠠ ᠪᠠᠷ ᠨᠠᠩ ᠶᠡᠭᠡ ᠬᠦᠴᠦ ᠣᠷᠣᠭᠤᠯᠬᠤ ᠴᠢᠬᠤᠯᠠᠲᠠᠶ ᠪᠠᠶᠢᠨ᠎ᠠ᠃      ᠰᠢᠨ᠎ᠡ ᠶᠢ ᠡᠭᠦᠳᠬᠦ ᠴᠢᠳᠠᠪᠤᠷᠢᠲᠠᠨ ᠳᠣᠳᠠᠭᠳᠠᠵᠣ ᠪᠠᠶᠢᠨ᠎ᠠ᠃ ᠬᠥᠮᠦᠨ ᠠᠮᠠ ᠴᠦᠭᠡᠭᠡᠷᠡᠵᠣ᠂ ᠬᠥᠳᠡᠯᠮᠦᠷᠢ ᠬᠦᠴᠦᠨ ᠤ ᠬᠡᠪ ᠴᠢᠨᠠᠷ ᠥᠨᠳᠥᠷ ᠪᠢᠰᠢ ᠪᠠᠶᠢᠵᠤ᠂ ᠨᠠᠮ ᠵᠠᠰᠠᠭ ᠤᠨ  ᠪᠠᠶᠢᠭᠤᠯᠭ᠎ᠠ᠂ ᠲᠤᠰᠬᠠᠶ ᠮᠡᠷᠭᠡᠵᠢᠯ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠴᠥᠮ ᠳᠤᠲᠠᠭᠳᠠᠵᠤ ᠪᠠᠶᠢᠬᠤ ᠦᠵᠡᠭᠳᠡᠯ ᠭᠠᠷᠴᠤ᠂  ᠣᠨᠴᠠᠭᠠᠶᠢᠯᠠᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠦᠨᠳᠦ ᠨᠣᠴᠢᠲᠠᠶ ᠳᠤᠲᠠᠭᠳᠠᠵᠤ᠂ ᠴᠢᠳᠠᠪᠤᠷᠢᠲᠠᠨ ᠢ ᠲᠠᠲᠠᠬᠤ ᠳᠤ ᠨᠡᠯᠢᠶᠡᠳ ᠬᠦᠴᠢᠷᠲᠡᠶ᠂ ᠰᠢᠨ᠎ᠡ ᠶᠢ ᠡᠭᠦᠳᠦᠨ ᠬᠥᠭᠵᠢᠭᠦᠯᠬᠦ ᠴᠢᠳᠠᠪᠤᠷᠢ ᠨᠡᠯᠢᠶᠡᠳ ᠪᠠᠭᠤᠷᠠᠶ ᠪᠠᠶᠢᠨ᠎ᠠ᠃      ᠬᠤᠳᠠᠯᠳᠤᠭ᠎ᠠ ᠡᠵᠡᠩᠨᠡᠬᠦ ᠣᠷᠴᠢᠨ ᠰᠢᠯᠢᠳᠡᠭ ᠪᠣᠰᠣ᠃ ᠬᠥᠭᠵᠢᠯᠲᠡ ᠪᠠᠷ ᠨᠡᠯᠢᠶᠡᠳ ᠲᠦᠷᠭᠡᠨ ᠭᠠᠵᠠᠷ ᠣᠷᠣᠨ ᠲᠠᠢ ᠬᠠᠷᠢᠴᠠᠭᠤᠯᠪᠠᠯ᠂ ᠰᠢᠯᠢᠳᠡᠭ ᠵᠠᠰᠠᠭ ᠤᠨ ᠶᠠᠪᠤᠳᠠᠯ ᠤᠨ ᠣᠷᠴᠢᠨ᠂ ᠵᠠᠬ᠎ᠠ ᠳᠡᠯᠭᠡᠭᠦᠷ ᠤᠨ ᠣᠷᠴᠢᠨ᠂ ᠬᠠᠤᠯᠢ ᠪᠠᠷ ᠵᠠᠰᠠᠬᠤ ᠣᠷᠴᠢᠨ᠂ ᠠᠵᠢᠯ ᠡᠷᠬᠢᠯᠡᠬᠦ ᠣᠷᠴᠢᠨ᠂ ᠨᠡᠭᠡᠭᠡᠯᠲᠡᠲᠦ ᠣᠷᠴᠢᠨ ᠶᠢ ᠪᠠᠶᠢᠭᠤᠯᠤᠭ᠎ᠠ ᠦᠬᠡᠢ ᠪᠠᠶᠢᠵᠣ᠂ ᠥᠷᠭᠡᠨ ᠤᠯᠠᠨ ᠺᠠᠳ᠋ᠷᠴᠤᠳ ᠤᠨ ᠬᠠᠤᠯᠢ ᠪᠠᠷ ᠵᠠᠰᠠᠬᠤ ᠰᠡᠳᠬᠢᠴᠡ᠂ ᠦᠢᠯᠡᠴᠢᠯᠡᠬᠦ ᠤᠬᠠᠮᠰᠠᠷ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ᠂ ᠵᠠᠰᠠᠭ ᠵᠠᠬᠢᠷᠭᠠᠨ ᠤ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃      ᠭᠤᠷᠪᠠ᠂ ᠬᠥᠭᠵᠢᠯᠲᠡ ᠶᠢᠨ ᠲᠣᠬᠢᠶᠠᠯ      ᠠᠮᠢ ᠠᠬᠤᠶ ᠶᠢ ᠲᠦᠷᠦᠭᠦᠨ ᠳᠤ ᠳᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠠᠵᠠ ᠲᠣᠬᠢᠶᠠᠯ᠃ ︽ᠠᠷᠪᠠᠨ ᠳᠥᠷᠪᠡᠳᠦᠭᠡᠷ ᠲᠠᠪᠤᠨ ᠵᠢᠯ︾ ᠪᠣᠯ ︽ᠠᠮᠢ ᠠᠬᠤᠶ ᠶᠢ ᠲᠦᠷᠦᠭᠦᠨ ᠳᠤ ᠲᠠᠯᠪᠢᠬᠤ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠴᠢᠬᠤᠯᠠ ᠬᠤᠭᠤᠴᠠᠭ᠎ᠠ ᠪᠣᠯᠤᠨ᠎ᠠ᠃ ᠵᠡᠭᠦᠨ ᠦᠵᠦᠮᠦᠴᠢᠨ ᠬᠤᠰᠢᠭᠤ ᠨᠢ ᠤᠯᠤᠰ ᠪᠠ ᠥᠪᠡᠷᠲᠡᠭᠡᠨ ᠵᠠᠰᠠᠬᠤ ᠣᠷᠣᠨ  ᠠᠴᠠ ᠲᠣᠭᠲᠠᠭᠠᠭᠰᠠᠨ ᠴᠢᠬᠤᠯᠠ ᠠᠮᠢ ᠠᠬᠤᠢ ᠶᠢᠨ ᠴᠢᠳᠠᠮᠵᠢᠲᠤ ᠣᠷᠣᠨ ᠪᠣᠯᠤᠭᠰᠠᠨ ᠤ ᠬᠤᠪᠢ ᠳᠤ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠬᠦ᠂ ᠡᠳ᠋ ᠤᠨ ᠵᠠᠰᠠᠭ ᠤᠨ ᠰᠢᠯᠵᠢᠭᠦᠯᠦᠨ ᠣᠯᠭᠤᠬᠤ ᠵᠡᠷᠭᠡ ᠲᠠᠯ᠎ᠠ ᠪᠠᠷ ᠨᠠᠩ ᠶᠡᠭᠡ ᠲᠥᠷᠦ ᠶᠢᠨ ᠪᠣᠳᠣᠯᠭ᠎ᠠ ᠶᠢᠨ ᠳᠡᠮᠵᠢᠯᠭᠡ ᠶᠢ ᠣᠯᠵᠤ᠂ ᠲᠣᠰ ᠪᠡᠶ᠎ᠡ ᠶᠢᠨ ᠣᠨᠴᠠᠯᠢᠭ ᠲᠤ ᠲᠣᠬᠢᠷᠠᠭᠰᠠᠨ ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠢᠢᠵᠢᠯᠲᠠ ᠶᠢᠨ ᠵᠠᠮ ᠢ ᠬᠠᠶᠢᠨ ᠰᠦᠪᠡᠭᠴᠢᠯᠡᠵᠦ᠂ ᠪᠣᠬᠢᠷᠲᠤᠯ ᠦᠭᠡᠢ ᠲᠡᠰᠢ ᠬᠡᠯᠪᠡᠷᠢ ᠪᠠᠨ ᠦᠬᠡᠷᠡᠴᠢᠯᠡᠬᠦ ᠳᠤ ᠠᠰᠢᠭᠲᠠᠢ ᠶᠤᠮ᠃      ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠠ ᠲᠣᠬᠢᠶᠠᠯ᠃ ᠤᠯᠤᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠦᠨ᠂ ᠶᠡᠬᠡᠪᠡᠷ ᠨᠡᠭᠡᠭᠡᠨ ᠬᠥᠭᠵᠢᠭᠦᠯᠬᠦ᠂ ᠶᠡᠬᠡᠪᠡᠷ ᠨᠡᠭᠡᠭᠡᠯᠲᠡ ᠬᠢᠬᠦ᠂ ᠶᠡᠬᠡᠪᠡᠷ ᠬᠠᠮᠠᠭᠠᠯᠠᠬᠤ᠂ ᠶᠡᠬᠡᠪᠡᠷ ᠠᠮᠤᠷ ᠲᠦᠪᠰᠢᠨ ᠶᠢ ᠬᠠᠮᠠᠭᠠᠯᠠᠬᠤ ᠳᠥᠷᠪᠡᠨ ᠠᠵᠢᠯ ᠢ ᠰᠠᠶᠢᠲᠤᠷ ᠬᠢᠵᠦ᠂ ᠵᠡᠭᠦᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ ᠢ ᠲᠣᠳᠣᠷᠬᠠᠶ ᠵᠢᠭᠠᠭᠰᠠᠨ ᠢᠶᠠᠷ ᠪᠠᠷᠠᠬᠤ ᠥᠬᠡᠶ᠂ ᠨᠠᠩ ᠴᠤ ᠠᠮᠢ ᠠᠬᠤᠶ ᠶᠢ ᠰᠡᠷᠭᠦᠭᠡᠨ ᠪᠠᠶᠢᠭᠤᠯᠬᠤ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ᠂ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠵᠡᠷᠭᠡ ᠬᠦᠷᠢᠶᠡᠨ ᠳᠠᠬᠢ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠪᠣᠶ ᠪᠣᠯᠭᠠᠪᠠ᠃ ᠵᠡᠭᠦᠨ ᠬᠤᠶᠢᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠤᠭᠰᠠᠨ ᠨᠢ ᠵᠡᠭᠦᠨ ᠦᠵᠦᠮᠦᠴᠢᠨ ᠬᠤᠰᠢᠭᠤᠨ ᠤ ᠵᠡᠬᠦᠨ ᠬᠤᠶᠢᠲᠣ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠳᠤ ᠠᠭᠤᠰᠣᠯᠴᠠᠬᠤ ᠳᠤ ᠠᠵᠠ ᠲᠣᠬᠢᠶᠠᠯ ᠣᠯᠭᠤᠪᠠ᠃      ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠶᠢᠨ ᠠᠵᠠ ᠲᠣᠬᠢᠶᠠᠯ᠃ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠭᠦᠨᠵᠡᠭᠡᠢ ᠬᠡᠷᠡᠭᠵᠢᠬᠦᠯᠦᠭᠰᠡᠨ ᠪᠠ ᠤᠯᠤᠰ ᠤᠨ ᠳᠣᠲᠣᠭᠠᠳᠤ ᠭᠠᠳᠠᠭᠠᠳᠣ ᠶᠢᠨ ︽ᠬᠤᠣᠰ ᠣᠷᠴᠢᠯ︾ ᠤᠨ ᠰᠢᠨ᠎ᠡ ᠪᠠᠶᠢᠷᠢᠰᠢᠯ ᠢ ᠪᠠᠶᠢᠭᠤᠯᠤᠭᠰᠠᠨ ᠨᠢ ︽ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ︾ ᠳᠤ ᠲᠦᠰᠢᠭᠯᠡᠨ ᠬᠤᠣᠰ ᠴᠢᠭᠯᠡᠯ ᠢᠶᠠᠷ ᠨᠡᠬᠡᠬᠡᠯᠳᠡ ᠬᠢᠬᠦ ᠶᠢ ᠥᠷᠭᠡᠳᠬᠡᠬᠦ ᠳᠤ ᠠᠰᠢᠭᠲᠠᠢ ᠶᠤᠮ᠃ ᠤᠯᠤᠰ ᠠᠴᠠ ︽ᠬᠤᠶᠠᠷ ᠰᠢᠨ᠎ᠡ ᠨᠢᠭᠡ ᠴᠢᠬᠤᠯᠠ︾ ᠢᠨᠵᠧᠨᠧᠷᠢᠩ ᠢ ᠭᠡᠷᠡᠭᠵᠢᠭᠦᠯᠦᠭᠰᠡᠨ ᠨᠢ᠂ ᠵᠡᠭᠦᠨ ᠦᠵᠦᠮᠦᠴᠢᠨ ᠬᠤᠰᠢᠭᠤᠨ ᠳᠤ ᠰᠢᠨ᠎ᠡ ᠬᠥᠭᠵᠢᠯᠲᠡ ᠶᠢᠨ ᠬᠥᠳᠡᠯᠭᠡᠬᠦ ᠬᠦᠴᠦᠨ ᠨᠡᠮᠡᠷᠢᠯᠡᠵᠦ᠂ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠤ ᠲᠣᠭᠠᠴᠢᠯᠠᠭᠰᠠᠨ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠬᠤ ᠪᠣᠯᠣᠨ᠎ᠠ᠃ ᠤᠯᠤᠰ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠂ ᠠᠮᠢ ᠠᠬᠤᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠳᠡᠭᠡᠭᠰᠢᠯᠡᠬᠦᠯᠦᠭᠰᠡᠨ ᠨᠢ᠂ ᠵᠡᠭᠦᠨ ᠦᠵᠦᠮᠦᠴᠢᠨ ᠬᠤᠰᠢᠭᠤᠨ ᠳᠤ ᠨᠠᠩ ᠰᠠᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠡᠬᠦᠳᠬᠦ ᠪᠣᠯᠣᠨ᠎ᠠ᠃ ᠤᠯᠤᠰ ᠠᠴᠠ ᠠᠮᠤ ᠪᠤᠳᠠᠭᠠᠨ ᠤ ᠠᠮᠤᠷ ᠲᠦᠪᠰᠢᠨ ᠢ ᠨᠠᠩ ᠴᠢᠬᠤᠯᠠᠴᠢᠯᠠᠵᠤ᠂ ᠤᠯᠤᠰ ᠤᠨ ︽ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠬᠡᠷᠡᠭᠵᠢᠭᠦᠯᠦᠭᠰᠡᠨ ᠨᠢ ᠵᠡᠭᠦᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠣᠳᠣᠬᠢᠴᠢᠯᠠᠯᠲᠠ ᠲᠡᠰᠢ ᠬᠥᠭᠵᠢᠬᠦ ᠳᠤ ᠨᠠᠩ ᠣᠯᠠᠨ ᠳᠡᠮᠵᠢᠯᠭᠡ ᠬᠠᠩᠭᠠᠬᠤ ᠨᠢ ᠯᠠᠪᠲᠠᠢ ᠶᠤᠮ᠃      ᠪᠦᠬᠦ ᠤᠯᠤᠰ ᠤᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠭᠤᠣᠯᠳᠠᠯᠭ᠎ᠠ ᠲᠠᠢ ᠬᠤᠰᠢᠭᠤ ᠪᠠ ᠮᠣᠵᠢ ᠶᠠᠮᠤᠨ ᠬᠠᠮᠳᠣᠪᠠᠷ ᠨᠡᠶᠢᠭᠡᠮ ᠵᠢᠷᠤᠮ ᠤᠨ ᠰᠢᠨ᠎ᠡ ᠮᠠᠯᠵᠢᠬᠤ ᠣᠷᠣᠨ ᠤ ᠲᠤᠷᠰᠢᠯᠲᠠ ᠶᠢᠨ ᠬᠤᠰᠢᠭᠤ ᠶᠢ ᠬᠠᠮᠲᠤ ᠪᠠᠷ ᠪᠦᠲᠦᠭᠡᠨ ᠪᠠᠶᠢᠭᠤᠯᠬᠤ ᠠᠵᠠ ᠲᠣᠬᠢᠶᠠᠯ᠃ ᠵᠡᠭᠦᠨ ᠦᠵᠦᠮᠦᠴᠢᠨ ᠬᠤᠰᠢᠭᠤ ᠪᠣᠯ ᠪᠥᠬᠦ ᠤᠯᠤᠰ ᠤᠨ ᠬᠢᠯᠢ ᠬᠢᠵᠠᠭᠠᠷ ᠢ ᠬᠦᠭᠵᠢᠬᠦᠯᠵᠣ᠂ ᠠᠷᠠᠳ ᠢᠶᠠᠨ ᠪᠠᠶᠠᠵᠢᠭᠤᠯᠬᠤ ᠭᠤᠣᠯᠳᠠᠯᠭ᠎ᠠ ᠲᠠᠢ ᠬᠤᠰᠢᠭᠤ ᠪᠠ ᠮᠣᠵᠢ ᠶᠠᠮᠤᠨ ᠤ ᠨᠡᠶᠢᠭᠡᠮ ᠵᠢᠷᠤᠮᠲᠤ ᠰᠢᠨ᠎ᠡ ᠮᠠᠯᠵᠢᠬᠤ ᠣᠷᠣᠨ ᠤ ᠲᠤᠷᠰᠢᠯᠲᠠ ᠶᠢᠨ ᠬᠤᠰᠢᠭᠤ ᠪᠣᠯᠤᠨ᠎ᠠ᠂ ᠡᠳᠡᠭᠡᠷ ᠠᠵᠠ ᠲᠣᠬᠢᠶᠠᠯ ᠢ ᠠᠳᠬᠤᠵᠤ᠂ ︽ᠬᠢᠯᠢ ᠬᠢᠵᠠᠭᠠᠷ ᠢ ᠬᠦᠭᠵᠢᠬᠦᠯᠵᠣ᠂ ᠠᠷᠠᠳ ᠢᠶᠠᠨ ᠪᠠᠶᠠᠵᠢᠭᠤᠯᠬᠤ ᠠᠵᠢᠯᠯᠠᠭ᠎ᠠ︾ ᠪᠠ ᠨᠡᠶᠢᠭᠡᠮ ᠵᠢᠷᠤᠮᠲᠤ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠᠯ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ᠂ ᠣᠨᠴᠠᠭᠠᠶᠢᠯᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ᠂ ᠰᠠᠭᠤᠷᠢ ᠪᠦᠲᠦᠭᠡᠨ ᠪᠠᠶᠢᠭᠤᠯᠤᠯᠲᠠ᠂ ᠮᠠᠯ ᠠᠵᠤ ᠠᠬᠤᠢ ᠶᠢᠨ ᠬᠥᠭᠵᠢᠯᠲᠡ ᠵᠢᠴᠢ ᠦᠨᠳᠦᠰᠦᠲᠡᠨ ᠤ ᠰᠤᠷᠭᠠᠨ ᠬᠥᠮᠦᠵᠢᠯ ᠵᠡᠷᠭᠡ ᠨᠡᠶᠢᠭᠡᠮ ᠤᠨ ᠠᠵᠢᠯ ᠦᠢᠯᠡᠰ ᠤᠨ ᠬᠦᠷᠢᠶᠡᠨ ᠳᠠᠬᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠵᠠ ᠲᠣᠬᠢᠶᠠᠯ   ᠢ ᠬᠠᠩᠭᠠᠬᠤ ᠨᠢ ᠯᠠᠪᠲᠠᠢ ᠶᠤᠮ᠃      ᠳᠥᠷᠪᠡ᠂ ᠬᠥᠭᠵᠢᠯᠲᠡ ᠶᠢᠨ ᠥᠷᠢᠰᠥᠯᠳᠦᠭᠡᠨ      ᠬᠥᠭᠵᠢᠯᠲᠡ ᠶᠡᠷᠦᠩᠬᠡᠢ ᠳᠡᠭᠡᠨ ᠬᠤᠴᠣᠷᠤᠩᠭᠤᠢ ᠪᠠᠶᠢᠵᠤ᠂ ᠠᠵᠤ ᠠᠬᠤᠢ ᠶᠢᠨ ᠪᠠᠭᠤᠷᠠᠯᠳᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠃ ᠵᠡᠭᠦᠨ ᠦᠵᠦᠮᠦᠴᠢᠨ ᠬᠤᠰᠢᠭᠤ  ᠮᠦᠨᠴᠦ ᠬᠥᠭᠵᠢᠭᠡᠳᠦᠶ ᠬᠤᠰᠢᠭᠤ ᠰᠢᠶᠠᠨ ᠳᠤ ᠬᠠᠷᠢᠶᠠᠯᠠᠭᠳᠠᠵᠤ᠂ ᠭᠠᠳᠠᠭᠠᠳᠤ ᠤᠯᠤᠰ ᠲᠥᠷᠥ ᠠᠵᠤ ᠠᠬᠤᠶ ᠶᠢᠨ ᠣᠷᠴᠢᠨ ᠲᠣᠭᠤᠷᠢᠨ ᠪᠣᠯᠤᠨ ᠬᠢᠵᠢᠭ ᠤᠨ ᠨᠥᠯᠥᠭᠡ ᠠᠴᠠ ᠪᠣᠯᠵᠤ᠂ ᠠᠵᠤ ᠠᠬᠤᠶ ᠶᠢᠨ ᠬᠥᠭᠵᠢᠯᠲᠡ ᠶᠢᠨ ᠲᠣᠭᠲᠠᠪᠤᠷᠢ ᠦᠭᠡᠶ ᠬᠦᠴᠦᠨ ᠵᠦᠢᠯ ᠡᠳᠦᠷ ᠢᠷᠡᠬᠦᠶ᠎ᠡ ᠨᠡᠮᠡᠭᠳᠡᠵᠦ᠂ ᠮᠠᠯ ᠤᠨ ᠠᠰᠢᠭ ᠰᠢᠮ᠎ᠡ ᠪᠣᠯᠤᠨ ᠡᠨᠧᠷᠭᠢ ᠪᠠᠷ ᠭᠤᠣᠯᠳᠠᠯᠭ᠎ᠠ ᠪᠣᠯᠭᠠᠭᠰᠠᠨ ᠦᠢᠯᠡᠳᠬᠦᠨ ᠤ ᠭᠠᠷᠭᠠᠯᠲᠠ ᠤᠷᠢᠳ ᠡᠮᠦᠨ᠎ᠡ ᠪᠠᠶᠢᠭ᠎ᠠ ᠦᠭᠡᠶ ᠥᠷᠢᠰᠥᠯᠳᠦᠭᠡᠨ ᠳᠤ ᠲᠤᠯᠭᠠᠷᠠᠵᠤ᠂ ᠤᠯᠤᠰ ᠠᠷᠠᠳ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠪᠣᠯᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠨᠡᠶᠢᠭᠡᠮ ᠤᠨ ᠬᠡᠷᠡᠭᠯᠡᠬᠡᠨ ᠤ ᠵᠢᠵᠢᠭᠯᠡᠨ ᠪᠣᠷᠣᠯᠠᠭᠤᠯᠬᠤ ᠶᠡᠷᠦᠩᠬᠡᠶ ᠬᠡᠮᠵᠢᠶ᠎ᠡ  ᠶᠢᠨ ᠨᠡᠮᠡᠭᠳᠡᠯ ᠤᠨ ᠬᠤᠷᠳᠤᠴᠠ ᠪᠠᠭᠤᠷᠠᠬᠤ ᠪᠠᠶᠢᠳᠠᠯ ᠢᠯᠡᠷᠡᠪᠡ᠃      ᠠᠮᠢ ᠠᠬᠤᠢ ᠶᠢᠨ ᠣᠷᠴᠢᠨ ᠲᠣᠭᠤᠷᠢᠨ ᠶᠡᠷᠦᠩᠬᠡᠢ ᠳᠡᠭᠡᠨ ᠬᠠᠷᠢᠴᠠᠩᠭᠤᠢ ᠪᠠᠷ ᠬᠡᠪᠡᠷᠡᠭ ᠪᠠᠶᠢᠵᠤ᠂ ᠦᠷᠭᠦᠯᠵᠢᠭᠦᠶᠢᠴᠡ ᠭᠦᠭᠵᠢᠯᠳᠡ ᠶᠢᠨ ᠡᠭᠦᠷᠭᠡ ᠬᠦᠨᠳᠦ ᠪᠠᠶᠢᠨ᠎ᠠ᠃ ᠵᠡᠭᠦᠨ ᠦᠵᠦᠮᠦᠴᠢᠨ ᠬᠤᠰᠢᠭᠤ ᠨᠢ ᠮᠦᠨᠴᠦ ᠠᠮᠢ ᠠᠬᠤᠢ ᠶᠢᠨ ᠣᠷᠴᠢᠨ ᠲᠣᠭᠤᠷᠢᠨ ᠤ ᠦᠨᠳᠦᠰᠦᠨ ᠨᠥᠬᠦᠴᠡᠯ ᠬᠠᠷᠢᠴᠠᠩᠭᠤᠢ ᠪᠠᠷ ᠬᠡᠪᠡᠷᠡᠭ ᠪᠠ ᠠᠵᠤ ᠦᠢᠯᠡᠰ ᠤᠨ ᠬᠥᠭᠵᠢᠯᠲᠡ ᠨᠢ ᠭᠤᠣᠯᠳᠠᠭᠤ ᠡᠬᠢ ᠪᠠᠶᠠᠯᠢᠭ ᠢ ᠨᠡᠭᠡᠭᠡᠨ ᠠᠰᠢᠭᠯᠠᠬᠤ ᠠᠴᠠ ᠪᠣᠯᠤᠭᠰᠠᠨ ᠵᠥᠷᠢᠴᠡᠯ ᠣᠷᠣᠰᠢᠵᠣ᠂ ᠣᠨᠴᠠᠭᠠᠶᠢᠯᠠᠨ ᠲᠥᠪ ᠠᠴᠠ ᠲᠣᠭᠲᠠᠭᠠᠭᠰᠠᠨ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠢᠵᠠᠭᠠᠷᠯᠠᠬᠤ ᠶᠢ ᠣᠷᠭᠢᠯ ᠳᠤ ᠬᠦᠷᠬᠦ ᠠᠵᠢᠯᠯᠠᠭᠠᠨ ᠤ ᠲᠥᠰᠦᠯ ᠨᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠭᠦᠢᠴᠡᠳᠬᠡᠯ ᠲᠤᠭ᠎ᠠ ᠶᠢᠨ ᠬᠢᠵᠠᠭᠠᠷᠯᠠᠯ ᠢ ᠴᠢᠩᠭᠠᠳᠬᠠᠵᠤ᠂ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠲᠡᠰᠢ ᠬᠤᠪᠢᠷᠠᠬᠤ ᠶᠢ ᠲᠦᠷᠭᠡᠳᠬᠡᠵᠦ᠂ ᠮᠠᠨ ᠤ ᠬᠤᠰᠢᠭᠤᠨ ᠤ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠳᠠᠷᠤᠯᠲᠠ ᠶᠢ ᠲᠠᠰᠤᠷᠠᠯᠲᠠ ᠦᠭᠡᠢ ᠨᠡᠮᠡᠭᠳᠡᠬᠦᠯᠬᠦ ᠪᠣᠯᠣᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠡᠷᠦᠩᠬᠡᠢ ᠳᠡᠭᠡᠨ ᠮᠥᠨ ᠬᠦᠴᠢᠷ ᠢ ᠲᠣᠭᠤᠯᠬᠤ ᠱᠠᠲᠤᠨ ᠳᠤ ᠣᠷᠣᠰᠢᠵᠤ᠂ ᠣᠷᠴᠢᠨ  ᠲᠣᠭᠤᠷᠢᠨ ᠤ ᠠᠶᠤᠯ ᠲᠦᠭᠰᠢᠭᠦᠷᠢ ᠲᠠᠰᠤᠷᠠᠯᠳᠠ ᠦᠭᠡᠢ ᠨᠡᠮᠡᠭᠳᠡᠵᠦ ᠪᠠᠶᠢᠨ᠎ᠠ᠃      ᠣᠷᠣᠨ ᠪᠦᠰᠡ ᠶᠢᠨ ᠬᠤᠭᠤᠷᠣᠨᠳᠣᠬᠢ ᠥᠷᠢᠰᠥᠯᠳᠦᠭᠡᠨ ᠰᠢᠷᠦᠭᠦᠰᠴᠦ᠂ ᠵᠥᠷᠢᠶᠡᠲᠦ ᠬᠥᠭᠵᠢᠯᠲᠡ ᠶᠢᠨ ᠬᠦᠴᠢᠷᠳᠡᠯ ᠨᠡᠯᠢᠶᠡᠳ ᠶᠡᠭᠡ ᠪᠠᠶᠢᠨ᠎ᠠ᠃ ᠵᠡᠭᠦᠨ ᠦᠵᠦᠮᠦᠴᠢᠨ ᠬᠤᠰᠢᠭᠤᠨ ᠤ ᠡᠷᠬᠢᠨ ᠲᠣᠭᠤᠷᠢᠨ ᠤ ᠭᠠᠵᠠᠷ ᠣᠷᠣᠨ ᠤ ᠣᠯᠠᠨ ᠬᠤᠰᠢᠭᠤ ᠰᠢᠶᠠᠨ ᠬᠤᠲᠠ ᠶᠢᠨ ᠠᠵᠤ ᠦᠢᠯᠡᠰ ᠤᠨ ᠢᠵᠢᠯᠢᠰᠢᠯ ᠤᠨ ᠬᠡᠮᠵᠢᠶ᠎ᠡ ᠨᠡᠯᠢᠶᠡᠳ ᠥᠨᠳᠥᠷ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠠᠳᠠᠯᠢᠪᠲᠤᠷ ᠪᠠᠶᠢᠵᠣ᠂ ᠬᠤᠴᠣᠷᠤᠩᠭᠤᠶ ᠪᠠᠶᠢᠳᠠᠯ ᠢᠶᠠᠨ ᠬᠤᠪᠢᠷᠠᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠪᠤᠴᠠ ᠳᠠᠬᠢ ᠪᠣᠳᠠᠲᠤ ᠪᠠᠶᠢᠳᠠᠯ ᠪᠠ ᠳᠠᠯᠳᠠ ᠥᠷᠢᠰᠥᠯᠳᠦᠭᠡᠨ ᠬᠤᠷᠴᠠ ᠰᠢᠷᠦᠭᠦᠨ ᠪᠠᠶᠢᠵᠤ᠂ ᠰᠢᠯᠢᠳᠡᠭ ᠡᠯᠧᠮᠧᠨ᠋ᠲ ᠶᠢᠨ ᠵᠡᠭᠦᠨ ᠦᠵᠦᠮᠦᠴᠢᠨ ᠬᠤᠰᠢᠭᠤᠨ ᠳᠤ ᠲᠥᠪᠯᠡᠷᠡᠬᠦ ᠳᠤ ᠠᠰᠢᠭ ᠥᠬᠡᠶ ᠶᠤᠮ᠃      ᠬᠥᠮᠦᠨ ᠠᠮᠠ ᠶᠢᠨ ᠪᠦᠲᠦᠴᠡ ᠶᠢᠨ ᠬᠤᠪᠢᠷᠠᠯᠲᠠ ᠪᠠ ᠣᠷᠣᠨ ᠪᠦᠰᠡ ᠶᠢᠨ ᠡᠯᠧᠮᠧᠨ᠋ᠲ ᠢ ᠳᠠᠬᠢᠨ ᠲᠣᠬᠢᠷᠠᠭᠤᠯᠬᠤ ᠥᠷᠢᠰᠥᠯᠳᠦᠭᠡᠨ ᠶᠡᠭᠡ᠃ ᠢᠷᠡᠭᠡᠳᠦᠶ ᠳᠤ ᠣᠷᠣᠨ ᠪᠦᠰᠡ ᠶᠢᠨ ᠡᠯᠧᠮᠧᠨ᠋ᠲ ᠨᠢ ᠣᠯᠠᠨ ᠬᠤᠲᠠ ᠲᠠᠢ ᠭᠠᠵᠠᠷ ᠣᠷᠣᠨ ᠪᠠ ᠲᠥᠪ ᠬᠤᠲᠠ ᠳᠤ ᠲᠦᠪᠯᠡᠷᠡᠵᠣ᠂ ᠮᠠᠨ ᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠪᠠᠰᠠ ᠨᠡᠯᠢᠶᠡᠳ ᠳᠣᠤᠷ᠎ᠠ ᠲᠦᠪᠰᠢᠨ ᠳᠤ ᠣᠷᠣᠰᠢᠵᠤ᠂ ᠨᠢᠭᠡ ᠲᠠᠯ᠎ᠠ ᠪᠠᠷ ᠬᠥᠳᠡᠯᠮᠦᠷᠢ ᠬᠦᠴᠦ᠂ ᠴᠢᠳᠠᠪᠤᠷᠢᠲᠠᠨ ᠰᠢᠯᠵᠢᠨ ᠶᠠᠪᠤᠬᠤ ᠳᠠᠷᠤᠯᠲᠠ ᠳᠤ ᠲᠤᠯᠭᠠᠷᠠᠵᠤ ᠂ ᠨᠥᠭᠦᠭᠡ ᠲᠠᠯ᠎ᠠ ᠪᠠᠷ ᠦᠨᠳᠦᠰᠦᠨ ᠪᠠᠲᠤᠯᠠᠭ᠎ᠠ ᠳᠤ ᠦᠢᠯᠡᠴᠢᠯᠡᠬᠦ ᠶᠢᠨ ᠲᠣᠭᠤᠷᠢᠨ ᠳᠤ ᠣᠯᠠᠨ ᠨᠡᠶᠢᠲᠡ ᠶᠢᠨ ᠦᠢᠯᠡᠴᠢᠯᠡᠭᠡ ᠶᠢᠨ ᠳᠠᠷᠤᠭᠠᠰᠤ ᠪᠠ ᠨᠡᠶᠢᠭᠡᠮ ᠤᠨ ᠵᠠᠰᠠᠯᠲᠠ ᠶᠢᠨ ᠬᠦᠷᠢᠶᠡᠨ ᠳᠠᠬᠢ ᠠᠶᠤᠯ ᠲᠦᠭᠰᠢᠭᠦᠷᠢ ᠳᠤ ᠲᠤᠯᠭᠠᠷᠠᠬᠤ ᠪᠣᠯᠤᠨ᠎ᠠ᠃      ᠶᠡᠷᠣᠩᠬᠡᠶᠢᠯᠡᠪᠡᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠡᠳᠦ᠋ᠢᠪᠡᠷ ᠭᠠᠳᠠᠭᠠᠳᠤ ᠣᠷᠴᠢᠨ ᠮᠠᠰᠢ ᠶᠡᠭᠡ ᠲᠣᠭᠲᠠᠪᠤᠷᠢ ᠦᠭᠡᠢ ᠴᠢᠨᠠᠷᠲᠠᠢ ᠪᠠᠶᠢᠵᠤ᠂ ᠲᠤᠰ ᠪᠡᠶ᠎ᠡ ᠨᠢ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠭ᠎ᠠ ᠪᠣᠯᠪᠠᠴᠤ᠂ ᠨᠡᠩ ᠢᠯᠡᠭᠦᠦ ᠬᠠᠷᠢᠴᠠᠩᠭᠤᠢ ᠳᠠᠪᠠᠭᠤᠯᠢᠭ ᠳᠠᠪᠬᠤᠴᠠᠵᠤ᠂ ᠲᠤᠰ ᠪᠡᠶ᠎ᠡ ᠶᠢᠨ ᠦᠷᠳᠡᠭ ᠨᠢ ᠲᠤᠪᠤᠶᠢᠮ᠎ᠠ ᠪᠠᠶᠢᠬᠤ ᠪᠣᠳᠠᠲᠤ ᠪᠠᠶᠢᠳᠠᠯ ᠨᠢ ᠮᠥᠨ ᠬᠥᠭᠵᠢᠯᠲᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号