ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠭᠦᠭᠵᠢᠯᠲᠡ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠠ 2035 ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ  ︵ᠬᠤᠶᠠᠷ︶
ᠨᠡᠶᠢᠲᠡᠯᠡᠭᠰᠡᠨ ᠴᠠᠭ᠄
2021/9/8
ᠬᠤᠶᠠᠳᠤᠭᠠᠷ ᠪᠦᠯᠦᠭ     ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠢᠶᠠᠨ ᠡᠬᠢᠯᠡᠭᠦᠯᠦᠨ᠎ᠡ      ᠨᠢᠭᠡᠳᠦᠭᠡᠷ ᠬᠡᠰᠡᠭ    ᠵᠢᠯᠣᠭᠤᠳᠬᠤ ᠦᠵᠡᠯ ᠰᠠᠨᠠᠭ᠎ᠠ      ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠣᠭᠤᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠂ ᠭᠤᠷᠪᠠᠳᠣᠭᠠᠷ᠂ ᠳᠦᠷᠪᠡᠳᠣᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠣᠷᠢᠵᠢᠭᠤᠯᠵᠣ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠦᠦ ᠫᠢᠩ ᠤᠨ ᠤᠨᠦᠯ᠂ ︽ᠭᠤᠷᠪᠠ ᠶᠢ ᠲᠥᠯᠥᠭᠡᠯᠡᠬᠦ ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ᠂ ᠨᠠᠮ ᠤᠨ ᠦᠨᠳᠦᠰᠦᠨ ᠣᠨᠣᠯ ᠱᠤᠭᠤᠮ᠂ ᠴᠢᠭᠯᠡᠯᠲᠡ ᠶᠢ ᠪᠦᠬᠦ ᠲᠠᠯ᠎ᠠ ᠪᠠᠷ ᠲᠣᠣᠱᠯᠠᠭᠤᠯᠵᠣ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠣ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠠᠬᠢᠭᠤᠯᠣᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠳᠠᠯᠠᠵᠣ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ  ᠪᠠᠷᠢᠮᠳᠠᠯᠠᠵᠣ᠂ ᠰᠢᠰᠲ᠋ᠧᠮ ᠤᠨ ᠦᠵᠡᠯᠲᠡ ᠶᠢ ᠪᠠᠷᠢᠮᠳᠠᠯᠠᠵᠣ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠵᠠᠷᠴᠢᠮ ᠢ ᠪᠠᠷᠢᠮᠳᠠᠯᠠᠵᠣ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠣ᠂ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠬᠦᠯᠦᠨ᠂ ︽ᠬᠤᠶᠠᠷ ᠬᠠᠯᠬᠠᠪᠴᠢ︾  ︵ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ︶᠂ ︽ᠬᠤᠶᠠᠷ ᠰᠠᠭᠤᠷᠢᠨ ᠭᠠᠵᠠᠷ︾ ︵ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠴᠢᠬᠤᠯᠠ ᠰᠠᠭᠤᠷᠢᠨ ᠭᠠᠵᠠᠷ᠂ ᠨᠡᠭᠦᠷᠡᠰᠦ ᠶᠢ  ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠰᠠᠭᠤᠷᠢᠨ ᠭᠠᠵᠠᠷ︶ ᠪᠠ ︽ᠨᠢᠭᠡ ᠪᠠᠬᠢᠯᠡᠯᠲᠡ︾ ︵ᠤᠮᠠᠷᠠᠰᠢ ᠨᠡᠭᠡᠭᠡᠯᠲᠡ ᠬᠢᠬᠦ ᠪᠠᠬᠢᠯᠡᠯᠲᠡ︶ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠠᠳᠣ ᠰᠠᠭᠤᠷᠢᠯᠠᠵᠣ᠂ ᠠᠮᠢ ᠠᠬᠤᠶ ᠶᠢᠨ ᠴᠢᠬᠤᠯᠠ ᠬᠤᠰᠢᠭᠤ᠂ ᠴᠢᠯᠣᠭᠡᠳᠡᠢ ᠶᠠᠪᠣᠯᠴᠠᠬᠤ ᠨᠡᠬᠡᠬᠡᠯᠳᠦ ᠬᠤᠰᠢᠭᠤ ᠂ ᠠᠵᠤ ᠦᠢᠯᠡᠰ ᠤᠨ ᠬᠦᠴᠦᠷᠬᠡᠭ ᠬᠤᠰᠢᠭᠤ᠂ ᠠᠷᠠᠳ ᠤᠨ ᠠᠮᠢᠳᠤᠷᠠᠯ ᠤᠨ ᠪᠠᠳᠣᠯᠭᠠᠳᠣ ᠬᠤᠰᠢᠭᠤᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠨᠠᠩ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠣᠷᠣᠭᠰᠢᠯᠠᠵᠣ᠂ ᠪᠥᠬᠦ ᠬᠤᠰᠢᠭᠤᠨ ᠤ ᠠᠮᠢ ᠠᠬᠤᠶ ᠶᠢᠨ ᠴᠢᠨᠠᠷ ᠴᠢᠨᠰᠠᠭ᠎ᠠ ᠶᠢ ᠪᠠᠲᠤᠯᠠᠨ᠎ᠠ᠂ ᠠᠵᠤ ᠠᠬᠤᠢ ᠶᠢᠨ ᠶᠠᠰᠤ ᠴᠢᠨᠠᠷ ᠪᠠ ᠠᠷᠠᠳ ᠤᠨ ᠠᠮᠢᠳᠤᠷᠠᠯ ᠤᠨ ᠶᠠᠰᠤ ᠴᠢᠨᠠᠷ ᠵᠡᠷᠭᠡᠪᠡᠷ ᠲᠡᠭᠡᠭᠰᠢᠯᠡᠭᠦᠯᠬᠦ ᠶᠢ ᠪᠠᠳᠣᠯᠠᠵᠣ᠂ ᠵᠡᠬᠦᠨ ᠦᠵᠦᠮᠦᠴᠢᠨ ᠬᠤᠰᠢᠭᠤᠨ ᠤ ︽ ᠪᠣᠬᠢᠷᠳᠣᠯ ᠦᠭᠡᠢ ᠭᠦᠭᠵᠢᠨ ᠮᠠᠨᠳᠣᠯᠳᠠ︾ ᠶᠢ ᠪᠡᠶᠡᠯᠡᠭᠦᠯᠬᠦ ᠶᠢᠨ ᠲᠥᠯᠥᠭᠡ ᠲᠡᠮᠡᠴᠡᠨ᠎ᠡ᠃      ᠠᠮᠢ ᠠᠬᠤᠶ ᠶᠢᠨ ᠴᠢᠬᠤᠯᠠ ᠬᠤᠰᠢᠭᠤ ᠶᠢ ᠪᠠᠶᠢᠭᠤᠯᠬᠤ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠢᠮᠠᠭᠲᠠ ᠬᠠᠮᠤᠭ ᠤᠨ ᠶᠡᠭᠡ ᠰᠠᠭᠤᠷᠢ ᠪᠥᠲᠥᠭᠡᠨ ᠪᠠᠶᠢᠭᠤᠯᠤᠯᠲᠠ ᠪᠣᠯᠭᠠᠵᠣ᠂ ᠬᠠᠮᠤᠭ ᠤᠨ ᠲᠦᠭᠡᠮᠡᠯ ᠠᠷᠠᠳ ᠤᠨ ᠠᠮᠢᠳᠤᠷᠠᠯ ᠤᠨ ᠵᠣᠯ ᠵᠢᠷᠭᠠᠯ ᠪᠣᠯᠬᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠰᠠᠬᠢᠨ ᠬᠠᠮᠠᠭᠠᠯᠠᠵᠤ᠂ ᠪᠣᠬᠢᠷᠲᠤᠯ ᠥᠬᠡᠶ ᠪᠠᠶᠢᠬᠤ ᠶᠢ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠰᠠᠭᠤᠷᠢ ᠪᠣᠯᠭᠠᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ︽ᠭᠤᠷᠪᠠᠨ ᠦᠷ᠎ᠡ ᠠᠰᠢᠭ ᠢ ᠨᠢᠭᠡᠳᠬᠡᠬᠦ︾ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠪᠠ ᠬᠥᠭᠵᠢᠯᠲᠡ ᠶᠢᠨ ᠬᠤᠤᠰ ᠠᠮᠵᠢᠯᠲᠠ ᠶᠢ ᠴᠢᠷᠮᠠᠶᠢᠨ ᠪᠡᠶᠡᠯᠡᠭᠦᠯᠦᠨ᠎ᠡ᠃      ᠴᠢᠯᠣᠭᠡᠳᠡᠢ ᠶᠠᠪᠣᠯᠴᠠᠬᠤ ᠨᠡᠬᠡᠬᠡᠯᠳᠦ ᠬᠤᠰᠢᠭᠤ ᠶᠢ ᠪᠠᠶᠢᠭᠤᠯᠬᠤ᠃ ᠨᠡᠭᠡᠭᠡᠯᠲᠡ ᠬᠢᠬᠦ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠨᠡᠭᠡᠭᠡᠨ ᠬᠥᠭᠵᠢᠭᠦᠯᠬᠦ ᠪᠠᠷ ᠬᠥᠭᠵᠢᠯᠲᠡ ᠶᠢ ᠠᠬᠢᠭᠤᠯᠬᠤ ᠠᠵᠢᠯ ᠤᠨ ᠵᠠᠷᠴᠢᠮ ᠶᠣᠰᠣᠭᠠᠷ᠂ ︽ᠬᠤᠤᠰ ᠣᠷᠴᠢᠯ︾ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠠᠭᠤᠷᠢ ᠲᠦᠭᠦᠭᠡᠷᠣᠮᠵᠢ ᠶᠢᠨ ᠳᠣᠳᠠᠭᠳᠠᠯ ᠢ ᠨᠥᠬᠦᠪᠥᠷᠢᠯᠡᠨ᠂ ᠠᠷᠠᠯᠵᠢᠶ᠎ᠠ ᠡᠷᠬᠢᠯᠡᠬᠦ ᠰᠢᠯᠢᠳᠡᠭ ᠣᠷᠴᠢᠨ ᠲᠣᠭᠤᠷᠢᠨ ᠢ ᠡᠭᠦᠳᠴᠦ᠂ ᠪᠠᠯᠠ ᠣᠷᠣᠭᠤᠯᠣᠯᠳᠠ ᠪᠠᠷ ᠠᠵᠣ ᠦᠢᠯᠡᠰ ᠢ ᠬᠥᠭᠵᠢᠭᠦᠯᠬᠦ ᠭᠠᠵᠠᠷ ᠢ ᠪᠦᠷᠢᠯᠳᠦᠭᠦᠯᠦᠨ᠂ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ︽ᠬᠤᠶᠠᠷ ᠵᠦᠢᠯ ᠤᠨ ᠡᠬᠢ ᠪᠠᠶᠠᠯᠢᠭ︾ ᠢ ᠭᠦᠢᠴᠡᠳ ᠠᠰᠢᠭᠯᠠᠨ᠂ ︽ᠬᠤᠶᠠᠷ ᠵᠠᠬ᠎ᠠ ᠳᠡᠯᠭᠡᠭᠦᠷ︾ ᠢ ᠬᠦᠴᠦᠯᠡᠨ ᠨᠡᠭᠡᠭᠡᠵᠣ᠂ ᠪᠣᠭᠤᠮᠲᠠ ᠶᠢᠨ ᠠᠷᠠᠯᠵᠢᠶ᠎ᠠ ᠶᠢᠨ ᠲᠦᠷᠭᠡᠨ ᠬᠦᠭᠵᠢᠯᠲᠡ ᠪᠠ ᠭᠤᠷᠪᠠᠳᠤᠭᠠᠷ ᠠᠵᠤ ᠦᠢᠯᠡᠰ ᠤᠨ ᠪᠥᠬᠦ ᠲᠠᠯ᠎ᠠ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃      ᠠᠵᠤ ᠦᠢᠯᠡᠰ ᠤᠨ ᠬᠦᠴᠦᠷᠭᠡᠭ ᠬᠤᠰᠢᠭᠤ ᠶᠢ ᠪᠠᠶᠢᠭᠤᠯᠬᠤ᠃ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠪᠠᠷ ᠭᠤᠣᠯ ᠱᠤᠭᠤᠮ ᠪᠣᠯᠭᠠᠨ᠂ ᠰᠢᠨ᠎ᠡ ᠣᠷᠴᠢᠨ ᠲᠣᠭᠤᠷᠢᠨ ᠳᠤ ᠢᠳᠡᠪᠬᠢᠲᠡᠢ ᠵᠣᠬᠢᠴᠠᠵᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ︽ᠤᠯᠠᠮᠵᠢᠯᠠᠯᠲᠤ ᠠᠵᠤ ᠦᠢᠯᠡᠰ ᠢ ᠰᠢᠨ᠎ᠡ ᠬᠡᠯᠪᠡᠷᠢᠵᠢᠭᠦᠯᠬᠦ᠂ ᠰᠢᠨ᠎ᠡ ᠬᠡᠯᠪᠡᠷᠢ ᠶᠢᠨ ᠠᠵᠤ ᠦᠢᠯᠡᠰ ᠢ ᠬᠡᠪᠴᠢᠶᠡᠵᠢᠭᠦᠯᠬᠦ᠂ ᠲᠤᠯᠭᠠᠭᠤᠷᠢ ᠠᠵᠤ ᠦᠢᠯᠡᠰ ᠢ ᠣᠯᠠᠨ ᠡᠰᠢᠵᠢᠭᠦᠯᠬᠦ︾ ᠶᠣᠰᠣᠭᠠᠷ᠂ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠵᠤ ᠦᠢᠯᠡᠰ ᠤᠨ ᠪᠦᠯᠦᠭᠯᠡᠯ᠂ ᠲᠥᠪᠯᠡᠷᠡᠯ᠂ ᠡᠷᠴᠢᠮᠵᠢᠭᠰᠡᠨ ᠬᠥᠭᠵᠢᠯᠲᠡ ᠶᠢ ᠬᠦᠴᠦᠯᠡᠨ ᠠᠬᠢᠭᠤᠯᠵᠤ᠂ ᠮᠡᠨ ᠤ ᠬᠤᠰᠢᠭᠤᠨ ᠤ ᠠᠵᠤ ᠠᠬᠤᠢ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠂ ᠣᠳᠣᠬᠢᠴᠢᠯᠠᠭᠰᠠᠨ ᠵᠡᠭᠦᠨ ᠦᠵᠦᠮᠦᠴᠢᠨ ᠬᠤᠰᠢᠭᠤ ᠶᠢ ᠴᠣᠭᠴᠠᠯᠠᠬᠤ ᠳᠤ ᠪᠣᠳᠠᠰ ᠤᠨ ᠰᠠᠭᠤᠷᠢ ᠲᠠᠯᠪᠢᠨ᠎ᠠ᠃      ᠠᠷᠠᠳ ᠤᠨ ᠠᠮᠢᠳᠤᠷᠠᠯ ᠤᠨ ᠪᠠᠳᠣᠯᠭᠠᠳᠣ ᠬᠤᠰᠢᠭᠤ ᠶᠢ ᠪᠠᠶᠢᠭᠤᠯᠬᠤ᠃ ᠠᠷᠠᠳ ᠲᠦᠮᠡᠨ ᠢ  ᠲᠦᠷᠦᠭᠦᠨ ᠳᠤ ᠲᠠᠯᠪᠢᠬᠤ ᠶᠢ ᠪᠠᠷᠢᠮᠲᠠᠯᠠᠵᠤ᠂ ᠣᠯᠠᠨ ᠲᠦᠮᠡᠨ ᠤ ᠰᠠᠨᠠᠭᠠᠰᠢᠷᠠᠵᠣ  ᠬᠦᠰᠡᠵᠣ ᠪᠠᠶᠢᠬᠤ ᠵᠦᠢᠯ ᠳᠤ ᠬᠠᠨᠳᠣᠭᠤᠯᠵᠣ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ᠂ ᠲᠡᠩᠴᠡᠭᠦᠷᠢᠲᠦ ᠴᠢᠨᠠᠷ᠂ ᠰᠠᠭᠤᠷᠢ ᠴᠢᠨᠠᠷ᠂ ᠦᠨᠳᠦᠰᠦᠨ ᠵᠦᠢᠯ ᠢ ᠪᠠᠲᠤᠯᠠᠬᠤ ᠴᠢᠨᠠᠷ ᠢ ᠴᠢᠩᠭᠠᠳᠬᠠᠵᠤ᠂ ᠪᠠᠯᠴᠢᠷ ᠨᠠᠰᠣᠨ ᠳᠤ ᠪᠤᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ  ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ ᠲᠤᠰᠠᠯᠠᠮᠵᠢ ᠲᠠᠢ ᠪᠠᠶᠢᠬᠤ ᠲᠠᠯ᠎ᠠ ᠪᠠᠷ ᠰᠢᠨ᠎ᠡ ᠠᠬᠢᠯᠲᠠ ᠲᠠᠢ ᠪᠣᠯᠵᠣ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯᠲᠦ ᠲᠥᠷᠥᠭᠳᠡᠯ ᠣᠯᠭᠤᠵᠤ᠂ ᠬᠢᠯᠢ ᠬᠢᠵᠠᠭᠠᠷ ᠤᠨ ᠲᠣᠭᠲᠠᠭᠤᠨ ᠪᠠ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠦᠷ᠎ᠡ ᠪᠦᠲᠦᠭᠡᠯ ᠢ ᠪᠠᠬᠢᠵᠢᠭᠦᠯᠦᠨ᠎ᠡ᠃      ᠬᠤᠶᠠᠳᠤᠭᠠᠷ ᠬᠡᠰᠡᠭ   ᠦᠨᠳᠦᠰᠦᠨ ᠵᠠᠷᠴᠢᠮ      ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠣᠣᠱᠯᠠᠭᠤᠯᠵᠣ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠣᠣᠱᠯᠠᠭᠤᠯᠵᠣ᠂ ᠨᠠᠮ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠨᠳᠦᠰᠦᠨ ᠪᠠᠲᠤᠯᠠᠭ᠎ᠠ ᠬᠠᠩᠭᠠᠨ᠎ᠠ᠃      ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠳᠠᠯᠠᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠪᠠᠳᠣᠯᠭᠠᠳᠣ ᠴᠢᠨᠠᠷᠲᠠᠶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠪᠠ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠢᠭᠡᠳᠦᠯᠲᠡᠢ ᠲᠦᠯᠦᠪᠵᠢᠬᠦᠯᠵᠣ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠪᠦᠬᠦ ᠬᠦᠴᠦᠨ ᠢᠶᠠᠷ ᠂ ᠠᠷᠠᠳ ᠤᠨ ᠠᠮᠢᠳᠤᠷᠠᠯ ᠢ ᠠᠯᠬᠤᠮ ᠲᠠᠷᠠᠭ᠎ᠠ ᠲᠠᠢ ᠪᠠᠷ ᠰᠠᠶᠢᠵᠢᠷᠠᠭᠤᠯᠵᠤ᠂ ᠠᠵᠢᠯ ᠣᠯᠭᠤᠯᠲᠠ ᠨᠡᠶᠢᠭᠡᠮ ᠤᠨ ᠪᠠᠲᠤᠯᠠᠭ᠎ᠠ᠂ ᠶᠠᠳᠠᠭᠤ ᠶᠢ ᠳᠡᠳᠬᠦᠬᠦ᠂ ᠰᠤᠷᠭᠠᠨ ᠬᠥᠮᠦᠵᠢᠯ ᠡᠮ ᠡᠮᠨᠡᠯᠭᠡ᠂ ᠨᠢᠯᠬᠠᠰ ᠢᠶᠠᠨ ᠬᠠᠷᠠᠭᠠᠯᠵᠠᠵᠣ ᠨᠠᠰᠣᠳᠠᠶᠢᠴᠣᠳ ᠢᠶᠠᠨ ᠠᠰᠠᠷᠠᠬᠤ᠂ ᠣᠷᠣᠨ ᠰᠠᠭᠤᠴᠠ ᠶᠠᠪᠣᠵᠣ ᠰᠠᠭᠤᠬᠤ ᠵᠡᠷᠭᠡ ᠤᠯᠠᠨ ᠲᠦᠮᠡᠨ ᠤ ᠰᠠᠨᠳᠣᠷᠴᠦ ᠰᠠᠨᠠᠭᠠᠰᠢᠷᠠᠵᠣ ᠬᠦᠰᠡᠵᠣ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠮᠠᠨ  ᠤ ᠬᠤᠰᠢᠭᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠨᠠᠩ ᠠᠮᠤᠷ ᠲᠦᠪᠰᠢᠨ ᠠᠮᠢᠳᠤᠷᠠᠯ ᠪᠠ ᠠᠵᠢᠯ ᠤᠨ ᠣᠷᠴᠢᠨ ᠲᠣᠭᠤᠷᠢᠨ ᠢ ᠡᠬᠦᠳᠦᠨ᠎ᠡ᠃      ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠰᠢᠨ᠎ᠡ ᠶᠢ ᠡᠭᠦᠳᠬᠦ ᠶᠢ ᠣᠳᠣᠬᠢᠴᠢᠯᠠᠭᠰᠠ ᠪᠦᠲᠦᠭᠡᠨ ᠪᠠᠶᠢᠭᠤᠯᠤᠯᠲᠠ ᠶᠢᠨ ᠭᠤᠣᠯᠯᠠᠬᠤ ᠪᠠᠶᠢᠷᠢᠨ ᠳᠤ ᠡᠷᠡᠰ ᠲᠠᠯᠪᠢᠵᠤ᠂ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢ ᠡᠷᠡᠯᠬᠢᠯᠡᠨ᠎ᠡ᠃ ᠣᠷᠴᠢᠨ ᠲᠣᠭᠤᠷᠢᠨ ᠢ ᠬᠤᠬᠢᠷᠠᠭᠤᠯᠵᠣ ᠠᠵᠤ ᠠᠬᠤᠢ ᠶᠢᠨ ᠨᠡᠮᠡᠭᠳᠡᠯ ᠢ ᠰᠣᠯᠢᠬᠤ᠂ ᠠᠷᠭ᠎ᠠ ᠪᠦᠬᠦᠨ ᠢ ᠰᠦᠪᠡᠭᠴᠢᠯᠡᠨ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠪᠲᠤᠯᠬᠤ ᠬᠤᠴᠣᠷᠣᠩᠭᠤᠢ ᠰᠡᠳᠬᠢᠴᠡ ᠪᠠᠨ ᠬᠤᠪᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠥᠨᠳᠥᠷ ᠬᠢᠷᠢ ᠲᠦᠪᠰᠢᠨᠳᠦ ᠬᠠᠮᠠᠭᠠᠯᠠᠯᠲᠠ ᠶᠢ ᠪᠡᠶᠡᠯᠡᠭᠦᠯᠦᠨ᠎ᠡ᠃ ︽ ᠦᠢᠯᠡᠳᠪᠦᠷᠢᠯᠡᠯ᠂ ᠠᠮᠢᠳᠣᠷᠠᠯ᠂ ᠠᠮᠢ ᠠᠬᠤᠢ︾  ᠶᠢᠨ ᠣᠷᠣᠨ ᠵᠠᠶ ᠶᠢ ᠨᠢᠭᠡᠳᠦᠯᠲᠡᠶ ᠲᠦᠯᠦᠪᠵᠢᠬᠦᠯᠦᠨ᠂ ᠣᠷᠣᠨ ᠪᠦᠰᠡ ᠬᠤᠲᠠ ᠬᠥᠳᠡᠭᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠦᠪᠡᠷ ᠤᠨ ᠭᠤᠣᠯᠳᠠᠯᠭ᠎ᠠ ᠣᠨᠴᠠᠯᠢᠭ ᠲᠠᠢ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ ᠵᠦᠷᠢᠶᠡᠲᠦ ᠬᠥᠭᠵᠢᠯᠲᠡ ᠶᠢ ᠠᠬᠢᠭᠤᠯᠤᠨ᠎ᠠ᠃      ᠥᠭᠡᠷᠡᠴᠢᠯᠡᠯᠲᠡ ᠨᠡᠭᠡᠭᠡᠯᠲᠡ ᠶᠢ ᠬᠦᠨᠵᠡᠭᠡᠶᠢᠷᠡᠬᠦᠯᠦᠨ᠎ᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠪᠠ ᠦᠢᠯᠡᠴᠢᠯᠡᠬᠦ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠳᠣᠳᠠᠭᠳᠠᠯ ᠢ ᠨᠥᠬᠦᠪᠥᠷᠢᠯᠡᠬᠦ᠂ ᠰᠢᠨ᠎ᠡ ᠶᠢ ᠡᠭᠦᠳᠬᠦ ᠳᠤ ᠲᠥᠪᠯᠡᠷᠡᠭᠦᠯᠦᠨ᠎ᠡ᠃ ᠬᠠᠩᠭᠠᠯᠭ᠎ᠠ ᠶᠢᠨ ᠲᠠᠯ᠎ᠠ ᠪᠠ ᠬᠡᠷᠡᠭᠴᠡᠭᠡᠨ ᠤ ᠲᠠᠯ᠎ᠠ ᠠᠴᠠ ᠬᠤᠣᠰ ᠴᠢᠭᠯᠡᠯ ᠢᠶᠠᠷ ᠬᠦᠴᠦᠯᠡᠵᠦ᠂ ᠳᠡᠭᠡᠳᠦ ᠲᠤᠤᠷᠠᠳᠤ ᠳᠠᠪᠬᠤᠷᠭ᠎ᠠ᠂ ᠦᠢᠯᠡᠳᠪᠦᠷᠢᠯᠡᠯ ᠬᠠᠩᠭᠠᠯᠭ᠎ᠠ ᠪᠣᠷᠣᠯᠠᠭᠤᠯᠭ᠎ᠠ᠂ ᠲᠤᠮᠤ ᠳᠤᠮᠳᠠ ᠪᠠᠭ᠎ᠠ ᠠᠵᠤ ᠠᠬᠤᠶᠢᠯᠠᠯ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠨᠡᠩ ᠤᠯᠠᠨ ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡ ᠶᠢ ᠤᠯᠤᠰ ᠤᠨ ᠳᠣᠲᠣᠭᠠᠳᠤ ᠭᠠᠳᠠᠭᠠᠳᠤ ᠶᠢᠨ ᠲᠤᠮᠤ ᠵᠠᠬ᠎ᠠ ᠳᠡᠯᠭᠡᠭᠦᠷ ᠲᠤ ᠭᠠᠷᠭᠠᠵᠤ᠂ ᠤᠯᠤᠰ ᠤᠨ ᠳᠣᠲᠣᠭᠠᠳᠤ ᠪᠠ ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠭᠤᠯᠤᠨ᠎ᠠ᠃      ᠰᠢᠰᠲ᠋ᠧᠮᠳᠣ ᠦᠵᠡᠯᠲᠡ ᠪᠠᠨ ᠴᠢᠩᠭᠠᠳᠬᠠᠬᠤ ᠶᠢ ᠪᠠᠷᠢᠮᠲᠠᠯᠠᠨ᠎ᠠ᠃  ᠢᠷᠡᠭᠡᠳᠣᠢ ᠶᠢ ᠪᠣᠳᠣᠯᠬᠢᠯᠠᠬᠤ᠂ ᠪᠦᠬᠦ ᠲᠠᠯ᠎ᠠ ᠶᠢ ᠲᠦᠯᠦᠪᠵᠢᠬᠦᠯᠬᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ᠂ ᠪᠦᠬᠦᠯᠢ ᠴᠣᠭᠴᠠ ᠶᠢᠨ ᠠᠬᠢᠭᠤᠯᠣᠯᠳᠠ ᠶᠢ ᠴᠢᠩᠭᠠᠳᠬᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠡᠭᠡ ᠲᠠᠯ᠎ᠠ  ᠳᠤ ᠦᠢᠯᠡᠴᠢᠯᠡᠬᠦ ᠳᠤᠮᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠪᠠᠶᠢᠳᠠᠯ ᠢ ᠠᠰᠢᠭᠯᠠᠨ ᠬᠦᠭᠵᠢᠵᠣ᠂ ᠬᠠᠩᠭᠠᠯᠭ᠎ᠠ ᠪᠠ ᠬᠡᠷᠡᠭᠴᠡᠭᠡ᠂ ᠠᠵᠤ ᠠᠬᠤᠶ ᠪᠠ ᠨᠡᠶᠢᠭᠡᠮ᠂ ᠦᠢᠯᠡᠳᠪᠦᠷᠢᠯᠡᠯ ᠪᠠ ᠠᠮᠢ ᠠᠬᠤᠶ᠂ ᠬᠥᠭᠵᠢᠯᠲᠡ ᠪᠠ ᠠᠮᠤᠷ ᠲᠦᠪᠰᠢᠨ ᠢ ᠬᠠᠮᠳᠣ ᠳᠤᠨᠢ ᠪᠣᠳᠣᠯᠬᠢᠯᠠᠨ᠂ ᠰᠠᠭᠤᠷᠢ ᠶᠢ ᠪᠠᠬᠢᠵᠢᠬᠦᠯᠵᠣ᠂ ᠳᠠᠪᠠᠭᠤᠯᠢᠭ ᠢᠶᠠᠨ ᠪᠠᠳᠠᠷᠠᠭᠤᠯᠣᠨ᠂ ᠳᠣᠳᠠᠭᠳᠠᠯ ᠢᠶᠠᠨ ᠨᠦᠬᠦᠪᠦᠷᠢᠯᠡᠵᠣ᠂ ᠪᠠᠭᠤᠷᠠᠶ ᠲᠠᠯ᠎ᠠ ᠪᠠᠨ  ᠬᠦᠴᠦᠷᠭᠡᠭᠵᠢᠬᠦᠯᠦᠨ᠂ ᠭᠤᠣᠯ ᠬᠠᠷᠠᠯ᠊ ᠪᠠᠨ ᠪᠡᠶᠡᠯᠡᠭᠦᠯᠬᠦ ᠶᠢᠨ ᠬᠠᠮᠲᠤ ᠨᠡᠩ ᠣᠯᠠᠨ ᠬᠠᠷᠠᠯᠲᠠ ᠶᠢ ᠪᠡᠶᠡᠯᠡᠭᠦᠯᠦᠨ᠎ᠡ᠃      ᠭᠤᠷᠪᠠᠳᠤᠭᠠᠷ ᠬᠡᠰᠡᠭ    ᠬᠥᠭᠵᠢᠯᠲᠡ ᠶᠢᠨ ᠪᠠᠶᠢᠷᠢ ᠲᠣᠭᠲᠠᠭᠠᠯᠲᠠ      ᠤᠯᠤᠰ ᠤᠨ ᠲᠠᠯ᠎ᠠ ᠨᠣᠳᠤᠭ ᠤᠨ ᠠᠮᠢ ᠠᠬᠤᠶ ᠶᠢᠨ ᠴᠢᠳᠠᠮᠵᠢ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ᠃ ᠠᠮᠢ ᠠᠬᠤᠢ ᠶᠢᠨ ᠣᠯᠠᠭᠠᠨ ᠱᠤᠭᠤᠮ ᠤᠨ ᠤᠬᠠᠮᠰᠠᠷ ᠢ ᠪᠠᠲᠤ ᠪᠠᠷᠢᠮᠳᠠᠯᠵᠤ᠂ ᠲᠠᠯ᠎ᠠ ᠨᠤᠲᠤᠭ᠂ ᠴᠢᠭᠢᠭᠯᠢᠭ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠢᠨᠵᠧᠨᠧᠷᠢᠩ ᠢ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢ ᠰᠡᠷᠭᠦᠭᠡᠬᠦ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠲᠦᠷᠭᠡᠳᠭᠡᠨ᠂ ᠲᠠᠯ᠎ᠠ ᠨᠤᠲᠤᠭ ᠤᠨ ᠠᠮᠢ ᠠᠬᠤᠢ ᠶᠢ ᠬᠡᠪᠡᠷᠡᠭ ᠠᠴᠠ ᠰᠢᠯᠢᠳᠡᠭ ᠰᠠᠶᠢᠨ ᠰᠡᠷᠭᠦᠭᠡᠨ ᠣᠷᠭᠤᠭᠤᠯᠬᠤ ᠲᠡᠰᠢ ᠤᠯᠠᠷᠢᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ᠂ ᠠᠮᠢ ᠠᠬᠤᠶ ᠪᠠᠷ ᠠᠷᠠᠳ ᠲᠤ ᠦᠢᠯᠡᠴᠢᠯᠡᠬᠦ ᠶᠢ ᠪᠠᠷᠢᠮᠲᠠᠯᠠᠨ᠎ᠠ᠃ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠢᠵᠢᠭᠤᠯᠬᠤ᠂ ᠠᠮᠢᠳᠤᠷᠠᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠪᠠᠭᠠᠰᠬᠠᠬᠤ ᠰᠢᠨ᠎ᠡ ᠵᠠᠮ ᠢ ᠬᠠᠶᠢᠨ ᠰᠦᠪᠡᠭᠴᠢᠯᠡᠵᠦ᠂ ᠪᠣᠬᠢᠷᠲᠤᠯ ᠦᠭᠡᠢ ᠮᠠᠯ ᠠᠵᠤ ᠠᠬᠤᠢ ᠪᠠ ᠪᠣᠬᠢᠷᠲᠤᠯ ᠦᠭᠡᠢ ᠠᠵᠤ ᠦᠢᠯᠡᠳᠪᠦᠷᠢ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠣᠷᠴᠢᠨ ᠠᠬᠤᠢ ᠶᠢᠨ ᠥᠨᠳᠥᠷ ᠬᠢᠷᠢ ᠲᠦᠪᠰᠢᠨᠳᠦ ᠬᠠᠮᠠᠭᠠᠯᠠᠯᠲᠠ ᠶᠢᠨ ᠰᠠᠶᠢᠨ ᠨᠥᠬᠦᠴᠡᠯᠳᠦᠯ ᠢ ᠠᠬᠢᠭᠤᠯᠵᠤ᠂ ᠲᠩᠷᠢ ᠨᠢ ᠴᠡᠯᠮᠡᠭ᠂ ᠲᠠᠯ᠎ᠠ ᠨᠢ ᠨᠣᠭᠤᠭᠠᠨ᠂ ᠤᠰᠤ ᠨᠢ ᠲᠤᠩᠭᠠᠯᠠᠭ᠂ ᠬᠥᠷᠥᠰᠥ ᠨᠢ ᠰᠢᠮᠡᠯᠢᠭ᠂ ᠦᠵᠡᠮᠵᠢ ᠰᠠᠶᠢᠬᠠᠨ ᠂ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠦᠢᠯᠡᠰ ᠪᠦᠲᠦᠭᠡᠬᠦ ᠳᠤ ᠲᠣᠬᠢᠷᠠᠮᠵᠢᠲᠠᠢ ᠵᠢᠭᠤᠯᠴᠢᠯᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠵᠡᠭᠦᠨ ᠦᠵᠦᠮᠦᠴᠢᠨ ᠢ ᠪᠦᠳᠦᠭᠡᠨ ᠪᠠᠶᠢᠭᠤᠯᠤᠨ᠎ᠠ᠃      ᠤᠯᠤᠰ ᠤᠨ ᠤᠮᠠᠷᠠᠰᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠬᠤᠰᠢᠭᠤᠴᠢ ᠣᠷᠣᠨ᠃ ᠵᠡᠭᠦᠨ ᠬᠠᠲᠠᠪᠴᠢ ᠪᠣᠭᠤᠮᠲᠠ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠣᠯᠠᠨ ᠤᠯᠤᠰ ᠠᠴᠠ ᠪᠣᠳᠠᠰ ᠤᠨ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠲᠦᠰᠢᠭᠯᠡᠨ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠭᠠᠳᠠᠭᠠᠳᠤ ᠠᠴᠠ ᠣᠷᠣᠭᠤᠯᠤᠭᠰᠠᠨ ᠡᠬᠢ ᠪᠠᠶᠠᠯᠢᠭ ᠢ ᠰᠠᠭᠤᠷᠢᠰᠢᠭᠤᠯᠤᠨ ᠡᠳ᠋ᠰᠢᠭᠦᠯᠬᠦ ᠲᠥᠷᠥᠯ ᠵᠦᠢᠯ ᠢ ᠶᠡᠭᠡ ᠬᠦᠴᠦᠨ ᠢᠶᠠᠷ ᠲᠠᠳᠠᠨ ᠣᠷᠣᠭᠤᠯᠵᠣ ᠭᠦᠭᠵᠢᠭᠦᠯᠦᠨ᠂ ᠬᠥᠮᠦᠨ ᠪᠠ ᠪᠣᠳᠠᠰ ᠤᠨ ᠭᠦᠢᠯᠭᠡᠭᠡᠨ ᠤ ᠦᠢᠯᠡᠴᠢᠯᠡᠭᠡ᠂ ᠰᠠᠭᠤᠷᠢᠰᠢᠭᠤᠯᠤᠨ ᠡᠳ᠋ᠰᠢᠭᠦᠯᠵᠦ ᠬᠤᠪᠢᠷᠠᠭᠤᠯᠬᠤ ᠪᠠᠷ ᠦᠨᠳᠦᠰᠦᠨ ᠣᠨᠴᠠᠯᠢᠭ ᠪᠣᠯᠭᠠᠭᠰᠠᠨ ᠣᠯᠠᠨ ᠡᠵᠡᠩᠨᠡᠯᠲᠡ ᠶᠢᠨ ᠪᠠᠶᠢᠳᠠᠯᠳᠣ ᠠᠵᠤ ᠠᠬᠤᠢ ᠶᠢ ᠪᠦᠷᠢᠯᠳᠦᠭᠦᠯᠦᠨ᠎ᠡ᠃ ᠭᠠᠳᠠᠭᠠᠳᠤ ᠨᠡᠭᠡᠭᠡᠯᠲᠡ ᠶᠢᠨ ᠰᠢᠨ᠎ᠡ ᠬᠡᠪ ᠵᠠᠭᠪᠤᠷ ᠢ ᠰᠦᠪᠡᠭᠴᠢᠯᠡᠨ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ᠂ ᠣᠯᠠᠨ ᠤᠯᠤᠰ ᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠦᠷᠭᠡᠳᠬᠡᠨ ᠪᠠᠶᠢᠭᠤᠯᠵᠣ᠂ ᠵᠡᠭᠦᠨ ᠬᠠᠲᠠᠪᠴᠢ ᠪᠣᠭᠤᠮᠲᠠ ᠶᠢ ᠪᠥᠬᠦ ᠣᠷᠣᠨ ᠤ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢ ᠬᠤᠯᠪᠣᠨ ᠨᠡᠪᠲᠡᠷᠡᠭᠦᠯᠬᠦ ᠬᠠᠮᠤᠭ ᠤᠨ ᠣᠶᠢᠷ᠎ᠠ ᠵᠠᠮ ᠪᠣᠯᠭᠠᠨ ᠪᠥᠲᠥᠭᠡᠨ ᠪᠠᠶᠢᠭᠤᠯᠤᠨ᠎ᠠ᠃      ᠪᠠᠶᠢᠭᠠᠯᠢ ᠶᠢᠨ ᠡᠶ᠎ᠡ ᠵᠣᠬᠢᠴᠠᠯ ᠪᠠ ᠣᠳᠣ ᠦᠶ᠎ᠡ ᠶᠢᠨ ᠪᠣᠯᠪᠠᠰᠤᠨ ᠬᠠᠷᠢᠯᠴᠠᠨ  ᠵᠣᠬᠢᠴᠠᠯᠳᠣᠭᠰᠠᠨ ︽ᠬᠢᠯᠢ ᠬᠢᠵᠠᠭᠠᠷ ᠤᠨ ᠵᠢᠷᠭᠠᠯᠳᠣ ᠣᠷᠣᠨ︾᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠰᠠᠭᠤᠷᠢ ᠲᠦᠭᠦᠭᠡᠷᠦᠮᠵᠢ ᠶᠢ ᠪᠠᠶᠢᠭᠤᠯᠣᠨ᠂ ᠨᠡᠶᠢᠭᠡᠮ ᠤᠨ ᠠᠵᠣ ᠦᠢᠯᠡᠰ ᠤᠨ ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠤᠨ᠎ᠠ᠃ ᠵᠢᠭᠤᠯᠴᠢᠯᠠᠯ ᠤᠨ ᠬᠥᠭᠵᠢᠯᠲᠡ ᠶᠢᠨ ᠬᠦᠴᠦᠨ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠰᠣᠶᠣᠯ ᠵᠢᠭᠤᠯᠴᠢᠯᠠᠯ ᠤᠨ ᠦᠢᠯᠡᠰ ᠢ ᠶᠡᠭᠡ ᠬᠦᠴᠦᠨ ᠢᠶᠠᠷ ᠬᠥᠭᠵᠢᠭᠦᠯᠦᠨ᠎ᠡ᠃ ᠬᠤᠳᠠ ᠬᠥᠳᠡᠭᠡ ᠶᠢᠨ ᠰᠣᠯᠢᠯᠴᠠᠭ᠎ᠠ ᠶᠢ ᠠᠮᠢᠳᠤᠯᠢᠭ ᠪᠣᠯᠭᠠᠵᠤ᠂ ᠬᠡᠷᠡᠭᠯᠡᠭᠡᠨ ᠤ ᠲᠠᠯᠳᠠ ᠬᠦᠴᠦᠨ ᠢ ᠪᠠᠳᠠᠷᠠᠭᠤᠯᠤᠨ᠎ᠠ᠃ ᠰᠢᠨ᠎ᠡ ᠠᠵᠢᠯ ᠲᠦᠷᠦᠯ᠂ 5G᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ ᠶᠢᠨ ᠬᠡᠷᠡᠭᠯᠡᠭᠡᠨ ᠪᠠ ᠡᠭᠦᠯᠡᠨ  ᠰᠦᠯᠵᠢᠶᠡᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠠᠷᠠᠳ ᠢᠷᠭᠡᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠶᠣᠰᠣ ᠮᠣᠷᠠᠯ ᠰᠣᠶᠣᠯ ᠪᠣᠯᠪᠠᠰᠣᠷᠠᠯ ᠢ ᠲᠡᠭᠡᠳᠦᠯᠡᠭᠰᠡᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠵᠢᠭᠤᠯᠴᠢᠯᠠᠬᠤ ᠳᠤ ᠲᠠᠭᠠᠯᠠᠮᠵᠢᠳᠠᠢ᠂ ᠵᠠᠰᠠᠭ ᠤᠨ ᠰᠤᠷᠲᠠᠯ ᠠᠷᠢᠭᠤᠨ ᠴᠢᠬᠡᠴᠢ ᠪᠣᠯᠬᠤ ᠪᠦᠬᠦ ᠤᠯᠤᠰ ᠤᠨ ᠠᠮᠢ ᠠᠬᠤᠶ ᠶᠢᠨ ᠪᠣᠯᠪᠠᠰᠤᠨ ᠰᠢᠨ᠎ᠡ ᠮᠠᠯᠵᠢᠬᠤ ᠣᠷᠣᠨ ᠢ ᠴᠢᠷᠮᠠᠶᠢᠨ ᠪᠠᠶᠢᠭᠤᠯᠤᠨ᠎ᠠ᠃      ᠳᠥᠷᠪᠡᠳᠦᠭᠡᠷ ᠬᠡᠰᠡᠭ      ᠬᠥᠭᠵᠢᠯᠲᠡ ᠶᠢᠨ ᠬᠠᠷᠠᠯᠲᠠ      ᠨᠢᠭᠡ᠂ ᠠᠯᠤᠰ ᠤᠨ ᠬᠠᠷᠠᠯᠲᠠ      2035 ᠣᠨ ᠪᠣᠯᠬᠤ ᠳᠤ᠂ ᠵᠡᠭᠦᠨ ᠦᠵᠦᠮᠦᠴᠢᠨ ᠬᠤᠰᠢᠭᠤ ᠨᠢ ᠠᠮᠢ ᠠᠬᠤᠶ ᠶᠢ ᠲᠦᠷᠦᠭᠦᠨ ᠳᠤ ᠲᠠᠯᠪᠢᠵᠤ᠂ ᠪᠣᠬᠢᠷᠲᠤᠯ ᠥᠬᠡᠶ ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠠᠮᠵᠢᠯᠲᠠ ᠲᠠᠢ ᠵᠠᠮᠨᠠᠵᠤ᠂ ᠤᠯᠤᠰ ᠤᠨ ᠠᠮᠢ ᠠᠬᠤᠶ ᠶᠢᠨ ᠴᠢᠳᠠᠮᠵᠢᠲᠤ ᠣᠷᠣᠨ ᠪᠠ ᠲᠠᠯ᠎ᠠ ᠨᠤᠲᠤᠭ ᠤᠨ ᠠᠮᠢ ᠠᠬᠤᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠨᠠᠩ ᠥᠨᠳᠥᠷ ᠲᠦᠪᠰᠢᠨ ᠳᠤ ᠬᠦᠷᠭᠡᠵᠦ᠂ ᠪᠥᠬᠦ ᠤᠯᠤᠰ᠂ ᠪᠥᠬᠦ ᠣᠷᠣᠨ ᠪᠠ ᠪᠥᠬᠦ ᠠᠶᠢᠮᠠᠭ ᠲᠠᠢ ᠬᠠᠮᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠪᠠ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠶᠡᠬᠡᠪᠡᠷ ᠳᠡᠭᠡᠭᠰᠢᠯᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠬᠤᠲᠠ ᠪᠠᠯᠭᠠᠰᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠳᠤᠮᠳᠠᠴᠢ ᠬᠥᠮᠦᠨ ᠪᠦᠷᠢ ᠶᠢᠨ ᠣᠷᠣᠯᠭ᠎ᠠ ᠰᠢᠨ᠎ᠡ ᠲᠡᠮᠳᠡᠭᠯᠡᠯ ᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠨᠢ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ ᠳᠡᠭᠡᠭᠰᠢᠯᠡᠯᠲᠡ ᠲᠠᠢ ᠪᠣᠯᠣᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠳᠠᠪᠠᠭᠤᠯᠢᠭ ᠣᠨᠴᠠᠯᠢᠭ ᠲᠠᠢ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ᠂ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠲᠠ ᠶᠢᠨ ᠰᠢᠰᠲ᠋ᠧᠮ᠂ ᠰᠠᠭᠤᠷᠢ ᠲᠦᠭᠦᠭᠡᠷᠣᠮᠵᠢ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃ ᠬᠠᠣᠯᠢᠵᠢᠭᠰᠠᠨ ᠵᠡᠭᠦᠨ ᠦᠵᠦᠮᠦᠴᠢᠨ᠂ ᠬᠠᠣᠯᠢᠵᠢᠭᠰᠠᠨ ᠵᠠᠰᠠᠭ ᠤᠨ ᠣᠷᠳᠣᠨ᠂ ᠬᠠᠣᠯᠢᠵᠢᠭᠰᠠᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠵᠤ᠂ ᠠᠷᠠᠳ ᠲᠦᠮᠡᠨ ᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠶᠢ ᠭᠦᠢᠴᠡᠳ ᠪᠠᠲᠤᠯᠠᠵᠤ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃  ᠡᠯ᠎ᠡ ᠦᠨᠳᠦᠰᠦᠲᠡᠨ ᠤ ᠠᠷᠠᠳ ᠲᠦᠮᠡᠨ ᠤ ᠬᠡᠪ ᠴᠢᠨᠠᠷ᠂ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠰᠢᠨ᠎ᠡ ᠲᠦᠪᠰᠢᠨ ᠳᠤ ᠬᠦᠷᠭᠡᠨ᠎ᠡ᠃ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠥᠷᠭᠡᠨ ᠢᠶᠠᠷ ᠪᠦᠷᠢᠯᠳᠦᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠳᠡᠰᠢ ᠬᠤᠪᠢᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠵᠤ᠂ ᠦᠵᠡᠰᠬᠦᠯᠡᠩᠲᠦ ᠰᠠᠶᠢᠬᠠᠨ ᠵᠡᠭᠦᠨ ᠦᠵᠦᠮᠦᠴᠢᠨ ᠢ ᠦᠨᠳᠦᠰᠦᠨ ᠳᠡᠭᠡᠨ ᠪᠠᠶᠢᠭᠤᠯᠣᠨ᠎ᠠ᠃ ᠭᠠᠳᠠᠭᠠᠳᠤ ᠨᠡᠭᠡᠭᠡᠯᠲᠡ ᠶᠢᠨ ᠳᠡᠰ ᠳᠠᠪᠬᠤᠷᠭ᠎ᠠ ᠪᠣᠯᠤᠨ ᠬᠢᠷᠢ ᠬᠡᠮᠵᠢᠶ᠎ᠡ ᠶᠢ ᠢᠯᠡᠳᠲᠡ ᠲᠡᠭᠡᠭᠰᠢᠯᠡᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠡᠬᠡᠪᠡᠷ ᠳᠡᠭᠡᠭᠰᠢᠯᠡᠬᠦᠯᠦᠨ᠎ᠡ᠃ ᠠᠮᠤᠷ ᠠᠮᠤᠭᠤᠯᠠᠩ ᠵᠡᠭᠦᠨ ᠦᠵᠦᠮᠦᠴᠢᠨ ᠤ ᠪᠦᠲᠦᠭᠡᠨ ᠪᠠᠶᠢᠭᠤᠯᠤᠯᠲᠠ ᠨᠠᠩ ᠥᠨᠳᠥᠷ ᠲᠦᠪᠰᠢᠨ ᠳᠤ ᠬᠦᠷᠭᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠨ᠎ᠠ᠃ ᠳᠤᠮᠳᠠᠴᠢ ᠬᠥᠮᠦᠨ ᠪᠦᠷᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠦᠷᠳᠡᠭ ᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠬᠦᠷᠭᠡᠵᠦ᠂ ᠳᠤᠮᠳᠠ ᠵᠡᠷᠭᠡ ᠶᠢᠨ ᠣᠷᠣᠯᠭ᠎ᠠ ᠶᠢ ᠦᠷᠭᠡᠳᠭᠡᠨ᠂ ᠤᠯᠠᠨ ᠨᠡᠶᠢᠲᠡ ᠶᠢᠨ ᠦᠨᠳᠣᠰᠣᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠪᠡᠶᠡᠯᠡᠭᠦᠯᠵᠦ᠂ ᠡᠯ᠎ᠡ ᠦᠨᠳᠦᠰᠦᠲᠡᠨ ᠤ ᠠᠷᠠᠳ ᠲᠦᠮᠡᠨ ᠤ ᠠᠮᠢᠳᠤᠷᠠᠯ ᠢ ᠨᠡᠩ ᠰᠠᠶᠢᠨ ᠪᠣᠯᠭᠠᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠣᠨ᠂ ᠪᠦᠬᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ  ᠶᠢ ᠨᠡᠩ ᠢᠯᠡᠷᠭᠡᠢ ᠪᠣᠳᠠᠳᠣ ᠠᠬᠢᠴᠠ ᠲᠠᠢ ᠪᠣᠯᠭᠠᠨ᠎ᠠ᠃      ᠬᠤᠶᠠᠷ᠂ ᠭᠤᠤᠯ ᠬᠠᠷᠠᠯᠲᠠ      2035 ᠣᠨ ᠤ ᠠᠯᠤᠰ ᠤᠨ ᠬᠠᠷᠠᠯᠲᠠ ᠳᠤ ᠴᠢᠭᠯᠡᠬᠦᠯᠵᠣ᠂ ᠬᠠᠷᠠᠯᠲᠠ᠂ ᠠᠰᠠᠭᠤᠳᠠᠯ ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠤᠨᠴᠠᠯᠢᠭ ᠪᠠ ᠳᠠᠪᠠᠭᠤᠯᠢᠭ ᠲᠠᠭᠠᠨ ᠰᠠᠭᠤᠷᠢᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠶᠢ ᠡᠭᠦᠳᠴᠦ᠂ ᠳᠣᠳᠠᠭᠳᠠᠯ ᠪᠠ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠦᠢᠯᠡᠴᠢᠯᠡᠭᠡᠨ ᠤ ᠲᠣᠭᠳᠠᠯᠴᠠᠭ᠎ᠠ ᠶᠢ ᠲᠡᠭᠦᠯᠳᠡᠷᠵᠢᠭᠦᠯᠦᠨ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠵᠦ᠂ ᠠᠵᠤ ᠠᠬᠤᠢ ᠶᠢᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ 2025 ᠣᠨ ᠪᠣᠯᠬᠤ ᠳᠤ᠂ ᠵᠡᠭᠦᠨ ᠦᠵᠦᠮᠦᠴᠢᠨ ᠬᠤᠰᠢᠭᠤ ᠶᠢ ᠣᠳᠣᠬᠢᠴᠢᠯᠠᠭᠰᠠᠨ ᠰᠠᠭᠤᠷᠢ ᠲᠠᠢ ᠪᠥᠬᠦ ᠤᠯᠤᠰ ᠤᠨ ᠲᠠᠯ᠎ᠠ ᠨᠤᠲᠤᠭ ᠤᠨ ᠠᠮᠢ ᠠᠬᠤᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠰᠢᠭᠤ ᠪᠣᠯᠭᠠᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠦᠨ᠎ᠡ᠃      ᠠᠮᠢ ᠠᠬᠤᠢ ᠶᠢᠨ ᠣᠷᠴᠢᠨ ᠲᠣᠭᠤᠷᠢᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ᠎ᠠ᠃ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠮᠢ ᠠᠬᠤᠶ ᠶᠢᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠠᠯ᠎ᠠ ᠨᠣᠳᠤᠭ ᠤᠨ ᠤᠷᠭᠤᠮᠠᠯ ᠤᠨ ᠬᠤᠴᠢᠯᠭ᠎ᠠ ᠶᠢ 65% ᠠᠴᠠ ᠳᠠᠪᠠᠭᠤᠯᠵᠣ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 3.2% ᠲᠤ  ᠬᠦᠷᠭᠡᠨ᠎ᠡ᠃ ᠣᠷᠣᠰᠬᠠᠯ ᠣᠰᠣ ᠪᠠ ᠴᠢᠬᠢᠭᠯᠢᠭ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠠᠮᠢ ᠠᠬᠤᠶ ᠶᠢᠨ ᠪᠣᠯᠪᠠᠰᠤᠨ ᠳᠤ ᠨᠡᠶᠢᠴᠡᠭᠰᠡᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠦᠷᠢᠯᠳᠦᠭᠦᠯᠦᠨ᠂ ᠠᠮᠢ ᠠᠬᠤᠶ ᠶᠢᠨ ᠪᠣᠯᠪᠠᠰᠤᠨ ᠤ ᠲᠦᠷᠢᠮ ᠢ ᠨᠠᠩ ᠪᠦᠷᠢᠨ ᠲᠡᠭᠦᠯᠳᠡᠷ ᠪᠣᠯᠭᠠᠨ᠎ᠠ᠃      ᠠᠵᠤ ᠠᠬᠤᠶ ᠶᠢᠨ ᠭᠦᠭᠵᠢᠯᠳᠡ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠪᠦᠷᠢ ᠳᠤᠮᠳᠠᠴᠢ ᠪᠠᠷ 5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 2.3% ᠣᠷᠴᠢᠮ ᠨᠡᠮᠡᠭᠳᠡᠭᠦᠯᠦᠨ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 5.9% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ  ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 4.5% ᠣᠷᠴᠢᠮ ᠨᠡᠮᠡᠭᠳᠡᠭᠦᠯᠦᠨ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠷᠭᠠᠬᠤ ᠶᠡᠷᠦᠩᠬᠡᠢ ᠬᠡᠮᠵᠢᠶ᠎ᠡ ᠶᠢ 3.5 ᠳ᠋ᠦᠩᠰᠢᠭᠤᠷ ᠳ᠋ᠣᠯᠯᠠᠷ ᠠᠴᠠ ᠳᠠᠪᠠᠭᠤᠯᠤᠨ᠎ᠠ᠃ ᠰᠢᠨ᠎ᠡ ᠬᠠᠭᠤᠴᠢᠨ ᠬᠥᠳᠡᠯᠭᠡᠭᠴᠢ ᠬᠦᠴᠦᠨ ᠤ ᠰᠣᠯᠢᠭᠳᠠᠯ ᠢ ᠪᠡᠶᠡᠯᠡᠭᠦᠯᠵᠦ᠂ ᠭᠠᠵᠠᠷ ᠣᠷᠣᠨ ᠤ ᠪᠦᠬᠦᠯᠢ ᠴᠣᠭᠴᠠ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ᠂ ᠥᠷᠢᠰᠥᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃      ᠠᠵᠤ ᠦᠢᠯᠡᠰ ᠤᠨ ᠪᠦᠲᠦᠴᠡ ᠶᠢ ᠨᠠᠩ ᠰᠢᠯᠢᠳᠡᠭᠵᠢᠭᠦᠯᠦᠨ᠎ᠡ᠃ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠴᠢᠬᠤᠯᠠ ᠶᠡᠭᠡ ᠠᠬᠢᠴᠠ ᠲᠠᠢ ᠪᠣᠯᠭᠠᠵᠣ᠂ 2025 ᠣᠨ ᠤ ᠰᠡᠭᠦᠯᠴᠢ ᠪᠣᠯᠬᠤ ᠳᠤ᠂ ᠭᠤᠷᠪᠠᠨ ᠠᠵᠤ ᠦᠢᠯᠡᠰ ᠤᠨ ᠬᠠᠷᠢᠴᠠᠯ ᠢ 26᠄ 36᠄ 38 ᠪᠣᠯᠭᠠᠨ ᠲᠣᠬᠢᠷᠠᠭᠤᠯᠵᠤ᠂ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠂ ᠬᠥᠭᠵᠢᠯᠲᠡ ᠶᠢᠨ ᠠᠷᠭ᠎ᠠ ᠮᠠᠶ᠋ᠢᠭ ᠪᠦᠳᠦᠭᠦᠯᠢᠭ᠂ ᠣᠨᠴᠠᠭᠠᠶᠢᠯᠠᠨ ᠠᠵᠤ ᠦᠢᠯᠡᠰ ᠤᠨ ᠬᠥᠭᠵᠢᠯᠲᠡ ᠨᠢ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠳᠤ ᠲᠦᠰᠢᠭᠯᠡᠭᠰᠡᠨ ᠪᠠᠶᠢᠳᠠᠯ ᠢ ᠶᠡᠷᠦᠩᠬᠡᠢ ᠳᠤᠨᠢ ᠬᠤᠪᠢᠷᠠᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ  ᠲᠣᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠠᠭᠤᠷᠢ  ᠲᠦᠭᠦᠭᠡᠷᠣᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠦᠢᠯᠡᠰ ᠶᠢᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠪᠠ ᠥᠷᠲᠡᠭ ᠤᠨe ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠦᠨᠳᠦᠰᠦᠨ ᠳᠤ ᠨᠢ ᠪᠤᠢ ᠪᠣᠯᠭᠠᠨ᠎ᠠ᠃  ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠭᠦᠭᠵᠢᠭᠦᠯᠦᠨ᠎ᠡ᠃      ᠬᠤᠲᠠ ᠬᠥᠳᠡᠭᠡ ᠶᠢᠨ ᠬᠥᠭᠵᠢᠯᠲᠡ ᠶᠢ ᠨᠠᠩ ᠵᠣᠬᠢᠴᠠᠩᠭᠤᠶ ᠪᠣᠯᠭᠠᠨ᠎ᠠ᠃ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠤᠲᠠ ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠦᠨ᠂ 2025 ᠣᠨ ᠪᠣᠯᠬᠤ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 59% ᠳᠤ ᠬᠦᠷᠭᠡᠨ᠎ᠡ᠃ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠬᠤ ᠠᠬᠢᠴᠠ ᠲᠠᠢ ᠪᠣᠯᠭᠠᠵᠣ᠂ ᠰᠣᠮᠣ ᠪᠠᠯᠭᠠᠰᠣᠨ ᠤ ᠳᠦᠷᠢ ᠲᠥᠷᠬᠦ ᠶᠢ ᠶᠡᠬᠡᠪᠡᠷ ᠰᠠᠶᠢᠵᠢᠷᠠᠭᠤᠯᠵᠣ᠂ ᠬᠤᠲᠠ ᠬᠥᠳᠡᠭᠡ ᠬᠠᠷᠢᠯᠴᠠᠨ ᠬᠥᠳᠡᠯᠦᠯᠴᠡᠭᠰᠡᠨ ᠣᠷᠣᠨ ᠪᠦᠰᠡ ᠵᠣᠬᠢᠴᠠᠩᠭᠤᠢ ᠬᠦᠭᠵᠢᠭᠰᠡᠨ ᠰᠢᠨ᠎ᠡ ᠪᠠᠶᠢᠳᠠᠯ ᠢ ᠪᠦᠷᠢᠯᠳᠦᠭᠦᠯᠵᠦ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠭᠡᠨ᠎ᠡ᠃      ᠠᠷᠠᠳ ᠤᠨ ᠠᠮᠢᠳᠤᠷᠠᠯ ᠢ ᠨᠠᠩ ᠵᠣᠯ ᠵᠢᠷᠭᠠᠯ ᠲᠠᠢ ᠪᠣᠯᠭᠠᠨ᠎ᠠ᠃ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠣᠰᠪᠣᠷᠢ 47000 ᠲᠥᠭᠦᠷᠢᠭ ᠪᠠ 40000 ᠲᠥᠭᠦᠷᠢᠭ ᠲᠤ ᠬᠦᠷᠭᠡᠵᠣ᠂ ᠵᠢᠯ ᠪᠦᠷᠢ ᠳᠤᠮᠳᠠᠴᠢ ᠪᠠᠷ ᠲᠣᠰᠪᠦᠷᠢ 2.1% ᠪᠠ 2.8% ᠣᠷᠴᠢᠮ ᠨᠡᠮᠡᠭᠳᠡᠬᠦᠯᠦᠨ᠎ᠡ᠃ ᠨᠠᠩ ᠭᠦᠢᠴᠡᠳ᠂ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠲᠦᠪᠰᠢᠨ ᠢ ᠪᠥᠬᠦ ᠣᠷᠣᠨ ᠤ ᠳᠤᠮᠳᠠᠴᠢ ᠲᠦᠪᠰᠢᠨ ᠳᠤ ᠬᠦᠷᠭᠡᠨ᠎ᠡ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠳᠠᠯᠴᠠᠭ᠎ᠠ ᠶᠢ ᠨᠡᠩ ᠲᠡᠭᠦᠯᠳᠡᠷᠵᠢᠭᠦᠯᠦᠨ᠂ ᠡᠮᠡᠭᠲᠡᠶᠢᠴᠦᠳ ᠬᠡᠦᠬᠡᠳ ᠵᠢᠴᠢ ᠵᠡᠮᠳᠡᠭᠴᠦᠳ ᠤᠨ ᠦᠢᠯᠡᠰ ᠢ ᠪᠦᠬᠦ ᠲᠠᠯ᠎ᠠ ᠪᠠᠷ  ᠳᠡᠭᠡᠭᠰᠢᠯᠡᠬᠦᠯᠦᠨ᠎ᠡ᠃      ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠳᠡᠭᠡᠭᠰᠢᠯᠡᠬᠦᠯᠦᠨ᠎ᠡ᠃  ᠬᠠᠣᠯᠢᠵᠢᠭᠰᠠᠨ ᠵᠠᠰᠠᠭ ᠤᠨ ᠣᠷᠳᠣᠨ᠂ ᠬᠠᠣᠯᠢᠵᠢᠭᠰᠠᠨ ᠨᠡᠶᠢᠭᠡᠮ ᠢ ᠵᠣᠬᠢᠴᠠᠯᠳᠣᠭᠤᠯᠣᠨ ᠪᠠᠶᠢᠭᠤᠯᠬᠤ ᠠᠵᠢᠯ   ᠢ ᠵᠣᠬᠢᠬᠤ ᠠᠬᠢᠴᠠ ᠲᠠᠢ ᠪᠣᠯᠭᠠᠵᠣ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠪᠠ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠣᠨ᠂ ᠨᠡᠶᠢᠭᠡᠮ ᠤᠨ ᠲᠥᠪ ᠭᠤᠣᠯᠴᠢ ᠪᠠ ᠰᠢᠳᠣᠷᠭᠤ ᠶᠣᠰᠣ ᠶᠢ ᠭᠦᠢᠴᠡᠳ ᠪᠠᠳᠠᠷᠠᠭᠤᠯᠣᠨ᠎ᠠ᠃ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠣ᠂ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠢᠯᠡᠳᠲᠡ ᠳᠡᠭᠡᠭᠰᠢᠯᠡᠬᠦᠯᠦᠨ᠂ ᠪᠠᠶᠢᠭᠠᠯᠢ ᠶᠢᠨ ᠭᠠᠮᠰᠢᠭ ᠠᠴᠠ ᠰᠡᠷᠭᠡᠶᠢᠯᠡᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠬᠦᠯᠦᠨ᠎ᠡ᠃ᠵᠡᠭᠦᠨ ᠦᠵᠦᠮᠦᠴᠢᠨ ᠬᠤᠰᠢᠭᠤᠨ ᠤ ︽ ᠠᠷᠪᠠᠨ ᠲᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠬᠡ ᠶᠢᠨ ᠬᠤᠭᠤᠴᠠᠭᠠᠨ ᠳᠠᠬᠢ ᠠᠵᠣ ᠠᠬᠤᠢ ᠨᠡᠶᠢᠬᠡᠮ ᠤᠨ ᠭᠦᠭᠵᠢᠯᠳᠡ ᠶᠢᠨ  ᠭᠤᠣᠯ ᠭᠦᠢᠴᠡᠳᠬᠡᠯ ᠲᠤᠭ᠎ᠠ      ᠲᠠᠪᠤᠳᠤᠭᠠᠷ ᠬᠡᠰᠡᠭ      ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ      ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠵᠤ᠂ ︽ᠭᠤᠷᠪᠠᠨ ᠣᠷᠣᠨ ᠬᠤᠶᠠᠷ ᠱᠤᠭᠤᠮ︾ ᠢ ᠴᠢᠩᠭ᠎ᠠ ᠰᠠᠬᠢᠵᠤ᠂ ᠠᠮᠢ ᠠᠬᠤᠢ᠂ ᠮᠠᠯ ᠠᠵᠤ ᠠᠬᠤᠢ᠂ ᠬᠤᠳᠠ ᠪᠠᠯᠭᠠᠰᠤᠨ ᠤ ᠣᠷᠣᠨ ᠵᠠᠢ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠣᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠢ ᠬᠠᠯᠳᠠᠵᠣ ᠪᠣᠯᠤᠰᠢ ᠦᠭᠡᠢ ︽ᠥᠨᠳᠥᠷ ᠬᠦᠴᠦᠳᠡᠯᠲᠦ ᠱᠤᠭᠤᠮ︾ ᠪᠣᠯᠭᠠᠨ᠎ᠠ᠃ ᠡᠬᠢ ᠪᠠᠶᠠᠯᠢᠭ ᠪᠠ ᠣᠷᠴᠢᠨ ᠲᠣᠭᠤᠷᠢᠨ ᠤ ᠳᠠᠭᠠᠭᠠᠴᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠠᠰᠢᠭᠯᠠᠬᠤ ᠦᠨᠡᠯᠡᠯᠲᠡ ᠶᠢᠨ ᠰᠠᠭᠤᠷᠢᠨ ᠳᠡᠭᠡᠷ᠎ᠡ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠱᠠᠭᠠᠷᠳᠠᠯᠭ᠎ᠠ ᠶᠣᠰᠣᠭᠠᠷ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠭᠦᠭᠵᠢᠭᠦᠯᠦᠨ ᠬᠠᠮᠠᠭᠠᠯᠠᠬᠤ ︽ᠨᠢᠭᠡ ᠬᠠᠭᠤᠳᠠᠰᠣ ᠵᠢᠷᠤᠭ︾ ᠢ ᠪᠦᠷᠢᠯᠳᠦᠭᠦᠯᠵᠦ᠂ ᠠᠮᠢ ᠠᠬᠤᠶ ᠣᠷᠴᠢᠨ ᠲᠣᠭᠤᠷᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠪᠣᠬᠢᠷᠲᠤᠯ ᠥᠬᠡᠶ ᠳᠠᠪᠠᠭᠤᠯᠢᠭ ᠢᠶᠠᠨ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠣᠨ᠎ᠠ᠃ ᠲᠥᠷᠥ ᠶᠢᠨ ᠪᠣᠳᠣᠯᠭ᠎ᠠ ᠳᠤ ᠣᠨᠣᠪᠴᠢᠲᠠᠢ ᠬᠠᠨᠳᠣᠭᠤᠯᠣᠨ᠂ ᠭᠤᠣᠯ ᠴᠣᠭᠴᠠ ᠶᠢᠨ ᠴᠢᠳᠠᠪᠬᠢ ᠶᠢᠨ ᠪᠠᠶᠢᠷᠢ ᠲᠣᠭᠲᠠᠭᠠᠯᠲᠠ ᠲᠣᠳᠣᠷᠬᠠᠢ ᠬᠤᠲᠠ ᠪᠠᠯᠭᠠᠰᠤᠵᠢᠭᠰᠠᠨ ᠭᠠᠵᠠᠷ ᠣᠷᠣᠨ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ᠂ ᠠᠮᠢ ᠠᠬᠤᠢ ᠶᠢᠨ ᠴᠢᠳᠠᠪᠬᠢ ᠶᠢᠨ ᠣᠷᠣᠨ ᠵᠡᠷᠭᠡ ᠭᠤᠷᠪᠠᠨ ᠶᠡᠭᠡ ᠣᠷᠣᠨ ᠵᠠᠢ ᠶᠢᠨ ᠪᠠᠶᠢᠷᠢᠰᠢᠯ ᠢ ᠪᠦᠷᠢᠯᠳᠦᠭᠦᠯᠦᠨ᠎ᠡ᠃      ᠨᠢᠭᠡ᠂ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠰᠢᠯ      ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠳᠤ ᠰᠠᠭᠤᠷᠢᠯᠠᠨ᠂ ᠬᠤᠳᠠ  ᠪᠠᠯᠭᠠᠰᠣᠵᠢᠭᠰᠠᠨ ᠭᠠᠵᠠᠷ ᠣᠷᠣᠨ᠂ ᠮᠠᠯ ᠠᠵᠤ ᠠᠬᠤᠢ ᠶᠢᠨ ᠭᠤᠣᠯ ᠭᠠᠷᠤᠯᠲᠠ ᠶᠢᠨ ᠣᠷᠣᠨ᠂ ᠠᠮᠢ ᠠᠬᠤᠢ ᠶᠢᠨ ᠴᠢᠳᠠᠮᠵᠢᠳᠤ ᠣᠷᠣᠨ ᠭᠡᠬᠦ ᠭᠤᠷᠪᠠᠨ ᠶᠡᠭᠡ ᠣᠷᠣᠨ ᠵᠠᠢ ᠶᠢᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠤᠨ᠎ᠠ᠃ ︽ᠨᠢᠭᠡ ᠬᠠᠯᠬᠠᠪᠴᠢ᠂ ᠨᠢᠭᠡ ᠭᠤᠣᠯ᠂ ᠬᠤᠶᠠᠷ ᠲᠣᠭᠤᠷᠢᠭ᠂ ᠭᠤᠷᠪᠠᠨ ᠲᠡᠩᠭᠡᠯᠢᠭ᠂ ᠳᠥᠷᠪᠡᠨ ᠲᠣᠭᠤᠷᠢᠭ᠂ ᠣᠯᠠᠨ ᠴᠡᠭ︾ ᠤᠨ ᠦᠢᠯᠡᠳᠪᠦᠷᠢᠯᠡᠯ ᠤᠨ ᠬᠦᠴᠦᠨ ᠤ ᠣᠷᠣᠨ ᠵᠠᠶ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃      ︽ᠨᠢᠭᠡ ᠬᠠᠯᠬᠠᠪᠴᠢ︾ ᠭᠡᠳᠡᠭ ᠨᠢ ᠮᠠᠨ ᠤ ᠬᠤᠰᠢᠭᠤᠨ ᠤ ᠪᠠᠶᠢᠭᠠᠯᠢ ᠶᠢᠨ ᠤᠷᠭᠤᠮᠠᠯ ᠬᠤᠴᠢᠯᠭ᠎ᠠ ᠶᠢᠨ ᠬᠠᠮᠠᠭᠠᠯᠠᠯᠲᠠ ᠰᠠᠶᠢᠳᠠᠢ ᠵᠡᠭᠦᠨ ᠬᠡᠰᠡᠭ ᠤᠨ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠵᠤ᠂ ᠤᠯᠤᠰ ᠤᠨ ᠲᠠᠰ ᠤᠨ ᠲᠠᠯ᠎ᠠ ᠨᠤᠲᠤᠭ ᠪᠠ ᠣᠶ ᠰᠢᠭᠤᠶ ᠶᠢᠨ ᠴᠡᠴᠡᠷᠯᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠭᠢᠭᠯᠢᠭ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠪᠠᠷ ᠭᠠᠷᠳᠠᠴᠠ ᠪᠣᠯᠭᠠᠨ᠂ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠂ ᠠᠮᠢ ᠠᠬᠤᠶ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ︽ᠨᠢᠭᠡ ᠭᠤᠣᠯ︾  ᠭᠡᠳᠡᠭ ᠨᠢ ᠤᠯᠢᠶᠠᠰᠤᠲᠠᠢ ᠪᠠᠯᠭᠠᠰᠤ ᠪᠠᠷ ᠭᠤᠣᠯ ᠪᠣᠯᠭᠠᠭᠰᠠᠨ᠂ ᠣᠳᠣᠬᠢᠴᠢᠯᠠᠭᠰᠠᠨ ᠲᠥᠪ ᠬᠤᠲᠠ ᠪᠠᠯᠭᠠᠰᠤ ᠶᠢ ᠪᠦᠲᠦᠭᠡᠨ ᠪᠠᠶᠢᠭᠤᠯᠵᠤ᠂ ᠴᠢᠬᠤᠯᠠ ᠡᠯᠧᠮᠧᠨ᠋ᠲ ᠪᠠ ᠬᠥᠮᠦᠨ ᠠᠮᠠ ᠶᠢ ᠲᠥᠪᠯᠡᠷᠡᠭᠦᠯᠬᠦ᠂ ᠠᠵᠤ ᠦᠢᠯᠡᠰ ᠢ ᠳᠡᠰ ᠳᠡᠪᠰᠢᠭᠦᠯᠬᠦ ᠪᠠ ᠪᠦᠬᠦ ᠬᠤᠰᠢᠭᠤ ᠶᠢ ᠨᠥᠯᠥᠭᠡᠯᠡᠬᠦ ᠴᠢᠳᠠᠪᠬᠢ ᠶᠢ ᠨᠠᠩ ᠰᠠᠶᠢᠨ ᠪᠠᠳᠠᠷᠠᠭᠤᠯᠤᠨ᠎ᠠ᠃      ︽ᠬᠤᠶᠠᠷ  ᠲᠣᠭᠤᠷᠢᠭ︾ ᠭᠡᠳᠡᠭ ᠨᠢ ᠤᠯᠢᠶᠠᠰᠤᠲᠠᠢ ᠪᠠᠯᠭᠠᠰᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠲᠣᠭᠤᠷᠢᠭ ᠪᠠᠶᠢᠭᠤᠯᠵᠤ᠂ ︽ᠨᠢᠭᠡ ᠬᠦᠷᠢᠶᠡᠯᠡᠩ ᠭᠤᠷᠪᠠᠨ ᠲᠣᠭᠤᠷᠢᠭ︾ ᠤᠨ ᠶᠡᠷᠦᠩᠬᠡᠢ ᠰᠡᠳᠬᠢᠴᠡ ᠪᠠᠷ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠬᠥᠭᠵᠢᠯᠲᠡ ᠶᠢᠨ ᠣᠷᠣᠨ ᠵᠠᠢ ᠶᠢ ᠦᠷᠭᠡᠳᠬᠡᠨ᠂ ᠬᠡᠯᠬᠢᠶᠡᠰᠣᠵᠢᠭᠰᠡᠨ᠂ ᠰᠦᠷᠦᠭᠵᠢᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠨᠢᠭᠡᠴᠢ ᠭᠠᠵᠠᠷ ᠰᠢᠷᠣᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠵᠡᠭᠦᠨ ᠬᠠᠲᠠᠪᠴᠢ ᠪᠠᠯᠭᠠᠰᠤ ᠪᠠᠷ ᠭᠤᠣᠯ ᠪᠣᠯᠭᠠᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠣᠷᠣᠨ ᠪᠦᠰᠡ ᠪᠠᠷ ᠨᠡᠭᠡᠭᠡᠯᠲᠡ ᠬᠢᠬᠦ᠂  ᠬᠡᠰᠡᠭ ᠲᠠᠯ᠎ᠠ ᠪᠠᠷ ᠨᠡᠬᠡᠬᠡᠨ ᠭᠦᠭᠵᠢᠭᠦᠯᠬᠦ ᠶᠢ ᠪᠠᠷᠢᠮᠲᠠᠯᠠᠨ᠂ ᠬᠠᠳᠠᠪᠴᠢ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ ᠤᠯᠢᠶᠠᠰᠤᠲᠠᠢ ᠪᠠᠯᠭᠠᠰᠤ ᠵᠢᠴᠢ ᠠᠵᠤ ᠦᠢᠯᠡᠳᠪᠦᠷᠢ ᠶᠢᠨ ᠲᠣᠭᠤᠷᠢᠭ ᠢ ᠬᠠᠮᠣᠷᠴᠦ᠂ ᠡᠬᠡ ᠬᠠᠭᠤᠷᠠᠢ ᠳᠠᠯᠠᠢ ᠲᠠᠩᠭᠢᠰ ᠬᠤᠯᠪᠣᠭᠠᠯᠠᠨ ᠬᠥᠳᠡᠯᠦᠯᠴᠡᠭᠰᠡᠨ᠂ ᠪᠦᠬᠦ ᠣᠷᠣᠨ ᠪᠦᠰᠡ ᠪᠠᠷ ᠬᠠᠮᠵᠢᠯᠴᠠᠭᠰᠠᠨ᠂ ᠡᠷᠭᠢᠨ ᠲᠣᠭᠤᠷᠢᠨ ᠢ ᠨᠥᠯᠥᠭᠡᠯᠡᠭᠰᠡᠨ ᠣᠷᠣᠨ ᠵᠠᠢ ᠶᠢᠨ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠢ ᠪᠤᠢ ᠪᠣᠯᠭᠠᠨ᠎ᠠ᠃ ᠬᠦᠷᠢᠶᠡᠯᠡᠩ ᠬᠢᠭᠡᠳ ᠲᠣᠭᠤᠷᠢᠭ ᠨᠢ ᠲᠣᠰᠠᠭᠠᠷ ᠪᠡᠶ᠎ᠡ ᠪᠠᠨ ᠳᠠᠭᠠᠭᠠᠭᠰᠠᠨ ᠮᠥᠷᠲᠡᠭᠡᠨ ᠬᠠᠷᠢᠯᠴᠠᠨ ᠲᠤᠯᠭᠠᠭᠤᠷᠢᠯᠠᠵᠤ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ︽ᠬᠤᠶᠠᠷ ᠲᠣᠭᠤᠷᠢᠭ︾ ᠢ ᠠᠵᠤ ᠦᠢᠯᠡᠰ ᠨᠢ ᠲᠣᠳᠣᠷᠬᠠᠢ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠭᠰᠠᠨ᠂ ᠠᠮᠤᠷ ᠲᠦᠪᠰᠢᠨ ᠪᠣᠬᠢᠷᠳᠣᠯ ᠦᠬᠡᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠲᠣᠭᠤᠷᠢᠭ᠂ ᠣᠷᠣᠨ ᠪᠦᠰᠡ ᠶᠢᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠥᠪ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠬᠢᠶᠠᠯ ᠪᠣᠯᠣᠨ ᠬᠥᠷᠰᠢ ᠵᠡᠷᠭᠡᠯᠡᠳᠡᠭᠡ ᠲᠠᠢ ᠪᠠᠨ ᠡᠶ᠎ᠡ ᠨᠠᠶᠢᠷᠠᠮᠳᠠᠭᠤ ᠠᠮᠤᠷ ᠲᠠᠶᠢᠪᠤᠩ ᠬᠠᠮᠳᠣᠪᠠᠷ ᠪᠠᠶᠠᠵᠢᠭᠰᠠᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃      ︽ᠭᠤᠷᠪᠠᠨ ᠲᠡᠩᠭᠡᠯᠢᠭ︾  ᠬᠡᠳᠡᠭ ᠨᠢ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ ᠵᠠᠰᠠᠮᠠᠯ ᠵᠠᠮ᠂ ᠪᠠᠯᠭᠠᠷᠭᠤᠣᠯ ᠠᠴᠠ ᠵᠡᠬᠦᠨ ᠬᠠᠳᠠᠪᠴᠢ ᠬᠦᠷᠬᠦ ᠲᠡᠮᠦᠷ ᠵᠠᠮ᠂ ᠪᠠᠶ᠋ᠬᠠᠭᠤᠯᠠ ᠠᠴᠠ ᠹᠦᠰᠢᠨ ᠬᠦᠷᠬᠦ ᠲᠡᠮᠦᠷ ᠵᠠᠮ ᠪᠠ ᠣᠯᠣᠰ ᠤᠨ ᠳᠡᠰ ᠤᠨ ᠵᠠᠮ ᠤᠨ 306 ᠱᠣᠭᠤᠮ ᠳᠤ ᠲᠦᠰᠢᠭᠯᠡᠵᠦ᠂ ᠥᠪᠥᠷ ᠮᠣᠩᠭᠤᠯ ᠤᠨ ᠵᠡᠭᠦᠨ ᠬᠠᠲᠠᠪᠴᠢ ᠪᠣᠭᠤᠮᠲᠠ᠂ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠲᠠᠢ ᠵᠠᠯᠭᠠᠵᠣ᠂ ᠤᠮᠠᠷᠠᠰᠢ ᠮᠣᠩᠭᠤᠯ ᠤᠯᠤᠰ ᠲᠤ ᠨᠡᠪᠳᠡᠷᠡᠨ᠂ ᠡᠮᠦᠨᠡᠰᠢ ᠪᠠᠷᠠᠭᠤᠨ ᠦᠵᠦᠮᠦᠴᠢᠨ ᠬᠤᠰᠢᠭᠤ᠂ ᠤᠯᠠᠭᠠᠨᠬᠠᠳᠠ ᠵᠡᠷᠭᠡ ᠳᠣᠲᠣᠷ ᠭᠠᠵᠠᠷ ᠲᠠᠢ ᠵᠠᠯᠭᠠᠯᠳᠣᠨ᠂ ᠡᠮᠦᠨᠡᠰᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠡᠩᠭᠡᠯᠢᠭ ᠢ ᠪᠦᠷᠢᠯᠳᠦᠭᠦᠯᠵᠦ᠂ ᠵᠢᠨᠵᠧᠦ ᠭᠠᠷᠠᠮ ᠵᠡᠷᠭᠡ ᠪᠦᠸᠧᠬᠠᠶ ᠲᠠᠩᠭᠢᠰ ᠢ ᠲᠣᠭᠤᠷᠢᠭᠰᠠᠨ ᠭᠠᠷᠠᠮ ᠳᠤ ᠠᠭᠤᠰᠣᠯᠳᠣᠨ ᠭᠦᠭᠵᠢᠨ᠎ᠡ᠃ ᠣᠯᠣᠰ ᠤᠨ ᠳᠡᠰ ᠤᠨ ᠵᠠᠮ  ᠤᠨ 331 ᠱᠣᠭᠤᠮ ᠳᠤ ᠰᠠᠭᠤᠷᠢᠯᠠᠨ᠂ ᠰᠢᠯᠢᠩᠬᠤᠲᠠ ᠲᠠᠢ ᠵᠠᠯᠭᠠᠯᠳᠣᠵᠣ᠂ ᠪᠠᠷᠠᠭᠤᠨ ᠡᠮᠦᠨᠡᠰᠢ ᠨᠡᠭᠡᠭᠡᠯᠲᠡ ᠬᠢᠵᠦ ᠴᠢᠯᠥᠭᠡᠲᠡᠢ ᠶᠠᠪᠤᠯᠴᠠᠬᠤ ᠲᠡᠩᠭᠡᠯᠢᠭ ᠢ ᠪᠦᠷᠢᠯᠳᠦᠭᠦᠯᠦᠨ᠂ ᠪᠡᠭᠡᠵᠢᠩ ᠲᠢᠶᠠᠨᠵᠢᠨ ᠾᠧᠪᠧᠢ ᠶᠢᠨ ᠠᠵᠤ ᠠᠬᠤᠢ ᠶᠢᠨ ᠲᠣᠭᠤᠷᠢᠭ ᠲᠤ ᠠᠭᠤᠰᠤᠯᠴᠠᠨ᠎ᠠ᠃ ᠵᠡᠬᠦᠨ ᠬᠠᠳᠠᠪᠴᠢ ᠠᠴᠠ ᠬᠤᠣᠯᠢᠩᠭᠤᠯ ᠬᠥᠷᠬᠦ ᠲᠡᠮᠦᠷ ᠵᠠᠮ᠂ ᠬᠤᠣᠯᠢᠩᠭᠤᠣᠯ ᠠᠴᠠ ᠲᠦᠩᠯᠢᠶᠣᠤ ᠶᠢᠨ ᠲᠥᠯᠥᠪᠵᠢᠭᠦᠯᠭᠡ ᠶᠢᠨ ᠦᠨᠳᠦᠷ ᠬᠤᠷᠳᠣᠴᠠᠳᠣ ᠵᠠᠰᠠᠮᠠᠯ ᠵᠠᠮ ᠪᠠ  ᠣᠯᠣᠰ  ᠤᠨ ᠳᠡᠰ ᠤᠨ ᠵᠠᠰᠠᠮᠠᠯ ᠵᠠᠮ ᠤᠨ 331 ᠱᠣᠭᠤᠮ ᠳᠤ ᠰᠠᠭᠤᠷᠢᠯᠠᠨ᠂ ᠲᠦᠩᠯᠢᠶᠣᠤ᠂ ᠬᠢᠩᠭᠠᠨ ᠠᠶᠢᠮᠠᠭ ᠢ ᠬᠤᠯᠪᠣᠵᠤ ᠂ ᠵᠡᠭᠦᠨ ᠬᠤᠶᠢᠰᠢ  ᠴᠢᠭᠯᠡᠭᠰᠡᠨ‌ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠡᠩᠭᠡᠯᠢᠭ ᠢ ᠪᠣᠶ ᠪᠣᠯᠭᠠᠨ᠂ ᠵᠡᠭᠦᠨ ᠬᠤᠶᠢᠲᠤ ᠣᠷᠣᠨ ᠤ ᠠᠵᠤ ᠠᠬᠤᠶ ᠶᠢᠨ ᠲᠣᠭᠤᠷᠢᠭ ᠲᠤ ᠠᠭᠤᠰᠣᠯᠴᠠᠭᠤᠯᠣᠨ᠎ᠠ᠃ ᠡᠬᠦᠨ ᠳᠤ ᠰᠠᠭᠤᠷᠢᠯᠠᠨ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠭᠠᠳᠠᠭᠠᠳᠤ ᠬᠤᠯᠪᠣᠯᠳᠤᠨ ᠨᠡᠪᠲᠡᠷᠡᠯᠴᠡᠭᠰᠡᠨ ᠣᠳᠣ ᠦᠶ᠎ᠡ ᠶᠢᠨ ᠭᠦᠢᠯᠭᠡᠭᠡᠨ ᠤ ᠬᠤᠩᠬᠢᠶᠠᠯ ᠢ ᠪᠠᠶᠢᠭᠤᠯᠵᠤ᠂ ᠤᠯᠤᠰ ᠤᠨ ᠳᠣᠳᠣᠷ᠎ᠠ ᠭᠠᠳᠠᠨᠠᠬᠢ ᠡᠬᠢ ᠪᠠᠶᠠᠯᠢᠭ ᠤᠨ ᠡᠯᠧᠮᠧᠨ᠋ᠲ ᠢ ᠬᠤᠷᠠᠮᠳᠤᠭᠤᠯᠵᠤ᠂ ᠡᠨᠧᠷᠭᠢ᠂ ᠬᠥᠮᠦᠨ ᠠᠮᠠ ᠶᠢᠨ ᠰᠢᠯᠵᠢᠯᠲᠡ᠂ ᠪᠣᠳᠠᠰ ᠤᠨ ᠭᠦᠢᠯᠭᠡᠭᠡ ᠪᠠ ᠮᠡᠳᠡᠭᠡ ᠵᠠᠩᠭᠢ ᠶᠢᠨ ᠨᠡᠪᠳᠡᠷᠡᠯᠳᠡ ᠶᠢᠨ ᠴᠢᠳᠠᠮᠵᠢ ᠶᠢ ᠨᠠᠩ ᠰᠠᠶᠢᠨ ᠪᠠᠳᠠᠷᠠᠭᠤᠯᠤᠨ᠎ᠠ᠃      ︽ᠳᠥᠷᠪᠡᠨ ᠣᠷᠣᠨ︾  ᠬᠡᠳᠡᠭ ᠨᠢ ᠲᠠᠯ᠎ᠠ ᠨᠤᠲᠤᠭ ᠤᠨ ᠠᠮᠢ ᠠᠬᠤᠶ ᠨᠡᠯᠢᠶᠡᠳ ᠬᠡᠪᠡᠷᠡᠭ ᠳᠤᠮᠳᠠ ᠪᠠᠷᠠᠭᠤᠨ ᠬᠡᠰᠡᠭ ᠤᠨ ᠨᠡᠶᠢᠲᠡᠯᠢᠭ ᠲᠠᠯ᠎ᠠ ᠨᠣᠳᠤᠭ ᠢᠶᠠᠷ ᠭᠤᠤᠯ ᠪᠣᠯᠭᠠᠵᠤ᠂ ᠦᠵᠦᠮᠦᠴᠢᠨ ᠮᠢᠬᠠᠨ ᠬᠤᠨᠢᠨ ᠤ ᠠᠵᠤ ᠦᠢᠯᠡᠰ ᠤᠨ ᠲᠣᠭᠤᠷᠢᠭ ᠢ ᠪᠠᠶᠢᠭᠤᠯᠵᠤ᠂ ᠤᠯᠠᠷᠢᠯ ᠤᠨ ᠴᠢᠨᠠᠷᠲᠠᠶ ︽ᠪᠡᠯᠴᠢᠭᠡᠷᠯᠡᠭᠦᠯᠬᠦ + ᠪᠣᠷᠳᠤᠭ᠎ᠠ ᠨᠥᠬᠦᠪᠥᠷᠢᠯᠡᠬᠦ ︾ ᠮᠠᠯ ᠠᠵᠤ ᠠᠬᠤᠶ ᠶᠢ ᠭᠤᠣᠯᠳᠠᠯᠭ᠎ᠠ ᠲᠠᠢ ᠬᠥᠭᠵᠢᠭᠦᠯᠦᠨ᠂ ᠲᠤᠰᠬᠠᠶᠢᠵᠢᠭᠰᠠᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠪᠠ ᠡᠷᠴᠢᠮᠵᠢᠭᠦᠯᠦᠭᠰᠡᠨ ᠡᠵᠡᠩᠨᠡᠯᠲᠡ ᠶᠢ ᠬᠡᠷᠡᠭᠵᠢᠭᠦᠯᠵᠦ᠂ ︽ᠰᠢᠯᠢ ᠶᠢᠨ ᠭᠤᠤᠯ ᠬᠤᠨᠢᠨ ᠤ ᠳᠤᠮᠳᠠᠳᠤ ᠤᠯᠤᠰ ᠤᠨ ᠣᠨᠴᠠᠯᠢᠭ ᠲᠠᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ︾ ᠢ ᠪᠥᠲᠥᠭᠡᠨ ᠪᠠᠶᠢᠭᠤᠯᠤᠨ᠎ᠠ᠃ ᠲᠠᠯ᠎ᠠ ᠨᠣᠳᠤᠭ ᠤᠨ ᠠᠮᠢ ᠠᠬᠤᠶ ᠪᠠᠷ ᠨᠡᠯᠢᠶᠡᠳ ᠰᠠᠶᠢᠨ ᠳᠤᠮᠳᠠ᠂ ᠵᠡᠭᠦᠨ ᠬᠡᠰᠡᠭ ᠤᠨ ᠵᠦᠯᠭᠡᠷᠬᠡᠭ ᠲᠠᠯ᠎ᠠ ᠨᠣᠳᠤᠭ ᠢᠶᠠᠷ ᠭᠤᠣᠯ ᠪᠣᠯᠭᠠᠨ᠂  ᠰᠢᠮᠧᠨ᠋ᠲ᠋ᠠᠷ ᠠᠩᠭᠢᠰ ᠦᠬᠡᠷ ᠤᠨ ᠠᠵᠤ ᠦᠢᠯᠡᠰ ᠤᠨ ᠲᠣᠭᠤᠷᠢᠭ ᠢ ᠪᠦᠲᠦᠭᠡᠨ ᠪᠠᠶᠢᠭᠤᠯᠵᠤ᠂ ᠮᠢᠬᠠᠨ ᠤ ᠦᠬᠡᠷ ᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠠᠷᠢᠯ ᠬᠤᠪᠢᠶᠠᠨ ᠰᠡᠯᠭᠦᠨ ᠮᠠᠯᠵᠢᠬᠤ᠂ ᠲᠣᠭᠤᠷᠢᠭ ᠬᠤᠪᠢᠶᠠᠨ ᠰᠡᠯᠭᠦᠨ ᠮᠠᠯᠵᠢᠬᠤ ᠪᠠᠷ ᠭᠤᠣᠯ ᠪᠣᠯᠭᠠᠭᠰᠠᠨ ᠲᠠᠯ᠎ᠠ ᠨᠣᠳᠤᠭ ᠤᠨ ᠮᠠᠯ ᠠᠵᠤ ᠠᠬᠤᠶ ᠶᠢ ᠭᠤᠣᠯᠳᠠᠯᠭ᠎ᠠ ᠲᠠᠢ ᠬᠥᠭᠵᠢᠭᠦᠯᠦᠨ᠎ᠡ᠃ ᠵᠡᠭᠦᠨ ᠬᠡᠰᠡᠭ ᠤᠨ ᠵᠦᠯᠭᠡᠷᠬᠡᠭ ᠲᠠᠯ᠎ᠠ ᠨᠣᠳᠤᠭ ᠢᠶᠠᠷ ᠭᠤᠣᠯ ᠪᠣᠯᠭᠠᠨ᠂ ᠮᠠᠯᠵᠢᠬᠤ ᠡᠷᠥᠭᠡ ᠬᠤᠪᠢ ᠣᠷᠣᠬᠤ᠂ ᠭᠠᠴᠠᠭ᠎ᠠ ᠡᠵᠡᠩᠨᠡᠬᠦ᠂ ᠬᠠᠮᠲᠤ ᠪᠠᠷ ᠠᠰᠢᠭ ᠬᠤᠪᠢᠶᠠᠷᠢᠯᠠᠬᠤ ᠵᠠᠭᠪᠤᠷ ᠢᠶᠠᠷ ᠳᠠᠮᠵᠢᠭᠤᠯᠤᠨ᠂ ᠡᠷᠬᠢᠨ ᠲᠣᠭᠤᠷᠢᠨ ᠤ ᠮᠠᠯᠵᠢᠬᠤ ᠡᠷᠥᠭᠡ ᠶᠢ ᠲᠠᠶᠢᠴᠢᠯᠠᠨ ᠲᠥᠪᠯᠡᠷᠡᠨ ᠵᠠᠯᠭᠠᠯᠳᠤᠭᠰᠠᠨ ᠬᠡᠯᠪᠡᠷᠢ ᠶᠢᠨ ᠬᠠᠳᠤᠯᠠᠩ ᠢ ᠬᠥᠭᠵᠢᠭᠦᠯᠵᠦ᠂ ᠴᠢᠨᠠᠷ ᠰᠠᠶᠢᠲᠠᠢ ᠪᠠᠶᠢᠭᠠᠯᠢ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠣᠷᠣᠨ ᠢ ᠬᠥᠭᠵᠢᠭᠦᠯᠦᠨ᠂ ᠥᠨᠳᠥᠷ ᠤᠨᠠᠯᠲᠠ ᠲᠠᠢ ᠲᠡᠵᠢᠭᠡᠯ ᠪᠣᠷᠳᠣᠭᠠᠨ ᠤ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠪᠣᠭᠳ᠋ᠬᠠᠭᠤᠯᠠ ᠤᠯᠤᠰ ᠤᠨ ᠳᠡᠰ ᠤᠨ ᠣᠢ ᠰᠢᠭᠤᠢ ᠶᠢᠨ ᠴᠡᠴᠡᠷᠯᠢᠭ ᠪᠠ ᠤᠯᠠᠭᠠᠢ ᠴᠢᠭᠢᠭᠯᠢᠭ ᠭᠠᠵᠠᠷ ᠤᠨ ᠬᠠᠮᠠᠭᠠᠯᠠᠯᠲᠠ ᠶᠢᠨ ᠣᠷᠣᠨ ᠳᠤ ᠰᠠᠭᠤᠷᠢᠯᠠᠨ᠂ ᠠᠮᠢ ᠠᠬᠤᠢ ᠶᠢᠨ ᠴᠢᠳᠠᠪᠬᠢᠲᠤ ᠣᠷᠣᠨ ᠢ ᠪᠦᠲᠦᠭᠡᠨ ᠪᠠᠶᠢᠭᠤᠯᠵᠤ᠂ ᠠᠮᠢ ᠠᠬᠤᠢ ᠶᠢᠨ ᠠᠵᠤ ᠦᠢᠯᠡᠰ ᠪᠠ ᠰᠤᠳᠤᠯᠤᠨ ᠬᠥᠭᠵᠢᠭᠦᠯᠬᠦ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠦᠨ᠎ᠡ᠃      ︽ᠣᠯᠠᠨ ᠴᠡᠭ︾  ᠬᠡᠳᠡᠭ ᠨᠢ ᠡᠯ᠎ᠡ ᠰᠤᠮᠤ ᠪᠠᠯᠭᠠᠰᠤ ︵ᠲᠠᠯᠠᠪᠠᠢ︶᠂ ᠬᠡᠪᠴᠢᠶᠡᠵᠢᠯ ᠠᠴᠠ ᠳᠡᠭᠡᠭᠰᠢᠬᠢ ᠠᠭᠤᠷᠬᠠᠢ ᠶᠢᠨ ᠠᠵᠤ ᠠᠬᠤᠶᠢᠯᠠᠯ᠂ ᠬᠡᠪᠴᠢᠶᠡᠵᠢᠬᠦᠯᠦᠨ ᠲᠡᠵᠢᠭᠡᠨ ᠦᠷᠡᠵᠢᠭᠦᠯᠬᠦ ᠲᠠᠯᠠᠪᠠᠢ ᠪᠠ ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠪᠣᠯᠪᠠᠰᠣᠷᠠᠭᠤᠯᠬᠤ ᠠᠵᠤ ᠠᠬᠤᠶᠢᠯᠠᠯ ᠵᠡᠷᠭᠡ ᠪᠠᠷ ᠭᠤᠣᠯᠳᠠᠯᠭ᠎ᠠ ᠪᠣᠯᠭᠠᠵᠤ᠂ ᠣᠯᠠᠨ ᠴᠡᠭ ᠲᠦᠪᠯᠡᠷᠡᠭᠰᠡᠨ ᠪᠠ ᠡᠷᠴᠢᠮᠵᠢᠬᠦᠯᠦᠨ ᠬᠦᠭᠵᠢᠬᠦᠯᠬᠦ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠨᠡᠬᠦᠳᠡᠯ ᠬᠥᠮᠦᠨ ᠠᠮᠠ ᠶᠢ ᠬᠦᠯᠢᠶᠡᠨ ᠠᠪᠴᠤ᠂ ᠠᠵᠢᠯ ᠣᠯᠭᠤᠯᠲᠠ ᠶᠢ ᠥᠷᠭᠡᠳᠬᠡᠨ᠂ ᠣᠯᠠᠨ ᠲᠥᠪ ᠢᠶᠠᠷ ᠬᠥᠭᠵᠢᠯᠲᠡ ᠶᠢ ᠳᠠᠶᠢᠴᠢᠯᠠᠬᠤ᠂ ᠣᠯᠠᠨ ᠳᠡᠰ ᠳᠠᠪᠬᠤᠷᠭ᠎ᠠ ᠪᠠᠷ ᠬᠤᠯᠪᠣᠭᠠᠯᠠᠨ ᠬᠥᠭᠵᠢᠬᠦ᠂ ᠣᠯᠠᠨ ᠴᠢᠭ ᠢᠶᠠᠷ ᠬᠠᠷᠢᠯᠴᠠᠨ ᠬᠥᠳᠡᠯᠦᠯᠴᠡᠨ ᠬᠥᠭᠵᠢᠬᠦ ᠶᠢ ᠪᠡᠶᠡᠯᠡᠭᠦᠯᠦᠨ᠎ᠡ᠃ ᠭᠤᠤᠯ ᠴᠣᠭᠴᠠ ᠶᠢᠨ ᠴᠢᠳᠠᠮᠵᠢ ᠨᠢ ᠢᠯᠡᠷᠬᠡᠶ᠂ ᠳᠠᠪᠠᠭᠤᠯᠢᠭ ᠢᠶᠠᠨ ᠬᠠᠷᠢᠯᠴᠠᠨ ᠠᠰᠢᠭᠯᠠᠭᠰᠠᠨ᠂ ᠴᠢᠨᠠᠷ ᠰᠠᠶᠢᠲᠠᠶ ᠬᠥᠭᠵᠢᠭᠰᠡᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃      ᠬᠤᠶᠠᠷ᠂ ᠣᠳᠣᠬᠢᠴᠢᠯᠠᠭᠰᠠᠨ ᠬᠤᠳᠠ ᠬᠥᠳᠡᠭᠡ ᠶᠢᠨ ᠲᠣᠭᠳᠠᠯᠴᠠᠭ᠎ᠠ      ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠬᠤᠲᠠ ᠬᠥᠳᠡᠭᠡ ᠶᠢᠨ ᠬᠥᠭᠵᠢᠯᠲᠡ ᠶᠢᠨ ᠪᠦᠬᠦ ᠶᠠᠪᠤᠴᠠ ᠳᠤ ᠠᠭᠤᠰᠣᠯᠴᠠᠭᠤᠯᠵᠣ᠂ ᠡᠬᠢ ᠪᠠᠶᠠᠯᠢᠭ ᠣᠷᠴᠢᠨ ᠲᠣᠭᠤᠷᠢᠨ ᠤ  ᠳᠠᠭᠠᠭᠠᠴᠠ ᠳᠤ ᠲᠣᠬᠢᠷᠠᠯᠴᠠᠭᠤᠯᠤᠨ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠪᠣᠯᠤᠨ ᠠᠵᠤ ᠦᠢᠯᠡᠰ ᠤᠨ ᠪᠠᠶᠢᠷᠢᠰᠢᠯ ᠲᠠᠢ ᠨᠢᠭᠲᠠ ᠵᠣᠯᠭᠠᠭᠤᠯᠵᠤ᠂ ᠡᠷᠴᠢᠮᠵᠢᠭᠰᠡᠨ᠂ ᠣᠶᠤᠨᠴᠢ᠂ ᠪᠣᠬᠢᠷᠲᠤᠯ ᠦᠭᠡᠶ᠂ ᠳᠣᠣᠷ᠎ᠠ ᠨᠡᠭᠦᠷᠡᠰᠦᠲᠥ᠋ᠷᠥᠭᠴᠢᠲᠦ ᠰᠢᠨ᠎ᠡ ᠬᠡᠯᠪᠡᠷᠢ ᠶᠢᠨ ᠬᠤᠲᠠ  ᠪᠠᠯᠭᠠᠰᠣᠵᠢᠯᠲᠠ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ᠃ ᠬᠤᠲᠠ ᠪᠠᠯᠭᠠᠰᠤᠨ ᠤ ᠲᠦᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ ᠤᠨ ᠭᠤᠣᠯᠳᠠᠯᠭ᠎ᠠ ᠲᠠᠢ ᠵᠠᠩᠭᠢᠯᠠᠭ᠎ᠠ ᠶᠢᠨ ᠬᠤᠲᠠ ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ︽ᠨᠢᠭᠡ ᠲᠥᠪ᠂ ᠳᠥᠷᠪᠡᠨ ᠵᠠᠩᠭᠢᠯᠠᠭ᠎ᠠ ᠶᠢᠨ ᠴᠡᠭ᠂ ᠳᠥᠷᠪᠡᠨ ᠤᠷᠲᠤᠳᠬᠠᠯ︾ ᠤᠨ ᠦᠨᠳᠦᠰᠦᠲᠡᠨ ᠤ ᠣᠨᠴᠠᠯᠢᠭ ᠪᠦᠬᠦᠢ ᠣᠳᠣ ᠦᠶ᠎ᠡ ᠶᠢᠨ ᠬᠤᠲᠠ ᠪᠠᠯᠭᠠᠰᠤᠨ ᠤ ᠲᠣᠭᠲᠠᠯᠴᠠᠭ᠎ᠠ ᠶᠢ ᠬᠦᠴᠦᠯᠡᠨ ᠪᠠᠶᠢᠭᠤᠯᠤᠨ᠎ᠠ᠃ ᠤᠯᠢᠶᠠᠰᠤᠲᠠᠢ ᠪᠠᠯᠭᠠᠰᠤ ᠪᠠᠷ ᠲᠥᠪ ᠪᠣᠯᠭᠠᠨ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠳᠣᠬᠢᠴᠢᠯᠠᠭᠰᠠᠨ ᠬᠤᠲᠠ ᠪᠠᠯᠭᠠᠰᠤ ᠶᠢ ᠲᠦᠷᠭᠡᠳᠬᠡᠨ ᠪᠠᠶᠢᠭᠤᠯᠵᠤ᠂ ᠴᠢᠬᠤᠯᠠ ᠡᠯᠧᠮᠧᠨ᠋ᠲ ᠪᠠ ᠬᠥᠮᠦᠨ ᠠᠮᠠ ᠶᠢ ᠲᠦᠪᠯᠡᠷᠡᠭᠦᠯᠵᠦ᠂ ᠠᠵᠤ ᠦᠢᠯᠡᠰ ᠢ ᠲᠡᠰ ᠳᠡᠪᠰᠢᠭᠦᠯᠬᠦ ᠪᠠ ᠪᠦᠬᠦ ᠬᠤᠰᠢᠭᠤᠨ ᠳᠤ ᠦᠢᠯᠡᠴᠢᠯᠡᠬᠦ ᠴᠢᠳᠠᠪᠬᠢ ᠶᠢ ᠨᠠᠩ ᠰᠠᠶᠢᠨ ᠪᠠᠳᠠᠷᠠᠭᠤᠯᠤᠨ᠎ᠠ᠃ ᠬᠠᠳᠠᠪᠴᠢ ᠪᠠᠯᠭᠠᠰᠤ᠂ ᠳᠠᠭᠤᠳᠣᠨᠠᠭᠤᠷ ᠪᠠᠯᠭᠠᠰᠤ᠂ ᠡᠵᠢᠨᠠᠭᠤᠷ ᠪᠠᠯᠭᠠᠰᠤ᠂ ᠮᠠᠨᠳᠣᠬᠤᠪᠣᠯᠠᠭ ᠪᠠᠯᠭᠠᠰᠤ ᠪᠠᠷ ᠵᠠᠩᠭᠢᠯᠠᠭ᠎ᠠ ᠶᠢᠨ ᠴᠡᠭ ᠪᠣᠯᠭᠠᠨ᠂ ᠣᠨᠴᠠᠯᠢᠭᠲᠤ ᠪᠠᠯᠭᠠᠰᠤ ᠶᠢ ᠪᠤᠶᠢᠵᠢᠭᠤᠯᠵᠤ᠂ ᠣᠯᠠᠨ  ᠲᠠᠯ᠎ᠠ ᠪᠠᠷ ᠠᠵᠢᠯ ᠣᠯᠭᠤᠯᠲᠠ ᠶᠢ ᠥᠷᠭᠡᠳᠬᠡᠨ᠂ ᠨᠡᠬᠦᠳᠡᠯ ᠬᠥᠮᠦᠨ ᠠᠮᠠ ᠶᠢ ᠰᠢᠩᠭᠡᠭᠡᠨ ᠠᠪᠴᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠡᠷᠴᠢᠮᠵᠢᠭᠦᠯᠦᠨ ᠬᠥᠭᠵᠢᠭᠦᠯᠦᠨ᠎ᠡ᠃ ᠰᠠᠮᠠᠢ᠂ ᠬᠦᠷᠢᠶᠡᠳᠦᠨᠠᠭᠤᠷ᠂ ᠭᠠᠬᠢᠯ᠂ ᠠᠯᠳᠠᠨᠬᠢᠯᠢ ᠰᠤᠮᠤ ᠪᠠᠷ ᠦᠷᠭᠡᠳᠬᠡᠯ ᠪᠣᠯᠭᠠᠵᠤ᠂ ᠮᠠᠯ ᠠᠵᠤ ᠠᠬᠤᠢ ᠶᠢ ᠪᠤᠵᠠᠭᠠᠶᠢᠷᠠᠭᠤᠯᠤᠨ᠎ᠠ᠃ ᠠᠵᠤ ᠦᠢᠯᠡᠳᠪᠦᠷᠢ ᠪᠠᠷ ᠮᠠᠯ ᠠᠵᠤ ᠠᠬᠤᠢ ᠶᠢ ᠨᠥᠬᠦᠪᠥᠷᠢᠯᠡᠬᠦ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠴᠢᠩᠭᠠᠳᠬᠠᠵᠤ᠂ ᠠᠵᠤ ᠦᠢᠯᠡᠳᠪᠦᠷᠢ ᠪᠠ ᠮᠠᠯ ᠠᠵᠤ ᠠᠬᠤᠢ ᠬᠠᠷᠢᠯᠴᠠᠨ ᠠᠬᠢᠭᠤᠯᠤᠭᠰᠠᠨ᠂ ᠬᠤᠲᠠ ᠬᠥᠳᠡᠭᠡ ᠬᠠᠷᠢᠯᠴᠠᠨ ᠨᠦᠬᠦᠪᠦᠷᠢᠯᠡᠨ᠂ ᠵᠣᠬᠢᠴᠠᠩᠭᠤᠢ ᠬᠥᠭᠵᠢᠭᠰᠡᠨ᠂ ᠬᠠᠮᠲᠤᠪᠠᠷ ᠴᠡᠴᠡᠭᠯᠡᠨ ᠭᠦᠭᠵᠢᠬᠦ ᠰᠢᠨ᠎ᠡ ᠬᠡᠯᠪᠡᠷᠢ ᠶᠢᠨ ᠬᠤᠲᠠ ᠬᠥᠳᠡᠭᠡ ᠶᠢᠨ ᠬᠠᠷᠢᠴᠠᠭ᠎ᠠ ᠶᠢ ᠪᠠᠶᠢᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号